ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠤᠳᠠ ᠲᠣᠭᠤᠷᠢᠭ ᠤᠨ ᠠᠷᠠᠳ ᠤᠨ | ᠡᠮᠨᠡᠯᠭᠡ ᠶᠢᠨ ᠬᠤᠷᠢᠶᠠᠨ ᠤ ᠨᠢᠭᠲᠠ ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠤᠳᠠ ᠵᠠᠰᠠᠭ ᠠᠯᠪᠠᠨ ᠲᠠᠷᠬᠠᠭᠠᠭᠰᠠᠨ ﹇2020﹈ 14 ᠳ᠋ᠦ᠋ᠭᠡᠷ ᠲᠣᠭᠠᠲᠤ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠄ | ︽ᠤᠳᠠ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠨᠢᠭᠲᠠ ᠬᠡᠯᠪᠡᠷᠢ ᠶᠢᠨ ᠡᠮᠴᠢᠯᠡᠭᠡᠨ ᠤ | ᠦᠢᠯᠡᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ | ᠨᠢᠭᠡᠨᠲᠡ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2023 ᠣᠨ ᠤ 5 ᠰᠠᠷ᠎ᠠ ᠶᠢᠨ 15 ᠤ ᠡᠳᠦᠷ | ᠤᠳᠠ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠨᠢᠭᠲᠠ ᠬᠡᠯᠪᠡᠷᠢ ᠶᠢᠨ ᠡᠮᠴᠢᠯᠡᠭᠡᠨ ᠤ | ᠦᠢᠯᠡᠴᠢᠯᠡᠭᠡ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠦᠰᠦᠯ | ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ ᠂ ᠣᠷᠣᠨ ᠪᠦᠰᠡ ᠶᠢᠨ ᠡᠮᠴᠢᠯᠡᠭᠡᠨ ᠤ ᠦᠢᠯᠡᠴᠢᠯᠡᠭᠡᠨ ᠤ ᠬᠠᠮᠲᠤ ᠶᠢᠨ ᠴᠣᠭᠴᠠ ᠶᠢ | ᠰᠦᠪᠡᠭᠴᠢᠯᠡᠨ ᠪᠠᠶᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠦᠨᠡᠨᠬᠦ ᠲᠥᠬᠦᠮ ᠦᠵᠡᠭᠦᠯᠵᠦ᠂ ᠤᠳᠠ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠭᠰᠡᠨ ᠨᠢᠭᠲᠠ ᠬᠡᠯᠪᠡᠷᠢ ᠶᠢᠨ ᠡᠮᠴᠢᠯᠡᠭᠡᠨ ᠤ | ᠦᠢᠯᠡᠴᠢᠯᠡᠭᠡᠨ ᠤ ᠬᠠᠮᠲᠤ ᠶᠢᠨ ᠴᠣᠭᠴᠠ ︵ᠳᠣᠷᠣᠭᠰᠢ ︽ᠡᠮᠴᠢᠯᠡᠭᠡᠨ ᠤ ᠬᠠᠮᠲᠤ ᠶᠢᠨ ᠴᠣᠭᠴᠠ︾ ᠭᠡᠵᠦ | ᠲᠣᠪᠴᠢᠯᠠᠨ᠎ᠠ︶ ᠶᠢ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠭᠤᠷᠪᠠᠨ | ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠬᠦ᠂ ᠱᠠᠲᠤ ᠬᠤᠪᠢᠶᠠᠨ ᠣᠨᠣᠰᠢᠯᠠᠨ ᠡᠮᠨᠡᠬᠦ᠂ ᠬᠤᠤᠰ ᠴᠢᠭᠯᠡᠯ ᠢᠶᠠᠷ | ᠰᠢᠯᠵᠢᠭᠦᠯᠦᠨ ᠣᠨᠣᠰᠢᠯᠠᠬᠤ᠂ ᠲᠦᠷᠭᠡᠨ ᠤᠳᠠᠭᠠᠨ ᠴᠢᠨᠠᠷᠲᠠᠶ ᠡᠪᠡᠳᠴᠢᠨ ᠢ ᠰᠠᠯᠭᠠᠨ ᠵᠠᠰᠠᠬᠤ ᠠᠵᠢᠯ ᠤᠨ ᠬᠠᠷᠠᠯᠲᠠ | ᠶᠢ ᠪᠡᠶᠡᠯᠡᠭᠦᠯᠬᠦ ᠶᠢᠨ ᠲᠤᠰᠠᠳᠠ᠂ ᠡᠳᠦᠭᠡ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ | ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ | ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠶᠡᠷᠦᠩᠬᠡᠶ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠡᠮᠴᠢᠯᠡᠭᠡᠨ ᠤ ᠬᠤᠯᠪᠣᠭᠠᠲᠤ ᠴᠣᠭᠴᠠ ᠶᠢᠨ | ᠪᠠᠶᠢᠭᠤᠯᠤᠯᠲᠠ ᠪᠠ ᠬᠥᠭᠵᠢᠯᠲᠡ ᠶᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠣᠰᠣᠭᠠᠷ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠪᠠᠷ ᠰᠠᠭᠤᠷᠢ ᠪᠣᠯᠭᠠᠭᠰᠠᠨ | ᠰᠢᠨ᠎ᠡ ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ | ᠶᠢᠨ ︽ᠡᠭᠦᠳᠡ ᠰᠠᠬᠢᠭᠴᠢ︾ ᠶᠢᠨ ᠴᠢᠳᠠᠪᠤᠷᠢ ᠶᠢ ᠴᠢᠩᠭᠠᠷᠠᠭᠤᠯᠤᠨ᠂ ︽ᠠᠷᠠᠳ ᠣᠯᠠᠨ ᠤ ᠬᠡᠷ ᠤᠨ | ᠡᠭᠦᠳᠡᠨ ᠳᠠᠬᠢ ᠡᠮᠨᠡᠯᠭᠡ ᠶᠢᠨ ᠬᠤᠷᠢᠶ᠎ᠠ︾ ᠶᠢ ᠰᠠᠶᠢᠲᠤᠷ ᠪᠠᠶᠢᠭᠤᠯᠵᠤ᠂ ᠡᠷᠡᠭᠦᠯ ᠬᠠᠮᠠᠭᠠᠯᠠᠯ ᠬᠢᠭᠡᠳ ᠡᠷᠡᠭᠦᠯ | ᠮᠡᠨᠳᠦ ᠶᠢᠨ ᠦᠢᠯᠡᠰ ᠤᠨ ᠬᠥᠭᠵᠢᠯᠲᠡ ᠶᠢ ︽ᠡᠪᠡᠳᠴᠢᠨ ᠵᠠᠰᠠᠬᠤ ᠪᠠᠷ ᠭᠤᠤᠯ ᠪᠣᠯᠭᠠᠬᠤ︾ ᠠᠴᠠ ︽ᠡᠷᠡᠭᠦᠯ | ᠮᠡᠨᠳᠦ ᠪᠠᠷ ᠭᠤᠤᠯ ᠪᠣᠯᠭᠠᠬᠤ︾ ᠳᠠᠰᠢ ᠬᠤᠪᠢᠷᠠᠭᠤᠯᠬᠤ ᠶᠢ ᠠᠬᠢᠭᠤᠯᠵᠤ᠂ ᠠᠷᠠᠳ ᠣᠯᠠᠨ ᠳᠤ ᠪᠥᠬᠦ ᠲᠠᠯ᠎ᠠ ᠶᠢᠨ᠂ | ᠪᠥᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠬᠠᠷᠠᠯᠲᠠ ᠶᠢ ᠠᠯᠬᠤᠮ | ᠠᠯᠬᠤᠮ ᠢᠶᠠᠷ ᠪᠡᠶᠡᠯᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ | 1. ᠨᠡᠶᠢᠲᠡ ᠶᠢᠨ ᠠᠰᠠᠷᠠᠮᠵᠢ ᠶᠢ ᠪᠠᠷᠢᠮᠲᠠᠯᠠᠨ᠂ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠵᠠᠰᠠᠭ ᠤᠨ | ᠣᠷᠳᠣᠨ ᠡᠮᠨᠡᠯᠭᠡ ᠡᠷᠬᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠤᠪᠢᠷᠠᠭᠤᠯᠬᠤ ᠦᠭᠡᠶ ᠪᠠᠶᠢᠬᠤ ᠶᠢ | ᠪᠠᠷᠢᠮᠲᠠᠯᠠᠨ᠂ ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠢ | ᠦᠨᠡᠨᠬᠦ ᠬᠠᠮᠠᠭᠠᠯᠠᠬᠤ ᠪᠠ ᠪᠠᠲᠤᠯᠠᠬᠤ ᠬᠡᠷᠡᠭᠲᠡᠶ᠃ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠭᠤᠷᠪᠠᠨ | ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠬᠦ ᠥᠭᠡᠷᠡᠴᠢᠯᠡᠯᠲᠡ ᠶᠢ ᠪᠠᠷᠢᠮᠲᠠᠯᠠᠵᠤ᠂ ᠲᠣᠭᠲᠠᠴᠠ ᠶᠢᠨ ᠰᠢᠨ᠎ᠡ ᠶᠢ | ᠡᠭᠦᠳᠴᠦ᠂ ᠬᠥᠮᠦᠨ᠂ ᠡᠳ᠋᠂ ᠪᠣᠳᠠᠰ ᠭᠤᠷᠪᠠ ᠶᠢ ᠨᠢᠭᠡᠳᠦᠯᠲᠡᠶ ᠬᠠᠮᠢᠶᠠᠷᠬᠤ ᠶᠢ ᠬᠡᠷᠡᠭᠵᠢᠭᠦᠯᠵᠦ᠂ ᠡᠬᠢ | ᠪᠠᠶᠠᠯᠢᠭ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ | ᠬᠤᠭᠤᠷᠣᠨᠳᠣᠬᠢ ᠠᠵᠢᠯ ᠬᠤᠪᠢᠶᠠᠷᠢᠯᠠᠨ ᠬᠠᠮᠵᠢᠯᠴᠠᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ | ᠲᠡᠭᠦᠯᠳᠡᠷᠵᠢᠭᠦᠯᠦᠨ᠎ᠡ᠃ | 2. ᠡᠬᠢ ᠪᠠᠶᠠᠯᠢᠭ ᠢ ᠳᠣᠷᠣᠭᠰᠢ ᠪᠠᠭᠤᠯᠭᠠᠵᠤ᠂ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠤᠭᠤᠷᠢᠭ ᠤᠨ | ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠴᠢᠨᠠᠷ ᠰᠠᠶᠢᠲᠠᠶ ᠡᠬᠢ ᠪᠠᠶᠠᠯᠢᠭ ᠲᠥᠪᠯᠡᠷᠡᠭᠰᠡᠨ ᠳᠠᠪᠠᠭᠤᠯᠢᠭ ᠢ | ᠭᠦᠢᠴᠡᠳ ᠠᠰᠢᠭᠯᠠᠨ᠂ ᠮᠡᠷᠭᠡᠵᠢᠯ ᠤᠨ ᠵᠢᠯᠣᠭᠤᠳᠤᠯᠭ᠎ᠠ ᠬᠢᠬᠦ᠂ ᠴᠢᠳᠠᠪᠤᠷᠢᠲᠠᠨ ᠬᠥᠮᠦᠵᠢᠭᠦᠯᠬᠦ ᠵᠡᠷᠭᠡ ᠠᠷᠭ᠎ᠠ | ᠪᠠᠷᠢᠯ ᠢᠶᠠᠷ ᠳᠠᠮᠵᠢᠭᠤᠯᠤᠨ᠂ ᠦᠨᠳᠦᠰᠦᠨ ᠱᠠᠲᠤᠨ ᠳᠤ ᠮᠡᠷᠭᠡᠵᠢᠯ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ | ᠪᠠᠳᠠᠷᠠᠭᠤᠯᠤᠨ᠎ᠠ᠃ ᠡᠮᠴᠢᠯᠡᠭᠡᠨ ᠤ ᠬᠠᠮᠳᠣ ᠶᠢᠨ ᠴᠣᠠᠠᠴᠠ ᠶᠢᠨ ᠲᠣᠳᠣᠭᠠᠳᠣ ᠶᠢᠨ ᠨᠢᠭᠡᠳᠦᠯᠳᠡᠢ ᠬᠠᠮᠢᠶᠡᠷᠦᠯᠳᠡ ᠶᠢᠨ | ᠵᠬᠠᠪᠤᠷ ᠢ ᠵᠣᠷᠢᠠᠠᠵᠢᠭᠤᠯᠥᠨ᠂ ᠡᠷᠴᠢᠮᠵᠢᠭᠦᠯᠦᠭᠰᠡᠨ ᠳᠡᠪᠡᠭᠤᠯᠢᠭ ᠢᠶᠠᠨ ᠪᠠᠳᠡᠷᠡᠭᠤᠯᠵᠦ᠂ ᠣᠷᠣᠨ ᠪᠦᠰᠡ ᠶᠢᠨ | ᠡᠮᠴᠢᠯᠡᠭᠡᠨ ᠤ ᠡᠬᠢ ᠪᠠᠶᠠᠯᠢᠭ ᠢ ᠬᠠᠮᠳᠣᠪᠡᠷ ᠬᠦᠷᠲᠡᠬᠦ ᠶᠢ ᠠᠬᠢᠭᠤᠯᠥᠨ᠂ ᠰᠢᠨᠵᠢᠯᠡᠬᠦ ᠣᠬᠠᠭᠠᠨ ᠮᠡᠷᠭᠡᠵᠢᠯ ᠤᠨ | ᠬᠦᠳᠦᠯᠥᠨ ᠳᠠᠭᠠᠭᠤᠯᠬᠤ ᠪᠠ ᠲᠣᠯᠭᠠᠭᠤᠷᠢᠯᠠᠬᠤ ᠦᠢᠯᠡᠳᠣᠯ ᠢ ᠪᠠᠳᠡᠷᠡᠭᠤᠯᠵᠦ᠂ ᠡᠮᠴᠢᠯᠡᠭᠡᠨ ᠤ ᠦᠢᠯᠡᠴᠢᠯᠡᠭᠡᠨ ᠤ | ᠰᠢᠰᠲ᠋ᠧᠮᠵᠢ ᠶᠢᠨ ᠪᠦᠬᠦᠯᠢ ᠴᠣᠠᠠᠴᠠ ᠶᠢᠨ ᠴᠢᠳᠡᠪᠦᠷᠢ ᠪᠠ ᠦᠷ᠎ᠠ ᠪᠦᠳᠦᠮᠵᠢ ᠶᠢ ᠳᠡᠭᠡᠭᠰᠢᠯᠡᠬᠦᠯᠦᠨ᠎ᠡ᠃ | 3. ᠴᠢᠳᠠᠮᠵᠢ ᠶᠢ ᠨᠠᠶᠢᠳᠠᠪᠤᠷᠢᠵᠢᠭᠤᠯᠤᠨ᠂ ᠨᠢᠭᠡᠳᠦᠯᠲᠡᠶ ᠲᠥᠯᠥᠪᠯᠡᠨ ᠬᠥᠭᠵᠢᠭᠦᠯᠦᠨ᠎ᠡ᠃ ᠡᠮᠴᠢᠯᠡᠭᠡᠨ ᠤ | ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠮᠵᠢ ᠶᠢᠨ | ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠷᠬᠡ ᠶᠢ ᠨᠢᠭᠡᠳᠦᠯᠲᠡᠶ ᠪᠠᠶᠢᠯᠭᠠᠬᠤ ᠶᠢ | ᠴᠢᠬᠤᠯᠠᠴᠢᠯᠠᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠪᠣᠳᠠᠲᠠᠶ ᠠᠰᠢᠭ ᠲᠤᠰᠠ ᠶᠢ | ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠬᠤᠤᠰ ᠠᠮᠵᠢᠯᠲᠠ ᠶᠢ ᠪᠡᠶᠡᠯᠡᠭᠦᠯᠦᠨ᠎ᠡ᠃ ᠡᠮᠴᠢᠯᠡᠭᠡᠨ ᠤ | ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠮᠨᠡᠯᠭᠡ ᠶᠢᠨ ᠬᠤᠷᠢᠶ᠎ᠠ ᠬᠢᠭᠡᠳ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠦᠨᠡᠬᠢ ᠬᠠᠷᠢᠶᠠᠯᠠᠭᠳᠠᠬᠤ ᠬᠠᠷᠢᠴᠠᠭ᠎ᠠ ᠬᠢᠭᠡᠳ ᠣᠷᠣᠭᠤᠯᠤᠯᠲᠠ ᠶᠢᠨ | ᠠᠷᠭ᠎ᠠ ᠵᠠᠮ ᠢ ᠬᠤᠪᠢᠷᠠᠭᠤᠯᠬᠤ ᠥᠬᠡᠶ ᠪᠠᠶᠢᠵᠤ᠂ ᠬᠤᠶᠠᠷ ᠲᠠᠯ᠎ᠠ ᠪᠠᠷ ᠢᠶᠠᠨ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠤᠳᠤᠷᠢᠳᠤᠮᠵᠢ ᠳᠣᠤᠷ᠎ᠠ᠂ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠠᠷᠭ᠎ᠠ | ᠮᠠᠶ᠋ᠢᠭ ᠢᠶᠠᠷ ᠳᠠᠮᠵᠢᠭᠤᠯᠤᠨ ᠭᠡᠷ᠎ᠡ ᠶᠢᠨ ᠬᠠᠷᠢᠴᠠᠭ᠎ᠠ ᠪᠠᠶᠢᠭᠤᠯᠵᠤ᠂ ᠲᠣᠰ ᠲᠣᠰ ᠤᠨ ᠡᠷᠬᠡ ᠠᠰᠢᠭ ᠪᠠ ᠡᠭᠦᠷᠭᠡ ᠪᠠᠨ | ᠲᠣᠳᠣᠷᠬᠠᠶᠢᠯᠠᠬᠤ ᠶᠢᠨ ᠬᠠᠮᠲᠤ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠣᠯᠭᠤᠵᠤ᠂ | ᠡᠨᠡ ᠬᠦ ᠰᠠᠭᠤᠷᠢᠨ ᠳᠡᠭᠡᠷ᠎ᠡ ᠭᠤᠯᠳᠤ ᠪᠠᠷ ᠬᠠᠮᠲᠤᠷᠠᠯᠴᠠᠭ᠎ᠠ ᠥᠷᠨᠢᠭᠦᠯᠬᠦ ᠬᠡᠷᠡᠭᠲᠡᠶ᠃ | 4. ᠠᠯᠬᠤᠮ ᠳᠠᠷᠠᠭ᠎ᠠ ᠲᠠᠢ ᠪᠠᠷ ᠤᠷᠤᠭᠰᠢᠯᠠᠭᠤᠯᠵᠤ᠂ ᠢᠳᠡᠪᠬᠢᠲᠡᠶ ᠯᠠᠪᠳᠠᠭᠤᠨ ᠪᠠᠶᠢᠬᠤ ᠬᠡᠷᠡᠭᠲᠡᠶ᠃ | ᠭᠤᠣᠯᠳᠠᠭᠤ ᠲᠣᠭᠠᠴᠠᠭ᠎ᠠ ᠬᠢᠬᠦ ᠠᠷᠭ᠎ᠠ ᠮᠠᠶ᠋ᠢᠭ ᠢᠶᠠᠷ ᠬᠤᠯᠪᠣᠭᠠᠰᠤ ᠪᠣᠯᠭᠠᠵᠤ᠂ ᠳᠦᠷᠢᠮ ᠢᠶᠠᠷ ᠵᠢᠷᠤᠮᠵᠢᠯ ᠪᠣᠯᠭᠠᠵᠤ᠂ | ᠬᠠᠮᠢᠶᠠᠷᠤᠯᠲᠠ ᠪᠠᠷ ᠠᠷᠭ᠎ᠠ ᠪᠠᠷᠢᠯ ᠪᠣᠯᠭᠠᠵᠤ᠂ ᠮᠡᠷᠭᠡᠵᠢᠯ᠂ ᠠᠵᠢᠯᠲᠠᠨ᠂ ᠴᠤᠪᠤᠷᠠᠯ᠂ ᠮᠡᠳᠡᠭᠡ ᠵᠠᠩᠭᠢ ᠶᠢᠨ | ᠲᠠᠯ᠎ᠠ ᠶᠢᠨ ᠲᠤᠬᠠᠶᠢᠯᠠᠭᠰᠠᠨ ᠠᠵᠢᠯ ᠢ ᠡᠮᠬᠢᠯᠡᠨ ᠨᠡᠶᠢᠯᠡᠭᠦᠯᠬᠦ ᠪᠠᠷ ᠭᠠᠷᠳᠠᠨ ᠬᠢᠬᠦ ᠴᠡᠭ ᠪᠣᠯᠭᠠᠵᠤ᠂ ᠴᠡᠭ ᠢᠶᠠᠷ | ᠨᠡᠶᠢᠳᠡᠮ ᠢ ᠠᠬᠢᠭᠤᠯᠵᠤ᠂ ᠤᠷᠢᠳ ᠢᠶᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠢ ᠶᠢ ᠨᠢ ᠬᠢᠵᠦ᠂ ᠭᠦᠶᠦᠬᠦ ᠶᠢ ᠨᠢ | ᠭᠦᠨᠵᠡᠭᠡᠢ ᠪᠣᠯᠭᠠᠵᠤ᠂ ᠲᠣᠭᠲᠠᠭᠤᠨ ᠢᠶᠠᠷ ᠡᠬᠢᠯᠡᠭᠦᠯᠵᠦ᠂ ᠠᠯᠬᠤᠮ ᠠᠯᠬᠤᠮ ᠢᠶᠠᠷ ᠨᠡᠩ ᠨᠢᠭᠲᠠ ᠠᠵᠢᠯᠯᠠᠭᠠᠨ ᠤ | ᠵᠠᠭᠪᠤᠷ ᠲᠡᠰᠢ ᠠᠬᠢᠭᠤᠯᠬᠤ ᠬᠡᠷᠡᠭᠲᠡᠢ᠃ | 5. ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠮᠴᠢᠯᠡᠭᠡᠨ ᠤ ᠶᠠᠰᠤ | ᠴᠢᠨᠠᠷ ᠢ ᠢᠵᠢᠯᠢᠰᠢᠭᠦᠯᠬᠦ ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ︽ᠡᠭᠦᠳᠡ | ᠰᠠᠬᠢᠭᠴᠢ︾ ᠶᠢᠨ ᠴᠢᠳᠠᠪᠤᠷᠢ ᠶᠢ ᠴᠢᠩᠭᠠᠷᠠᠭᠤᠯᠵᠤ᠂ ᠤᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠡᠮᠨᠡᠨ | ᠵᠠᠰᠠᠬᠤ᠂ ᠬᠠᠮᠢᠶᠠᠷᠬᠤ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠬᠢᠭᠡᠳ ᠤᠷᠢᠳᠴᠢᠯᠠᠨ ᠰᠡᠷᠭᠡᠶᠢᠯᠡᠬᠦ᠂ ᠡᠷᠡᠭᠦᠯ ᠮᠡᠨᠳᠦ ᠶᠢ ᠬᠠᠷᠢᠯᠴᠠᠨ ᠵᠣᠯᠭᠠᠭᠤᠯᠬᠤ ᠶᠢ ᠠᠬᠢᠭᠤᠯᠵᠤ᠂ | ᠣᠯᠠᠨ ᠲᠦᠮᠡᠨ ᠤ ᠣᠶᠢᠷ᠎ᠠ ᠬᠠᠪᠢ ᠳᠠᠭᠠᠨ ᠡᠮᠨᠡᠭᠦᠯᠬᠦ ᠳᠤ ᠳᠥᠭᠦᠮ ᠦᠵᠡᠭᠦᠯᠵᠦ᠂ ᠡᠪᠡᠳᠴᠢᠨ ᠡᠮᠭᠡᠭ ᠤᠨ | ᠳᠠᠷᠤᠭᠠᠰᠤ ᠶᠢ ᠬᠥᠩᠭᠡᠷᠡᠭᠦᠯᠵᠦ᠂ ᠡᠪᠡᠳᠴᠢᠨ ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠨ᠂ | ᠣᠯᠠᠨ ᠲᠦᠮᠡᠨ ᠤ ᠡᠪᠡᠳᠴᠢᠨ ᠦᠵᠡᠭᠦᠯᠬᠦ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃ | ︵ᠭᠤᠷᠪᠠ︶ ᠠᠵᠢᠯ ᠤᠨ ᠬᠠᠷᠠᠯᠲᠠ | ᠤᠳᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠪᠠᠷ ᠬᠠᠷᠠᠯᠲᠠ ᠪᠣᠯᠭᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠣᠯᠤᠨ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠱᠠᠲᠤ ᠬᠤᠪᠢᠶᠠᠨ ᠬᠠᠮᠵᠢᠯᠴᠠᠬᠤ᠂ ᠪᠦᠯᠬᠦᠮ ᠪᠠᠶᠢᠭᠤᠯᠤᠨ | ᠠᠵᠢᠯᠯᠠᠭᠤᠯᠬᠤ ᠡᠮᠴᠢᠯᠡᠭᠡᠨ ᠤ ᠦᠢᠯᠡᠴᠢᠯᠡᠭᠡᠨ ᠤ ᠰᠢᠨ᠎ᠡ ᠪᠠᠶᠢᠷᠢᠰᠢᠯ ᠢ ᠪᠠᠶᠢᠭᠤᠯᠵᠤ᠂ ᠪᠥᠬᠦ ᠣᠷᠣᠨ ᠤ ᠳᠣᠲᠣᠷᠠᠬᠢ | ᠱᠠᠲᠤ ᠬᠤᠪᠢᠶᠠᠨ ᠣᠨᠣᠰᠢᠯᠠᠨ ᠡᠮᠨᠡᠬᠦ᠂ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠲᠣᠭᠲᠠᠴᠠ ᠪᠠᠶᠢᠭᠤᠯᠬᠤ ᠶᠢ | ᠠᠬᠢᠭᠤᠯᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠪᠦᠲᠦᠮᠵᠢᠲᠡᠶ | ᠳᠡᠭᠡᠭᠰᠢᠯᠡᠭᠦᠯᠦᠨ᠎ᠡ᠃ | 2023 ᠣᠨ ᠳᠤ᠂ ᠣᠷᠣᠨ ᠪᠦᠰᠡ ᠶᠢᠨ ᠡᠮᠴᠢᠯᠡᠭᠡᠨ ᠤ ᠦᠢᠯᠡᠴᠢᠯᠡᠭᠡᠨ ᠤ ᠬᠠᠮᠲᠤ ᠶᠢᠨ ᠴᠣᠭᠴᠠ ᠶᠢᠨ | ᠲᠦᠷᠢᠮ ᠤᠨ ᠪᠣᠷᠣ ᠲᠥᠯᠥᠪ ᠢ ᠦᠨᠳᠦᠰᠦᠨ ᠳᠡᠭᠡᠨ ᠪᠠᠶᠢᠭᠤᠯᠤᠨ᠎ᠠ᠃ ᠲᠣᠭᠤᠷᠢᠭ ᠤᠨ ᠠᠷᠠᠳ ᠤᠨ ᠡᠮᠨᠡᠯᠭᠡ ᠶᠢᠨ | ᠬᠤᠷᠢᠶ᠎ᠠ ᠬᠥᠲᠥᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠵᠦ᠂ 2023 ᠣᠨ ᠤ ᠡᠴᠦᠰ ᠪᠣᠯᠬᠤ ᠳᠤ᠂ ᠢᠯᠡᠳᠲᠡ ᠦᠷ᠎ᠡ | ᠪᠦᠲᠦᠮᠵᠢ ᠣᠯᠤᠭᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠳᠣᠲᠣᠭᠠᠳᠤ ᠶᠢᠨ ᠠᠵᠢᠯ ᠬᠤᠪᠢᠶᠠᠷᠢᠯᠠᠨ ᠬᠠᠮᠵᠢᠯᠴᠠᠬᠤ ᠲᠣᠭᠲᠠᠴᠠ ᠶᠢ ᠦᠨᠳᠦᠰᠦᠨ ᠳᠡᠭᠡᠨ | ᠪᠦᠷᠢᠯᠳᠦᠭᠦᠯᠦᠨ᠎ᠡ᠃ | 2024 ᠣᠨ ᠳᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠤᠳᠠ ᠲᠣᠭᠤᠷᠢᠭ ᠤᠨ ᠪᠣᠳᠠᠲᠠᠶ ᠳᠤ ᠨᠡᠶᠢᠴᠡᠭᠰᠡᠨ ᠵᠣᠬᠢᠶᠠᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠵᠠᠭᠪᠤᠷ᠂ ᠠᠵᠢᠯᠯᠠᠭᠠᠨ ᠤ ᠲᠣᠭᠲᠠᠴᠠ ᠪᠠ ᠤᠷᠮᠠᠰᠢᠭᠤᠯᠬᠤ ᠲᠣᠭᠲᠠᠴᠠ ᠶᠢ ᠪᠦᠷᠢᠯᠳᠦᠭᠦᠯᠦᠨ᠎ᠡ᠃ | ᠵᠠᠰᠠᠭ ᠤᠨ ᠣᠷᠳᠣᠨ ᠠᠴᠠ ᠡᠷᠬᠢᠯᠡᠭᠰᠡᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢ ᠪᠦᠬᠦᠨ ᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠣᠷᠣᠯᠴᠠᠭᠤᠯᠵᠤ᠂ | ᠭᠤᠯᠳᠤ ᠪᠠᠷ ᠬᠠᠮᠵᠢᠯᠴᠠᠭᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠮᠴᠢᠯᠡᠭᠡᠨ ᠤ ᠳᠠᠭᠠᠳᠬᠠᠯ ᠤᠨ ᠶᠡᠷᠦᠩᠬᠡᠶ | ᠲᠤᠭ᠎ᠠ ᠪᠠᠷ ᠰᠦᠢᠳᠬᠡᠯ ᠲᠤᠰᠢᠶᠠᠬᠤ ᠵᠡᠷᠭᠡ ᠠᠷᠭ᠎ᠠ ᠮᠠᠶ᠋ᠢᠭ ᠢ ᠬᠡᠷᠡᠭᠵᠢᠭᠦᠯᠬᠦ ᠪᠠᠷ ᠳᠠᠮᠵᠢᠭᠤᠯᠤᠨ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠳᠣᠲᠣᠭᠠᠳᠤ ᠳᠤ ᠨᠡᠯᠢᠶᠡᠳ ᠰᠢᠨᠵᠢᠯᠡᠬᠦ ᠤᠬᠠᠭᠠᠨᠴᠢ ᠠᠵᠢᠯ ᠬᠤᠪᠢᠶᠠᠷᠢᠯᠠᠨ ᠬᠠᠮᠵᠢᠯᠴᠠᠬᠤ | ᠲᠣᠭᠲᠠᠴᠠ ᠪᠠ ᠨᠡᠯᠢᠶᠡᠳ ᠤᠷᠤᠭᠰᠢᠲᠠᠶ ᠰᠢᠯᠵᠢᠭᠦᠯᠦᠨ ᠡᠮᠨᠡᠭᠦᠯᠬᠦ ᠲᠣᠭᠲᠠᠴᠠ ᠶᠢ ᠠᠩᠬ᠎ᠠ ᠠᠯᠬᠤᠮ ᠪᠣᠶ | ᠪᠣᠯᠭᠠᠬᠤ ᠶᠢ ᠰᠦᠪᠡᠭᠴᠢᠯᠡᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠦᠢᠯᠡᠴᠢᠯᠡᠭᠡᠨ ᠤ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠯᠠᠪᠳᠠᠭᠤᠨ ᠢᠶᠠᠷ ᠳᠡᠭᠡᠭᠰᠢᠯᠡᠭᠦᠯᠦᠨ᠂ | ᠣᠨᠣᠰᠢᠯᠠᠨ ᠡᠮᠨᠡᠬᠦ ᠬᠡᠮᠵᠢᠶ᠎ᠡ ᠶᠢᠨ ᠡᠵᠡᠯᠡᠬᠦ ᠬᠠᠷᠢᠴᠠᠯ ᠢ ᠢᠯᠡᠷᠬᠡᠶ ᠳᠡᠭᠡᠭᠰᠢᠯᠡᠭᠦᠯᠦᠨ᠎ᠡ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠣᠷᠣᠨ ᠪᠦᠰᠡ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯ ᠤᠨ ᠪᠠᠶᠢᠭᠤᠯᠤᠯᠲᠠ ᠶᠢ ᠤᠷᠤᠭᠰᠢᠲᠠᠶ | ᠬᠡᠷᠡᠭᠵᠢᠭᠦᠯᠬᠦ ᠶᠢ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠥᠭᠵᠢᠯᠲᠡ ᠶᠢ | ᠠᠬᠢᠭᠤᠯᠬᠤ ᠶᠢᠨ ᠲᠤᠰᠠᠳᠠ᠂ ᠲᠤᠭᠤᠷᠢᠭ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠵᠥᠪᠯᠡᠯ ᠠᠴᠠ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠢᠶ᠎ᠠ ᠪᠥᠬᠦᠶ ᠵᠦᠢᠯᠡᠰ ᠢ ᠳᠠᠭᠠᠭᠠᠨ ᠵᠣᠬᠢᠴᠠᠭᠤᠯᠵᠤ᠂ | ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠦᠷᠦᠭᠦᠯᠡᠨ ᠪᠣᠳᠠᠲᠠᠶ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠯᠪᠠᠨ ᠬᠡᠷ ᠢ ᠲᠤᠭᠤᠷᠢᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠪᠠᠶᠢᠭᠤᠯᠤᠨ᠎ᠠ᠃ | ᠭᠤᠷᠪᠠ᠂ ᠵᠣᠬᠢᠶᠠᠨ ᠪᠠᠶᠢᠭᠤᠯᠬᠤ ᠠᠷᠭ᠎ᠠ ᠮᠠᠶ᠋ᠢᠭ᠂ ᠬᠠᠮᠢᠶᠠᠷᠤᠯᠲᠠ ᠶᠢᠨ ᠵᠠᠭᠪᠤᠷ ᠵᠢᠴᠢ ᠠᠵᠢᠯ ᠤᠨ ᠬᠡᠷᠡᠭᠵᠢᠭᠦᠯᠦᠯᠲᠡ | ︵ᠨᠢᠭᠡ︶ ᠪᠦᠬᠦ ᠲᠠᠯ᠎ᠠ ᠶᠢᠨ ᠪᠠᠶᠢᠷᠢᠯᠠᠭᠤᠯᠤᠯᠲᠠ | ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠦᠨᠳᠦᠰᠦᠯᠡᠨ᠂ ᠡᠮᠴᠢᠯᠡᠭᠡᠨ ᠤ ᠡᠬᠢ ᠪᠠᠶᠠᠯᠢᠭ ᠤᠨ | ᠲᠠᠷᠬᠠᠯᠲᠠ ᠵᠢᠴᠢ ᠠᠷᠠᠳ ᠣᠯᠠᠨ ᠤ ᠡᠪᠡᠳᠴᠢᠨ ᠦᠵᠡᠭᠦᠯᠬᠦ ᠳᠠᠳᠬᠠᠯ ᠲᠠᠢ ᠤᠶᠠᠯᠳᠤᠭᠤᠯᠤᠨ᠂ ᠬᠠᠷᠢᠶ᠎ᠠ ᠣᠷᠣᠨ ᠳᠤ | 1 ᠣᠷᠣᠨ ᠪᠦᠰᠡ ᠶᠢᠨ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠵᠣᠬᠢᠶᠠᠨ ᠪᠠᠶᠢᠭᠤᠯᠵᠤ᠂ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠡᠯ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠤᠨ ᠣᠷᠣᠨ ᠪᠦᠰᠡ ᠶᠢᠨ ᠮᠡᠳᠡᠭᠡ ᠵᠠᠩᠭᠢ ᠶᠢᠨ ᠬᠠᠮᠵᠢᠯᠴᠠᠬᠤ ᠵᠠᠭᠪᠤᠷ ᠢ ᠬᠡᠷᠡᠭᠵᠢᠭᠦᠯᠦᠨ᠎ᠡ᠃ | ᠡᠭᠦᠨ ᠤ ᠬᠠᠮᠲᠤ᠂ ᠲᠣᠰ ᠲᠣᠰ ᠤᠨ ᠲᠤᠰᠬᠠᠶ ᠰᠠᠯᠠᠭᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠢᠲᠠᠳ | ᠡᠮᠨᠡᠯᠭᠡ ᠶᠢᠨ ᠰᠠᠯᠠᠭ᠎ᠠ᠂ ᠤᠳᠠᠭᠠᠨ ᠴᠢᠨᠠᠷᠲᠠᠶ ᠡᠪᠡᠳᠴᠢᠨ ᠵᠡᠷᠭᠡ ᠲᠤᠰᠬᠠᠶ ᠰᠠᠯᠠᠭᠠᠨ ᠤ ᠣᠨᠴᠠᠯᠢᠭ ᠲᠠᠢ | ᠡᠮᠴᠢᠯᠡᠭᠡᠨ ᠤ ᠦᠢᠯᠡᠴᠢᠯᠡᠭᠡᠨ ᠤ ᠬᠠᠮᠲᠤ ᠶᠢᠨ ᠴᠣᠭᠴᠠ ᠶᠢ ᠪᠣᠶ ᠪᠣᠯᠭᠠᠨ᠎ᠠ᠃ ᠲᠤᠭᠤᠷᠢᠭ ᠤᠨ ᠠᠷᠠᠳ ᠤᠨ | ᠡᠮᠨᠡᠯᠭᠡ ᠶᠢᠨ ᠬᠤᠷᠢᠶ᠎ᠠ ᠬᠤᠲᠠ ᠶᠢᠨ ᠱᠠᠲᠤᠨ ᠤ ᠭᠤᠷᠪᠠᠨ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠲᠠᠢ ᠢᠳᠡᠪᠬᠢᠲᠡᠶ ᠪᠠᠷ ᠵᠣᠯᠭᠠᠭᠤᠯᠵᠤ᠂ ᠣᠷᠣᠨ ᠪᠦᠰᠡ ᠶᠢᠨ ᠡᠮᠴᠢᠯᠡᠭᠡᠨ ᠤ ᠬᠠᠮᠲᠤ ᠶᠢᠨ ᠴᠣᠭᠴᠠ ᠬᠢᠭᠡᠳ | ᠬᠤᠲᠠ ᠶᠢᠨ ᠱᠠᠲᠤᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠭᠤᠯᠳᠤ ᠬᠠᠮᠲᠤᠷᠠᠯᠴᠠᠭ᠎ᠠ ᠶᠢ ᠴᠢᠩᠭᠠᠳᠬᠠᠨ᠎ᠠ᠃ | ︵ᠬᠤᠶᠠᠷ︶ ᠪᠠᠶᠢᠭᠤᠯᠬᠤ ᠬᠡᠯᠪᠡᠷᠢ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠲᠦᠷᠦᠭᠦᠯᠡᠨ᠂ ᠣᠷᠣᠨ ᠪᠦᠰᠡ ᠶᠢᠨ ᠳᠣᠲᠣᠷᠠᠬᠢ ᠪᠣᠶ | ᠪᠥᠬᠦᠶ ᠵᠠᠰᠠᠭ ᠤᠨ ᠣᠷᠳᠣᠨ ᠤ ᠡᠷᠭᠢᠯᠡᠭᠰᠡᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ︵ᠡᠯ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠤᠯᠠᠭᠠᠨ | ᠨᠠᠭᠤᠷ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ︶ ᠶᠢ ᠨᠢᠭᠡᠳᠦᠯᠲᠡᠶ ᠬᠠᠮᠢᠶᠠᠷᠤᠯᠲᠠ ᠳᠤ ᠣᠷᠣᠭᠤᠯᠵᠤ᠂ | ᠪᠠᠶᠠᠨᠰᠠᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠪᠠᠶᠢᠷᠢ ᠲᠣᠭᠲᠠᠭᠠᠯᠲᠠ | ᠬᠢᠵᠦ ᠤᠳᠠ ᠲᠣᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ᠎ᠠ᠃ | ︵ᠭᠤᠷᠪᠠ︶ ᠬᠠᠮᠢᠶᠠᠷᠤᠯᠲᠠ ᠶᠢᠨ ᠬᠡᠯᠪᠡᠷᠢ | 1. ᠨᠢᠭᠲᠠᠷᠠᠭᠰᠠᠨ ᠬᠡᠯᠪᠡᠷᠢ ᠶᠢᠨ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠳᠣᠲᠣᠭᠠᠳᠤ ᠳᠤ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠡᠯ᠎ᠡ ᠪᠦᠷᠢᠯᠳᠦᠬᠦᠨ ᠨᠢᠭᠡᠴᠡ ᠲᠠᠢ ᠬᠠᠮᠲᠤᠷᠠᠨ ᠠᠵᠢᠯᠯᠠᠬᠤ | ᠬᠡᠯᠡᠯᠴᠡᠭᠡᠷ ᠲᠣᠭᠲᠠᠵᠤ᠂ ᠤᠳᠤᠷᠢᠳᠬᠤ ᠳᠤᠭᠤᠶᠢᠯᠠᠩ ᠪᠠᠶᠢᠭᠤᠯᠤᠨ ᠵᠣᠬᠢᠴᠠᠩᠭᠤᠶ ᠲᠣᠭᠲᠠᠴᠠ ᠪᠠᠶᠢᠭᠤᠯᠵᠤ᠂ | ᠳᠦᠷᠢᠮ ᠪᠠ ᠬᠠᠮᠢᠶ᠎ᠠ ᠪᠦᠬᠦᠢ ᠳᠦᠷᠢᠮ ᠲᠣᠭᠲᠠᠭᠠᠵᠤ᠂ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭ᠎ᠠ᠂ ᠡᠷᠬᠡ | ᠪᠠ ᠡᠭᠦᠷᠭᠡ ᠶᠢ ᠲᠣᠭᠲᠠᠭᠠᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠷᠢᠯᠳᠦᠬᠦᠨ ᠨᠢᠭᠡᠴᠡ ᠨᠦᠭᠦᠳ | ᠲᠦᠷᠢᠮ ᠲᠣᠭᠲᠠᠭᠠᠯ᠂ ᠮᠡᠷᠭᠡᠵᠢᠯ ᠤᠨ ᠵᠢᠷᠤᠮᠵᠢᠯ᠂ ᠠᠵᠢᠯᠲᠠᠨ ᠤ ᠪᠣᠯᠪᠠᠰᠤᠷᠠᠭᠤᠯᠤᠯ ᠵᠡᠷᠭᠡ ᠲᠠᠯ᠎ᠠ ᠪᠠᠷ ᠨᠢᠭᠡᠳᠦᠯᠲᠡᠶ | ᠪᠠᠷᠢᠮᠵᠢᠶ᠎ᠠ ᠶᠢ ᠬᠡᠷᠡᠭᠵᠢᠭᠦᠯᠵᠦ᠂ ᠬᠠᠷᠢᠴᠠᠩᠭᠤᠶ ᠪᠡᠶ᠎ᠡ ᠪᠠᠨ ᠳᠠᠭᠠᠭᠠᠨ ᠵᠣᠬᠢᠴᠠᠩᠭᠤᠶ ᠡᠮᠴᠢᠯᠡᠭᠡᠨ ᠤ | ᠬᠠᠷᠢᠭᠤᠴᠠᠯᠭ᠎ᠠ ᠶᠢ ᠡᠭᠦᠷᠭᠡᠯᠡᠨ᠎ᠡ᠃ | 2. ᠭᠤᠷᠪᠠ ᠶᠢ ᠨᠢᠭᠡᠳᠦᠯᠲᠡᠶ ᠬᠠᠮᠢᠶᠠᠷᠤᠨ᠎ᠠ᠃ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ | ᠴᠣᠭᠴᠠ ᠨᠢ ᠬᠥᠮᠦᠨ᠂ ᠡᠳ᠋᠂ ᠪᠣᠳᠠᠰ ᠢ ᠨᠢᠭᠡᠳᠦᠯᠲᠡᠶ ᠰᠢᠯᠵᠢᠭᠦᠯᠦᠨ ᠲᠣᠬᠢᠷᠠᠭᠤᠯᠬᠤ ᠶᠢ ᠬᠡᠷᠡᠭᠵᠢᠭᠦᠯᠵᠦ᠂ | ᠨᠢᠭᠡᠳᠦᠯᠲᠡᠶ ᠲᠣᠭᠠᠴᠠᠭ᠎ᠠ ᠬᠢᠬᠦ᠂ ᠨᠢᠭᠡᠳᠦᠯᠲᠡᠶ ᠬᠤᠳᠠᠯᠳᠤᠨ ᠠᠪᠬᠤ᠂ ᠨᠢᠭᠡᠳᠦᠯᠲᠡᠶ ᠠᠵᠢᠯᠲᠠᠨ ᠤ ᠶᠠᠪᠤᠳᠠᠯ ᠤᠨ | ᠬᠠᠮᠢᠶᠠᠷᠤᠯᠲᠠ ᠵᠡᠷᠭᠡ ᠭᠤᠷᠪᠠᠨ ᠨᠢᠭᠡᠳᠦᠯᠲᠡᠶ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ᠲᠤᠬᠠᠶᠢᠯᠠᠪᠠᠯ | ᠡᠮᠴᠢᠯᠡᠭᠡᠨ ᠤ ᠦᠢᠯᠡᠴᠢᠯᠡᠭᠡᠨ ᠤ ᠥᠪᠡᠷ ᠤᠨ ᠥᠷᠲᠡᠭ ᠢ ᠨᠢᠭᠡᠳᠦᠯᠲᠡᠶ ᠲᠣᠭᠠᠴᠠᠭ᠎ᠠ ᠬᠢᠵᠦ᠂ ᠪᠦᠷᠢᠯᠳᠦᠬᠦᠨ | ᠨᠢᠭᠡᠴᠡ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠷᠭ᠎ᠠ ᠶᠢ ᠨᠢᠭᠡᠳᠦᠯᠲᠡᠶ ᠪᠣᠯᠭᠠᠨ᠂ | ᠡᠮᠴᠢᠯᠡᠭᠡᠨ ᠤ ᠣᠷᠣᠯᠭ᠎ᠠ ᠶᠢ ᠨᠢᠭᠡᠳᠦᠯᠲᠡᠶ ᠬᠠᠮᠢᠶᠠᠷᠬᠤ ᠪᠠ ᠬᠤᠪᠢᠶᠠᠷᠢᠯᠠᠵᠤ᠂ ᠡᠮᠴᠢᠯᠡᠭᠡᠨ ᠤ ᠳᠠᠭᠠᠳᠬᠠᠯ ᠤᠨ ᠪᠠᠯᠠ | ᠮᠥᠩᠭᠦ ᠶᠢ ᠨᠢᠭᠡᠳᠦᠯᠲᠡᠶ ᠲᠥᠯᠥᠪᠯᠡᠨ ᠬᠤᠪᠢᠶᠠᠷᠢᠯᠠᠨ᠎ᠠ᠃ ᠡᠳ᠋ ᠤᠨ ᠶᠠᠪᠤᠳᠠᠯ ᠤᠨ ᠬᠠᠮᠢᠶᠠᠷᠤᠯᠲᠠ ᠳᠤ ᠦᠨᠳᠦᠰᠦᠨ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠨᠢᠭᠡᠳᠦᠯᠲᠡᠶ ᠲᠣᠭᠠᠴᠠᠭ᠎ᠠ ᠬᠢᠬᠦ ᠳᠠᠩᠰᠠᠨ ᠡᠷᠦᠬᠡ ᠶᠢ ᠰᠦᠪᠡᠭᠴᠢᠯᠡᠨ | ᠪᠠᠶᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠤᠭᠤᠳ ᠳᠠᠩᠰᠠ ᠮᠡᠳᠡᠭᠦᠯᠬᠦ ᠳᠦᠷᠢᠮ | ︵ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠬᠠᠶ ᠵᠦᠢᠯ ᠤᠨ ᠪᠡᠯᠡ ᠮᠥᠩᠭᠦ | ᠪᠠᠭᠲᠠᠬᠤ ᠦᠭᠡᠶ︶ ᠢ ᠬᠡᠷᠡᠭᠵᠢᠭᠦᠯᠦᠨ᠎ᠡ᠃ | 3. ᠠᠷᠠᠳ ᠤᠨ ᠡᠮᠨᠡᠯᠭᠡ ᠶᠢᠨ ᠬᠤᠷᠢᠶᠠᠨ ᠤ ᠠᠵᠢᠯᠲᠠᠨ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ | ᠲᠣᠭᠤᠷᠢᠭ ᠪᠠᠯᠭᠠᠰᠤ ︵ᠨᠡᠶᠢᠭᠡᠮ ᠲᠣᠭᠤᠷᠢᠭ︶ ᠶᠢᠨ ᠡᠮᠴᠢ ᠰᠤᠪᠢᠯᠠᠭᠴᠢ ᠶᠢ ᠲᠣᠭᠲᠠᠮᠠᠯ ᠬᠤᠭᠤᠴᠠᠭ᠎ᠠ ᠲᠠᠢ ᠪᠠᠷ | ᠠᠵᠢᠯ ᠤᠨ ᠪᠠᠶᠢᠷᠢ ᠡᠭᠡᠯᠵᠢᠯᠡᠭᠦᠯᠬᠦ ᠶᠢ ᠬᠡᠷᠡᠭᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ | ᠬᠠᠷᠢᠭᠤᠴᠠᠯᠭᠠᠲᠠᠨ ᠢ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠨᠡᠷ᠎ᠡ ᠳᠤᠷᠠᠳᠴᠤ᠂ ᠲᠣᠭᠤᠷᠢᠭ ᠤᠨ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠵᠥᠪᠯᠡᠯ ᠢᠶᠠᠷ ᠬᠢᠨᠠᠨ | ᠰᠢᠯᠭᠠᠭᠤᠯᠤᠭᠰᠠᠨ ᠤ ᠳᠠᠷᠠᠭ᠎ᠠ ᠲᠣᠮᠢᠯᠠᠬᠤ ᠪᠠ ᠪᠠᠭᠤᠯᠭᠠᠬᠤ ᠶᠢᠨ ᠬᠠᠮᠲᠤ ᠲᠠᠰ ᠳᠠᠷᠠᠭᠠᠯᠠᠯ ᠤᠨ ᠶᠣᠰᠣᠭᠠᠷ | ᠮᠡᠳᠡᠭᠦᠯᠦᠨ ᠳᠠᠩᠰᠠᠯᠠᠭᠤᠯᠤᠨ᠎ᠠ᠃ | ︵ᠲᠦᠷᠪᠡ︶ ᠠᠵᠢᠯ ᠤᠨ ᠬᠡᠷᠡᠭᠵᠢᠭᠦᠯᠦᠯᠲᠡ | 1᠂ ᠡᠮᠴᠢᠯᠡᠭᠡᠨ ᠤ ᠬᠠᠮᠲᠤ ᠶᠢᠨ ᠴᠤᠭᠴᠠ ᠶᠢᠨ ᠳᠣᠲᠣᠭᠠᠳᠤ ᠳᠤ ᠡᠮᠴᠢᠯᠡᠭᠡᠨ ᠤ ᠪᠠᠶᠢᠭᠤᠯᠤᠮᠵᠢ ᠶᠢᠨ ᠠᠵᠢᠯ | ᠬᠤᠪᠢᠶᠠᠷᠢᠯᠠᠨ ᠬᠠᠮᠵᠢᠯᠴᠠᠬᠤ ᠲᠣᠭᠲᠠᠴᠠ ᠶᠢ ᠨᠠᠢᠳᠠᠪᠤᠷᠢᠵᠢᠭᠤᠯᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ ᠪᠠᠶᠢᠭᠠᠳ ᠡᠮᠴᠢᠯᠡᠭᠡᠨ ᠤ | ᠬᠠᠮᠲᠤ ᠶᠢᠨ ᠴᠣᠭᠴᠠ ᠳᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠨ᠎ᠠ᠃ | ᠤᠳᠠ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠡᠮᠴᠢᠯᠡᠭᠡᠨ ᠤ ᠬᠠᠮᠲᠤ ᠶᠢᠨ ᠴᠣᠭᠴᠠ ᠶᠢᠨ | ᠡᠳᠦᠷ ᠲᠤᠲᠤᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠠᠵᠢᠯᠯᠠᠭᠠᠨ ᠢ ᠬᠠᠷᠢᠭᠤᠴᠠᠵᠤ᠂ ᠡᠳᠦᠷ ᠲᠤᠲᠤᠮ ᠤᠨ | ᠠᠵᠢᠯ ᠤᠨ ᠲᠣᠭᠲᠠᠮᠠᠯ ᠬᠤᠷᠠᠯ᠂ ᠮᠡᠳᠡᠭᠡ ᠵᠠᠩᠭᠢ ᠶᠢ ᠴᠤᠭᠯᠠᠭᠤᠯᠬᠤ ᠪᠠ ᠬᠤᠷᠢᠶᠠᠩᠭᠤᠶᠢᠯᠠᠬᠤ ᠶᠢ ᠵᠣᠬᠢᠶᠠᠨ | ᠪᠠᠶᠢᠭᠤᠯᠵᠤ᠂ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠣᠯᠠᠨ ᠡᠭᠦᠰᠳᠡᠭ ᠡᠪᠡᠳᠴᠢᠨ ᠢ ᠣᠨᠣᠰᠢᠯᠠᠨ ᠡᠮᠨᠡᠬᠦ | ᠠᠵᠢᠯ᠂ ᠤᠳᠠᠭᠠᠨ ᠴᠢᠨᠠᠷᠲᠠᠶ ᠡᠪᠡᠳᠴᠢᠨ ᠢ ᠣᠨᠣᠰᠢᠯᠠᠬᠤ ᠪᠠ ᠡᠮᠨᠡᠨ ᠵᠠᠰᠠᠬᠤ ᠲᠥᠰᠦᠯ ᠢ ᠡᠭᠦᠷᠭᠡᠯᠡᠵᠦ᠂ | ᠪᠦᠷᠢᠯᠳᠦᠬᠦᠨ ᠨᠢᠭᠡᠴᠡ ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠ ᠡᠷᠡᠭᠦᠯ | ᠬᠠᠮᠠᠭᠠᠯᠠᠯ ᠤᠨ ᠬᠤᠷᠢᠶ᠎ᠠ︶ ᠶᠢᠨ ᠬᠠᠮᠢᠶᠠᠷᠤᠯᠲᠠ ᠵᠢᠯᠣᠭᠤᠳᠣᠯᠭ᠎ᠠ᠂ ᠮᠡᠷᠭᠡᠵᠢᠯ ᠤᠨ ᠬᠠᠪᠰᠤᠷᠤᠨ ᠲᠡᠳᠬᠦᠬᠦ᠂ ᠶᠠᠰᠤ | ᠴᠢᠨᠠᠷ ᠢ ᠡᠵᠡᠮᠳᠡᠬᠦ᠂ ᠠᠵᠢᠯᠲᠠᠨ ᠤ ᠪᠣᠯᠪᠠᠰᠤᠷᠠᠭᠤᠯᠤᠯ ᠵᠡᠷᠭᠡ ᠶᠢ ᠡᠭᠦᠷᠭᠡᠯᠡᠵᠦ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠦᠴᠢᠷ ᠲᠦᠪᠡᠭᠲᠡᠶ ᠬᠦᠨᠳᠦ | ᠡᠪᠡᠳᠴᠢᠨ ᠲᠠᠢ ᠡᠪᠡᠳᠴᠢᠲᠡᠨ ᠢ ᠬᠠᠮᠲᠤᠷᠠᠨ ᠣᠨᠣᠰᠢᠯᠠᠬᠤ᠂ ᠳᠡᠭᠡᠭᠰᠢ ᠰᠢᠯᠵᠢᠭᠦᠯᠬᠦ᠂ ᠭᠥᠯᠢᠶᠡᠨ ᠠᠪᠬᠤ ᠠᠵᠢᠯ ᠢ | ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠪᠠᠭᠤᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ ᠡᠯ᠎ᠡ ᠪᠦᠷᠢᠯᠳᠦᠬᠦᠨ ᠨᠢᠭᠡᠴᠡ ᠨᠦᠭᠦᠳ ᠪᠠᠶᠢᠩᠭᠤ | ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠵᠡᠷᠭᠡ ᠡᠩ ᠤᠨ ᠣᠨᠣᠰᠢᠯᠠᠨ ᠡᠮᠨᠡᠬᠦ ᠮᠡᠷᠭᠡᠵᠢᠯ ᠪᠠ | ᠡᠷᠡᠭᠦᠯᠵᠢᠭᠦᠯᠬᠦ᠂ ᠰᠤᠪᠢᠯᠠᠬᠤ ᠵᠡᠷᠭᠡ ᠡᠮᠴᠢᠯᠡᠭᠡ ᠥᠷᠨᠢᠭᠦᠯᠬᠦ ᠶᠢ ᠬᠠᠷᠢᠭᠤᠴᠠᠵᠤ᠂ ᠲᠣᠭᠤᠷᠢᠭ ᠤᠨ ᠠᠷᠠᠳ ᠤᠨ | ᠡᠮᠨᠡᠯᠭᠡ ᠶᠢᠨ ᠬᠤᠷᠢᠶ᠎ᠠ ᠶᠢᠨ ᠲᠣᠭᠲᠠᠭᠤᠨ ᠬᠤᠭᠤᠴᠠᠭ᠎ᠠ ᠪᠠ ᠡᠷᠡᠭᠦᠯᠵᠢᠯ ᠤᠨ ᠬᠤᠭᠤᠴᠠᠭᠠᠨ ᠳᠠᠬᠢ ᠡᠪᠡᠳᠴᠢᠲᠡᠨ ᠢ | ᠳᠣᠷᠣᠭᠰᠢ ᠰᠢᠯᠵᠢᠭᠦᠯᠦᠨ ᠬᠦᠯᠢᠶᠡᠨ ᠠᠪᠬᠤ ᠠᠵᠢᠯ ᠢ ᠬᠠᠷᠢᠭᠤᠴᠠᠵᠤ᠂ ᠬᠠᠷᠢᠶ᠎ᠠ ᠣᠷᠣᠨ ᠤ ᠳᠣᠲᠣᠷᠠᠬᠢ ᠴᠢᠰᠤᠨ | ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠣᠨᠴᠠᠭᠠᠶ ᠡᠪᠡᠳᠴᠢᠨ ᠤ ᠡᠭᠦᠳᠡᠨ ᠡᠮᠨᠡᠯᠭᠡ ᠶᠢᠨ ᠡᠳᠦᠷ | ᠲᠤᠲᠤᠮ ᠤᠨ ᠰᠡᠷᠭᠡᠶᠢᠯᠡᠨ ᠵᠠᠰᠠᠬᠤ ᠪᠠ ᠬᠠᠮᠢᠶᠠᠷᠬᠤ ᠶᠢ ᠬᠠᠷᠢᠭᠤᠴᠠᠵᠤ᠂ ᠲᠤᠰᠬᠠᠶ ᠬᠥᠮᠦᠨ ᠲᠣᠮᠢᠯᠠᠨ ᠮᠡᠳᠡᠭᠡ | ᠵᠠᠩᠭᠢ ᠴᠤᠭᠯᠠᠭᠤᠯᠬᠤ ᠶᠢ ᠬᠠᠷᠢᠭᠤᠴᠠᠭᠤᠯᠵᠤ᠂ ᠳᠡᠭᠡᠳᠦ ᠳᠣᠤᠷᠠᠳᠤ ᠱᠠᠲᠤᠨ ᠤ ᠨᠢᠭᠡᠴᠡ ᠶᠢᠨ ᠬᠤᠭᠤᠷᠣᠨᠳᠣᠬᠢ | ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠬᠦ ᠠᠵᠢᠯ ᠢ ᠰᠠᠶᠢᠲᠤᠷ ᠬᠢᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠲᠦᠷᠦᠭᠦᠯᠡᠬᠦ ᠡᠮᠨᠡᠯᠭᠡ ᠶᠢᠨ ᠬᠤᠷᠢᠶ᠎ᠠ ᠶᠢᠨ ᠪᠠᠭᠤᠯᠭᠠᠭᠰᠠᠨ | ᠪᠤᠰᠤᠳ ᠠᠵᠢᠯ ᠢ ᠪᠡᠶᠡᠯᠡᠭᠦᠯᠦᠨ᠎ᠡ᠃ | ᠬᠢᠨᠠᠨ ᠰᠢᠯᠭᠠᠬᠤ ᠲᠣᠭᠲᠠᠴᠠ᠄ ᠤᠳᠠ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠡᠯ᠎ᠡ | ᠪᠦᠷᠢᠯᠳᠦᠬᠦᠨ ᠨᠢᠭᠡᠴᠡ ᠳᠤ ᠰᠠᠷ᠎ᠠ ᠪᠦᠷᠢ ᠶᠢᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠲᠠ ᠬᠢᠵᠦ᠂ ᠠᠮᠵᠢᠯᠲᠠ | ᠪᠦᠲᠦᠮᠵᠢ ᠶᠢᠨ ᠴᠠᠯᠢᠩ ᠣᠯᠭᠤᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠦᠨᠳᠦᠰᠦᠨ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠬᠠᠭᠠᠰ ᠵᠢᠯ ᠪᠠ ᠣᠨ ᠤ ᠶᠡᠷᠦᠩᠬᠡᠶᠢᠯᠡᠭᠰᠡᠨ ᠲᠤᠬᠠᠶᠢᠯᠠᠭᠰᠠᠨ | ᠠᠵᠢᠯ ᠤᠨ ᠬᠢᠨᠠᠨ ᠰᠢᠯᠭᠠᠯᠲᠠ ᠬᠢᠨ᠎ᠡ᠃ | ᠠᠵᠢᠯ ᠤᠨ ᠲᠣᠭᠲᠠᠴᠠ᠄ ᠭᠤᠤᠯᠳᠠᠭᠤ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠵᠢᠯᠴᠠᠬᠤ ᠵᠠᠭᠪᠤᠷ ᠢ | ᠠᠪᠴᠤ᠂ ᠳᠠᠷᠤᠶ ᠡᠵᠡᠩᠨᠡᠬᠦ᠂ ᠮᠡᠷᠭᠡᠵᠢᠯ ᠤᠨ ᠲᠠᠯ᠎ᠠ ᠪᠠᠷ ᠨᠢᠭᠲᠠ ᠬᠠᠮᠲᠤᠷᠠᠯᠴᠠᠵᠤ᠂ ᠲᠣᠭᠤᠷᠢᠭ ᠤᠨ ᠠᠷᠠᠳ ᠤᠨ | ᠡᠮᠨᠡᠯᠭᠡ ᠶᠢᠨ ᠬᠤᠷᠢᠶᠠᠨ ᠤ ᠪᠣᠯᠪᠠᠰᠤᠷᠠᠩᠭᠤᠶ ᠪᠣᠯᠤᠭᠰᠠᠨ ᠬᠠᠮᠢᠶᠠᠷᠤᠯᠲᠠ ᠶᠢᠨ ᠲᠤᠷᠰᠢᠯᠭ᠎ᠠ ᠵᠢᠴᠢ ᠡᠮᠴᠢᠯᠡᠭᠡᠨ ᠤ | ᠮᠡᠷᠭᠡᠵᠢᠯ ᠳᠤ ᠲᠦᠰᠢᠭᠯᠡᠨ᠂ ᠪᠠᠶᠢᠭᠤᠯᠤᠮᠵᠢ ᠶᠢᠨ ᠬᠤᠭᠤᠷᠣᠨᠳᠣᠬᠢ ᠮᠡᠷᠭᠡᠵᠢᠯ ᠤᠨ ᠳᠡᠮᠵᠢᠯᠭᠡ᠂ ᠠᠵᠢᠯᠲᠠᠨ ᠤ | ᠪᠣᠯᠪᠠᠰᠤᠷᠠᠭᠤᠯᠤᠯ᠂ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠵᠡᠷᠭᠡ ᠬᠠᠮᠢᠶᠠᠷᠤᠯᠲᠠ ᠶᠢᠨ ᠲᠦᠷᠢᠮ ᠢ | ᠪᠠᠶᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠨᠠᠶᠢᠳᠠᠪᠤᠷᠢᠵᠢᠭᠤᠯᠤᠨ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠲᠤᠬᠠᠶᠢᠯᠠᠭᠰᠠᠨ ᠠᠵᠢᠯ ᠤᠨ ᠬᠠᠷᠢᠯᠴᠠᠨ ᠨᠥᠬᠦᠪᠥᠷᠢᠯᠡᠬᠦ ᠪᠠ ᠵᠥᠷᠢᠶᠡᠴᠢᠯᠡᠭᠰᠡᠨ ᠬᠥᠭᠵᠢᠯᠲᠡ ᠶᠢ | ᠪᠡᠶᠡᠯᠡᠭᠦᠯᠵᠦ᠂ ︽ᠭᠤᠷᠪᠠ ᠶᠢ ᠨᠡᠪᠲᠡᠷᠡᠭᠦᠯᠬᠦ︾᠂ ︽ᠬᠥᠮᠦᠨ ᠢ ᠨᠡᠪᠲᠡᠷᠡᠭᠦᠯᠬᠦ︾ ᠂ ︽ ᠡᠮᠴᠢᠯᠡᠭᠡ ᠶᠢ | ᠨᠡᠪᠲᠡᠷᠡᠭᠦᠯᠬᠦ ︾᠂ ︽ᠡᠳ᠋ ᠢ ᠨᠡᠪᠲᠡᠷᠡᠭᠦᠯᠬᠦ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ | ︵1︶ ᠬᠥᠮᠦᠨ ᠢ ᠨᠡᠪᠲᠡᠷᠡᠭᠦᠯᠬᠦ᠄ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠠᠵᠢᠯᠲᠠᠨ | ᠳᠣᠷᠣᠭᠰᠢ ᠰᠢᠯᠵᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠥᠮᠦᠨ ᠲᠣᠮᠢᠯᠠᠨ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠪᠣᠯᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ | ᠣᠴᠢᠭᠤᠯᠵᠤ᠂ ᠮᠡᠷᠭᠡᠵᠢᠯ ᠬᠢᠭᠡᠳ ᠬᠠᠮᠢᠶᠠᠷᠤᠯᠲᠠ ᠶᠢᠨ ᠬᠠᠪᠰᠤᠷᠤᠨ ᠲᠡᠳᠬᠦᠮᠵᠢ ᠶᠢ ᠦᠨᠳᠦᠰᠦᠨ ᠱᠠᠲᠤᠨ ᠳᠤ | ᠶᠠᠪᠤᠭᠤᠯᠵᠤ᠂ ᠡᠮᠴᠢᠯᠡᠭᠡᠨ ᠤ ᠦᠢᠯᠡᠴᠢᠯᠡᠭᠡ ᠥᠷᠨᠢᠭᠦᠯᠦᠨ᠂ ᠵᠢᠯᠣᠭᠤᠳᠤᠨ ᠬᠠᠮᠢᠶᠠᠷᠬᠤ ᠪᠠ ᠡᠮᠴᠢᠯᠡᠭᠡᠨ ᠤ | ᠣᠨᠣᠰᠢᠯᠠᠨ ᠡᠮᠨᠡᠬᠦ ᠠᠵᠢᠯ ᠢ ᠰᠠᠶᠢᠲᠤᠷ ᠬᠢᠵᠦ᠂ ᠮᠡᠷᠭᠡᠵᠢᠯ ᠤᠨ ᠳᠠᠭᠠᠭᠤᠯᠤᠨ ᠵᠢᠭᠠᠬᠤ ᠠᠵᠢᠯ ᠢ ᠰᠠᠶᠢᠲᠤᠷ ᠬᠢᠵᠦ᠂ | ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠪᠣᠯᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠪᠣᠯᠤᠨ ᠡᠷᠡᠭᠦᠯ ᠬᠠᠮᠠᠭᠠᠯᠠᠯ ᠤᠨ ᠬᠤᠷᠢᠶᠠᠨ ᠤ ᠡᠮᠨᠡᠯᠭᠡ ᠶᠢᠨ ᠠᠵᠢᠯᠲᠠᠳ ᠥᠭᠡᠳᠡᠯᠡᠨ ᠲᠠᠪᠰᠢᠵᠦ᠂ ᠲᠣᠭᠤᠷᠢᠭ ᠤᠨ | ᠠᠷᠠᠳ ᠤᠨ ᠡᠮᠨᠡᠯᠭᠡ ᠶᠢᠨ ᠬᠤᠷᠢᠶ᠎ᠠ ᠬᠦᠯᠢᠶᠡᠨ ᠠᠪᠬᠤ ᠶᠢᠨ ᠬᠠᠮᠲᠤ ᠠᠵᠢᠯᠲᠠᠳ ᠢ ᠵᠣᠬᠢᠶᠠᠨ ᠪᠠᠶᠢᠭᠤᠯᠤᠨ ᠳᠠᠪᠲᠠᠨ | ᠪᠣᠯᠪᠠᠰᠤᠷᠠᠭᠤᠯᠵᠤ᠂ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠤ ᠲᠤᠬᠠᠶᠢᠯᠠᠭᠰᠠᠨ | ᠠᠵᠢᠯ ᠤᠨ ᠪᠣᠯᠪᠠᠰᠤᠷᠠᠯ ᠢ ᠯᠠᠪᠳᠠᠭᠤᠨ ᠪᠠᠲᠤᠲᠠᠶ ᠥᠷᠨᠢᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠳᠤ ᠢᠳᠡᠪᠬᠢᠲᠡᠶ ᠪᠠᠷ ᠲᠤᠰᠬᠠᠶ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠵᠦ᠂ ᠬᠠᠷᠢᠶ᠎ᠠ ᠣᠷᠣᠨ ᠤ | ᠠᠷᠠᠳ ᠣᠯᠠᠨ ᠳᠤ ᠨᠠᠩ ᠰᠠᠶᠢᠨ ᠦᠢᠯᠡᠴᠢᠯᠡᠨ᠎ᠡ᠃ | ︵2︶ ᠡᠳ᠋ ᠢ ᠨᠡᠪᠲᠡᠷᠡᠭᠦᠯᠬᠦ᠄ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ | ᠳᠣᠲᠣᠭᠠᠳᠤ ᠶᠢᠨ ᠪᠦᠷᠢᠯᠳᠦᠬᠦᠨ ᠨᠢᠭᠡᠴᠡ ᠶᠢᠨ ᠨᠢᠭᠲᠠᠯᠠᠨ ᠪᠤᠳᠤᠵᠤ ᠲᠣᠭᠠᠴᠠᠭ᠎ᠠ ᠬᠢᠬᠦ ᠠᠵᠢᠯ ᠢ ᠲᠣᠭᠤᠷᠢᠭ ᠤᠨ | ᠠᠷᠠᠳ ᠤᠨ ᠡᠮᠨᠡᠯᠭᠡ ᠶᠢᠨ ᠬᠤᠷᠢᠶ᠎ᠠ ᠠᠴᠠ ᠨᠢᠭᠡᠳᠦᠯᠲᠡᠶ ᠬᠠᠮᠢᠶᠠᠷᠴᠤ᠂ ᠲᠤᠰᠠᠭᠠᠷ ᠲᠣᠭᠠᠴᠠᠭ᠎ᠠ ᠬᠢᠨ᠎ᠡ᠃ | ᠬᠤᠶᠢᠰᠢᠳᠠ ᠶᠢᠨ ᠠᠵᠢᠯ ᠤᠨ ᠳᠤᠮᠳᠠ ᠥᠪᠡᠷ ᠤᠨ ᠬᠡᠪᠴᠢᠶ᠎ᠡ᠂ ᠪᠡᠯᠡ ᠮᠥᠩᠭᠦ ᠶᠢᠨ ᠭᠦᠢᠯᠭᠡᠭᠡᠨ ᠤ ᠬᠡᠮᠵᠢᠶ᠎ᠡ ᠪᠠ | ᠠᠵᠤ ᠠᠬᠤᠢ ᠶᠢᠨ ᠠᠵᠢᠯᠯᠠᠭ᠎ᠠ ᠶᠢᠨ ᠬᠡᠷᠡᠭᠴᠡᠭᠡ ᠶᠢ ᠦᠨᠳᠦᠰᠦᠯᠡᠨ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ | ᠠᠵᠢᠯ ᠤᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠲᠤᠰᠬᠠᠶ ᠠᠵᠢᠯᠲᠠᠨ ᠲᠣᠬᠢᠷᠠᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠳ᠋ ᠤᠨ ᠶᠠᠪᠤᠳᠠᠯ ᠤᠨ | ᠠᠵᠢᠯ ᠢ ᠨᠢᠭᠡᠳᠦᠯᠲᠡᠶ ᠬᠠᠮᠢᠶᠠᠷᠴᠤ᠂ ᠨᠢᠭᠲᠠᠯᠠᠨ ᠪᠤᠳᠤᠵᠤ ᠲᠣᠭᠠᠴᠠᠭ᠎ᠠ ᠬᠢᠬᠦ᠂ ᠲᠥᠰᠦᠪ ᠤᠨ ᠬᠠᠮᠢᠶᠠᠷᠤᠯᠲᠠ᠂ | ᠥᠪᠡᠷ ᠤᠨ ᠥᠷᠲᠡᠭ ᠤᠨ ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ᠂ ᠦᠨ᠎ᠡ ᠬᠠᠩᠰᠢ ᠶᠢᠨ | ᠬᠠᠮᠢᠶᠠᠷᠤᠯᠲᠠ᠂ ᠨᠢᠭᠲᠠᠯᠠᠨ ᠪᠤᠳᠤᠵᠤ ᠬᠢᠨᠠᠯᠲᠠ ᠲᠠᠯᠪᠢᠬᠤ ᠪᠠ ᠳᠣᠲᠣᠭᠠᠳᠤ ᠶᠢᠨ ᠡᠵᠡᠮᠳᠡᠯ ᠵᠡᠷᠭᠡ ᠡᠳ᠋ ᠤᠨ | ᠶᠠᠪᠤᠳᠠᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠪᠣᠳᠠᠲᠠᠶ ᠡᠭᠦᠷᠭᠡᠯᠡᠨ᠎ᠡ᠃ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠣᠯᠤᠨ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ᠶᠢ ᠵᠠᠷᠴᠢᠮ ᠳᠡᠭᠡᠷ᠎ᠡ ᠪᠠᠨ ᠳᠠᠩᠰᠠ ᠮᠡᠳᠡᠭᠦᠯᠦᠭᠴᠢ ᠶᠢᠨ ᠠᠵᠢᠯ ᠤᠨ ᠪᠠᠶᠢᠷᠢ ᠲᠣᠬᠢᠷᠠᠭᠤᠯᠵᠤ᠂ ᠲᠤᠰᠠᠭᠠᠷ | ᠡᠳ᠋ ᠤᠨ ᠶᠠᠪᠤᠳᠠᠯ ᠤᠨ ᠪᠠᠶᠢᠭᠤᠯᠤᠮᠵᠢ ᠶᠢ ᠦᠯᠡᠳᠡᠭᠡᠬᠦ ᠦᠭᠡᠢ᠂ ᠳᠠᠩᠰᠠ ᠮᠡᠳᠡᠭᠦᠯᠦᠭᠴᠢ ᠶᠢ ᠲᠣᠭᠤᠷᠢᠭ ᠤᠨ | ᠠᠷᠠᠳ ᠤᠨ ᠡᠮᠨᠡᠯᠭᠡ ᠶᠢᠨ ᠬᠤᠷᠢᠶᠠᠨ ᠤ ᠡᠳ᠋ ᠤᠨ ᠶᠠᠪᠤᠳᠠᠯ ᠤᠨ ᠰᠠᠯᠠᠭ᠎ᠠ ᠠᠴᠠ ᠨᠢᠭᠡᠳᠦᠯᠲᠡᠶ ᠲᠣᠬᠢᠷᠠᠭᠤᠯᠤᠨ | ᠬᠠᠮᠢᠶᠠᠷᠤᠨ᠎ᠠ᠃ | ︵3︶ ᠡᠮᠴᠢᠯᠡᠭᠡ ᠶᠢ ᠨᠡᠪᠲᠡᠷᠡᠭᠦᠯᠬᠦ᠄ ᠤᠯᠤᠰ ᠤᠨ ᠡᠮ ᠡᠮᠨᠡᠯᠭᠡ ᠶᠢᠨ ᠥᠭᠡᠷᠡᠴᠢᠯᠡᠯᠲᠡ ᠶᠢᠨ | ᠲᠤᠷᠰᠢᠯᠲᠠ ᠶᠢᠨ ᠱᠠᠭᠠᠷᠳᠠᠯᠭ᠎ᠠ ᠶᠣᠰᠣᠭᠠᠷ ᠪᠠᠴᠢᠮ ᠠᠷᠬᠠᠭ ᠡᠪᠡᠳᠴᠢᠨ ᠢ ᠰᠠᠯᠭᠠᠨ ᠵᠠᠰᠠᠬᠤ᠂ ᠱᠠᠲᠤ ᠬᠤᠪᠢᠶᠠᠨ | ᠣᠨᠣᠰᠢᠯᠠᠨ ᠡᠮᠨᠡᠬᠦ᠂ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠶᠢ ᠬᠡᠷᠡᠭᠵᠢᠭᠦᠯᠦᠨ᠎ᠡ᠃ ᠡᠮᠴᠢᠯᠡᠭᠡᠨ ᠤ | ᠬᠠᠮᠲᠤ ᠶᠢᠨ ᠴᠣᠭᠴᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠣᠭᠤᠷᠢᠭ ᠤᠨ ᠠᠷᠠᠳ ᠤᠨ ᠡᠮᠨᠡᠯᠭᠡ ᠶᠢᠨ | ᠬᠤᠷᠢᠶ᠎ᠠ ᠵᠢᠷᠤᠮᠵᠢᠭᠰᠠᠨ ᠰᠢᠯᠵᠢᠭᠦᠯᠦᠨ ᠡᠮᠨᠡᠭᠦᠯᠬᠦ ᠲᠦᠷᠢᠮ ᠬᠢᠭᠡᠳ ᠴᠤᠪᠤᠷᠠᠯ ᠤᠨ ᠲᠦᠷᠢᠮ ᠢ ᠪᠠᠶᠢᠭᠤᠯᠵᠤ᠂ | ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠡᠮᠴᠢᠯᠡᠭᠡᠨ ᠤ ᠡᠬᠢ | ᠪᠠᠶᠠᠯᠢᠭ ᠢ ᠭᠦᠢᠴᠡᠳ ᠠᠰᠢᠭᠯᠠᠵᠤ᠂ ᠡᠪᠡᠳᠴᠢᠲᠡᠨ ᠤ ᠣᠨᠣᠰᠢᠯᠠᠨ ᠡᠮᠨᠡᠬᠦ ᠵᠠᠷᠤᠳᠠᠯ ᠢ ᠲᠥᠬᠦᠮ ᠦᠵᠡᠭᠦᠯᠬᠦ ᠪᠠ | ᠠᠷᠪᠢᠯᠠᠵᠤ᠂ ᠠᠵᠢᠯ ᠤᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠪᠡ᠃ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠪᠣᠯᠤᠨ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ | ᠬᠦᠴᠢᠷ ᠲᠦᠪᠡᠭᠲᠡᠶ ᠬᠦᠨᠳᠦ ᠡᠪᠡᠳᠴᠢᠲᠡᠨ ᠢ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠰᠢᠯᠵᠢᠭᠦᠯᠵᠦ᠂ | ᠡᠮᠨᠡᠯᠭᠡ ᠶᠢᠨ ᠬᠤᠷᠢᠶᠠᠨ ᠤ ᠮᠡᠷᠭᠡᠵᠢᠯ ᠪᠣᠯᠤᠨ ᠲᠥᠬᠦᠭᠡᠷᠦᠮᠵᠢ ᠶᠢᠨ ᠳᠠᠪᠠᠭᠤᠯᠢᠭ ᠢ ᠭᠦᠢᠴᠡᠳ ᠠᠰᠢᠭᠯᠠᠨ᠂ | 90% ᠠᠴᠠ ᠳᠡᠭᠡᠭᠰᠢᠬᠢ ᠡᠪᠡᠳᠴᠢᠲᠡᠨ ᠢ ᠣᠷᠣᠨ ᠤ ᠳᠣᠲᠣᠷ᠎ᠠ ᠦᠯᠡᠳᠡᠭᠡᠨ ᠡᠮᠨᠡᠭᠦᠯᠬᠦ ᠪᠠᠷ ᠴᠢᠷᠮᠠᠶᠢᠵᠤ᠂ ᠲᠡᠭᠦᠨ ᠢ | ᠴᠠᠭ ᠲᠤᠬᠠᠶ ᠳᠤᠨᠢ᠂ ᠪᠦᠲᠦᠮᠵᠢᠲᠡᠶ᠂ ᠲᠦᠷᠭᠡᠨ ᠣᠨᠣᠰᠢᠯᠠᠨ ᠵᠠᠰᠠᠭᠤᠯᠬᠤ ᠬᠡᠷᠡᠭᠲᠡᠶ᠃ ᠪᠠᠭ᠎ᠠ ᠡᠪᠡᠳᠴᠢᠨ᠂ ᠤᠵᠢᠭ | ᠡᠪᠡᠳᠴᠢᠨ᠂ ᠡᠷᠡᠭᠦᠯᠵᠢᠬᠦ ᠬᠤᠭᠤᠴᠠᠭ᠎ᠠ ᠪᠠ ᠵᠠᠰᠠᠯ ᠤᠨ ᠳᠠᠷᠠᠭᠠᠬᠢ ᠬᠥᠩᠭᠡᠨ ᠡᠪᠡᠳᠴᠢᠲᠡᠨ ᠢ ᠡᠯ᠎ᠡ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠳᠤ ᠰᠢᠯᠵᠢᠭᠦᠯᠵᠦ᠂ ᠣᠨᠣᠰᠢᠯᠠᠨ ᠡᠮᠨᠡᠬᠦ ᠦᠷᠭᠦᠯᠵᠢᠯᠡᠬᠦ ᠴᠢᠨᠠᠷ ᠢ ᠪᠠᠲᠤᠯᠠᠵᠤ᠂ ᠥᠷᠭᠡᠨ ᠣᠯᠠᠨ | ᠲᠦᠮᠡᠨ ᠳᠤ ᠦᠨᠡᠨᠬᠦ ᠳᠥᠭᠦᠮ ᠦᠵᠡᠭᠦᠯᠦᠨ᠎ᠡ᠃ | 2. ᠱᠠᠲᠤ ᠬᠤᠪᠢᠶᠠᠨ ᠣᠨᠣᠰᠢᠯᠠᠨ ᠡᠮᠨᠡᠬᠦ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠲᠣᠭᠲᠠᠴᠠ ᠶᠢ | ᠡᠮᠬᠢ ᠵᠢᠷᠤᠮ ᠲᠠᠢ ᠪᠠᠷ ᠬᠡᠷᠡᠭᠵᠢᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠳᠤ ᠬᠤᠤᠰ | ᠴᠢᠭᠯᠡᠯ ᠢᠶᠠᠷ ᠰᠢᠯᠵᠢᠭᠦᠯᠦᠨ ᠡᠮᠨᠡᠬᠦ᠂ ᠲᠦᠷᠭᠡᠨ ᠤᠳᠠᠭᠠᠨ ᠴᠢᠨᠠᠷᠲᠠᠶ ᠰᠠᠯᠭᠠᠨ ᠵᠠᠰᠠᠬᠤ ᠶᠢ ᠬᠡᠷᠡᠭᠵᠢᠭᠦᠯᠦᠨ᠎ᠡ᠃ | ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠬᠠᠮᠢᠶ᠎ᠠ ᠪᠦᠬᠦᠢ ᠠᠵᠢᠯᠲᠠᠨ ᠢ ᠪᠣᠯᠪᠠᠰᠤᠷᠠᠭᠤᠯᠬᠤ ᠬᠤᠣᠰ | ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠳᠦᠷᠢᠮ ᠵᠢᠴᠢ ᠦᠢᠯᠡᠴᠢᠯᠡᠭᠡᠨ ᠤ ᠴᠤᠪᠤᠷᠠᠯ ᠢ ᠬᠠᠷᠢᠭᠤᠴᠠᠵᠤ᠂ ᠬᠤᠶᠠᠷ | ᠲᠠᠯ᠎ᠠ ᠶᠢᠨ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠨ᠎ᠠ᠃ ᠲᠤᠭᠤᠷᠢᠭ ᠤᠨ ᠠᠷᠠᠳ ᠤᠨ ᠡᠮᠨᠡᠯᠭᠡ ᠶᠢᠨ | ᠬᠤᠷᠢᠶ᠎ᠠ ᠳᠤ ᠲᠦᠰᠢᠭᠯᠡᠨ ᠲᠣᠮᠣ ᠬᠡᠯᠪᠡᠷᠢ ᠶᠢᠨ ᠲᠥᠬᠦᠭᠡᠷᠦᠮᠵᠢ ᠶᠢᠨ ᠨᠢᠭᠡᠳᠦᠯᠲᠡᠶ ᠬᠠᠮᠢᠶᠠᠷᠤᠯᠲᠠ ᠶᠢ ᠬᠡᠷᠡᠭᠵᠢᠭᠦᠯᠵᠦ᠂ | ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠯ᠎ᠡ ᠡᠮᠴᠢᠯᠡᠭᠡᠨ ᠤ ᠪᠠᠶᠢᠭᠤᠯᠤᠮᠵᠢ ᠳᠤ ᠨᠢᠭᠡ | ᠴᠤᠭᠴᠠᠵᠢᠭᠤᠯᠤᠭᠰᠠᠨ ᠦᠢᠯᠡᠴᠢᠯᠡᠭᠡ ᠬᠠᠩᠭᠠᠨ᠎ᠠ᠃ ᠶᠠᠰᠤ ᠴᠢᠨᠠᠷ ᠤᠨ ᠡᠵᠡᠮᠳᠡᠯ ᠤᠨ ᠪᠠᠷᠢᠮᠵᠢᠶ᠎ᠠ ᠶᠢ ᠨᠢᠭᠡᠳᠦᠯᠲᠡᠶ | ᠪᠠᠶᠢᠯᠭᠠᠬᠤ᠂ ᠡᠮᠴᠢᠯᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠰᠢᠯᠭᠠᠨ ᠪᠠᠶᠢᠴᠠᠭᠠᠯᠲᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠢ | ᠬᠠᠷᠢᠯᠴᠠᠨ ᠮᠡᠳᠡᠷᠡᠬᠦ ᠶᠢ ᠠᠬᠢᠭᠤᠯᠵᠤ᠂ ᠳᠠᠪᠬᠤᠷᠳᠠᠭᠤᠯᠤᠨ ᠰᠢᠯᠭᠠᠨ ᠪᠠᠶᠢᠴᠠᠭᠠᠬᠤ ᠶᠢ ᠪᠠᠭᠠᠰᠬᠠᠨ᠎ᠠ᠃ | ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠠᠶᠢᠩᠭᠤ ᠲᠣᠬᠢᠶᠠᠯᠳᠤᠳᠠᠭ ᠣᠯᠠᠨ ᠡᠭᠦᠰᠳᠡᠭ ᠡᠪᠡᠳᠴᠢᠨ ᠪᠠ | ᠡᠩ ᠤᠨ ᠬᠦᠴᠢᠷ ᠲᠦᠪᠡᠭᠲᠡᠶ ᠨᠠᠷᠢᠨ ᠪᠤᠳᠤᠯᠢᠶᠠᠨᠲᠠᠶ ᠡᠪᠡᠳᠴᠢᠨ ᠢ ᠣᠨᠣᠰᠢᠯᠠᠨ ᠡᠮᠨᠡᠬᠦ ᠠᠵᠢᠯ ᠢ ᠡᠭᠦᠷᠭᠡᠯᠡᠵᠦ᠂ ᠡᠯ᠎ᠡ | ᠲᠤᠰᠬᠠᠶ ᠰᠠᠯᠠᠭᠠᠨ ᠤ ᠨᠡᠯᠢᠶᠡᠳ ᠥᠨᠳᠥᠷ ᠮᠡᠷᠭᠡᠵᠢᠯ ᠤᠨ ᠠᠭᠤᠯᠤᠭᠳᠠᠴᠠ ᠲᠠᠢ ᠡᠮᠴᠢᠯᠡᠭᠡᠨ ᠤ ᠮᠡᠷᠭᠡᠵᠢᠯ ᠪᠠ | ᠡᠩ ᠤᠨ ᠣᠨᠣᠰᠢᠯᠠᠨ ᠡᠮᠨᠡᠬᠦ ᠮᠡᠷᠭᠡᠵᠢᠯ ᠢ ᠥᠷᠨᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ | ᠬᠠᠷᠢᠶ᠎ᠠ ᠣᠷᠣᠨ ᠤ ᠪᠠᠨ ᠪᠠᠶᠢᠩᠭᠤ ᠲᠣᠬᠢᠶᠠᠯᠳᠤᠳᠠᠭ ᠣᠯᠠᠨ ᠡᠭᠦᠰᠳᠡᠭ ᠡᠪᠡᠳᠴᠢᠨ ᠪᠠ ᠤᠳᠠᠭᠠᠨ ᠴᠢᠨᠠᠷᠲᠠᠶ | ᠡᠪᠡᠳᠴᠢᠨ ᠤ ᠬᠠᠮᠢᠶᠠᠷᠤᠯᠲᠠ ᠶᠢ ᠡᠭᠦᠷᠭᠡᠯᠡᠵᠦ᠂ ᠬᠡᠰᠡᠭ ᠡᠩ ᠤᠨ ᠣᠨᠣᠰᠢᠯᠠᠨ ᠡᠮᠨᠡᠬᠦ ᠮᠡᠷᠭᠡᠵᠢᠯ ᠪᠠ ᠡᠷᠡᠭᠦᠯᠵᠢᠭᠦᠯᠬᠦ᠂ | ᠰᠤᠪᠢᠯᠠᠬᠤ ᠵᠡᠷᠭᠡ ᠡᠮᠴᠢᠯᠡᠭᠡᠨ ᠤ ᠲᠤᠬᠠᠶᠢᠯᠠᠭᠰᠠᠨ ᠠᠵᠢᠯ ᠢ ᠥᠷᠨᠢᠭᠦᠯᠵᠦ᠂ ᠤᠯᠤᠰ ᠠᠴᠠ ᠲᠣᠭᠲᠠᠭᠠᠭᠰᠠᠨ | ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠶ ᠰᠠᠭᠠᠳ ᠲᠠᠢ ᠠᠭᠤᠰᠬᠢᠨ | ᠦᠷᠪᠢᠰᠦᠯ᠂ ᠵᠢᠷᠦᠬᠡᠨ ᠲᠢᠲᠢᠮ ᠤᠨ ᠡᠪᠡᠳᠴᠢᠨ᠂ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠵᠡᠷᠭᠡ | ᠡᠪᠡᠳᠴᠢᠨ ᠤ ᠲᠥᠷᠥᠯ ᠢ ᠱᠠᠲᠤ ᠬᠤᠪᠢᠶᠠᠨ ᠣᠨᠣᠰᠢᠯᠠᠨ ᠡᠮᠨᠡᠬᠦ ᠦᠢᠯᠡᠴᠢᠯᠡᠭᠡ ᠶᠢ ᠨᠠᠶᠢᠳᠠᠪᠤᠷᠢᠵᠢᠭᠤᠯᠤᠨ᠎ᠠ᠃ | ︵1︶ ᠳᠡᠭᠡᠭᠰᠢ ᠰᠢᠯᠵᠢᠭᠦᠯᠬᠦ᠄ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ᠪᠤᠶᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠡᠮᠨᠡᠭᠦᠯᠬᠦ ᠡᠪᠡᠳᠴᠢᠲᠡᠨ᠂ ᠡᠮᠨᠡᠯᠭᠡ ᠰᠢᠯᠵᠢᠵᠦ | ᠣᠨᠣᠰᠢᠯᠠᠨ ᠡᠮᠨᠡᠬᠦ ᠴᠢᠬᠤᠯᠠᠲᠠᠶ ᠪᠣᠯ᠂ ᠡᠪᠡᠳᠴᠢᠨ ᠦᠵᠡᠭᠦᠯᠬᠦ ᠡᠮᠨᠡᠯᠭᠡ ᠶᠢᠨ ᠬᠤᠷᠢᠶᠠᠨ ᠤ ᠡᠮᠴᠢ ᠠᠴᠠ | ᠰᠢᠯᠵᠢᠭᠦᠯᠦᠨ ᠡᠮᠨᠡᠭᠦᠯᠬᠦ ᠬᠠᠭᠤᠳᠠᠰᠤ ᠪᠤᠶᠤ ᠪᠠᠶᠢᠴᠠᠭᠠᠬᠤ ᠬᠠᠭᠤᠳᠠᠰᠤ ᠬᠢᠵᠦ ᠥᠭᠴᠦ᠂ ᠡᠪᠡᠳᠴᠢᠲᠡᠨ ᠨᠢ | ᠡᠪᠡᠳᠴᠢᠲᠡᠨ ᠢ ᠬᠠᠮᠲᠤᠷᠠᠨ ᠰᠢᠯᠵᠢᠭᠦᠯᠦᠨ ᠡᠮᠨᠡᠭᠦᠯᠬᠦ ᠬᠠᠭᠤᠳᠠᠰᠤ ᠪᠤᠶᠤ ᠪᠠᠶᠢᠴᠠᠭᠠᠬᠤ ᠬᠠᠭᠤᠳᠠᠰᠤ ᠪᠠᠷ ᠢᠶᠠᠨ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠬᠤᠷᠢᠶ᠎ᠠ ᠳᠤ ᠮᠡᠳᠡᠭᠦᠯᠦᠨ | ᠳᠠᠩᠰᠠᠯᠠᠭᠤᠯᠵᠤ᠂ ᠡᠭᠦᠳᠡᠨ ᠡᠮᠨᠡᠯᠭᠡ ᠶᠢᠨ ᠬᠡᠯᠲᠡᠰ ᠠᠴᠠ ᠡᠪᠡᠳᠴᠢᠨ ᠤ ᠪᠠᠶᠢᠳᠠᠯ ᠢ ᠦᠨᠳᠦᠰᠦᠯᠡᠨ ᠲᠡᠭᠦᠨ ᠢ | ᠰᠠᠯᠭᠠᠨ ᠣᠨᠣᠰᠢᠯᠠᠬᠤ ᠶᠢᠨ ᠬᠠᠮᠲᠤ ᠬᠠᠮᠢᠶ᠎ᠠ ᠪᠦᠬᠦᠢ ᠭᠠᠷᠳᠠᠮ ᠢ ᠬᠠᠪᠰᠤᠷᠤᠨ ᠭᠦᠢᠴᠡᠳᠬᠡᠬᠦ ᠬᠡᠷᠡᠭᠲᠡᠶ᠃ ᠲᠦᠷᠭᠡᠨ | ᠡᠮᠴᠢᠯᠡᠭᠡ ᠬᠢᠬᠦ ᠬᠠᠭᠤᠳᠠᠰᠤ ᠪᠠᠷ ᠰᠢᠭᠤᠳ ᠰᠠᠭᠠᠳ ᠦᠭᠡᠶ ᠨᠡᠪᠲᠡᠷᠡᠬᠦ ᠵᠠᠮ ᠢ ᠶᠠᠪᠤᠭᠤᠯᠵᠤ᠂ ᠲᠦᠷᠭᠡᠨ ᠡᠮᠨᠡᠨ | ᠵᠠᠰᠠᠬᠤ ᠶᠢ ᠪᠡᠶᠡᠯᠡᠭᠦᠯᠬᠦ ᠬᠡᠷᠡᠭᠲᠡᠶ᠃ | ︵2︶ ᠳᠣᠷᠤᠭᠰᠢ ᠰᠢᠯᠵᠢᠭᠦᠯᠬᠦ᠄ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠳᠤ ᠰᠠᠭᠤᠵᠤ | ᠪᠠᠶᠢᠭ᠎ᠠ ᠬᠥᠩᠭᠡᠨ ᠬᠡᠮ᠂ ᠤᠳᠠᠭᠠᠨ ᠴᠢᠨᠠᠷᠲᠠᠶ ᠡᠪᠡᠳᠴᠢᠨ ᠢ ᠲᠣᠭᠲᠠᠮᠠᠯ ᠬᠤᠭᠤᠴᠠᠭ᠎ᠠ ᠲᠠᠢ ᠪᠠᠶᠢᠯᠭᠠᠬᠤ᠂ | ᠡᠷᠡᠭᠦᠯᠵᠢᠬᠦ ᠬᠤᠭᠤᠴᠠᠭ᠎ᠠ ᠪᠠ ᠮᠡᠰᠡ ᠵᠠᠰᠠᠯ ᠤᠨ ᠳᠠᠷᠠᠭ᠎ᠠ ᠰᠡᠷᠭᠦᠭᠡᠬᠦ ᠵᠢᠴᠢ ᠦᠨᠳᠦᠰᠦᠨ ᠱᠠᠲᠤᠨ ᠤ ᠡᠮᠨᠡᠯᠭᠡ ᠶᠢᠨ | ᠬᠤᠷᠢᠶ᠎ᠠ ᠳᠤ ᠣᠴᠢᠵᠤ ᠡᠮᠨᠡᠯᠭᠡ ᠳᠤ ᠰᠠᠭᠤᠬᠤ ᠴᠢᠬᠤᠯᠠᠲᠠᠶ ᠡᠭᠦᠳᠡᠨ ᠡᠮᠨᠡᠯᠭᠡ ᠶᠢᠨ ᠬᠥᠩᠭᠡᠨ ᠡᠪᠡᠳᠴᠢᠨ ᠵᠡᠷᠭᠡ | ᠡᠪᠡᠳᠴᠢᠲᠡᠨ ᠢ ᠡᠮᠴᠢᠯᠡᠭᠡᠨ ᠤ ᠬᠠᠮᠲᠤ ᠶᠢᠨ ᠪᠡᠶ᠎ᠡ ᠶᠢᠨ ᠳᠣᠲᠣᠷᠠᠬᠢ ᠳᠣᠤᠷᠠᠳᠤ ᠱᠠᠲᠤᠨ ᠤ ᠡᠮᠨᠡᠯᠭᠡ ᠶᠢᠨ | ᠬᠤᠷᠢᠶᠠᠨ ᠳᠤ ᠰᠢᠯᠵᠢᠭᠦᠯᠵᠦ ᠪᠣᠯᠤᠨ᠎ᠠ᠂ ᠬᠠᠮᠢᠶᠠᠷᠬᠤ ᠶᠡᠭᠡ ᠡᠮᠴᠢ ᠠᠴᠠ ᠰᠢᠯᠵᠢᠭᠦᠯᠦᠨ ᠡᠮᠨᠡᠭᠦᠯᠬᠦ ᠬᠠᠭᠤᠳᠠᠰᠤ | ᠭᠠᠷᠭᠠᠵᠤ ᠪᠣᠯᠤᠨ᠎ᠠ᠂ ᠡᠮᠴᠢᠯᠡᠭᠡᠨ ᠤ ᠬᠠᠮᠲᠤ ᠶᠢᠨ ᠴᠣᠭᠴᠠ ᠠᠴᠠ ᠰᠢᠯᠵᠢᠭᠦᠯᠦᠨ ᠡᠮᠨᠡᠭᠦᠯᠬᠦ ᠲᠠᠪᠴᠠᠩ ︵ᠪᠤᠶᠤ | ᠰᠢᠯᠵᠢᠭᠦᠯᠦᠨ ᠡᠮᠨᠡᠭᠦᠯᠬᠦ ᠬᠠᠭᠤᠳᠠᠰᠤ ᠠᠪᠴᠤ ᠪᠣᠯᠤᠨ᠎ᠠ︶ ᠳᠣᠷᠣᠭᠰᠢ ᠡᠯ᠎ᠡ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠪᠤᠶᠤ ᠡᠷᠡᠭᠦᠯ ᠬᠠᠮᠠᠭᠠᠯᠠᠯ ᠤᠨ ᠬᠤᠷᠢᠶᠠᠨ ᠳᠤ ᠰᠢᠯᠵᠢᠭᠦᠯᠦᠨ ᠬᠦᠷᠭᠡᠵᠦ | ᠤᠯᠠᠮ ᠨᠢᠭᠡ ᠠᠯᠬᠤᠮ ᠡᠷᠡᠭᠦᠯᠵᠢᠭᠦᠯᠵᠦ᠂ ᠬᠦᠯᠢᠶᠡᠨ ᠠᠪᠴᠤ ᠡᠮᠨᠡᠬᠦ ᠨᠢᠭᠡᠴᠡ ᠰᠢᠯᠵᠢᠭᠦᠯᠦᠨ ᠡᠮᠨᠡᠭᠦᠯᠬᠦ | ᠡᠪᠡᠳᠴᠢᠲᠡᠨ ᠢ ᠪᠦᠷᠢᠳᠬᠡᠨ ᠳᠠᠩᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︵3︶ ᠡᠮᠴᠢᠯᠡᠭᠡᠨ ᠤ ᠮᠡᠷᠭᠡᠵᠢᠯ ᠪᠠᠶᠢᠴᠠᠭᠠᠯᠲᠠ ᠬᠠᠷᠢᠯᠴᠠᠨ ᠨᠡᠪᠲᠡᠷᠡᠯᠴᠡᠬᠦ᠃ ᠲᠣᠭᠤᠷᠢᠭ ᠤᠨ ᠠᠷᠠᠳ ᠤᠨ | ᠡᠮᠨᠡᠯᠭᠡ ᠶᠢᠨ ᠬᠤᠷᠢᠶ᠎ᠠ ᠠᠨᠠᠭᠠᠬᠤ ᠤᠬᠠᠭᠠᠨ ᠤ ᠵᠢᠷᠤᠭ ᠳᠦᠷᠰᠦ ᠶᠢ ᠣᠨᠣᠰᠢᠯᠠᠬᠤ᠂ ᠰᠢᠯᠭᠠᠨ ᠪᠠᠶᠢᠴᠠᠭᠠᠬᠤ᠂ | ᠵᠢᠷᠦᠬᠡ ᠲᠠᠷᠢᠬᠢᠨ ᠤ ᠴᠠᠬᠢᠯᠭᠠᠨ ᠤ ᠪᠠᠶᠢᠴᠠᠭᠠᠯᠲᠠ ᠶᠢᠨ ᠣᠨᠣᠰᠢᠯᠠᠯᠲᠠ᠂ ᠠᠷᠢᠭᠤᠳᠬᠠᠯ ᠬᠠᠩᠭᠠᠬᠤ ᠲᠥᠪ ᠵᠡᠷᠭᠡ | ᠦᠢᠯᠡᠴᠢᠯᠡᠭᠡᠨ ᠤ ᠨᠢᠭᠡᠴᠡ ᠶᠢ ᠬᠠᠩᠭᠠᠵᠤ᠂ ᠡᠮᠴᠢᠯᠡᠭᠡᠨ ᠤ ᠬᠠᠮᠲᠤ ᠶᠢᠨ ᠳᠣᠲᠣᠭᠠᠳᠤ ᠶᠢᠨ ᠲᠣᠮᠣ ᠬᠡᠯᠪᠡᠷᠢ ᠶᠢᠨ | ᠪᠠᠶᠢᠴᠠᠭᠠᠯᠲᠠ ᠬᠢᠵᠦ ᠬᠠᠷᠢᠯᠴᠠᠨ ᠨᠡᠪᠲᠡᠷᠡᠯᠴᠡᠬᠦ ᠶᠢ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠡᠮᠨᠡᠯᠭᠡ ᠶᠢᠨ | ᠬᠤᠷᠢᠶ᠎ᠠ ᠡᠪᠡᠳᠴᠢᠨ ᠤ ᠪᠠᠶᠢᠳᠠᠯ ᠢ ᠦᠨᠳᠦᠰᠦᠯᠡᠨ ᠪᠠᠶᠢᠴᠠᠭᠠᠯᠲᠠ ᠬᠢᠯᠭᠡᠬᠦ ᠭᠤᠶᠤᠴᠢᠯᠠᠯ ᠤᠨ ᠬᠠᠭᠤᠳᠠᠰᠤ | ᠭᠠᠷᠭᠠᠵᠤ ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠥᠭᠴᠦ᠂ ᠡᠷᠡᠭᠦᠯ ᠬᠠᠮᠠᠭᠠᠯᠠᠯ ᠤᠨ | ᠡᠬᠢ ᠪᠠᠶᠠᠯᠢᠭ ᠢ ᠭᠦᠢᠴᠡᠳ ᠬᠡᠷᠡᠭᠯᠡᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠳᠤ ᠳᠥᠭᠦᠮ ᠦᠵᠡᠭᠦᠯᠬᠦ | ᠬᠡᠷᠡᠭᠲᠡᠶ᠃ ᠡᠮᠴᠢᠯᠡᠭᠡᠨ ᠤ ᠬᠠᠮᠳᠣ ᠶᠢᠨ ᠴᠣᠠᠠᠴᠠ ᠶᠢᠨ ᠲᠣᠳᠣᠭᠠᠳᠣ ᠳᠠᠭᠠᠨ ᠲᠤᠭᠤᠷᠢᠭ ᠤᠨ ᠠᠷᠡᠳ ᠤᠨ | ᠡᠮᠨᠡᠯᠬᠡ ᠶᠢᠨ ᠬᠤᠷᠢᠶ᠎ᠠ ᠳᠤ ᠳᠥᠰᠢᠭᠯᠡᠨ ᠠᠨᠠᠭᠠᠬᠤ ᠣᠬᠠᠭᠠᠨ ᠤ ᠰᠡᠬᠦᠳᠡᠷ ᠤᠨ ᠲᠥᠪ᠂ ᠰᠢᠯᠭᠠᠨ ᠪᠠᠶᠢᠴᠠᠭᠠᠬᠤ | ᠲᠥᠪ᠂ ᠵᠢᠷᠦᠬᠡᠨ ᠤ ᠴᠠᠬᠢᠯᠭᠠᠨ ᠵᠢᠷᠤᠭ ᠤᠨ ᠬᠠᠮᠳᠣᠷᠡᠨ ᠣᠨᠣᠰᠢᠯᠠᠬᠤ ᠲᠥᠪ ᠵᠡᠷᠭᠡ ᠶᠢ ᠪᠠᠢᠭᠤᠯᠵᠦ᠂ ᠲᠣᠮᠣ | ᠭᠡᠯᠪᠡᠷᠢ ᠶᠢᠨ ᠳᠥᠬᠦᠭᠡᠷᠦᠮᠵᠢ ᠶᠢᠨ ᠨᠢᠭᠡᠳᠦᠯᠳᠡᠢ ᠬᠠᠮᠢᠶᠡᠷᠦᠯᠳᠡ ᠶᠢ ᠭᠡᠷᠡᠭᠵᠢᠬᠦᠯᠵᠦ᠂ ᠡᠮᠴᠢᠯᠡᠭᠡᠨ ᠤ ᠬᠠᠮᠳᠣ ᠶᠢᠨ | ᠴᠣᠠᠠᠴᠠ ᠶᠢᠨ ᠲᠣᠳᠣᠭᠠᠳᠣ ᠶᠢᠨ ᠡᠯ᠎ᠠ ᠡᠮᠴᠢᠯᠡᠭᠡᠨ ᠤ ᠪᠠᠢᠭᠤᠯᠥᠮᠵᠢ ᠳᠤ ᠨᠢᠭᠡ ᠴᠣᠠᠠᠴᠠᠵᠢᠭᠤᠯᠥᠠᠠᠰᠠᠨ ᠦᠢᠯᠡᠴᠢᠯᠡᠬᠡᠨ | ᠬᠠᠩᠭᠠᠨ᠎ᠠ᠃ ᠶᠠᠰᠤ ᠴᠢᠨᠠᠷ ᠤᠨ ᠡᠵᠡᠮᠳᠡᠯ ᠤᠨ ᠪᠠᠷᠢᠮᠵᠢᠶ᠎ᠠ ᠶᠢ ᠨᠢᠭᠡᠳᠦᠯᠲᠡᠶ ᠪᠠᠶᠢᠯᠭᠠᠬᠤ᠂ ᠡᠮᠴᠢᠯᠡᠭᠡᠨ ᠤ ᠠᠮᠤᠷ | ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠳᠣᠲᠣᠭᠠᠳᠤ ᠶᠢᠨ ᠰᠢᠯᠭᠠᠨ ᠪᠠᠶᠢᠴᠠᠭᠠᠯᠲᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ | ᠠᠬᠢᠭᠤᠯᠵᠤ᠂ ᠳᠠᠪᠬᠤᠷᠳᠠᠭᠤᠯᠤᠨ ᠰᠢᠯᠭᠠᠨ ᠪᠠᠶᠢᠴᠠᠭᠠᠬᠤ ᠶᠢ ᠪᠠᠭᠠᠰᠬᠠᠨ᠎ᠠ᠃ | 3. ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠪᠦᠬᠦ ᠲᠠᠯ᠎ᠠ ᠪᠠᠷ ᠥᠷᠨᠢᠭᠦᠯᠦᠨ᠎ᠡ᠃ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠲᠣᠰ ᠬᠤᠷᠢᠶᠠᠨ ᠤ ᠪᠠᠨ ᠶᠡᠭᠡ ᠡᠮᠴᠢ ᠨᠠᠷ ᠢ ᠵᠣᠬᠢᠶᠠᠨ | ᠪᠠᠶᠢᠭᠤᠯᠵᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮᠴᠢ ᠯᠦᠭᠡ ᠪᠦᠯᠬᠦᠮ ᠪᠠᠶᠢᠭᠤᠯᠤᠨ ᠭᠡᠷ᠎ᠡ | ᠲᠣᠭᠲᠠᠵᠤ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ᠂ | ᠵᠢᠷᠦᠬᠡᠨ ᠲᠢᠳᠢᠮ ᠤᠨ ᠡᠪᠡᠳᠴᠢᠨ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠵᠡᠷᠭᠡ ᠤᠳᠠᠭᠠᠨ | ᠴᠢᠨᠠᠷᠲᠠᠶ ᠡᠪᠡᠳᠴᠢᠨ ᠢᠶᠠᠷ ᠭᠤᠤᠯᠳᠠᠯᠭ᠎ᠠ ᠪᠣᠯᠭᠠᠵᠤ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ | ᠦᠢᠯᠡᠴᠢᠯᠡᠭᠡ ᠶᠢ ᠬᠠᠮᠲᠤ ᠪᠠᠷ ᠥᠷᠨᠢᠭᠦᠯᠪᠡ᠃ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ | ᠰᠦᠢᠳᠬᠡᠯ ᠬᠤᠷᠢᠶᠠᠬᠤ ᠦᠭᠡᠶ ᠦᠨᠳᠦᠰᠦᠨ ᠦᠢᠯᠡᠴᠢᠯᠡᠭᠡᠨ ᠤ ᠳᠠᠭᠠᠭᠠᠴᠢᠯᠠᠯᠲᠠ ᠪᠠ ᠰᠦᠢᠳᠬᠡᠯ ᠲᠤᠰᠢᠶᠠᠬᠤ | ᠥᠪᠡᠷᠮᠢᠴᠡ ᠦᠢᠯᠡᠴᠢᠯᠡᠭᠡᠨ ᠤ ᠪᠠᠭᠯᠠᠭ᠎ᠠ ᠭᠡᠵᠦ ᠬᠤᠪᠢᠶᠠᠨ᠎ᠠ᠃ ᠭᠡᠷ᠎ᠡ ᠲᠣᠭᠲᠠᠬᠤ ᠵᠠᠷᠤᠳᠠᠯ ᠢ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠰᠠᠭᠤᠷᠢ ᠮᠥᠩᠭᠦ᠂ ᠦᠨᠳᠦᠰᠦᠨ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠪᠣᠯᠤᠨ ᠭᠡᠷ᠎ᠡ ᠲᠣᠭᠲᠠᠭᠰᠠᠨ ᠰᠠᠭᠤᠭᠠᠯᠢ ᠠᠷᠠᠳ ᠭᠤᠷᠪᠠᠨ | ᠲᠠᠯ᠎ᠠ ᠪᠠᠷ ᠢᠶᠠᠨ 1᠄ 1᠄ 1 ᠤᠨ ᠠᠷᠭ᠎ᠠ ᠮᠠᠶ᠋ᠢᠭ ᠢᠶᠠᠷ ᠬᠠᠮᠲᠤᠪᠠᠷ ᠡᠭᠦᠷᠭᠡᠯᠡᠨ᠎ᠡ᠃ ᠭᠡᠷ ᠪᠦᠯᠢ ᠶᠢᠨ ᠡᠮᠴᠢ ᠶᠢ | ᠰᠢᠯᠭᠠᠨ ᠬᠢᠨᠠᠬᠤ ᠲᠣᠭᠲᠠᠴᠠ ᠶᠢ ᠪᠠᠶᠢᠭᠤᠯᠵᠤ᠂ ᠭᠡᠷ᠎ᠡ ᠲᠣᠭᠲᠠᠵᠤ ᠦᠢᠯᠡᠴᠢᠯᠡᠬᠦ ᠬᠥᠮᠦᠰ ᠤᠨ ᠡᠮᠨᠡᠯᠭᠡ ᠳᠤ ᠰᠠᠭᠤᠬᠤ | ᠨᠣᠷᠮ᠎ᠠ ᠵᠡᠷᠭᠡ ᠭᠦᠢᠴᠡᠳᠬᠡᠬᠦ ᠲᠤᠭ᠎ᠠ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠬᠤ ᠶᠢᠨ ᠬᠠᠮᠲᠤ ᠭᠡᠷ | ᠪᠦᠯᠢ ᠶᠢᠨ ᠡᠮᠴᠢ ᠶᠢᠨ ᠬᠥᠯᠥᠰᠥ ᠣᠯᠭᠤᠮᠵᠢ ᠯᠤᠭ᠎ᠠ ᠨᠢ ᠬᠤᠯᠪᠣᠭᠳᠠᠭᠤᠯᠤᠨ᠎ᠠ᠃ ᠳᠡᠩᠰᠡᠯᠡᠵᠦ ᠺᠠᠷᠲ᠋ᠠᠯᠬᠠᠰᠠᠨ | ᠶᠠᠳᠠᠭᠤ ᠬᠦᠴᠢᠷᠳᠡᠯᠳᠡᠢ ᠬᠦᠮᠦᠨ ᠠᠮᠠ ᠶᠢ ᠪᠦᠬᠦᠨ ᠢ ᠭᠡᠷ᠎ᠠ ᠲᠣᠠᠠᠳᠠᠨ ᠦᠢᠯᠡᠴᠢᠯᠡᠬᠦ ᠬᠦᠷᠢᠶ᠎ᠠ ᠭᠡᠪᠴᠢᠶ᠎ᠠ ᠳᠤ | ᠣᠷᠣᠭᠤᠯᠥᠨ᠎ᠠ᠃ | ᠡᠮ ᠡᠮᠨᠡᠯᠭᠡ ᠶᠢᠨ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ ᠲᠣᠭᠤᠷᠢᠭ ᠤᠨ | ᠠᠷᠠᠳ ᠤᠨ ᠡᠮᠨᠡᠯᠭᠡ ᠶᠢᠨ ᠬᠤᠷᠢᠶᠠᠨ ᠤ ᠲᠤᠰᠬᠠᠶ ᠰᠠᠯᠠᠭᠠᠨ ᠤ ᠶᠡᠭᠡ ᠡᠮᠴᠢ ᠠᠴᠠ ᠨᠡᠶᠢᠭᠡᠮ ᠲᠣᠭᠤᠷᠢᠭ ᠤᠨ | ᠡᠮᠴᠢᠯᠡᠭᠡᠨ ᠤ ᠪᠠᠶᠢᠭᠤᠯᠤᠮᠵᠢ ᠪᠠ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠡᠮᠨᠡᠯᠭᠡ ᠶᠢᠨ | ᠠᠵᠢᠯᠲᠠᠳ ᠢ ᠵᠢᠯᠣᠭᠤᠳᠤᠨ ᠤᠳᠠᠭᠠᠨ ᠴᠢᠨᠠᠷᠲᠠᠶ ᠡᠪᠡᠳᠴᠢᠲᠡᠨ ᠢ ᠵᠢᠷᠤᠮᠵᠢᠭᠤᠯᠤᠨ ᠬᠠᠮᠢᠶᠠᠷᠴᠤ᠂ ᠣᠨᠣᠰᠢᠯᠠᠨ ᠡᠮᠨᠡᠬᠦ | ᠲᠥᠰᠦᠯ᠂ ᠡᠮ ᠬᠡᠷᠡᠭᠯᠡᠬᠦ ᠵᠢᠯᠣᠭᠤᠳᠣᠯᠭ᠎ᠠ᠂ ᠡᠮᠨᠡᠯᠭᠡ ᠳᠤ ᠰᠠᠭᠤᠵᠤ ᠡᠮᠴᠢᠯᠡᠭᠦᠯᠬᠦ ᠪᠠ ᠪᠣᠯᠪᠠᠰᠤᠷᠠᠭᠤᠯᠬᠤ ᠵᠡᠷᠭᠡ ᠶᠢ | ᠬᠠᠪᠰᠤᠷᠤᠨ ᠲᠣᠬᠢᠷᠠᠭᠤᠯᠵᠤ᠂ ᠡᠷᠡᠭᠦᠯ ᠮᠡᠨᠳᠦ ᠶᠢᠨ ᠬᠥᠮᠦᠵᠢᠯ ᠤᠨ ᠬᠢᠴᠢᠶᠡᠯ ᠤᠨ ᠲᠠᠩᠬᠢᠮ ᠢ ᠭᠦᠨᠵᠡᠭᠡᠶ | ᠥᠷᠨᠢᠭᠦᠯᠵᠦ᠂ ᠬᠡᠷᠡᠭᠯᠡᠬᠦ ᠪᠠᠷᠢᠮᠵᠢᠶ᠎ᠠ ᠶᠢᠨ ᠵᠣᠷ ᠢ ᠳᠡᠯᠭᠡᠷᠡᠭᠦᠯᠦᠨ᠂ ᠡᠮᠴᠢᠯᠡᠭᠡᠨ ᠤ ᠶᠠᠰᠤ ᠴᠢᠨᠠᠷ ᠢ ᠬᠢᠨᠠᠨ ᠡᠵᠡᠮᠳᠡᠬᠦ | ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠰᠠᠭᠤᠷᠢ ᠡᠮᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ | 5. ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢ ᠳᠡᠯᠭᠡᠷᠡᠭᠦᠯᠦᠨ᠎ᠡ᠃ ᠡᠮᠨᠡᠯᠭᠡ ᠶᠢᠨ ᠬᠤᠷᠢᠶ᠎ᠠ ᠶᠢᠨ ᠬᠢᠲᠠᠳ | ᠡᠮ ᠡᠮᠨᠡᠯᠭᠡ ᠶᠢ ᠬᠠᠮᠢᠶᠠᠷᠬᠤ ᠳᠤ ᠳᠥᠭᠦᠮ᠂ ᠪᠦᠲᠦᠮᠵᠢᠲᠡᠶ᠂ ᠦᠨ᠎ᠡ ᠨᠢ ᠬᠢᠮᠳᠠ ᠪᠠᠶᠢᠯᠭᠠᠬᠤ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠣᠯᠠᠨ ᠲᠦᠮᠡᠨ ᠳᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠬᠡᠷᠡᠭᠲᠡᠶ᠃ | ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠶᠡᠭᠡ ᠡᠮᠴᠢ ᠶᠢ ᠡᠯ᠎ᠡ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠣᠯᠤᠨ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶᠠᠨ ᠳᠤ ᠪᠠᠭᠤᠯᠭᠠᠵᠤ᠂ ᠨᠡᠶᠢᠭᠡᠮ ᠲᠣᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠪᠣᠯᠤᠨ | ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠬᠢᠲᠠᠳ ᠡᠮᠨᠡᠯᠭᠡ ᠶᠢᠨ ᠰᠠᠯᠠᠭᠠᠨ ᠤ ᠪᠠᠶᠢᠭᠤᠯᠤᠯᠲᠠ ᠶᠢ | ᠶᠡᠬᠡᠪᠡᠷ ᠥᠷᠨᠢᠭᠦᠯᠵᠦ᠂ ᠬᠢᠲᠠᠳ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠪᠣᠯᠤᠨ ᠡᠮ ᠤᠨ ᠪᠤᠰᠤ ᠵᠠᠰᠠᠯ ᠤᠨ | ᠠᠷᠭ᠎ᠠ ᠶᠢ ᠳᠡᠯᠭᠡᠷᠡᠭᠦᠯᠦᠨ᠎ᠡ᠃ ᠣᠳᠣ ᠶᠢᠨ ᠪᠠᠶᠢᠭ᠎ᠠ ᠪᠡᠯᠡᠳᠭᠡᠮᠵᠢ ᠶᠢ ᠬᠦᠢᠴᠡᠳ ᠠᠰᠢᠠᠠᠯᠠᠨ ᠬᠢᠳᠡᠳ ᠡᠮᠨᠡᠯᠬᠡ ᠶᠢᠨ | ᠡᠷᠡᠬᠦᠯᠵᠢᠯ ᠤᠨ ᠡᠮᠴᠢᠯᠡᠭᠡ᠂ ᠡᠷᠡᠬᠦᠯᠵᠢᠯ ᠤᠨ ᠨᠠᠰᠣᠵᠢᠯ᠂ ᠪᠡᠶ᠎ᠡ ᠰᠣᠪᠢᠯᠡᠯᠳᠡ ᠶᠢᠨ ᠡᠪᠡᠳᠴᠢᠨ ᠢ ᠰᠡᠷᠭᠡᠶᠢᠯᠡᠨ | ᠵᠠᠰᠠᠬᠤ᠂ ᠡᠬᠡ ᠨᠢᠯᠬᠠᠰ ᠤᠨ ᠡᠷᠡᠬᠦᠯ ᠮᠠᠨᠳᠣ᠂ ᠤᠵᠢᠭ ᠡᠪᠡᠳᠴᠢᠨ ᠤ ᠡᠷᠡᠬᠦᠯᠵᠢᠯ ᠵᠡᠷᠭᠡ ᠬᠢᠳᠡᠳ ᠡᠮ ᠡᠮᠨᠡᠯᠬᠡ ᠶᠢᠨ | ᠡᠷᠡᠬᠦᠯ ᠮᠠᠨᠳᠣ ᠶᠢᠨ ᠦᠢᠯᠡᠴᠢᠯᠡᠭᠡᠨ ᠢ ᠦᠷᠨᠢᠬᠦᠯᠵᠦ᠂ ᠣᠳᠠᠭᠠᠨ ᠴᠢᠨᠡᠷᠳᠡᠢ ᠬᠢᠳᠡᠳ ᠡᠮ ᠡᠮᠨᠡᠯᠬᠡ ᠶᠢᠨ ᠡᠷᠡᠬᠦᠯ | ᠮᠠᠨᠳᠤ ᠶᠢᠨ ᠬᠠᠮᠢᠶᠡᠷᠦᠯᠳᠡ ᠶᠢ ᠦᠷᠨᠢᠬᠦᠯᠥᠨ᠎ᠠ᠃ | 6. ᠡᠮᠨᠡᠯᠭᠡ ᠶᠢᠨ ᠬᠤᠷᠢᠶ᠎ᠠ ᠶᠢᠨ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠶᠢ | ᠪᠣᠳᠠᠲᠠᠶᠢᠵᠢᠭᠤᠯᠤᠨ᠎ᠠ ᠃ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠬᠡᠰᠡᠭ ᠰᠠᠯᠠᠭᠠᠨ ᠤ ᠡᠷᠬᠢᠯᠡᠭᠴᠢ ᠪᠠ | ᠮᠡᠷᠭᠡᠵᠢᠯ ᠤᠨ ᠭᠤᠤᠯᠯᠠᠭᠴᠢ ᠬᠦᠴᠦᠨ ᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠲᠣᠮᠢᠯᠠᠨ | ᠣᠴᠢᠭᠤᠯᠵᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠮᠴᠢᠯᠡᠭᠡᠨ ᠤ ᠠᠵᠢᠯ ᠥᠷᠨᠢᠭᠦᠯᠬᠦ | ᠶᠢ ᠵᠢᠯᠣᠭᠤᠳᠴᠤ ᠂ ᠮᠡᠷᠭᠡᠵᠢᠯ ᠤᠨ ᠪᠦᠯᠬᠦᠮ ᠪᠠᠶᠢᠭᠤᠯᠤᠨ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠯᠤᠭ᠎ᠠ ᠬᠠᠮᠲᠤᠷᠠᠭᠰᠠᠨ ᠡᠪᠡᠳᠴᠢᠲᠡᠨ ᠤ ᠥᠷᠥᠭᠡ ᠭᠠᠷᠭᠠᠵᠤ᠂ ᠤᠨᠴᠠᠯᠢᠬᠳᠤ ᠲᠤᠰᠬᠠᠶ ᠰᠠᠯᠠᠭ᠎ᠠ ᠶᠢ | ᠬᠠᠮᠲᠤ ᠪᠠᠷ ᠪᠠᠶᠢᠭᠤᠯᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠳᠣᠷᠣᠭᠰᠢ | ᠪᠠᠭᠤᠯᠭᠠᠬᠤ ᠶᠢ ᠠᠬᠢᠭᠤᠯᠵᠤ ᠪᠣᠯᠤᠨ᠎ᠠ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠲᠤᠰᠬᠠᠶ | ᠮᠡᠷᠭᠡᠵᠢᠯᠲᠡᠨ ᠤ ᠠᠵᠢᠯ ᠤᠨ ᠲᠠᠰᠤᠭ ᠭᠠᠷᠭᠠᠵᠤ᠂ ᠡᠮᠨᠡᠯᠭᠡ ᠶᠢᠨ ᠬᠤᠷᠢᠶ᠎ᠠ ᠠᠴᠠ ᠲᠤᠰᠬᠠᠶ ᠮᠡᠷᠭᠡᠵᠢᠯᠲᠡᠨ ᠢ ᠲᠣᠮᠢᠯᠠᠨ | ᠰᠤᠷᠤᠯᠴᠠᠭᠤᠯᠵᠤ᠂ ᠡᠮᠴᠢᠯᠡᠭᠦᠯᠬᠦ ᠠᠵᠢᠯ ᠤᠨ ᠬᠡᠮᠵᠢᠶ᠎ᠡ ᠶᠣᠰᠣᠭᠠᠷ ᠵᠣᠬᠢᠬᠤ ᠠᠮᠵᠢᠯᠲᠠ ᠪᠦᠲᠦᠮᠵᠢ ᠣᠯᠭᠤᠨ᠎ᠠ᠃ | ᠡᠭᠦᠨ ᠤ ᠬᠠᠮᠲᠤ᠂ ᠡᠪᠡᠳᠴᠢᠨ ᠦᠵᠡᠭᠦᠯᠬᠦ ᠬᠡᠮᠵᠢᠶᠡᠨ ᠤ ᠨᠡᠮᠡᠭᠳᠡᠯ ᠤᠨ ᠪᠠᠶᠢᠳᠠᠯ᠂ ᠲᠤᠰᠬᠠᠶ ᠮᠡᠷᠭᠡᠵᠢᠯ ᠤᠨ | ᠪᠠᠶᠢᠭᠤᠯᠤᠯᠲᠠ ᠶᠢᠨ ᠵᠡᠷᠭᠡ ᠳᠡᠰ ᠢ ᠬᠢᠨᠠᠨ ᠲᠣᠭᠲᠠᠭᠠᠬᠤ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠪᠣᠯᠭᠠᠨ᠎ᠠ᠃ | 7. ᠬᠠᠮᠢᠶ᠎ᠠ ᠪᠦᠬᠦᠢ ᠠᠵᠢᠯ ᠤᠨ ᠠᠷᠭ᠎ᠠ ᠬᠡᠮᠵᠢᠶ᠎ᠡ᠃ ᠨᠢᠭᠡ ᠳᠤ᠂ ᠲᠣᠭᠤᠷᠢᠭ ᠤᠨ ᠠᠷᠠᠳ ᠤᠨ ᠡᠮᠨᠡᠯᠭᠡ ᠶᠢᠨ | ᠬᠤᠷᠢᠶᠠᠨ ᠤ ᠭᠤᠤᠯᠯᠠᠭᠴᠢ ᠡᠮᠴᠢ᠂ ᠲᠤᠰᠬᠠᠶ ᠮᠡᠷᠭᠡᠵᠢᠯᠲᠡᠨ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠳᠤ ᠬᠦᠷᠴᠦ ᠲᠣᠭᠲᠠᠮᠠᠯ ᠬᠤᠭᠤᠴᠠᠭ᠎ᠠ ᠲᠠᠢ ᠪᠠᠷ ᠰᠠᠭᠤᠵᠤ ᠡᠮᠨᠡᠭᠦᠯᠬᠦ᠂ ᠲᠣᠭᠤᠷᠢᠨ ᠡᠮᠨᠡᠬᠦ ᠲᠦᠷᠢᠮ ᠢ | ᠨᠠᠶᠢᠳᠠᠪᠤᠷᠢᠵᠢᠭᠤᠯᠵᠤ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠠᠴᠠ 20 ᠶᠡᠭᠡ ᠡᠮᠴᠢ ᠶᠢ ᠰᠣᠩᠭᠤᠨ | ᠲᠣᠮᠢᠯᠠᠵᠤ᠂ ᠤᠳᠠ ᠲᠣᠭᠤᠷᠢᠭ ᠤᠨ ᠡᠮᠴᠢᠯᠡᠭᠡᠨ ᠤ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ | ᠮᠡᠷᠭᠡᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠵᠠᠰᠠᠭ ᠤᠨ ᠣᠷᠳᠣᠨ ᠤ ᠡᠷᠭᠢᠯᠡᠭᠰᠡᠨ ᠦᠨᠳᠦᠰᠦᠨ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ 4 ᠶᠡᠭᠡ ᠡᠮᠴᠢ ︵1 ᠳᠡᠳ᠋ ᠡᠷᠬᠢᠯᠡᠭᠴᠢ ᠵᠢᠴᠢ ᠲᠡᠭᠦᠨ ᠠᠴᠠ | ᠳᠡᠭᠡᠭᠰᠢᠬᠢ ᠡᠮᠴᠢ᠂ 1 ᠭᠤᠤᠯ ᠡᠮᠴᠢ᠂ 2 ᠠᠵᠢᠯ ᠡᠷᠭᠢᠯᠡᠬᠦ ᠡᠮᠴᠢ ᠶᠢ ᠪᠠᠭᠲᠠᠭᠠᠨ᠎ᠠ︶ ᠶᠢ ᠲᠣᠮᠢᠯᠠᠨ ᠰᠠᠭᠤᠯᠭᠠᠨ᠎ᠠ᠃ | ᠡᠮᠴᠢᠯᠡᠭᠡ ᠶᠢᠨ ᠦᠢᠯᠡᠴᠢᠯᠡᠭᠡᠨ ᠤ ᠮᠡᠷᠭᠡᠵᠢᠯ ᠤᠨ ᠳᠤᠭᠤᠶᠢᠯᠠᠩ ᠤᠨ ᠳᠣᠲᠣᠷᠠᠬᠢ ᠳᠡᠳ᠋ ᠡᠷᠬᠢᠯᠡᠭᠴᠢ ᠡᠮᠴᠢ ᠨᠢᠭᠡ | ᠭᠠᠷᠠᠭ ᠲᠤ ᠬᠠᠭᠠᠰ ᠡᠳᠦᠷ ᠤᠨ ᠴᠠᠭ ᠲᠠᠢ᠂ ᠭᠤᠣᠯ ᠡᠮᠴᠢ ᠭᠠᠷᠠᠭ ᠪᠦᠷᠢ ᠨᠢᠭᠡ ᠡᠳᠦᠷ ᠤᠨ ᠴᠠᠭ ᠲᠠᠢ᠂ ᠠᠵᠢᠯ | ᠡᠷᠬᠢᠯᠡᠬᠦ ᠡᠮᠴᠢ ᠶᠢᠨ ᠨᠢᠭᠡ ᠰᠠᠷ᠎ᠠ ᠶᠢᠨ ᠴᠠᠭ ᠢᠶᠠᠷ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ | ᠬᠦᠷᠴᠦ ᠲᠣᠭᠤᠷᠢᠨ ᠡᠮᠴᠢᠯᠡᠬᠦ᠂ ᠰᠠᠭᠤᠵᠤ ᠡᠮᠨᠡᠭᠦᠯᠬᠦ ᠪᠠ ᠬᠠᠮᠲᠤᠷᠠᠨ ᠣᠨᠣᠰᠢᠯᠠᠬᠤ ᠠᠵᠢᠯ ᠥᠷᠨᠢᠭᠦᠯᠬᠦ ᠶᠢ | ᠪᠠᠲᠤᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠬᠡᠷᠡᠭ ᠤᠨ ᠵᠢᠱᠢᠶ᠎ᠡ ᠶᠢ | ᠵᠠᠳᠠᠯᠤᠨ ᠪᠣᠯᠪᠠᠰᠤᠷᠠᠭᠤᠯᠬᠤ ᠬᠡᠷᠡᠭᠲᠡᠶ᠃ ᠬᠤᠶᠠᠷ ᠲᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠳᠣᠲᠣᠭᠠᠳᠤ ᠶᠢᠨ ᠬᠥᠮᠦᠰ ᠤᠨ ᠵᠦᠶ ᠵᠣᠬᠢᠰᠲᠠᠶ ᠰᠢᠯᠵᠢᠬᠦ ᠲᠣᠭᠲᠠᠴᠠ ᠶᠢ ᠪᠠᠶᠢᠭᠤᠯᠤᠨ᠎ᠠ᠃ ᠡᠮᠴᠢᠯᠡᠭᠡᠨ ᠤ | ᠬᠠᠮᠳᠣ ᠶᠢᠨ ᠴᠣᠠᠠᠴᠠ ᠶᠢᠨ ᠲᠣᠳᠣᠭᠠᠳᠣ ᠶᠢᠨ ᠡᠮᠴᠢᠯᠡᠭᠡᠨ ᠤ ᠪᠠᠶᠢᠭᠤᠯᠥᠮᠵᠢ ᠶᠢᠨ ᠶᠡᠭᠡ ᠡᠮᠴᠢ ᠨᠢ ᠪᠤᠳᠡᠳᠡᠢ | ᠠᠵᠢᠯ ᠤᠨ ᠭᠡᠷᠡᠭᠴᠡᠭᠡ ᠪᠠᠨ ᠦᠨᠳᠣᠰᠣᠯᠡᠨ᠂ ᠣᠯᠡᠨ ᠠᠵᠢᠯ ᠡᠷᠬᠢᠯᠡᠬᠦ ᠭᠠᠵᠡᠷ ᠲᠤ ᠣᠨᠣᠰᠢᠯᠠᠨ ᠡᠮᠨᠡᠬᠦ | ᠦᠢᠯᠡᠴᠢᠯᠡᠭᠡᠨ ᠦᠷᠨᠢᠬᠦᠯᠵᠦ ᠪᠤᠯᠥᠨ᠎ᠠ᠂ ᠡᠮᠴᠢᠯᠡᠭᠡᠨ ᠤ ᠬᠠᠮᠳᠣ ᠶᠢᠨ ᠴᠣᠠᠠᠴᠠ ᠶᠢᠨ ᠲᠣᠳᠣᠭᠠᠳᠣ ᠶᠢᠨ ᠡᠮᠴᠢᠯᠡᠭᠡᠨ ᠤ | ᠪᠠᠶᠢᠭᠤᠯᠥᠮᠵᠢ ᠨᠢ ᠠᠵᠢᠯ ᠤᠨ ᠭᠡᠷᠡᠭᠴᠡᠭᠡ ᠪᠠᠨ ᠦᠨᠳᠣᠰᠣᠯᠡᠨ᠂ ᠡᠮᠴᠢᠯᠡᠭᠡᠨ ᠤ ᠬᠠᠮᠳᠣ ᠶᠢᠨ ᠴᠣᠠᠠᠴᠠ ᠶᠢᠨ | ᠲᠣᠳᠣᠭᠠᠳᠣ ᠶᠢᠨ ᠲᠣᠰ ᠪᠠᠶᠢᠭᠤᠯᠥᠮᠵᠢ ᠶᠢᠨ ᠡᠮᠴᠢᠯᠡᠭᠡᠨ ᠤ ᠮᠡᠷᠭᠡᠵᠢᠯ ᠤᠨ ᠠᠵᠢᠯᠳᠡᠨ ᠪᠠ ᠡᠮᠴᠢᠯᠡᠭᠡᠨ ᠤ | ᠬᠠᠮᠢᠶᠡᠷᠦᠯᠳᠡ ᠶᠢᠨ ᠠᠵᠢᠯᠳᠡᠨ ᠢ ᠲᠣᠬᠢᠷᠡᠭᠤᠯᠬᠤ ᠠᠷᠭ᠎ᠠ ᠮᠠᠶ᠋ᠢᠭ ᠢᠶᠠᠷ ᠰᠢᠯᠵᠢᠬᠦᠯᠥᠨ ᠠᠪᠴᠢᠷᠠᠵᠤ ᠬᠠᠮᠳᠣᠪᠡᠷ | ᠭᠡᠷᠡᠭᠯᠡᠵᠦ ᠪᠤᠯᠥᠨ᠎ᠠ᠃ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯ ᠤᠨ | ᠠᠵᠢᠯᠲᠠᠨ ᠢ ᠤᠷᠢᠵᠤ ᠲᠣᠮᠢᠯᠠᠬᠤ ᠠᠴᠠ ᠡᠮᠦᠨ᠎ᠡ ᠪᠤᠶᠤ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ ᠬᠢᠷᠢ | ᠬᠡᠮ ᠤᠨ ᠰᠢᠯᠭᠠᠯᠲᠠ ᠳᠤ ᠮᠡᠳᠡᠭᠦᠯᠬᠦ ᠠᠴᠠ ᠡᠮᠦᠨ᠎ᠡ ᠡᠷᠬᠡᠪᠰᠢ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠣᠴᠢᠵᠤ ᠨᠢᠭᠡ ᠵᠢᠯ ᠦᠢᠯᠡᠴᠢᠯᠡᠬᠦ ᠬᠡᠷᠡᠭᠲᠡᠶ᠃ ᠭᠤᠷᠪᠠ ᠳᠤ᠂ ᠦᠨᠳᠦᠰᠦᠨ | ᠱᠠᠲᠤᠨ ᠤ ᠡᠮᠨᠡᠯᠭᠡ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠣᠯᠪᠠᠰᠤᠷᠠᠯ ᠢ ᠴᠢᠩᠭᠠᠳᠬᠠᠪᠠ᠃ | ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠡᠮᠴᠢᠯᠡᠭᠡᠨ ᠤ ᠬᠠᠮᠲᠤ ᠶᠢᠨ | ᠳᠣᠲᠣᠭᠠᠳᠤ ᠶᠢᠨ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ ᠢ ᠳᠣᠭᠢᠷᠠᠭᠤᠯᠤᠨ ᠡᠮᠨᠡᠯᠭᠡ ᠶᠢᠨ ᠬᠤᠷᠢᠶ᠎ᠠ ᠳᠤ | ᠣᠴᠢᠭᠤᠯᠵᠤ ᠰᠦᠢᠳᠭᠡᠯ ᠬᠤᠷᠢᠶᠠᠬᠤ ᠥᠬᠡᠶ ᠪᠠᠷ ᠳᠠᠪᠲᠠᠨ ᠰᠤᠷᠤᠯᠴᠠᠭᠤᠯᠤᠨ᠎ᠠ᠃ ᠰᠢᠨᠵᠢᠯᠡᠭᠡᠨ ᠤ ᠵᠦᠭᠯᠡᠭᠦᠷ ᠵᠢᠴᠢ | ᠡᠮᠴᠢᠯᠡᠭᠡᠨ ᠤ ᠠᠷᠭ᠎ᠠ ᠵᠠᠮ ᠢ ᠢᠳᠡᠪᠬᠢᠲᠡᠶ ᠳᠡᠯᠭᠡᠷᠡᠭᠦᠯᠵᠦ᠂ ᠨᠢᠭᠡᠳᠦᠯᠲᠡᠶ ᠣᠨᠣᠰᠢᠯᠠᠨ ᠡᠮᠨᠡᠬᠦ ᠪᠠ ᠠᠵᠢᠯᠯᠠᠬᠤ | ᠵᠢᠷᠤᠮᠵᠢᠯ ᠢ ᠬᠠᠮᠲᠤᠪᠠᠷ ᠵᠢᠷᠤᠮᠯᠠᠵᠤ᠂ ᠡᠪᠡᠳᠴᠢᠨ ᠡᠮᠭᠡᠭ ᠢ ᠵᠢᠷᠤᠮᠵᠢᠭᠤᠯᠬᠤ᠂ ᠴᠢᠨᠠᠷ ᠴᠢᠨᠰᠠᠭ᠎ᠠ ᠲᠠᠢ ᠣᠨᠣᠰᠢᠯᠠᠨ | ᠡᠮᠨᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠶ᠃ ᠳᠥᠬᠦᠮ᠂ ᠪᠦᠲᠦᠮᠵᠢᠲᠡᠶ᠂ ᠦᠨ᠎ᠡ ᠨᠢ ᠬᠢᠮᠳᠠ᠂ | ᠧᠦ᠋ᠷᠣᠫᠠ ᠡᠮᠨᠡᠯᠭᠡ ᠶᠢᠨ ᠦᠨᠳᠦᠰᠦᠨ ᠱᠠᠲᠤᠨ ᠤ ᠲᠣᠬᠢᠷᠠᠮᠵᠢᠲᠠᠶ ᠮᠡᠷᠭᠡᠵᠢᠯ ᠢ ᠤᠬᠠᠭᠤᠯᠤᠨ ᠲᠦᠭᠡᠮᠡᠯᠵᠢᠭᠦᠯᠬᠦ ᠳᠤ᠂ | ᠭᠤᠤᠯᠳᠠᠯᠭ᠎ᠠ ᠨᠢ ᠡᠯ᠎ᠡ ᠲᠥᠷᠥᠯ ᠤᠨ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠪᠣᠯᠤᠨ᠎ᠠ᠃ | ᠳᠥᠷᠪᠡ ᠳᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯᠲᠠᠨ ᠤ ᠨᠢᠭᠡᠳᠦᠯᠲᠡᠶ ᠪᠣᠯᠪᠠᠰᠤᠷᠠᠭᠤᠯᠤᠯ ᠪᠠ ᠬᠢᠨᠠᠨ | ᠰᠢᠯᠭᠠᠯᠲᠠ ᠶᠢ ᠥᠷᠨᠢᠭᠦᠯᠦᠨ᠎ᠡ᠃ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠡᠮᠴᠢᠯᠡᠭᠡᠨ ᠤ ᠬᠠᠮᠲᠤ ᠶᠢᠨ | ᠴᠣᠭᠴᠠ ᠶᠢᠨ ᠳᠣᠲᠣᠭᠠᠳᠤ ᠶᠢᠨ ᠠᠵᠢᠯᠲᠠᠨ ᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠬᠢᠨᠠᠬᠤ ᠵᠢᠴᠢ ᠪᠤᠰᠤᠳ | ᠪᠣᠯᠪᠠᠰᠤᠷᠠᠭᠤᠯᠵᠤ ᠰᠢᠯᠭᠠᠨ ᠬᠢᠨᠠᠬᠤ ᠠᠵᠢᠯ ᠢ ᠨᠢᠭᠡᠳᠦᠯᠲᠡᠶ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠮᠴᠢᠯᠡᠭᠡᠨ ᠤ | ᠬᠠᠮᠳᠣ ᠶᠢᠨ ᠴᠣᠠᠠᠴᠠ ᠶᠢᠨ ᠲᠣᠳᠣᠭᠠᠳᠣ ᠶᠢᠨ ᠡᠯ᠎ᠠ ᠪᠦᠷᠢᠯᠳᠦᠬᠦᠨ ᠨᠢᠭᠡᠴᠡ ᠶᠢᠨ ᠠᠵᠢᠯᠳᠡᠨ ᠤ ᠮᠡᠷᠭᠡᠵᠢᠯ ᠤᠨ | ᠴᠣᠯᠡ ᠳᠡᠰ ᠳᠡᠪᠰᠢᠬᠦ ᠳᠤ᠂ ᠲᠤᠭᠤᠷᠢᠭ ᠤᠨ ᠠᠷᠡᠳ ᠤᠨ ᠡᠮᠨᠡᠯᠬᠡ ᠶᠢᠨ ᠬᠤᠷᠢᠶ᠎ᠠ ᠶᠢᠨ ᠵᠤᠬᠢᠶᠡᠨ ᠪᠠᠶᠢᠭᠤᠯᠥᠠᠠᠰᠠᠨ | ᠰᠢᠯᠭᠠᠨ ᠬᠢᠨᠠᠬᠤ ᠳᠤ ᠬᠢᠷᠢ ᠳᠡᠩᠴᠡᠭᠰᠡᠨ ᠦᠭᠡᠢ ᠬᠦᠮᠦᠰ ᠨᠢ ᠡᠯ᠎ᠠ ᠱᠠᠳᠣᠨ ᠤ ᠡᠷᠡᠬᠦᠯ ᠬᠠᠮᠠᠭᠠᠯᠠᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠤᠨ ᠵᠤᠬᠢᠶᠡᠨ ᠪᠠᠶᠢᠭᠤᠯᠥᠠᠠᠰᠠᠨ ᠮᠡᠷᠭᠡᠵᠢᠯ ᠤᠨ ᠴᠣᠯᠡ ᠬᠢᠨᠡᠨ ᠲᠣᠠᠠᠳᠠᠭᠠᠬᠤ ᠳᠤ | ᠣᠷᠣᠯᠴᠠᠵᠦ ᠪᠤᠯᠬᠤ ᠦᠭᠡᠢ᠃ ᠲᠠᠪᠤ ᠳᠤ᠂ ᠡᠮᠴᠢᠯᠡᠭᠡᠨ ᠤ ᠬᠠᠮᠲᠤ ᠶᠢᠨ ᠴᠤᠭᠴᠠ ᠶᠢᠨ ᠳᠣᠲᠣᠭᠠᠳᠤ ᠳᠤ ᠪᠣᠯᠵᠤᠵᠤ | ᠣᠨᠣᠰᠢᠯᠠᠨ ᠡᠮᠨᠡᠬᠦ᠂ ᠰᠢᠯᠭᠠᠨ ᠪᠠᠶᠢᠴᠠᠭᠠᠬᠤ ᠦᠷ᠎ᠡ ᠳ᠋ᠦᠩ ᠢ ᠬᠠᠷᠢᠯᠴᠠᠨ ᠮᠡᠳᠡᠷᠡᠬᠦ ᠵᠡᠷᠭᠡ ᠦᠢᠯᠡᠴᠢᠯᠡᠭᠡ ᠶᠢ | ᠥᠷᠨᠢᠭᠦᠯᠦᠨ᠎ᠡ᠃ ᠪᠦᠬᠦ ᠬᠤᠲᠠ ᠶᠢᠨ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ | ᠲᠤᠭᠤᠷᠢᠭ ᠤᠨ ᠲᠡᠰ ᠤᠨ ᠤᠷᠢᠳᠴᠢᠯᠠᠨ ᠪᠣᠯᠵᠣᠵᠤ ᠣᠨᠣᠰᠢᠯᠠᠨ ᠡᠮᠨᠡᠬᠦ ᠦᠢᠯᠡᠴᠢᠯᠡᠭᠡᠨ ᠤ ᠲᠠᠪᠴᠠᠩ ᠢ | ᠪᠠᠶᠢᠭᠤᠯᠵᠤ ᠂ ᠨᠠᠩ ᠳᠥᠭᠦᠮ ᠳᠥᠲᠡ ᠤᠷᠢᠳᠴᠢᠯᠠᠨ ᠪᠣᠯᠵᠣᠵᠤ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠨ᠎ᠠ᠃ | ᠶᠠᠰᠤ ᠴᠢᠨᠠᠷ ᠤᠨ ᠡᠵᠡᠮᠰᠢᠯ ᠤᠨ ᠪᠠᠷᠢᠮᠵᠢᠶ᠎ᠠ ᠶᠢ ᠨᠢᠭᠡᠳᠦᠯᠲᠡᠶ ᠪᠣᠯᠭᠠᠵᠤ᠂ ᠡᠮᠴᠢᠯᠡᠭᠡᠨ ᠤ ᠠᠮᠤᠷ ᠲᠦᠪᠰᠢᠨ ᠢ ᠦᠨᠡᠨᠬᠦ | ᠪᠠᠲᠤᠯᠠᠭᠰᠠᠨ ᠤᠷᠢᠲᠠᠯ ᠳᠣᠤᠷ᠎ᠠ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠳᠤ ᠪᠠᠶᠢᠴᠠᠭᠠᠯᠲᠠ ᠬᠢᠵᠦ | ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠬᠡᠪᠴᠢᠶ᠎ᠡ ᠶᠢ ᠥᠷᠭᠡᠳᠬᠡᠵᠦ᠂ ᠳᠠᠪᠬᠤᠷᠳᠠᠭᠤᠯᠤᠨ | ᠪᠠᠶᠢᠴᠠᠭᠠᠵᠤ ᠰᠢᠯᠭᠠᠨ ᠪᠠᠶᠢᠴᠠᠭᠠᠬᠤ ᠶᠢ ᠪᠠᠭᠠᠰᠬᠠᠵᠤ᠂ ᠪᠠᠶᠢᠴᠠᠭᠠᠯᠲᠠ ᠪᠠᠨ ᠬᠠᠷᠢᠯᠴᠠᠨ ᠮᠡᠳᠡᠷᠡᠬᠦ ᠳᠤ ᠡᠷᠬᠡᠪᠰᠢ | ᠡᠮᠴᠢᠯᠡᠭᠡᠨ ᠤ ᠠᠮᠤᠷ ᠲᠦᠪᠰᠢᠨ ᠤ ᠵᠢᠷᠤᠮᠵᠢᠯ ᠳᠤ ᠨᠡᠶᠢᠴᠡᠭᠰᠡᠨ ᠤᠷᠢᠲᠠᠯ ᠳᠣᠤᠷ᠎ᠠ ᠥᠷᠨᠢᠭᠦᠯᠵᠦ᠂ ᠲᠥᠷᠥᠯ ᠵᠦᠢᠯ | ᠶᠣᠰᠣᠭᠠᠷ ᠠᠯᠬᠤᠮ ᠠᠯᠬᠤᠮ ᠢᠶᠠᠷ ᠬᠠᠷᠢᠯᠴᠠᠨ ᠮᠡᠳᠡᠷᠡᠵᠤ ᠠᠯᠬᠤᠮ ᠠᠯᠬᠤᠮ ᠢᠶᠠᠷ ᠶᠠᠪᠤᠭᠳᠠᠭᠤᠯᠵᠤ ᠪᠣᠯᠤᠨ᠎ᠠ᠃ | ᠵᠢᠷᠭᠤᠭ᠎ᠠ ᠳᠤ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠳᠦᠷᠢᠮ ᠢ ᠲᠡᠭᠦᠯᠳᠡᠷᠵᠢᠭᠦᠯᠵᠦ᠂ ᠰᠠᠭᠠᠳ ᠦᠭᠡᠢ | ᠨᠡᠪᠲᠡᠷᠡᠬᠦ ᠵᠠᠮ ᠢ ᠪᠠᠶᠢᠭᠤᠯᠤᠨ᠎ᠠ᠃ ᠱᠠᠳᠣ ᠬᠤᠪᠢᠶᠡᠨ ᠣᠨᠣᠰᠢᠯᠠᠨ ᠡᠮᠨᠡᠬᠦ ᠲᠣᠷᠰᠢᠯᠳᠡ ᠶᠢᠨ ᠠᠵᠢᠯ ᠢ | ᠦᠷᠨᠢᠬᠦᠯᠥᠭᠰᠡᠨ ᠪᠠᠶᠢᠳᠡᠯ ᠲᠠᠢ ᠣᠶᠠᠯᠳᠣᠭᠤᠯᠥᠨ᠂ ᠡᠪᠡᠳᠴᠢᠳᠡᠨ ᠢ ᠰᠠᠶᠢᠨ ᠲᠣᠷ᠎ᠠ ᠠᠴᠠ ᠪᠠᠨ ᠪᠠᠶᠢᠬᠤ ᠵᠠᠷᠴᠢᠮ | ᠶᠣᠰᠣᠭᠠᠷ᠂ ᠡᠮᠴᠢᠯᠡᠭᠡᠨ ᠤ ᠬᠠᠮᠳᠣ ᠶᠢᠨ ᠴᠣᠠᠠᠴᠠ ᠶᠢᠨ ᠲᠣᠳᠣᠭᠠᠳᠣ ᠶᠢᠨ ᠬᠤᠣᠰ ᠴᠢᠭᠯᠡᠯ ᠢᠶᠠᠷ ᠰᠢᠯᠵᠢᠬᠦᠯᠥᠨ | ᠣᠨᠣᠰᠢᠯᠠᠬᠤ ᠠᠵᠢᠯ ᠢ ᠦᠷᠨᠢᠬᠦᠯᠥᠨ᠎ᠠ᠃ ᠦᠨᠳᠦᠰᠦᠨ ᠱᠠᠲᠤᠨ ᠤ ᠡᠮᠴᠢ ᠶᠢᠨ ᠠᠩᠬ᠎ᠠ ᠣᠨᠣᠰᠢᠯᠠᠬᠤ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤᠬᠢ | ᠰᠢᠯᠵᠢᠭᠦᠯᠦᠨ ᠡᠮᠨᠡᠭᠦᠯᠬᠦ ᠵᠢᠷᠤᠮᠵᠢᠯ ᠬᠢᠭᠡᠳ ᠴᠤᠪᠤᠷᠠᠯ ᠢ ᠲᠣᠭᠲᠠᠭᠠᠨ᠂ ᠦᠨᠳᠦᠰᠦᠨ ᠱᠠᠲᠤᠨ ᠤ ᠡᠪᠡᠳᠴᠢᠲᠡᠨ ᠢ | ᠰᠢᠯᠵᠢᠭᠦᠯᠦᠨ ᠡᠮᠨᠡᠭᠦᠯᠬᠦ ᠰᠠᠭᠠᠳ ᠦᠭᠡᠶ ᠨᠡᠪᠲᠡᠷᠡᠬᠦ ᠵᠠᠮ ᠢ ᠪᠠᠶᠢᠭᠤᠯᠵᠤ᠂ ᠦᠨᠳᠦᠰᠦᠨ ᠱᠠᠲᠤᠨ ᠳᠤ ᠰᠢᠯᠵᠢᠭᠦᠯᠦᠨ | ᠡᠮᠨᠡᠭᠦᠯᠬᠦ ᠪᠠᠷ ᠳᠠᠮᠵᠢᠭᠰᠠᠨ ᠡᠪᠡᠳᠴᠢᠲᠡᠨ ᠢ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠤᠷᠢᠳᠠᠪᠠᠷ | ᠣᠨᠣᠰᠢᠯᠠᠨ ᠵᠠᠰᠠᠨ᠎ᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠷᠢᠳᠠᠪᠠᠷ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠰᠣᠩᠭᠤᠨ ᠡᠮᠨᠡᠭᠦᠯᠬᠦ᠂ ᠡᠷᠡᠭᠦᠯᠵᠢᠭᠦᠯᠬᠦ ᠬᠤᠭᠤᠴᠠᠭᠠᠨ ᠤ ᠡᠪᠡᠳᠴᠢᠨ ᠢᠶᠠᠨ | ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠣᠴᠢᠵᠤ ᠡᠮᠨᠡᠭᠦᠯᠬᠦ ᠶᠢ ᠵᠣᠷᠢᠭᠵᠢᠭᠤᠯᠤᠨ᠎ᠠ᠃ | ᠳᠣᠯᠤᠭ᠎ᠠ ᠳᠤ ᠤᠳᠠᠭᠠᠨ ᠴᠢᠨᠠᠷᠲᠠᠶ ᠡᠪᠡᠳᠴᠢᠨ ᠢ ᠬᠠᠷᠠᠭᠠᠯᠵᠠᠭᠰᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠡᠮᠨᠡᠯᠭᠡ ᠶᠢᠨ ᠬᠤᠷᠢᠶ᠎ᠠ ᠶᠢᠨ ᠲᠤᠷᠰᠢᠯᠭ᠎ᠠ ᠶᠢ | ᠠᠮᠵᠢᠯᠲᠠ ᠲᠠᠢ ᠯᠠᠪᠯᠠᠯᠲᠠ ᠪᠣᠯᠭᠠᠵᠤ᠂ ᠡᠮ ᠤᠨ ᠵᠦᠢᠯᠡᠰ ᠤᠨ ᠭᠠᠷᠴᠠᠭ ᠨᠢᠭᠡᠳᠦᠯᠲᠡᠶ᠂ ᠡᠮᠴᠢᠯᠡᠭᠡᠨ ᠤ | ᠳᠠᠭᠠᠳᠬᠠᠯ ᠤᠨ ᠶᠡᠷᠦᠩᠬᠡᠶ ᠲᠤᠭ᠎ᠠ ᠶᠢᠨ ᠲᠣᠭᠠᠴᠠᠭ᠎ᠠ ᠬᠢᠬᠦ ᠪᠠ ᠮᠡᠳᠡᠭᠡ ᠵᠠᠩᠭᠢᠵᠢᠯᠲᠠ ᠶᠢᠨ ᠳᠡᠮᠵᠢᠯᠭᠡ ᠵᠡᠷᠭᠡ ᠶᠢ | ᠬᠡᠷᠡᠭᠯᠡᠨ᠂ ᠤᠳᠠᠭᠠᠨ ᠴᠢᠨᠠᠷᠲᠠᠶ ᠡᠪᠡᠳᠴᠢᠨ ᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠲᠤ ᠪᠠᠭᠤᠯᠭᠠᠨ ᠥᠭᠴᠦ᠂ ᠡᠪᠡᠳᠴᠢᠲᠡᠨ ᠤ ᠣᠶᠢᠷ᠎ᠠ ᠬᠠᠪᠢ ᠳᠠᠭᠠᠨ ᠡᠮᠨᠡᠭᠦᠯᠬᠦ ᠳᠤ ᠲᠥᠬᠦᠮ | ᠦᠵᠡᠭᠦᠯᠦᠨ᠎ᠡ ᠃ | 8. ᠨᠢᠭᠡᠳᠦᠯᠲᠡᠶ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠎ᠠ᠃ ᠡᠮᠴᠢᠯᠡᠭᠡᠨ ᠤ ᠬᠠᠮᠲᠤ ᠶᠢᠨ | ᠴᠣᠭᠴᠠ ᠳᠠᠬᠢ ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠬᠥᠮᠦᠨ ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠪᠠᠶᠢᠭᠤᠯᠬᠤ ᠲᠠᠢ ᠤᠶᠠᠯᠳᠤᠭᠤᠯᠤᠨ᠂ | ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ᠂ ᠡᠮᠴᠢᠯᠡᠭᠡᠨ ᠤ | ᠦᠢᠯᠡᠴᠢᠯᠡᠭᠡ ᠵᠡᠷᠭᠡ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ᠂ ᠡᠪᠡᠳᠴᠢᠨ ᠤ ᠡᠯᠧᠺᠲᠷᠣᠨ ᠥᠩᠭᠡᠷᠡᠯᠲᠡ ᠶᠢ | ᠦᠷᠭᠦᠯᠵᠢᠯᠡᠨ ᠲᠡᠮᠳᠡᠭᠯᠡᠬᠦ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠣᠨᠣᠰᠢᠯᠠᠨ ᠡᠮᠨᠡᠬᠦ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠡᠮᠴᠢᠯᠡᠭᠡᠨ ᠤ ᠬᠠᠮᠳᠣ ᠶᠢᠨ ᠴᠣᠠᠠᠴᠠ ᠶᠢ ᠬᠠᠮᠳᠣᠪᠡᠷ ᠬᠦᠷᠲᠡᠬᠦ | ᠣᠷᠣᠨ ᠪᠦᠰᠡ ᠶᠢᠨ ᠳᠣᠳᠣᠷᠡᠬᠢ ᠰᠠᠭᠤᠭᠠᠯᠢ ᠠᠷᠡᠳ ᠤᠨ ᠡᠷᠡᠬᠦᠯ ᠡᠩᠬᠡ ᠶᠢᠨ ᠮᠡᠳᠡᠭᠡ ᠵᠠᠩᠬᠢ ᠶᠢᠨ ᠲᠤᠭ᠎ᠠ | ᠪᠡᠷᠢᠮᠳᠡ ᠨᠢ ᠪᠤᠯᠵᠤᠵᠦ ᠣᠨᠣᠰᠢᠯᠠᠨ ᠡᠮᠨᠡᠬᠦ᠂ ᠬᠤᠣᠰ ᠴᠢᠭᠯᠡᠯ ᠢᠶᠠᠷ ᠰᠢᠯᠵᠢᠬᠦᠯᠥᠨ ᠣᠨᠣᠰᠢᠯᠠᠬᠤ᠂ ᠡᠷᠡᠬᠦᠯ | ᠡᠩᠬᠡ ᠶᠢᠨ ᠬᠠᠮᠢᠶᠡᠷᠦᠯᠳᠡ ᠵᠡᠷᠭᠡ ᠦᠢᠯᠡᠴᠢᠯᠡᠭᠡᠨ ᠢ ᠳᠦᠬᠦᠮ ᠳᠦᠲᠡ ᠦᠷᠨᠢᠬᠦᠯᠥᠨ᠎ᠠ᠃ ᠡᠮᠴᠢᠯᠡᠭᠡᠨ ᠤ ᠬᠠᠮᠳᠣ ᠶᠢᠨ | ᠴᠣᠠᠠᠴᠠ ᠶᠢᠨ ᠪᠦᠷᠢᠯᠳᠦᠬᠦᠨ ᠨᠢᠭᠡᠴᠡ ᠶᠢᠨ ᠮᠡᠳᠡᠭᠡ ᠵᠠᠩᠬᠢ ᠶᠢᠨ ᠳᠡᠪᠴᠠᠩ ᠳᠤ ᠳᠥᠰᠢᠭᠯᠡᠨ ᠠᠯᠥᠰ ᠡᠵᠡᠮᠰᠢᠯᠳᠦ | ᠡᠮᠴᠢᠯᠡᠭᠡᠨ ᠤ ᠬᠠᠮᠳᠣᠷᠡᠯᠴᠠᠬᠤ ᠲᠤᠠᠠᠳᠡᠴᠠ ᠶᠢ ᠪᠠᠶᠢᠭᠤᠯᠬᠤ ᠶᠢ ᠠᠬᠢᠭᠤᠯᠵᠦ᠂ ᠠᠯᠥᠰ ᠡᠵᠡᠮᠰᠢᠯᠳᠦ ᠬᠠᠷᠠᠭᠠᠨ | ᠳᠡᠪᠴᠠᠩ ᠢᠶᠠᠷ ᠬᠠᠮᠳᠣᠷᠡᠨ ᠣᠨᠣᠰᠢᠯᠠᠬᠤ᠂ ᠮᠡᠳᠡᠬᠦᠯᠥᠨ ᠬᠠᠮᠳᠣᠪᠡᠷ ᠬᠦᠷᠲᠡᠬᠦ ᠵᠢᠴᠢ ᠠᠨᠠᠭᠠᠬᠤ ᠣᠬᠠᠭᠠᠨ ᠤ | ᠰᠡᠬᠦᠳᠡᠷ ᠤᠨ ᠣᠨᠣᠰᠢᠯᠠᠭ᠎ᠠ ᠵᠡᠷᠭᠡ ᠶᠢ ᠦᠷᠨᠢᠬᠦᠯᠥᠨ᠂ ᠠᠯᠥᠰ ᠡᠵᠡᠮᠰᠢᠯᠳᠦ ᠡᠮᠴᠢᠯᠡᠭᠡᠨ ᠤ ᠰᠦᠢᠳᠭᠡᠯ ᠬᠤᠷᠢᠶᠡᠬᠤ | ᠪᠠ ᠲᠣᠭᠠᠴᠠᠭ᠎ᠠ ᠬᠢᠬᠦ ᠳᠥᠷᠥ ᠶᠢᠨ ᠪᠤᠳᠣᠯᠭ᠎ᠠ ᠶᠢ ᠭᠡᠷᠡᠭᠵᠢᠬᠦᠯᠬᠦ ᠶᠢ ᠰᠦᠪᠡᠭᠴᠢᠯᠡᠵᠦ᠂ ᠴᠢᠨᠡᠷ ᠰᠠᠶᠢᠳᠡᠢ | ᠡᠮᠴᠢᠯᠡᠭᠡᠨ ᠤ ᠡᠬᠢ ᠪᠠᠶᠠᠯᠢᠭ ᠤᠨ ᠳᠠᠭᠠᠭᠠᠨ ᠬᠦᠴᠦᠷᠡᠬᠦ ᠴᠢᠨᠡᠷ ᠪᠠ ᠡᠮᠴᠢᠯᠡᠭᠡᠨ ᠤ ᠦᠢᠯᠡᠴᠢᠯᠡᠭᠡᠨ ᠤ ᠪᠦᠬᠦᠯᠢ | ᠴᠣᠠᠠᠴᠠ ᠶᠢᠨ ᠦᠷ᠎ᠠ ᠠᠰᠢᠭ ᠢ ᠳᠡᠭᠡᠭᠰᠢᠯᠡᠬᠦᠯᠥᠨ᠎ᠠ᠃ | ᠠᠵᠢᠯ ᠤᠨ ᠠᠷᠭ᠎ᠠ ᠬᠡᠮᠵᠢᠶ᠎ᠡ᠄ ᠲᠤᠭ᠎ᠠ ᠪᠠᠷᠢᠮᠲᠠ ᠶᠢᠨ ᠲᠤᠰᠬᠠᠶ ᠱᠤᠭᠤᠮ ᠢ ᠪᠠᠶᠢᠭᠤᠯᠬᠤ ᠪᠤᠶᠤ | ᠲᠦᠷᠢᠶᠡᠰᠦᠯᠡᠨ ᠬᠡᠷᠡᠭᠯᠡᠵᠦ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠬᠢᠭᠡᠳ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ | ᠬᠤᠭᠤᠷᠣᠨᠳᠣᠬᠢ ᠲᠤᠭ᠎ᠠ ᠪᠠᠷᠢᠮᠲᠠ ᠶᠢᠨ ᠬᠥᠭᠦᠷᠭᠡ ᠶᠢ ᠪᠠᠶᠢᠭᠤᠯᠵᠤ᠂ ᠲᠤᠭ᠎ᠠ ᠪᠠᠷᠢᠮᠲᠠ ᠶᠢᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠬᠦ ᠶᠢᠨ ᠬᠠᠮᠲᠤ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠣᠳᠠᠲᠠᠶ | ᠪᠠᠶᠢᠳᠠᠯ ᠢ ᠦᠨᠳᠦᠰᠦᠯᠡᠨ᠂ ᠰᠢᠯᠭᠠᠨ ᠪᠠᠶᠢᠴᠠᠭᠠᠬᠤ ᠵᠡᠷᠭᠡ ᠲᠥᠬᠦᠭᠡᠷᠦᠮᠵᠢ ᠶᠢ ᠲᠣᠭᠤᠷᠢᠭ ᠤᠨ ᠠᠷᠠᠳ ᠤᠨ | ᠡᠮᠨᠡᠯᠭᠡ ᠶᠢᠨ ᠬᠤᠷᠢᠶ᠎ᠠ ᠶᠢᠨ ᠵᠢᠷᠤᠭ ᠳᠦᠷᠰᠦ᠂ ᠰᠢᠯᠭᠠᠨ ᠪᠠᠶᠢᠴᠠᠭᠠᠬᠤ ᠵᠡᠷᠭᠡ ᠮᠡᠳᠡᠭᠡ ᠵᠠᠩᠭᠢ ᠶᠢᠨ ᠰᠢᠰᠲ᠋ᠧᠮ ᠳᠤ | ᠵᠠᠯᠭᠠᠨ ᠣᠷᠣᠭᠤᠯᠵᠤ᠂ ᠠᠯᠤᠰ ᠠᠴᠠ ᠣᠨᠣᠰᠢᠯᠠᠬᠤ᠂ ᠬᠠᠮᠲᠤᠷᠠᠨ ᠣᠨᠣᠰᠢᠯᠠᠬᠤ ᠵᠡᠷᠭᠡ ᠴᠢᠳᠠᠮᠵᠢ ᠶᠢ | ᠪᠡᠶᠡᠯᠡᠭᠦᠯᠦᠨ᠎ᠡ ᠃ | ᠵᠢᠱᠢᠯᠲᠡ ᠪᠠᠷ ᠪᠣᠶ ᠪᠣᠯᠬᠤ ᠠᠰᠠᠭᠤᠳᠠᠯ᠄ ᠬᠠᠶᠢᠷᠤᠪ ᠤᠨ ᠲᠣᠬᠤᠶ ᠲᠣᠭᠤᠷᠢᠭ ᠤᠨ ᠬᠢᠲᠠᠳ ᠡᠮᠨᠡᠯᠭᠡ ᠶᠢᠨ | ᠬᠤᠷᠢᠶᠠᠨ ᠤ ᠬᠠᠮᠢᠶ᠎ᠠ ᠪᠥᠬᠦᠶ ᠲᠤᠷᠰᠢᠯᠭ᠎ᠠ ᠶᠢ ᠦᠨᠳᠦᠰᠦᠯᠡᠪᠡᠯ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠤᠨ ᠤᠤᠯ ᠤᠨ ᠬᠡᠷᠡᠭᠯᠡᠵᠦ ᠪᠠᠶᠢᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠬᠡᠪᠯᠡᠯ ᠤᠨ ᠵᠥᠭᠡᠯᠡᠨ ᠲᠣᠨᠤᠭ ᠢ ᠬᠡᠷᠡᠭᠯᠡᠬᠦ ᠪᠠᠨ ᠵᠣᠭᠰᠣᠭᠠᠵᠤ ᠪᠣᠯᠬᠤ ᠥᠬᠡᠶ᠂ ᠡᠨᠡ ᠨᠢ ᠲᠤᠭ᠎ᠠ ᠪᠠᠷᠢᠮᠲᠠ ᠶᠢᠨ | ᠵᠣᠯᠭᠠᠯᠳᠤᠯ ᠰᠠᠭᠠᠳ ᠥᠬᠡᠶ ᠨᠡᠪᠲᠡᠷᠡᠬᠦ ᠥᠬᠡᠶ ᠪᠣᠯᠵᠤ᠂ ᠬᠠᠮᠢᠶᠠᠷᠤᠯᠲᠠ ᠳᠤ ᠮᠠᠰᠢ ᠣᠯᠠᠨ ᠳᠥᠭᠦᠮ ᠦᠭᠡᠢ ᠪᠣᠯᠬᠤ | ᠪᠣᠯᠤᠨ᠎ᠠ᠂ ᠵᠢᠱᠢᠶᠡᠯᠡᠪᠡᠯ᠄ ᠡᠪᠡᠳᠴᠢᠲᠡᠨ ᠤ ᠮᠡᠳᠡᠭᠡ ᠵᠠᠩᠭᠢ ᠶᠢ ᠵᠠᠯᠭᠠᠰᠤ ᠪᠠᠷ ᠳᠠᠮᠵᠢᠭᠤᠯᠬᠤ ᠴᠢᠬᠤᠯᠠᠲᠠᠶ᠂ ᠰᠢᠭᠤᠳ | ᠣᠯᠵᠤ ᠳᠡᠶᠢᠯᠬᠦ ᠥᠬᠡᠶ︔ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠠᠮᠵᠢᠯᠲᠠ ᠪᠦᠲᠦᠮᠵᠢ ᠶᠢᠨ ᠠᠵᠢᠯ ᠤᠨ ᠬᠡᠮᠵᠢᠶ᠎ᠡ ᠶᠢ | ᠪᠤᠳᠤᠬᠤ ᠶᠢᠨ ᠠᠷᠭ᠎ᠠ ᠥᠬᠡᠶ ᠵᠡᠷᠭᠡ ︵ᠮᠡᠳᠡᠭᠡ ᠵᠠᠩᠭᠢ ᠶᠢᠨ ᠰᠠᠯᠠᠭ᠎ᠠ ᠬᠠᠷᠢᠭᠤᠴᠠᠨ᠎ᠠ︶᠃ | 9. ᠡᠮ ᠪᠠ ᠪᠠᠭᠠᠵᠢ ᠬᠡᠷᠡᠭᠰᠡᠯ ᠢ ᠬᠠᠮᠢᠶᠠᠷᠴᠤ ᠬᠡᠷᠡᠭᠯᠡᠬᠦ ᠲᠣᠭᠲᠠᠴᠠ ᠶᠢ ᠰᠢᠯᠤᠭᠤᠳᠬᠠᠨ᠎ᠠ᠃ ᠡᠮᠴᠢᠯᠡᠭᠡᠨ ᠤ | ᠬᠠᠮᠳᠣ ᠶᠢᠨ ᠴᠣᠠᠠᠴᠠ ᠶᠢᠨ ᠲᠣᠳᠣᠭᠠᠳᠣ ᠶᠢᠨ ᠡᠯ᠎ᠠ ᠦᠨᠳᠣᠰᠣᠡ ᠱᠠᠳᠣᠨ ᠤ ᠡᠮᠴᠢᠯᠡᠭᠡᠨ ᠤ ᠪᠠᠢᠭᠤᠯᠥᠮᠵᠢ ᠶᠢᠨ ᠡᠮ | ᠭᠡᠷᠡᠭᠯᠡᠬᠦ ᠵᠢᠯᠥᠭᠤᠳᠣᠯᠭ᠎ᠠ ᠶᠢ ᠴᠢᠩᠭᠠᠳᠬᠠᠵᠦ᠂ ᠡᠮ ᠭᠡᠷᠡᠭᠯᠡᠬᠦ ᠬᠦᠷᠢᠶ᠎ᠠ ᠭᠡᠪᠴᠢᠶ᠎ᠠ ᠶᠢ ᠨᠢᠭᠡᠳᠭᠡᠨ᠂ ᠡᠮ ᠤᠨ | ᠵᠦᠢᠯᠡᠰ᠂ ᠡᠮᠴᠢᠯᠡᠭᠡᠨ ᠳᠤ ᠭᠡᠷᠡᠭᠯᠡᠬᠦ ᠬᠤᠷᠣᠠᠠᠳᠡᠯ ᠮᠠᠲ᠋ᠧᠷᠢᠶᠡᠯ ᠢ ᠭᠡᠮᠵᠢᠶ᠎ᠠ ᠲᠠᠢ ᠪᠠᠷ ᠬᠤᠳᠠᠯᠳᠣᠨ ᠠᠪᠬᠤ᠂ | ᠳᠥᠪᠯᠡᠷᠡᠬᠦᠯᠥᠨ ᠲᠣᠬᠢᠷᠡᠭᠤᠯᠥᠨ ᠬᠦᠷᠭᠡᠬᠦ ᠶᠢ ᠦᠷᠨᠢᠬᠦᠯᠥᠨ᠎ᠠ᠃ ᠲᠤᠭᠤᠷᠢᠭ ᠤᠨ ᠠᠷᠠᠳ ᠤᠨ ᠡᠮᠨᠡᠯᠭᠡ ᠶᠢᠨ | ᠬᠤᠷᠢᠶ᠎ᠠ ᠠᠴᠠ ᠨᠢᠭᠡᠳᠦᠯᠲᠡᠶ ᠭᠤᠶᠤᠴᠢᠯᠠᠨ ᠮᠡᠳᠡᠭᠦᠯᠵᠦ᠂ ᠨᠢᠭᠡᠳᠦᠯᠲᠡᠶ ᠬᠤᠳᠠᠯᠳᠤᠨ ᠠᠪᠴᠤ᠂ ᠡᠮᠨᠡᠯᠭᠡ ᠶᠢᠨ | ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤᠨ ᠤ | ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠨᠢᠭᠡᠳᠦᠯᠲᠡᠶ ᠡᠮ ᠤᠨ ᠵᠦᠢᠯ ᠤᠨ ᠭᠠᠷᠴᠠᠭ ᠢ ᠬᠡᠷᠡᠭᠯᠡᠵᠦ᠂ ᠡᠮ ᠤᠨ ᠵᠦᠢᠯ᠂ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢ ᠪᠠᠭᠤᠷᠠᠭᠤᠯᠤᠨ᠎ᠠ᠃ ᠣᠯᠥᠰ ᠤᠨ | ᠦᠨᠳᠣᠰᠣᠡ ᠡᠮ᠂ ᠬᠢᠮᠳᠡ ᠡᠮ ᠤᠨ ᠵᠦᠢᠯ ᠪᠠ ᠡᠮᠴᠢᠯᠡᠭᠡᠨ ᠤ ᠲᠠᠭᠠᠳᠬᠠᠯ ᠤᠨ ᠭᠠᠷᠴᠠᠭ ᠤᠨ ᠡᠮ ᠤᠨ ᠵᠦᠢᠯ ᠢ | ᠣᠷᠢᠳᠡᠪᠡᠷ ᠲᠣᠬᠢᠷᠡᠭᠤᠯᠥᠨ ᠭᠡᠷᠡᠭᠯᠡᠵᠦ᠂ ᠲᠣᠷᠣᠠᠠᠰᠢ ᠰᠢᠯᠵᠢᠬᠦᠯᠥᠭᠰᠡᠨ ᠡᠪᠡᠳᠴᠢᠳᠡᠨ ᠵᠡᠷᠭᠡ ᠡᠪᠡᠳᠴᠢᠨ ᠡᠮᠭᠡᠭ ᠢ | ᠣᠨᠣᠰᠢᠯᠠᠨ ᠵᠠᠰᠠᠬᠤ ᠦᠷᠬᠦᠯᠵᠢᠯᠡᠭᠰᠡᠨ ᠴᠢᠨᠡᠷᠳᠡᠢ ᠡᠮ ᠭᠡᠷᠡᠭᠯᠡᠬᠦ ᠭᠡᠷᠡᠭᠴᠡᠭᠡ ᠱᠠᠭᠠᠷᠳᠡᠯᠭ᠎ᠠ ᠶᠢ ᠦᠨᠡᠨᠬᠦ ᠪᠠᠳᠣᠯᠠᠨ᠎ᠠ᠃ | ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠡᠪᠡᠳᠴᠢᠲᠡᠨ ᠤ ᠡᠪᠡᠳᠴᠢᠨ ᠦᠵᠡᠭᠦᠯᠬᠦ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ᠂ ᠵᠣᠷ ᠢᠶᠠᠨ ᠤᠷᠲᠤᠳᠬᠠᠬᠤ᠂ ᠲᠥᠪᠯᠡᠷᠡᠭᠦᠯᠦᠨ ᠳᠣᠭᠢᠷᠠᠭᠤᠯᠤᠨ ᠬᠦᠷᠭᠡᠬᠦ ᠵᠡᠷᠭᠡ | ᠬᠡᠯᠪᠡᠷᠢ ᠪᠠᠷ ᠳᠠᠮᠵᠢᠭᠤᠯᠤᠨ ᠡᠮ ᠬᠡᠷᠡᠭᠯᠡᠬᠦ ᠶᠢ ᠵᠣᠯᠭᠠᠭᠤᠯᠬᠤ ᠶᠢ ᠴᠢᠩᠭᠠᠳᠬᠠᠵᠤ᠂ ᠡᠪᠡᠳᠴᠢᠲᠡᠨ ᠤ ᠣᠶᠢᠷ᠎ᠠ | ᠬᠠᠪᠢ ᠳᠠᠭᠠᠨ ᠡᠪᠡᠳᠴᠢᠨ ᠦᠵᠡᠭᠦᠯᠵᠦ ᠡᠮ ᠠᠪᠬᠤ ᠳᠤ ᠲᠥᠬᠦᠮ ᠦᠵᠡᠭᠦᠯᠵᠦ ᠪᠣᠯᠤᠨ᠎ᠠ᠃ | ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶᠂ ᠪᠡᠯᠡᠳᠬᠡᠯ ᠱᠠᠲᠤ ᠦᠶ᠎ᠡ ︵2023 ᠣᠨ ᠤ 2 ᠳ᠋ᠤᠭᠠᠷ ᠰᠠᠷ᠎ᠠ᠃︶ ᠡᠮᠴᠢᠯᠡᠭᠡᠨ ᠤ | ᠬᠠᠮᠲᠤ ᠶᠢᠨ ᠴᠣᠭᠴᠠ ᠶᠢ ᠵᠣᠬᠢᠶᠠᠨ ᠪᠠᠶᠢᠭᠤᠯᠬᠤ ᠡᠮᠦᠨᠡᠬᠢ ᠬᠤᠭᠤᠴᠠᠭᠠᠨ ᠤ ᠪᠡᠯᠡᠳᠬᠡᠬᠦ᠂ ᠵᠣᠬᠢᠴᠠᠭᠤᠯᠬᠤ᠂ | ᠵᠣᠯᠭᠠᠭᠤᠯᠬᠤ ᠠᠵᠢᠯ ᠢ ᠪᠡᠶᠡᠯᠡᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠯᠪᠠᠨ | ᠬᠡᠷ ᠠᠴᠠ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠲᠦᠴᠡ᠂ ᠲᠦᠷᠢᠮ ᠢ ᠲᠤᠭᠤᠷᠪᠢᠨ ᠲᠣᠭᠲᠠᠭᠠᠵᠤ᠂ ᠣᠷᠣᠨ | ᠪᠦᠰᠡ ᠶᠢᠨ ᠡᠮᠴᠢᠯᠡᠭᠡᠨ ᠤ ᠦᠢᠯᠡᠴᠢᠯᠡᠭᠡᠨ ᠤ ᠬᠠᠮᠲᠤ ᠶᠢᠨ ᠴᠣᠭᠴᠠ ᠶᠢᠨ ᠲᠦᠷᠢᠮ ᠤᠨ ᠪᠣᠷᠣ ᠲᠥᠯᠥᠪ ᠢ | ᠦᠨᠳᠦᠰᠦᠨ ᠳᠡᠭᠡᠨ ᠪᠠᠶᠢᠭᠤᠯᠤᠨ᠎ᠠ᠃ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠲᠦᠷᠦᠭᠦᠯᠡᠨ ᠬᠢᠵᠦ᠂ | ᠰᠢᠨᠳᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠤᠯᠠᠭᠠᠨ ᠨᠠᠭᠤᠷ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠤᠷᠢᠳᠠᠪᠠᠷ ᠲᠤᠷᠰᠢᠯᠲᠠ ᠬᠢᠵᠦ᠂ ᠬᠡᠯᠡᠯᠴᠡᠭᠡᠷ ᠲᠣᠭᠲᠠᠵᠤ᠂ | ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠯᠪᠠᠨ ᠭᠡᠷ ᠤᠨ ᠪᠦᠷᠢᠯᠳᠦᠬᠦᠨ ᠢ ᠲᠠᠨᠢᠯᠴᠠᠭᠤᠯᠵᠤ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠫᠠᠶᠢᠰᠠ ᠢᠯᠡᠷᠬᠡᠶᠢᠯᠡᠯ ᠢ ᠨᠡᠮᠡᠵᠦ ᠡᠯᠭᠦᠵᠦ᠂ ᠨᠡᠷᠡᠶᠢᠳᠦᠯ ᠢ ᠨᠢ ︽ᠤᠳᠠ ᠲᠣᠭᠤᠷᠢᠭ ᠤᠨ | ᠠᠷᠠᠳ ᠤᠨ ᠡᠮᠨᠡᠯᠭᠡ ᠶᠢᠨ ᠬᠤᠷᠢᠶ᠎ᠠ + ᠡᠮᠴᠢᠯᠡᠭᠡᠨ ᠤ ᠦᠢᠯᠡᠴᠢᠯᠡᠭᠡᠨ ᠤ ᠬᠠᠮᠲᠤ ᠶᠢᠨ ᠴᠣᠭᠴᠠ ᠶᠢᠨ ᠪᠦᠷᠢᠯᠳᠦᠬᠦᠨ | ᠨᠢᠭᠡᠴᠡ︾ ᠪᠣᠯᠭᠠᠵᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠲᠤᠭᠤᠷᠢᠭ ᠤᠨ ᠠᠷᠠᠳ ᠤᠨ ᠡᠮᠨᠡᠯᠭᠡ ᠶᠢᠨ | ᠬᠤᠷᠢᠶ᠎ᠠ ᠶᠢᠨ ᠨᠢᠭᠡᠳᠦᠯᠲᠡᠶ ᠬᠠᠮᠢᠶᠠᠷᠤᠯᠲᠠ ᠶᠢ ᠬᠦᠯᠢᠶᠡᠵᠦ᠂ ᠭᠤᠷᠪᠠ ᠶᠢ ᠨᠢᠭᠡᠳᠦᠯᠲᠡᠶ ᠬᠠᠮᠢᠶᠠᠷᠬᠤ ᠵᠠᠭᠪᠤᠷ ᠢ | ᠠᠬᠢᠭᠤᠯᠤᠨ᠎ᠠ᠃ | ︵ᠬᠤᠶᠠᠷ︶᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠱᠠᠲᠤ ᠦᠶ᠎ᠡ ︵2023 ᠣᠨ ᠤ 3 ᠰᠠᠷ᠎ᠠ ᠠᠴᠠ | 11 ᠰᠠᠷ᠎ᠠ ᠪᠣᠯᠲᠠᠯ᠎ᠠ᠃︶ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ᠂ ᠦ᠋ ᠬᠤ᠋ ᠱᠠᠨ᠂ ᠪᠢᠨᠬᠠᠢ᠂ ᠪᠠᠶᠠᠨᠰᠠᠶᠢᠨ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠶᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠳᠤ ᠣᠷᠣᠭᠤᠯᠵᠤ᠂ | ᠲᠣᠭᠲᠠᠴᠠ ᠶᠢᠨ ᠪᠠᠶᠢᠭᠤᠯᠤᠯᠲᠠ᠂ ᠡᠮᠴᠢᠯᠡᠭᠡᠨ ᠤ ᠮᠡᠷᠭᠡᠵᠢᠯ ᠤᠨ ᠳᠤᠭᠤᠶᠢᠯᠠᠩ ᠤᠨ ᠪᠡᠯᠡᠳᠬᠡᠯ᠂ ᠠᠵᠢᠯᠲᠠᠨ ᠵᠡᠷᠭᠡ | ᠠᠵᠢᠯ ᠢ ᠪᠡᠶᠡᠯᠡᠭᠦᠯᠵᠦ᠂ ᠣᠷᠣᠨ ᠪᠦᠰᠡ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠥᠭᠵᠢᠯᠲᠡ ᠳᠤ | ᠠᠰᠢᠭᠲᠠᠶ ᠡᠵᠡᠩᠨᠡᠯᠲᠡ ᠶᠢᠨ ᠠᠷᠭ᠎ᠠ ᠮᠠᠶ᠋ᠢᠭ ᠢ ᠰᠦᠪᠡᠭᠴᠢᠯᠡᠨ ᠪᠠᠶᠢᠭᠤᠯᠵᠤ᠂ ᠠᠵᠢᠯᠯᠠᠭᠠᠨ ᠤ ᠲᠣᠭᠲᠠᠴᠠ ᠶᠢ | ᠠᠯᠬᠤᠮ ᠠᠯᠬᠤᠮ ᠢᠶᠠᠷ ᠰᠢᠯᠤᠭᠤᠳᠬᠠᠨ᠎ᠠ᠃ | ︵ᠭᠤᠷᠪᠠ︶᠂ ᠦᠨᠡᠯᠡᠨ ᠵᠢᠱᠢᠵᠦ ᠬᠢᠨᠠᠨ ᠰᠢᠯᠭᠠᠬᠤ ᠱᠠᠲᠤ ᠦᠶ᠎ᠡ ︵2023 ᠣᠨ ᠤ 12 ᠳ᠋ᠤᠭᠠᠷ | ᠰᠠᠷ᠎ᠠ ᠃ ︶ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯᠯᠠᠭᠠᠨ ᠤ ᠲᠣᠭᠲᠠᠴᠠ᠂ ᠦᠷ᠎ᠡ ᠪᠦᠲᠦᠮᠵᠢ ᠳᠤ | ᠦᠨᠡᠯᠡᠯᠲᠡ ᠬᠢᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ | ᠳᠡᠭᠡᠭᠰᠢᠯᠡᠭᠦᠯᠦᠨ᠎ᠡ᠃ ᠡᠮᠴᠢᠯᠡᠭᠡᠨ ᠤ ᠬᠠᠮᠳᠣ ᠶᠢᠨ ᠴᠣᠠᠠᠴᠠ ᠶᠢᠨ ᠲᠣᠳᠣᠭᠠᠳᠣ ᠳᠠᠭᠠᠨ ᠨᠢᠭᠡᠳᠦᠯᠳᠡᠢ ᠰᠢᠯᠭᠠᠨ | ᠬᠢᠨ᠋ᠬᠠᠥ ᠪᠡᠷᠢᠮᠵᠢᠶ᠎ᠠ ᠶᠢ ᠲᠣᠠᠠᠳᠠᠭᠠᠵᠦ᠂ ᠡᠮᠴᠢᠯᠡᠭᠡᠨ ᠤ ᠬᠠᠮᠳᠣ ᠶᠢᠨ ᠴᠣᠠᠠᠴᠠ ᠶᠢᠨ ᠲᠣᠳᠣᠭᠠᠳᠣ ᠶᠢᠨ ᠪᠦᠷᠢᠯᠳᠦᠬᠦᠨ | ᠨᠢᠭᠡᠴᠡ ᠳᠤ ᠡᠳᠣᠷ ᠲᠣᠳᠣᠮ ᠤᠨ ᠰᠢᠯᠭᠠᠨ ᠬᠢᠨ᠋ᠬᠠᠥ ᠪᠠ ᠶᠡᠷᠦᠩᠭᠡᠶᠢᠯᠡᠨ ᠰᠢᠯᠭᠠᠨ ᠦᠨᠡᠯᠡᠬᠦ ᠶᠢᠨ ᠬᠠᠮᠳᠣ᠂ ᠰᠢᠯᠭᠠᠨ | ᠬᠢᠨ᠋ᠬᠠᠰᠠᠨ ᠦᠷ᠎ᠠ ᠳ᠋ᠦᠡᠭ ᠢ ᠦᠨᠳᠣᠰᠣᠯᠡᠨ ᠳᠥᠰᠥᠯ ᠳᠤ ᠴᠠᠭ ᠲᠤᠨᠢ ᠲᠣᠬᠢᠷᠡᠭᠤᠯᠥᠨ ᠲᠣᠬᠢᠷᠡᠭᠤᠯᠥᠯᠳᠡ ᠬᠢᠨ᠎ᠠ᠃ | ︵ᠳᠥᠷᠪᠡ︶ ᠪᠠᠬᠢᠵᠢᠭᠦᠯᠦᠨ ᠲᠡᠭᠦᠯᠳᠡᠷᠵᠢᠭᠦᠯᠬᠦ ᠱᠠᠲᠤ ᠦᠶ᠎ᠡ ︵2024 ᠣᠨ ᠤ 1 ᠰᠠᠷ᠎ᠠ - 11 | ᠰᠠᠷ᠎ᠠ ᠃︶ ᠣᠷᠣᠨ ᠪᠦᠰᠡ ᠶᠢᠨ ᠳᠣᠲᠣᠷᠠᠬᠢ ᠪᠣᠶ ᠪᠥᠬᠦᠶ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠨᠢ ᠴᠥᠮ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠣᠷᠣᠯᠴᠠᠵᠤ᠂ ᠳᠡᠭᠡᠷᠡᠬᠢ | ᠠᠵᠢᠯᠯᠠᠭᠠᠨ ᠤ ᠬᠠᠮᠢᠶᠠᠷᠤᠯᠲᠠ ᠶᠢᠨ ᠵᠠᠭᠪᠤᠷ ᠢᠶᠠᠷ ᠳᠠᠮᠵᠢᠭᠤᠯᠤᠨ ᠠᠩᠬ᠎ᠠ ᠠᠯᠬᠤᠮ ᠬᠡᠪᠴᠢᠶᠡᠵᠢᠭᠰᠡᠨ᠂ ᠪᠦᠲᠦᠮᠵᠢᠲᠡᠶ | ᠣᠷᠣᠨ ᠪᠦᠰᠡ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯᠯᠠᠭᠠᠨ ᠤ ᠲᠣᠭᠲᠠᠴᠠ ᠶᠢ ᠪᠣᠶ ᠪᠣᠯᠭᠠᠵᠤ᠂ | ᠳᠡᠭᠡᠳᠦ ᠳᠣᠤᠷᠠᠳᠤ ᠱᠠᠲᠤᠨ ᠤ ᠰᠢᠯᠵᠢᠭᠦᠯᠦᠨ ᠡᠮᠨᠡᠭᠦᠯᠬᠦ ᠳᠤ ᠡᠮᠬᠢ ᠵᠢᠷᠤᠮ ᠲᠠᠢ᠂ ᠰᠠᠭᠤᠭᠠᠯᠢ ᠠᠷᠠᠳ ᠤᠨ | ᠡᠪᠡᠳᠴᠢᠨ ᠦᠵᠡᠭᠦᠯᠬᠦ ᠳᠤ ᠢᠲᠡᠭᠡᠯ ᠲᠠᠢ ᠰᠢᠨ᠎ᠡ ᠪᠠᠷ ᠡᠮᠨᠡᠭᠦᠯᠬᠦ ᠪᠠᠶᠢᠷᠢᠰᠢᠯ ᠳᠤ ᠬᠦᠷᠦᠭᠦᠯᠦᠨ᠎ᠡ᠃ ᠠᠷᠡᠳ ᠠᠴᠠ | ᠡᠷᠬᠢᠯᠡᠭᠰᠡᠨ ᠡᠮᠴᠢᠯᠡᠭᠡᠨ ᠤ ᠪᠠᠶᠢᠭᠤᠯᠥᠮᠵᠢ ᠶᠢᠨ ᠣᠷᠣᠨ ᠪᠦᠰᠡ ᠶᠢᠨ ᠡᠮᠴᠢᠯᠡᠭᠡᠨ ᠤ ᠬᠠᠮᠳᠣ ᠶᠢᠨ ᠴᠣᠠᠠᠴᠠ ᠶᠢᠨ | ᠪᠠᠶᠢᠭᠤᠯᠥᠯᠳᠡ ᠳᠤ ᠣᠷᠣᠬᠤ ᠶᠢ ᠵᠣᠷᠢᠠᠠᠵᠢᠭᠤᠯᠥᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠬᠡᠷᠡᠭᠵᠢᠭᠦᠯᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠢᠯᠡᠷᠡᠭᠰᠡᠨ ᠠᠰᠠᠭᠤᠳᠠᠯ ᠢ | ᠦᠨᠳᠦᠰᠦᠯᠡᠨ ᠠᠵᠢᠯ ᠤᠨ ᠲᠣᠭᠲᠠᠴᠠ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠲᠦᠷᠢᠮ ᠤᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ | ︵ᠲᠠᠪᠤ︶᠂ ᠪᠡᠶᠡᠯᠡᠭᠦᠯᠬᠦ ᠱᠠᠲᠤ ᠦᠶ᠎ᠡ ︵2024 ᠣᠨ ᠤ 12 ᠰᠠᠷ᠎ᠠ᠃︶ ᠤᠳᠠ ᠲᠣᠭᠤᠷᠢᠭ ᠤᠨ | ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠬᠤ ᠠᠵᠢᠯ ᠢ ᠪᠡᠶᠡᠯᠡᠭᠦᠯᠵᠦ᠂ | ᠡᠴᠦᠰ ᠲᠡᠭᠡᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠬᠡᠯᠪᠡᠷᠢ ᠪᠠᠷ ᠬᠤᠯᠪᠣᠭᠠᠰᠤ ᠪᠣᠯᠭᠠᠭᠰᠠᠨ᠂ | ᠬᠤᠲᠠ ᠬᠥᠳᠡᠭᠡ ᠶᠢ ᠨᠢᠭᠡ ᠴᠤᠭᠴᠠᠵᠢᠭᠤᠯᠬᠤ ᠪᠠᠷ ᠭᠤᠤᠯ ᠪᠣᠯᠭᠠᠭᠰᠠᠨ ᠭᠤᠷᠪᠠᠨ ᠱᠠᠲᠤᠨ ᠤ ᠬᠤᠯᠪᠣᠭᠠᠯᠠᠨ | ᠬᠥᠳᠡᠯᠦᠯᠴᠡᠬᠦ ᠣᠷᠣᠨ ᠪᠦᠰᠡ ᠶᠢᠨ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠪᠣᠶ ᠪᠣᠯᠭᠠᠵᠤ᠂ ᠦᠨᠳᠦᠰᠦᠨ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠬᠢᠷᠢ ᠲᠦᠪᠰᠢᠨ᠂ ᠠᠵᠢᠯᠯᠠᠭᠠᠨ ᠤ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ︽ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ᠂ | ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠲᠦᠷᠭᠡᠨ ᠤᠳᠠᠭᠠᠨ ᠴᠢᠨᠠᠷᠲᠠᠶ ᠰᠠᠯᠭᠠᠨ ᠵᠠᠰᠠᠬᠤ᠂ ᠳᠡᠭᠡᠳᠦ | ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ︾ ᠱᠠᠲᠤ ᠬᠤᠪᠢᠶᠠᠨ ᠣᠨᠣᠰᠢᠯᠠᠨ ᠡᠮᠨᠡᠬᠦ ᠵᠠᠭᠪᠤᠷ ᠢ ᠪᠣᠶ ᠪᠣᠯᠭᠠᠵᠤ᠂ | ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠬᠠᠮᠤᠷᠤᠭᠰᠠᠨ ᠡᠷᠡᠭᠦᠯ ᠮᠡᠨᠳᠦ ᠶᠢᠨ ᠦᠢᠯᠡᠴᠢᠯᠡᠭᠡᠨ ᠤ | ᠴᠢᠳᠠᠪᠤᠷᠢ ᠶᠢ ᠬᠠᠩᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠪᠡ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠡᠭᠦᠷᠭᠡ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ | ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠯᠪᠠᠨ ᠬᠡᠷ ᠨᠢ ᠡᠮᠴᠢᠯᠡᠭᠡᠨ ᠤ ᠬᠠᠮᠲᠤ ᠶᠢᠨ ᠴᠣᠭᠴᠠ ᠶᠢ | ᠪᠠᠶᠢᠭᠤᠯᠬᠤ ᠠᠵᠢᠯ ᠤᠨ ᠲᠥᠯᠥᠪᠵᠢᠭᠦᠯᠭᠡ᠂ ᠵᠣᠬᠢᠴᠠᠭᠤᠯᠬᠤ ᠪᠠ ᠬᠢᠨᠠᠯᠲᠠ ᠲᠠᠯᠪᠢᠬᠤ ᠵᠡᠷᠭᠡ ᠠᠵᠢᠯ ᠢ | ᠬᠠᠷᠢᠭᠤᠴᠠᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ | ᠬᠠᠮᠢᠶᠠᠷᠤᠯᠲᠠ ᠶᠢᠨ ᠠᠵᠢᠯ ᠢ ᠨᠠᠩ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠬᠠᠮᠢᠶᠠᠷᠤᠯᠲᠠ ᠶᠢᠨ ᠠᠯᠪᠠᠨ ᠬᠡᠷ ᠠᠴᠠ ᠵᠣᠬᠢᠴᠠᠩᠭᠤᠶ ᠪᠠᠲᠤᠯᠠᠭ᠎ᠠ ᠶᠢᠨ ᠠᠵᠢᠯ ᠢ ᠪᠣᠳᠠᠲᠠᠶ | ᠬᠠᠷᠢᠭᠤᠴᠠᠵᠤ᠂ ᠠᠵᠢᠯᠲᠠᠨ ᠢ ᠲᠣᠮᠢᠯᠠᠨ ᠰᠠᠭᠤᠯᠭᠠᠬᠤ ᠶᠢ ᠵᠣᠬᠢᠴᠠᠭᠤᠯᠤᠨ᠂ ᠦᠨᠳᠦᠰᠦᠨ ᠱᠠᠲᠤᠨ ᠤ ᠬᠡᠷᠡᠭᠴᠡᠭᠡ | ᠱᠠᠭᠠᠷᠳᠠᠯᠭ᠎ᠠ ᠶᠢ ᠣᠶᠢᠯᠠᠭᠠᠵᠤ᠂ ᠡᠳ᠋ ᠪᠣᠳᠠᠰ ᠤᠨ ᠲᠣᠬᠢᠷᠠᠭᠤᠯᠤᠯᠲᠠ ᠶᠢ ᠬᠠᠩᠭᠠᠵᠤ᠂ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠠᠵᠢᠯ ᠤᠨ ᠬᠠᠷᠢᠯᠴᠠᠭ᠎ᠠ ᠶᠢ ᠴᠢᠩᠭᠠᠳᠬᠠᠵᠤ᠂ ᠡᠮᠴᠢᠯᠡᠭᠡᠨ ᠤ ᠬᠠᠮᠲᠤ ᠶᠢᠨ | ᠴᠣᠭᠴᠠ ᠶᠢᠨ ᠬᠡᠪ ᠤᠨ ᠠᠵᠢᠯᠯᠠᠭᠠᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ | ︵ᠬᠤᠶᠠᠷ︶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠬᠢᠭᠡᠳ ᠰᠢᠯᠭᠠᠨ ᠬᠢᠨᠠᠬᠤ ᠬᠠᠮᠢᠶᠠᠷᠤᠯᠲᠠ | ᠡᠮᠴᠢᠯᠡᠭᠡᠨ ᠤ ᠬᠠᠮᠳᠣ ᠶᠢᠨ ᠴᠣᠠᠠᠴᠠ ᠶᠢᠨ ᠠᠯᠪᠠᠨ ᠭᠡᠷ ᠪᠠ ᠲᠣᠮᠢᠯᠠᠨ ᠰᠠᠭᠤᠭ᠎ᠠ ᠨᠢᠭᠡᠴᠡ ᠨᠢ ᠬᠠᠮᠳᠣᠷᠡᠨ | ᠲᠣᠮᠢᠯᠠᠨ ᠰᠠᠭᠤᠭ᠎ᠠ ᠠᠵᠢᠯᠳᠡᠨ ᠳᠤ ᠬᠢᠨᠡᠯᠳᠡ ᠳᠡᠯᠪᠢᠬᠤ ᠪᠠ ᠰᠢᠯᠭᠠᠨ ᠬᠢᠨᠠᠵᠦ᠂ ᠰᠢᠯᠭᠠᠨ ᠬᠢᠨ᠋ᠬᠠᠥ ᠪᠡᠷᠢᠮᠵᠢᠶ᠎ᠠ ᠶᠢ | ᠲᠣᠠᠠᠳᠠᠭᠠᠵᠦ᠂ ᠲᠣᠠᠠᠳᠠᠮᠠᠯ ᠬᠤᠭᠤᠴᠠᠭ᠎ᠠ ᠲᠠᠢ ᠪᠣᠶᠣ ᠲᠣᠠᠠᠳᠠᠮᠠᠯ ᠬᠤᠭᠤᠴᠠᠭ᠎ᠠ ᠲᠠᠢ ᠪᠠᠷ ᠰᠣᠷᠪᠤᠯᠵᠢᠯᠠᠨ | ᠰᠣᠷᠪᠤᠯᠵᠢᠯᠠᠬᠤ᠂ ᠰᠣᠭᠤᠴᠢᠨ ᠪᠠᠶᠢᠴᠠᠭᠠᠬᠤ᠂ ᠰᠡᠳᠬᠢᠯ ᠬᠠᠨᠣᠮᠵᠢᠳᠡᠢ ᠪᠠᠶᠢᠬᠤ ᠭᠡᠮᠵᠢᠶ᠎ᠠ ᠳᠤ ᠪᠠᠶᠢᠴᠠᠭᠠᠯᠳᠡ ᠬᠢᠬᠦ | ᠵᠡᠷᠭᠡ ᠭᠡᠯᠪᠡᠷᠢ ᠶᠢ ᠭᠡᠷᠡᠭᠯᠡᠨ᠂ ᠠᠵᠢᠯ ᠦᠷᠨᠢᠬᠦᠯᠥᠭᠰᠡᠨ ᠪᠠᠶᠢᠳᠡᠯ ᠳᠤ ᠰᠢᠯᠭᠠᠨ ᠬᠢᠨ᠋ᠬᠠᠥ ᠭᠡᠷᠡᠭᠳᠡᠢ᠃ ᠲᠣᠮᠢᠯᠠᠨ | ᠰᠠᠭᠤᠯᠭᠠᠭᠰᠠᠨ ᠠᠵᠢᠯᠲᠠᠨ ᠡᠭᠦᠷᠭᠡ ᠳᠠᠭᠤᠰᠬᠤ ᠦᠶ᠎ᠡ ᠳᠤ ᠥᠪᠡᠷ ᠢ ᠪᠠᠨ ᠳ᠋ᠦᠩᠨᠡᠵᠦ᠂ ᠰᠢᠯᠭᠠᠨ ᠦᠨᠡᠯᠡᠬᠦ ᠶᠢ | ᠬᠦᠯᠢᠶᠡᠬᠦ ᠬᠡᠷᠡᠭᠲᠡᠶ᠃ ᠡᠭᠦᠨ ᠤ ᠬᠠᠮᠲᠤ᠂ ᠡᠮᠴᠢᠯᠡᠭᠡᠨ ᠤ ᠬᠠᠮᠲᠤ ᠶᠢᠨ ᠴᠣᠭᠴᠠ ᠨᠢ ᠡᠯ᠎ᠡ ᠪᠦᠷᠢᠯᠳᠦᠬᠦᠨ | ᠨᠢᠭᠡᠴᠡ ᠶᠢᠨ ᠬᠤᠯᠪᠣᠭᠳᠠᠯ ᠪᠥᠬᠦᠶ ᠠᠵᠢᠯ ᠢ ᠪᠡᠶᠡᠯᠡᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠰᠢᠯᠭᠠᠨ ᠬᠢᠨᠠᠵᠤ᠂ ︽ᠭᠤᠷᠪᠠ ᠶᠢ ᠨᠡᠪᠲᠡᠷᠡᠭᠦᠯᠬᠦ︾ ᠠᠵᠢᠯ ᠢ ᠥᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠡᠯ᠎ᠡ | ᠪᠠᠶᠢᠭᠤᠯᠤᠮᠵᠢ ᠶᠢᠨ ᠠᠵᠢᠯ ᠢ ᠠᠬᠢᠭᠤᠯᠬᠤ᠂ ᠦᠢᠯᠡᠴᠢᠯᠡᠭᠡᠨ ᠤ ᠴᠢᠳᠠᠪᠤᠷᠢ᠂ ᠠᠵᠢᠯᠯᠠᠭᠠᠨ ᠤ ᠪᠠᠶᠢᠳᠠᠯ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠨᠠᠶᠢᠳᠠᠪᠤᠷᠢᠵᠢᠭᠤᠯᠤᠯᠲᠠ ᠵᠡᠷᠭᠡ ᠲᠠᠯ᠎ᠠ ᠪᠠᠷ ᠰᠢᠯᠭᠠᠨ ᠬᠢᠨᠠᠵᠤ ᠦᠨᠡᠯᠡᠨ᠂ ᠠᠵᠢᠯ ᠨᠢ | ᠲᠣᠪᠤᠶᠢᠮ᠎ᠠ ᠨᠢᠭᠡᠴᠡ ᠶᠢ ᠱᠠᠩᠨᠠᠨ ᠬᠥᠬᠢᠭᠦᠯᠵᠦ᠂ ᠰᠢᠯᠭᠠᠨ ᠬᠢᠨᠠᠭᠰᠠᠨ ᠦᠷ᠎ᠡ ᠳ᠋ᠦᠩ ᠢ ᠲᠠᠷᠠᠭᠠᠴᠢ ᠶᠢᠨ ᠱᠠᠲᠤᠨ ᠤ | ᠬᠠᠮᠵᠢᠯᠴᠠᠬᠤ ᠠᠷᠭ᠎ᠠ ᠮᠠᠶ᠋ᠢᠭ ᠬᠢᠭᠡᠳ ᠬᠠᠪᠰᠤᠷᠤᠨ ᠲᠡᠳᠬᠦᠬᠦ ᠠᠭᠤᠯᠭ᠎ᠠ ᠶᠢ ᠬᠤᠯᠪᠣᠭᠳᠠᠭᠤᠯᠬᠤ ᠶᠢᠨ ᠬᠠᠮᠲᠤ᠂ | ᠰᠢᠯᠭᠠᠨ ᠬᠢᠨᠠᠭᠰᠠᠨ ᠦᠷ᠎ᠡ ᠳ᠋ᠦᠩ ᠢ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ | ᠮᠡᠳᠡᠭᠦᠯᠵᠦ᠂ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠤᠨ᠎ᠠ᠃ | ︵ᠭᠤᠷᠪᠠ︶ ᠮᠡᠳᠡᠭᠡ ᠵᠠᠩᠬᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠬᠢᠵᠢᠯᠲᠠ ᠶᠢᠨ | ᠪᠠᠶᠢᠭᠤᠯᠤᠯᠲᠠ ᠶᠢ ᠲᠦᠷᠭᠡᠳᠭᠡᠨ᠎ᠡ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ | ᠠᠵᠠ ᠲᠣᠬᠢᠶᠠᠯ ᠪᠣᠯᠭᠠᠵᠤ᠂ ᠡᠮᠴᠢᠯᠡᠭᠡᠨ ᠤ ᠮᠡᠳᠡᠭᠡ ᠵᠠᠩᠭᠢᠵᠢᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ᠡᠮᠴᠢᠯᠡᠭᠡᠨ ᠤ ᠦᠢᠯᠡᠴᠢᠯᠡᠭᠡ᠂ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠵᠠᠰᠠᠬᠤ᠂ ᠡᠷᠡᠭᠦᠯ ᠮᠡᠨᠳᠦ ᠶᠢᠨ | ᠲᠠᠩᠰᠠ ᠡᠪᠬᠡᠮᠡᠯ᠂ ᠦᠨᠳᠦᠰᠦᠨ ᠡᠮᠴᠢᠯᠡᠭᠡᠨ ᠤ ᠳᠠᠭᠠᠳᠬᠠᠯ᠂ ᠡᠮ ᠤᠨ ᠵᠦᠢᠯ ᠤᠨ ᠬᠡᠷᠡᠭᠯᠡᠯᠲᠡ ᠵᠡᠷᠭᠡ ᠮᠡᠳᠡᠭᠡ | ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠴᠢᠷᠮᠠᠶᠢᠨ ᠪᠡᠶᠡᠯᠡᠭᠦᠯᠵᠦ᠂ ᠱᠠᠲᠤ ᠬᠤᠪᠢᠶᠠᠨ | ᠣᠨᠣᠰᠢᠯᠠᠨ ᠡᠮᠨᠡᠬᠦ ᠪᠠ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠲᠡᠶ | ᠲᠤᠯᠭᠠᠭᠤᠷᠢᠯᠠᠯ ᠬᠠᠩᠭᠠᠨ᠎ᠠ᠃ | ︵ᠲᠦᠷᠪᠡ︶ ᠢᠳᠡᠪᠬᠢᠲᠡᠢ ᠤᠬᠠᠭᠤᠯᠤᠨ ᠳᠡᠯᠭᠡᠷᠡᠭᠦᠯᠵᠦ᠂ ᠮᠡᠳᠡᠭᠦᠯᠬᠦ ᠬᠦᠷᠢᠶ᠎ᠡ ᠬᠡᠪᠴᠢᠶ᠎ᠡ ᠶᠢ ᠦᠷᠭᠡᠳᠭᠡᠨ᠎ᠡ | ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ ᠬᠠᠮᠲᠤ ᠶᠢᠨ | ᠴᠣᠭᠴᠠ ᠶᠢᠨ ᠲᠤᠷᠰᠢᠯᠲᠠ ᠶᠢᠨ ᠠᠵᠢᠯ ᠤᠨ ᠵᠣᠷᠢᠯᠭ᠎ᠠ ᠶᠢᠨ ᠠᠴᠢ ᠬᠤᠯᠪᠣᠭᠳᠠᠯ ᠪᠠ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠤᠬᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ ᠣᠯᠠᠨ ᠡᠮᠨᠡᠯᠭᠡ ᠶᠢᠨ | ᠠᠵᠢᠯᠲᠠᠨ ᠤ ᠲᠤᠷᠰᠢᠯᠲᠠ ᠶᠢᠨ ᠴᠢᠭ᠋ ᠤᠨ ᠥᠭᠡᠷᠡᠴᠢᠯᠡᠯᠲᠡ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ | ᠴᠢᠨᠠᠷ ᠢ ᠭᠦᠢᠴᠡᠳ ᠳᠠᠶᠢᠴᠢᠯᠠᠨ᠂ ᠥᠷᠭᠡᠨ ᠣᠯᠠᠨ ᠰᠠᠭᠤᠭᠠᠯᠢ ᠠᠷᠠᠳ ᠪᠠ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯ ᠤᠨ ᠲᠤᠬᠠᠶ ᠣᠶᠢᠯᠠᠭᠠᠯᠲᠠ ᠪᠠ | ᠳᠡᠮᠵᠢᠯᠭᠡ ᠶᠢ ᠴᠢᠷᠮᠠᠶᠢᠨ ᠤᠯᠬᠤ ᠬᠡᠷᠡᠭᠲᠡᠶ᠃ | |