ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠤᠳᠠ ᠲᠣᠭᠤᠷᠢᠭ ᠨᠡᠶᠢᠲᠡ 2. | 6 ᠲᠦᠮᠡ ᠭᠠᠷᠤᠶ ᠬᠥᠮᠦᠨ ᠤᠳᠠᠭ᠎ᠠ ᠵᠤᠭᠠᠴᠠᠭᠰᠠᠳ ᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ | 270% ᠪᠠᠷ ᠨᠡᠮᠡᠭᠳᠡᠪᠡ︔ ᠵᠢᠭᠤᠯᠴᠢᠯᠠᠯ ᠤᠨ ᠣᠷᠣᠯᠭ᠎ᠠ 50 ᠭᠠᠷᠤᠶ ᠲᠦᠮᠡᠨ ᠲᠥᠭᠦᠷᠢᠭ ᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 8 % ᠪᠠᠷ ᠨᠡᠮᠡᠭᠳᠡᠪᠡ᠃ ᠡᠭᠦᠨ ᠳᠤ᠂ ᠬᠥᠳᠡᠭᠡ ᠲᠣᠰᠬᠤᠨ ᠤ | ᠵᠢᠭᠤᠯᠴᠢᠯᠠᠯ ᠤᠨ ᠭᠥᠯᠢᠶᠡᠨ ᠠᠪᠬᠤ ᠡᠷᠦᠬᠡ 1 ᠲᠦᠮᠡᠨ ᠬᠥᠮᠦᠨ ᠤᠳᠠᠭ᠎ᠠ ᠵᠤᠭᠠᠴᠠᠭᠰᠠᠳ ᠢ ᠭᠥᠯᠢᠶᠡᠨ ᠠᠪᠴᠤ᠂ | ᠵᠢᠭᠤᠯᠴᠢᠯᠠᠯ ᠤᠨ ᠣᠷᠣᠯᠭ᠎ᠠ 18 ᠲᠦᠮᠡᠨ ᠲᠥᠭᠦᠷᠢᠭ ᠲᠤ ᠬᠦᠷᠴᠡᠶ︔ ᠵᠢᠢ ᠣᠣ ᠨᠢ ᠦᠵᠡᠮᠵᠢ ᠶᠢᠨ ᠣᠷᠣᠨ᠂ | ᠪᠣᠬᠢᠷᠲᠤᠯ ᠥᠬᠡᠶ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠵᠡᠷᠭᠡ A ᠲᠠᠰ ᠤᠨ ᠦᠵᠡᠮᠵᠢ ᠶᠢᠨ | ᠣᠷᠣᠨ ᠳᠤ ᠵᠤᠭᠠᠴᠠᠭᠰᠠᠳ ᠢ 0.3 ᠲᠦᠮᠡ ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ | ᠣᠷᠣᠯᠭ᠎ᠠ 11 ᠲᠦᠮᠡᠨ ᠲᠥᠭᠦᠷᠢᠭ ᠲᠤ ᠬᠦᠷᠴᠡᠶ︔ ᠯᠠᠨ ᠲᠢᠩ ᠠᠭᠤᠳᠠᠮ ᠲᠠᠯᠠᠪᠠᠶ᠂ ᠱᠠ ᠰᠢᠩ ᠸᠧᠨ | ᠬᠡᠭᠡᠷ᠎ᠡ ᠶᠢᠨ ᠰᠠᠭᠤᠷᠢᠨ ᠭᠠᠵᠠᠷ᠂ ᠱᠢ ᠪᠠ ᠸᠧᠶ ᠭᠤᠤᠯ ᠰᠡᠳᠦᠪᠲᠦ ᠬᠤᠭᠤᠯᠠᠨ ᠬᠡᠷ ᠵᠡᠷᠭᠡ ᠬᠥᠳᠡᠭᠡ ᠲᠣᠰᠬᠤᠨ ᠤ | ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠵᠤᠭᠠᠴᠠᠭᠰᠠᠳ ᠢ 1.3 ᠲᠦᠮᠡ ᠭᠠᠷᠤᠶ ᠬᠥᠮᠦᠨ ᠤᠳᠠᠭ᠎ᠠ ᠭᠥᠯᠢᠶᠡᠨ | ᠠᠪᠴᠤ᠂ ᠵᠢᠭᠤᠯᠴᠢᠯᠠᠯ ᠤᠨ ᠣᠷᠣᠯᠭ᠎ᠠ 21 ᠲᠦᠮᠡᠨ ᠲᠥᠭᠦᠷᠢᠭ ᠲᠤ ᠬᠦᠷᠴᠡᠶ᠃ |