ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ᠡᠳᠦᠭᠡ ︽ᠤᠳᠠ ᠲᠣᠭᠤᠷᠢᠭ ᠤᠨ ᠬᠡᠰᠡᠭ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ | ᠪᠠᠶᠢᠷᠢᠯᠠᠭᠤᠯᠤᠯᠲᠠ ᠶᠢ ᠲᠣᠬᠢᠷᠠᠭᠤᠯᠬᠤ ᠠᠵᠢᠯ ᠤᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ | ᠲᠤᠤᠱᠯᠠᠭᠤᠯᠤᠨ ᠬᠡᠷᠡᠭᠵᠢᠭᠦᠯᠲᠦᠭᠡᠶ᠃ | 2023 ᠣᠨ ᠤ 9 ᠰᠠᠷ᠎ᠠ ᠶᠢᠨ 1 ᠤ ᠡᠳᠦᠷ | ᠤᠳᠠ ᠲᠤᠭᠤᠷᠢᠭ ᠤᠨ ᠬᠡᠰᠡᠭ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠪᠠᠶᠢᠷᠢᠯᠠᠭᠤᠯᠤᠯᠲᠠ ᠶᠢ ᠲᠣᠬᠢᠷᠠᠭᠤᠯᠬᠤ | ᠠᠵᠢᠯ ᠤᠨ ᠲᠥᠰᠦᠯ | ᠬᠤᠲᠠ ᠶᠢᠨ ᠵᠠᠰᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠬᠤᠲᠠ ᠶᠢᠨ ᠨᠡᠶᠢᠭᠡᠮ ᠲᠣᠭᠤᠷᠢᠭ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ | ᠵᠢᠷᠤᠮᠵᠢᠭᠤᠯᠬᠤ ᠶᠢᠨ ᠲᠥᠯᠥᠭᠡ᠂ ︽ᠨᠠᠮ ᠤᠨ ᠪᠠᠶᠢᠭᠤᠯᠤᠯᠲᠠ ᠶᠢ ᠭᠦᠨᠵᠡᠭᠡᠶ ᠬᠡᠷᠡᠭᠵᠢᠭᠦᠯᠵᠦ ᠦᠨᠳᠦᠰᠦᠨ | ᠱᠠᠲᠤᠨ ᠤ ᠵᠠᠰᠠᠯᠲᠠ ᠶᠢᠨ ︿ᠵᠢᠷᠭᠤᠭᠠᠨ ᠶᠡᠭᠡ ᠢᠨᠵᠧᠨᠧᠷᠢᠩ﹀ ᠢ ᠬᠥᠲᠥᠯᠥᠨ ᠳᠠᠭᠠᠭᠤᠯᠬᠤ ᠲᠤᠬᠠᠶ ᠬᠡᠷᠡᠭᠵᠢᠭᠦᠯᠬᠦ | ᠲᠥᠰᠦᠯ︾ ᠳᠠᠬᠢ ︽ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠡᠪᠴᠢᠶ᠎ᠡ ᠶᠢ ᠰᠢᠯᠢᠳᠡᠭᠵᠢᠭᠦᠯᠦᠨ | ᠲᠣᠬᠢᠷᠠᠭᠤᠯᠬᠤ ︾ ᠱᠠᠭᠠᠷᠳᠠᠯᠭ᠎ᠠ ᠶᠣᠰᠣᠭᠠᠷ᠂ ᠤᠳᠠ ᠲᠣᠭᠤᠷᠢᠭ ᠤᠨ ᠡᠤ ᠬᠤ᠋ ᠱᠠᠨ ᠬᠡᠷᠡᠭ ᠡᠷᠬᠢᠯᠡᠬᠦ ᠭᠠᠵᠠᠷ ᠤᠨ | ᠣᠷᠣᠨ ᠪᠦᠰᠡ ᠶᠢᠨ ᠲᠠᠲᠠᠪᠤᠷᠢᠯᠠᠨ ᠨᠡᠭᠦᠯᠭᠡᠬᠦ ᠠᠵᠢᠯ ᠤᠨ ᠠᠬᠢᠴᠠ ᠲᠠᠢ ᠤᠶᠠᠯᠳᠤᠭᠤᠯᠤᠨ᠂ ᠣᠨᠴᠠᠭᠠᠶᠢᠯᠠᠨ | ᠠᠵᠢᠯ ᠤᠨ ᠲᠥᠰᠦᠯ ᠢ ᠲᠣᠭᠲᠠᠭᠠᠪᠠ᠃ | ᠨᠢᠭᠡ᠂ ᠦᠨᠳᠦᠰᠦᠨ ᠪᠠᠶᠢᠳᠠᠯ | ᠤᠳᠠ ᠲᠣᠭᠤᠷᠢᠭ ᠲᠤ ᠨᠡᠶᠢᠲᠡ 1 ᠪᠠᠯᠭᠠᠰᠤ᠂ 7 ᠵᠡᠭᠡᠯᠢ ᠭᠤᠳᠤᠮᠵᠢ ᠲᠠᠢ᠂ ᠳᠣᠣᠷ᠎ᠠ ᠨᠢ 1 ᠲᠣᠰᠬᠤᠨ᠂ | 21 ᠨᠡᠶᠢᠭᠡᠮ ᠲᠣᠭᠤᠷᠢᠭ ᠲᠠᠢ᠃ ᠡᠭᠦᠨ ᠳᠤ ᠲᠣᠬᠢᠷᠠᠭᠤᠯᠤᠯᠲᠠ ᠳᠤ ᠬᠤᠯᠪᠣᠭᠳᠠᠭᠰᠠᠨ ᠵᠡᠭᠡᠯᠢ ᠭᠤᠳᠤᠮᠵᠢ ᠳᠤ ᠡᠦ | ᠬᠤ᠋ ᠱᠠᠨ ᠬᠡᠷᠡᠭ ᠡᠷᠬᠢᠯᠡᠬᠦ ᠭᠠᠵᠠᠷ᠂ ᠪᠠᠶᠠᠨᠰᠠᠶᠢᠨ ᠬᠡᠷᠡᠭ ᠡᠷᠬᠢᠯᠡᠬᠦ ᠭᠠᠵᠠᠷ ᠪᠠ ᠪᠢᠨᠬᠠᠢ ᠬᠡᠷᠡᠭ ᠡᠷᠬᠢᠯᠡᠬᠦ ᠭᠠᠵᠠᠷ | ᠵᠡᠷᠭᠡ ᠪᠤᠢ᠃ ᠡᠦ ᠬᠤ᠋ ᠱᠠᠨ ᠤ ᠬᠡᠷᠡᠭ ᠡᠷᠬᠢᠯᠡᠬᠦ ᠭᠠᠵᠠᠷ ᠤᠨ ᠳᠣᠣᠷ᠎ᠠ ᠲᠢᠶᠧ ᠰᠢ ᠢᠦᠢ ᠬᠤᠩ ᠬᠤᠶᠠᠷ ᠨᠡᠶᠢᠭᠡᠮ | ᠲᠣᠭᠤᠷᠢᠭ ᠲᠤ ᠬᠠᠷᠢᠶᠠᠯᠠᠭᠳᠠᠵᠤ᠂ ᠬᠠᠷᠢᠶ᠎ᠠ ᠣᠷᠣᠨ ᠨᠢ 2821 ᠡᠷᠦᠬᠡ ᠶᠢ ᠲᠠᠲᠠᠪᠤᠷᠢᠯᠠᠨ ᠨᠡᠭᠦᠯᠭᠡᠬᠦ ᠳᠤ | ᠬᠤᠯᠪᠣᠭᠳᠠᠵᠤ᠂ ᠣᠳᠣᠬᠠᠨ ᠳᠤ ᠨᠢᠭᠡᠨᠲᠡ 2628 ᠡᠷᠦᠬᠡ ᠶᠢ ᠵᠥᠪᠳᠡᠯᠴᠡᠭᠡᠷ ᠢᠶᠠᠷ ᠨᠡᠭᠦᠯᠭᠡᠵᠦ᠂ ᠵᠢᠱᠢᠯᠲᠡ ᠪᠠᠷ | ᠰᠢᠨᠳᠠ ᠬᠡᠷᠡᠭ ᠡᠷᠬᠢᠯᠡᠬᠦ ᠭᠠᠵᠠᠷ ᠤᠨ ᠴᠠᠩ ᠳ᠋ᠠ ᠨᠡᠶᠢᠭᠡᠮ ᠲᠣᠭᠤᠷᠢᠭ ᠤᠨ ᠶᠢᠨ ᠬᠤ᠋ ᠪᠠᠭ᠎ᠠ ᠲᠣᠭᠤᠷᠢᠭ ︵900 | ᠢᠵᠢ︶᠂ ᠠᠢ ᠮᠢᠨ ᠨᠡᠶᠢᠭᠡᠮ ᠲᠣᠭᠤᠷᠢᠭ ᠤᠨ ᠵᠢᠶᠠ ᠮᠢᠩ ᠶᠠ ᠶᠤᠸᠠᠨ ︵490 ᠢᠵᠢ︶᠂ ᠪᠠᠶᠠᠨᠰᠠᠶᠢᠨ ᠬᠡᠷᠡᠭ | ᠡᠷᠬᠢᠯᠡᠬᠦ ᠭᠠᠵᠠᠷ ᠤᠨ ᠰᠢᠶᠠᠨ ᠹᠧᠩ ᠨᠡᠶᠢᠭᠡᠮ ᠲᠣᠭᠤᠷᠢᠭ ᠶᠢᠨ ᠶᠢᠨ ᠷᠦᠢ ᠪᠠᠭ᠎ᠠ ᠲᠣᠭᠤᠷᠢᠭ ︵560 ᠢᠵᠢ︶ ᠳᠤ | ᠲᠥᠪᠯᠡᠷᠡᠭᠦᠯᠦᠨ ᠲᠥᠪᠬᠢᠨᠡᠭᠦᠯᠬᠦ ᠪᠠᠷ ᠵᠢᠱᠢᠵᠦ ᠪᠠᠶᠢᠨ᠎ᠠ᠃ | ᠬᠤᠶᠠᠷ᠂ ᠲᠣᠬᠢᠷᠠᠭᠤᠯᠬᠤ ᠵᠠᠷᠴᠢᠮ | ︵ᠨᠢᠭᠡ ︶᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠨ᠂ ᠬᠠᠮᠢᠶᠠᠷᠬᠤ ᠳᠤ ᠳᠥᠭᠦᠮ | ᠦᠵᠡᠭᠦᠯᠦᠨ᠎ᠡ᠃ ᠣᠳᠣ ᠶᠢᠨ ᠪᠠᠶᠢᠭ᠎ᠠ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠢ | ᠪᠠᠲᠤᠯᠠᠬᠤ︶ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠤ ᠲᠤᠰᠢᠶᠠᠯ ᠤᠨ ᠲᠤᠭ᠎ᠠ ᠶᠢᠨ ᠶᠡᠷᠦᠩᠬᠡᠶ | ᠬᠡᠮᠵᠢᠶ᠎ᠡ᠂ ᠨᠡᠷᠡᠶᠢᠳᠦᠯ ᠨᠢ ᠬᠤᠪᠢᠷᠠᠬᠤ ᠥᠬᠡᠶ ᠪᠠᠶᠢᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠣᠷᠣᠨ | ᠪᠠᠶᠢᠷᠢ ᠨᠢ ᠬᠥᠷᠰᠢ ᠵᠡᠷᠭᠡᠯᠡᠳᠡᠭᠡ ᠪᠠᠶᠢᠬᠤ ᠵᠠᠷᠴᠢᠮ ᠢ ᠳᠣᠪᠤᠶᠢᠯᠭᠠᠨ᠂ ᠪᠠᠭ᠎ᠠ ᠲᠣᠬᠢᠷᠠᠭᠤᠯᠤᠯᠲᠠ ᠬᠢᠵᠦ ᠶᠡᠬᠡᠪᠡᠷ | ᠲᠣᠭᠲᠠᠭᠤᠨ ᠪᠠᠶᠢᠯᠭᠠᠬᠤ ᠰᠠᠭᠤᠷᠢᠨ ᠳᠡᠭᠡᠷ᠎ᠡ᠂ ᠨᠡᠶᠢᠭᠡᠮ ᠲᠣᠭᠤᠷᠢᠭ ᠤᠨ ᠪᠦᠬᠦᠯᠢ ᠴᠣᠭᠴᠠ ᠪᠠᠷ ᠬᠤᠪᠢᠶᠠᠷᠢᠯᠠᠬᠤ ᠪᠠ | ᠵᠠᠮ ᠢᠶᠠᠷ ᠵᠠᠭᠠᠭ ᠪᠣᠯᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠤᠨ ᠲᠣᠬᠢᠷᠠᠭᠤᠯᠤᠯᠲᠠ ᠬᠢᠨ᠎ᠠ᠃ | ︵ᠬᠤᠶᠠᠷ︶ ᠨᠢᠭᠡᠳᠦᠯᠲᠡᠢ ᠲᠥᠯᠥᠪᠯᠡᠨ ᠨᠡᠶᠢᠲᠡ ᠳᠤ ᠨᠢ ᠬᠠᠷᠠᠭᠠᠯᠵᠠᠬᠤ᠂ ᠶᠡᠷᠦᠩᠬᠡᠶᠢᠯᠡᠨ ᠲᠡᠩᠴᠡᠭᠦᠯᠬᠦ ᠶᠢ | ᠪᠠᠷᠢᠮᠲᠠᠯᠠᠨ᠎ᠠ᠃ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠰᠢᠨ᠎ᠡ ᠬᠦᠰᠡᠯ ᠡᠷᠡᠮᠡᠯᠵᠡᠯ ᠳᠤ | ᠨᠡᠶᠢᠴᠡᠭᠦᠯᠵᠦ᠂ ᠰᠠᠭᠤᠭᠠᠯᠢ ᠠᠷᠠᠳ ᠤᠨ ᠮᠡᠳᠡᠷᠡᠨ ᠵᠥᠪᠰᠢᠶᠡᠷᠡᠬᠦ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠪᠠ ᠬᠥᠮᠦᠨ ᠠᠮᠠ ᠶᠢᠨ ᠬᠡᠪᠴᠢᠶ᠎ᠡ ᠵᠡᠷᠭᠡ ᠬᠦᠴᠦᠨ ᠵᠦᠢᠯ ᠢ ᠬᠠᠮᠲᠤ ᠳᠤᠨᠢ ᠬᠠᠷᠠᠭᠠᠯᠵᠠᠵᠤ᠂ | ᠵᠦᠭᠰᠢᠷᠡᠭᠦᠯᠦᠨ ᠨᠡᠶᠢᠯᠡᠭᠦᠯᠵᠦ᠂ ᠰᠢᠯᠢᠳᠡᠭᠵᠢᠭᠦᠯᠦᠨ ᠲᠣᠬᠢᠷᠠᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ ᠬᠡᠷᠡᠭᠲᠡᠶ᠃ | ︵ᠭᠤᠷᠪᠠ︶ ᠬᠠᠤᠯᠢ ᠶᠣᠰᠣᠭᠠᠷ ᠡᠮᠬᠢ ᠵᠢᠷᠤᠮ ᠲᠠᠢ᠂ ᠯᠠᠪᠳᠠᠭᠤᠨ ᠢᠶᠠᠷ ᠠᠬᠢᠭᠤᠯᠬᠤ ᠶᠢ ᠪᠠᠷᠢᠮᠲᠠᠯᠠᠨ᠎ᠠ᠃ | ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢ ᠴᠢᠩᠳᠠᠯᠠᠵᠤ᠂ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠩᠭᠠᠳᠬᠠᠵᠤ᠂ ᠲᠣᠭᠲᠠᠭᠤᠨ ᠪᠥᠭᠡᠳ ᠡᠮᠬᠢ ᠵᠢᠷᠤᠮ ᠲᠠᠢ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠭᠤᠷᠪᠠ᠂ ᠲᠣᠬᠢᠷᠠᠭᠤᠯᠤᠯᠲᠠ ᠬᠢᠬᠦ ᠰᠠᠨᠠᠭᠤᠯᠭ᠎ᠠ | ᠡᠮᠦᠨᠡᠬᠢ ᠬᠤᠭᠤᠴᠠᠭᠠᠨ ᠤ ᠭᠦᠨᠵᠡᠭᠡᠶ ᠪᠠᠶᠢᠴᠠᠭᠠᠨ ᠰᠤᠳᠤᠯᠤᠯᠲᠠ ᠵᠢᠴᠢ ᠣᠯᠠᠨ ᠤᠳᠠᠭ᠎ᠠ ᠶᠠᠷᠢᠯᠴᠠᠨ | ᠰᠣᠯᠢᠯᠴᠠᠬᠤ᠂ ᠰᠠᠨᠠᠯ ᠬᠤᠷᠢᠶᠠᠬᠤ ᠪᠠᠷ ᠳᠠᠮᠵᠢᠭᠤᠯᠤᠨ᠂ ᠡᠯ᠎ᠡ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ | ᠣᠷᠣᠨ ᠪᠠᠶᠢᠷᠢ᠂ ᠰᠠᠭᠤᠭᠠᠯᠢ ᠠᠷᠠᠳ ᠤᠨ ᠲᠠᠷᠬᠠᠯᠲᠠ᠂ ᠵᠡᠭᠡᠯᠢ ᠭᠤᠳᠤᠮᠵᠢ ᠶᠢᠨ ᠬᠤᠪᠢᠶᠠᠷᠢᠯᠠᠯ ᠵᠡᠷᠭᠡ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠦ᠋ ᠬᠤ᠋ ᠱᠠᠨ ᠬᠡᠷᠡᠭ ᠡᠷᠬᠢᠯᠡᠬᠦ ᠭᠠᠵᠠᠷ ︵ᠲᠢᠶᠧ ᠰᠢ ᠨᠡᠶᠢᠭᠡᠮ ᠲᠣᠭᠤᠷᠢᠭ᠂ | ᠢᠦᠶ ᠬᠤᠩ ᠨᠡᠶᠢᠭᠡᠮ ᠲᠣᠭᠤᠷᠢᠭ︶᠂ ᠪᠢᠨᠬᠠᠢ ᠬᠡᠷᠡᠭ ᠡᠷᠬᠢᠯᠡᠬᠦ ᠭᠠᠵᠠᠷ ︵ᠪᠢᠨᠬᠠᠢ ᠨᠡᠶᠢᠭᠡᠮ ᠲᠣᠭᠤᠷᠢᠭ᠂ | ᠪᠦᠯᠬᠦᠮᠳᠡᠯ ᠬᠤᠶᠢᠲᠤ ᠵᠠᠮ ᠤᠨ ᠨᠡᠶᠢᠭᠡᠮ ᠲᠣᠭᠤᠷᠢᠭ᠂ ᠱᠧᠩᠯᠢ ᠨᠡᠶᠢᠭᠡᠮ ᠲᠣᠭᠤᠷᠢᠭ︶᠂ ᠪᠠᠶᠠᠨᠰᠠᠶᠢᠨ ᠬᠡᠷᠡᠭ | ᠡᠷᠬᠢᠯᠡᠬᠦ ᠭᠠᠵᠠᠷ ︵ᠰᠢᠶᠠᠨ ᠹᠧᠩ ᠨᠡᠶᠢᠭᠡᠮ ᠲᠣᠭᠤᠷᠢᠭ᠂ ᠵᠣᠯ ᠵᠢᠷᠭᠠᠯᠲᠤ ᠨᠡᠶᠢᠭᠡᠮ ᠲᠣᠭᠤᠷᠢᠭ᠂ ᠪᠦᠯᠬᠦᠮᠳᠡᠯ | ᠨᠡᠶᠢᠭᠡᠮ ᠲᠣᠭᠤᠷᠢᠭ︶ ᠲᠤ ᠬᠤᠪᠢᠶᠠᠷᠢᠯᠠᠨ ᠲᠣᠬᠢᠷᠠᠭᠤᠯᠤᠯᠲᠠ ᠬᠢᠬᠦ ᠪᠠᠷ ᠲᠥᠯᠥᠪᠯᠡᠵᠦ ᠂ ᠪᠤᠰᠤᠳ ᠪᠠᠯᠭᠠᠰᠤ | ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠳᠤ ᠲᠣᠬᠢᠷᠠᠭᠤᠯᠤᠯᠲᠠ ᠬᠢᠬᠦ ᠥᠬᠡᠶ᠃ | ᠪᠣᠳᠠᠲᠠᠶ ᠪᠠᠷ ᠬᠡᠯᠡᠪᠡᠯ ᠳᠣᠣᠷᠠᠬᠢ ᠮᠡᠲᠦ᠄ | ︵ᠨᠢᠭᠡ︶ ᠡᠤ ᠬᠤ᠋ ᠱᠠᠨ ᠬᠡᠷᠡᠭ ᠡᠷᠬᠢᠯᠡᠬᠦ ᠭᠠᠵᠠᠷ ᠤᠨ ᠬᠠᠷᠢᠶᠠᠯᠠᠯ ᠤᠨ ᠣᠷᠣᠨ ᠳᠤ ᠲᠣᠬᠢᠷᠠᠭᠤᠯᠤᠯᠲᠠ ᠬᠢᠬᠦ | ᠰᠠᠨᠠᠭᠤᠯᠭ᠎ᠠ | ᠦ᠋ ᠬᠣ᠋ ᠱᠠᠨ ᠬᠡᠷᠡᠭ ᠡᠷᠬᠢᠯᠡᠬᠦ ᠭᠠᠵᠠᠷ ᠤᠨ ᠲᠢᠶᠧ ᠰᠢ ᠨᠡᠶᠢᠭᠡᠮ ᠲᠣᠭᠤᠷᠢᠭ᠂ ᠢᠦᠢ ᠬᠤᠩ ᠨᠡᠶᠢᠭᠡᠮ | ᠲᠣᠭᠤᠷᠢᠭ ᠤᠨ ᠪᠠᠶᠢᠭᠤᠯᠤᠮᠵᠢ ᠶᠢ ᠦᠯᠡᠳᠡᠭᠡᠵᠦ᠂ ᠪᠢᠨᠬᠠᠢ ᠬᠡᠷᠡᠭ ᠡᠷᠬᠢᠯᠡᠬᠦ ᠭᠠᠵᠠᠷ ᠤᠨ ᠱᠧᠩ ᠯᠢ ᠨᠡᠶᠢᠭᠡᠮ | ᠲᠣᠭᠤᠷᠢᠭ ᠢ ᠪᠦᠬᠦ ᠴᠠᠷᠠᠭ᠎ᠠ ᠪᠠᠷ ᠲᠢᠶᠧ ᠰᠢ ᠨᠡᠶᠢᠭᠡᠮ ᠲᠣᠭᠤᠷᠢᠭ ᠲᠤ ᠬᠠᠷᠢᠶᠠᠯᠠᠭᠤᠯᠵᠤ ᠂ ᠨᠡᠶᠢᠭᠡᠮ | ᠲᠣᠭᠤᠷᠢᠭ ᠤᠨ ᠨᠡᠷᠡᠶᠢᠳᠦᠯ ᠢ ᠰᠢᠨ ᠶᠤᠸᠠᠢ ᠨᠡᠶᠢᠭᠡᠮ ᠲᠣᠭᠤᠷᠢᠭ ᠭᠡᠵᠦ ᠬᠠᠯᠠᠨ᠂ ᠪᠠᠶᠠᠨᠰᠠᠶᠢᠨ ᠬᠡᠷᠡᠭ ᠡᠷᠬᠢᠯᠡᠬᠦ | ᠭᠠᠵᠠᠷ ᠤᠨ ᠰᠢᠶᠠᠨ ᠹᠧᠩ ᠨᠡᠶᠢᠭᠡᠮ ᠲᠣᠭᠤᠷᠢᠭ ᠤᠨ ᠬᠡᠰᠡᠭ ᠣᠷᠣᠨ ᠪᠦᠰᠡ ᠳᠤ ᠢᠦᠢ ᠬᠤᠩ ᠨᠡᠶᠢᠭᠡᠮ | ᠲᠣᠭᠤᠷᠢᠭ ᠲᠤ ᠬᠠᠷᠢᠶᠠᠯᠠᠭᠤᠯᠵᠤ᠂ ᠨᠡᠶᠢᠭᠡᠮ ᠲᠣᠭᠤᠷᠢᠭ ᠤᠨ ᠨᠡᠷᠡᠶᠢᠳᠦᠯ ᠢ ᠬᠤᠪᠢᠷᠠᠭᠤᠯᠬᠤ ᠦᠭᠡᠢ ᠪᠠᠶᠢᠬᠤ ᠶᠢ | ᠰᠠᠨᠠᠭᠤᠯᠪᠠ ᠃ ᠪᠣᠳᠠᠲᠠᠢ ᠪᠠᠷ ᠬᠡᠯᠡᠪᠡᠯ ᠄ | 1᠂ ᠰᠢᠨ ᠶᠤᠸᠠᠢ ᠨᠡᠢᠬᠡᠮ ᠲᠤᠭᠤᠷᠢᠭ ᠤᠨ ᠲᠦᠷᠪᠡ ᠵᠠᠬ᠎ᠠ ᠨᠢ ᠵᠡᠭᠦᠨᠰᠢ ᠪᠠᠨ ᠵᠢᠶᠧᠹᠠᠩ ᠵᠠᠮ ᠠᠴᠠ ᠡᠬᠢᠯᠡᠨ᠂ | ᠪᠠᠷᠠᠭᠤᠨ ᠠᠴᠠ ᠦᠬᠠᠢ ᠬᠤᠲᠠ ᠬᠢᠭᠡᠳ ᠠᠯᠠᠱᠠ ᠠᠶᠢᠮᠠᠭ ᠤᠨ ᠵᠠᠭᠠᠭ ᠱᠤᠭᠤᠮ ᠬᠦᠷᠲᠡᠯ᠎ᠡ᠂ ᠡᠮᠦᠨ᠎ᠡ ᠲᠠᠯ᠎ᠠ ᠨᠢ | ᠰᠢᠶᠠᠨ ᠹᠧᠩ ᠪᠠᠷᠠᠭᠤᠨ ᠵᠡᠭᠡᠯᠢ ᠠᠴᠠ ᠪᠠᠶᠠᠨᠰᠠᠶᠢᠨ ᠵᠡᠭᠡᠯᠢ ᠪᠠᠷ ᠵᠠᠭᠠᠭ ᠪᠣᠯᠭᠠᠨ᠂ ᠬᠤᠶᠢᠰᠢ ᠪᠠᠨ ᠷᠦᠨ ᠳ᠋ᠧ | ᠬᠥᠭᠦᠷᠭᠡ ᠨᠡᠭᠦᠷᠡᠰᠦ ᠲᠡᠭᠡᠭᠡᠪᠦᠷᠢᠯᠡᠬᠦ ᠶᠡᠭᠡ ᠵᠠᠮ ᠲᠠᠭᠤ ᠲᠡᠮᠦᠷ ᠵᠠᠮ ᠲᠠᠭᠠᠨ ᠹᠦ᠋ ᠰᠢᠩ ᠵᠠᠮ ᠲᠠᠢ ᠵᠠᠯᠭᠠᠵᠦ ᠯᠢᠶᠠᠩ | ᠵᠢᠶᠠ ᠭᠧᠦ ᠶᠢᠨ ᠦᠶᠡᠷ ᠵᠠᠯᠠᠬᠤ ᠰᠣᠪᠠᠭ ᠲᠠᠢ ᠵᠠᠯᠭᠠᠯᠳᠤᠨ᠎ᠠ᠃ ᠲᠣᠬᠢᠷᠠᠭᠤᠯᠤᠭᠰᠠᠨ ᠤ ᠳᠠᠷᠠᠭᠠᠬᠢ ᠶᠡᠷᠦᠩᠬᠡᠢ | ᠲᠠᠯᠠᠪᠠᠢ ᠨᠢ ᠪᠠᠷᠤᠭ 21 ᠲᠡᠭᠰᠢ ᠳᠥᠷᠪᠡᠯᠵᠢᠨ ᠮᠧᠲᠷ ᠪᠠᠶᠢᠵᠤ᠂ ᠪᠠᠶᠢᠩᠭᠤ ᠰᠠᠭᠤᠭ᠎ᠠ ᠬᠥᠮᠥᠨ ᠠᠮᠠ ᠨᠢ 2 800 | ᠡᠷᠦᠬᠡ᠂ 7 200 ᠬᠥᠮᠥᠨ ᠠᠮᠠ ᠲᠠᠢ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 7 | ᠬᠥᠮᠦᠨ ᠪᠠᠶᠢᠨ᠎ᠠ᠃ | 2. ᠢᠤᠢ ᠬᠤᠩ ᠨᠡᠶᠢᠭᠡᠮ ᠲᠤᠭᠤᠷᠢᠭ ᠤᠨ ᠳᠦᠷᠪᠡᠨ ᠵᠠᠬ᠎ᠠ ᠨᠢ ᠵᠢᠶᠧ ᠹᠠᠩ ᠵᠠᠮ ᠠᠴᠠ ᠡᠬᠢᠯᠡᠨ᠂ | ᠪᠠᠷᠠᠭᠤᠨ ᠠᠴᠠ ᠦᠬᠠᠢ ᠬᠤᠲᠠ ᠬᠢᠭᠡᠳ ᠠᠯᠠᠱᠠ ᠠᠶᠢᠮᠠᠭ ᠤᠨ ᠵᠠᠭᠠᠭ ᠱᠤᠭᠤᠮ ᠬᠦᠷᠲᠡᠯ᠎ᠡ᠂ ᠡᠮᠦᠨ᠎ᠡ ᠲᠠᠯ᠎ᠠ ᠨᠢ | ᠤᠷᠲᠤ ᠭᠤᠣ ᠠᠴᠠ ᠡᠬᠢᠯᠡᠨ᠂ ᠬᠤᠶᠢᠰᠢ ᠪᠠᠨ ᠰᠢᠶᠠᠨ ᠹᠧᠩ ᠪᠠᠷᠠᠭᠤᠨ ᠵᠡᠭᠡᠯᠢ ᠠᠴᠠ ᠪᠠᠶᠠᠨᠰᠠᠶᠢᠨ ᠬᠦᠷᠦᠨ᠎ᠡ᠃ | ᠲᠣᠬᠢᠷᠠᠭᠤᠯᠤᠭᠰᠠᠨ ᠤ ᠳᠠᠷᠠᠭᠠᠬᠢ ᠶᠡᠷᠦᠩᠬᠡᠢ ᠲᠠᠯᠠᠪᠠᠢ ᠨᠢ ᠪᠠᠷᠤᠭ 13 ᠲᠡᠭᠰᠢ ᠲᠦᠷᠪᠡᠯᠵᠢᠨ ᠮᠧᠲᠷ ᠪᠠᠶᠢᠵᠤ᠂ | ᠪᠠᠶᠢᠩᠭᠤ ᠰᠠᠭᠤᠭ᠎ᠠ ᠬᠦᠮᠦᠨ ᠠᠮᠠ ᠨᠢ 1600 ᠡᠷᠦᠬᠡ᠂ 4200 ᠬᠦᠮᠦᠨ ᠠᠮᠠ ᠲᠠᠢ᠃ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 7 ᠬᠥᠮᠦᠨ ᠪᠠᠶᠢᠨ᠎ᠠ᠃ | ᠳᠡᠭᠡᠷᠡᠬᠢ ᠶᠢ ᠬᠤᠷᠢᠶᠠᠩᠭᠤᠶᠢᠯᠠᠪᠠᠯ᠂ ᠡᠦ ᠬᠤ᠋ ᠱᠠᠨ ᠤ ᠬᠡᠷᠡᠭ ᠡᠷᠬᠢᠯᠡᠬᠦ ᠭᠠᠵᠠᠷ ᠲᠤ ᠲᠣᠬᠢᠷᠠᠭᠤᠯᠤᠯᠲᠠ | ᠬᠢᠭᠰᠡᠨ ᠤ ᠳᠠᠷᠠᠭᠠᠬᠢ ᠳᠥᠷᠪᠡ ᠵᠠᠬ᠎ᠠ ᠵᠡᠭᠦᠨ ᠲᠠᠯ᠎ᠠ ᠨᠢ ᠵᠢᠶᠧᠹᠠᠩ ᠵᠠᠮ᠂ ᠪᠠᠷᠠᠭᠤᠨ ᠠᠴᠠ ᠦᠬᠠᠶ ᠬᠤᠲᠠ ᠬᠢᠭᠡᠳ | ᠠᠯᠠᠱᠠ ᠠᠶᠢᠮᠠᠭ ᠤᠨ ᠵᠠᠭᠠᠭ ᠬᠢᠵᠠᠭᠠᠷ᠂ ᠡᠮᠦᠨ᠎ᠡ ᠲᠠᠯ᠎ᠠ ᠨᠢ ᠤᠷᠲᠤ ᠭᠤᠣ ᠠᠴᠠ ᠡᠬᠢᠯᠡᠨ᠂ ᠬᠤᠶᠢᠰᠢ ᠪᠠᠨ | ᠬᠤᠶᠢᠰᠢ ᠪᠠᠨ ᠷᠦᠨ ᠳ᠋ᠧ ᠬᠥᠭᠦᠷᠭᠡ ᠨᠡᠭᠦᠷᠡᠰᠦ ᠲᠡᠭᠡᠭᠡᠪᠦᠷᠢᠯᠡᠬᠦ ᠶᠡᠭᠡ ᠵᠠᠮ ᠲᠠᠭᠤ ᠲᠡᠮᠦᠷ ᠵᠠᠮ ᠲᠠᠭᠠᠨ ᠹᠦ᠋ ᠰᠢᠩ | ᠵᠠᠮ ᠲᠠᠢ ᠵᠠᠯᠭᠠᠵᠦ᠂ ᠯᠢᠶᠠᠩ ᠵᠢᠶᠠ ᠭᠧᠦ ᠦᠶᠡᠷ ᠵᠠᠯᠠᠬᠤ ᠭᠧᠦ ᠬᠦᠷᠦᠨ᠎ᠡ᠃ ᠶᠡᠷᠦᠩᠬᠡᠶ ᠲᠠᠯᠠᠪᠠᠶ ᠨᠢ ᠪᠠᠷᠤᠭ 34 | ᠲᠡᠭᠰᠢ ᠳᠥᠷᠪᠡᠯᠵᠢᠨ ᠺᠢᠯᠤᠮᠧᠷ ᠪᠠᠶᠢᠵᠤ᠂ ᠰᠢᠨ᠎ᠡ ᠪᠠᠷ ᠬᠠᠷᠢᠶ᠎ᠠ᠂ ᠢᠦᠶ ᠬᠤᠩ ᠬᠤᠶᠠᠷ ᠨᠡᠶᠢᠭᠡᠮ ᠲᠣᠭᠤᠷᠢᠭ ᠲᠤ | ᠬᠠᠷᠢᠶᠠᠯᠠᠭᠳᠠᠵᠤ᠂ ᠶᠡᠷᠦᠩᠬᠡᠶ ᠬᠥᠮᠦᠨ ᠠᠮᠠ ᠨᠢ ᠵᠢᠱᠢᠯᠲᠡ ᠪᠠᠷ 11400 ᠭᠠᠷᠤᠶ ᠬᠥᠮᠦᠨ ᠰᠢᠨ᠎ᠡ ᠪᠠᠷ ᠨᠡᠮᠡᠭᠳᠡᠬᠦ | ᠪᠣᠯᠤᠨ᠎ᠠ᠃ ᠨᠡᠢᠭᠡᠮ ᠲᠣᠭᠤᠷᠢᠭ ᠤᠨ ︽ᠬᠤᠶᠠᠷ ᠵᠥᠪᠯᠡᠯ︾ ᠮᠥᠨ ᠯᠡ 14 ᠬᠥᠮᠦᠨ᠃ | ︵ᠬᠤᠶᠠᠷ︶ ᠪᠢᠨᠬᠠᠢ ᠬᠡᠷᠡᠭ ᠡᠷᠬᠢᠯᠡᠬᠦ ᠭᠠᠵᠠᠷ ᠤᠨ ᠬᠠᠷᠢᠶᠠᠯᠠᠯ ᠤᠨ ᠣᠷᠣᠨ ᠳᠤ ᠲᠣᠬᠢᠷᠠᠭᠤᠯᠤᠯᠲᠠ ᠬᠢᠬᠦ | ᠰᠠᠨᠠᠭᠤᠯᠭ᠎ᠠ | ᠪᠢᠨᠬᠠᠢ ᠬᠡᠷᠡᠭ ᠡᠷᠬᠢᠯᠡᠬᠦ ᠭᠠᠵᠠᠷ ᠨᠢ ᠱᠧᠩ ᠯᠢ ᠨᠡᠢᠭᠡᠮ ᠲᠣᠭᠤᠷᠢᠭ ᠢ ᠶᠡᠷᠦᠩᠬᠡᠢ ᠳᠤᠨᠢ ᠡᠦ ᠬᠤ᠋ ᠱᠠᠨ ᠬᠡᠷᠡᠭ | ᠡᠷᠬᠢᠯᠡᠬᠦ ᠭᠠᠵᠠᠷ ᠤᠨ ᠱᠢᠨ ᠶᠤᠸᠠᠢ ᠨᠡᠢᠭᠡᠮ ᠲᠣᠭᠤᠷᠢᠭ ᠲᠤ ᠬᠤᠪᠢᠶᠠᠨ ᠥᠭᠴᠦ᠂ ᠱᠧᠩ ᠯᠢ ᠵᠡᠭᠦᠨ ᠵᠡᠭᠡᠯᠢ ᠶᠢ | ᠬᠠᠲᠤᠨ ᠭᠤᠣᠯ ᠠᠴᠠ ᠡᠮᠦᠨᠡᠱᠢ ᠪᠠᠶᠠᠨᠰᠠᠢᠨ ᠬᠡᠷᠡᠭ ᠡᠷᠬᠢᠯᠡᠬᠦ ᠭᠠᠵᠠᠷ ᠤᠨ ᠵᠣᠯ ᠵᠢᠷᠭᠠᠯᠲᠤ ᠨᠡᠢᠭᠡᠮ ᠲᠣᠭᠤᠷᠢᠭ ᠲᠤ | ᠬᠤᠪᠢᠶᠠᠷᠢᠯᠠᠨ ᠣᠷᠣᠭᠤᠯᠤᠨ᠎ᠠ᠃ ᠪᠢᠨᠬᠠᠢ ᠬᠡᠷᠡᠭ ᠡᠷᠬᠢᠯᠡᠬᠦ ᠭᠠᠵᠠᠷ ᠤᠨ ᠬᠠᠷᠢᠶᠠᠨ ᠳᠠᠬᠢ ᠱᠧᠩ ᠯᠢ ᠨᠡᠶᠢᠭᠡᠮ | ᠲᠣᠭᠤᠷᠢᠭ᠂ ᠪᠢᠨᠬᠠᠢ ᠨᠡᠶᠢᠭᠡᠮ ᠲᠣᠭᠤᠷᠢᠭ᠂ ᠪᠦᠯᠬᠦᠮᠳᠡᠯ ᠬᠤᠶᠢᠲᠤ ᠵᠠᠮ ᠤᠨ ᠨᠡᠶᠢᠭᠡᠮ ᠲᠣᠭᠤᠷᠢᠭ ᠢ ᠳᠠᠬᠢᠨ | ᠬᠤᠪᠢᠶᠠᠷᠢᠯᠠᠪᠠ᠃ ᠪᠣᠳᠠᠲᠠᠢ ᠪᠠᠷ ᠬᠡᠯᠡᠪᠡᠯ᠄ | 1. ᠱᠧᠩ ᠯᠢ ᠨᠡᠶᠢᠭᠡᠮ ᠲᠣᠭᠤᠷᠢᠭ ᠤᠨ ᠳᠦᠷᠪᠡᠨ ᠵᠠᠬ᠎ᠠ ᠳᠤ ᠲᠣᠬᠢᠷᠠᠭᠤᠯᠤᠯᠲᠠ ᠬᠢᠪᠡ᠄ ᠵᠡᠭᠦᠨ ᠲᠠᠯ᠎ᠠ ᠨᠢ | ᠪᠢᠨᠬᠠᠢ ᠵᠡᠭᠡᠯᠢ ᠠᠴᠠ ᠡᠬᠢᠯᠡᠨ᠂ ᠪᠠᠷᠠᠭᠤᠨᠰᠢ ᠯᠢᠦ ᠶᠢᠨ ᠶᠡᠭᠡ ᠵᠠᠮ ᠬᠦᠷᠴᠦ᠂ ᠡᠮᠦᠨ᠎ᠡ ᠲᠠᠯ᠎ᠠ ᠨᠢ ᠱᠧᠩᠯᠢ | ᠵᠡᠭᠡᠯᠢ ᠠᠴᠠ ᠡᠬᠢᠯᠡᠵᠦ᠂ ᠬᠤᠶᠢᠰᠢ ᠪᠠᠨ ᠱᠧᠨ ᠬᠤᠸᠠ ᠵᠡᠭᠡᠯᠢ ᠬᠦᠷᠪᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ | ᠶᠡᠷᠦᠩᠬᠡᠶ ᠲᠠᠯᠠᠪᠠᠶ ᠨᠢ ᠪᠠᠷᠤᠭ 4 ᠲᠡᠭᠰᠢ ᠳᠥᠷᠪᠡᠯᠵᠢᠨ ᠺᠢᠯᠤᠮᠧᠷ ᠪᠠᠶᠢᠵᠤ᠂ ᠪᠠᠶᠢᠩᠭᠤ ᠰᠠᠭᠤᠭ᠎ᠠ ᠬᠥᠮᠦᠨ | ᠠᠮᠠ ᠨᠢ 3 065 ᠡᠷᠦᠬᠡ ᠶᠢᠨ 7336 ᠬᠥᠮᠦᠨ ᠪᠠᠶᠢᠪᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ | ᠮᠥᠨ ᠯᠡ 7 ᠬᠥᠮᠦᠨ ᠪᠠᠶᠢᠨ᠎ᠠ᠃ | 2. ᠪᠢᠨᠬᠠᠢ ᠨᠠᠶᠢᠭᠡᠮ ᠲᠤᠭᠤᠷᠢᠭ ᠤᠨ ᠳᠦᠷᠪᠡᠨ ᠵᠠᠬ᠎ᠠ ᠵᠡᠭᠦᠨ ᠠᠴᠠ ᠬᠠᠲᠤᠨ ᠭᠤᠣᠯ ᠠᠴᠠ ᠡᠬᠢᠯᠡᠵᠦ | ᠪᠠᠷᠠᠭᠤᠨᠰᠢ ᠪᠢᠨᠬᠠᠢ ᠵᠡᠭᠡᠯᠢ᠂ ᠡᠮᠦᠨᠡᠰᠢ ᠱᠧᠩᠯᠢ ᠵᠡᠭᠦᠨ ᠵᠡᠭᠡᠯᠢ ᠠᠴᠠ ᠬᠠᠲᠤᠨ ᠭᠤᠣᠯ ᠬᠦᠷᠦᠨ᠎ᠡ᠂ ᠬᠤᠶᠢᠰᠢ ᠪᠠᠨ | ᠪᠠᠶᠠᠨᠰᠠᠶᠢᠨ ᠭᠤᠣᠯ ᠬᠦᠷᠦᠨ᠎ᠡ᠃ ᠲᠣᠬᠢᠷᠠᠭᠤᠯᠤᠭᠰᠠᠨ ᠤ ᠳᠠᠷᠠᠭᠠᠬᠢ ᠶᠡᠷᠦᠩᠬᠡᠢ ᠲᠠᠯᠠᠪᠠᠢ ᠨᠢ ᠪᠠᠷᠤᠭ 6 ᠲᠡᠭᠰᠢ | ᠲᠦᠷᠪᠡᠯᠵᠢᠨ ᠮᠧᠲᠷ ᠪᠠᠶᠢᠵᠤ᠂ ᠪᠠᠶᠢᠩᠭᠤ ᠰᠠᠭᠤᠭ᠎ᠠ ᠬᠦᠮᠦᠨ ᠠᠮᠠ ᠨᠢ 3740 ᠡᠷᠦᠬᠡ᠂ 8775 ᠬᠦᠮᠦᠨ᠃ | ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 10 ᠬᠥᠮᠦᠨ ᠪᠠᠶᠢᠨ᠎ᠠ᠃ | 3. ᠪᠦᠯᠬᠦᠮᠳᠡᠯ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠳᠥᠷᠪᠡ ᠵᠠᠬ᠎ᠠ ᠵᠡᠭᠦᠨᠰᠢ ᠯᠢᠤ ᠶᠢᠨ ᠶᠡᠭᠡ | ᠵᠠᠮ ᠠᠴᠠ ᠡᠬᠢᠯᠡᠨ᠂ ᠪᠠᠷᠠᠭᠤᠨᠰᠢ ᠵᠢᠶᠧ ᠹᠠᠩ ᠵᠠᠮ ᠬᠦᠷᠦᠨ᠎ᠡ᠂ ᠡᠮᠦᠨᠡᠰᠢ ᠱᠧᠩᠯᠢ ᠵᠡᠭᠡᠯᠢ ᠠᠴᠠ ᠡᠬᠢᠯᠡᠨ᠂ | ᠬᠤᠶᠢᠰᠢ ᠪᠠᠨ ᠪᠠᠶᠠᠨᠰᠠᠶᠢᠨ ᠬᠦᠷᠦᠨ᠎ᠡ᠃ ᠲᠣᠬᠢᠷᠠᠭᠤᠯᠤᠭᠰᠠᠨ ᠤ ᠳᠠᠷᠠᠭᠠᠬᠢ ᠶᠡᠷᠦᠩᠬᠡᠢ ᠲᠠᠯᠠᠪᠠᠢ ᠨᠢ ᠪᠠᠷᠤᠭ 2 | ᠲᠡᠭᠰᠢ ᠲᠦᠷᠪᠡᠯᠵᠢᠨ ᠮᠧᠲᠷ ᠪᠠᠶᠢᠵᠤ᠂ ᠪᠠᠶᠢᠩᠭᠤ ᠰᠠᠭᠤᠭ᠎ᠠ ᠬᠦᠮᠦᠨ ᠠᠮᠠ ᠨᠢ 3407 ᠡᠷᠦᠬᠡ᠂ 8623 | ᠬᠦᠮᠦᠨ ᠪᠠᠶᠢᠪᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 10 ᠬᠥᠮᠦᠨ ᠪᠠᠶᠢᠨ᠎ᠠ᠃ | ᠳᠡᠭᠡᠷᠡᠬᠢ ᠶᠢ ᠬᠤᠷᠢᠶᠠᠩᠭᠤᠶᠢᠯᠠᠪᠠᠯ᠂ ᠪᠢᠨᠬᠠᠢ ᠬᠡᠷᠡᠭ ᠡᠷᠬᠢᠯᠡᠬᠦ ᠭᠠᠵᠠᠷ ᠲᠤ ᠲᠣᠬᠢᠷᠠᠭᠤᠯᠤᠯᠲᠠ ᠬᠢᠭᠰᠡᠨ ᠤ | ᠳᠠᠷᠠᠭᠠᠬᠢ ᠳᠥᠷᠪᠡᠨ ᠵᠠᠬ᠎ᠠ᠄ ᠵᠡᠭᠦᠨ ᠠᠴᠠ ᠬᠠᠲᠤᠨ ᠭᠤᠤᠯ ᠠᠴᠠ ᠡᠬᠢᠯᠡᠨ᠂ ᠪᠠᠷᠠᠭᠤᠨᠰᠢ ᠵᠢᠶᠧᠹᠠᠩ ᠵᠠᠮ ᠬᠦᠷᠴᠦ᠂ | ᠡᠮᠦᠨ᠎ᠡ ᠲᠠᠯ᠎ᠠ ᠪᠠᠷ ᠢᠶᠠᠨ ᠱᠧᠩᠯᠢ ᠵᠡᠭᠦᠨ ᠵᠡᠭᠡᠯᠢ ᠠᠴᠠ ᠬᠠᠲᠤᠨ ᠭᠤᠤᠯ ᠬᠦᠷᠦᠨ᠎ᠡ᠂ ᠬᠤᠶᠢᠰᠢ ᠪᠠᠨ ᠱᠧᠨ ᠬᠤᠸᠠ | ᠵᠡᠭᠡᠯᠢ ᠬᠦᠷᠦᠨ᠎ᠡ᠃ ᠶᠡᠷᠦᠩᠬᠡᠢ ᠲᠠᠯᠠᠪᠠᠢ ᠨᠢ ᠪᠠᠷᠤᠭ 12 ᠲᠡᠭᠰᠢ ᠲᠦᠷᠪᠡᠯᠵᠢᠨ ᠺᠢᠯᠤᠮᠧᠷ ᠪᠠᠶᠢᠵᠤ᠂ ᠱᠧᠩ ᠯᠢ᠂ | ᠪᠢᠨᠬᠠᠢ᠂ ᠲᠤᠸᠠᠨ ᠵᠢᠶᠧ ᠬᠤᠶᠢᠳᠤ ᠵᠠᠮ ᠵᠡᠷᠭᠡ ᠭᠤᠷᠪᠠᠨ ᠨᠡᠶᠢᠭᠡᠮ ᠲᠤᠭᠤᠷᠢᠭ ᠲᠤ ᠬᠠᠷᠢᠶᠠᠯᠠᠭᠳᠠᠵᠤ᠂ ᠶᠡᠷᠦᠩᠬᠡᠢ | ᠬᠦᠮᠦᠨ ᠠᠮᠠ ᠨᠢ 10212 ᠡᠷᠦᠬᠡ ᠶᠢᠨ 24734 ᠬᠦᠮᠦᠨ ᠬᠦᠷᠳᠡᠭ᠃ ᠨᠡᠶᠢᠭᠡᠮ ᠲᠣᠭᠤᠷᠢᠭ ᠤᠨ ︽ᠬᠤᠶᠠᠷ | ᠵᠥᠪᠯᠡᠯ︾ ᠨᠢ ᠮᠥᠨ ᠯᠡ 27 ᠬᠥᠮᠦᠨ ᠪᠠᠶᠢᠨ᠎ᠠ᠃ | ︵ᠭᠤᠷᠪᠠ︶ ᠪᠠᠶᠠᠨᠰᠠᠶᠢᠨ ᠬᠡᠷᠡᠭ ᠡᠷᠬᠢᠯᠡᠬᠦ ᠭᠠᠵᠠᠷ ᠤᠨ ᠬᠠᠷᠢᠶᠠᠯᠠᠯ ᠤᠨ ᠣᠷᠣᠨ ᠳᠤ ᠲᠣᠬᠢᠷᠠᠭᠤᠯᠤᠯᠲᠠ ᠬᠢᠬᠦ | ᠰᠠᠨᠠᠭᠤᠯᠭ᠎ᠠ | ᠪᠠᠶᠠᠨᠰᠠᠶᠢᠨ ᠬᠡᠷᠡᠭ ᠡᠷᠬᠢᠯᠡᠬᠦ ᠭᠠᠵᠠᠷ ᠨᠢ ᠰᠢᠶᠠᠨ ᠹᠧᠩ ᠨᠡᠶᠢᠭᠡᠮ ᠲᠣᠭᠤᠷᠢᠭ ᠤᠨ ᠬᠡᠰᠡᠭ ᠣᠷᠣᠨ ᠪᠦᠰᠡ ᠶᠢ | ᠡᠤ ᠬᠤ᠋ ᠱᠠᠨ ᠬᠡᠷᠡᠭ ᠡᠷᠬᠢᠯᠡᠬᠦ ᠭᠠᠵᠠᠷ ᠤᠨ ᠢᠦᠶ ᠬᠤᠩ ᠨᠡᠶᠢᠭᠡᠮ ᠲᠣᠭᠤᠷᠢᠭ ᠲᠤ ᠬᠤᠪᠢᠶᠠᠷᠢᠯᠠᠨ ᠣᠷᠣᠭᠤᠯᠵᠤ᠂ | ᠪᠢᠨᠬᠠᠢ ᠬᠡᠷᠡᠭ ᠡᠷᠬᠢᠯᠡᠬᠦ ᠭᠠᠵᠠᠷ ᠤᠨ ᠱᠧᠩ ᠯᠢ ᠵᠡᠭᠦᠨ ᠵᠡᠭᠡᠯᠢ ᠠᠴᠠ ᠬᠠᠲᠤᠨ ᠭᠤᠤᠯ ᠠᠴᠠ ᠡᠮᠦᠨᠡᠭᠦᠷ ᠪᠠᠶᠠᠨᠰᠠᠶᠢᠨ | ᠬᠡᠷᠡᠭ ᠡᠷᠬᠢᠯᠡᠬᠦ ᠭᠠᠵᠠᠷ ᠤᠨ ᠰᠢᠩ ᠹᠦ᠋ ᠨᠡᠶᠢᠭᠡᠮ ᠲᠣᠭᠤᠷᠢᠭ ᠲᠤ ᠰᠢᠯᠵᠢᠭᠦᠯᠪᠡ᠃ ᠪᠠᠶᠠᠨᠰᠠᠶᠢᠨ ᠬᠡᠷᠡᠭ ᠡᠷᠬᠢᠯᠡᠬᠦ | ᠭᠠᠵᠠᠷ ᠤᠨ ᠬᠠᠷᠢᠶ᠎ᠠ ᠬᠤᠰᠢᠭᠤᠴᠢ ᠨᠡᠶᠢᠭᠡᠮ ᠲᠣᠭᠤᠷᠢᠭ᠂ ᠵᠣᠯ ᠵᠢᠷᠭᠠᠯᠲᠤ ᠨᠡᠶᠢᠭᠡᠮ ᠲᠣᠭᠤᠷᠢᠭ᠂ ᠪᠦᠯᠬᠦᠮᠳᠡᠯ | ᠨᠡᠶᠢᠭᠡᠮ ᠲᠣᠭᠤᠷᠢᠭ ᠢ ᠳᠠᠬᠢᠨ ᠬᠤᠪᠢᠶᠠᠷᠢᠯᠠᠪᠠ᠃ ᠪᠣᠳᠠᠲᠠᠢ ᠪᠠᠷ ᠬᠡᠯᠡᠪᠡᠯ᠄ | 1. ᠰᠢᠶᠠᠨ ᠹᠧᠩ ᠨᠡᠶᠢᠭᠡᠮ ᠲᠣᠭᠤᠷᠢᠭ ᠳᠥᠷᠪᠡ ᠵᠠᠬ᠎ᠠ ᠵᠡᠭᠦᠨᠰᠢ ᠯᠢᠦ ᠶᠢᠨ ᠶᠡᠭᠡ ᠵᠠᠮ ᠠᠴᠠ ᠡᠬᠢᠯᠡᠨ᠂ | ᠪᠠᠷᠠᠭᠤᠨᠰᠢ ᠵᠢᠶᠧᠹᠠᠩ ᠵᠠᠮ ᠬᠦᠷᠦᠨ᠎ᠡ᠂ ᠡᠮᠦᠨᠡᠰᠢ ᠵᠢᠷᠭᠠᠯ ᠵᠡᠭᠡᠯᠢ ᠠᠴᠠ ᠡᠬᠢᠯᠡᠨ᠂ ᠬᠤᠶᠢᠰᠢ ᠪᠠᠨ ᠱᠧᠩᠯᠢ ᠵᠡᠭᠡᠯᠢ | ᠬᠦᠷᠦᠨ᠎ᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ ᠶᠡᠷᠦᠩᠬᠡᠶ ᠲᠠᠯᠠᠪᠠᠶ ᠨᠢ ᠪᠠᠷᠤᠭ 1 ᠲᠡᠭᠰᠢ ᠳᠥᠷᠪᠡᠯᠵᠢᠨ | ᠺᠢᠯᠤᠮᠧᠷ ᠪᠠᠶᠢᠵᠤ᠂ ᠪᠠᠶᠢᠩᠭᠤ ᠰᠠᠭᠤᠭ᠎ᠠ ᠬᠥᠮᠦᠨ ᠠᠮᠠ ᠨᠢ 3500 ᠡᠷᠦᠬᠡ᠂ 7353 ᠬᠥᠮᠦᠨ ᠪᠣᠯᠤᠨ᠎ᠠ᠃ | ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 10 ᠬᠥᠮᠦᠨ ᠪᠠᠶᠢᠨ᠎ᠠ᠃ | 2. ᠵᠢᠷᠭᠠᠯ ᠨᠡᠶᠢᠭᠡᠮ ᠲᠣᠭᠤᠷᠢᠭ ᠤᠨ ᠳᠥᠷᠪᠡᠨ ᠵᠠᠬ᠎ᠠ ᠬᠠᠲᠤᠨ ᠭᠤᠣᠯ ᠠᠴᠠ ᠡᠬᠢᠯᠡᠨ᠂ ᠪᠠᠷᠠᠭᠤᠨᠰᠢ | ᠯᠢᠦ ᠶᠢᠨ ᠶᠡᠭᠡ ᠵᠠᠮ ᠬᠦᠷᠦᠨ᠎ᠡ᠂ ᠡᠮᠦᠨᠡᠰᠢ ᠤᠷᠲᠤ ᠭᠤᠣ ᠠᠴᠠ ᠬᠤᠶᠢᠰᠢ᠂ ᠬᠤᠶᠢᠰᠢ ᠪᠠᠨ ᠱᠧᠩᠯᠢ ᠵᠡᠭᠦᠨ | ᠵᠡᠭᠡᠯᠢ ᠳᠤ ᠬᠦᠷᠴᠦ ᠬᠠᠲᠤᠨ ᠭᠤᠣᠯ ᠬᠦᠷᠦᠨ᠎ᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ ᠶᠡᠷᠦᠩᠬᠡᠶ ᠲᠠᠯᠠᠪᠠᠶ ᠨᠢ | ᠪᠠᠷᠤᠭ 3 ᠲᠡᠭᠰᠢ ᠳᠥᠷᠪᠡᠯᠵᠢᠨ ᠺᠢᠯᠤᠮᠧᠷ ᠪᠠᠶᠢᠵᠤ᠂ ᠪᠠᠶᠢᠩᠭᠤ ᠰᠠᠭᠤᠭ᠎ᠠ ᠬᠥᠮᠦᠨ ᠠᠮᠠ ᠨᠢ 3905 ᠡᠷᠦᠬᠡ᠂ | 7663 ᠬᠥᠮᠦᠨ ᠪᠣᠯᠤᠨ᠎ᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 10 ᠬᠥᠮᠦᠨ | ᠪᠠᠶᠢᠨ᠎ᠠ᠃ | 3. ᠪᠦᠯᠬᠦᠮᠳᠡᠯ ᠨᠡᠶᠢᠭᠡᠮ ᠲᠣᠭᠤᠷᠢᠭ ᠤᠨ ᠳᠦᠷᠪᠡᠨ ᠵᠠᠬ᠎ᠠ ᠶᠢᠨ ᠲᠣᠬᠢᠷᠠᠭᠤᠯᠣᠯᠳᠠ᠄ ᠵᠡᠭᠦᠨ ᠠᠴᠠ ᠯᠢᠤ ᠶᠢᠨ | ᠶᠡᠭᠡ ᠵᠠᠮ ᠠᠴᠠ ᠡᠬᠢᠯᠡᠨ᠂ ᠪᠠᠷᠠᠭᠤᠨᠰᠢ ᠵᠢᠶᠧᠹᠠᠩ ᠵᠠᠮ ᠬᠦᠷᠦᠨ᠎ᠡ᠂ ᠡᠮᠦᠨ᠎ᠡ ᠤᠷᠲᠤ ᠭᠤᠣ ᠠᠴᠠ ᠬᠤᠶᠢᠰᠢ᠂ | ᠬᠤᠶᠢᠰᠢ ᠪᠠᠨ ᠪᠠᠶᠠᠨᠰᠠᠶᠢᠨ ᠶᠡᠭᠡ ᠵᠡᠭᠡᠯᠢ ᠬᠦᠷᠦᠨ᠎ᠡ᠃ ᠲᠣᠬᠢᠷᠠᠭᠤᠯᠤᠭᠰᠠᠨ ᠤ ᠳᠠᠷᠠᠭᠠᠬᠢ ᠶᠡᠷᠦᠩᠬᠡᠢ ᠲᠠᠯᠠᠪᠠᠢ ᠨᠢ | ᠪᠠᠷᠤᠭ 1000 ᠮᠧᠲᠷ ᠪᠠᠶᠢᠵᠤ᠂ ᠪᠠᠶᠢᠩᠭᠤ ᠰᠠᠭᠤᠭ᠎ᠠ ᠬᠥᠮᠥᠨ ᠠᠮᠠ 4210 ᠡᠷᠦᠬᠡ᠂ 9991 ᠬᠥᠮᠥᠨ ᠠᠮᠠ | ᠪᠣᠯᠣᠨ᠎ᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 10 ᠬᠥᠮᠦᠨ ᠪᠠᠶᠢᠨ᠎ᠠ᠃ | ᠳᠡᠭᠡᠷ᠎ᠡ ᠶᠠᠷᠢᠭᠰᠠᠨ ᠢ ᠬᠤᠷᠢᠶᠠᠩᠭᠤᠶᠢᠯᠠᠪᠠᠯ᠂ ᠪᠠᠶᠠᠨᠰᠠᠶᠢᠡ ᠬᠡᠷᠡᠭ ᠡᠷᠬᠢᠯᠡᠬᠦ ᠭᠠᠵᠠᠷ ᠲᠣᠬᠢᠷᠠᠭᠤᠯᠤᠯᠲᠠ | ᠬᠢᠭᠰᠡᠨ ᠤ ᠳᠠᠷᠠᠭᠠᠬᠢ ᠳᠥᠷᠪᠡᠨ ᠵᠠᠬ᠎ᠠ᠄ ᠵᠡᠭᠦᠨ ᠠᠴᠠ ᠬᠠᠲᠤᠨ ᠭᠤᠣᠯ ᠠᠴᠠ ᠡᠬᠢᠯᠡᠨ᠂ ᠪᠠᠷᠠᠭᠤᠨᠰᠢ ᠵᠢᠶᠧᠹᠠᠩ ᠵᠠᠮ | ᠬᠦᠷᠴᠦ᠂ ᠡᠮᠦᠨᠡᠰᠢ ᠤᠷᠲᠤ ᠭᠤᠤ ᠠᠴᠠ ᠡᠬᠢᠯᠡᠨ ᠬᠤᠶᠢᠰᠢ ᠪᠠᠨ ᠱᠧᠩᠯᠢ ᠵᠡᠭᠦᠨ ᠵᠡᠭᠡᠯᠢ ᠳᠤ ᠬᠦᠷᠴᠦ ᠬᠠᠲᠤᠨ | ᠭᠤᠣᠯ ᠬᠦᠷᠦᠨ᠎ᠡ᠃ ᠶᠡᠷᠦᠩᠬᠡᠢ ᠲᠠᠯᠠᠪᠠᠢ ᠨᠢ ᠪᠠᠷᠤᠭ 5 ᠲᠡᠭᠰᠢ ᠲᠥᠷᠪᠡᠯᠵᠢᠨ ᠮᠧᠲᠷ ᠪᠠᠶᠢᠵᠤ᠂ ᠬᠤᠰᠢᠭᠤᠴᠢ᠂ | ᠵᠣᠯ ᠵᠢᠷᠭᠠᠯ᠂ ᠪᠦᠯᠬᠦᠮᠳᠠᠯ ᠵᠡᠷᠭᠡ ᠭᠤᠷᠪᠠᠨ ᠨᠡᠶᠢᠭᠡᠮ ᠲᠣᠭᠤᠷᠢᠭ ᠲᠤ ᠬᠠᠷᠢᠶᠠᠯᠠᠭᠳᠠᠵᠤ᠂ ᠨᠡᠶᠢᠲᠡ 11615 | ᠡᠷᠦᠬᠡ ᠶᠢᠨ 24 921 ᠬᠦᠮᠦᠨ ᠠᠮᠠ ᠲᠠᠢ᠃ ᠨᠡᠢᠭᠡᠮ ᠲᠣᠭᠤᠷᠢᠭ ᠤᠨ ︽ᠬᠤᠶᠠᠷ ᠵᠥᠪᠯᠡᠯ︾ ᠮᠥᠨ ᠯᠡ 30 | ᠬᠥᠮᠦᠨ᠃ | ᠳᠥᠷᠪᠡ᠂ ᠬᠠᠮᠢᠶ᠎ᠠ ᠪᠥᠬᠦᠶ ᠱᠠᠭᠠᠷᠳᠠᠯᠭ᠎ᠠ | ︵ᠨᠢᠭᠡ︶᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠵᠡᠭᠡᠯᠢ | ᠭᠤᠳᠤᠮᠵᠢ ᠨᠢ ᠰᠠᠭᠤᠭᠠᠯᠢ ᠠᠷᠠᠳ ᠤᠨ ᠲᠣᠭᠤᠷᠢᠭ ᠤᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠬᠠᠷᠢᠶᠠᠯᠠᠯ ᠢ | ᠵᠣᠬᠢᠰᠲᠠᠶ ᠲᠣᠬᠢᠷᠠᠭᠤᠯᠤᠨ ᠲᠣᠭᠲᠠᠭᠠᠭᠰᠠᠨ ᠤ ᠳᠠᠷᠠᠭ᠎ᠠ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ | ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠨᠢᠭᠡᠳᠭᠡᠭᠰᠡᠨ ᠤ ᠳᠠᠷᠠᠭᠠᠬᠢ ᠱᠧᠩ ᠯᠢ ᠨᠡᠶᠢᠭᠡᠮ ᠲᠣᠭᠤᠷᠢᠭ ᠪᠠ ᠰᠢᠶᠠᠨ | ᠹᠧᠩ ᠨᠡᠶᠢᠭᠡᠮ ᠲᠣᠭᠤᠷᠢᠭ ᠤᠨ ᠠᠵᠢᠯᠯᠠᠬᠤ ᠭᠠᠵᠠᠷ ᠤᠨ ᠰᠣᠩᠭᠤᠯᠲᠠ ︵ᠡᠰᠡᠬᠦᠯ᠎ᠡ ᠪᠠᠶᠢᠭᠤᠯᠬᠤ ᠪᠠᠷ ᠪᠠᠶᠢᠭ᠎ᠠ ᠪᠤᠶᠤ | ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷ ᠪᠠᠶᠢᠨ᠎ᠠ︶ ᠰᠠᠨᠠᠭᠤᠯᠭ᠎ᠠ ᠭᠠᠷᠭᠠᠬᠤ ᠪᠠ ᠥᠭᠡᠷᠡᠴᠢᠯᠡᠨ ᠪᠠᠶᠢᠭᠤᠯᠬᠤ ᠂ | ᠬᠠᠷᠢᠶᠠᠲᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠭᠠᠵᠠᠷ ᠰᠣᠩᠭᠤᠬᠤ ︵ᠡᠰᠡᠬᠦᠯ᠎ᠡ ᠪᠠᠶᠢᠭᠤᠯᠬᠤ ᠪᠠᠷ | ᠪᠠᠶᠢᠭ᠎ᠠ᠂ ᠥᠭᠡᠷᠡᠴᠢᠯᠡᠵᠦ ᠥᠷᠭᠡᠳᠬᠡᠨ ᠪᠠᠶᠢᠭᠤᠯᠬᠤ︶ ᠰᠠᠨᠠᠭᠤᠯᠭ᠎ᠠ ᠵᠢᠴᠢ ᠥᠭᠡᠷᠡᠴᠢᠯᠡᠵᠦ ᠪᠦᠲᠦᠭᠡᠨ ᠪᠠᠶᠢᠭᠤᠯᠬᠤ | ᠲᠥᠰᠥᠯ ᠢᠶᠠᠨ ᠳᠤᠷᠠᠳᠴᠤ᠂ ᠬᠠᠮᠢᠶ᠎ᠠ ᠪᠦᠬᠦᠢ ᠬᠤᠷᠠᠯ ᠳᠤ ᠮᠡᠳᠡᠭᠦᠯᠦᠨ ᠰᠤᠳᠤᠯᠵᠤ ᠬᠢᠨᠠᠨ ᠵᠥᠪᠯᠡᠭᠦᠯᠬᠦ | ᠬᠡᠷᠡᠭᠲᠡᠢ ᠃ | ︵ᠬᠤᠶᠠᠷ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠪᠠᠶᠢᠷᠢᠰᠢᠭᠤᠯᠤᠯ ᠤᠨ | ᠲᠣᠬᠢᠷᠠᠭᠤᠯᠤᠯᠲᠠ ᠳᠤ ᠬᠤᠯᠪᠣᠭᠳᠠᠬᠤ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠪᠦᠬᠦᠨ ᠨᠢ ᠬᠠᠮᠢᠶ᠎ᠠ ᠪᠦᠬᠦᠢ | ᠠᠵᠢᠯ ᠤᠨ ᠮᠠᠲ᠋ᠧᠷᠢᠶᠠᠯ ᠵᠢᠴᠢ ᠳᠠᠩᠰᠠ ᠡᠪᠬᠡᠮᠡᠯ ᠢ ᠲᠤᠰᠢᠶᠠᠬᠤ ᠪᠠ ᠬᠦᠯᠢᠶᠡᠨ ᠠᠪᠬᠤ᠂ ᠬᠠᠮᠢᠶᠠᠷᠬᠤ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠡᠶᠢᠭᠡᠮ ᠲᠣᠭᠤᠷᠢᠭ ᠲᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ | ᠠᠵᠢᠯ ᠳᠤ ᠬᠡᠷᠡᠭᠯᠡᠬᠦ ᠭᠡᠷ ᠪᠣᠯᠤᠨ ᠦᠢᠯᠡᠴᠢᠯᠡᠭᠡᠨ ᠤ ᠪᠡᠯᠡᠳᠬᠡᠮᠵᠢ ᠶᠢ ᠦᠷᠭᠦᠯᠵᠢᠯᠡᠨ ᠰᠠᠭᠤᠭᠠᠯᠢ ᠠᠷᠠᠳ ᠲᠤ | ᠦᠢᠯᠡᠴᠢᠯᠡᠬᠦ ᠳᠤ ᠬᠡᠷᠡᠭᠯᠡᠬᠦ ᠶᠢ ᠪᠠᠲᠤᠯᠠᠬᠤ ᠬᠡᠷᠡᠭᠲᠡᠶ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠡᠯᠡᠳᠬᠡᠮᠵᠢ ᠶᠢ | ᠴᠦ ᠵᠣᠬᠢᠴᠠᠩᠭᠤᠶ ᠪᠠᠷ ᠡᠮᠬᠢᠯᠡᠨ ᠨᠡᠶᠢᠯᠡᠭᠦᠯᠵᠦ᠂ ᠨᠡᠶᠢᠭᠡᠮ ᠲᠣᠭᠤᠷᠢᠭ ᠤᠨ ᠬᠤᠭᠤᠷᠣᠨᠳᠣ ᠲᠣᠬᠢᠷᠠᠭᠤᠯᠤᠨ ᠬᠡᠷᠡᠭᠯᠡᠵᠦ | ᠪᠣᠯᠤᠨ᠎ᠠ᠃ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠡᠳ᠋ ᠬᠥᠷᠥᠩᠭᠡ ᠶᠢᠨ ᠳᠠᠩᠰᠠᠯᠠᠯ ᠢ ᠬᠢᠨᠠᠮᠠᠭᠠᠶ | ᠰᠠᠶᠢᠲᠤᠷ ᠬᠢᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠯᠳᠠᠭᠳᠠᠬᠤ ᠶᠢ ᠴᠢᠩᠭ᠎ᠠ ᠰᠡᠷᠭᠡᠶᠢᠯᠡᠬᠦ | ᠬᠡᠷᠡᠭᠲᠡᠶ᠃ | ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠬᠤᠷᠢᠭ᠎ᠠ ᠱᠤᠭᠤᠮ ᠤᠨ | ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠶᠤᠯ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠪᠦᠬᠦ ᠶᠠᠪᠤᠴᠠ ᠳᠤ ᠲᠤᠤᠱᠯᠠᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ | ᠠᠷᠭᠠᠴᠠᠬᠤ ᠲᠣᠭᠲᠠᠴᠠ ᠶᠢ ᠪᠠᠶᠢᠭᠤᠯᠵᠤ᠂ ᠤᠬᠠᠭᠤᠯᠤᠨ ᠳᠠᠶᠢᠴᠢᠯᠠᠬᠤ ᠪᠠ ᠶᠠᠷᠢᠶ᠎ᠠ ᠬᠡᠯᠡᠯᠴᠡᠭᠡᠨ ᠤ ᠬᠦᠳᠦᠯᠦᠨ | ᠵᠢᠯᠣᠭᠤᠳᠬᠤ ᠠᠵᠢᠯ ᠢ ᠴᠢᠩᠭᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠯ᠎ᠡ | ᠵᠦᠢᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠣᠯᠠᠨ ᠲᠦᠮᠡᠨ ᠤ ᠠᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠣᠯᠠᠨ ᠲᠦᠮᠡᠨ ᠤ ᠠᠰᠢᠭ ᠲᠤᠰᠠ ᠲᠠᠢ ᠬᠤᠯᠪᠣᠭᠳᠠᠬᠤ ᠡᠯ᠎ᠡ ᠲᠥᠷᠥᠯ ᠤᠨ ᠠᠰᠠᠭᠤᠳᠠᠯ ᠪᠠ ᠬᠦᠰᠡᠯ | ᠱᠠᠭᠠᠷᠳᠠᠯᠭ᠎ᠠ ᠶᠢ ᠲᠣᠬᠢᠲᠠᠶ ᠰᠢᠢᠳᠪᠦᠷᠢᠯᠡᠵᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠪᠠᠶᠢᠷᠢᠰᠢᠭᠤᠯᠤᠯ ᠤᠨ | ᠲᠣᠬᠢᠷᠠᠭᠤᠯᠤᠯᠲᠠ ᠶᠢᠨ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ | |