ᠤᠳᠠᠭᠠᠨ ᠰᠠᠭᠤᠬᠤ ᠨᠢ ᠡᠷᠡᠭᠦᠯ ᠮᠡᠨᠳᠤ ᠳᠤ ᠶᠡᠭᠡ ᠮᠠᠭᠤ
ᠨᠡᠶᠢᠲᠡᠯᠡᠭᠰᠡᠨ ᠴᠠᠭ᠄
2023/10/30
     ᠤᠳᠠᠭᠠᠨ ᠰᠠᠭᠤᠬᠤ ᠨᠢ ᠪᠡᠶ᠎ᠡ ᠮᠠᠬᠠᠪᠤᠳ ᠲᠤ ᠬᠡᠳᠦᠢ ᠶᠡᠭᠡ ᠬᠤᠣᠷ ᠬᠥᠨᠥᠭᠡᠯ ᠲᠠᠢ ᠪᠤᠢ︖ ᠶᠠᠫᠤᠨ ᠤ ᠫᠷᠤᠹᠧᠰᠰᠤᠷ ᠣᠶᠢᠷ᠎ᠠ ᠳᠤ ᠶᠠᠫᠤᠨ ᠤ ︽ᠡᠳᠦᠷ ᠪᠦᠷᠢ ᠶᠢᠨ ᠰᠣᠨᠢᠨ ᠮᠡᠳᠡᠭᠡ︾ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠤᠳᠠᠭᠠᠨ ᠰᠠᠭᠤᠬᠤ ᠨᠢ ᠦᠬᠦᠬᠦ ᠠᠶᠤᠯ ᠲᠠᠢ ᠨᠢᠭᠲᠠ ᠬᠤᠯᠪᠤᠭ᠎ᠠ ᠲᠠᠢ ᠪᠠᠶᠢᠳᠠᠭ᠂ ᠪᠠᠶᠢᠨ ᠪᠠᠶᠢᠨ ᠪᠣᠰᠴᠤ ᠬᠥᠳᠡᠯᠭᠡᠭᠡᠨ ᠬᠢᠬᠦ ᠨᠢ ᠡᠷᠡᠭᠦᠯ ᠮᠡᠨᠳᠦ ᠳᠤ ᠨᠠᠩ ᠠᠰᠢᠭᠲᠠᠢ ᠶᠤᠮ ᠭᠡᠵᠦ ᠢᠯᠡᠳᠬᠡᠪᠡ᠃      ᠲᠤᠰᠬᠠᠢ ᠮᠡᠷᠭᠡᠵᠢᠯᠲᠡᠨ᠂ ᠤᠳᠠᠭᠠᠨ ᠰᠠᠭᠤᠬᠤ ᠨᠢ ᠦᠬᠦᠬᠦ ᠠᠶᠤᠯ ᠲᠠᠢ ᠨᠢᠭᠲᠠ ᠬᠤᠯᠪᠤᠭ᠎ᠠ ᠲᠠᠢ᠂ ᠡᠨᠡ ᠨᠢ ᠨᠢᠭᠡᠨᠲᠡ ᠤᠯᠠᠮ ᠠᠴᠠ ᠤᠯᠠᠮ ᠲᠣᠳᠣᠷᠬᠠᠢ ᠪᠣᠯᠵᠠᠢ᠃ ᠬᠡᠲᠦᠷᠬᠡᠢ ᠤᠳᠠᠭᠠᠨ ᠰᠠᠭᠤᠬᠤ ᠨᠢ ᠪᠡᠶ᠎ᠡ ᠮᠠᠬᠠᠪᠤᠳ ᠲᠤ ᠬᠤᠣᠷ ᠬᠥᠨᠥᠭᠡᠯ ᠲᠠᠢ ᠪᠠᠶᠢᠬᠤ ᠶᠢᠨ ᠨᠢᠭᠡᠨ ᠭᠤᠣᠯ ᠰᠢᠯᠲᠠᠭᠠᠨ ᠨᠢ ᠳᠠᠷᠤᠢ ᠬᠥᠮᠥᠨ ᠤ ᠪᠡᠶ᠎ᠡ ᠶᠢᠨ ᠡᠵᠡᠯᠡᠬᠦᠨ ᠢᠶᠠᠷ ᠨᠡᠯᠢᠶᠡᠳ ᠶᠡᠭᠡ ᠪᠤᠯᠴᠢᠩ ᠪᠤᠯᠬᠤ ᠬᠥᠯ ᠤᠨ ᠪᠤᠯᠴᠢᠩ ᠨᠢ ᠬᠥᠳᠡᠯᠭᠡᠭᠡᠨ ᠬᠢᠵᠦ ᠳᠡᠶᠢᠯᠭᠦ ᠦᠭᠡᠢ ᠳᠤ ᠪᠠᠶᠢᠨ᠎ᠠ᠃ ᠡᠨᠡ ᠨᠢ ᠰᠣᠯᠢᠯᠴᠠᠭ᠎ᠠ ᠶᠢ ᠮᠠᠭᠤᠳᠠᠭᠤᠯᠵᠤ᠂ ᠴᠢᠰᠤᠨ ᠤ ᠤᠷᠤᠰᠬᠠᠯ ᠤᠨ ᠬᠡᠮᠵᠢᠶ᠎ᠡ ᠶᠢ ᠪᠠᠭᠤᠷᠠᠭᠤᠯᠤᠨ᠂ ᠴᠢᠰᠤᠨ ᠰᠢᠬᠢᠷ ᠤᠨ ᠬᠡᠮᠵᠢᠶ᠎ᠡ ᠶᠢ ᠥᠨᠳᠥᠷ ᠪᠤᠯᠭᠠᠵᠤ᠂ ᠴᠢᠰᠤᠨ ᠳᠠᠷᠤᠯᠲᠠ ᠶᠢ ᠴᠤ ᠨᠥᠯᠥᠭᠡᠯᠡᠨ᠎ᠡ ᠭᠡᠵᠡᠢ᠃      ᠲᠤᠰᠬᠠᠢ ᠮᠡᠷᠭᠡᠵᠢᠯᠲᠡᠨ᠄ ︽ᠰᠠᠭᠤᠬᠤ ᠨᠢ ᠮᠠᠭᠤ ᠭᠡᠰᠡᠨ ᠦᠭᠡ ᠪᠢᠰᠢ᠂ ᠬᠠᠷᠢᠨ  ᠤᠷᠲᠤ ᠬᠤᠭᠤᠴᠠᠭ᠎ᠠ  ᠪᠠᠷ ᠰᠠᠭᠤᠵᠤ ᠠᠮᠠᠷᠠᠬᠤ ᠦᠭᠡᠢ ᠪᠠᠶᠢᠵᠤ ᠪᠤᠯᠬᠤ ᠦᠭᠡᠢ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠬᠡᠳᠦᠶᠢᠪᠡᠷ ᠰᠠᠭᠤᠭᠰᠠᠨ ᠶᠡᠷᠦᠩᠬᠡᠢ ᠴᠠᠭ ᠤᠨ ᠣᠷᠳᠣ ᠨᠢ ᠠᠳᠠᠯᠢ ᠪᠤᠯᠪᠠᠴᠤ᠂ ᠣᠷᠳᠣ ᠬᠤᠭᠤᠴᠠᠭ᠎ᠠ ᠪᠠᠷ ᠵᠠᠯᠭᠠᠭ᠎ᠠ ᠪᠠᠷ ᠰᠠᠭᠤᠭᠰᠠᠨ ᠪᠠ ᠳᠤᠮᠳᠠ ᠨᠢ ᠠᠮᠠᠷᠠᠵᠤ ᠪᠠᠶᠢᠭᠠᠳ ᠲᠠᠭᠢᠨ ᠰᠠᠭᠤᠭᠰᠠᠨ ᠬᠥᠮᠥᠨ ᠤ ᠦᠬᠦᠬᠦ ᠲᠦᠭᠰᠢᠭᠦᠷᠢ ᠠᠳᠠᠯᠢ ᠦᠭᠡᠢ ᠪᠠᠶᠢᠳᠠᠭ︾ ᠭᠡᠵᠡᠢ᠃      ᠲᠤᠰᠬᠠᠢ ᠮᠡᠷᠭᠡᠵᠢᠯᠲᠡᠨ ᠤ ᠰᠠᠨᠠᠭᠤᠯᠤᠮᠵᠢ᠄ 30 ᠮᠢᠨᠦ᠋ᠲ ᠰᠠᠭᠤᠬᠤ ᠪᠦᠷᠢ ᠪᠣᠰᠴᠤ 3 ᠮᠢᠨᠦ᠋ᠲ ᠣᠷᠴᠢᠮ ᠬᠥᠳᠡᠯᠭᠡᠭᠡᠨ ᠬᠢᠵᠦ᠂ ᠠᠳᠠᠭ ᠲᠠᠭᠠᠨ 1 ᠴᠠᠭ ᠰᠠᠭᠤᠬᠤ ᠪᠦᠷᠢ 5 ᠮᠢᠨᠦ᠋ᠲ ᠣᠷᠴᠢᠮ ᠬᠥᠳᠡᠯᠭᠡᠭᠡᠨ ᠬᠢᠭᠡᠷᠡᠢ᠂ ᠡᠭᠦᠨ ᠳᠤ ᠣᠷᠣᠨ ᠳᠠᠭᠠᠨ ᠠᠯᠬᠤᠬᠤ᠂ ᠣᠴᠣᠶᠢᠵᠤ ᠰᠠᠭᠤᠬᠤ᠂ ᠪᠠᠶᠢᠨ ᠪᠠᠶᠢᠨ ᠥᠨᠳᠡᠶᠢᠵᠦ ᠵᠤᠬᠰᠤᠬᠤ ᠵᠡᠷᠭᠡ ᠬᠥᠳᠡᠯᠭᠡᠭᠡᠨ ᠬᠢᠪᠡᠯ ᠵᠣᠬᠢᠨ᠎ᠠ᠃                                        ᠢᠷᠡᠯᠲᠡ᠄ ᠰᠢᠨᠬᠤᠸᠠ ᠬᠤᠷᠢᠶ᠎ᠠ                                        ᠣᠷᠴᠢᠭᠤᠯᠤᠭᠴᠢ᠄  ᠬᠤᠷᠴᠠ                                        ᠭᠦᠢᠴᠡᠳᠬᠡᠭᠰᠡᠨ ᠨᠠᠶᠢᠷᠠᠭᠤᠯᠤᠭᠴᠢ᠄ ᠠᠷᠢᠭᠤᠨ᠎ᠠ                                        ᠠᠩᠬᠠᠨ ᠤ ᠬᠢᠨᠠᠭᠴᠢ᠄ ᠦᠨᠡᠨᠵᠢᠷᠭᠠᠯ                                        ᠡᠴᠦᠰ ᠤᠨ ᠬᠢᠨᠠᠭᠴᠢ᠄ ᠯᠢ ᠰᠠᠷᠠᠭᠤᠯ
 
ᠢᠷᠡᠯᠲᠡ᠄ ᠬᠥᠯᠥᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号