| ︽ᠤᠳᠠ ᠲᠣᠭᠤᠷᠢᠭ ᠤᠨ 2022 ᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠠᠵᠢᠯ ᠤᠨ ᠭᠤᠣᠯᠳᠠᠯᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠤᠳᠠ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ᠡᠳᠦᠭᠡ ︽ᠤᠳᠠ ᠲᠣᠭᠤᠷᠢᠭ ᠤᠨ 2022 ᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠠᠵᠢᠯ ᠤᠨ ᠭᠤᠣᠯᠳᠠᠯᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ | ᠲᠤᠤᠱᠯᠠᠭᠤᠯᠤᠨ ᠬᠡᠷᠡᠭᠵᠢᠭᠦᠯᠲᠦᠭᠡᠢ᠃ | 2022 ᠣᠨ ᠤ 3 ᠰᠠᠷ᠎ᠠ ᠶᠢᠨ 17 ᠤ ᠡᠳᠦᠷ | ᠤᠳᠠ ᠲᠣᠭᠤᠷᠢᠭ ᠤᠨ 2022 ᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠠᠵᠢᠯ ᠤᠨ ᠭᠤᠣᠯᠳᠠᠯᠭ᠎ᠠ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠂ | ᠦᠬᠠᠢ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ | ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ | ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠲᠦᠷᠭᠡᠨ ᠪᠤᠶ ᠪᠣᠯᠭᠠᠬᠤ ᠶᠢᠨ ᠲᠦᠯᠦᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ︽ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠡᠵᠡᠩᠨᠡᠯᠲᠡ ᠶᠢᠨ ᠣᠷᠴᠢᠨ | ᠲᠣᠭᠤᠷᠢᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯᠯᠠᠭ᠎ᠠ ᠶᠢᠨ ᠲᠥᠰᠥᠯ ᠢ | ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 4 ᠳ᠋ᠦ᠋ᠭᠡᠷ ᠲᠣᠭᠠᠲᠤ | ︶ ᠪᠣᠯᠣᠨ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠦᠬᠠᠢ ᠬᠤᠲᠠ ᠶᠢᠨ 2022 ᠣᠨ ᠤ | ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠭᠤᠣᠯᠳᠠᠯᠭ᠎ᠠ ᠶᠢ ᠳᠠᠷᠤᠮᠠᠯᠯᠠᠨ ᠲᠠᠷᠬᠠᠭᠠᠬᠤ | ᠲᠤᠬᠠᠢ ᠮᠡᠳᠡᠭᠳᠡᠯ︾ ︵ᠦᠬᠠᠢ ᠵᠠᠰᠠᠭ ᠲᠠᠷᠬᠠᠭᠠᠭᠰᠠᠨ ﹇2022﹈ 2 ᠳ᠋ᠤᠭᠠᠷ ᠲᠣᠭᠠᠲᠤ︶ ᠵᠡᠷᠭᠡ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠳᠠ ᠲᠣᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ | ᠲᠣᠰ ᠠᠵᠢᠯ ᠤᠨ ᠭᠤᠣᠯᠳᠠᠯᠭ᠎ᠠ ᠪᠠᠨ ᠳᠣᠭᠲᠠᠭᠠᠪᠠ᠃ | ᠨᠢᠭᠡ᠂ ᠥᠨᠳᠥᠷ ᠦᠷ᠎ᠡ ᠪᠦᠲᠦᠮᠵᠢᠲᠡᠢ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠤᠢ ᠪᠣᠯᠭᠠᠨ᠎ᠠ | ︵ᠨᠢᠭᠡ︶ ᠰᠦᠯᠵᠢᠶᠡᠨ ᠳᠡᠭᠡᠷᠡᠬᠢ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠦᠨ᠎ᠡ | 1. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠯᠠᠪᠳᠠᠭᠤᠨ | ᠪᠠᠲᠤᠲᠠᠢ ᠪᠠᠷ ᠠᠬᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠬᠤ ᠠᠷᠠᠳ ᠲᠤ ᠲᠥᠬᠦᠮ ᠦᠵᠡᠭᠦᠯᠬᠦ ᠵᠦᠢᠯᠡᠰ ᠢ | ᠪᠥᠬᠦ ᠲᠤᠭᠤᠷᠢᠭ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠡᠭᠡᠷ᠎ᠡ | ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ︽ | ᠮᠥᠩᠬᠡ ᠰᠣᠪᠠᠭ︾ ᠤᠨ ᠰᠢᠯᠵᠢᠮᠡᠯ ᠦᠵᠦᠭᠦᠷ ᠳᠠᠰᠢ ᠤᠯᠠᠮ ᠨᠢᠭᠡ ᠠᠯᠬᠤᠮ ᠤᠷᠲᠤᠳᠬᠠᠬᠤ ᠶᠢ ᠠᠬᠢᠭᠤᠯᠤᠨ᠂ | ᠰᠦᠯᠵᠢᠶᠡᠨ ᠳᠡᠭᠡᠷ᠎ᠡ ᠨᠢᠭᠡ ᠯᠡ ᠳᠡᠭᠡᠷ᠎ᠡ ᠭᠤᠶᠤᠴᠢᠯᠠᠨ ᠮᠡᠳᠡᠭᠦᠯᠬᠦ᠂ ᠰᠦᠯᠵᠢᠶᠡᠨ ᠳᠡᠭᠡᠷ᠎ᠡ ᠨᠢᠭᠡ ᠯᠡ ᠤᠳᠠᠭ᠎ᠠ ᠳᠤ | ᠭᠦᠢᠴᠡᠳᠬᠡᠵᠦ ᠳᠠᠭᠤᠰᠬᠠᠬᠤ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ | ᠵᠦᠢᠯᠡᠰ ᠢ ᠪᠥᠬᠦ ᠲᠠᠯ᠎ᠠ ᠪᠠᠷ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠂ ᠵᠠᠬ᠎ᠠ | ᠳᠡᠯᠭᠡᠭᠦᠷ ᠤᠨ ᠭᠤᠣᠯ ᠴᠣᠭᠴᠠ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠠᠩ ᠲᠥᠬᠦᠮ ᠪᠣᠯᠭᠠᠵᠤ | ᠂ ᠬᠥᠮᠥᠨ ᠢ ᠱᠠᠭᠠᠷᠳᠠᠬᠤ ᠦᠭᠡᠢ ᠪᠣᠯᠭᠠᠨ᠎ᠠ᠃ ︵ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ︶ | 2. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠤᠯᠬᠤ ᠲᠠᠪᠴᠠᠩ ᠤᠨ ᠲᠤᠭ᠎ᠠ ᠪᠠᠷᠢᠮᠲᠠ ᠶᠢ | ᠬᠠᠮᠲᠤᠪᠠᠷ ᠭᠥᠷᠳᠡᠬᠦ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠭ᠎ᠠ ᠪᠠᠷᠢᠮᠲᠠ ᠶᠢ ᠡᠮᠬᠢ | ᠵᠢᠷᠤᠮ ᠲᠠᠢ ᠬᠠᠮᠲᠤᠪᠠᠷ ᠭᠥᠷᠳᠡᠬᠦ ᠶᠢ ᠲᠦᠷᠭᠡᠳᠬᠡᠨ ᠠᠬᠢᠭᠤᠯᠵᠤ᠂ ︽ᠨᠢᠭᠡ ᠤᠳᠠᠭ᠎ᠠ ᠳᠤ ᠲᠠᠭᠯᠠᠨ ᠮᠡᠳᠡᠭᠦᠯᠵᠦ᠂ | ᠣᠯᠠᠨ ᠲᠠᠪᠴᠠᠩ ᠢᠶᠠᠷ ᠬᠠᠮᠲᠤᠪᠠᠷ ᠭᠥᠷᠳᠡᠬᠦ︾ ᠶᠢ ᠪᠡᠶᠡᠯᠡᠭᠦᠯᠬᠦ ᠳᠤ ᠲᠤᠯᠭᠠᠭᠤᠷᠢᠯᠠᠯ ᠬᠠᠩᠭᠠᠨ᠎ᠠ᠃ ︵ | ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ | 3. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ | ᠬᠡᠷᠡᠭᠵᠢᠭᠦᠯᠵᠦ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ | ᠦᠢᠯᠡᠴᠢᠯᠡᠭᠡᠨ ᠤ ᠲᠠᠪᠴᠠᠩ᠂ ᠬᠢᠨᠠᠯᠲᠠ ᠲᠠᠯᠪᠢᠵᠤ ᠦᠨᠡᠯᠡᠬᠦ ᠵᠡᠷᠭᠡ ᠪᠠᠷᠢᠮᠵᠢᠶ᠎ᠠ ᠶᠢ ᠤᠯᠠᠮ ᠨᠢᠭᠡ ᠠᠯᠬᠤᠮ ᠡᠮᠬᠢᠯᠡᠨ | ᠵᠢᠷᠤᠮᠵᠢᠭᠤᠯᠵᠤ᠂ ᠪᠥᠬᠦ ᠬᠤᠲᠠ ᠶᠢᠨ ᠬᠡᠪᠴᠢᠶᠡᠨ ᠳᠠᠬᠢ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠠᠳᠠᠯᠢ ᠨᠥᠬᠦᠴᠡᠯ ᠤᠨ ᠳᠣᠣᠷ᠎ᠠ ᠢᠯᠭᠠᠭ᠎ᠠ ᠦᠭᠡᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ | ᠪᠠᠷᠢᠮᠵᠢᠶ᠎ᠠ ᠪᠠᠷ ᠭᠦᠢᠴᠡᠳᠬᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠦᠢᠯᠡᠴᠢᠯᠡᠭᠡᠨ ᠤ ᠪᠠᠷᠢᠮᠵᠢᠶ᠎ᠠ ᠨᠢ ᠨᠢᠭᠡᠳᠦᠯᠲᠡᠢ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠠᠩᠭᠠᠨ᠎ᠠ᠃ ︵ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ︶ | 4. ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ ᠵᠠᠭᠤᠴᠢᠯᠠᠬᠤ ᠦᠢᠯᠡᠴᠢᠯᠡᠭᠡᠨ ᠤ ᠬᠡᠲᠦ ᠳᠡᠯᠭᠡᠭᠦᠷ ᠤᠨ | ᠲᠠᠪᠴᠠᠩ ᠢ ᠬᠡᠷᠡᠭᠯᠡᠬᠦ ᠳᠤ ᠲᠦᠰᠢᠭᠯᠡᠨ᠂ ᠪᠥᠬᠦ ᠬᠦᠷᠢᠶ᠎ᠡ ᠴᠠᠷᠠᠭ᠎ᠠ ᠶᠢᠨ ᠰᠦᠯᠵᠢᠶᠡᠨ ᠳᠡᠭᠡᠷᠡᠬᠢ ᠵᠠᠭᠤᠴᠢᠯᠠᠬᠤ | ᠦᠢᠯᠡᠴᠢᠯᠡᠭᠡᠨ ᠢ ᠬᠡᠷᠡᠭᠵᠢᠭᠦᠯᠵᠦ᠂ ᠥᠪᠡᠰᠦᠪᠡᠨ ᠲᠣᠭᠲᠠᠭᠠᠭᠰᠠᠨ ᠵᠠᠭᠤᠴᠢᠯᠠᠬᠤ ᠦᠢᠯᠡᠴᠢᠯᠡᠭᠡᠨ ᠤ | ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠨᠡᠭᠡᠭᠡᠯᠲᠡᠲᠡᠢ᠂ ᠢᠯᠡ | ᠲᠣᠳᠣ᠂ ᠵᠢᠷᠤᠮᠵᠢᠭᠰᠠᠨ ᠵᠠᠭᠤᠴᠢᠯᠠᠬᠤ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠣᠶᠢᠵᠢᠭᠤᠯᠤᠨ᠂ ︽ᠨᠢᠭᠡ | ᠰᠦᠯᠵᠢᠶ᠎ᠡ ᠪᠠᠷ ᠵᠠᠭᠤᠴᠢᠯᠠᠬᠤ︾ ᠶᠢ ᠪᠡᠶᠡᠯᠡᠭᠦᠯᠦᠨ᠎ᠡ᠃ ︵ᠲᠤᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ︶ | 5. ︽ᠮᠥᠩᠭᠡ ᠰᠣᠪᠠᠭ︾ ᠤᠨ ᠨᠡᠭᠦᠳᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠬᠦ | ᠬᠡᠪᠴᠢᠶ᠎ᠡ ᠶᠢ ᠥᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠡᠭᠦᠳᠡᠯ ᠬᠤᠯᠪᠣᠭᠠᠨ ᠤ | ᠦᠵᠦᠭᠦᠷ ᠲᠤ ᠭᠦᠢᠴᠡᠳᠬᠡᠵᠦ ᠪᠣᠯᠬᠤ ᠬᠠᠷᠢᠴᠠᠯ ᠢ ᠳᠡᠭᠡᠭᠰᠢᠯᠡᠭᠦᠯᠦᠨ᠎ᠡ︔ ᠤᠯᠠᠨ ᠨᠡᠶᠢᠲᠡ ᠶᠢᠨ ᠦᠢᠯᠡᠴᠢᠯᠡᠭᠡᠨ ᠤ | ᠴᠤᠭᠯᠠᠷᠠᠯ ᠢ ᠦᠷᠭᠦᠯᠵᠢᠯᠡᠨ ᠲᠦᠯᠬᠢᠨ ᠠᠬᠢᠭᠤᠯᠵᠤ᠂ ᠵᠠᠮ ᠬᠠᠷᠢᠯᠴᠠᠭ᠎ᠠ᠂ ᠵᠢᠭᠤᠯᠴᠢᠯᠠᠯ᠂ ᠰᠤᠷᠭᠠᠨ ᠬᠥᠮᠦᠵᠢᠯ᠂ | ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠠᠵᠢᠯ ᠡᠷᠢᠵᠦ ᠠᠵᠢᠯ | ᠣᠯᠬᠤ᠂ ᠭᠡᠷ ᠠᠬᠤᠢ ᠶᠢᠨ ᠦᠢᠯᠡᠴᠢᠯᠡᠭᠡ ᠵᠡᠷᠭᠡ ᠨᠡᠶᠢᠭᠡᠮ ᠤᠨ ᠦᠢᠯᠡᠴᠢᠯᠡᠭᠡᠨ ᠤ ᠭᠤᠣᠯ ᠰᠡᠳᠦᠪ ᠤᠨ | ᠲᠣᠭᠤᠷᠢᠨ ᠳᠤ ᠤᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠵᠠᠯᠭᠠᠵᠤ ᠣᠷᠣᠭᠤᠯᠤᠨ᠎ᠠ᠃ ︵ | ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ | 6. ᠡᠯᠧᠺᠲᠷᠣᠨ ᠲᠠᠮᠠᠭ᠎ᠠ ᠲᠠᠷᠬᠠᠭᠠᠬᠤ ᠬᠡᠪᠴᠢᠶ᠎ᠡ ᠪᠠ ᠬᠡᠷᠡᠭᠯᠡᠭᠡᠨ ᠤ ᠬᠦᠷᠢᠶ᠎ᠡ ᠴᠠᠷᠠᠭ᠎ᠠ ᠶᠢ ᠦᠷᠭᠦᠯᠵᠢᠯᠡᠨ | ᠥᠷᠭᠡᠳᠬᠡᠵᠦ᠂ ᠭᠡᠷᠡᠴᠢ ᠢᠯᠡᠷᠡᠭᠦᠯᠬᠦ᠂ ᠺᠣᠳ᠋ ᠰᠢᠷᠪᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡᠨᠲᠡ | ᠬᠤᠯᠪᠣᠭ᠎ᠠ ᠲᠠᠢ ᠪᠣᠯᠤᠭᠰᠠᠨ ᠡᠯᠧᠺᠲᠷᠣᠨ ᠦᠨᠡᠮᠯᠡᠯ ᠢ ᠠᠵᠢᠯ ᠶᠠᠪᠤᠳᠠᠯ ᠭᠦᠢᠴᠡᠳᠬᠡᠬᠦ ᠶᠠᠪᠤᠴᠠ ᠳᠤ ᠲᠤᠰᠢᠶᠠᠬᠤ | ᠠᠴᠠ ᠬᠡᠯᠲᠦᠷᠢᠭᠦᠯᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠰᠦᠯᠵᠢᠶᠡᠨ | ᠳᠡᠭᠡᠷ᠎ᠡ ᠭᠦᠢᠴᠡᠳᠬᠡᠵᠦ ᠪᠣᠯᠬᠤ︾ ᠠᠴᠠ ︽ᠰᠦᠯᠵᠢᠶᠡᠨ ᠳᠡᠭᠡᠷ᠎ᠡ ᠭᠦᠢᠴᠡᠳᠬᠡᠬᠦ ᠳᠤ ᠬᠢᠯᠪᠠᠷ︾ ᠪᠣᠯᠭᠠᠨ | ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠲᠣᠰ ᠲᠣᠰ ᠲᠤᠨᠢ ᠪᠠᠶᠢᠭᠤᠯᠤᠭᠰᠠᠨ ᠲᠤᠬᠠᠶᠢᠯᠠᠭᠰᠠᠨ | ᠠᠵᠢᠯ ᠤᠨ ᠰᠢᠰᠲ᠋ᠧᠮ ᠢ ᠨᠢᠭᠡ ᠴᠣᠭᠴᠠᠵᠢᠭᠤᠯᠤᠭᠰᠠᠨ ᠲᠠᠪᠴᠠᠩ ᠯᠤᠭ᠎ᠠ ᠵᠣᠯᠭᠠᠭᠤᠯᠬᠤ ᠶᠢ ᠦᠨᠳᠦᠰᠦᠨ ᠳᠡᠭᠡᠨ | ᠪᠡᠶᠡᠯᠡᠭᠦᠯᠵᠦ᠂ ︽ᠶᠡᠷᠦᠩᠬᠡᠶᠢᠯᠡᠭᠰᠡᠨ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠠᠵᠢᠯ ᠤᠨ | ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ︵ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ︶ | 7. ᠰᠠᠯᠠᠭ᠎ᠠ ᠮᠥᠴᠢᠷ ᠠᠯᠤᠰᠯᠠᠭᠰᠠᠨ ᠵᠦᠢᠯᠡᠰ ᠢ ᠡᠮᠬᠢᠯᠡᠨ ᠨᠡᠶᠢᠯᠡᠭᠦᠯᠬᠦ ᠶᠢ ᠲᠦᠷᠭᠡᠳᠬᠡᠵᠦ᠂ ᠨᠠᠩ ᠣᠯᠠᠨ | ᠵᠦᠢᠯᠡᠰ ᠲᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠬᠦ ᠶᠢ ᠠᠬᠢᠭᠤᠯᠵᠤ᠂ | ᠴᠡᠴᠡᠷᠯᠢᠭ ᠲᠤ ᠣᠷᠣᠵᠤ ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠬᠦ ᠦᠢᠯᠡᠴᠢᠯᠡᠭᠡ ᠵᠡᠷᠭᠡ ᠥᠨᠳᠥᠷ | ᠳᠠᠪᠲᠠᠮᠵᠢᠲᠤ ᠵᠦᠢᠯᠡᠰ ᠲᠤ ᠭᠤᠣᠯᠳᠠᠯᠭ᠎ᠠ ᠲᠠᠢ ᠥᠭᠡᠷᠡᠴᠢᠯᠡᠯᠲᠡ ᠶᠢ ᠨᠢᠭᠡ ᠯᠡ ᠤᠳᠠᠭ᠎ᠠ ᠳᠤ ᠭᠦᠢᠴᠡᠳᠬᠡᠵᠦ᠂ ᠠᠵᠤ | ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠢᠵᠢ ᠦᠢᠯᠡᠴᠢᠯᠡᠭᠡᠨ ᠤ ᠮᠠᠶ᠋ᠢᠭ ᠤᠨ᠂ | ᠭᠤᠣᠯ ᠰᠡᠳᠦᠪᠲᠦ ᠮᠠᠶ᠋ᠢᠭ ᠤᠨ ᠬᠤᠷᠠᠮᠠᠯ ᠦᠢᠯᠡᠴᠢᠯᠡᠭᠡ ᠬᠠᠩᠭᠠᠨ᠎ᠠ᠃ ︵ᠲᠤᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︶ | ︵ᠬᠤᠶᠠᠷ︶ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | 8. ︽ᠮᠥᠩᠭᠡ ᠰᠣᠪᠠᠭ · ᠨᠢᠭᠡ ᠤᠳᠠᠭ᠎ᠠ ᠳᠤ ᠭᠦᠢᠴᠡᠳᠭᠡᠬᠦ︾ ︽ᠮᠥᠩᠭᠡ ᠰᠣᠪᠠᠭ · ᠲᠠᠨ ᠢ ᠬᠠᠪᠰᠤᠷᠤᠨ | ᠭᠦᠢᠴᠡᠳᠬᠡᠬᠦ︾ ᠣᠲᠣ ᠶᠢᠨ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠵᠦ᠂ ᠬᠡᠪᠰᠢᠭᠰᠡᠨ ᠵᠠᠭᠪᠤᠷ ᠢ ᠪᠣᠶ | ᠪᠣᠯᠭᠠᠵᠤ᠂ ︽ᠨᠢᠭᠡ ᠴᠣᠩᠬᠤᠪᠴᠢ︾ ᠦᠢᠯᠡᠴᠢᠯᠡᠭᠴᠢ ᠶᠢ ᠪᠦᠷᠢᠨ ᠭᠦᠢᠴᠡᠳ ᠲᠣᠬᠢᠷᠠᠭᠤᠯᠤᠨ ᠬᠦᠴᠦᠷᠬᠡᠭᠵᠢᠭᠦᠯᠵᠦ | ᠂ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠬᠠᠨᠤᠮᠵᠢ ᠶᠢᠨ ᠬᠡᠮᠵᠢᠶ᠎ᠡ ᠪᠠᠷ ᠡᠬᠢᠯᠡᠯᠲᠡ | ᠪᠣᠯᠭᠠᠨ᠂ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ︽ᠢᠨᠲ᠋ᠧᠷ ᠰᠦᠯᠵᠢᠶ᠎ᠡ | + ᠵᠠᠰᠠᠭ ᠤᠨ ᠶᠠᠪᠤᠳᠠᠯ︾᠂ ᠲᠤᠰᠬᠠᠶᠢᠵᠢᠭᠰᠠᠨ ᠣᠷᠣᠯᠠᠨ ᠭᠦᠢᠴᠡᠳᠬᠡᠬᠦ ᠦᠢᠯᠡᠴᠢᠯᠡᠭᠡ ᠪᠠᠷ ᠲᠦᠰᠢᠭ ᠪᠣᠯᠭᠠᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠠᠵᠤ ᠦᠢᠯᠡᠳᠪᠦᠷᠢ ᠶᠢᠨ ᠬᠦᠷᠢᠶᠡᠯᠡᠩ ᠤᠨ | ᠬᠠᠮᠢᠶᠠᠷᠤᠯᠲᠠ ᠶᠢᠨ ᠵᠥᠪᠯᠡᠯ ᠳᠤ ᠬᠦᠷᠲᠡᠯ᠎ᠡ ᠤᠷᠲᠤᠳᠬᠠᠨ ᠪᠠᠭᠤᠯᠭᠠᠵᠤ᠂ ᠬᠦᠷᠢᠶᠡᠯᠡᠩ ᠲᠣᠭᠤᠷᠢᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠥᠷᠲᠡᠭᠡ ᠪᠠᠶᠢᠭᠤᠯᠬᠤ ᠶᠢᠨ ᠬᠠᠮᠲᠤ ᠠᠵᠤ ᠠᠬᠤᠶᠢᠯᠠᠯ ᠤᠨ ᠰᠤᠳᠤᠯᠤᠨ ᠨᠡᠭᠡᠭᠡᠵᠦ | ᠵᠢᠷᠤᠭᠯᠠᠨ ᠲᠥᠯᠥᠪᠯᠡᠬᠦ᠂ ᠪᠠᠶᠢᠴᠠᠭᠠᠨ ᠰᠢᠯᠭᠠᠵᠤ ᠪᠠᠶᠢᠴᠠᠭᠠᠨ ᠰᠢᠯᠭᠠᠬᠤ ᠵᠡᠷᠭᠡ ᠲᠠᠯ᠎ᠠ ᠶᠢᠨ ᠬᠡᠷᠡᠭᠴᠡᠭᠡ | ᠱᠠᠭᠠᠷᠳᠠᠯᠭ᠎ᠠ ᠶᠢᠨ ᠲᠣᠭᠤᠷᠢᠨ ᠳᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠲᠠᠪᠴᠠᠩ ᠢ ᠬᠦᠷᠢᠶᠡᠯᠡᠩ | ᠲᠣᠭᠤᠷᠢᠭ ᠲᠤ ᠣᠷᠣᠭᠤᠯᠤᠨ ᠰᠠᠭᠤᠯᠭᠠᠵᠤ᠂ ᠠᠵᠤ ᠠᠬᠤᠶᠢᠯᠠᠯ ᠳᠤ ᠣᠶᠢᠷ᠎ᠠ ᠬᠠᠪᠢ ᠶᠢᠨ᠂ ᠵᠠᠢ ᠦᠭᠡᠢ᠂ ᠭᠠᠳᠠᠭᠰᠢ | ᠭᠠᠷᠬᠤ ᠦᠭᠡᠢ ᠪᠠᠷ ᠡᠳ᠋ᠯᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠦᠴᠦᠯᠡᠨ ᠬᠠᠩᠭᠠᠵᠤ᠂ ︽ᠭᠡᠷ ᠤᠨ | ᠡᠭᠦᠳᠡᠨ ᠳᠠᠬᠢ︾ ᠦᠢᠯᠡᠴᠢᠯᠡᠭᠡ ᠶᠢ ᠠᠵᠤ ᠠᠬᠤᠶᠢᠯᠠᠯ ᠨᠢᠭᠡᠪᠦᠷᠢ ᠳᠤ ᠬᠦᠷᠲᠡᠭᠡᠨ᠎ᠡ᠃ ︵ᠲᠤᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ | 9. ︽ᠨᠢᠭᠡ ᠯᠡ ᠤᠳᠠᠭ᠎ᠠ ᠳᠤ ᠭᠦᠢᠴᠡᠳᠬᠡᠬᠦ︾ ᠲᠠᠯ᠎ᠠ ᠪᠠᠷ᠂ ᠣᠯᠠᠨ ᠰᠠᠯᠠᠭ᠎ᠠ ᠮᠥᠴᠢᠷ ᠬᠤᠯᠪᠤᠭᠠᠯᠠᠨ | ᠬᠥᠳᠡᠯᠦᠯᠴᠡᠵᠦ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ᠂ ᠨᠢᠳᠤᠨᠤᠨ ᠤ | ᠰᠠᠭᠤᠷᠢᠨ ᠳᠡᠭᠡᠷ᠎ᠡ ᠳᠠᠬᠢᠨ ᠪᠠᠭᠠᠰᠬᠠᠨ ᠬᠠᠰᠤᠵᠤ᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠭᠤᠣᠯ ᠰᠡᠳᠦᠪᠲᠦ | ᠦᠢᠯᠡᠴᠢᠯᠡᠭᠡᠨ ᠤ ᠬᠡᠷᠡᠭ ᠭᠦᠢᠴᠡᠳᠬᠡᠬᠦ ᠮᠠᠲ᠋ᠧᠷᠢᠶᠠᠯ᠂ ᠭᠦᠢᠴᠡᠳᠬᠡᠬᠦ ᠴᠠᠭ ᠢ ᠪᠠᠭᠠᠰᠬᠠᠬᠤ ᠨᠣᠷᠮ᠎ᠠ ᠶᠢ ᠲᠣᠰ ᠲᠣᠰ | 19%᠂ 24% ᠪᠠᠶᠢᠭᠰᠠᠨ ᠠᠴᠠ 60%᠂ 65% ᠪᠣᠯᠭᠠᠨ ᠳᠡᠭᠡᠭᠰᠢᠯᠡᠭᠦᠯᠵᠦ᠂ ᠬᠠᠮᠲᠤᠷᠠᠨ ᠭᠦᠢᠴᠡᠳᠬᠡᠬᠦ | ᠵᠦᠢᠯᠡᠰ ᠤᠨ ᠬᠡᠷᠡᠭ ᠶᠠᠪᠤᠳᠠᠯ ᠭᠦᠢᠴᠡᠳᠬᠡᠬᠦ ᠬᠡᠮᠵᠢᠶ᠎ᠡ ᠵᠢᠴᠢ ᠬᠡᠷᠡᠭ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ ᠴᠢᠷᠮᠠᠶᠢᠨ᠎ᠠ᠃ ︵ᠲᠤᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︶ | 10᠂ ᠳᠤᠲᠠᠭᠤ ᠶᠢ ᠪᠠᠭᠲᠠᠭᠠᠬᠤ ᠶᠢ ᠭᠥᠯᠢᠶᠡᠨ ᠠᠪᠴᠤ ᠰᠢᠢᠳᠪᠦᠷᠢᠯᠡᠬᠦ ᠳᠤ ᠲᠣᠬᠢᠷᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠵᠢᠴᠢ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠨ ᠲᠣᠳᠣᠷᠬᠠᠶᠢᠯᠠᠵᠤ᠂ ᠳᠤᠲᠠᠭᠤ ᠶᠢ | ᠪᠠᠭᠲᠠᠭᠠᠬᠤ ᠶᠢ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠤᠨ ᠨᠠᠷᠢᠨ ᠬᠠᠭᠤᠳᠠᠰᠤ ᠪᠠ ᠳᠤᠲᠠᠭᠤ ᠶᠢ | ᠪᠠᠭᠲᠠᠭᠠᠬᠤ ᠶᠢ ᠭᠥᠯᠢᠶᠡᠨ ᠠᠪᠴᠤ ᠰᠢᠢᠳᠪᠦᠷᠢᠯᠡᠬᠦ ᠠᠮᠠᠯᠠᠯᠲᠠ ᠶᠢᠨ ᠪᠢᠴᠢᠭ ᠢ ᠲᠣᠭᠲᠠᠭᠠᠨ᠂ ᠬᠡᠷᠡᠭ ᠶᠠᠪᠤᠳᠠᠯ | ᠭᠦᠢᠴᠡᠳᠬᠡᠬᠦ ᠵᠦᠭᠯᠡᠭᠦᠷ ᠢ ᠲᠣᠬᠢᠷᠠᠭᠤᠯᠤᠨ ᠲᠣᠳᠣᠷᠬᠠᠶᠢᠯᠠᠵᠤ᠂ ᠬᠡᠷᠡᠭ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ︵ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ | 11. ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠪᠤᠶᠤ ᠬᠠᠤᠯᠢ ᠴᠠᠭᠠᠵᠠ ᠬᠠᠤᠯᠢ ᠲᠣᠭᠲᠠᠭᠠᠯ | ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ | ᠪᠠᠶᠢᠭᠤᠯᠤᠯᠲᠠ ᠨᠢ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ | ᠣᠯᠭᠤᠬᠤ ᠵᠡᠷᠭᠡ ᠭᠤᠶᠤᠴᠢᠯᠠᠯ ᠢ ᠦᠨᠳᠦᠰᠦᠯᠡᠭᠰᠡᠨ ᠵᠠᠰᠠᠭ ᠵᠠᠬᠢᠷᠭᠠᠨ ᠤ ᠵᠦᠢᠯᠡᠰ ᠢ ᠭᠦᠢᠴᠡᠳᠬᠡᠬᠦ ᠳᠡᠭᠡᠨ᠂ | ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠭᠡᠷᠡᠴᠢᠯᠡᠯ | ᠦᠭᠡᠢ ᠪᠣᠯᠭᠠᠬᠤ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ︵ᠲᠤᠭᠤᠷᠢᠭ ᠤᠨ ᠬᠠᠤᠯᠢ ᠴᠠᠭᠠᠵᠠ ᠶᠢᠨ | ᠲᠣᠪᠴᠢᠶ᠎ᠠ︶ | 12. 7×24 ᠴᠠᠭ ᠤᠨ ᠥᠪᠡᠰᠦᠪᠡᠨ ᠦᠢᠯᠡᠴᠢᠯᠡᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ | ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠭᠰᠡᠨ | 24 ᠴᠠᠭ ᠤᠨ ᠠᠷᠠᠳ ᠲᠤ ᠲᠥᠬᠦᠮ ᠦᠵᠡᠭᠦᠯᠬᠦ ᠥᠪᠡᠰᠦᠪᠡᠨ ᠦᠢᠯᠡᠴᠢᠯᠡᠬᠦ ᠲᠣᠭᠤᠷᠢᠭ ᠢ ᠪᠠᠶᠢᠭᠤᠯᠵᠤ᠂ ᠠᠵᠤ | ᠠᠬᠤᠶᠢᠯᠠᠯ ᠪᠠ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠲᠥᠷᠥ ᠶᠢᠨ ᠪᠣᠳᠣᠯᠭ᠎ᠠ ᠶᠢ ᠪᠠᠶᠢᠴᠠᠭᠠᠨ ᠯᠠᠪᠯᠠᠬᠤ᠂ | ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠦᠨᠡᠮᠯᠡᠯ ᠳᠠᠷᠤᠮᠠᠯᠯᠠᠬᠤ᠂ ᠠᠬᠢᠴᠠ ᠶᠢ ᠪᠠᠶᠢᠴᠠᠭᠠᠨ ᠯᠠᠪᠯᠠᠬᠤ᠂ | ᠮᠠᠲ᠋ᠧᠷᠢᠶᠠᠯ ᠪᠠᠭᠤᠯᠭᠠᠬᠤ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ ︵ᠲᠤᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ | ᠬᠤᠶᠠᠷ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ | 13. ᠠᠵᠤ ᠠᠬᠤᠶᠢᠯᠠᠯ ᠤᠨ ︽ᠲᠠᠪᠤᠨ ᠨᠢᠭᠡ︾ ᠶᠢ ᠨᠡᠭᠡᠭᠡᠨ ᠡᠷᠭᠢᠯᠡᠬᠦ ᠶᠢ ᠪᠡᠶᠡᠯᠡᠭᠦᠯᠦᠨ᠎ᠡ᠃ ᠪᠥᠬᠦ ᠶᠠᠪᠤᠴᠠ ᠳᠤ | ᠬᠠᠪᠰᠤᠷᠤᠨ ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ︽ᠴᠤᠭᠯᠠᠷᠠᠯ︾ ᠢ ᠨᠡᠭᠡᠭᠡᠨ | ᠡᠷᠭᠢᠯᠡᠬᠦ ᠦᠢᠯᠡᠴᠢᠯᠡᠭᠡᠨ ᠢ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ | ᠲᠦᠰᠢᠭᠯᠡᠨ᠂ ᠠᠵᠤ ᠠᠬᠤᠶᠢᠯᠠᠯ ᠤᠨ ᠪᠠᠶᠢᠭᠤᠯᠤᠨ ᠳᠠᠩᠰᠠᠯᠠᠬᠤ᠂ ᠲᠠᠮᠠᠭ᠎ᠠ ᠰᠡᠶᠢᠯᠦᠨ ᠦᠶᠯᠡᠳᠬᠦ ᠵᠡᠷᠭᠡ ︽ᠨᠢᠭᠡ | ᠰᠦᠯᠵᠢᠶ᠎ᠡ ᠪᠠᠷ ᠭᠦᠢᠴᠡᠳᠬᠡᠵᠦ᠂ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ︾ ᠶᠢ ᠪᠡᠶᠡᠯᠡᠭᠦᠯᠦᠨ᠎ᠡ᠃ | ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ | ᠠᠬᠤᠶᠢᠯᠠᠯ ᠤᠨ ᠨᠡᠭᠡᠭᠡᠨ ᠡᠷᠭᠢᠯᠡᠬᠦ ᠳᠤ ᠰᠦᠢᠳᠬᠡᠯ ᠬᠤᠷᠢᠶᠠᠬᠤ ᠦᠭᠡᠢ ᠪᠠᠷ ᠰᠢᠤᠳᠠᠨ ᠢᠶᠠᠷ ᠢᠯᠡᠭᠡᠬᠦ ᠦᠢᠯᠡᠴᠢᠯᠡᠭᠡ | ᠬᠠᠩᠭᠠᠵᠤ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠳᠤ ︽ᠨᠢᠭᠡ ᠴᠣᠩᠬᠤ ᠪᠠᠷ ᠭᠥᠯᠢᠶᠡᠨ ᠠᠪᠴᠤ | ᠰᠢᠢᠳᠪᠦᠷᠢᠯᠡᠬᠦ᠂ ᠨᠢᠭᠡ ᠰᠦᠯᠵᠢᠶ᠎ᠡ ᠪᠠᠷ ᠨᠡᠶᠢᠳᠡᠮ ᠡᠷᠭᠢᠯᠡᠬᠦ᠂ ᠨᠢᠭᠡ ᠤᠳᠠᠭ᠎ᠠ ᠳᠤ ᠴᠤᠭᠯᠠᠭᠤᠯᠬᠤ᠂ ᠨᠢᠭᠡ ᠢᠵᠢ | ᠮᠠᠲ᠋ᠧᠷᠢᠶᠠᠯ᠂ ᠨᠢᠭᠡ ᠲᠠᠰ ᠢᠶᠠᠷ ᠬᠠᠮᠢᠶᠠᠷᠬᠤ︾ ᠶᠢ ᠦᠨᠡᠨᠬᠦ ᠪᠡᠶᠡᠯᠡᠭᠦᠯᠦᠨ᠎ᠡ᠃ ︵ᠲᠤᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 14. ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠦᠬᠠᠢ ᠬᠤᠲᠠ ᠶᠢᠨ ︽ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠠᠵᠢᠯ ᠳᠠᠭᠤᠰᠤᠭᠰᠠᠨ ᠢ ᠬᠠᠮᠲᠤᠷᠠᠨ ᠰᠢᠯᠭᠠᠨ ᠠᠪᠬᠤ ᠶᠢ ᠬᠡᠷᠡᠭᠵᠢᠭᠦᠯᠬᠦ ᠲᠤᠬᠠᠢ ᠮᠡᠳᠡᠭᠳᠡᠯ︾ ︵ | ᠦᠬᠠᠢ ᠠᠵᠤ ᠦᠢᠯᠡᠳᠪᠦᠷᠢ ᠶᠢᠨ ᠥᠭᠡᠷᠡᠴᠢᠯᠡᠯᠲᠡ ᠠᠯᠪᠠᠨ ᠲᠠᠷᠬᠠᠭᠠᠭᠰᠠᠨ ﹇2021﹈ 4 ᠳ᠋ᠦ᠋ᠭᠡᠷ ᠲᠣᠭᠠᠲᠤ︶ | ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠪᠠᠷ ᠪᠠᠶᠢᠭᠤᠯᠬᠤ | ᠲᠥᠷᠥᠯ ᠵᠦᠢᠯ ᠳᠤ ᠣᠯᠠᠨ ᠰᠠᠯᠠᠭ᠎ᠠ ᠮᠥᠴᠢᠷ ᠬᠠᠮᠲᠤᠷᠠᠨ ᠰᠢᠯᠭᠠᠨ ᠠᠪᠬᠤ ᠶᠢ ᠥᠷᠨᠢᠭᠦᠯᠵᠦ᠂ ᠰᠢᠯᠭᠠᠨ ᠠᠪᠬᠤ | ᠦᠢᠯᠡᠴᠢᠯᠡᠭᠡ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠠᠵᠢᠯ ᠳᠠᠭᠤᠰᠤᠭᠰᠠᠨ ᠢ ᠰᠢᠯᠭᠠᠨ ᠠᠪᠬᠤ ᠴᠤᠪᠤᠷᠠᠯ ᠢ | ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠠᠵᠢᠯ ᠳᠠᠭᠤᠰᠤᠭᠰᠠᠨ ᠢ ᠰᠢᠯᠭᠠᠨ ᠠᠪᠬᠤ ᠲᠠᠰ ᠳᠠᠷᠠᠭᠠᠯᠠᠯ ᠢ | ᠳᠥᠭᠦᠮᠴᠢᠯᠡᠵᠦ᠂ ᠬᠠᠮᠲᠤᠷᠠᠨ ᠰᠢᠯᠭᠠᠨ ᠠᠪᠬᠤ ᠶᠢ ︽ᠨᠢᠭᠡ ᠯᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ | ︽ᠬᠠᠮᠵᠢᠯᠴᠠᠨ ᠠᠬᠢᠭᠤᠯᠬᠤ︾ ︽ᠨᠢᠭᠡ ᠯᠡ ᠴᠣᠩᠬᠤ ᠪᠠᠷ ᠭᠠᠷᠭᠠᠬᠤ︾ ᠶᠢ ᠪᠡᠶᠡᠯᠡᠭᠦᠯᠦᠨ᠎ᠡ᠃ ᠪᠦᠲᠦᠭᠡᠨ | ᠪᠠᠶᠢᠭᠤᠯᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠢᠨᠠᠨ ᠵᠥᠪᠰᠢᠶᠡᠷᠡᠬᠦ ᠵᠦᠢᠯ ᠤᠨ ︽ᠤᠯᠠᠨ ᠢ ᠨᠢᠭᠡᠳᠬᠡᠬᠦ | ︾ ᠥᠭᠡᠷᠡᠴᠢᠯᠡᠯᠲᠡ ᠶᠢ ᠰᠦᠪᠡᠭᠴᠢᠯᠡᠨ ᠶᠠᠪᠤᠭᠳᠠᠭᠤᠯᠵᠤ᠂ ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ᠂ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠶᠤᠯ ᠦᠭᠡᠢ ᠳᠤ ᠬᠢᠨᠠᠯᠲᠠ ᠲᠠᠯᠪᠢᠬᠤ ᠭᠠᠷᠳᠠᠮ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠭᠠᠷᠳᠠᠮ᠂ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ | ᠪᠠᠶᠢᠭᠤᠯᠬᠤ ᠶᠣᠰᠣᠲᠠᠢ ᠠᠭᠠᠷ ᠤᠨ ᠰᠡᠷᠭᠡᠶᠢᠯᠡᠯᠲᠡ ᠶᠢᠨ ᠭᠠᠵᠠᠷ ᠳᠣᠣᠷᠠᠬᠢ ᠭᠡᠷ ᠤᠨ ᠠᠷᠠᠳ ᠤᠨ ᠬᠡᠷᠡᠭᠯᠡᠭᠡᠨ ᠤ | ᠪᠠᠷᠢᠯᠭ᠎ᠠ ᠶᠢᠨ ᠲᠥᠷᠥᠯ ᠵᠦᠢᠯ ᠢ ᠮᠡᠳᠡᠭᠦᠯᠵᠦ ᠬᠢᠨᠠᠨ ᠵᠥᠪᠰᠢᠶᠡᠷᠡᠭᠦᠯᠬᠦ ᠶᠢ ᠨᠡᠶᠢᠯᠡᠭᠦᠯᠦᠨ ᠭᠦᠢᠴᠡᠳᠬᠡᠬᠦ ᠬᠡᠷᠡᠭᠲᠡᠢ᠃ | ︵ᠲᠤᠭᠤᠷᠢᠭ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | 15. ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ ᠶᠢᠨ ᠦᠢᠯᠡᠴᠢᠯᠡᠭᠡᠨ ᠤ ᠠᠵᠢᠯ ᠢ ᠰᠢᠯᠢᠳᠡᠭᠵᠢᠭᠦᠯᠦᠨ᠎ᠡ᠃ ᠳᠡᠭᠡᠳᠦ | ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠠᠵᠤ ᠠᠬᠤᠶᠢᠯᠠᠯ ᠢ | ᠵᠢᠯᠣᠭᠤᠳᠤᠨ ᠬᠠᠪᠰᠤᠷᠴᠤ ᠪᠠᠶᠢᠭᠠᠳ ᠰᠦᠯᠵᠢᠶᠡᠨ ᠭᠠᠳᠠᠨ᠎ᠠ ᠪᠤᠶᠤ ᠰᠦᠯᠵᠢᠶᠡᠨ ᠳᠡᠭᠡᠷᠡᠬᠢ ᠠᠷᠭ᠎ᠠ ᠮᠠᠶ᠋ᠢᠭ ᠢᠶᠠᠷ | ᠳᠠᠮᠵᠢᠭᠤᠯᠤᠨ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ ᠵᠡᠷᠭᠡ ᠪᠡᠯᠡᠳᠬᠡᠮᠵᠢ ᠶᠢ ᠵᠠᠯᠭᠠᠨ ᠣᠷᠣᠭᠤᠯᠬᠤ | ᠭᠤᠶᠤᠴᠢᠯᠠᠯ ᠢ ᠪᠡᠶᠡᠯᠡᠭᠦᠯᠵᠦ᠂ ᠤᠰᠤ ᠬᠠᠩᠭᠠᠬᠤ᠂ ᠬᠡᠢ ᠬᠠᠩᠭᠠᠬᠤ ᠠᠵᠤ ᠠᠬᠤᠶᠢᠯᠠᠯ ᠵᠢᠴᠢ ᠴᠠᠬᠢᠯᠭᠠᠨ ᠬᠠᠩᠭᠠᠬᠤ | ᠨᠢᠭᠡᠴᠡ ᠯᠦᠭᠡ ᠴᠠᠭ ᠲᠤᠬᠠᠢ ᠳᠤᠨᠢ ᠨᠡᠪᠲᠡᠷᠡᠯᠴᠡᠨ ᠬᠠᠷᠢᠯᠴᠠᠵᠤ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ | ᠵᠠᠰᠠᠭ ᠤᠨ ᠶᠠᠪᠤᠳᠠᠯ ᠤᠨ ᠨᠢᠭᠡ ᠴᠣᠭᠴᠠᠵᠢᠭᠤᠯᠤᠭᠰᠠᠨ ᠲᠠᠪᠴᠠᠩ᠂ ᠮᠥᠩᠬᠡ ᠰᠣᠪᠠᠭ ᠵᠡᠷᠭᠡ ᠳᠤ ᠵᠠᠯᠭᠠᠨ | ᠣᠷᠣᠭᠤᠯᠬᠤ ᠶᠢ ᠪᠡᠶᠡᠯᠡᠭᠦᠯᠦᠨ᠎ᠡ᠃ ︵ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ᠂ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ︶ | 16. ᠭᠠᠶᠢᠯᠢ ᠲᠤᠰᠢᠶᠠᠬᠤ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠲᠠᠲᠠᠪᠤᠷᠢᠯᠠᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ | ᠲᠤᠬᠠᠶᠢᠯᠠᠭᠰᠠᠨ ᠠᠵᠢᠯ ᠤᠨ ᠭᠦᠢᠴᠡᠳᠬᠡᠯ ᠢ ᠵᠢᠷᠤᠮᠵᠢᠭᠤᠯᠤᠨ᠎ᠠ᠃ ᠭᠠᠶᠢᠯᠢ ᠶᠢᠨ ᠶᠠᠪᠤᠳᠠᠯ ᠤᠨ ᠪᠡᠶᠡᠴᠢᠯᠡᠨ | ᠣᠶᠢᠯᠠᠭᠠᠭᠴᠢ ᠶᠢ ᠤᠷᠢᠵᠤ᠂ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠪᠠ ᠲᠤᠬᠠᠶᠢᠯᠠᠭᠰᠠᠨ ᠠᠵᠢᠯ ᠤᠨ | ᠭᠦᠢᠴᠡᠳᠬᠡᠯ ᠤᠨ ᠬᠤᠪᠢᠷᠠᠯᠲᠠ ᠶᠢ ᠪᠡᠶ᠎ᠡ ᠪᠠᠷ ᠢᠶᠠᠨ ᠣᠶᠢᠯᠠᠭᠠᠵᠤ᠂ ᠠᠵᠢᠯ ᠢᠶᠠᠨ ᠤᠯᠠᠮ ᠨᠢᠭᠡ ᠠᠯᠬᠤᠮ | ᠰᠠᠶᠢᠵᠢᠷᠠᠭᠤᠯᠬᠤ ᠳᠤ ᠰᠠᠨᠠᠭᠤᠯᠭ᠎ᠠ ᠳᠤᠷᠠᠳᠴᠤ᠂ ᠭᠠᠶᠢᠯᠢ ᠭᠦᠢᠴᠡᠳᠬᠡᠬᠦ ᠶᠢᠨ ᠪᠡᠶᠡᠴᠢᠯᠡᠨ ᠣᠶᠢᠯᠠᠭᠠᠬᠤ | ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠲᠠᠲᠠᠪᠤᠷᠢᠯᠠᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠶᠠᠪᠤᠴᠠ ᠶᠢ ᠡᠮᠬᠢᠯᠡᠨ | ᠲᠢᠭᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠵᠦᠢᠯ ᠤᠨ ᠭᠠᠶᠢᠯᠢ ᠰᠦᠢᠳᠬᠡᠯ ᠤᠨ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠭᠠᠶᠢᠯᠢ ᠲᠤᠰᠢᠶᠠᠬᠤ ᠵᠠᠩᠭᠢᠯᠠᠭ᠎ᠠ ᠶᠢ ᠪᠠᠭᠠᠰᠬᠠᠵᠤ᠂ ᠭᠠᠶᠢᠯᠢ | ᠲᠤᠰᠢᠶᠠᠭᠴᠢ ᠶᠢᠨ ᠠᠵᠢᠯ ᠶᠠᠪᠤᠳᠠᠯ ᠡᠷᠬᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠤᠭ᠎ᠠ ᠬᠡᠮᠵᠢᠶ᠎ᠡ ᠪᠠᠷ | ᠭᠠᠶᠢᠯᠢ ᠶᠢ ᠵᠠᠰᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠦᠭᠡᠢ ᠪᠣᠯ ᠬᠠᠷᠰᠢᠯᠠᠬᠤ ᠦᠭᠡᠢ | ᠪᠠᠶᠢᠬᠤ ᠶᠢ ᠬᠡᠷᠡᠭᠵᠢᠭᠦᠯᠦᠨ᠎ᠡ᠃ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠳᠣᠲᠣᠷ᠎ᠠ ᠭᠠᠳᠠᠨᠠᠬᠢ ᠡᠯ᠎ᠡ ᠰᠠᠯᠠᠭ᠎ᠠ | ᠮᠥᠴᠢᠷ ᠢ ᠢᠳᠡᠪᠬᠢᠲᠡᠢ ᠪᠠᠷ ᠵᠣᠬᠢᠴᠠᠭᠤᠯᠵᠤ᠂ ᠲᠤᠭ᠎ᠠ ᠪᠠᠷᠢᠮᠲᠠ ᠶᠢ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ᠂ ᠠᠵᠢᠯ ᠤᠨ ᠲᠠᠯ᠎ᠠ ᠪᠠᠷ ᠬᠠᠷᠢᠯᠴᠠᠨ ᠬᠠᠪᠰᠤᠷᠤᠯᠴᠠᠬᠤ ᠶᠢ ᠪᠡᠶᠡᠯᠡᠭᠦᠯᠵᠦ᠂ ᠪᠤᠰᠤᠳ ᠠᠷᠭ᠎ᠠ ᠵᠠᠮ ᠢᠶᠠᠷ | ᠣᠯᠵᠤ ᠳᠡᠶᠢᠯᠬᠦ ᠮᠠᠲ᠋ᠧᠷᠢᠶᠠᠯ ᠪᠠ ᠲᠤᠭ᠎ᠠ ᠪᠠᠷᠢᠮᠲᠠ ᠶᠢ ᠭᠠᠶᠢᠯᠢ ᠲᠤᠰᠢᠶᠠᠭᠴᠢ ᠶᠢ ᠮᠡᠳᠡᠭᠦᠯᠦᠨ ᠬᠦᠷᠭᠡᠭᠦᠯᠬᠦ ᠪᠠᠷ | ᠱᠠᠭᠠᠷᠳᠠᠵᠤ ᠪᠣᠯᠬᠤ ᠦᠭᠡᠢ᠃ ︵ᠲᠤᠭᠤᠷᠢᠭ ᠤᠨ ᠭᠠᠶᠢᠯᠢ ᠶᠢᠨ ᠲᠣᠪᠴᠢᠶ᠎ᠠ︶ | 17. ᠬᠢᠯᠢ ᠠᠯᠤᠰᠯᠠᠭᠰᠠᠨ ᠠᠷᠠᠯᠵᠢᠶ᠎ᠠ ᠶᠢᠨ ᠳᠥᠭᠦᠮᠴᠢᠯᠡᠯᠲᠡ ᠶᠢ ᠵᠣᠬᠢᠴᠠᠩᠭᠤᠢ ᠪᠠᠷ ᠠᠬᠢᠭᠤᠯᠤᠨ᠎ᠠ᠃ ᠠᠵᠤ | ᠠᠬᠤᠶᠢᠯᠠᠯ ᠤᠨ ᠳᠠᠭᠠᠳᠬᠠᠯ ᠢ ᠳᠠᠭᠠᠭᠠᠴᠢᠯᠠᠬᠤ ᠦᠢᠯᠡᠴᠢᠯᠡᠭᠡᠨ ᠤ ᠳᠦᠷᠢᠮ ᠢ ᠦᠷᠭᠦᠯᠵᠢᠯᠡᠨ ᠨᠠᠶᠢᠳᠠᠪᠤᠷᠢᠵᠢᠭᠤᠯᠤᠨ᠎ᠠ | ᠃ ᠭᠠᠳᠠᠭᠰᠢ ᠴᠢᠭᠯᠡᠭᠦᠯᠦᠭᠰᠡᠨ ᠬᠡᠯᠪᠡᠷᠢ ᠶᠢᠨ ᠠᠵᠤ ᠠᠬᠤᠶᠢᠯᠠᠯ ᠤᠨ ᠳᠠᠭᠠᠭᠠᠴᠢᠯᠠᠨ ᠪᠠᠲᠤᠯᠠᠬᠤ ᠬᠠᠷᠢᠯᠴᠠᠬᠤ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠥᠷᠨᠢᠭᠦᠯᠦᠨ᠂ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠬᠦ ᠶᠢ | ᠵᠢᠯᠤᠭᠤᠳᠴᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠭᠦᠢᠴᠡᠳ ᠠᠰᠢᠭᠯᠠᠨ ᠠᠵᠤ | ᠦᠢᠯᠡᠳᠪᠦᠷᠢ ᠠᠷᠠᠯᠵᠢᠶ᠎ᠠ ᠶᠢ ᠵᠣᠯᠭᠠᠭᠤᠯᠬᠤ᠂ ᠪᠠᠩᠬᠢ ᠠᠵᠤ ᠠᠬᠤᠶᠢᠯᠠᠯ ᠢ ᠵᠣᠯᠭᠠᠭᠤᠯᠬᠤ᠂ ᠵᠠᠰᠠᠭ ᠠᠵᠤ | ᠠᠬᠤᠶᠢᠯᠠᠯ ᠢ ᠵᠣᠯᠭᠠᠭᠤᠯᠬᠤ ᠵᠡᠷᠭᠡ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠤᠨ ᠡᠯ᠎ᠡ ᠲᠥᠷᠥᠯ ᠤᠨ ᠳᠡᠯᠭᠡᠨ | ᠦᠵᠡᠭᠦᠯᠵᠦ ᠵᠥᠪᠳᠡᠯᠴᠡᠬᠦ ᠬᠤᠷᠠᠯ᠂ ᠪᠡᠯᠡ ᠣᠷᠣᠭᠤᠯᠤᠯᠲᠠ ᠶᠢᠨ ᠵᠥᠪᠳᠡᠯᠴᠡᠭᠡᠷ ᠤᠨ ᠬᠤᠷᠠᠯ ᠳᠤ ᠣᠷᠤᠯᠴᠠᠬᠤ ᠶᠢ | ᠵᠣᠷᠢᠭᠵᠢᠭᠤᠯᠤᠨ᠂ ᠳᠥᠭᠦᠮ ᠳᠥᠲᠡ ᠦᠢᠯᠡᠴᠢᠯᠡᠭᠡᠨ ᠬᠠᠩᠭᠠᠨ᠎ᠠ᠃︵ᠣᠷᠣᠨ ᠤ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ︶ | 18. ᠭᠦᠢᠴᠡᠳᠬᠡᠬᠦ ᠭᠡᠷ᠎ᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠵᠤ ᠠᠬᠤᠢ ᠶᠢᠨ ᠬᠥᠭᠵᠢᠯᠲᠡ ᠶᠢᠨ ᠰᠢᠨ᠎ᠡ | ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠣᠨᠴᠠᠭᠠᠶ ᠬᠡᠷᠡᠭ ᠢ ᠰᠢᠢᠳᠪᠦᠷᠢᠯᠡᠬᠦ ᠪᠠ ᠶᠡᠭᠡ ᠲᠠᠯ᠎ᠠ ᠳᠤ | ᠦᠢᠯᠡᠴᠢᠯᠡᠬᠦ ᠶᠢᠨ ᠤᠶᠠᠯᠳᠤᠯ ᠤᠨ ᠴᠡᠭ ᠢ ᠣᠨᠣᠪᠴᠢᠲᠠᠶ ᠡᠷᠢᠨ ᠣᠯᠵᠤ᠂ ᠭᠡᠷ᠎ᠡ ᠶᠢᠨ ᠵᠢᠭᠤᠷᠠᠯᠳᠤᠭᠠᠨ᠂ | ᠳᠠᠮᠫᠤᠷᠠᠯ ᠤᠨ ᠪᠠᠶᠢᠭᠤᠯᠤᠯ ᠤᠨ ᠥᠭᠡᠷᠡᠴᠢᠯᠡᠯᠲᠡ᠂ ᠮᠥᠩᠭᠦᠨ ᠭᠦᠢᠯᠭᠡᠭᠡᠨ ᠤ ᠵᠢᠭᠡᠯᠡᠯᠭᠡ ᠵᠡᠷᠭᠡ ᠬᠦᠷᠢᠶᠡᠨ ᠳᠠᠬᠢ | ᠬᠡᠷᠡᠭ ᠢ ᠬᠠᠤᠯᠢ ᠶᠣᠰᠣᠭᠠᠷ ᠰᠢᠭᠦᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠪᠠ᠃ ᠨᠡᠶᠢᠭᠡᠮ ᠤᠨ ᠬᠥᠭᠵᠢᠯᠲᠡ ᠪᠠ ᠤᠯᠠᠨ ᠲᠦᠮᠡᠨ ᠤ ᠬᠡᠷᠡᠭᠴᠡᠭᠡ ᠶᠢ | ᠠᠩᠬᠠᠷᠴᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠬᠥᠭᠵᠢᠯᠲᠡ ᠶᠢ ᠬᠠᠮᠠᠭᠠᠯᠠᠬᠤ ᠠᠵᠢᠯ ᠤᠨ | ᠲᠥᠰᠥᠯ ᠢ ᠦᠷᠭᠦᠯᠵᠢᠯᠡᠨ ᠲᠤᠤᠱᠯᠠᠭᠤᠯᠵᠤ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠬᠡᠷᠡᠭ ᠢ ᠳᠡᠭᠡᠳᠦ | ᠬᠡᠮᠵᠢᠶ᠎ᠡ ᠪᠠᠷ ᠠᠩᠬᠠᠷᠴᠤ᠂ ᠠᠵᠤ ᠠᠬᠤᠶᠢᠯᠠᠯ ᠳᠤ ᠬᠤᠯᠪᠣᠭᠳᠠᠭᠰᠠᠨ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ | ᠬᠡᠷᠡᠭ ᠢ ᠪᠣᠯᠭᠤᠮᠵᠢᠲᠠᠢ ᠰᠢᠢᠳᠪᠦᠷᠢᠯᠡᠵᠦ᠂ ᠠᠵᠤ ᠠᠬᠤᠶᠢᠯᠠᠯ ᠪᠠ ᠤᠯᠠᠨ ᠲᠦᠮᠡᠨ ᠤ ᠬᠠᠤᠯᠢ ᠶᠣᠰᠣᠨ ᠤ ᠡᠷᠬᠡ | ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ︵ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ︶ | 19. ᠳᠠᠮᠫᠤᠷᠠᠯ ᠤᠨ ᠳᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠳᠠᠮᠫᠤᠷᠠᠯ ᠤᠨ ᠰᠢᠭᠦᠨ | ᠲᠠᠰᠤᠯᠬᠤ ᠲᠢᠩᠬᠢᠮ᠂ ᠳᠠᠮᠫᠤᠷᠠᠯ ᠤᠨ ᠵᠠᠰᠠᠭ ᠤᠨ ᠣᠷᠳᠣᠨ ᠪᠠ ᠰᠢᠭᠦᠬᠦ ᠬᠤᠷᠢᠶ᠎ᠠ ᠶᠢᠨ ᠬᠠᠮᠲᠤᠷᠠᠨ ᠬᠥᠳᠡᠯᠦᠯᠴᠡᠬᠦ | ᠲᠣᠭᠲᠠᠴᠠ᠂ ᠢᠯᠭᠠᠷᠠᠭᠤᠯᠤᠨ ᠪᠤᠳᠤᠬᠤ ᠪᠠ ᠳᠠᠮᠫᠤᠷᠠᠯ ᠤᠨ ᠰᠢᠭᠦᠨ ᠲᠠᠰᠤᠯᠤᠯᠲᠠ ᠶᠢᠨ ᠠᠮᠵᠢᠯᠲᠠ ᠪᠦᠲᠦᠮᠵᠢ ᠶᠢ | ᠰᠢᠯᠭᠠᠨ ᠦᠨᠡᠯᠡᠬᠦ ᠲᠣᠭᠲᠠᠴᠠ ᠵᠡᠷᠭᠡ ᠢᠵᠢ ᠪᠦᠷᠢᠳᠦᠭᠦᠯᠬᠦ ᠲᠣᠭᠲᠠᠴᠠ ᠶᠢ ᠢᠳᠡᠪᠬᠢᠲᠡᠢ ᠪᠠᠷ ᠪᠠᠶᠢᠭᠤᠯᠬᠤ ᠪᠤᠶᠤ | ᠪᠦᠷᠢᠯᠳᠦᠭᠦᠯᠬᠦ ᠶᠢ ᠲᠦᠯᠬᠢᠨ ᠠᠬᠢᠭᠤᠯᠤᠨ᠎ᠠ᠃ ᠳᠠᠮᠫᠤᠷᠠᠯ ᠤᠨ ᠬᠡᠷᠡᠭ ᠢ ᠰᠢᠭᠦᠨ ᠲᠠᠰᠤᠯᠬᠤ ᠠᠵᠢᠯ ᠢ ᠡᠮᠬᠢ | ᠵᠢᠷᠤᠮ ᠲᠠᠢ ᠥᠷᠨᠢᠭᠦᠯᠬᠦ ᠶᠢ ᠦᠷᠭᠦᠯᠵᠢᠯᠡᠨ ᠠᠬᠢᠭᠤᠯᠵᠤ᠂ ᠭᠦᠢᠴᠡᠳᠬᠡᠬᠦ ᠪᠠ ᠳᠠᠮᠫᠤᠷᠠᠬᠤ ᠶᠢᠨ ᠮᠡᠳᠡᠭᠡ ᠵᠠᠩᠭᠢ ᠶᠢ | ᠰᠣᠯᠢᠯᠴᠠᠬᠤ ᠪᠠ ᠬᠠᠮᠲᠤᠪᠠᠷ ᠭᠥᠷᠳᠡᠬᠦ ᠲᠣᠭᠲᠠᠴᠠ ᠶᠢ ᠲᠡᠭᠦᠯᠳᠡᠷᠵᠢᠭᠦᠯᠦᠨ᠂ ᠳᠠᠮᠫᠤᠷᠠᠯ ᠤᠨ ᠬᠡᠷᠡᠭ ᠢ ᠲᠦᠷᠭᠡᠨ | ᠰᠢᠭᠦᠬᠦ ᠶᠢ ᠠᠬᠢᠭᠤᠯᠵᠤ᠂ ︽ᠦᠬᠦᠰᠢᠷᠡᠮᠡᠯ ᠠᠵᠤ ᠠᠬᠤᠶᠢᠯᠠᠯ︾ ᠢ ᠬᠠᠤᠯᠢ ᠶᠣᠰᠣᠭᠠᠷ ᠰᠢᠢᠳᠪᠦᠷᠢᠯᠡᠵᠦ᠂ | ᠭᠦᠢᠴᠡᠳᠬᠡᠬᠦ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠠᠬᠢᠭᠤᠯᠤᠨ᠂ ᠤᠳᠠ ᠲᠣᠭᠤᠷᠢᠭ ᠤᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃ ︵ᠲᠣᠭᠤᠷᠢᠭ ᠤᠨ | ᠠᠷᠠᠳ ᠤᠨ ᠰᠢᠭᠦᠬᠦ ᠬᠤᠷᠢᠶ᠎ᠠ︶ | 20. ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ ᠵᠠᠰᠠᠭ ᠤᠨ ᠣᠷᠳᠣᠨ ᠤ | ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ | ᠡᠯᠧᠺᠲᠷᠤᠨᠴᠢᠯᠡᠭᠰᠡᠨ ᠬᠤᠳᠠᠯᠳᠤᠨ ᠠᠪᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠬᠤᠳᠠᠯᠳᠤᠨ ᠠᠪᠬᠤ | ᠠᠯᠪᠠᠨ ᠵᠠᠷ ᠢ ᠰᠦᠯᠵᠢᠶᠡᠨ ᠳᠡᠭᠡᠷ᠎ᠡ ᠨᠡᠶᠢᠲᠡᠯᠡᠬᠦ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ ᠢ ᠬᠠᠩᠭᠠᠬᠤ ᠶᠢ | ᠪᠡᠶᠡᠯᠡᠭᠦᠯᠦᠨ᠂ ᠰᠦᠯᠵᠢᠶᠡᠨ ᠳᠡᠭᠡᠷ᠎ᠡ ᠳᠠᠭᠠᠭᠠᠴᠢᠯᠠᠯᠲᠠ ᠦᠨᠡᠯᠡᠬᠦ ᠬᠠᠷᠢᠴᠠᠯ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠰᠦᠯᠵᠢᠶᠡᠨ ᠳᠡᠭᠡᠷᠡᠬᠢ ᠬᠤᠳᠠᠯᠳᠤᠭᠠᠨ ᠤ ᠬᠤᠲᠠ ᠶᠢᠨ ᠬᠤᠳᠠᠯᠳᠤᠨ ᠠᠪᠬᠤ ᠬᠡᠪᠴᠢᠶ᠎ᠡ ᠶᠢ | ᠥᠷᠭᠡᠳᠬᠡᠨ᠎ᠡ᠃ ᠳᠠᠭᠠᠭᠠᠴᠢᠯᠠᠯᠲᠠ ᠨᠡᠶᠢᠲᠡᠯᠡᠬᠦ ᠬᠡᠪ ᠤᠨ ᠡᠮᠬᠢ ᠵᠢᠷᠤᠮ ᠢ ᠪᠠᠲᠤᠯᠠᠭᠰᠠᠨ ᠤᠷᠢᠲᠠᠯ ᠳᠣᠣᠷ᠎ᠠ᠂ | ᠳᠠᠭᠠᠭᠠᠴᠢᠯᠠᠯᠲᠠ ᠵᠠᠷᠯᠠᠭᠴᠢ ᠵᠢᠴᠢ ᠲᠡᠭᠦᠨ ᠤ ᠲᠥᠯᠥᠭᠡᠯᠡᠭᠴᠢ ᠠᠴᠠ ᠪᠤᠰᠤᠳ ᠬᠥᠮᠥᠰ ᠤᠨ ᠳᠠᠭᠠᠭᠠᠴᠢᠯᠠᠯᠲᠠ | ᠨᠡᠶᠢᠲᠡᠯᠡᠬᠦ ᠠᠵᠢᠯᠯᠠᠭ᠎ᠠ ᠶᠢ ᠲᠣᠭᠤᠷᠢᠨ ᠦᠵᠡᠬᠦ ᠶᠢ ᠵᠥᠪᠰᠢᠶᠡᠷᠡᠨ᠎ᠡ᠃ ᠭᠤᠣᠯᠴᠢ ᠪᠠᠷ ᠥᠷᠢᠰᠦᠯᠳᠦᠬᠦ ᠶᠢ ᠬᠢᠨᠠᠨ | ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠭᠤᠣᠯᠴᠢ ᠪᠠᠷ | ᠥᠷᠢᠰᠦᠯᠳᠦᠬᠦ ᠶᠢ ᠪᠠᠲᠤᠯᠠᠨ᠎ᠠ᠃ ᠬᠤᠳᠠᠯᠳᠤᠨ ᠠᠪᠬᠤ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠭᠡᠷ᠎ᠡ ᠶᠢᠨ | ᠬᠠᠮᠢᠶᠠᠷᠤᠯᠲᠠ ᠪᠠ ᠥᠭᠬᠦ᠂ ᠲᠤᠰᠢᠶᠠᠨ ᠥᠭᠬᠦ ᠬᠠᠮᠢᠶᠠᠷᠤᠯᠲᠠ ᠶᠢ ᠴᠢᠩᠭᠠᠳᠬᠠᠵᠤ᠂ ᠪᠠᠲᠤᠯᠠᠭ᠎ᠠ ᠶᠢᠨ ᠮᠥᠩᠭᠦ | ᠬᠤᠷᠢᠶᠠᠬᠤ ᠪᠠ ᠪᠤᠴᠠᠭᠠᠨ ᠥᠭᠬᠦ ᠶᠢ ᠵᠢᠷᠤᠮᠵᠢᠭᠤᠯᠤᠨ᠎ᠠ᠃ ︵ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ︶ | 21. ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠤᠲᠠ ᠶᠢᠨ | ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠯᠤᠭ᠎ᠠ ᠬᠢᠨᠠᠮᠠᠭᠠᠢ ᠵᠣᠯᠭᠠᠭᠤᠯᠵᠤ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠬᠠᠤᠯᠢ ᠶᠣᠰᠣᠭᠠᠷ ᠵᠢᠷᠤᠮᠵᠢᠭᠤᠯᠤᠨ ᠥᠷᠨᠢᠭᠦᠯᠦᠨ᠎ᠡ | ᠃ ᠡᠯᠧᠺᠲᠷᠣᠨ ᠳᠠᠭᠠᠭᠠᠯᠲᠠ ᠶᠢᠨ ᠵᠠᠬᠢᠳᠠᠯ ᠢ ᠢᠳᠡᠪᠬᠢᠲᠡᠢ ᠪᠠᠷ ᠳᠡᠯᠭᠡᠷᠡᠭᠦᠯᠵᠦ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠦᠨ᠂ ᠵᠠᠬ᠎ᠠ ᠳᠡᠯᠭᠡᠭᠦᠷ ᠤᠨ | ᠡᠷᠬᠡ ᠲᠡᠭᠰᠢ ᠥᠷᠢᠰᠦᠯᠳᠦᠭᠡᠨ ᠢ ᠬᠢᠵᠠᠭᠠᠷᠯᠠᠬᠤ ᠡᠯ᠎ᠡ ᠵᠦᠢᠯ ᠤᠨ ᠦᠶᠯᠡ ᠠᠵᠢᠯᠯᠠᠭ᠎ᠠ ᠶᠢ ᠡᠷᠡᠰ ᠠᠷᠢᠯᠭᠠᠬᠤ | ᠬᠡᠷᠡᠭᠲᠡᠢ᠃ ᠵᠠᠭᠠᠯᠳᠤᠯᠭ᠎ᠠ ᠶᠢ ᠰᠢᠢᠳᠪᠦᠷᠢᠯᠡᠬᠦ ᠥᠨᠳᠥᠷ ᠪᠦᠲᠦᠮᠵᠢᠲᠡᠶ ᠲᠣᠭᠲᠠᠴᠠ ᠶᠢ ᠬᠠᠤᠯᠢ ᠶᠣᠰᠣᠭᠠᠷ | ᠪᠠᠶᠢᠭᠤᠯᠵᠤ᠂ ᠳᠠᠭᠠᠭᠠᠴᠢᠯᠠᠯᠲᠠ ᠵᠠᠷᠯᠠᠬᠤ ᠶᠢ ᠬᠦᠷᠢᠶᠡᠯᠡᠨ ᠳᠠᠭᠠᠭᠠᠴᠢᠯᠠᠯᠲᠠ ᠵᠠᠷᠯᠠᠬᠤ ᠶᠢ ᠰᠥᠯᠪᠡᠭᠡᠯᠳᠦᠬᠦ ᠵᠡᠷᠭᠡ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠳᠠᠭᠠᠭᠠᠴᠢᠯᠠᠯᠲᠠ ᠵᠠᠷᠯᠠᠭᠰᠠᠨ ᠤ ᠳᠠᠷᠠᠭᠠᠬᠢ ᠭᠡᠷ᠎ᠡ ᠶᠢ ᠭᠦᠢᠴᠡᠳᠬᠡᠬᠦ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠵᠤ᠂ ᠭᠦᠢᠴᠡᠳᠬᠡᠭᠰᠡᠨ᠂ ᠭᠡᠷ᠎ᠡ ᠠᠴᠠ ᠵᠥᠷᠢᠴᠡᠭᠰᠡᠨ ᠪᠠᠶᠢᠳᠠᠯ ᠢ ᠢᠲᠡᠭᠡᠮᠵᠢ ᠶᠢᠨ ᠬᠠᠮᠢᠶᠠᠷᠤᠯᠲᠠ ᠶᠢᠨ | ᠰᠢᠰᠲ᠋ᠧᠮᠵᠢ ᠳᠤ ᠣᠷᠣᠭᠤᠯᠬᠤ ᠬᠡᠷᠡᠭᠲᠡᠢ᠃ ︵ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ︶ | 22. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠯᠲᠡ᠂ ᠬᠠᠮᠠᠭᠠᠯᠠᠯᠲᠠ ᠪᠠ | ᠬᠡᠷᠡᠭᠯᠡᠯᠲᠡ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠡᠭᠦᠳᠦᠨ ᠪᠦᠲᠦᠭᠡᠵᠦ ᠬᠡᠷᠡᠭᠯᠡᠬᠦ ᠶᠢ ᠠᠬᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠷᠢᠮᠵᠢᠶ᠎ᠠ ᠶᠢ ᠲᠤᠤᠱᠯᠠᠭᠤᠯᠬᠤ᠂ ᠵᠠᠮᠴᠢᠯᠠᠬᠤ ᠶᠢ | ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ ᠠᠬᠤᠶᠢᠯᠠᠯ ᠢ | ᠪᠣᠶᠢᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠭ᠎ᠠ ᠬᠡᠮᠵᠢᠶ᠎ᠡ ᠶᠢᠨ ᠲᠥᠪᠯᠡᠷᠡᠯ ᠠᠴᠠ | ᠶᠠᠰᠤ ᠴᠢᠨᠠᠷ ᠪᠠ ᠦᠷ᠎ᠡ ᠠᠰᠢᠭ ᠤᠨ ᠳᠡᠭᠡᠭᠰᠢᠯᠡᠯᠲᠡᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ | ᠬᠠᠯᠳᠠᠭᠰᠠᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠮᠡᠳᠡᠯᠭᠡ ᠶᠢᠨ ᠪᠦᠲᠦᠭᠡᠭᠳᠡᠬᠦᠨ ᠤ ᠲᠤᠰᠬᠠᠢ ᠠᠰᠢᠭ ᠤᠨ ᠦᠢᠯᠡᠴᠢᠯᠡᠭᠡᠨ ᠢ ᠢᠳᠡᠪᠬᠢᠲᠡᠢ ᠰᠠᠶᠢᠲᠤᠷ ᠬᠢᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠲᠤᠭᠤᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠲᠤᠰᠬᠠᠢ ᠠᠰᠢᠭ ᠤᠨ ᠲᠤᠭ᠎ᠠ ᠬᠡᠮᠵᠢᠶ᠎ᠡ ᠪᠠ ᠶᠠᠰᠤ | ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠲᠤᠰᠬᠠᠢ | ᠠᠰᠢᠭ ᠤᠨ ᠬᠡᠷᠡᠭᠴᠡᠭᠡ ᠶᠢᠨ ᠪᠠᠶᠢᠴᠠᠭᠠᠯᠲᠠ ᠬᠢᠨ᠎ᠡ᠃ ︵ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | 23᠂ ᠠᠵᠤ ᠠᠬᠤᠶᠢᠯᠠᠯ ᠤᠨ ᠬᠦᠴᠦᠨ ᠦᠭᠡᠢ ᠪᠣᠯᠭᠠᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ | ᠠᠵᠤ ᠠᠬᠤᠶᠢᠯᠠᠯ ᠤᠨ ᠲᠥᠬᠦᠮ ᠬᠦᠴᠦᠨ ᠦᠭᠡᠢ ᠪᠣᠯᠭᠠᠬᠤ ᠳᠤ ᠲᠣᠬᠢᠷᠠᠬᠤ ᠣᠷᠣᠨ ᠪᠦᠰᠡ ᠵᠢᠴᠢ ᠬᠦᠷᠢᠶ᠎ᠡ | ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠠᠵᠤ ᠠᠬᠤᠶᠢᠯᠠᠯ ᠤᠨ ᠲᠥᠬᠦᠮ ᠬᠦᠴᠦᠨ ᠦᠭᠡᠢ ᠪᠣᠯᠭᠠᠬᠤ ᠳᠤ | ᠪᠤᠷᠤᠭᠤ ᠶᠢ ᠪᠠᠭᠲᠠᠭᠠᠬᠤ ᠲᠣᠭᠲᠠᠴᠠ ᠶᠢ ᠪᠠᠶᠢᠭᠤᠯᠤᠨ᠎ᠠ᠃ ︽ᠨᠢᠭᠡ ᠰᠦᠯᠵᠢᠶ᠎ᠡ ᠪᠠᠷ ᠪᠦᠬᠦᠨ ᠢ ᠡᠷᠭᠢᠯᠡᠬᠦ︾ ᠶᠢ | ᠭᠦᠨᠵᠡᠭᠡᠢ ᠳᠡᠯᠭᠡᠷᠡᠭᠦᠯᠵᠦ᠂ ᠠᠵᠤ ᠠᠬᠤᠶᠢᠯᠠᠯ ᠢ ᠨᠡᠭᠡᠭᠡᠨ ᠡᠷᠭᠢᠯᠡᠵᠦ ᠬᠦᠴᠦᠨ ᠦᠭᠡᠢ ᠪᠣᠯᠭᠠᠬᠤ ᠰᠦᠯᠵᠢᠶ᠎ᠡ ᠪᠠᠷ | ᠡᠷᠭᠢᠯᠡᠬᠦ ᠨᠣᠷᠮ᠎ᠠ ᠶᠢᠨ 90% ᠠᠴᠠ ᠳᠡᠭᠡᠭᠰᠢᠬᠢ ᠶᠢ ᠪᠡᠶᠡᠯᠡᠭᠦᠯᠦᠨ᠎ᠡ᠃ ᠡᠯᠧᠺᠲᠷᠣᠨ ᠡᠵᠡᠩᠨᠡᠯᠲᠡ ᠶᠢᠨ ᠦᠨᠡᠮᠯᠡᠯ ᠢ | ᠭᠠᠶᠢᠯᠢ ᠶᠢᠨ ᠶᠠᠪᠤᠳᠠᠯ᠂ ᠨᠡᠶᠢᠭᠡᠮ ᠤᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ | ᠵᠠᠰᠠᠭ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠤ ᠬᠡᠷᠡᠭᠯᠡᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃ | ︵ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 24᠂ ᠳᠡᠩᠰᠡᠯᠡᠨ ᠲᠡᠮᠳᠡᠭᠯᠡᠬᠦ ᠡᠳ᠋ ᠬᠥᠷᠥᠩᠭᠡ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ | ᠂ ︽ᠢᠨᠲ᠋ᠧᠷ ᠰᠦᠯᠵᠢᠶ᠎ᠡ +︾ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠥᠷᠭᠡᠳᠬᠡᠨ᠂ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ᠂ ᠥᠯᠥ ᠬᠥᠳᠡᠯᠬᠦ | ᠬᠥᠷᠥᠩᠭᠡ ᠶᠢ ᠳᠠᠩᠰᠠᠯᠠᠬᠤ᠂ ᠭᠡᠷ ᠪᠠᠶᠢᠰᠢᠩ ᠢ ᠠᠷᠠᠯᠵᠢᠶᠠᠯᠠᠬᠤ᠂ ᠭᠠᠶᠢᠯᠢ ᠲᠤᠰᠢᠶᠠᠬᠤ ᠶᠢ ︽ᠨᠢᠭᠡ ᠴᠣᠩᠬᠤ ᠪᠠᠷ | ᠭᠥᠯᠢᠶᠡᠨ ᠠᠪᠴᠤ᠂ ᠵᠡᠷᠭᠡᠪᠡᠷ ᠭᠦᠢᠴᠡᠳᠬᠡᠬᠦ︾ ᠶᠢ ᠬᠡᠷᠡᠭᠵᠢᠭᠦᠯᠵᠦ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ | ᠲᠡᠮᠳᠡᠭᠯᠡᠬᠦ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ | ᠲᠡᠮᠳᠡᠭᠯᠡᠬᠦ ᠶᠢᠨ ᠠᠵᠤ ᠠᠬᠤᠶᠢᠯᠠᠯ ᠳᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ | ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ | ᠬᠤᠪᠢᠶᠠᠷᠢ ᠲᠣᠪᠴᠢᠶ᠎ᠠ︶ | ᠭᠤᠷᠪᠠ᠂ ᠬᠠᠤᠯᠢ ᠪᠠᠷ ᠵᠠᠰᠠᠭᠰᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠥᠬᠦ ᠲᠠᠯ᠎ᠠ ᠪᠠᠷ ᠪᠣᠶ ᠪᠣᠯᠭᠠᠨ᠎ᠠ | 25᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠲᠣᠭᠲᠠᠭᠤᠨ ᠲᠥᠪ ᠭᠤᠥᠯᠴᠢ ᠢᠯᠡ ᠲᠣᠳᠣ᠂ ᠵᠢᠱᠢᠵᠦ ᠪᠣᠯᠬᠤᠶᠢᠴᠠ ᠬᠠᠤᠯᠢ ᠪᠠᠷ ᠵᠠᠰᠠᠬᠤ ᠡᠵᠡᠩᠨᠡᠯᠲᠡ ᠶᠢᠨ | ᠣᠷᠴᠢᠨ ᠲᠣᠭᠤᠷᠢᠨ ᠢ ᠪᠣᠶ ᠪᠣᠯᠭᠠᠨ᠎ᠠ᠃ ᠡᠯ᠎ᠡ ᠵᠦᠢᠯ ᠤᠨ ᠥᠮᠴᠢᠯᠡᠯ ᠤᠨ ᠠᠵᠤ ᠠᠬᠤᠶᠢᠯᠠᠯ ᠤᠨ ᠥᠮᠴᠢᠯᠡᠬᠦ ᠡᠷᠬᠡ | ᠪᠠ ᠡᠵᠡᠨ ᠮᠡᠳᠡᠵᠦ ᠡᠵᠡᠩᠨᠡᠬᠦ ᠡᠷᠬᠡ ᠶᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠵᠠᠰᠠᠭ ᠵᠠᠬᠢᠷᠭᠠᠨ ᠤ | ᠡᠷᠬᠡ ᠪᠠᠨ ᠳᠤᠷ᠎ᠠ ᠪᠠᠷ ᠢᠶᠠᠨ ᠬᠡᠷᠡᠭᠯᠡᠨ ᠥᠷᠢᠰᠦᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠠᠵᠢᠯᠯᠠᠭ᠎ᠠ ᠶᠢ | ᠦᠨᠡᠨ ᠬᠦ ᠰᠡᠷᠭᠡᠶᠢᠯᠡᠨ᠎ᠡ᠃ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠥᠷᠢᠰᠦᠯᠳᠦᠭᠡᠨ ᠢ ᠬᠠᠷᠰᠢᠯᠠᠬᠤ ᠡᠯ᠎ᠡ | ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠴᠠᠭ ᠲᠤᠬᠠᠢ ᠳᠤᠨᠢ ᠴᠡᠪᠡᠷᠯᠡᠨ ᠬᠦᠴᠦᠨ ᠦᠭᠡᠢ ᠪᠣᠯᠭᠠᠵᠤ᠂ | ᠨᠢᠭᠡᠳᠦᠯᠲᠡᠢ ᠪᠥᠭᠡᠳ ᠨᠡᠭᠡᠭᠡᠯᠲᠡᠲᠡᠢ᠂ ᠥᠷᠢᠰᠦᠯᠳᠦᠭᠡᠨ ᠨᠢ ᠡᠮᠬᠢ ᠵᠢᠷᠤᠮ ᠲᠠᠢ᠂ ᠳᠦᠷᠢᠮ ᠨᠢ ᠪᠦᠷᠢᠨ ᠲᠡᠭᠦᠯᠳᠡᠷ᠂ | ᠵᠠᠰᠠᠯᠲᠠ ᠨᠢ ᠪᠦᠷᠢᠨ ᠲᠡᠭᠦᠯᠳᠡᠷ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠦᠷᠢᠯᠳᠦᠬᠦ ᠶᠢ | ᠲᠦᠯᠬᠢᠨ ᠠᠬᠢᠭᠤᠯᠤᠨ᠎ᠠ᠃ ︵ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ︶ | 26᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ | ᠥᠩᠭᠡᠷᠡᠭᠰᠡᠨ ᠤ ᠨᠢᠭᠡ ᠬᠤᠭᠤᠴᠠᠭᠠᠨ ᠳᠤ ᠪᠣᠶ ᠪᠣᠯᠤᠭᠰᠠᠨ ᠰᠢᠢᠳᠪᠦᠷᠢᠲᠦ ᠪᠣᠳᠣᠯᠭ᠎ᠠ ᠨᠢ ᠵᠦᠢ ᠵᠣᠬᠢᠰ ᠦᠭᠡᠢ᠂ | ᠬᠡᠯᠡᠯᠴᠡᠭᠡᠷ ᠢ ᠥᠯᠥ ᠭᠦᠢᠴᠡᠳᠬᠡᠬᠦ᠂ ᠲᠥᠷᠥᠯ ᠵᠦᠢᠯ ᠢ ᠥᠯᠥ ᠨᠠᠶᠢᠳᠠᠪᠤᠷᠢᠵᠢᠭᠤᠯᠬᠤ᠂ ᠠᠮᠠᠯᠠᠯᠲᠠ ᠪᠠᠨ ᠥᠯᠥ | ᠪᠡᠶᠡᠯᠡᠭᠦᠯᠬᠦ᠂ ᠥᠷᠢᠲᠦᠭᠰᠡᠨ ᠢᠶᠠᠨ ᠥᠯᠥ ᠪᠤᠴᠠᠭᠠᠬᠤ ᠵᠡᠷᠭᠡ ᠲᠡᠦᠬᠡ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ | ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ | ᠲᠠᠩᠰᠠᠨ ᠵᠣᠭᠤᠰ ᠢ ᠥᠷᠢᠲᠦᠬᠦ ᠠᠰᠠᠭᠤᠳᠠᠯ ᠤᠨ ᠲᠣᠭᠤᠷᠢᠨ ᠳᠤ ᠲᠤᠰᠬᠠᠢ ᠵᠦᠢᠯ ᠤᠨ ᠢᠯᠭᠠᠷᠠᠭᠤᠯᠬᠤ | ᠠᠵᠢᠯᠯᠠᠭ᠎ᠠ ᠶᠢ ᠭᠤᠣᠯᠳᠠᠯᠭ᠎ᠠ ᠲᠠᠢ ᠥᠷᠨᠢᠭᠦᠯᠵᠦ᠂ ᠦᠢᠯᠡᠴᠢᠯᠡᠭᠡ ᠶᠢ ᠨᠠᠩ ᠬᠠᠯᠠᠭᠤᠨ ᠳᠤᠯᠠᠭᠠᠨ ᠪᠣᠯᠭᠠᠵᠤ᠂ | ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠢ ᠪᠠᠷ ᠠᠮᠠᠯᠠᠯᠲᠠ ᠪᠠᠨ ᠪᠡᠶᠡᠯᠡᠭᠦᠯᠬᠦ ᠶᠢ ᠠᠬᠢᠭᠤᠯᠤᠨ᠎ᠠ᠃ ︵ | ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ︶ | 27᠂ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ | ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠦᠯᠲᠡ ᠶᠢᠨ ᠪᠦᠬᠦ ᠶᠠᠪᠤᠴᠠ ᠶᠢ ᠲᠡᠮᠳᠡᠭᠯᠡᠬᠦ᠂ ᠴᠢᠬᠤᠯᠠ ᠶᠡᠭᠡ ᠬᠠᠤᠯᠢ | ᠬᠡᠷᠡᠭᠵᠢᠭᠦᠯᠦᠯᠲᠡ ᠶᠢᠨ ᠲᠣᠭᠲᠠᠭᠠᠯ ᠳᠤ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠬᠢᠬᠦ ᠭᠤᠷᠪᠠᠨ ᠵᠦᠢᠯ ᠤᠨ | ᠳᠦᠷᠢᠮ ᠢ ᠦᠷᠭᠦᠯᠵᠢᠯᠡᠨ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠪᠦᠬᠦ | ᠲᠠᠯ᠎ᠠ ᠪᠠᠷ ᠵᠢᠷᠤᠮᠵᠢᠭᠤᠯᠤᠨ᠎ᠠ᠃ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠬᠠᠷᠢᠶ᠎ᠠ ᠣᠷᠣᠨ ᠤ ᠬᠠᠤᠯᠢᠴᠢ᠂ | ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ | ᠠᠵᠢᠯᠲᠠᠨ ᠵᠡᠷᠭᠡ ᠶᠢ ᠵᠣᠬᠢᠶᠠᠨ ᠪᠠᠶᠢᠭᠤᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ︽ᠬᠠᠤᠯᠢ | ᠴᠠᠭᠠᠵᠠ ᠶᠢ ᠲᠦᠮᠡᠨ ᠠᠵᠤ ᠠᠬᠤᠶᠢᠯᠠᠯ ᠳᠤ ᠬᠦᠷᠭᠡᠬᠦ︾᠂ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾᠂ | ︽ᠬᠠᠤᠯᠢ ᠪᠠᠷ ᠵᠠᠰᠠᠬᠤ ᠲᠣᠭᠤᠷᠢᠨ ᠲᠠᠶᠢᠯᠪᠤᠷᠢᠯᠠᠯᠲᠠ︾᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ | ᠴᠠᠭᠠᠵᠠ ᠶᠢ ᠲᠦᠭᠡᠮᠡᠯᠵᠢᠭᠦᠯᠬᠦ︾ ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠬᠠᠤᠯᠢ ᠶᠣᠰᠣᠨ ᠤ ᠡᠵᠡᠩᠨᠡᠯᠲᠡ ᠶᠢ ᠬᠥᠲᠥᠯᠥᠨ ᠵᠢᠯᠤᠭᠤᠳᠴᠤ᠂ ᠲᠤᠰ ᠪᠡᠶ᠎ᠡ ᠶᠢᠨ ᠬᠠᠤᠯᠢ | ᠶᠣᠰᠣᠨ ᠤ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠪᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠡᠵᠡᠩᠨᠡᠯᠲᠡ ᠶᠢᠨ ᠠᠵᠢᠯᠯᠠᠭ᠎ᠠ ᠯᠤᠭ᠎ᠠ ᠨᠢᠭᠲᠠ ᠬᠤᠯᠪᠣᠭ᠎ᠠ ᠲᠠᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠠᠭᠠᠨ᠂ | ᠭᠡᠷᠡᠴᠢᠯᠡᠭᠡ ᠰᠣᠨᠣᠰᠬᠤ ᠬᠤᠷᠠᠯ᠂ ᠰᠦᠯᠵᠢᠶ᠎ᠡ ᠪᠠᠷ ᠰᠠᠨᠠᠯ ᠬᠤᠷᠢᠶᠠᠬᠤ ᠵᠡᠷᠭᠡ ᠬᠡᠯᠪᠡᠷᠢ ᠶᠢ ᠠᠪᠴᠤ᠂ ᠵᠠᠬ᠎ᠠ | ᠳᠡᠯᠭᠡᠭᠦᠷ ᠤᠨ ᠭᠤᠣᠯ ᠴᠣᠭᠴᠠ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠵᠡᠷᠭᠡ ᠲᠠᠯ᠎ᠠ ᠶᠢᠨ | ᠰᠠᠨᠠᠯ ᠢ ᠥᠷᠭᠡᠨ ᠢᠶᠠᠷ ᠰᠣᠨᠣᠰᠴᠤ᠂ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠭᠠᠳ ᠦᠭᠡᠢ ᠨᠡᠪᠲᠡᠷᠡᠬᠦ ︽ᠹᠧᠩ | ᠴᠢᠶᠣᠤ ᠶᠢᠨ ᠲᠤᠷᠰᠢᠯᠭ᠎ᠠ︾ ᠶᠢ ᠰᠤᠷᠤᠯᠴᠠᠵᠤ᠂ ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ᠂ ᠵᠠᠰᠠᠭ ᠵᠠᠬᠢᠷᠭᠠᠨ ᠤ | ᠲᠠᠰᠤᠯᠤᠯᠳᠠ ᠬᠢᠬᠦ᠂ ᠵᠠᠰᠠᠭ ᠵᠠᠬᠢᠷᠭᠠᠨ ᠤ ᠲᠠᠬᠢᠨ ᠵᠥᠪᠯᠡᠬᠦ ᠵᠡᠷᠭᠡ ᠶᠢ ᠣᠷᠭᠠᠨᠢᠭ ᠢᠶᠠᠷ ᠵᠣᠯᠭᠠᠯᠳᠤᠭᠤᠯᠤᠭᠰᠠᠨ᠂ | ᠬᠠᠷᠢᠯᠴᠠᠨ ᠵᠣᠬᠢᠴᠠᠯᠳᠤᠭᠰᠠᠨ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠴᠢᠯᠡᠭᠰᠡᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ︵ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠤᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 28᠂ ᠢᠲᠡᠭᠡᠮᠵᠢ ᠶᠢ ᠵᠠᠰᠠᠨ ᠰᠡᠷᠭᠦᠭᠡᠬᠦ ᠲᠣᠭᠲᠠᠴᠠ ᠶᠢ ᠲᠡᠭᠦᠯᠳᠡᠷᠵᠢᠭᠦᠯᠵᠦ᠂ ᠢᠲᠡᠭᠡᠯ ᠠᠯᠳᠠᠭᠰᠠᠨ ᠮᠡᠳᠡᠭᠡ | ᠵᠠᠩᠭᠢ ᠶᠢ ᠵᠠᠰᠠᠨ ᠰᠡᠷᠭᠦᠭᠡᠬᠦ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠳᠤ ᠣᠷᠣᠭᠤᠯᠤᠨ᠂ ᠢᠲᠡᠭᠡᠯ ᠠᠯᠳᠠᠭᠰᠠᠨ ᠮᠡᠳᠡᠭᠡ ᠵᠠᠩᠭᠢ ᠶᠢ ᠵᠠᠰᠠᠨ ᠰᠡᠷᠭᠦᠭᠡᠬᠦ ᠨᠥᠬᠦᠴᠡᠯ᠂ | ᠪᠠᠷᠢᠮᠵᠢᠶ᠎ᠠ᠂ ᠴᠤᠪᠤᠷᠠᠯ ᠵᠡᠷᠭᠡ ᠬᠦᠴᠦᠨ ᠵᠦᠢᠯ ᠢ ᠲᠣᠳᠣᠷᠬᠠᠶᠢᠯᠠᠵᠤ᠂ ᠢᠲᠡᠭᠡᠯ ᠠᠯᠳᠠᠭᠰᠠᠨ ᠭᠤᠣᠯ ᠴᠣᠭᠴᠠ ᠶᠢᠨ | ᠠᠯᠳᠠᠭ᠎ᠠ ᠪᠠᠨ ᠥᠪᠡᠰᠦᠪᠡᠨ ᠵᠠᠯᠠᠷᠠᠭᠤᠯᠬᠤ ᠶᠢ ᠵᠣᠷᠢᠭᠵᠢᠭᠤᠯᠤᠨ᠂ ᠵᠠᠰᠠᠨ ᠰᠡᠷᠭᠦᠭᠡᠬᠦ ᠨᠥᠬᠦᠴᠡᠯ ᠳᠤ ᠨᠡᠶᠢᠴᠡᠬᠦ | ᠢᠲᠡᠭᠡᠯ ᠠᠯᠳᠠᠭᠰᠠᠨ ᠭᠤᠣᠯ ᠴᠣᠭᠴᠠ ᠶᠢ ᠢᠲᠡᠭᠡᠯ ᠠᠯᠳᠠᠭᠰᠠᠨ ᠨᠡᠷᠡᠰ ᠠᠴᠠ ᠴᠠᠭ ᠲᠤᠬᠠᠢ ᠳᠤᠨᠢ ᠰᠢᠯᠵᠢᠭᠦᠯᠦᠨ | ᠭᠠᠷᠭᠠᠨ᠎ᠠ᠃ ︵ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 29᠂ ︽ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠬᠡᠢ ᠮᠡᠳᠡᠭᠡ︾ ᠲᠠᠪᠴᠠᠩ ᠢ ᠰᠠᠶᠢᠲᠤᠷ ᠬᠡᠷᠡᠭᠯᠡᠨ᠂ | ᠲᠠᠪᠴᠠᠩ ᠤᠨ ᠲᠤᠬᠠᠶᠢᠯᠠᠭᠰᠠᠨ ᠠᠵᠢᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠲᠠᠪᠴᠠᠩ ᠤᠨ | ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠠᠵᠤ ᠠᠬᠤᠶᠢᠯᠠᠯ ᠳᠤ ᠬᠦᠰᠡᠯ ᠱᠠᠭᠠᠷᠳᠠᠯᠭ᠎ᠠ ᠶᠢ ᠭᠥᠯᠢᠶᠡᠨ | ᠠᠪᠴᠤ ᠰᠢᠢᠳᠪᠦᠷᠢᠯᠡᠬᠦ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠴᠦ ᠮᠠᠳᠠᠭ ᠲᠠᠢ ᠠᠰᠠᠭᠤᠳᠠᠯ ᠢ ᠬᠠᠷᠢᠭᠤᠯᠬᠤ᠂ | ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠦᠢᠯᠡᠴᠢᠯᠡᠭᠡ ᠶᠢ ᠬᠠᠩᠭᠠᠬᠤ ᠶᠢᠨ ᠬᠠᠮᠲᠤ᠂ ᠡᠯ᠎ᠡ ᠰᠠᠯᠠᠭ᠎ᠠ | ᠮᠥᠴᠢᠷ ᠲᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ | ᠵᠠᠳᠠᠯᠤᠯᠲᠠ ᠶᠢᠨ ᠦᠢᠯᠡᠴᠢᠯᠡᠭᠡ ᠶᠢ ᠬᠠᠩᠭᠠᠨ᠎ᠠ᠃ ︵ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ︶ | 30᠂ ᠰᠦᠯᠵᠢᠶᠡᠨ ᠥᠷᠲᠡᠭᠡ᠂ ᠡᠯᠧᠺᠲᠷᠣᠨ ᠰᠢᠤᠳᠠᠨ ᠤ ᠬᠠᠶᠢᠷᠴᠠᠭ᠂ ᠸᠢᠴᠠᠲ ᠤᠨ ᠦᠢᠯᠡᠴᠢᠯᠡᠭᠡᠨ ᠤ ᠵᠢᠵᠢᠭ | ᠫᠷᠣᠭ᠍ᠷᠠᠮ ᠢ ᠨᠡᠶᠢᠲᠡᠯᠡᠵᠦ᠂ ᠠᠵᠤ ᠠᠬᠤᠶᠢᠯᠠᠯ ᠤᠨ ᠦᠢᠯᠡᠴᠢᠯᠡᠭᠡᠨ ᠤ ᠸᠢᠴᠠᠲ ᠤᠨ ᠪᠦᠯᠦᠭᠯᠡᠯ ᠢ ᠪᠠᠶᠢᠭᠤᠯᠤᠨ᠂ ︽ | ᠳᠥᠷᠪᠡᠨ ᠨᠢᠭᠡ︾ ︵ᠨᠢᠭᠡ ᠰᠦᠯᠵᠢᠶᠡᠨ ᠥᠷᠲᠡᠭᠡ᠂ ᠨᠢᠭᠡ ᠰᠢᠤᠳᠠᠨ ᠤ ᠬᠠᠶᠢᠷᠴᠠᠭ᠂ ᠨᠢᠭᠡ ᠸᠢᠴᠠᠲ ᠤᠨ ᠪᠦᠯᠦᠭ | ᠂ ᠨᠢᠭᠡ ᠵᠢᠵᠢᠭ ᠫᠷᠣᠭ᠍ᠷᠠᠮ︶ ᠶᠢᠨ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠦᠢᠯᠡᠴᠢᠯᠡᠭᠡᠨ ᠤ ᠲᠠᠪᠴᠠᠩ ᠢ | ᠪᠠᠶᠢᠭᠤᠯᠵᠤ᠂ ᠠᠵᠤ ᠠᠬᠤᠶᠢᠯᠠᠯ ᠤᠨ ᠲᠤᠰᠬᠠᠭᠰᠠᠨ ᠵᠦᠢ ᠵᠣᠬᠢᠰᠲᠠᠢ ᠬᠦᠰᠡᠯ ᠱᠠᠭᠠᠷᠳᠠᠯᠭ᠎ᠠ ᠪᠦᠬᠦᠨ ᠢ ᠡᠯ᠎ᠡ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠵᠦ᠂ ᠲᠦᠷᠭᠡᠨ | ᠭᠦᠢᠴᠡᠳᠬᠡᠨ᠂ ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠨ᠎ᠡ᠃ ︵ᠲᠤᠭᠤᠷᠢᠭ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ︶ | ᠳᠥᠷᠪᠡ᠂ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ | 31᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠴᠢᠩᠭ᠎ᠠ ᠨᠠᠶᠢᠳᠠᠪᠤᠷᠢᠵᠢᠭᠤᠯᠵᠤ | ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠬᠥᠩᠭᠡᠨ ᠦᠶᠯᠡ | ᠠᠵᠢᠯᠯᠠᠭ᠎ᠠ ᠶᠢ ᠲᠣᠷᠭᠠᠬᠤ ᠠᠴᠠ ᠬᠡᠯᠲᠦᠷᠢᠭᠦᠯᠦᠨ᠎ᠡ᠃ ᠵᠠᠰᠠᠭ ᠵᠠᠬᠢᠷᠭᠠᠨ ᠤ ᠰᠢᠳᠬᠡᠯ ᠥᠭᠬᠦ ᠦᠭᠡᠢ ᠪᠠᠶᠢᠪᠠᠯ᠂ | ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠬᠤ ᠠᠴᠠ ᠭᠠᠳᠠᠨ᠎ᠠ᠂ ᠰᠢᠭᠦᠮᠵᠢᠯᠡᠨ ᠰᠤᠷᠭᠠᠬᠤ᠂ ᠪᠣᠯᠵᠣᠨ ᠶᠠᠷᠢᠯᠴᠠᠬᠤ ᠶᠢ | ᠵᠢᠯᠤᠭᠤᠳᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠵᠡᠩᠨᠡᠭᠴᠢᠳ ᠤᠨ ᠬᠠᠤᠯᠢ ᠶᠣᠰᠣᠭᠠᠷ ᠲᠣᠭᠲᠠᠭᠠᠯ ᠳᠤ | ᠨᠡᠶᠢᠴᠡᠭᠦᠯᠦᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢ ᠠᠬᠢᠭᠤᠯᠵᠤ᠂ ︽ᠬᠠᠯᠠᠭᠤᠨ ᠰᠡᠳᠬᠢᠯ ᠲᠠᠢ ᠪᠠᠷ | ᠬᠠᠤᠯᠢ ᠬᠡᠷᠡᠭᠵᠢᠭᠦᠯᠬᠦ︾ ᠶᠢ ᠬᠡᠷᠡᠭᠵᠢᠭᠦᠯᠬᠦ ᠬᠡᠷᠡᠭᠲᠡᠢ᠃ ︵ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ︶ | 32᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠶᠢᠨ ᠬᠢᠨᠠᠯᠲᠠ ᠬᠠᠮᠢᠶᠠᠷᠤᠯᠲᠠ ᠶᠢ | ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ | ᠲᠦᠪᠰᠢᠨ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ᠂ ᠰᠦᠷᠳᠡᠭᠦᠯᠦᠯ ᠢ ᠡᠰᠡᠷᠭᠦᠴᠡᠬᠦ᠂ ᠨᠢᠭᠤᠴᠠ ᠶᠢ | ᠬᠠᠮᠠᠭᠠᠯᠠᠬᠤ ᠠᠵᠢᠯ ᠲᠥᠷᠥᠯ ᠵᠡᠷᠭᠡ ᠣᠨᠴᠣᠭᠤᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ | ᠰᠢᠭᠤᠳ ᠬᠤᠯᠪᠣᠭᠳᠠᠬᠤ ᠶᠢ ᠭᠠᠷᠭᠠᠪᠠᠯ᠂ ᠡᠯ᠎ᠡ ᠰᠠᠯᠠᠭ᠎ᠠ ᠮᠥᠴᠢᠷ ᠤᠨ ᠥᠷᠨᠢᠭᠦᠯᠦᠭᠰᠡᠨ ᠵᠠᠰᠠᠭ ᠵᠠᠬᠢᠷᠭᠠᠨ ᠤ | ᠪᠠᠶᠢᠴᠠᠭᠠᠯᠲᠠ ᠶᠢ ᠴᠥᠮ ︽ᠬᠤᠶᠠᠷ ᠢ ᠲᠣᠬᠢᠶᠠᠯᠳᠤᠯ ᠢᠶᠠᠷ ᠬᠢᠬᠦ︾ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ | ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠰᠤᠭᠤᠴᠢᠨ ᠪᠠᠶᠢᠴᠠᠭᠠᠬᠤ ᠵᠦᠢᠯᠡᠰ᠂ | ᠰᠤᠭᠤᠴᠢᠨ ᠪᠠᠶᠢᠴᠠᠭᠠᠬᠤ ᠲᠥᠯᠥᠪᠯᠡᠭᠡ᠂ ᠪᠠᠶᠢᠴᠠᠭᠠᠭᠰᠠᠨ ᠦᠷ᠎ᠡ ᠳ᠋ᠦᠩ ᠢᠶᠠᠨ ᠴᠠᠭ ᠲᠤᠬᠠᠢ ᠳᠤᠨᠢ᠂ | ᠣᠨᠣᠪᠴᠢᠲᠠᠶ ᠪᠠᠷ ᠨᠡᠶᠢᠭᠡᠮ ᠳᠤ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠬᠦ ᠬᠡᠷᠡᠭᠲᠡᠢ᠃ ︵ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 33᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠪᠠ ︽ᠬᠤᠶᠠᠷ ᠢ ᠲᠣᠬᠢᠶᠠᠯᠳᠤᠯ ᠢᠶᠠᠷ | ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠣᠷᠭᠠᠨᠢᠭ ᠢᠶᠠᠷ ᠤᠶᠠᠯᠳᠤᠭᠤᠯᠵᠤ᠂ ᠠᠳᠠᠯᠢ ᠪᠤᠰᠤ | ᠢᠲᠡᠭᠡᠮᠵᠢ ᠶᠢᠨ ᠲᠦᠭᠰᠢᠭᠦᠷᠢ ᠶᠢᠨ ᠪᠠᠶᠢᠳᠠᠯ ᠲᠠᠢ ᠠᠵᠤ ᠠᠬᠤᠶᠢᠯᠠᠯ ᠳᠤ ᠴᠢᠭᠯᠡᠭᠦᠯᠦᠨ᠂ ᠲᠥᠷᠥᠯ ᠬᠤᠪᠢᠶᠠᠨ ᠬᠢᠨᠠᠨ | ᠬᠠᠮᠢᠶᠠᠷᠬᠤ ᠶᠢ ᠬᠡᠷᠡᠭᠵᠢᠭᠦᠯᠵᠦ᠂ ᠰᠤᠭᠤᠴᠢᠨ ᠪᠠᠶᠢᠴᠠᠭᠠᠬᠤ ᠬᠠᠷᠢᠴᠠᠯ ᠪᠠ ᠳᠠᠪᠲᠠᠮᠵᠢ ᠤᠳᠠᠭ᠎ᠠ ᠶᠢ ᠵᠦᠢ ᠵᠣᠬᠢᠰᠲᠠᠢ | ᠲᠣᠭᠲᠠᠭᠠᠨ᠂ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ︵ᠲᠤᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 34᠂ ᠡᠯ᠎ᠡ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠰᠢᠮᠳᠠᠭᠤᠯᠬᠤ ᠪᠠ ᠵᠢᠯᠤᠭᠤᠳᠴᠤ | ᠪᠠᠶᠢᠭᠠᠳ ᠬᠢᠨᠠᠨ ᠬᠠᠮᠢᠶᠠᠷᠬᠤ ᠵᠦᠢᠯᠡᠰ ᠤᠨ ᠭᠠᠷᠴᠠᠭ ᠢ ᠬᠥᠳᠡᠯᠦᠩᠭᠦᠢ ᠪᠠᠷ ᠲᠣᠬᠢᠷᠠᠭᠤᠯᠬᠤ᠂ ᠬᠠᠤᠯᠢ ᠬᠡᠷᠡᠭᠵᠢᠭᠦᠯᠬᠦ | ᠠᠵᠢᠯᠲᠠᠨ ᠤ ᠲᠠᠩᠰᠠᠨ ᠡᠷᠦᠬᠡ ᠶᠢ ᠲᠣᠬᠢᠷᠠᠭᠤᠯᠬᠤ᠂ ᠬᠢᠨᠠᠨ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠪᠢᠴᠢᠵᠦ | ᠣᠷᠣᠭᠤᠯᠤᠨ ᠴᠤᠭᠯᠠᠭᠤᠯᠬᠤ ᠪᠠ ᠤᠯᠤᠰ ᠤᠨ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ︾ ᠶᠢᠨ | ᠰᠢᠰᠲ᠋ᠧᠮ ᠤᠨ ᠬᠦᠷᠭᠡᠬᠦ ᠲᠦᠭᠰᠢᠭᠦᠷᠢ ᠶᠢ ᠬᠠᠷᠭᠤᠭᠤᠯᠤᠨ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠢᠵᠦ᠂ | ᠰᠢᠰᠲ᠋ᠧᠮ ᠤᠨ ᠬᠡᠷᠡᠭᠯᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠢᠨᠠᠨ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ | ᠴᠤᠭᠯᠠᠭᠤᠯᠤᠨ ᠴᠤᠭᠯᠠᠭᠤᠯᠬᠤ ᠪᠠ ᠬᠤᠯᠪᠣᠭᠳᠠᠭᠤᠯᠤᠨ ᠵᠠᠳᠠᠯᠬᠤ ᠶᠢ ᠠᠰᠢᠭᠯᠠᠨ᠂ ᠬᠢᠨᠠᠨ ᠬᠠᠮᠢᠶᠠᠷᠤᠯᠲᠠ ᠶᠢᠨ | ᠨᠠᠷᠢᠯᠢᠭ ᠣᠨᠣᠴᠠᠵᠢᠭᠤᠯᠬᠤ ᠪᠠ ᠣᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠲᠤᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ | 35᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠢᠨᠠᠨ | ᠬᠠᠮᠢᠶᠠᠷᠬᠤ ᠶᠢ ᠬᠡᠷᠡᠭᠵᠢᠭᠦᠯᠵᠦ᠂ ᠠᠷᠠᠯᠵᠢᠶᠠᠯᠠᠬᠤ ᠠᠵᠢᠯᠯᠠᠭ᠎ᠠ ᠶᠢᠨ ᠴᠠᠭ ᠲᠤᠬᠠᠢ ᠳᠤᠨᠢ ᠬᠥᠳᠡᠯᠦᠩᠭᠦᠢ ᠪᠠᠷ ᠬᠢᠨᠠᠯᠲᠠ | ᠲᠠᠯᠪᠢᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ | ᠳᠠᠭᠠᠭᠠᠴᠢᠯᠠᠯᠲᠠ ᠶᠢ ᠬᠦᠷᠢᠶᠡᠯᠡᠨ ᠳᠠᠭᠠᠭᠠᠴᠢᠯᠠᠯᠲᠠ ᠲᠠᠢ ᠰᠥᠯᠪᠡᠭᠡᠯᠳᠦᠬᠦ᠂ ᠢᠯᠡ ᠪᠠᠷ ᠵᠠᠷᠯᠠᠨ ᠳᠠᠯᠳᠠᠭᠤᠷ | ᠲᠣᠭᠲᠠᠭᠠᠬᠤ᠂ ᠳᠠᠭᠠᠭᠠᠴᠢᠯᠠᠯᠲᠠ ᠶᠢ ᠦᠨᠡᠯᠡᠬᠦ ᠳᠤ ᠭᠤᠥᠯᠴᠢ ᠪᠤᠰᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ | ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ︶ | ᠲᠠᠪᠤ᠂ ᠲᠣᠪᠣᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ | 36᠂ ︽ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠳᠤ ᠬᠦᠴᠢᠷ︾ ᠤᠨ ᠠᠰᠠᠭᠤᠳᠠᠯ ᠢ ᠰᠢᠢᠳᠪᠦᠷᠢᠯᠡᠨ᠎ᠡ᠃ ᠨᠢᠭᠡ ︽ | ᠰᠦᠯᠵᠢᠶ᠎ᠡ︾ ᠳᠤ ᠲᠦᠰᠢᠭᠯᠡᠨ᠂ ᠡᠬᠢ ᠪᠠᠶᠠᠯᠢᠭ ᠢ ᠨᠢᠭᠡᠳᠦᠯᠲᠡᠢ ᠲᠣᠬᠢᠷᠠᠭᠤᠯᠵᠤ ᠪᠣᠯᠬᠤ᠂ ᠰᠢᠰᠲ᠋ᠧᠮ ᠢ | ᠵᠣᠯᠭᠠᠭᠤᠯᠵᠤ ᠪᠣᠯᠬᠤ᠂ ᠲᠤᠭ᠎ᠠ ᠪᠠᠷᠢᠮᠲᠠ ᠶᠢ ᠰᠣᠯᠢᠯᠴᠠᠵᠤ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃ | ᠡᠯᠧᠺᠲᠷᠣᠨ ᠮᠠᠲ᠋ᠧᠷᠢᠶᠠᠯ ᠢ ᠰᠠᠯᠠᠭ᠎ᠠ ᠮᠥᠴᠢᠷ ᠠᠯᠤᠰᠯᠠᠨ ᠬᠠᠷᠢᠯᠴᠠᠨ ᠢᠲᠡᠭᠡᠯᠴᠡᠵᠦ ᠬᠠᠷᠢᠯᠴᠠᠨ ᠮᠡᠳᠡᠷᠡᠬᠦ ᠶᠢ | ᠠᠬᠢᠭᠤᠯᠵᠤ᠂ ᠳ᠋ᠠᠶᠢᠲ᠋ᠠ ᠶᠢ ᠬᠠᠮᠲᠤᠪᠠᠷ ᠡᠳ᠋ᠯᠡᠬᠦ ᠪᠠᠷ ᠳᠡᠮᠵᠢᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠪᠠ | ᠮᠠᠲ᠋ᠧᠷᠢᠶᠠᠯ ᠢ ᠳᠠᠬᠢᠨ ᠬᠡᠷᠡᠭᠯᠡᠬᠦ ᠶᠢ ᠪᠡᠶᠡᠯᠡᠭᠦᠯᠵᠦ ᠪᠣᠯᠬᠤ ᠪᠦᠬᠦᠨ ᠳᠤ᠂ ᠠᠵᠤ ᠠᠬᠤᠶᠢᠯᠠᠯ ᠤᠨ ᠣᠯᠠᠨ ᠲᠦᠮᠡᠨ ᠢ | ᠳᠠᠪᠬᠤᠷᠳᠠᠭᠤᠯᠤᠨ ᠬᠠᠩᠭᠠᠬᠤ ᠶᠢ ᠱᠠᠭᠠᠷᠳᠠᠵᠤ ᠪᠣᠯᠬᠤ ᠦᠭᠡᠢ᠂ ᠳ᠋ᠠᠶᠢᠲ᠋ᠠ ᠶᠢ ᠢᠯᠡᠭᠦᠬᠡᠨ ᠭᠦᠶᠦᠯᠭᠡᠵᠦ᠂ ᠣᠯᠠᠨ | ᠲᠦᠮᠡᠨ ᠢ ᠳᠤᠲᠠᠭᠤ ᠭᠦᠶᠦᠯᠭᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ︵ᠲᠤᠭᠤᠷᠢᠭ ᠤᠨᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︶ | 37᠂ ︽ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠢᠷ︾ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ︽ | ᠬᠦᠴᠦᠨ ᠵᠦᠢᠯ ᠨᠢ ᠲᠥᠷᠥᠯ ᠵᠦᠢᠯ ᠢ ᠳᠠᠭᠠᠵᠤ ᠶᠠᠪᠤᠬᠤ︾ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠮᠡᠳᠡᠭᠦᠯᠦᠨ ᠵᠥᠪᠰᠢᠶᠡᠷᠡᠭᠦᠯᠬᠦ ᠴᠤᠪᠤᠷᠠᠯ ᠢ ᠵᠢᠷᠤᠮᠵᠢᠭᠤᠯᠤᠨ᠂ ᠮᠡᠳᠡᠭᠦᠯᠦᠨ ᠵᠥᠪᠰᠢᠶᠡᠷᠡᠭᠦᠯᠬᠦ | ᠭᠤᠭᠴᠤᠭ᠎ᠠ ᠶᠢ ᠳᠥᠭᠦᠮᠴᠢᠯᠡᠨ᠎ᠡ᠃ ᠣᠷᠣᠨ ᠪᠦᠰᠡ ᠶᠢᠨ ᠦᠨᠡᠯᠡᠨ ᠵᠢᠱᠢᠯᠲᠡ ︵ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠠᠷᠢᠮᠵᠢᠶ᠎ᠠ ᠶᠢᠨ ᠭᠦᠢᠴᠡᠳᠬᠡᠯ ᠲᠤᠭ᠎ᠠ ᠪᠠᠭᠲᠠᠨ᠎ᠠ︶᠂ ᠣᠷᠣᠨ ᠪᠦᠰᠡ ᠶᠢᠨ ᠳᠣᠲᠣᠷᠠᠬᠢ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠠᠮᠲᠤᠪᠠᠷ ᠭᠥᠷᠳᠡᠬᠦ ᠣᠷᠣᠨ ᠪᠦᠰᠡ ᠶᠢᠨ | ᠦᠨᠡᠯᠡᠨ ᠵᠢᠱᠢᠵᠦ ᠬᠢᠨᠠᠨ ᠲᠣᠭᠲᠠᠭᠠᠭᠰᠠᠨ ᠦᠷ᠎ᠡ ᠳ᠋ᠦᠩ ᠢ ᠥᠷᠨᠢᠭᠦᠯᠦᠨ᠎ᠡ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠲᠥᠷᠥᠯ ᠵᠦᠢᠯ ᠢ ᠵᠣᠯᠭᠠᠭᠤᠯᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠦᠨᠡᠯᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠠᠵᠢᠯ ᠢ ᠬᠦᠴᠦᠲᠡᠢ | ᠠᠬᠢᠭᠤᠯᠤᠨ᠎ᠠ᠃ ︵ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠶᠢᠨ | ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ︶ | 38᠂ ︽ᠠᠵᠢᠯᠴᠢᠨ ᠡᠯᠰᠡᠵᠦ ᠠᠵᠢᠯᠴᠢᠨ ᠬᠡᠷᠡᠭᠯᠡᠬᠦ ᠳᠤ ᠬᠦᠴᠢᠷᠲᠡᠢ︾ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ | ᠯᠠᠨᠵᠧᠦ ᠶᠢᠨ ᠡᠬᠢ ᠪᠠᠶᠠᠯᠢᠭ ᠣᠷᠴᠢᠨ ᠲᠣᠭᠤᠷᠢᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠱᠠᠨᠰᠢ | ᠮᠤᠵᠢ ᠶᠢᠨ ᠶᠠᠩ ᠯᠢᠩ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠱᠠᠨᠰᠢ ᠮᠤᠵᠢ ᠶᠢᠨ ᠰᠢᠶᠠᠨ ᠶᠠᠩ ᠤᠨ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠬᠦᠷᠢᠶᠡᠯᠡᠩ | ᠲᠣᠭᠤᠷᠢᠭ ᠲᠤ ᠠᠵᠤ ᠦᠢᠯᠡᠰ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠦᠷᠭᠦᠯᠵᠢᠯᠡᠨ ᠣᠷᠣᠭᠤᠯᠤᠨ | ᠠᠪᠴᠢᠷᠠᠨ᠎ᠠ᠃ ᠡᠭᠦᠨ ᠤ ᠵᠡᠷᠭᠡ ᠳᠤ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠰᠢᠨ᠎ᠡ ᠱᠤᠭᠤᠮ ᠢ ᠤᠯᠠᠮ | ᠨᠢᠭᠡ ᠠᠯᠬᠤᠮ ᠥᠷᠭᠡᠳᠬᠡᠵᠦ᠂ ᠯᠠᠨᠵᠧᠦ ᠶᠢᠨ ᠡᠬᠢ ᠪᠠᠶᠠᠯᠢᠭ ᠣᠷᠴᠢᠨ ᠠᠬᠤᠢ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢ ᠮᠤᠵᠢ ᠶᠢᠨ ᠭᠠᠳᠠᠨᠠᠬᠢ ︽ᠵᠠᠰᠠᠭ ᠰᠤᠷᠭᠠᠭᠤᠯᠢ ᠠᠵᠤ ᠠᠬᠤᠶᠢᠯᠠᠯ︾ ᠤᠨ ᠬᠠᠮᠲᠤᠷᠠᠯᠴᠠᠭᠠᠨ ᠤ | ᠳᠡᠭᠡᠳᠦ ᠰᠤᠷᠭᠠᠭᠤᠯᠢ ᠪᠣᠯᠭᠠᠨ ᠲᠣᠭᠲᠠᠭᠠᠵᠤ᠂ ᠰᠢᠷᠢᠰ ᠠᠵᠢᠯᠯᠠᠭ᠎ᠠ ᠥᠷᠨᠢᠭᠦᠯᠬᠦ ᠶᠢᠨ ᠬᠠᠮᠲᠤ ᠭᠡᠷ᠎ᠡ | ᠲᠣᠭᠲᠠᠬᠤ ᠪᠠᠷ ᠲᠥᠯᠥᠪᠯᠡᠵᠦ ᠪᠠᠶᠢᠨ᠎ᠠ᠃ ︵ᠲᠤᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠬᠢᠭᠡᠳ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | 39᠂ ︽ᠬᠢᠨᠠᠨ ᠬᠠᠮᠢᠶᠠᠷᠴᠤ ᠡᠮᠬᠢᠯᠡᠨ ᠨᠡᠶᠢᠯᠡᠭᠦᠯᠬᠦ ᠳᠤ ᠬᠦᠴᠢᠷ︾ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ︽ | ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠠᠬᠢᠭᠤᠯᠵᠤ᠂ | ᠣᠯᠠᠨ ᠰᠠᠯᠠᠭ᠎ᠠ ᠮᠥᠴᠢᠷ ᠤᠨ ᠠᠳᠠᠯᠢ ᠨᠢᠭᠡᠨ ᠭᠤᠣᠯ ᠴᠣᠭᠴᠠ ᠶᠢ ᠰᠤᠭᠤᠴᠢᠨ ᠪᠠᠶᠢᠴᠠᠭᠠᠬᠤ ᠵᠦᠢᠯᠡᠰ ᠢ | ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ︽ᠨᠢᠭᠡ ᠤᠳᠠᠭ᠎ᠠ ᠳᠤ ᠣᠷᠣᠵᠤ᠂ ᠣᠯᠠᠨ ᠵᠦᠢᠯ ᠤᠨ ᠤᠴᠢᠷ | ᠶᠠᠪᠤᠳᠠᠯ ᠢ ᠪᠠᠶᠢᠴᠠᠭᠠᠬᠤ︾ ᠶᠢ ᠪᠡᠶᠡᠯᠡᠭᠦᠯᠦᠨ᠎ᠡ᠃ ︽ᠢᠲᠡᠭᠡᠮᠵᠢ ᠶᠢᠨ ᠬᠢᠨᠠᠯᠲᠠ ᠬᠠᠮᠢᠶᠠᠷᠤᠯᠲᠠ︾ ᠶᠢ | ᠴᠢᠩᠭᠠᠷᠠᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠢ ᠦᠨᠳᠦᠰᠦᠯᠡᠨ᠂ ᠬᠢᠨᠠᠨ ᠬᠠᠮᠢᠶᠠᠷᠬᠤ ᠠᠷᠭ᠎ᠠ | ᠮᠠᠶ᠋ᠢᠭ᠂ ᠰᠤᠭᠤᠴᠢᠨ ᠪᠠᠶᠢᠴᠠᠭᠠᠬᠤ ᠬᠠᠷᠢᠴᠠᠯ ᠪᠠ ᠳᠠᠪᠲᠠᠮᠵᠢ ᠤᠳᠠᠭ᠎ᠠ ᠵᠡᠷᠭᠡ ᠲᠠᠯ᠎ᠠ ᠪᠠᠷ ᠵᠦᠷᠢᠶᠡᠴᠢᠯᠡᠭᠰᠡᠨ ᠠᠷᠭ᠎ᠠ | ᠬᠡᠮᠵᠢᠶ᠎ᠡ ᠠᠪᠴᠤ᠂ ᠰᠤᠭᠤᠴᠢᠨ ᠪᠠᠶᠢᠴᠠᠭᠠᠵᠤ ᠪᠠᠶᠢᠴᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠨ ᠬᠡᠷᠡᠭᠯᠡᠬᠦ ᠶᠢ | ᠴᠢᠩᠭᠠᠷᠠᠭᠤᠯᠤᠨ᠂ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ | ᠶᠣᠰᠣᠭᠠᠷ ᠥᠷᠨᠢᠭᠦᠯᠦᠨ᠎ᠡ᠃ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠮᠡᠷᠭᠡᠵᠢᠯ ᠤᠨ ᠠᠷᠭ᠎ᠠ ᠪᠠᠷᠢᠯ ᠢ | ᠭᠦᠢᠴᠡᠳ ᠬᠡᠷᠡᠭᠯᠡᠨ᠂ ᠤᠯᠤᠰ ᠤᠨ ᠰᠦᠯᠵᠢᠶᠡᠨ ᠳᠡᠭᠡᠷᠡᠬᠢ ᠬᠢᠨᠠᠨ ᠬᠠᠮᠢᠶᠠᠷᠤᠯᠲᠠ ᠶᠢᠨ ᠰᠢᠰᠲ᠋ᠧᠮ ᠲᠠᠢ | ᠵᠣᠯᠭᠠᠭᠤᠯᠤᠨ ᠠᠵᠢᠯᠯᠠᠭᠤᠯᠬᠤ ᠶᠢ ᠲᠦᠷᠭᠡᠳᠬᠡᠵᠦ᠂ ᠲᠤᠬᠠᠢ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠤᠯᠲᠠ ᠶᠢ | ᠪᠡᠶᠡᠯᠡᠭᠦᠯᠵᠦ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠳᠤ ᠦᠵᠡᠭᠦᠯᠬᠦ ᠬᠠᠷᠰᠢᠯᠠᠯ ᠢ | ᠪᠠᠭᠠᠰᠬᠠᠨ᠎ᠠ᠃ ︵ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | 40᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠤᠳᠠ ᠲᠣᠭᠤᠷᠢᠭ ᠤᠨ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠠᠵᠢᠯ ᠤᠨ ᠤᠳᠤᠷᠢᠳᠬᠤ ᠳᠤᠭᠤᠶᠢᠯᠠᠩ ᠢ ᠲᠣᠬᠢᠷᠠᠭᠤᠯᠤᠨ | ᠲᠡᠭᠦᠯᠳᠡᠷᠵᠢᠭᠦᠯᠵᠦ᠂ ᠪᠥᠬᠦ ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠎ᠠ᠃ | ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠵᠣᠬᠢᠬᠤ ᠵᠣᠬᠢᠶᠠᠨ ᠪᠠᠶᠢᠭᠤᠯᠤᠯᠲᠠ ᠪᠠᠶᠢᠭᠤᠯᠵᠤ᠂ ᠠᠵᠢᠯᠲᠠᠨ ᠤ | ᠲᠣᠬᠢᠷᠠᠭᠤᠯᠤᠯᠲᠠ ᠶᠢ ᠴᠢᠩᠭᠠᠳᠬᠠᠨ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠲᠣᠭᠲᠠᠭᠠᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ | 41᠂ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ | ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠳᠦᠷᠢᠮ ᠢ ᠬᠡᠷᠡᠭᠵᠢᠭᠦᠯᠦᠨ᠎ᠡ᠃ ᠡᠯ᠎ᠡ ᠲᠦᠷᠦᠭᠦᠯᠡᠨ ᠬᠢᠬᠦ | ᠨᠢᠭᠡᠴᠡ ᠨᠦᠭᠦᠳ ᠠᠵᠢᠯ ᠤᠨ ᠲᠤᠰᠬᠠᠢ ᠠᠩᠭᠢ ᠪᠠᠶᠢᠭᠤᠯᠵᠤ᠂ ᠲᠥᠰᠥᠯ ᠳᠤ ᠲᠣᠭᠲᠠᠭᠠᠭᠰᠠᠨ ᠡᠭᠦᠷᠭᠡ ᠶᠢ ᠵᠦᠢᠯ | ᠳᠠᠷᠠᠭᠠᠯᠠᠨ ᠨᠠᠷᠢᠯᠢᠭᠵᠢᠭᠤᠯᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠬᠤ ᠬᠡᠷᠡᠭᠲᠡᠢ | ︔ ᠬᠠᠷᠢᠭᠤᠴᠠᠯᠭᠠᠲᠤ ᠨᠢᠭᠡᠴᠡ ᠨᠦᠭᠦᠳ ᠢᠳᠡᠪᠬᠢᠲᠡᠢ ᠪᠠᠷ ᠬᠠᠮᠵᠢᠯᠴᠠᠨ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠲᠤᠰᠢᠶᠠᠭᠰᠠᠨ ᠡᠯ᠎ᠡ ᠵᠦᠢᠯ ᠤᠨ ᠡᠭᠦᠷᠭᠡ ᠪᠠᠨ ᠬᠢᠨᠠᠮᠠᠭᠠᠢ ᠪᠡᠶᠡᠯᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ | ᠨᠢᠭᠡᠴᠡ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠬᠠᠤᠯᠢ ᠪᠠᠷ ᠵᠠᠰᠠᠬᠤ ᠪᠣᠷᠣ ᠲᠥᠯᠥᠪ ᠤᠨ ᠳᠣᠲᠣᠷ᠎ᠠ | ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠩᠬᠠᠨ ᠤ ᠡᠭᠦᠳᠦᠯᠲᠡ ᠶᠢᠨ ᠴᠢᠨᠠᠷᠲᠠᠢ᠂ | ᠵᠦᠷᠢᠶᠡᠴᠢᠯᠡᠭᠰᠡᠨ ᠪᠣᠳᠠᠲᠠᠢ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ | ᠳᠡᠮᠵᠢᠨ᠎ᠡ᠃ | 42᠂ ᠬᠢᠨᠠᠨ ᠰᠢᠯᠭᠠᠵᠤ ᠱᠠᠩᠨᠠᠵᠤ ᠲᠣᠷᠭᠠᠬᠤ ᠶᠢ ᠴᠢᠩᠳᠠᠯᠠᠨ᠎ᠠ᠃ ᠲᠤᠭᠤᠷᠢᠭ ᠵᠢᠨᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠨᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠠᠢ ᠬᠠᠮᠲᠤᠷᠠᠨ | ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠠᠵᠢᠯ ᠤᠨ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ | ᠡᠷᠴᠢᠮ ᠢ ᠴᠢᠩᠭᠠᠷᠠᠭᠤᠯᠵᠤ᠂ ᠵᠠᠰᠠᠭ ᠤᠨ ᠣᠷᠳᠣᠨ ᠤ ᠬᠠᠷᠠᠯᠲᠠᠲᠤ ᠬᠠᠮᠢᠶᠠᠷᠤᠯᠲᠠ ᠶᠢᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠳᠤᠮᠳᠠᠬᠢ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠠᠵᠢᠯ ᠤᠨ ᠡᠵᠡᠯᠡᠬᠦᠨ ᠢ | ᠳᠡᠭᠡᠭᠰᠢᠯᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠱᠠᠩᠨᠠᠵᠤ | ᠲᠣᠷᠭᠠᠬᠤ ᠲᠣᠭᠲᠠᠴᠠ ᠶᠢ ᠪᠠᠶᠢᠭᠤᠯᠤᠨ ᠰᠢᠯᠢᠳᠡᠭᠵᠢᠭᠦᠯᠵᠦ᠂ ᠦᠨᠡᠨᠬᠦ ᠠᠳᠬᠤᠵᠤ ᠪᠣᠳᠠᠲᠠᠢ ᠪᠠᠷ ᠠᠵᠢᠯᠯᠠᠨ᠂ | ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠨᠢᠭᠡᠴᠡ ᠪᠠ ᠬᠤᠪᠢ ᠬᠥᠮᠥᠨ ᠢ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠥᠬᠢᠭᠦᠯᠦᠨ ᠰᠠᠶᠢᠰᠢᠶᠠᠬᠤ ᠪᠤᠶᠤ ᠱᠠᠩᠨᠠᠨ᠎ᠠ︔ ᠠᠵᠢᠯ ᠬᠢᠬᠦ ᠦᠭᠡᠢ᠂ ᠲᠤᠰᠢᠶᠠᠯ ᠳᠠᠭᠠᠨ ᠣᠰᠣᠯᠳᠠᠵᠤ | ᠬᠠᠷᠢᠭᠤᠴᠠᠯᠭ᠎ᠠ ᠪᠠᠨ ᠠᠯᠳᠠᠭᠰᠠᠨ ᠵᠡᠷᠭᠡ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠤᠶᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ | ᠬᠤᠬᠢᠷᠠᠭᠤᠯᠤᠭᠰᠠᠨ ᠨᠢᠭᠡᠴᠡ ᠪᠠ ᠬᠤᠪᠢ ᠬᠥᠮᠥᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ | ᠨᠡᠬᠡᠮᠵᠢᠯᠡᠨ᠎ᠡ᠃ | 43᠂ ᠬᠢᠨᠠᠯᠲᠠ ᠲᠠᠯᠪᠢᠵᠤ ᠦᠷ᠎ᠡ ᠪᠦᠲᠦᠮᠵᠢ ᠠᠰᠠᠭᠤᠬᠤ ᠶᠢ ᠴᠢᠩᠭᠠᠷᠠᠭᠤᠯᠤᠨ᠎ᠠ᠃ ᠡᠵᠡᠩᠨᠡᠯᠲᠡ ᠶᠢᠨ ᠣᠷᠴᠢᠨ | ᠲᠣᠭᠤᠷᠢᠨ ᠤ ᠣᠶᠤᠨᠴᠢ ᠬᠢᠨᠠᠯᠲᠠ ᠶᠢᠨ ᠲᠠᠪᠴᠠᠩ ᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ︽ᠺᠣᠳ᠋ ᠳᠡᠭᠡᠷᠡᠬᠢ | ᠬᠢᠨᠠᠯᠲᠠ︾ ᠶᠢᠨ ᠬᠤᠶᠠᠷ ᠬᠡᠮᠵᠢᠯᠲᠦ ᠺᠣᠳ᠋ ᠢ ᠨᠡᠶᠢᠲᠡᠯᠡᠵᠦ᠂ ᠡᠵᠡᠩᠨᠡᠯᠲᠡ ᠶᠢᠨ ᠣᠷᠴᠢᠨ ᠲᠣᠭᠤᠷᠢᠨ ᠢ | ᠬᠤᠬᠢᠷᠠᠭᠤᠯᠤᠭᠰᠠᠨ ᠠᠰᠠᠭᠤᠳᠠᠯ ᠢ ︽ᠺᠣᠳ᠋ ᠳᠡᠭᠡᠷᠡᠬᠢ ᠢᠯᠡᠴᠢᠯᠡᠨ ᠮᠡᠳᠡᠭᠦᠯᠦᠯᠲᠡ︾ ᠶᠢ ᠬᠡᠷᠡᠭᠵᠢᠭᠦᠯᠵᠦ᠂ | ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠳᠤ ︽ᠳᠠᠷᠤᠶᠢᠬᠠᠨ ᠭᠦᠢᠴᠡᠳᠬᠡᠬᠦ︾ ᠪᠥᠭᠡᠳ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠠᠵᠢᠯ ᠤᠨ ᠰᠤᠷᠲᠠᠯ᠂ ᠠᠵᠢᠯ ᠤᠨ ᠦᠷ᠎ᠡ ᠪᠦᠲᠦᠮᠵᠢ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ | ᠵᠢᠯ ᠤᠨ ᠡᠴᠦᠰ ᠤᠨ ᠬᠢᠨᠠᠨ ᠰᠢᠯᠭᠠᠵᠤ ᠦᠨᠡᠯᠡᠬᠦ ᠭᠤᠣᠯᠳᠠᠯᠭ᠎ᠠ ᠪᠣᠯᠭᠠᠨ᠎ᠠ᠃ | ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ | ᠲᠤᠬᠠᠢ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ᠠᠵᠢᠯᠲᠠᠨ ᠤ ᠬᠤᠪᠢᠷᠠᠯᠲᠠ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠡᠳᠦᠭᠡ ᠤᠳᠠ ᠲᠣᠭᠤᠷᠢᠭ ᠤᠨ | ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠠᠵᠢᠯ ᠤᠨ ᠬᠤᠪᠢᠶᠠᠷᠢᠯᠠᠯ ᠢ ᠳᠣᠣᠷᠠᠬᠢ ᠮᠡᠲᠦ ᠲᠤᠬᠢᠷᠠᠭᠤᠯᠪᠠ | ᠄ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦ ᠬᠤ᠋ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠤᠳᠤᠷᠢᠳᠴᠤ᠂ ᠬᠢᠨᠠᠨ ᠪᠤᠳᠤᠬᠤ | ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠲᠢᠶᠠᠨ | ᠶᠦᠩ ᠰᠢᠶᠠᠩ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ | ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠠᠵᠤ ᠠᠬᠤᠢ ᠶᠢᠨ ᠪᠠᠶᠢᠭᠤᠯᠤᠯ ᠪᠣᠯᠣᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ᠂ ᠠᠷᠠᠳ ᠤᠨ ᠠᠭᠠᠷ ᠤᠨ ᠰᠡᠷᠭᠡᠶᠢᠯᠡᠯᠲᠡ᠂ ᠡᠳ᠋ ᠤᠨ | ᠵᠠᠰᠠᠭ ᠭᠠᠶᠢᠯᠢ ᠶᠢᠨ ᠶᠠᠪᠤᠳᠠᠯ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠤᠭ᠎ᠠ ᠪᠦᠷᠢᠳᠬᠡᠯ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠠᠵᠢᠯ ᠢ | ᠬᠠᠷᠢᠭᠤᠴᠠᠭᠤᠯᠤᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ︵ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠭᠡᠷ︶᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ | ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ︶᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠲᠤᠭᠤᠷᠢᠭ ᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ | ᠭᠡᠷ︶᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ | ᠬᠤᠳᠠᠯᠳᠤᠨ ᠠᠪᠬᠤ ᠲᠥᠪ᠂ ᠲᠤᠭᠤᠷᠢᠭ ᠤᠨ ᠮᠥᠩᠭᠦᠨ ᠭᠦᠢᠯᠭᠡᠭᠡᠨ ᠤ ᠠᠵᠢᠯ ᠤᠨ ᠦᠢᠯᠡᠴᠢᠯᠡᠭᠡᠨ ᠤ ᠲᠥᠪ ᠢ | ᠬᠤᠪᠢᠳᠠᠨ ᠬᠠᠮᠢᠶᠠᠷᠤᠨ᠎ᠠ᠃ ᠲᠤᠭᠤᠷᠢᠭ ᠤᠨ ᠳᠠᠷᠤᠭ᠎ᠠ ᠶᠢ ᠬᠠᠪᠰᠤᠷᠤᠨ ᠲᠣᠭᠤᠷᠢᠭ ᠤᠨ ᠬᠢᠨᠠᠨ ᠪᠤᠳᠤᠬᠤ | ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ᠂ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠤᠭᠤᠷᠢᠭ ᠤᠨ ᠨᠠᠮ ᠤᠨ | ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ᠂ ᠲᠤᠭᠤᠷᠢᠭ ᠤᠨ ᠨᠠᠮ ᠤᠨ ᠬᠤᠷᠢᠶᠠᠨ ᠤ | ᠨᠠᠮ ᠤᠨ ᠰᠤᠷᠭᠠᠭᠤᠯᠢ᠂ ᠲᠤᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠤᠳᠠ ᠲᠣᠭᠤᠷᠢᠭ ᠤᠨ ᠬᠤᠷᠢᠶ᠎ᠠ᠂ ᠲᠤᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠯ᠎ᠡ | ᠠᠷᠠᠳᠴᠢᠯᠠᠭᠰᠠᠨ ᠨᠠᠮ ᠪᠦᠯᠦᠭ᠂ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠭᠠᠯ | ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠡᠯ᠎ᠡ ᠮᠥᠩᠭᠦᠨ ᠭᠦᠢᠯᠭᠡᠭᠡ ᠪᠠ ᠳᠠᠭᠠᠳᠬᠠᠯ ᠤᠨ | ᠪᠠᠶᠢᠭᠤᠯᠤᠮᠵᠢ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠦ᠋ | ᠪᠢᠩ ᠶᠦᠨ ᠲᠣᠭᠤᠷᠢᠭ ᠤᠨ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠶᠢᠨ ᠠᠵᠤ ᠠᠬᠤᠢ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ᠂ ᠬᠤᠳᠠᠯᠳᠤᠭᠠᠴᠢᠨ ᠤᠷᠢᠬᠤ᠂ ᠬᠤᠳᠠᠯᠳᠤᠭᠠᠨ ᠤ ᠶᠠᠪᠤᠳᠠᠯ᠂ ᠰᠢᠨᠵᠢᠯᠡᠬᠦ | ᠤᠬᠠᠭᠠᠨ ᠮᠡᠷᠭᠡᠵᠢᠯ᠂ ᠴᠠᠬᠢᠯᠭᠠᠨ ᠬᠦᠴᠦᠨ᠂ ᠡᠨᠧᠷᠭᠢ᠂ ᠠᠮᠢ ᠠᠬᠤᠢ ᠶᠢᠨ ᠣᠷᠴᠢᠨ ᠲᠣᠭᠤᠷᠢᠨ᠂ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠵᠤ ᠦᠢᠯᠡᠳᠪᠦᠷᠢ | ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠨᠧᠷᠭᠢ ᠶᠢᠨ ᠲᠣᠪᠴᠢᠶ᠎ᠠ᠂ ᠤᠳᠠ ᠠᠵᠤ ᠦᠢᠯᠡᠳᠪᠦᠷᠢ ᠶᠢᠨ | ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢ ᠬᠤᠪᠢᠳᠠᠨ ᠬᠠᠮᠢᠶᠠᠷᠤᠨ᠎ᠠ᠃ | ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠤᠭᠤᠷᠢᠭ ᠤᠨ ᠦᠢᠯᠡᠳᠪᠦᠷᠢ | ᠬᠤᠳᠠᠯᠳᠤᠭᠠᠨ ᠤ ᠬᠤᠯᠪᠣᠭᠠᠲᠤ ᠬᠤᠷᠠᠯ᠂ ᠲᠤᠭᠤᠷᠢᠭ ᠤᠨ ᠠᠷᠠᠯᠵᠢᠶ᠎ᠠ ᠶᠢ ᠠᠬᠢᠭᠤᠯᠬᠤ ᠬᠤᠷᠠᠯ᠂ ᠲᠤᠭᠤᠷᠢᠭ ᠤᠨ | ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ︵ᠣᠷᠴᠢᠨ ᠲᠣᠭᠤᠷᠢᠨ ᠤ ᠬᠠᠮᠢᠶᠠᠷᠤᠯᠲᠠ ᠶᠢᠨ | ᠵᠥᠪᠯᠡᠯ ᠤᠨ ᠠᠯᠪᠠᠨ ᠭᠡᠷ︶᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ︵ᠠᠭᠤᠷᠬᠠᠢ ᠶᠢᠨ ᠡᠬᠢ | ᠪᠠᠶᠠᠯᠢᠭ ᠤᠨ ᠲᠠᠯ᠎ᠠ ᠪᠠᠷ︶ ᠠᠭᠤᠷᠬᠠᠢ ᠶᠢᠨ ᠣᠷᠣᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠤᠳᠠ ᠶᠢᠨ | ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠦᠬᠠᠢ ᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ | ᠲᠣᠮᠣ ᠬᠡᠷᠡᠭᠯᠡᠭᠴᠢ ᠶᠢᠨ ᠬᠠᠮᠢᠶᠠᠷᠤᠯᠲᠠ ᠶᠢᠨ ᠲᠥᠪ᠂ ᠲᠣᠭᠤᠷᠢᠭ ᠤᠨ ᠨᠠᠪᠴᠢᠨ ᠲᠠᠮᠠᠬᠢ ᠶᠢᠨ ᠲᠤᠰᠬᠠᠢ | ᠬᠤᠳᠠᠯᠳᠤᠭᠠᠨ ᠤ ᠲᠣᠪᠴᠢᠶ᠎ᠠ ︵ᠡᠵᠡᠩᠨᠡᠨ ᠪᠣᠷᠣᠯᠠᠭᠤᠯᠬᠤ ᠬᠡᠯᠲᠡᠰ︶᠂ ᠲᠣᠭᠤᠷᠢᠭ ᠤᠨ ᠳᠠᠪᠤᠰᠤᠨ ᠤ ᠦᠢᠯᠡᠰ ᠤᠨ | ᠬᠤᠪᠢᠶᠠᠷᠢ ᠺᠣᠮᠫᠠᠨᠢ᠂ ᠤᠯᠤᠰ ᠤᠨ ᠡᠨᠧᠷᠭᠢ ᠶᠢᠨ ᠪᠦᠯᠦᠭᠯᠡᠯ ᠤᠨ ᠦᠬᠠᠢ ᠶᠢᠨ ᠡᠨᠧᠷᠭᠢ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠰᠢᠤᠳᠠᠨ ᠤ ᠤᠳᠠ ᠶᠢᠨ ᠬᠤᠪᠢᠶᠠᠷᠢ ᠺᠣᠮᠫᠠᠨᠢ᠂ ᠳᠤᠮᠳᠠᠳᠤ | ᠤᠯᠤᠰ ᠤᠨ ᠨᠡᠭᠦᠳᠡᠯ ᠬᠤᠯᠪᠣᠭ᠎ᠠ ᠶᠢᠨ ᠤᠳᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ | ᠬᠤᠯᠪᠣᠭ᠎ᠠ ᠶᠢᠨ ᠤᠳᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠤᠳᠠ ᠶᠢᠨ | ᠡᠵᠡᠩᠨᠡᠯᠲᠡ ᠶᠢᠨ ᠬᠡᠯᠲᠡᠰ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠵᠤᠤ ᠬᠠᠢ ᠪᠥᠸᠧ ᠲᠣᠭᠤᠷᠢᠭ ᠤᠨ ᠳᠠᠷᠤᠭ᠎ᠠ ᠶᠢ ᠬᠠᠮᠵᠢᠨ ᠬᠤᠳᠠ ᠶᠢᠨ | ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠣᠶᠤᠨᠲᠤ ᠬᠤᠳᠠ ᠶᠢᠨ ᠪᠦᠲᠦᠭᠡᠨ | ᠪᠠᠶᠢᠭᠤᠯᠤᠯᠲᠠ᠂ ᠵᠠᠮ ᠲᠡᠭᠡᠭᠡᠪᠦᠷᠢ᠂ ᠨᠡᠶᠢᠲᠡ ᠶᠢᠨ ᠬᠡᠷᠡᠭᠯᠡᠭᠡᠨ ᠤ ᠦᠢᠯᠡᠰ᠂ ᠲᠥᠯᠦᠪᠵᠢᠭᠦᠯᠭᠡ᠂ ᠭᠠᠵᠠᠷ ᠰᠢᠷᠣᠢ᠂ | ᠤᠢ ᠰᠢᠭᠤᠢ ᠡᠪᠡᠰᠦ ᠪᠡᠯᠴᠢᠭᠡᠷ᠂ ᠭᠠᠵᠠᠷ ᠰᠢᠷᠣᠢ ᠶᠢ ᠬᠤᠷᠢᠶᠠᠨ ᠨᠥᠭᠡᠴᠡᠯᠡᠬᠦ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ︵ᠵᠠᠮ ᠬᠠᠷᠢᠯᠴᠠᠭᠠᠨ ᠤ ᠲᠣᠪᠴᠢᠶ᠎ᠠ︶᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ︵ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠠᠭᠲᠠᠨ᠎ᠠ︶᠂ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ | ᠦᠢᠯᠡᠰ ᠤᠨ ᠬᠥᠭᠵᠢᠯᠲᠡ ᠶᠢᠨ ᠲᠥᠪ᠂ ᠲᠣᠭᠤᠷᠢᠭ ᠤᠨ ᠭᠠᠵᠠᠷ ᠰᠢᠷᠣᠢ ᠬᠤᠳᠠᠯᠳᠤᠨ ᠠᠪᠴᠤ ᠨᠥᠭᠡᠴᠡᠯᠡᠬᠦ ᠲᠥᠪ᠂ | ᠦᠬᠠᠢ ᠬᠤᠲᠠ ᠶᠢᠨ ᠬᠤᠲᠠ ᠶᠢᠨ ᠬᠥᠭᠵᠢᠭᠦᠯᠦᠯᠲᠡ ᠪᠡᠯᠡ ᠲᠣᠬᠢᠷᠠᠭᠤᠯᠭ᠎ᠠ ᠶᠢᠨ ᠪᠦᠯᠦᠭᠯᠡᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠦᠬᠠᠢ ᠬᠤᠲᠠ ᠶᠢᠨ ᠤᠳᠠ ᠲᠣᠭᠤᠷᠢᠭ ᠤᠨ ᠢᠯᠴᠢ ᠶᠢᠨ ᠬᠦᠴᠦᠨ ᠤ ᠪᠦᠯᠦᠭᠯᠡᠯ ᠤᠨ | ᠬᠢᠵᠠᠭᠠᠷᠲᠤ ᠺᠣᠮᠫᠠᠨᠢ᠂ ᠦᠬᠠᠢ ᠬᠤᠲᠠ ᠶᠢᠨ ᠤᠳᠠ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠤᠨ | ᠬᠢᠵᠠᠭᠠᠷᠲᠤ ᠺᠣᠮᠫᠠᠨᠢ᠂ ᠬᠤᠲᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠬᠤᠪᠢᠳᠠᠨ | ᠬᠠᠮᠢᠶᠠᠷᠤᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ︵ᠲᠥᠯᠦᠪᠵᠢᠭᠦᠯᠭᠡ᠂ ᠭᠠᠵᠠᠷ ᠰᠢᠷᠣᠢ᠂ ᠣᠶ | ᠰᠢᠭᠤᠢ ᠡᠪᠡᠰᠦ ᠪᠡᠯᠴᠢᠭᠡᠷ ᠤᠨ ᠲᠠᠯ᠎ᠠ︶᠂ ᠦᠬᠠᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠤᠳᠠ ᠶᠢᠨ ᠶᠡᠭᠡ ᠠᠩᠭᠢ᠂ | ᠤᠳᠠ ᠶᠢᠨ ᠵᠠᠰᠠᠮᠠᠯ ᠵᠠᠮ ᠤᠨ ᠬᠡᠰᠡᠭ᠂ ᠤᠳᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠤᠪᠢᠶᠠᠷᠢ ᠺᠣᠮᠫᠠᠨᠢ᠂ | ᠦᠬᠠᠢ ᠶᠢᠨ ᠪᠠᠷᠠᠭᠤᠨ ᠥᠷᠲᠡᠭᠡ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠯᠢ ᠵᠢᠶᠠᠨ ᠮᠢᠩ ᠲᠣᠭᠤᠷᠢᠭ ᠤᠨ ᠳᠠᠷᠤᠭ᠎ᠠ ᠶᠢ ᠬᠠᠮᠵᠢᠨ ᠳᠣᠲᠣᠭᠠᠳᠤ ᠶᠢ | ᠬᠠᠮᠠᠭᠠᠯᠠᠬᠤ᠂ ᠬᠠᠤᠯᠢ ᠴᠠᠭᠠᠵᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠵᠠᠬᠢᠳᠠᠯ | ᠰᠣᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ | ᠲᠤᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠵᠠᠬᠢᠳᠠᠯ | ᠰᠣᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ | ᠤᠳᠠ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠯᠢᠦ ᠨᠠᠷᠠᠨ ᠲᠣᠭᠤᠷᠢᠭ ᠤᠨ ᠳᠠᠷᠤᠭ᠎ᠠ ᠶᠢ ᠬᠠᠪᠰᠤᠷᠤᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠤᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ᠂ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠣᠪᠴᠢᠶ᠎ᠠ︶ ᠶᠢ ᠬᠤᠪᠢᠳᠠᠨ ᠬᠠᠮᠢᠶᠠᠷᠤᠨ᠎ᠠ᠃ | ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠯᠢᠦ ᠮᠧᠩ ᠲᠣᠭᠤᠷᠢᠭ ᠤᠨ ᠳᠠᠷᠤᠭ᠎ᠠ ᠶᠢ ᠬᠠᠮᠵᠢᠨ ᠲᠠᠷᠢᠶᠠᠯᠠᠩ ᠤᠰᠤᠨ ᠤ | ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ | ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠲᠠᠷᠢᠶᠠᠯᠠᠩ ᠮᠠᠯ | ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ︶᠂ ᠲᠤᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠦᠬᠡ ᠶᠢᠨ | ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ | ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ︶᠂ ᠲᠤᠭᠤᠷᠢᠭ ᠤᠨ ᠣᠲᠣ ᠦᠶ᠎ᠡ ᠶᠢᠨ ᠲᠠᠷᠢᠶᠠᠯᠠᠩ ᠤᠨ | ᠬᠥᠭᠵᠢᠯᠲᠡ ᠶᠢᠨ ᠲᠥᠪ ᠢ ᠬᠤᠪᠢᠳᠠᠨ ᠬᠠᠮᠢᠶᠠᠷᠤᠨ᠎ᠠ᠃ | ᠤᠯᠠᠭᠠᠨᠨᠠᠭᠤᠷ ᠪᠠᠯᠭᠠᠰᠤ᠂ ᠲᠣᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ᠂ ᠲᠣᠭᠤᠷᠢᠭ ᠤᠨ | ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠦᠬᠠᠢ ᠬᠤᠲᠠ ᠶᠢᠨ ᠷᠠᠳᠢᠣ᠋ ᠲᠧᠯᠸᠢᠰ ᠤᠨ | ᠲᠣᠪᠴᠢᠶ᠎ᠠ ᠶᠢᠨ ᠤᠳᠠ ᠶᠢᠨ ᠠᠵᠢᠯ ᠤᠨ ᠥᠷᠲᠡᠭᠡ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶ᠎ᠡ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠤᠳᠠ ᠶᠢᠨ ᠬᠤᠪᠢᠶᠠᠷᠢ ᠺᠣᠮᠫᠠᠨᠢ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠴᠢᠶᠣᠤ ᠬᠠᠢ ᠼᠦᠨ ᠲᠣᠭᠤᠷᠢᠭ ᠤᠨ ᠳᠠᠷᠤᠭ᠎ᠠ ᠶᠢ ᠬᠠᠪᠰᠤᠷᠤᠨ | ᠡᠮᠴᠢᠯᠡᠭᠡᠨ ᠤ ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠦᠨᠳᠦᠰᠦᠲᠡᠨ ᠤ ᠬᠡᠷᠡᠭ ᠶᠠᠪᠤᠳᠠᠯ ᠵᠡᠷᠭᠡ | ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ | ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︵ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠪᠠᠭᠲᠠᠨ᠎ᠠ︶᠂ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠮᠣᠩᠭᠤᠯ | ᠬᠡᠯᠡ ᠪᠢᠴᠢᠭ ᠤᠨ ᠠᠵᠢᠯ ᠤᠨ ᠵᠥᠪᠯᠡᠯ︶ ᠢ ᠬᠤᠪᠢᠳᠠᠨ ᠬᠠᠮᠢᠶᠠᠷᠴᠤ᠂ ᠦ᠋ ᠪᠢᠩ ᠶᠦᠨ ᠨᠥᠬᠦᠷ ᠢ ᠬᠠᠪᠰᠤᠷᠤᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ | ᠥᠷᠨᠢᠭᠦᠯᠵᠦ᠂ ᠯᠢ ᠵᠢᠶᠠᠨ ᠮᠢᠩ ᠨᠥᠬᠦᠷ ᠢ ᠬᠠᠪᠰᠤᠷᠤᠨ ᠵᠠᠬᠢᠳᠠᠯ ᠰᠣᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ | ᠠᠵᠢᠯ ᠢ ᠥᠷᠨᠢᠭᠦᠯᠦᠨ᠎ᠡ᠃ | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾ ︽ᠨᠢᠭᠡ ᠠᠵᠢᠯ ᠤᠨ ᠪᠠᠶᠢᠷᠢ ᠳᠤ ᠬᠤᠶᠠᠷ | ᠬᠠᠷᠢᠭᠤᠴᠠᠯᠭ᠎ᠠ ᠡᠭᠦᠷᠭᠡᠯᠡᠬᠦ︾ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠵᠠᠬᠢᠳᠠᠯ | ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠪᠠᠶᠢᠭᠤᠯᠤᠯ ᠤᠨ ᠥᠭᠡᠷᠡᠴᠢᠯᠡᠯᠲᠡ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ᠂ ᠪᠡᠯᠡ ᠮᠥᠩᠭᠦ ᠣᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ | ᠲᠠᠯ᠎ᠠ ᠶᠢᠨ ᠠᠵᠢᠯ ᠳᠤ ᠬᠤᠯᠪᠣᠭᠳᠠᠪᠠᠯ᠂ ᠬᠤᠪᠢᠳᠠᠨ ᠬᠠᠮᠢᠶᠠᠷᠴᠤ ᠪᠦᠬᠦᠢ ᠲᠣᠭᠤᠷᠢᠭ ᠤᠨ ᠳᠡᠳ᠋ ᠳᠠᠷᠤᠭ᠎ᠠ | ᠬᠠᠷᠢᠭᠤᠴᠠᠨ ᠲᠦᠷᠦᠭᠦᠯᠡᠬᠦ ᠠᠴᠠ ᠭᠠᠳᠠᠨ᠎ᠠ᠂ ᠪᠤᠰᠤᠳ ᠲᠣᠭᠤᠷᠢᠭ ᠤᠨ ᠳᠡᠳ᠋ ᠳᠠᠷᠤᠭ᠎ᠠ ᠴᠥᠮ ᠲᠣᠰ ᠲᠣᠰ ᠤᠨ | ᠬᠤᠪᠢᠳᠠᠨ ᠬᠠᠮᠢᠶᠠᠷᠴᠤ ᠪᠦᠬᠦᠢ ᠬᠦᠷᠢᠶᠡᠨ ᠳᠠᠬᠢ ᠵᠣᠬᠢᠬᠤ ᠡᠭᠦᠷᠭᠡ ᠬᠠᠷᠢᠭᠤᠴᠠᠯᠭ᠎ᠠ ᠵᠢᠴᠢ ᠬᠠᠮᠢᠶ᠎ᠠ ᠪᠦᠬᠦᠢ ᠠᠵᠢᠯ ᠢ | ᠡᠭᠦᠷᠭᠡᠯᠡᠨ᠎ᠡ᠃ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠵᠣᠬᠢᠴᠠᠩᠭᠤᠢ ᠪᠥᠭᠡᠳ ᠡᠮᠬᠢ | ᠵᠢᠷᠤᠮ ᠲᠠᠢ᠂ ᠥᠨᠳᠥᠷ ᠪᠦᠲᠦᠮᠵᠢᠲᠡᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠤᠭᠤᠷᠢᠭ ᠤᠨ | ᠵᠠᠰᠠᠭ ᠤᠨ ᠣᠷᠳᠣᠨ ᠤ ᠤᠳᠤᠷᠢᠳᠬᠤ ᠪᠦᠷᠢᠯᠳᠦᠭᠦᠨ ᠨᠠᠷ ᠬᠤᠭᠤᠷᠣᠨᠳᠤ ᠪᠠᠨ AB ᠳᠦᠷᠢ ᠶᠢᠨ ᠪᠠᠶᠢᠷᠢ | ᠨᠥᠬᠦᠪᠦᠷᠢᠯᠡᠬᠦ ᠠᠵᠢᠯ ᠤᠨ ᠳᠦᠷᠢᠮ ᠢ ᠬᠡᠷᠡᠭᠵᠢᠭᠦᠯᠵᠦ᠂ ᠲᠣᠰ ᠲᠣᠰ ᠲᠢᠶᠠᠨ ᠶᠦᠩ ᠰᠢᠶᠠᠩ ᠪᠣᠯᠣᠨ ᠯᠢᠦ ᠨᠠᠷᠠᠨ᠂ | ᠦ᠋ ᠪᠢᠩ ᠶᠦᠨ ᠪᠣᠯᠣᠨ ᠴᠢᠶᠣᠤ ᠬᠠᠢ ᠼᠦᠨ᠂ ᠵᠣᠣ ᠬᠠᠢ ᠪᠥᠸᠧ ᠪᠣᠯᠣᠨ ᠯᠢᠦ ᠮᠧᠩ᠂ ᠯᠢ ᠵᠢᠶᠠᠨ ᠮᠢᠩ ᠪᠣᠯᠣᠨ | ᠴᠢᠶᠣᠤ ᠬᠠᠢ ᠼᠦᠨ ᠬᠠᠷᠢᠯᠴᠠᠨ AB ᠳᠦᠷᠢ ᠪᠣᠯᠣᠨ᠎ᠠ᠃ ᠬᠠᠷᠢᠯᠴᠠᠨ AB ᠳᠦᠷᠢ ᠪᠣᠯᠬᠤ ᠲᠣᠭᠤᠷᠢᠭ ᠤᠨ | ᠵᠠᠰᠠᠭ ᠤᠨ ᠣᠷᠳᠣᠨ ᠤ ᠤᠳᠤᠷᠢᠳᠤᠯᠭ᠎ᠠ ᠨᠢ ᠪᠠᠶᠢᠷᠢ ᠨᠥᠬᠦᠪᠦᠷᠢᠯᠡᠬᠦ ᠬᠤᠭᠤᠴᠠᠭᠠᠨ ᠳᠤ᠂ ᠳᠡᠭᠡᠳᠦ ᠳᠣᠣᠷᠠᠳᠤ | ᠱᠠᠲᠤᠨ ᠤ ᠢᠷᠡᠭᠦᠯᠦᠭᠰᠡᠨ ᠪᠢᠴᠢᠭ ᠮᠠᠲ᠋ᠧᠷᠢᠶᠠᠯ᠂ ᠪᠢᠴᠢᠭ ᠮᠠᠲ᠋ᠧᠷᠢᠶᠠᠯ ᠲᠠᠷᠬᠠᠭᠠᠬᠤ ᠵᠡᠷᠭᠡ ᠠᠯᠪᠠᠨ ᠪᠢᠴᠢᠭ ᠤᠨ | ᠤᠴᠢᠷ ᠶᠠᠪᠤᠳᠠᠯ ᠢ ᠣᠷᠣᠯᠠᠨ ᠰᠢᠢᠳᠪᠦᠷᠢᠯᠡᠨ᠎ᠡ︔ ᠡᠯ᠎ᠡ ᠲᠥᠷᠥᠯ ᠤᠨ ᠬᠤᠷᠠᠯ ᠳᠤ ᠣᠷᠤᠯᠴᠠᠬᠤ ᠪᠤᠶᠤ ᠬᠤᠷᠠᠯᠳᠤᠵᠤ | ᠂ ᠳᠡᠭᠡᠳᠦ ᠱᠠᠲᠤᠨ ᠤ ᠪᠠᠶᠢᠴᠠᠭᠠᠨ ᠵᠢᠯᠤᠭᠤᠳᠬᠤ ᠪᠤᠶᠤ ᠣᠷᠣᠨ ᠠᠴᠠ ᠢᠷᠡᠭᠰᠡᠨ ᠵᠣᠴᠢᠳ ᠢ ᠭᠥᠯᠢᠶᠡᠨ ᠠᠪᠴᠤ | ᠲᠣᠭᠤᠷᠢᠨ ᠦᠵᠡᠭᠦᠯᠵᠦ ᠪᠠᠶᠢᠴᠠᠭᠠᠨ᠎ᠠ︔ ᠡᠳᠦᠷ ᠲᠤᠲᠤᠮ ᠤᠨ ᠬᠤᠪᠢᠳᠠᠨ ᠬᠠᠮᠢᠶᠠᠷᠴᠤ ᠪᠠᠶᠢᠭ᠎ᠠ ᠵᠢᠴᠢ ᠲᠤᠰᠬᠠᠢ | ᠵᠦᠢᠯ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠢ ᠣᠷᠣᠯᠠᠨ ᠭᠦᠢᠴᠡᠳᠬᠡᠨ᠎ᠡ︔ ᠪᠤᠰᠤᠳ ᠲᠦᠷ ᠴᠠᠭ ᠤᠨ | ᠠᠯᠪᠠᠨ ᠶᠠᠪᠤᠳᠠᠯ ᠵᠢᠴᠢ ᠭᠡᠨᠡᠳᠲᠡ ᠶᠢᠨ ᠬᠡᠷᠡᠭ ᠢ ᠣᠷᠣᠯᠠᠨ ᠰᠢᠢᠳᠪᠦᠷᠢᠯᠡᠨ᠎ᠡ᠃ ᠬᠠᠷᠢᠯᠴᠠᠨ AB ᠳᠦᠷᠢ ᠪᠣᠯᠬᠤ | ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠦᠷᠢᠯᠳᠦᠭᠦᠨ ᠨᠢ ᠬᠠᠷᠢᠯᠴᠠᠨ ᠣᠷᠣᠯᠠᠵᠤ ᠳᠡᠶᠢᠯᠬᠦ ᠦᠭᠡᠢ | ᠦᠶ᠎ᠡ ᠳᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ | ᠪᠤᠰᠤᠳ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠦᠷᠢᠯᠳᠦᠭᠦᠨ ᠤ ᠡᠭᠦᠷᠭᠡ ᠲᠤᠰᠢᠶᠠᠯ ᠢᠶᠠᠨ | ᠣᠷᠣᠯᠠᠨ ᠭᠦᠢᠴᠡᠳᠬᠡᠬᠦ ᠶᠢ ᠵᠣᠬᠢᠴᠠᠭᠤᠯᠤᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠡᠯ᠎ᠡ | ᠲᠤᠰᠬᠠᠢ ᠤᠳᠤᠷᠢᠳᠬᠤ ᠪᠠᠶᠢᠭᠤᠯᠤᠮᠵᠢ ᠶᠢ ᠴᠥᠮ ᠲᠤᠰ ᠠᠵᠢᠯ ᠤᠨ ᠬᠤᠪᠢᠶᠠᠷᠢ ᠶᠢᠨ ᠶᠣᠰᠣᠭᠠᠷ ᠥᠪᠡᠷᠰᠡᠳ ᠢᠶᠠᠨ | ᠲᠣᠬᠢᠷᠠᠭᠤᠯᠤᠨ᠎ᠠ᠂ ᠠᠰ ᠲᠤᠨᠢ ᠠᠯᠪᠠᠨ ᠪᠢᠴᠢᠭ ᠶᠠᠪᠤᠭᠤᠯᠬᠤ ᠦᠭᠡᠢ᠃ | 2022 ᠣᠨ ᠤ 1 ᠰᠠᠷ᠎ᠠ ᠶᠢᠨ 20 ᠤ ᠡᠳᠦᠷ | ︽ᠲᠠᠩ ᠢ᠂ ᠶᠠᠩ ᠶᠢᠨ ᠨᠥᠬᠦᠷ ᠤᠨ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ | ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ | ᠵᠢᠴᠢ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠡᠭᠦᠷᠭᠡ ᠶᠢ ᠵᠠᠳᠠᠯᠬᠤ ᠲᠥᠰᠥᠯ︾ ᠢ | ᠳᠠᠷᠤᠮᠠᠯᠯᠠᠨ ᠲᠠᠷᠬᠠᠭᠠᠬᠤ ᠲᠤᠬᠠᠢ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ᠤᠳᠤ ︽ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ | ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠳᠡᠭᠡᠷ᠎ᠡ ᠲᠠᠩ ᠢ᠂ ᠶᠠᠩ ᠶᠢᠨ | ᠨᠥᠬᠦᠷ ᠤᠨ ᠬᠡᠯᠡᠭᠰᠡᠨ ᠦᠭᠡ ᠵᠢᠴᠢ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠡᠭᠦᠷᠭᠡ ᠶᠢ | ᠵᠠᠳᠠᠯᠬᠤ ᠲᠥᠰᠥᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ | ᠬᠡᠷᠡᠭᠲᠡᠢ | ︽ᠲᠠᠩ ᠢ᠂ ᠶᠠᠩ ᠶᠢᠨ ᠨᠥᠬᠦᠷ ᠤᠨ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ | ᠬᠤᠶᠠᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ | ᠵᠢᠴᠢ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠡᠭᠦᠷᠭᠡ ᠶᠢ ᠵᠠᠳᠠᠯᠬᠤ ᠲᠥᠰᠥᠯ︾ ᠨᠢ ᠪᠦᠬᠦ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠵᠠᠳᠠᠯᠤᠨ ᠨᠠᠷᠢᠯᠢᠭᠵᠢᠭᠤᠯᠵᠠᠢ᠃ | ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠬᠤ ᠬᠡᠷᠡᠭᠲᠡᠢ᠃ ᠭᠤᠣᠯ ᠬᠠᠷᠢᠭᠤᠴᠠᠯᠭᠠᠲᠠᠨ ᠨᠥᠬᠦᠳ ᠡᠭᠦᠷᠭᠡ ᠶᠢ ᠨᠠᠶᠢᠳᠠᠪᠤᠷᠢᠵᠢᠭᠤᠯᠬᠤ ᠨᠢᠭᠡᠳᠦᠭᠡᠷ | ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠪᠡᠶ᠎ᠡ ᠪᠠᠷ ᠢᠶᠠᠨ ᠮᠠᠩᠯᠠᠶᠢᠯᠠᠵᠤ᠂ ᠪᠡᠶ᠎ᠡ ᠪᠠᠷ ᠢᠶᠠᠨ ᠲᠣᠬᠢᠷᠠᠭᠤᠯᠤᠨ | ᠪᠠᠶᠢᠷᠢᠯᠠᠭᠤᠯᠵᠤ᠂ ᠪᠡᠶ᠎ᠡ ᠪᠠᠷ ᠢᠶᠠᠨ ᠠᠷᠭ᠎ᠠ ᠰᠦᠪᠡᠭᠴᠢᠯᠡᠨ ᠠᠬᠢᠭᠤᠯᠵᠤ᠂ ᠤᠯᠤᠰ ᠲᠦᠷᠦ ᠶᠢ ᠡᠷᠬᠢᠮᠯᠡᠬᠦ ᠶᠢ ᠪᠣᠳᠠᠲᠠᠢ | ᠠᠵᠢᠯ ᠳᠡᠭᠡᠷ᠎ᠡ ᠢᠯᠡᠷᠡᠭᠦᠯᠵᠦ᠂ ᠴᠢᠳᠠᠮᠠᠭᠠᠢ ᠪᠠᠷ ᠠᠵᠢᠯᠯᠠᠬᠤ ᠶᠢ ᠡᠭᠦᠷᠭᠡ ᠶᠢ ᠨᠠᠶᠢᠳᠠᠪᠤᠷᠢᠵᠢᠭᠤᠯᠬᠤ ᠶᠠᠪᠤᠴᠠ ᠳᠤ | ᠠᠭᠤᠰᠬᠠᠵᠤ᠂ ᠡᠷᠲᠡ ᠠᠴᠠ ᠠᠳᠬᠤᠵᠤ᠂ ᠪᠣᠳᠠᠲᠠᠢ ᠠᠳᠬᠤᠵᠤ᠂ ᠰᠠᠶᠢᠲᠤᠷ ᠠᠳᠬᠤᠬᠤ ᠬᠡᠷᠡᠭᠲᠡᠢ᠃ | ᠬᠤᠶᠠᠷ᠂ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠬᠦᠴᠦ ᠪᠠᠨ ᠬᠠᠮᠲᠤᠳᠬᠠᠨ ᠲᠦᠯᠬᠢᠨ ᠠᠬᠢᠭᠤᠯᠬᠤ | ᠬᠡᠷᠡᠭᠲᠡᠢ | ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ᠦᠷ᠎ᠡ ᠪᠦᠲᠦᠮᠵᠢ ᠶᠢᠨ ᠤᠬᠠᠮᠰᠠᠷ ᠢᠶᠠᠨ ᠴᠢᠩᠭᠠᠳᠬᠠᠵᠤ᠂ | ︽ᠳᠠᠩ ᠢ᠂ ᠶᠠᠩ ᠶᠢᠨ ᠨᠥᠬᠦᠷ ᠤᠨ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ | ᠬᠤᠶᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ | ᠵᠢᠴᠢ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠡᠭᠦᠷᠭᠡ ᠶᠢ ᠵᠠᠳᠠᠯᠬᠤ ᠲᠥᠰᠥᠯ︾ ᠢ | ᠬᠠᠷᠢᠭᠤᠴᠠᠯᠭ᠎ᠠ ᠶᠢᠨ ᠪᠢᠴᠢᠭ ᠪᠣᠯᠭᠠᠵᠤ᠂ ᠵᠢᠷᠤᠭ ᠡᠯᠭᠦᠨ ᠪᠠᠶᠢᠯᠳᠤᠵᠤ᠂ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ | ᠴᠠᠭ ᠤᠨ ᠳᠠᠷᠠᠭᠠᠯᠠᠯ ᠤᠨ ᠠᠬᠢᠴᠠ᠂ ᠪᠡᠶᠡᠯᠡᠭᠦᠯᠬᠦ ᠴᠠᠭ ᠤᠨ ᠬᠢᠵᠠᠭᠠᠷ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠭᠡᠳᠡᠷᠭᠦ ᠰᠢᠬᠠᠬᠤ ᠲᠣᠭᠲᠠᠴᠠ ᠶᠢ ᠪᠠᠶᠢᠭᠤᠯᠵᠤ᠂ ᠨᠠᠶᠢᠳᠠᠪᠤᠷᠢᠵᠢᠭᠤᠯᠬᠤ | ᠠᠷᠭ᠎ᠠ ᠬᠡᠮᠵᠢᠶ᠎ᠡ ᠶᠢ ᠴᠢᠭᠯᠡᠭᠦᠯᠬᠦ ᠴᠢᠨᠠᠷᠲᠠᠢ ᠪᠠᠷ ᠳᠤᠷᠠᠳᠤᠨ ᠭᠠᠷᠭᠠᠵᠤ᠂ ᠡᠭᠦᠷᠭᠡ᠂ ᠠᠵᠢᠯᠲᠠᠨ᠂ ᠬᠠᠷᠢᠭᠤᠴᠠᠯᠭ᠎ᠠ᠂ | ᠴᠠᠭ ᠤᠨ ᠬᠢᠵᠠᠭᠠᠷ ᠢ ᠲᠣᠳᠣᠷᠬᠠᠢ ᠪᠣᠳᠠᠲᠠᠶᠢᠵᠢᠭᠤᠯᠤᠨ᠎ᠠ᠃ | ᠭᠤᠷᠪᠠ᠂ ᠴᠢᠩᠭ᠎ᠠ ᠰᠢᠮᠳᠠᠭᠤᠯᠤᠨ ᠪᠠᠶᠢᠴᠠᠭᠠᠵᠤ᠂ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ | ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠵᠦ᠂ | ᠱᠠᠭᠠᠷᠳᠠᠯᠭ᠎ᠠ ᠶᠣᠰᠣᠭᠠᠷ ᠲᠣᠭᠲᠠᠭᠰᠠᠨ ᠬᠤᠭᠤᠴᠠᠭ᠎ᠠ ᠲᠠᠢ ᠪᠠᠷ ᠬᠤᠲᠠ ᠶᠢᠨ ᠳᠡᠰ ᠤᠨ ᠰᠠᠯᠠᠭ᠎ᠠ ᠮᠥᠴᠢᠷ ᠲᠤ | ᠬᠠᠮᠢᠶ᠎ᠠ ᠪᠦᠬᠦᠢ ᠪᠠᠶᠢᠳᠠᠯ ᠢ ᠮᠡᠳᠡᠭᠦᠯᠦᠨ ᠬᠦᠷᠭᠡᠵᠦ᠂ ᠮᠡᠳᠡᠭᠦᠯᠦᠨ ᠬᠦᠷᠭᠡᠬᠦ ᠠᠭᠤᠯᠭ᠎ᠠ ᠳᠤ ᠡᠭᠦᠷᠭᠡ ᠶᠢ | ᠡᠭᠦᠷᠭᠡᠯᠡᠭᠰᠡᠨ ᠠᠬᠢᠴᠠ ᠶᠢᠨ ᠪᠠᠶᠢᠳᠠᠯ᠂ ᠠᠪᠤᠭᠰᠠᠨ ᠪᠣᠳᠠᠲᠠᠢ ᠠᠷᠭ᠎ᠠ ᠬᠡᠮᠵᠢᠶ᠎ᠡ ᠵᠢᠴᠢ ᠣᠯᠣᠭᠰᠠᠨ ᠦᠷ᠎ᠡ ᠪᠦᠲᠦᠮᠵᠢ | ᠂ ᠣᠷᠣᠰᠢᠵᠤ ᠪᠠᠶᠢᠭ᠎ᠠ ᠬᠦᠴᠢᠷᠳᠡᠯ᠂ ᠰᠠᠨᠠᠭᠤᠯᠭ᠎ᠠ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ | ᠪᠠᠭᠲᠠᠭᠠᠨ᠎ᠠ᠂ ᠡᠭᠦᠨ ᠳᠤ ᠡᠭᠦᠷᠭᠡ ᠡᠭᠦᠷᠭᠡᠯᠡᠬᠦ ᠠᠬᠢᠴᠠ ᠶᠢᠨ ᠪᠠᠶᠢᠳᠠᠯ᠂ ᠠᠪᠤᠭᠰᠠᠨ ᠪᠣᠳᠠᠲᠠᠢ ᠠᠷᠭ᠎ᠠ ᠬᠡᠮᠵᠢᠶ᠎ᠡ | ᠵᠢᠴᠢ ᠣᠯᠣᠭᠰᠠᠨ ᠦᠷ᠎ᠡ ᠪᠦᠲᠦᠮᠵᠢ᠂ ᠣᠷᠣᠰᠢᠵᠤ ᠪᠠᠶᠢᠭ᠎ᠠ ᠬᠦᠴᠢᠷᠳᠡᠯ᠂ ᠰᠠᠨᠠᠭᠤᠯᠭ᠎ᠠ ᠵᠢᠴᠢ ᠳᠠᠷᠠᠭᠠᠴᠢ ᠶᠢᠨ | ᠠᠯᠬᠤᠮ ᠤᠨ ᠠᠵᠢᠯ ᠤᠨ ᠲᠥᠯᠥᠪᠯᠡᠭᠡ᠂ ᠲᠤᠭᠤᠷᠢᠭ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ | ᠲᠠᠰᠤᠭ ᠠᠴᠠ ᠤᠯᠠᠷᠢᠯ ᠢᠶᠠᠷ ᠰᠢᠮᠳᠠᠭᠤᠯᠤᠨ ᠪᠠᠶᠢᠴᠠᠭᠠᠵᠤ᠂ ︽ᠨᠢᠭᠡ ᠤᠯᠠᠷᠢᠯ ᠳᠤ ᠨᠢᠭᠡ ᠲᠠᠩᠰᠠ ᠲᠤᠰᠢᠶᠠᠬᠤ᠂ | ᠵᠢᠯ ᠤᠨ ᠡᠴᠦᠰ ᠲᠤ ᠶᠡᠷᠦᠩᠬᠡᠢ ᠲᠠᠩᠰᠠ ᠪᠤᠳᠤᠬᠤ︾ ︽ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠬᠦ᠂ ᠪᠥᠬᠦ | ᠶᠠᠪᠤᠴᠠ ᠳᠤ ᠮᠥᠷᠳᠡᠬᠦ︾ ᠵᠡᠷᠭᠡ ᠠᠷᠭ᠎ᠠ ᠮᠠᠶ᠋ᠢᠭ ᠢᠶᠠᠷ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠲᠣᠬᠢᠷᠠᠭᠤᠯᠤᠯᠲᠠ ᠬᠢᠵᠦ᠂ ᠡᠯ᠎ᠡ ᠵᠦᠢᠯ ᠤᠨ ᠡᠭᠦᠷᠭᠡ ᠶᠢ ᠭᠦᠢᠴᠡᠳᠬᠡᠬᠦ ᠠᠬᠢᠴᠠ ᠶᠢ ᠴᠠᠭ ᠲᠤᠬᠠᠢ | ᠳᠤᠨᠢ ᠡᠵᠡᠮᠰᠢᠨ᠎ᠡ᠃ᠪᠢᠴᠢᠭ ᠢᠶᠠᠷ ᠰᠢᠮᠳᠠᠭᠤᠯᠤᠨ ᠪᠠᠶᠢᠴᠠᠭᠠᠬᠤ ᠪᠠ ᠲᠤᠬᠠᠢ ᠶᠢᠨ ᠭᠠᠵᠠᠷ ᠲᠤᠨᠢ ᠰᠢᠮᠳᠠᠭᠤᠯᠤᠨ | ᠪᠠᠶᠢᠴᠠᠭᠠᠬᠤ᠂ ᠢᠯᠡ ᠪᠠᠷ ᠪᠠᠶᠢᠴᠠᠭᠠᠬᠤ ᠪᠠ ᠳᠠᠯᠳᠠᠭᠤᠷ ᠰᠤᠷᠪᠤᠯᠵᠢᠯᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ | ᠮᠠᠶ᠋ᠢᠭ ᠢ ᠠᠪᠴᠤ᠂ ᠠᠵᠢᠯ ᠤᠨ ᠳᠤᠮᠳᠠᠬᠢ ᠬᠠᠷᠢᠯᠴᠠᠨ ᠲᠦᠯᠬᠢᠯᠴᠡᠬᠦ᠂ ᠲᠦᠯᠬᠢᠨ ᠠᠬᠢᠭᠤᠯᠬᠤ ᠬᠦᠴᠦᠨ ᠦᠭᠡᠢ᠂ | ᠵᠠᠯᠬᠠᠭᠤᠷᠠᠨ ᠵᠠᠰᠠᠭ ᠬᠤᠶᠢᠷᠭᠤ ᠵᠠᠰᠠᠭ ᠵᠡᠷᠭᠡ ᠦᠵᠡᠭᠳᠡᠯ ᠢ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ | ᠲᠣᠭᠲᠠᠮᠠᠯ ᠬᠤᠭᠤᠴᠠᠭ᠎ᠠ ᠲᠠᠢ ᠪᠠᠷ ᠪᠠᠶᠢᠳᠠᠯ ᠢᠶᠠᠨ ᠮᠡᠳᠡᠭᠡᠯᠡᠬᠦ ᠬᠡᠷᠡᠭᠲᠡᠢ᠃ | 2022 ᠣᠨ ᠤ 3 ᠰᠠᠷ᠎ᠠ ᠶᠢᠨ 4 ᠤ ᠡᠳᠦᠷ | | | | | | | | | | | |