| ᠤᠳᠠ ᠠᠷᠠᠳ ᠵᠠᠰᠠᠭ ᠠᠯᠪᠠᠨ ᠲᠠᠷᠬᠠᠭᠠᠭᠰᠠᠨ〔2021〕 62 ᠳ᠋ᠤᠭᠠᠷ ᠲᠣᠭᠠᠲᠤ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ | ︽ᠤᠳᠠ ᠲᠣᠭᠤᠷᠢᠭ ᠤᠨ ︿ᠮᠦᠩᠭᠡ ᠰᠤᠪᠠᠭ · ᠳᠦᠷᠪᠡᠨ ᠭᠦᠢᠴᠡᠳᠭᠡᠬᠦ﹀ ᠤᠬᠠᠭᠤᠯᠭ᠎ᠠ ᠶᠢᠨ ᠠᠵᠢᠯ ᠤᠨ | ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ︽ᠤᠳᠠ ᠲᠣᠭᠤᠷᠢᠭ ᠤᠨ ︿ᠮᠦᠩᠭᠡ ᠰᠤᠪᠠᠭ · ᠳᠦᠷᠪᠡᠨ ᠭᠦᠢᠴᠡᠳᠭᠡᠬᠦ﹀ ᠤᠬᠠᠭᠤᠯᠭ᠎ᠠ ᠶᠢᠨ ᠠᠵᠢᠯ ᠤᠨ | ᠬᠡᠷᠡᠭᠵᠢᠭᠦᠯᠬᠦ ᠲᠥᠰᠥᠯ︾ ᠢ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠢ᠃ | 2021 ᠣᠨ ᠤ 12 | ᠰᠠᠷ᠎ᠠ ᠶᠢᠨ 1 ᠤ ᠡᠳᠦᠷ | ᠤᠳᠠ ᠲᠣᠭᠤᠷᠢᠭ ᠤᠨ ︽ᠮᠦᠩᠭᠡ ᠰᠤᠪᠠᠭ · ᠳᠦᠷᠪᠡᠨ ᠭᠦᠢᠴᠡᠳᠭᠡᠬᠦ︾ ᠶᠢᠨ ᠤᠬᠠᠭᠤᠯᠭ᠎ᠠ ᠶᠢᠨ ᠠᠵᠢᠯ ᠤᠨ | ᠬᠡᠷᠡᠭᠵᠢᠭᠦᠯᠬᠦ ᠲᠥᠰᠥᠯ | ᠤᠳᠠ ᠲᠣᠭᠤᠷᠢᠭ ᠤᠨ ︽ᠮᠦᠩᠭᠡ ᠰᠤᠪᠠᠭ · ᠳᠦᠷᠪᠡᠨ ᠭᠦᠢᠴᠡᠳᠭᠡᠬᠦ︾ ᠤᠨ ᠠᠵᠢᠯ ᠢ ᠤᠯᠠᠮ ᠨᠢᠭᠡ | ᠠᠯᠬᠤᠮ ᠠᠬᠢᠭᠤᠯᠬᠤ ᠶᠢᠨ ᠲᠤᠰᠠᠳᠠ᠂ ᠦᠬᠠᠢ ᠬᠤᠲᠠ ᠶᠢᠨ ︽ᠥᠪᠡᠷᠲᠡᠭᠡᠨ ᠵᠠᠰᠠᠬᠤ ᠣᠷᠣᠨ ᠤ ︿ᠮᠦᠩᠭᠡ | ᠰᠤᠪᠠᠭ · ᠳᠦᠷᠪᠡᠨ ᠭᠦᠢᠴᠡᠳᠭᠡᠬᠦ﹀ ᠶᠢᠨ ᠵᠠᠷᠯᠠᠨ ᠮᠡᠳᠡᠭᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠬᠠᠢ | ᠲᠥᠰᠥᠯ︾ ᠤᠨ ᠱᠠᠭᠠᠷᠳᠠᠯᠭ᠎ᠠ ᠶᠣᠰᠣᠭᠠᠷ᠂ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠷᠢᠭᠦᠨ ᠤ | ᠬᠢ ᠶᠢ ᠬᠠᠷᠠᠭᠠᠯᠠᠨ᠂ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠵᠤ᠂ ᠤᠳᠠ ᠲᠣᠭᠤᠷᠢᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ ᠣᠨᠴᠣᠭᠤᠶᠢᠯᠠᠨ | ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠠᠷᠠᠳ ᠲᠦᠮᠡᠨ ᠢᠶᠠᠷ ᠭᠤᠣᠯ ᠪᠣᠯᠭᠠᠭᠰᠠᠨ | ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠠᠵᠢᠯ ᠶᠠᠪᠤᠳᠠᠯ ᠢ ᠨᠡᠩ ᠥᠨᠳᠥᠷ ᠦᠷ᠎ᠡ ᠪᠦᠲᠦᠮᠵᠢᠲᠡᠶ᠂ ᠠᠵᠤ ᠠᠬᠤᠶᠢᠯᠠᠯ ᠤᠨ ᠤᠯᠠᠨ ᠲᠦᠮᠡᠨ ᠠᠵᠢᠯ ᠶᠠᠪᠤᠳᠠᠯ ᠢ | ᠨᠡᠩ ᠳᠥᠭᠦᠮ ᠳᠥᠲᠡ ᠪᠣᠯᠭᠠᠬᠤ ᠪᠠᠷ ᠤᠳᠤᠷᠢᠳᠤᠮᠵᠢ ᠪᠣᠯᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ | ᠮᠦᠩᠭᠡ ᠰᠤᠪᠠᠭ · ᠳᠦᠷᠪᠡᠨ ᠭᠦᠢᠴᠡᠳᠭᠡᠬᠦ︾ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠳᠠᠭᠤᠯᠤᠨ᠎ᠠ᠃ | ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠦᠨᠳᠦᠰᠦᠨ ᠱᠠᠲᠤᠨ ᠳᠤ ᠨᠠᠷᠢᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠥᠷᠭᠡᠨ ᠣᠯᠠᠨ ᠲᠦᠮᠡᠨ ᠳᠤ ᠮᠡᠳᠡᠷᠡᠭᠳᠡᠨ ᠭᠥᠯᠢᠶᠡᠨ ᠠᠪᠤᠭᠤᠯᠬᠤ ᠶᠢᠨ | ᠲᠥᠯᠥᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠰᠠᠶᠢᠲᠠᠢ ᠣᠷᠴᠢᠨ ᠲᠣᠭᠤᠷᠢᠨ ᠢ ᠡᠭᠦᠳᠦᠨ | ᠪᠠᠶᠢᠭᠤᠯᠬᠤ ᠡᠨᠡ ᠬᠦ ᠭᠤᠣᠯ ᠰᠡᠳᠦᠪ ᠢ ᠪᠠᠲᠤ ᠡᠵᠡᠮᠰᠢᠵᠦ᠂ ᠪᠣᠳᠠᠲᠠᠢ ᠲᠠᠢ ᠣᠶᠢᠷᠠᠳᠬᠤ᠂ ᠣᠯᠠᠨ ᠲᠦᠮᠡᠨ ᠲᠠᠢ | ᠣᠶᠢᠷᠠᠳᠬᠤ ᠵᠠᠷᠴᠢᠮ ᠶᠣᠰᠣᠭᠠᠷ᠂ ᠴᠠᠭ ᠢ ᠲᠥᠪᠯᠡᠷᠡᠭᠦᠯᠵᠦ᠂ ᠬᠦᠴᠦᠨ ᠢ ᠲᠥᠪᠯᠡᠷᠡᠭᠦᠯᠵᠦ᠂ ᠨᠡᠶᠢᠭᠡᠮ ᠳᠤ | ᠬᠠᠨᠳᠤᠭᠤᠯᠤᠨ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠶᠠᠩᠵᠤ ᠶᠢᠨ ᠬᠡᠯᠪᠡᠷᠢ ᠶᠢᠨ ᠤᠬᠠᠭᠤᠯᠤᠨ | ᠳᠡᠯᠭᠡᠷᠡᠭᠦᠯᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ | ᠨᠢᠭᠲᠠᠷᠠᠭᠤᠯᠤᠨ᠂ ᠥᠭᠡᠷᠡᠴᠢᠯᠡᠯᠲᠡ ᠶᠢᠨ ᠨᠡᠶᠢᠭᠡᠮ ᠤᠨ ᠲᠠᠨᠢᠨ ᠮᠡᠳᠡᠷᠡᠬᠦᠢ ᠪᠠ ᠣᠯᠠᠨ ᠲᠦᠮᠡᠨ ᠤ ᠮᠡᠳᠡᠷᠡᠮᠵᠢ ᠶᠢᠨ | ᠲᠥᠷᠥᠭᠳᠡᠯ ᠢ ᠲᠦᠷᠭᠡᠬᠡᠨ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠨ᠎ᠠ᠃ | ᠬᠤᠶᠠᠷ᠂ ᠭᠤᠣᠯ ᠠᠷᠭ᠎ᠠ ᠬᠡᠮᠵᠢᠶ᠎ᠡ | ︵ᠨᠢᠭᠡ︶ ︽ᠮᠦᠩᠭᠡ ᠰᠤᠪᠠᠭ · ᠳᠦᠷᠪᠡᠨ ᠭᠦᠢᠴᠡᠳᠭᠡᠬᠦ︾ ᠶᠢᠨ ᠠᠵᠢᠯ ᠢ ᠬᠠᠮᠵᠢᠯᠴᠠᠨ ᠰᠠᠶᠢᠲᠤᠷ ᠬᠢᠬᠦ ᠬᠢᠨ᠎ᠡ | ︽ᠮᠦᠩᠭᠡ ᠰᠤᠪᠠᠭ · ᠰᠦᠯᠵᠢᠶᠡᠨ ᠳᠡᠭᠡᠷ᠎ᠡ ᠭᠦᠢᠴᠡᠳᠭᠡᠬᠦ︾ ᠲᠠᠯ᠎ᠠ ᠪᠠᠷ᠄ ᠰᠦᠯᠵᠢᠶᠡᠨ ᠳᠡᠭᠡᠷᠡᠬᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠤᠨ ᠣᠨᠣᠪᠴᠢ ᠶᠢᠨ ᠬᠡᠮᠵᠢᠶ᠎ᠡ | ᠂ ᠪᠠᠷᠢᠮᠵᠢᠶᠠᠵᠢᠭᠤᠯᠤᠯᠲᠠ ᠶᠢᠨ ᠬᠢᠷᠢ ᠬᠡᠮᠵᠢᠶ᠎ᠡ᠂ ᠨᠠᠷᠢᠯᠢᠭᠵᠢᠭᠤᠯᠤᠯᠲᠠ ᠶᠢᠨ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠦᠯᠦᠭᠡ᠂ ᠡᠯ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ | ᠬᠠᠷᠢᠭᠤᠴᠠᠨ᠎ᠠ᠃ ᠨᠢᠭᠡ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ ᠠᠵᠢᠯ ᠢ | ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠦᠢᠯᠡᠰ ᠤᠨ ᠬᠠᠮᠢᠶᠠᠷᠤᠯᠲᠠ ᠶᠢᠨ ᠲᠠᠪᠴᠠᠩ ᠢᠶᠠᠷ | ᠳᠠᠮᠵᠢᠭᠤᠯᠤᠨ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠤᠨ ᠡᠯ᠎ᠡ ᠬᠦᠴᠦᠨ ᠵᠦᠢᠯ ᠢ ᠰᠢᠨᠡᠳᠭᠡᠨ | ᠲᠡᠭᠦᠯᠳᠡᠷᠵᠢᠭᠦᠯᠦᠨ᠎ᠡ᠃ ᠬᠤᠶᠠᠷ ᠲᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯ ᠶᠠᠪᠤᠳᠠᠯ | ᠡᠷᠬᠢᠯᠡᠬᠦ ᠵᠦᠭᠯᠡᠭᠦᠷ ᠪᠠᠷᠢᠮᠵᠢᠶ᠎ᠠ ᠶᠢ ᠨᠢᠭᠡᠳᠭᠡᠵᠦ᠂ ᠲᠤᠭ᠎ᠠ ᠪᠠᠷᠢᠮᠲᠠ ᠶᠢ ᠠᠳᠠᠯᠢ ᠡᠭᠦᠰᠦᠯ ᠲᠠᠢ ᠪᠠᠶᠢᠯᠭᠠᠬᠤ ᠶᠢ | ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠭᠤᠷᠪᠠ ᠳᠤ ᠲᠣᠰ ᠲᠣᠰ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠡᠮᠬᠢᠯᠡᠨ ᠳᠢᠭᠯᠡᠵᠦ᠂ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ ᠭᠦᠢᠴᠡᠳᠬᠡᠬᠦ | ᠵᠦᠢᠯᠡᠰ ᠲᠤ ᠵᠦᠢᠯ ᠳᠠᠷᠠᠭᠠᠯᠠᠨ ᠪᠠᠶᠢᠴᠠᠭᠠᠯᠲᠠ ᠪᠠ ᠰᠢᠯᠭᠠᠯᠲᠠ ᠬᠢᠵᠦ᠂ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ | ᠭᠦᠢᠴᠡᠳᠬᠡᠬᠦ ᠵᠦᠢᠯᠡᠰ ᠤᠨ ᠨᠡᠪᠲᠡᠷᠡᠬᠦ ᠶᠢ ᠦᠨᠡᠨ ᠬᠦ ᠪᠠᠲᠤᠯᠠᠬᠤ ᠶᠢᠨ ᠬᠠᠮᠲᠤ ᠠᠵᠤ ᠠᠬᠤᠶᠢᠯᠠᠯ ᠪᠠ ᠣᠯᠠᠨ | ᠲᠦᠮᠡᠨ ᠤ ᠰᠦᠯᠵᠢᠶᠡᠨ ᠳᠡᠭᠡᠷ᠎ᠡ ᠲᠤᠰᠢᠶᠠᠭᠰᠠᠨ ᠭᠦᠢᠴᠡᠳᠬᠡᠬᠦ ᠵᠦᠢᠯᠡᠰ ᠢ ᠴᠠᠭ ᠲᠤᠬᠠᠢ ᠳᠤᠨᠢ ᠭᠦᠢᠴᠡᠳᠬᠡᠨ᠎ᠡ᠃ | ︽ᠮᠦᠩᠭᠡ ᠰᠤᠪᠠᠭ · ᠰᠦᠯᠵᠢᠶᠡᠨ ᠳᠡᠭᠡᠷ᠎ᠡ ᠭᠦᠢᠴᠡᠳᠭᠡᠬᠦ · ᠠᠯᠠᠭᠠᠨ ᠳᠡᠭᠡᠷ᠎ᠡ ᠭᠦᠢᠴᠡᠳᠭᠡᠬᠦ︾ ᠲᠠᠯ᠎ᠠ ᠪᠠᠷ | ᠄ ︽ᠥᠪᠥᠷ ᠮᠦᠩᠭᠡ ᠰᠤᠪᠠᠭ︾ APP ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ | ᠤᠬᠠᠭᠤᠯᠭ᠎ᠠ ᠶᠢᠨ ᠬᠥᠲᠥᠯᠥᠨ ᠵᠢᠯᠤᠭᠤᠳᠬᠤ ᠠᠷᠭ᠎ᠠ ᠪᠠᠷᠢᠯ ᠢ ᠨᠡᠮᠡᠭᠳᠡᠭᠦᠯᠵᠦ᠂ ᠬᠡᠷᠡᠭᠯᠡᠭᠴᠢ ᠶᠢᠨ ᠳᠠᠩᠰᠠᠯᠠᠯᠲᠠ ᠶᠢᠨ | ᠨᠣᠷᠮ᠎ᠠ ᠶᠢ ᠳᠡᠭᠡᠭᠰᠢᠯᠡᠭᠦᠯᠦᠨ᠎ᠡ᠃ ᠨᠢᠭᠡ ᠳᠤ᠂ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ᠬᠠᠷᠢᠭᠤᠴᠠᠵᠤ᠂ ᠪᠥᠬᠦ ᠲᠤᠭᠤᠷᠢᠭ ᠤᠨ ᠣᠯᠠᠨ ᠨᠡᠶᠢᠲᠡ ᠶᠢᠨ ᠲᠠᠯᠠᠪᠤᠷ ᠵᠢᠴᠢ ᠵᠠᠮ ᠬᠠᠷᠢᠯᠴᠠᠭᠠᠨ ᠤ | ᠴᠢᠬᠤᠯᠠ ᠵᠠᠮ ᠱᠤᠭᠤᠮ ᠳᠤ ︽ᠮᠦᠩᠭᠡ ᠰᠤᠪᠠᠭ︾ APP ᠶᠢ ᠬᠡᠷᠡᠭᠯᠡᠨ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ | ᠰᠢᠯᠭᠠᠬᠤ ᠠᠵᠢᠯ ᠢ ᠨᠢᠭᠡᠳᠦᠯᠲᠡᠢ ᠲᠥᠯᠥᠪᠯᠡᠨ᠎ᠡ᠃ ᠬᠤᠶᠠᠷ ᠲᠤ᠂ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶ᠎ᠠ᠂ ᠤᠳᠠ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠮᠥᠩᠭᠦᠨ ᠭᠦᠢᠯᠭᠡᠭᠡᠨ ᠤ ᠠᠵᠢᠯ ᠤᠨ | ᠦᠢᠯᠡᠴᠢᠯᠡᠭᠡᠨ ᠤ ᠲᠥᠪ ᠵᠡᠷᠭᠡ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠬᠠᠷᠢᠭᠤᠴᠠᠵᠤ᠂ ᠭᠤᠣᠯᠴᠢᠯᠠᠨ ᠬᠠᠮᠢᠶᠠᠷᠬᠤ ᠠᠵᠢᠯ ᠲᠥᠷᠥᠯ ᠤᠨ ᠬᠦᠷᠢᠶᠡᠨ ᠳᠠᠬᠢ ︽ᠮᠦᠩᠭᠡ ᠰᠤᠪᠠᠭ︾ APP | ᠶᠢᠨ ᠤᠬᠠᠭᠤᠯᠤᠨ ᠳᠡᠯᠭᠡᠷᠡᠭᠦᠯᠬᠦ ᠠᠵᠢᠯ ᠢ ᠴᠢᠩᠭᠠᠳᠬᠠᠨ᠎ᠠ᠃ ᠭᠤᠷᠪᠠ ᠳᠤ᠂ ᠣᠷᠣᠨ ᠪᠦᠰᠡ ᠶᠢᠨ ᠨᠡᠶᠢᠭᠡᠮ ᠤᠨ | ᠵᠠᠰᠠᠯᠲᠠ ᠶᠢᠨ ᠲᠥᠪ᠂ ᠤᠯᠠᠭᠠᠨᠨᠠᠭᠤᠷ ᠪᠠᠯᠭᠠᠰᠤ᠂ ᠡᠯ᠎ᠡ ᠬᠡᠷᠡᠭ ᠡᠷᠬᠢᠯᠡᠬᠦ ᠭᠠᠵᠠᠷ ᠬᠠᠷᠢᠭᠤᠴᠠᠵᠤ᠂ ᠰᠦᠯᠵᠢᠶᠡᠨ ᠤ | ᠠᠵᠢᠯᠲᠠᠨ ᠤ ᠦᠢᠯᠡᠳᠦᠯ ᠢ ᠪᠠᠳᠠᠷᠠᠭᠤᠯᠤᠨ᠂ ᠣᠯᠠᠨ ᠲᠦᠮᠡᠨ ᠤ ︽ᠮᠦᠩᠭᠡ ᠰᠤᠪᠠᠭ︾ APP ᠪᠠᠭᠤᠯᠭᠠᠵᠤ | ᠳᠠᠩᠰᠠᠯᠠᠭᠤᠯᠬᠤ ᠶᠢ ᠡᠷᠦᠬᠡ ᠳᠤ ᠵᠢᠯᠣᠭᠤᠳᠤᠨ ᠵᠢᠯᠤᠭᠤᠳᠴᠤ᠂ ᠤᠳᠠ ᠲᠣᠭᠤᠷᠢᠭ ᠤᠨ ᠳᠠᠩᠰᠠᠯᠠᠭᠤᠯᠬᠤ ᠨᠣᠷᠮ᠎ᠠ | ᠪᠠ ᠬᠡᠷᠡᠭᠯᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ︽ᠮᠦᠩᠭᠡ ᠰᠤᠪᠠᠭ · ᠨᠢᠭᠡ ᠤᠳᠠᠭ᠎ᠠ ᠳᠤ ᠭᠦᠢᠴᠡᠳᠭᠡᠬᠦ︾ ᠲᠠᠯ᠎ᠠ ᠪᠠᠷ᠄ ︽ᠨᠢᠭᠡ ᠤᠳᠠᠭ᠎ᠠ ᠳᠤ | ᠭᠦᠢᠴᠡᠳᠭᠡᠬᠦ︾ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢᠨ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠨ᠎ᠡ᠃ ᠨᠢᠭᠡ ᠳᠤ᠂ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠠᠴᠠ ᠬᠠᠷᠢᠭᠤᠴᠠᠵᠤ᠂ ︽ᠨᠢᠭᠡ ᠤᠳᠠᠭ᠎ᠠ ᠳᠤ ᠭᠦᠢᠴᠡᠳᠭᠡᠬᠦ︾ ᠤᠨ ︽ᠮᠦᠩᠭᠡ ᠰᠤᠪᠠᠭ︾ ᠤᠨ | ᠰᠢᠯᠵᠢᠮᠡᠯ ᠦᠵᠦᠭᠦᠷ ᠲᠤ ᠤᠬᠠᠭᠤᠯᠤᠨ ᠳᠡᠯᠭᠡᠷᠡᠭᠦᠯᠬᠦ ᠪᠠ ᠬᠡᠷᠡᠭᠯᠡᠬᠦ ᠶᠢ ᠠᠬᠢᠭᠤᠯᠬᠤ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠵᠦ᠂ ︽ᠨᠢᠭᠡ ᠤᠳᠠᠭ᠎ᠠ ᠳᠤ ᠭᠦᠢᠴᠡᠳᠭᠡᠬᠦ︾ ᠲᠤᠰᠬᠠᠢ ᠪᠤᠯᠤᠩ ᠢ ᠰᠦᠯᠵᠢᠶᠡᠨ ᠳᠤ ᠣᠷᠣᠭᠤᠯᠤᠨ | ᠲᠣᠬᠢᠷᠠᠭᠤᠯᠵᠤ᠂ ᠡᠮᠬᠢᠯᠡᠨ ᠳᠢᠭᠯᠡᠭᠰᠡᠨ ᠭᠤᠣᠯ ᠰᠡᠳᠦᠪᠲᠦ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ | ᠨᠡᠶᠢᠲᠡᠯᠡᠵᠦ᠂ ᠭᠤᠶᠤᠴᠢᠯᠠᠭᠴᠢ ᠳᠤ ᠵᠢᠷᠤᠮᠵᠢᠭᠰᠠᠨ ᠬᠤᠭᠤᠰᠤᠨ ᠬᠦᠰᠦᠨᠦᠭ᠂ ᠥᠯᠢᠭᠡᠷ ᠬᠦᠰᠦᠨᠦᠭ ᠪᠠᠭᠤᠯᠭᠠᠬᠤ | ᠦᠢᠯᠡᠴᠢᠯᠡᠭᠡ ᠬᠠᠩᠭᠠᠨ᠎ᠠ᠃ ᠬᠤᠶᠠᠷ ᠲᠤ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠬᠠᠷᠢᠭᠤᠴᠠᠵᠤ᠂ ᠰᠦᠯᠵᠢᠶᠡᠨ ᠠᠴᠠ ᠭᠠᠳᠠᠨ᠎ᠠ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠠᠵᠤ | ᠠᠬᠤᠶᠢᠯᠠᠯ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠬᠤᠯᠪᠣᠭᠳᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠡᠮᠬᠢᠯᠡᠨ ᠳᠢᠭᠯᠡᠵᠦ ᠭᠠᠷᠭᠠᠭᠰᠠᠨ ᠥᠨᠳᠥᠷ | ᠳᠠᠪᠲᠠᠮᠵᠢᠲᠤ ᠭᠤᠣᠯ ᠰᠡᠳᠦᠪ ᠲᠤ ᠴᠢᠭᠯᠡᠭᠦᠯᠦᠨ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ | ᠠᠯᠬᠤᠮ ᠥᠷᠭᠡᠳᠬᠡᠵᠦ᠂ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︽ᠮᠦᠩᠭᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾ ᠲᠠᠯ᠎ᠠ ᠪᠠᠷ᠄ ᠨᠢᠭᠡ ᠳᠤ᠂ ᠲᠤᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠨ᠎ᠠ᠃ ︽ᠲᠠᠨ ᠢ ᠬᠠᠪᠰᠤᠷᠤᠨ ᠭᠦᠢᠴᠡᠳᠬᠡᠬᠦ︾ | ᠰᠢᠯᠵᠢᠮᠡᠯ ᠦᠵᠦᠭᠦᠷ ᠲᠠᠬᠢ ︽ᠮᠦᠩᠭᠡ ᠰᠤᠪᠠᠭ︾ ᠤᠨ ᠤᠬᠠᠭᠤᠯᠤᠨ ᠳᠡᠯᠭᠡᠷᠡᠭᠦᠯᠬᠦ ᠪᠠ ᠬᠡᠷᠡᠭᠯᠡᠬᠦ ᠶᠢ ᠠᠬᠢᠭᠤᠯᠬᠤ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ︽ᠲᠠᠨ ᠢ ᠬᠠᠪᠰᠤᠷᠤᠨ ᠭᠦᠢᠴᠡᠳᠬᠡᠬᠦ︾ ᠲᠤᠰᠬᠠᠢ ᠪᠤᠯᠤᠩ | ᠲᠣᠬᠢᠷᠠᠭᠤᠯᠤᠨ᠂ ᠡᠮᠬᠢᠯᠡᠨ ᠳᠢᠭᠯᠡᠭᠰᠡᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠭᠦᠢᠴᠡᠳᠬᠡᠬᠦ | ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ ᠨᠡᠶᠢᠲᠡᠯᠡᠵᠦ᠂ ᠵᠢᠷᠤᠮᠵᠢᠭᠰᠠᠨ | ᠬᠤᠭᠤᠰᠤᠨ ᠬᠦᠰᠦᠨᠦᠭᠲᠦ᠂ ᠥᠯᠢᠭᠡᠷ ᠬᠦᠰᠦᠨᠦᠭᠲᠦ ᠪᠠᠭᠤᠯᠭᠠᠬᠤ ᠦᠢᠯᠡᠴᠢᠯᠡᠭᠡ ᠬᠠᠩᠭᠠᠨ᠎ᠠ᠃ ᠬᠤᠶᠠᠷ ᠲᠤ | ᠲᠤᠭᠤᠷᠢᠭ ᠤᠨ ᠬᠠᠮ ᠵᠠᠭᠤᠴᠢᠯᠠᠭᠤᠷ ᠤᠨ ᠲᠥᠪ ᠠᠴᠠ ᠬᠠᠷᠢᠭᠤᠴᠠᠵᠤ᠂ ᠵᠠᠰᠠᠭ ᠤᠨ ᠣᠷᠳᠣᠨ ᠤ ᠰᠦᠯᠵᠢᠶ᠎ᠡ᠂ ᠬᠠᠮ | ᠵᠠᠭᠤᠴᠢᠯᠠᠭᠤᠷ ᠤᠨ ᠲᠠᠪᠴᠠᠩ ᠤᠨ ᠳᠠᠪᠠᠭᠤᠯᠢᠭ ᠢ ᠠᠰᠢᠭᠯᠠᠨ᠂ ᠰᠦᠯᠵᠢᠶᠡᠨ ᠳᠡᠭᠡᠷᠡᠬᠢ ᠲᠠᠪᠴᠠᠩ ᠤᠨ ᠤᠯᠠᠮᠵᠢᠯᠠᠨ | ᠲᠠᠷᠬᠠᠭᠠᠬᠤ ᠬᠦᠷᠢᠶ᠎ᠡ ᠬᠡᠪᠴᠢᠶ᠎ᠡ ᠪᠠᠷ ᠥᠷᠭᠡᠨ ᠪᠠᠶᠢᠬᠤ ᠳᠠᠪᠬᠤᠴᠠᠭ᠎ᠠ ᠦᠢᠯᠡᠳᠦᠯ ᠢ ᠭᠦᠢᠴᠡᠳ ᠪᠠᠳᠠᠷᠠᠭᠤᠯᠵᠤ᠂ | ᠲᠣᠭᠲᠠᠮᠠᠯ ᠬᠤᠭᠤᠴᠠᠭ᠎ᠠ ᠲᠠᠢ ᠪᠠᠷ ︽ᠲᠠᠨ ᠢ ᠬᠠᠪᠰᠤᠷᠤᠨ ᠭᠦᠢᠴᠡᠳᠬᠡᠬᠦ︾ ᠬᠠᠮᠢᠶ᠎ᠠ ᠪᠦᠬᠦᠢ ᠠᠵᠢᠯ ᠤᠨ ᠮᠡᠳᠡᠭᠡ | ᠵᠠᠩᠭᠢ ᠶᠢ ᠨᠡᠶᠢᠲᠡᠯᠡᠨ᠎ᠡ᠃ ᠭᠤᠷᠪᠠ ᠳᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠬᠠᠷᠢᠭᠤᠴᠠᠨ᠎ᠠ᠃ ᠰᠦᠯᠵᠢᠶᠡᠨ ᠭᠠᠳᠠᠨᠠᠬᠢ ᠬᠤᠯᠪᠣᠭᠠᠲᠤ ᠲᠣᠭᠤᠷᠢᠭ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠳᠠ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠪᠠᠶᠢᠩᠭᠤ ᠶᠢᠨ ᠤᠬᠠᠭᠤᠯᠭ᠎ᠠ ᠶᠢᠨ | ᠠᠵᠢᠯ ᠢ ᠥᠷᠨᠢᠭᠦᠯᠵᠦ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠤᠨ ᠣᠶᠢᠯᠠᠭᠠᠬᠤ ᠬᠡᠮᠵᠢᠶ᠎ᠡ᠂ ᠮᠡᠳᠡᠷᠡᠬᠦ | ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠬᠤᠶᠠᠷ︶ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠦᠨ᠎ᠡ | ᠨᠢᠭᠡ ᠳᠤ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠠᠷᠢᠭᠤᠴᠠᠵᠤ᠂ ᠲᠤᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠮᠵᠢᠯᠴᠠᠵᠦ᠂ 2021 ᠣᠨ ᠤ 12 ᠰᠠᠷ᠎ᠠ ᠠᠴᠠ | ᠡᠬᠢᠯᠡᠨ᠂ ᠰᠠᠷ᠎ᠠ ᠪᠦᠷᠢ ᠦᠬᠠᠢ ᠬᠤᠲᠠ ᠶᠢᠨ ᠵᠠᠭᠤᠴᠢᠯᠠᠭᠤᠷ ᠲᠤ ︽ᠮᠦᠩᠭᠡ ᠰᠤᠪᠠᠭ · ᠳᠦᠷᠪᠡᠨ ᠭᠦᠢᠴᠡᠳᠭᠡᠬᠦ︾ | ᠤᠨ ᠤᠬᠠᠭᠤᠯᠭ᠎ᠠ ᠶᠢᠨ ᠮᠡᠳᠡᠭᠡ ᠵᠠᠩᠭᠢ ᠶᠢ 1 ᠬᠤᠪᠢ ᠬᠦᠷᠭᠡᠨ᠎ᠡ᠃ ᠬᠤᠶᠠᠷ ᠲᠤ᠂ ᠲᠤᠭᠤᠷᠢᠭ ᠤᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠬᠠᠷᠢᠭᠤᠴᠠᠵᠤ᠂ ᠭᠤᠣᠯ ᠪᠣᠯᠬᠤ ᠵᠠᠭᠤᠴᠢᠯᠠᠭᠤᠷ ᠤᠨ ︽ᠮᠦᠩᠭᠡ ᠰᠤᠪᠠᠭ · ᠳᠦᠷᠪᠡᠨ ᠭᠦᠢᠴᠡᠳᠭᠡᠬᠦ︾ | ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠭᠠᠷᠠᠭ ᠪᠦᠷᠢ ᠨᠠᠭᠠᠲᠤ ᠵᠠᠬ᠎ᠠ ᠳᠠᠭᠠᠨ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ︽ᠮᠦᠩᠭᠡ | ᠰᠤᠪᠠᠭ · ᠳᠦᠷᠪᠡᠨ ᠭᠦᠢᠴᠡᠳᠭᠡᠬᠦ︾ ᠠᠵᠢᠯ ᠤᠨ ᠨᠡᠶᠢᠲᠡᠯᠢᠭ ᠦᠷ᠎ᠡ ᠪᠦᠲᠦᠮᠵᠢ ᠶᠢ 1 ᠬᠤᠪᠢ ᠮᠡᠳᠡᠭᠦᠯᠦᠨ | ᠬᠦᠷᠭᠡᠬᠦ ᠬᠡᠷᠡᠭᠲᠡᠢ᠃ ᠭᠤᠷᠪᠠ ᠳᠤ ᠤᠯᠠᠭᠠᠨᠨᠠᠭᠤᠷ ᠪᠠᠯᠭᠠᠰᠤ᠂ ᠡᠯ᠎ᠡ ᠬᠡᠷᠡᠭ ᠡᠷᠬᠢᠯᠡᠬᠦ ᠭᠠᠵᠠᠷ ᠬᠠᠷᠢᠭᠤᠴᠠᠵᠤ᠂ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠮᠵᠢᠯᠴᠠᠨ᠂ ᠡᠯ᠎ᠡ ᠨᠡᠶᠢᠭᠡᠮ | ᠲᠣᠭᠤᠷᠢᠭ ᠤᠨ ᠶᠡᠭᠡ ᠲᠢᠩᠬᠢᠮ ᠳᠤ ᠤᠬᠠᠭᠤᠯᠭ᠎ᠠ ᠶᠢᠨ ᠵᠠᠷᠯᠠᠯ᠂ ᠤᠬᠠᠭᠤᠯᠭ᠎ᠠ ᠶᠢᠨ ᠤᠷᠢᠶ᠎ᠠ ᠵᠡᠷᠭᠡ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠤᠬᠠᠭᠤᠯᠭ᠎ᠠ ᠶᠢᠨ ᠪᠣᠷᠣ ᠮᠠᠲ᠋ᠧᠷᠢᠶᠠᠯ ᠨᠠᠭᠠᠵᠤ᠂ ︽ᠮᠦᠩᠭᠡ ᠰᠤᠪᠠᠭ · ᠳᠦᠷᠪᠡᠨ | ᠭᠦᠢᠴᠡᠳᠭᠡᠬᠦ ︾ ᠤᠬᠠᠭᠤᠯᠭ᠎ᠠ ᠶᠢ ᠴᠢᠩᠭᠠᠳᠬᠠᠨ᠎ᠠ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠎ᠠ᠃ | ᠡᠯ᠎ᠡ ᠰᠠᠯᠠᠭ᠎ᠠ ᠮᠥᠴᠢᠷ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠲᠠᠰᠤᠷᠠᠯᠲᠠ ᠦᠭᠡᠢ ᠰᠢᠨ᠎ᠡ ᠪᠠᠷ ᠡᠭᠦᠳᠴᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠠᠵᠢᠯ ᠤᠨ | ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢᠶᠠᠨ ᠳᠡᠭᠡᠭᠰᠢᠯᠡᠭᠦᠯᠵᠦ᠂ 12 ᠰᠠᠷ᠎ᠠ ᠶᠢᠨ 22 ᠤᠨ ᠡᠳᠦᠷ ᠠᠴᠠ | ᠡᠮᠦᠨ᠎ᠡ ᠬᠠᠮᠢᠶ᠎ᠠ ᠪᠦᠬᠦᠢ ᠠᠵᠢᠯ ᠢᠶᠠᠨ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠰᠢᠮᠳᠠᠭᠤᠯᠤᠨ ᠪᠠᠶᠢᠴᠠᠭᠠᠬᠤ ᠶᠢ ᠴᠢᠩᠭᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ | ᠬᠡᠷᠡᠭᠲᠡᠢ᠃ ᠲᠤᠭᠤᠷᠢᠭ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ | ᠳᠤᠭᠤᠶᠢᠯᠠᠩ ᠤᠨ ᠠᠯᠪᠠᠨ ᠭᠡᠷ᠂ ᠲᠤᠭᠤᠷᠢᠭ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ | ᠠᠴᠠ ᠬᠠᠷᠢᠭᠤᠴᠠᠵᠤ᠂ ᠰᠢᠮᠳᠠᠭᠤᠯᠤᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ 12 ᠰᠠᠷ᠎ᠠ ᠶᠢᠨ 20 | ᠠᠴᠠ 22 ᠤᠨ ᠡᠳᠦᠷ ᠪᠣᠯᠲᠠᠯᠠᠬᠢ ᠬᠤᠭᠤᠴᠠᠭᠠᠨ ᠳᠤ ᠰᠢᠮᠳᠠᠭᠤᠯᠤᠨ ᠪᠠᠶᠢᠴᠠᠭᠠᠬᠤ ᠶᠢᠨ ᠬᠠᠮᠲᠤ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ | ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠥᠷᠭᠡᠨ ᠢᠶᠠᠷ ᠤᠬᠠᠭᠤᠯᠵᠤ᠂ ᠠᠭᠤᠷ ᠠᠮᠢᠰᠬᠤᠯ ᠢ ᠪᠣᠶ ᠪᠣᠯᠭᠠᠨ᠎ᠠ᠃ ᠲᠧᠯᠸᠢᠰ᠂ ᠰᠣᠨᠢᠨ᠂ | ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠬᠡᠷᠡᠭᠯᠡᠨ᠂ | ︽ᠮᠦᠩᠭᠡ ᠰᠤᠪᠠᠭ · ᠳᠦᠷᠪᠡᠨ ᠭᠦᠢᠴᠡᠳᠭᠡᠬᠦ︾ ᠤᠨ ᠰᠢᠨ᠎ᠡ ᠬᠢᠳᠡᠯ᠂ ᠰᠢᠨ᠎ᠡ ᠦᠢᠯᠡᠳᠦᠯᠭᠡ ᠶᠢ ᠥᠷᠭᠡᠨ ᠢᠶᠠᠷ | ᠤᠬᠠᠭᠤᠯᠵᠤ᠂ ᠲᠡᠷᠢᠭᠦᠨ ᠤ ᠬᠢ ᠲᠠᠢ ᠠᠳᠠᠯᠢᠳᠬᠠᠬᠤ᠂ ᠠᠳᠠᠯᠢᠳᠬᠠᠬᠤ ᠰᠤᠷᠬᠤ ᠬᠥᠭᠡᠭᠡᠵᠦ ᠭᠦᠶᠴᠡᠬᠦ ᠳᠠᠪᠠᠵᠤ | ᠭᠠᠷᠬᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠶᠢᠨ ᠬᠠᠮᠲᠤ ᠨᠡᠶᠢᠲᠡᠯᠢᠭ | ᠬᠡᠷᠡᠭ ᠤᠨ ᠵᠢᠱᠢᠶ᠎ᠡ ᠶᠢ ᠢᠳᠡᠪᠬᠢᠲᠡᠢ ᠪᠠᠷ ᠠᠭᠤᠳᠠᠯᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠣᠶ | ᠪᠣᠯᠭᠠᠬᠤ ᠬᠡᠷᠡᠭᠲᠡᠢ᠃ | | | |