ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠦᠪᠡᠳᠡᠭᠰᠢ ᠶᠡᠭᠡ ᠳᠠᠶᠢᠯᠠᠯᠭ᠎ᠠ ᠬᠢᠵᠦ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠣᠶ ᠶᠢ ᠬᠠᠯᠠᠭᠤᠨ ᠢᠶᠠᠷ ᠪᠡᠯᠭᠡᠯᠡᠪᠡ  ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠤᠯᠤᠰ ᠤᠨ ᠲᠡᠷᠢᠭᠦᠯᠡᠭᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠣᠯᠣᠨ ᠯᠢ ᠺᠧ ᠴᠢᠶᠠᠩ  ᠯᠢ ᠵᠠᠨ ᠱᠣ᠋  ᠸᠠᠩ ᠶᠠᠩ  ᠸᠠᠩ ᠬᠤ᠋ ᠨᠢᠩ  ᠵᠤᠤ ᠯᠧ ᠵᠢᠢ  ᠬᠠᠨ ᠵᠧᠩ  ᠸᠠᠩ ᠴᠢ ᠱᠠᠨ ᠣᠷᠣᠯᠴᠠᠵᠠᠢ
ᠨᠡᠶᠢᠲᠡᠯᠡᠭᠰᠡᠨ ᠴᠠᠭ᠄
2022/8/9
     ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 31 ᠤ ᠴᠠᠬᠢᠯᠭᠠᠨ ᠮᠡᠳᠡᠭᠡ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ 7 ᠰᠠᠷ᠎ᠠ ᠶᠢᠨ 31 ᠤ ᠡᠳᠦᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠳᠠᠶᠢᠯᠠᠯᠭ᠎ᠠ ᠬᠢᠵᠦ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠣᠯᠣᠨ ᠯᠢ ᠺᠧ ᠴᠢᠶᠠᠩ᠂ ᠯᠢ ᠵᠠᠨ ᠱᠣ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠳᠠᠶᠢᠯᠠᠯᠭ᠎ᠠ ᠳᠤ ᠣᠷᠣᠯᠴᠠᠵᠠᠢ᠃      ᠠᠷᠠᠳ ᠤᠨ ᠶᠡᠭᠡ ᠬᠤᠷᠠᠯ ᠤᠨ ᠲᠠᠩᠬᠢᠮ ᠤᠨ ᠳᠠᠶᠢᠯᠠᠯᠭ᠎ᠠ ᠶᠢᠨ ᠲᠢᠩᠬᠢᠮ ᠳᠤ ᠥᠩᠭᠡᠲᠦ ᠳ᠋ᠧᠩ ᠳᠤᠸᠠᠯᠠᠵᠤ᠂ ᠬᠥᠷ ᠬᠥᠭᠵᠢᠶᠡᠨᠲᠡᠢ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ᠲᠥᠪ ᠰᠦᠷᠯᠢᠭ ︽8·1︾·1 ᠤ ᠴᠡᠷᠢᠭ ᠤᠨ ᠰᠦᠯᠳᠡ ᠶᠢ ᠡᠯᠭᠦᠵᠦ᠂ ︽1927 - 2022︾ ᠭᠡᠬᠦ ᠲᠣᠮᠣ ᠦᠰᠦᠭᠲᠦ ᠣᠨ ᠤ ᠳ᠋ᠤᠭᠠᠷ ᠨᠢ ᠬᠤᠷᠴᠠ ᠤᠯᠠᠭᠠᠨ ᠲᠤᠭ ᠤᠨ ᠳᠣᠣᠷ᠎ᠠ ᠣᠨᠴᠠ ᠶᠢᠨ ᠢᠯᠡᠲᠡᠢ ᠬᠠᠷᠠᠭᠳᠠᠵᠤ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠥᠩᠭᠡᠷᠡᠭᠡᠭᠰᠡᠨ 95 ᠵᠢᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠬᠠᠷᠠᠭᠤᠯᠤᠨ᠎ᠠ᠃      18 ᠴᠠᠭ ᠤᠨ ᠦᠶ᠎ᠡ ᠪᠠᠷ᠂ ᠪᠠᠶᠠᠷ ᠪᠠᠶᠠᠰᠬᠤᠯᠠᠩᠲᠠᠢ ︽ᠵᠣᠴᠢᠨ ᠤᠭᠲᠤᠬᠤ ᠠᠶ᠎ᠠ︾ ᠶᠢᠨ ᠳᠤᠮᠳᠠ᠂ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠳᠠᠶᠢᠯᠠᠯᠭ᠎ᠠ ᠶᠢᠨ ᠲᠢᠩᠬᠢᠮ ᠳᠤ ᠠᠯᠬᠤᠨ ᠣᠷᠣᠵᠤ᠂ ᠳᠤᠮᠳᠠᠳᠤ ᠭᠠᠳᠠᠭᠠᠳᠤ ᠶᠢᠨ ᠵᠣᠴᠢᠳ ᠲᠠᠢ ᠨᠢᠭᠡ ᠲᠠᠩᠬᠢᠮ ᠳᠤ ᠴᠤᠭᠯᠠᠷᠠᠵᠤ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ᠃
    7 ᠰᠠᠷ᠎ᠠ ᠶᠢᠨ 31 ᠤ ᠡᠳᠦᠷ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠳᠠᠶᠢᠯᠠᠯᠭ᠎ᠠ ᠬᠢᠵᠦ ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠣᠯᠣᠨ ᠯᠢ ᠺᠧ ᠴᠢᠶᠠᠩ᠂ ᠯᠢ ᠵᠠᠨ ᠱᠣ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠳᠠᠶᠢᠯᠠᠯᠭ᠎ᠠ ᠳᠤ ᠣᠷᠣᠯᠴᠠᠵᠠᠢ᠃        ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ      ᠳᠠᠶᠢᠯᠠᠯᠭ᠎ᠠ ᠡᠬᠢᠯᠡᠬᠦ ᠦᠶ᠎ᠡ ᠳᠤ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠤ ᠰᠠᠶᠢᠳ ᠸᠧᠢ ᠹᠧᠩ ᠾᠧ ᠪᠠᠶᠠᠷ ᠤᠨ ᠦᠭᠡ ᠬᠡᠯᠡᠪᠡ᠃  ᠶᠡᠷᠦᠩᠬᠡᠢ ᠱᠦᠵᠢ ᠰᠢ ᠶᠢᠨ ᠫᠢᠩ ᠤᠨ ᠨᠠᠶᠢᠳᠠᠯᠭ᠎ᠠ ᠪᠠᠷ᠂ ᠸᠧᠢ ᠹᠧᠩ ᠾᠧ ᠡᠩ ᠲᠡᠷᠢᠭᠦᠨ ᠳᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ᠂ ᠠᠷᠠᠳ ᠤᠨ ᠴᠢᠯᠦᠭᠡᠯᠡᠬᠦ ᠴᠡᠷᠢᠭ ᠤᠨ ᠪᠦᠬᠦ ᠵᠢᠯᠣᠭᠤᠳᠤᠭᠴᠢ ᠪᠠᠶᠢᠯᠳᠤᠭᠴᠢᠳ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠᠨ ᠤ ᠬᠥᠮᠥᠰ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠡᠯ᠎ᠡ ᠴᠠᠭ ᠦᠶ᠎ᠡ ᠳᠤ ᠠᠷᠠᠳ ᠤᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠦᠭᠰᠡᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ᠂ ᠠᠬᠠᠮᠠᠳ ᠪᠠᠶᠢᠯᠳᠤᠭᠴᠢ᠂ ᠴᠡᠷᠢᠭ ᠠᠴᠠ ᠬᠠᠯᠠᠭᠳᠠᠭᠰᠠᠳ ᠴᠡᠷᠢᠭ ᠠᠴᠠ ᠪᠠᠭᠤᠭᠰᠠᠳ᠂ ᠬᠤᠪᠢᠰᠬᠠᠯᠲᠤ ᠵᠡᠮᠳᠡᠭ ᠴᠡᠷᠢᠭ ᠪᠣᠯᠣᠨ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ  ᠬᠢᠨ ᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠵᠦ᠂ ︽8·1·1 ᠤ ᠭᠠᠪᠢᠶᠠᠨ ᠲᠡᠮᠳᠡᠭ︾ ᠭᠥᠷᠳᠡᠭᠰᠡᠨ ᠨᠥᠬᠦᠳ ᠲᠤ᠂ ᠪᠦᠬᠦ ᠴᠡᠷᠢᠭ ᠤᠨ ᠪᠠᠭᠠᠲᠤᠷ ᠵᠢᠱᠢᠶᠡᠴᠢ ᠶᠢᠨ ᠲᠥᠯᠥᠭᠡᠯᠡᠭᠴᠢ᠂ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠶᠢᠨ ᠲᠥᠯᠥᠭᠡᠯᠡᠭᠴᠢ᠂ ᠪᠦᠬᠦ ᠤᠯᠤᠰ ᠤᠨ ᠵᠢᠱᠢᠶᠡᠴᠢ ᠴᠡᠷᠢᠭ ᠠᠴᠠ ᠬᠠᠯᠠᠭᠳᠠᠭᠰᠠᠨ ᠺᠠᠳ᠋ᠷᠴᠤᠳ ᠤᠨ ᠲᠥᠯᠥᠭᠡᠯᠡᠭᠴᠢ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠨᠥᠬᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠤᠷᠳᠤ ᠬᠤᠭᠤᠴᠠᠭ᠎ᠠ ᠪᠠᠷ ᠬᠠᠯᠠᠮᠵᠢᠯᠠᠨ ᠳᠡᠮᠵᠢᠭᠰᠡᠨ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠠᠷᠠᠳ ᠤᠨ ᠪᠦᠯᠬᠦᠮ ᠳᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠵᠦ᠂ ᠳᠠᠶᠢᠯᠠᠯᠭ᠎ᠠ ᠳᠤ ᠣᠷᠣᠯᠴᠠᠭᠰᠠᠨ ᠳᠤᠮᠳᠠᠳᠤ ᠤᠯᠤᠰ ᠲᠤ ᠰᠠᠭᠤᠭ᠎ᠠ ᠡᠯ᠎ᠡ ᠤᠯᠤᠰ ᠤᠨ ᠴᠡᠷᠢᠭ ᠤᠨ ᠡᠯᠴᠢᠨ ᠵᠢᠴᠢ ᠬᠦᠷᠦᠯᠴᠡᠨ ᠢᠷᠡᠭᠰᠡᠨ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃        ᠸᠧᠢ ᠹᠧᠩ ᠾᠧ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠣᠭᠴᠠᠯᠠᠨ ᠪᠠᠶᠢᠭᠤᠯᠤᠭᠰᠠᠨ ᠠᠷᠠᠳ ᠤᠨ ᠴᠡᠷᠢᠭ ᠠᠩᠭᠢ ᠮᠥᠨ᠃ 95 ᠵᠢᠯ ᠤᠨ ᠲᠤᠷᠰᠢ᠂ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠠᠭᠠᠲᠤᠷᠯᠢᠭ ᠠᠷᠠᠳ ᠤᠨ ᠴᠡᠷᠢᠭ ᠠᠩᠭᠢ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠦᠭᠡᠯᠡᠯᠲᠡ᠂ ᠤᠯᠤᠰ ᠤᠨ ᠪᠠᠶᠠᠵᠢᠯ ᠬᠦᠴᠦᠷᠬᠡᠭᠵᠢᠯ ᠳᠤ ᠪᠠᠯᠠᠷᠠᠰᠢ ᠦᠭᠡᠢ ᠭᠠᠪᠢᠶ᠎ᠠ ᠵᠢᠳᠬᠦᠯ ᠪᠠᠶᠢᠭᠤᠯᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠳᠤ ᠬᠦᠴᠦᠷᠬᠡᠭ ᠶᠡᠭᠡ ᠲᠤᠯᠭᠠᠭᠤᠷᠢᠯᠠᠯ ᠬᠠᠩᠭᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠠᠮᠤᠷ ᠲᠣᠭᠲᠠᠭᠤᠨ ᠢ ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠭᠡᠵᠦ ᠢᠯᠡᠳᠬᠡᠵᠡᠢ᠃      ᠸᠧᠢ ᠹᠧᠩ ᠾᠧ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂ ᠪᠦᠬᠦ ᠴᠡᠷᠢᠭ ᠢᠶᠠᠷ ᠢᠶᠠᠨ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠢ ᠬᠦᠴᠦᠷᠬᠡᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠲᠦᠷᠭᠡᠳᠬᠡᠵᠦ᠂ ᠮᠠᠨ ᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠲᠠᠢ ᠵᠣᠬᠢᠴᠠᠭᠰᠠᠨ᠂ ᠤᠯᠤᠰ ᠤᠨ ᠠᠮᠤᠷ ᠲᠦᠪᠰᠢᠨ ᠪᠠ ᠬᠥᠭᠵᠢᠯᠲᠡ ᠶᠢᠨ ᠠᠰᠢᠭ ᠲᠤᠰᠠ ᠲᠠᠢ ᠵᠣᠬᠢᠴᠠᠭᠰᠠᠨ ᠪᠠᠲᠤ ᠪᠠᠬᠢ ᠤᠯᠤᠰ ᠤᠨ ᠪᠠᠲᠤᠯᠠᠨ ᠬᠠᠮᠠᠭᠠᠯᠠᠯᠲᠠ ᠪᠠ ᠬᠦᠴᠦᠷᠬᠡᠭ ᠶᠡᠭᠡ ᠠᠷᠠᠳ ᠤᠨ ᠴᠡᠷᠢᠭ ᠠᠩᠭᠢ ᠶᠢ ᠴᠢᠷᠮᠠᠶᠢᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ ᠪᠠᠶᠠᠷ ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ ᠳᠤᠮᠳᠠᠳᠤ ᠭᠠᠳᠠᠭᠠᠳᠤ ᠶᠢᠨ ᠵᠣᠴᠢᠳ ᠬᠤᠨᠳᠠᠭ᠎ᠠ ᠡᠷᠭᠦᠨ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠤᠢ ᠳᠤ ᠪᠠᠶᠠᠷ ᠬᠦᠷᠭᠡᠵᠦ᠂ ᠳᠤᠮᠳᠠᠳᠤ ᠤᠯᠤᠰ ᠤᠨ ᠬᠥᠭᠵᠢᠯ ᠴᠡᠴᠡᠭᠯᠡᠯ ᠢ ᠵᠥᠩᠨᠡᠵᠦ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠣᠯᠣᠨ ᠳᠡᠯᠡᠬᠡᠢ ᠶᠢᠨ ᠡᠯ᠎ᠡ ᠤᠯᠤᠰ ᠤᠨ ᠴᠡᠷᠢᠭ ᠠᠩᠭᠢ ᠶᠢᠨ ᠨᠥᠬᠦᠷᠯᠡᠯ ᠮᠥᠩᠬᠡᠷᠡᠬᠦ ᠶᠢ ᠵᠥᠩᠨᠡᠪᠡ᠃ ‍ᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ᠂ ᠨᠠᠮ ᠪᠣᠯᠣᠨ ᠤᠯᠤᠰ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠳᠤᠷᠢᠳᠬᠤ ᠲᠤᠰᠢᠶᠠᠯ ᠢ ᠡᠭᠦᠷᠭᠡᠯᠡᠵᠦ ᠥᠩᠭᠡᠷᠡᠭᠰᠡᠨ ᠴᠡᠷᠢᠭ ᠠᠩᠭᠢ ᠶᠢᠨ ᠠᠬᠠᠮᠠᠳ ᠨᠥᠬᠦᠳ ᠳᠠᠶᠢᠯᠠᠯᠭ᠎ᠠ ᠳᠤ ᠣᠷᠣᠯᠴᠠᠵᠠᠢ᠃ ᠳᠠᠶᠢᠯᠠᠯᠭ᠎ᠠ ᠳᠤ ᠣᠷᠣᠯᠴᠠᠭᠰᠠᠳ ᠲᠤ ᠪᠠᠰᠠ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ ᠨᠥᠬᠦᠳ ᠵᠢᠴᠢ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠴᠢᠯᠦᠭᠡᠯᠡᠬᠦ ᠴᠡᠷᠢᠭ ᠤᠨ ᠪᠡᠭᠡᠵᠢᠩ ᠳᠤ ᠰᠠᠭᠤᠭ᠎ᠠ ᠡᠯ᠎ᠡ ᠶᠡᠭᠡ ᠨᠢᠭᠡᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠬᠠᠷᠢᠭᠤᠴᠠᠯᠭᠠᠲᠠᠨ ᠨᠥᠬᠦᠳ ᠪᠤᠢ︔ ᠴᠡᠷᠢᠭ ᠠᠩᠭᠢ ᠶᠢᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠤᠨ ᠲᠥᠯᠥᠭᠡᠯᠡᠭᠴᠢ᠂ ︽8·1·1 ᠤ ᠭᠠᠪᠢᠶᠠᠨ ᠲᠡᠮᠳᠡᠭ︾  ᠬᠦᠷᠲᠡᠭᠰᠡᠳ᠂ ᠪᠦᠬᠦ ᠴᠡᠷᠢᠭ ᠤᠨ ᠪᠠᠭᠠᠲᠤᠷ ᠵᠢᠱᠢᠶᠡᠴᠢ᠂ ᠨᠡᠶᠢᠰᠯᠡᠯ ᠤᠨ ᠡᠷᠦᠬᠡ ᠶᠢᠨ ᠴᠡᠷᠢᠭ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂  ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ᠂ ᠤᠤᠯ ᠤᠨ ᠭᠤᠮᠢᠨᠳᠠᠩ ᠤᠨ ᠪᠣᠰᠣᠯᠭ᠎ᠠ ᠶᠢᠨ ᠬᠥᠮᠥᠰ ᠤᠨᠲᠥᠯᠥᠭᠡᠯᠡᠭᠴᠢ ᠵᠢᠴᠢ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠴᠡᠷᠢᠭ ᠤᠨ ᠡᠯᠴᠢᠨ ᠨᠠᠷ ᠪᠤᠢ᠃  
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号