ᠤᠳᠠ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠤᠳᠠ ᠲᠣᠭᠤᠷᠢᠭ ᠤᠨ ᠭᠤᠣᠯ ᠳᠤ ᠴᠢᠳᠬᠤᠬᠤ ᠤᠰᠤ ᠵᠠᠯᠠᠬᠤ ᠠᠮᠠᠰᠠᠷ ᠢ ︿ᠨᠢᠭᠡ ᠠᠮᠠ ᠶᠢ ᠨᠢᠭᠡ ᠪᠣᠳᠣᠯᠭ᠎ᠠ﹀ ᠪᠠᠷ ᠴᠡᠭᠴᠡᠯᠡᠨ ᠵᠠᠰᠠᠬᠤ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/11/21
ᠤᠳᠠ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠤᠳᠠ ᠲᠣᠭᠤᠷᠢᠭ ᠤᠨ ᠭᠤᠣᠯ ᠳᠤ ᠴᠢᠳᠬᠤᠬᠤ ᠤᠰᠤ ᠵᠠᠯᠠᠬᠤ ᠠᠮᠠᠰᠠᠷ ᠢ ︿ᠨᠢᠭᠡ ᠠᠮᠠ ᠶᠢ ᠨᠢᠭᠡ ᠪᠣᠳᠣᠯᠭ᠎ᠠ﹀ ᠪᠠᠷ ᠴᠡᠭᠴᠡᠯᠡᠨ ᠵᠠᠰᠠᠬᠤ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ ᠡᠯ᠎ᠡ ᠬᠠᠮᠢᠶ᠎ᠠ ᠪᠥᠬᠦᠶ ᠨᠢᠭᠡᠴᠡ᠄      ︽ᠤᠳᠠ ᠲᠣᠭᠤᠷᠢᠭ ᠤᠨ ᠭᠤᠣᠯ ᠳᠤ ᠴᠢᠳᠬᠤᠬᠤ ᠤᠰᠤ ᠵᠠᠯᠠᠬᠤ ᠠᠮᠠᠰᠠᠷ ᠢ ︿ᠨᠢᠭᠡ ᠠᠮᠠ ᠶᠢ ᠨᠢᠭᠡ ᠪᠣᠳᠣᠯᠭ᠎ᠠ﹀ ᠪᠠᠷ ᠴᠡᠭᠴᠡᠯᠡᠨ ᠵᠠᠰᠠᠬᠤ ᠲᠥᠰᠥᠯ︾ ᠢ ᠨᠢᠭᠡᠨᠲᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃                                      2023 ᠣᠨ ᠤ 8 ᠰᠠᠷ᠎ᠠ ᠶᠢᠨ 31 ᠤ ᠡᠳᠦᠷᠤᠳᠠ ᠲᠣᠭᠤᠷᠢᠭ ᠤᠨ ᠭᠤᠣᠯ ᠳᠤ ᠴᠢᠳᠬᠤᠬᠤ ᠤᠰᠤ ᠵᠠᠯᠠᠬᠤ ᠠᠮᠠᠰᠠᠷ ᠢ ︿ᠨᠢᠭᠡ ᠠᠮᠠ ᠶᠢ ᠨᠢᠭᠡ ᠪᠣᠳᠣᠯᠭ᠎ᠠ﹀ ᠪᠠᠷ ᠴᠡᠭᠴᠡᠯᠡᠨ ᠵᠠᠰᠠᠬᠤ ᠲᠥᠰᠥᠯ      ︽ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠲᠥᠷᠥ ᠠᠯᠪᠠᠨ ᠵᠠᠬᠢᠳᠠᠯ ﹇2020﹈ 17 ᠳ᠋ᠤᠭᠠᠷ ᠲᠣᠭᠠᠲᠤ︶ ︽ᠥᠪᠡᠷᠲᠡᠭᠡᠨ ᠵᠠᠰᠠᠬᠤ ᠣᠷᠣᠨ ᠤ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠬᠢᠨᠠᠨ ᠬᠠᠮᠢᠶᠠᠷᠬᠤ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 94 ᠳ᠋ᠦ᠋ᠭᠡᠷ ᠲᠣᠭᠠᠲᠤ︶ ᠪᠠ ︽ᠦᠬᠠᠶ ᠬᠤᠲᠠ ᠶᠢᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠬᠢᠨᠠᠨ ᠬᠠᠮᠢᠶᠠᠷᠬᠤ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠦᠬᠠᠶ ᠵᠠᠰᠠᠭ ᠠᠯᠪᠠᠨ ᠲᠠᠷᠬᠠᠭᠠᠭᠰᠠᠨ ︹2020︺ 6 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠲᠠᠢ ᠨᠢᠭᠲᠠ ᠤᠶᠠᠯᠳᠤᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠤᠨᠢᠨ ᠳᠡᠭᠡᠷ᠎ᠡ ᠨᠢ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠵᠤ᠂ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠪᠠᠶᠢᠷᠢᠯᠠᠭᠤᠯᠤᠯᠲᠠ ᠪᠣᠯᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠷᠢᠭᠤᠴᠠᠯᠭ᠎ᠠ ᠲᠣᠳᠣᠷᠬᠠᠢ᠂ ᠲᠤᠬᠢᠷᠠᠭᠤᠯᠤᠯᠳᠠ ᠵᠣᠬᠢᠰᠲᠠᠢ᠂ ᠬᠠᠮᠢᠶᠠᠷᠤᠯᠲᠠ ᠵᠢᠷᠤᠮᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠭᠤᠣᠯ ᠤᠷᠤᠭᠤ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠦᠲᠦᠮᠵᠢᠲᠡᠢ ᠬᠠᠮᠢᠶᠠᠷᠤᠨ ᠡᠵᠡᠮᠳᠡᠵᠦ᠂ ᠤᠰᠤᠨ ᠤ ᠣᠷᠴᠢᠨ ᠲᠣᠭᠤᠷᠢᠨ ᠢ ᠵᠠᠰᠠᠬᠤ ᠴᠢᠳᠠᠪᠤᠷᠢ ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠵᠡᠰᠬᠦᠯᠡᠩᠲᠦ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠤ ᠬᠡᠷᠡᠭᠴᠡᠭᠡ ᠶᠢ ᠦᠨᠡᠨᠬᠦ ᠬᠠᠩᠭᠠᠬᠤ ᠬᠡᠷᠡᠭᠲᠡᠢ᠃ᠬᠤᠶᠠᠷ᠂ ᠠᠵᠢᠯ ᠤᠨ ᠬᠠᠷᠠᠯᠲᠠ      ︽ᠦᠨᠳᠦᠰᠦ ᠰᠤᠷᠪᠤᠯᠵᠢ ᠶᠢ ᠮᠥᠷᠳᠡᠬᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠂ ᠲᠥᠷᠥᠯ ᠬᠤᠪᠢᠶᠠᠨ ᠴᠡᠭᠴᠡᠯᠡᠨ ᠵᠠᠰᠠᠬᠤ︾ ᠶᠡᠷᠦᠩᠬᠡᠶ ᠰᠡᠳᠬᠢᠴᠡ ᠶᠣᠰᠣᠭᠠᠷ᠂ ︽ᠨᠢᠭᠡ ᠪᠦᠯᠦᠭ ᠢ ᠬᠠᠤᠯᠢ ᠶᠣᠰᠣᠭᠠᠷ ᠬᠦᠴᠦᠨ ᠥᠬᠡᠶ ᠪᠣᠯᠭᠠᠬᠤ᠂ ᠨᠢᠭᠡ ᠪᠦᠯᠦᠭ ᠢ ᠢᠯᠭᠠᠷᠠᠭᠤᠯᠤᠨ ᠨᠡᠶᠢᠯᠡᠭᠦᠯᠬᠦ᠂ ᠨᠢᠭᠡ ᠪᠦᠯᠦᠭ ᠢ ᠵᠢᠷᠤᠮᠵᠢᠭᠤᠯᠤᠨ ᠴᠡᠭᠴᠡᠯᠡᠨ ᠵᠠᠰᠠᠬᠤ ᠪᠠᠷ ᠠᠵᠢᠯ ᠤᠨ ᠵᠠᠷᠴᠢᠮ ᠪᠣᠯᠭᠠᠵᠤ᠂ ᠮᠠᠨ ᠤ ᠲᠤᠭᠤᠷᠢᠭ ᠤᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ 2023 ᠣᠨ ᠤ ᠡᠴᠦᠰ ᠠᠴᠠ ᠡᠮᠦᠨ᠎ᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ ᠲᠤᠰᠢᠶᠠᠭᠰᠠᠨ ᠭᠤᠤᠯ ᠮᠥᠷᠡᠨ ᠳᠤ ᠭᠠᠳᠠᠭᠰᠢᠯᠠᠭᠤᠯᠬᠤ ᠶᠡᠷᠦᠩᠬᠡᠶ ᠲᠤᠭ᠎ᠠ ᠶᠢᠨ 30% ᠶᠢᠨ ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ︔ 2024 ᠣᠨ ᠤ ᠡᠴᠦᠰ ᠠᠴᠠ ᠡᠮᠦᠨ᠎ᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ ᠲᠤᠰᠢᠶᠠᠭᠰᠠᠨ ᠭᠤᠤᠯ ᠤᠷᠤᠰᠬᠠᠯ ᠤᠨ ᠶᠡᠷᠦᠩᠬᠡᠶ ᠲᠤᠭ᠎ᠠ ᠶᠢᠨ 70% ᠶᠢ ᠴᠡᠭᠴᠡᠯᠡᠨ ᠵᠠᠰᠠᠬᠤ ᠡᠭᠦᠷᠭᠡ ᠶᠢ ᠨᠡᠶᠢᠲᠡ ᠪᠡᠶᠡᠯᠡᠭᠦᠯᠦᠨ᠎ᠡ᠂ ᠡᠭᠦᠨ ᠳᠤ ᠬᠠᠲᠤᠨ ᠭᠤᠤᠯ ᠤᠨ ᠭᠤᠤᠯ ᠤᠷᠤᠰᠬᠠᠯ ᠤᠨ ᠤᠰᠤ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠡᠭᠦᠷᠭᠡ ᠶᠢ ᠪᠦᠬᠦᠨ ᠢ ᠪᠡᠶᠡᠯᠡᠭᠦᠯᠦᠨ᠎ᠡ︔ 2025 ᠣᠨ ᠤ ᠰᠡᠭᠦᠯᠴᠢ ᠠᠴᠠ ᠡᠮᠦᠨ᠎ᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ ᠲᠤᠰᠢᠶᠠᠭᠰᠠᠨ ᠭᠤᠤᠯ ᠤᠷᠤᠭᠤ ᠭᠠᠳᠠᠭᠰᠢᠯᠠᠭᠤᠯᠬᠤ ᠠᠮᠠ ᠶᠢ ᠪᠦᠬᠦᠨ ᠢ ᠴᠡᠭᠴᠡᠯᠡᠨ ᠵᠠᠰᠠᠨ᠎ᠠ᠃ᠭᠤᠷᠪᠠ᠂ ᠭᠤᠣᠯ ᠤᠷᠣᠭᠤ ᠪᠣᠬᠢᠷᠳᠣᠯ ᠭᠠᠳᠠᠭᠰᠢᠯᠠᠭᠤᠯᠬᠤ ᠠᠮᠠᠰᠠᠷ ᠤᠨ ᠡᠬᠢ ᠡᠭᠦᠰᠦᠯ ᠢ ᠡᠷᠢᠭᠰᠡᠨ ᠪᠠᠶᠢᠳᠠᠯ      ︵ᠨᠢᠭᠡ︶ ᠭᠠᠳᠠᠭᠰᠢᠯᠠᠭᠤᠯᠬᠤ ᠠᠮᠠᠰᠠᠷ ᠤᠨ ᠲᠥᠷᠥᠯ ᠵᠦᠢᠯ᠃ ︽ᠬᠥᠬᠡᠮᠥ᠋ᠷᠡᠨ᠂ ᠬᠠᠲᠤᠨ ᠭᠤᠤᠯ ᠪᠠ ᠪᠦᠸᠧᠬᠠᠶ ᠲᠠᠩᠭᠢᠰ ᠤᠨ ᠲᠡᠯᠡᠶ ᠶᠢᠨ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠥᠷᠥᠯ ᠬᠤᠪᠢᠶᠠᠬᠤ ᠲᠦᠷᠢᠮ︾ ︵ᠲᠤᠷᠰᠢᠨ ᠬᠡᠷᠡᠭᠵᠢᠭᠦᠯᠬᠦ︶ ᠶᠣᠰᠣᠭᠠᠷ ᠪᠣᠬᠢᠷᠲᠤᠯ ᠭᠠᠳᠠᠭᠰᠢᠯᠠᠭᠤᠯᠬᠤ ᠠᠮᠠ ᠶᠢ 7 ᠶᠡᠭᠡ ᠲᠥᠷᠥᠯ 15 ᠪᠠᠭ᠎ᠠ ᠲᠥᠷᠥᠯ ᠳᠤ ᠬᠤᠪᠢᠶᠠᠵᠤ᠂ ᠡᠭᠦᠨ ᠳᠤ 7 ᠶᠡᠭᠡ ᠲᠥᠷᠥᠯ ᠳᠤ ᠠᠵᠤ ᠦᠢᠯᠡᠳᠪᠦᠷᠢ ᠶᠢᠨ ᠪᠣᠬᠢᠷᠲᠤᠯ ᠭᠠᠳᠠᠭᠰᠢᠯᠠᠭᠤᠯᠬᠤ ᠠᠮᠠᠰᠠᠷ᠂ ᠲᠠᠷᠢᠶᠠᠯᠠᠩ ᠬᠥᠳᠡᠭᠡ ᠲᠣᠰᠬᠤᠨ ᠤ ᠪᠣᠬᠢᠷᠲᠤᠯ ᠭᠠᠳᠠᠭᠰᠢᠯᠠᠭᠤᠯᠬᠤ ᠠᠮᠠᠰᠠᠷ᠂ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤᠨ ᠤ ᠪᠣᠬᠢᠷᠲᠤᠯ ᠭᠠᠳᠠᠭᠰᠢᠯᠠᠭᠤᠯᠬᠤ ᠠᠮᠠᠰᠠᠷ᠂ ᠭᠠᠷᠠᠮ ᠤᠨ ᠪᠣᠬᠢᠷᠲᠤᠯ ᠭᠠᠳᠠᠭᠰᠢᠯᠠᠭᠤᠯᠬᠤ ᠠᠮᠠᠰᠠᠷ᠂ ᠬᠤᠲᠠ ᠪᠠᠯᠭᠠᠰᠤᠨ ᠤ ᠪᠣᠷᠣᠭᠠᠨ ᠤ ᠦᠶᠡᠷ ᠢ ᠭᠠᠳᠠᠭᠰᠢᠯᠠᠭᠤᠯᠬᠤ ᠠᠮᠠᠰᠠᠷ᠂ ᠭᠤᠤ ᠰᠤᠪᠠᠭ ᠭᠤᠤᠯ ᠤᠨ ᠭᠠᠷᠠᠮ ᠳᠤ ᠤᠰᠤ ᠭᠠᠳᠠᠭᠰᠢᠯᠠᠭᠤᠯᠬᠤ ᠰᠤᠪᠠᠭ ᠵᠢᠴᠢ ᠪᠤᠰᠤᠳ ᠭᠠᠳᠠᠭᠰᠢᠯᠠᠭᠤᠯᠬᠤ ᠠᠮᠠ ᠶᠢ ᠪᠠᠭᠲᠠᠭᠠᠨ᠎ᠠ᠃ ︽ᠭᠤᠣᠯ ︵ᠲᠡᠯᠡᠶ︶ ᠳᠤ ᠴᠢᠳᠬᠤᠬᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠨᠡᠷᠡᠶᠢᠳᠬᠦ ᠪᠠ ᠳ᠋ᠤᠭᠠᠷᠯᠠᠬᠤ ᠳᠦᠷᠢᠮ︾ ᠶᠣᠰᠣᠭᠠᠷ ᠪᠣᠬᠢᠷᠲᠤᠯ ᠭᠠᠳᠠᠭᠰᠢᠯᠠᠭᠤᠯᠬᠤ ᠠᠮᠠ ᠶᠢ 4 ᠶᠡᠭᠡ ᠲᠥᠷᠥᠯ 15 ᠪᠠᠭ᠎ᠠ ᠲᠥᠷᠥᠯ ᠳᠤ ᠬᠤᠪᠢᠶᠠᠵᠤ᠂ ᠡᠭᠦᠨ ᠳᠤ 4 ᠶᠡᠭᠡ ᠲᠥᠷᠥᠯ ᠳᠤ ᠠᠵᠤ ᠦᠢᠯᠡᠳᠪᠦᠷᠢ ᠶᠢᠨ ᠪᠣᠬᠢᠷᠲᠤᠯ ᠭᠠᠳᠠᠭᠰᠢᠯᠠᠭᠤᠯᠬᠤ ᠠᠮᠠ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠣᠬᠢᠷᠲᠤᠯ ᠭᠠᠳᠠᠭᠰᠢᠯᠠᠭᠤᠯᠬᠤ ᠠᠮᠠ᠂ ᠲᠠᠷᠢᠶᠠᠯᠠᠩ ᠤᠨ ᠭᠠᠳᠠᠭᠰᠢᠯᠠᠭᠤᠯᠬᠤ ᠠᠮᠠ᠂ ᠪᠤᠰᠤᠳ ᠭᠠᠳᠠᠭᠰᠢᠯᠠᠭᠤᠯᠬᠤ ᠠᠮᠠ ᠪᠠᠭᠲᠠᠨ᠎ᠠ᠃      ︵ᠬᠤᠶᠠᠷ︶ ᠪᠠᠶᠢᠳᠠᠯ ᠢ ᠡᠭᠦᠰᠬᠡᠵᠦ ᠪᠠᠶᠢᠭ᠎ᠠ ᠪᠠᠶᠢᠳᠠᠯ᠃ ᠳᠡᠭᠡᠷ᠎ᠡ ᠳᠤᠷᠠᠳᠤᠭᠰᠠᠨ ᠬᠤᠶᠠᠷ ︽ᠳᠦᠷᠢᠮ︾ ᠤᠨ ᠱᠠᠭᠠᠷᠳᠠᠯᠭ᠎ᠠ ᠶᠣᠰᠣᠭᠠᠷ᠂ ᠮᠠᠨ ᠤ ᠲᠤᠭᠤᠷᠢᠭ ᠤᠨ ᠭᠤᠤᠯ ᠤᠷᠤᠭᠤ ᠭᠠᠳᠠᠭᠰᠢᠯᠠᠭᠤᠯᠬᠤ ᠠᠮᠠᠰᠠᠷ ᠢ ᠵᠢᠭᠰᠠᠭᠠᠨ ᠪᠠᠶᠢᠴᠠᠭᠠᠭᠰᠠᠨ ᠪᠠᠶᠢᠳᠠᠯ ᠲᠠᠢ ᠤᠶᠠᠯᠳᠤᠭᠤᠯᠤᠨ᠂ ᠨᠠᠷᠢᠯᠢᠭ ᠣᠨᠣᠴᠠᠲᠠᠶ ᠪᠠᠷ ᠡᠬᠢ ᠡᠭᠦᠰᠦᠯ ᠢ ᠨᠢ ᠡᠷᠢᠵᠦ ᠵᠠᠳᠠᠯᠬᠤ ᠪᠠᠷ ᠳᠠᠮᠵᠢᠭᠤᠯᠤᠨ᠂ 2023 ᠣᠨ ᠤ 6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠤᠳᠠ ᠲᠣᠭᠤᠷᠢᠭ ᠲᠤ ᠰᠢᠯᠵᠢᠭᠦᠯᠦᠨ ᠲᠤᠰᠢᠶᠠᠭᠰᠠᠨ ᠭᠤᠤᠯ ᠤᠷᠤᠭᠤ ᠭᠠᠳᠠᠭᠰᠢᠯᠠᠭᠤᠯᠬᠤ 90 ᠰᠡᠵᠢᠭ ᠤᠨ ᠳᠣᠲᠣᠷ᠎ᠠ ᠤᠳᠠ ᠲᠣᠭᠤᠷᠢᠭ ᠤᠨ ᠬᠢᠯᠢ ᠳᠣᠲᠣᠷ᠎ᠠ ᠪᠠᠶᠢᠬᠤ ᠥᠬᠡᠶ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠨᠢ ᠨᠢᠭᠡᠨᠲᠡ ᠭᠠᠳᠠᠭᠰᠢᠯᠠᠭᠤᠯᠤᠭᠰᠠᠨ ᠪᠤᠰᠤ 18 ᠪᠠᠶᠢᠬᠤ ᠪᠠᠷ ᠬᠢᠨᠠᠨ ᠲᠣᠭᠲᠠᠭᠠᠵᠤ᠂ ᠦᠯᠡᠳᠡᠭᠰᠡᠨ 68 ᠭᠤᠤᠯ ᠤᠷᠤᠭᠤ ᠭᠠᠳᠠᠭᠰᠢᠯᠠᠭᠤᠯᠬᠤ ᠠᠮᠠᠰᠠᠷ ᠢ ᠡᠬᠢ ᠡᠭᠦᠰᠦᠯ ᠢ ᠨᠢ ᠦᠨᠳᠦᠰᠦᠯᠡᠨ ᠲᠥᠷᠥᠯ ᠬᠤᠪᠢᠶᠠᠨ ᠴᠡᠭᠴᠡᠯᠡᠨ ᠵᠠᠰᠠᠪᠠ᠃ ᠡᠭᠦᠨ ᠳᠤ᠂ ᠬᠤᠲᠠ ᠶᠢᠨ ᠱᠠᠲᠤᠨ ᠤ ᠰᠠᠯᠠᠭ᠎ᠠ ᠮᠥᠴᠢᠷ ᠠᠴᠠ 16 ᠭᠠᠳᠠᠭᠰᠢᠯᠠᠭᠤᠯᠤᠭᠰᠠᠨ ᠪᠤᠰᠤ ᠠᠮᠠᠰᠠᠷ ᠢ ᠬᠢᠨᠠᠨ ᠲᠣᠭᠲᠠᠭᠠᠪᠠ︔ ᠠᠵᠤ ᠦᠢᠯᠡᠳᠪᠦᠷᠢ ᠶᠢᠨ ᠦᠢᠯᠡᠳᠪᠦᠷᠢ ᠶᠢᠨ ᠲᠣᠭᠤᠷᠢᠭ ᠤᠨ ᠪᠣᠷᠣᠭᠠᠨ ᠤ ᠤᠰᠤᠨ ᠤ ᠭᠠᠳᠠᠭᠰᠢᠯᠠᠭᠤᠯᠤᠯᠲᠠ ᠶᠢᠨ ᠠᠮᠠᠰᠠᠷ ᠢ 24 ᠲᠣᠭᠲᠠᠭᠠᠨ᠎ᠠ︔ ᠪᠤᠰᠤᠳ ᠭᠠᠳᠠᠭᠰᠢᠯᠠᠭᠤᠯᠬᠤ ᠠᠮᠠᠰᠠᠷ ᠨᠢ ᠬᠤᠲᠠ ᠪᠠᠯᠭᠠᠰᠤᠨ ᠤ ᠪᠣᠷᠣᠭᠠᠨ ᠤ ᠤᠰᠤᠨ ᠤ ᠦᠶᠡᠷ ᠤᠨ ᠠᠮᠠᠰᠠᠷ᠂ ᠠᠮᠢᠳᠤᠷᠠᠯ ᠤᠨ ᠪᠣᠬᠢᠷ ᠤᠰᠤ ᠶᠢ ᠭᠠᠳᠠᠭᠰᠢᠯᠠᠭᠤᠯᠬᠤ ᠠᠮᠠᠰᠠᠷ᠂ ᠬᠡᠪᠴᠢᠶᠡᠵᠢᠭᠰᠡᠨ ᠪᠤᠰᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠵᠦ ᠭᠠᠳᠠᠭᠰᠢᠯᠠᠭᠤᠯᠬᠤ ᠠᠮᠠᠰᠠᠷ ᠵᠡᠷᠭᠡ ᠪᠠᠭᠲᠠᠨ᠎ᠠ᠃      ︵ᠭᠤᠷᠪᠠ︶ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠡᠬᠢ ᠰᠤᠷᠪᠤᠯᠵᠢ ᠶᠢ ᠡᠷᠢᠵᠦ ᠪᠠᠶᠢᠭ᠎ᠠ ᠪᠠᠶᠢᠳᠠᠯ᠃ ᠤᠳᠠ ᠲᠣᠭᠤᠷᠢᠭ ᠲᠤ ᠬᠤᠲᠠ ᠪᠠᠯᠭᠠᠰᠤᠨ ᠤ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ 2 ᠪᠠᠶᠢᠵᠤ᠂ ᠬᠥᠳᠡᠭᠡ ᠲᠣᠰᠬᠤᠨ ᠤ ᠤᠰᠤᠨ ᠰᠤᠷᠪᠤᠯᠵᠢ ᠶᠢᠨ ᠭᠠᠵᠠᠷ 1 ᠪᠠᠶᠢᠵᠤ᠂ ᠴᠥᠮ ᠭᠠᠵᠠᠷ ᠳᠣᠤᠷᠠᠬᠢ ᠤᠰᠤᠨ ᠤ ᠬᠡᠯᠪᠡᠷᠢ ᠶᠢᠨ ᠤᠰᠤᠨ ᠰᠤᠷᠪᠤᠯᠵᠢ ᠶᠢᠨ ᠭᠠᠵᠠᠷ ᠪᠣᠯᠤᠨ᠎ᠠ᠃ ᠡᠬᠢ ᠡᠭᠦᠰᠦᠯ ᠢ ᠨᠢ ᠡᠷᠢᠵᠦ ᠵᠠᠳᠠᠯᠤᠭᠰᠠᠨ ᠢᠶᠠᠷ᠂ 3 ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ ᠳᠤ ᠴᠥᠮ ᠠᠵᠤ ᠦᠢᠯᠡᠳᠪᠦᠷᠢ ᠶᠢᠨ ᠪᠣᠬᠢᠷᠲᠤᠯ ᠭᠠᠳᠠᠭᠰᠢᠯᠠᠭᠤᠯᠬᠤ ᠠᠮᠠᠰᠠᠷ᠂ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠣᠬᠢᠷᠲᠤᠯ ᠭᠠᠳᠠᠭᠰᠢᠯᠠᠭᠤᠯᠬᠤ ᠠᠮᠠ ᠪᠠ ᠲᠠᠷᠢᠶᠠᠯᠠᠩ ᠤᠨ ᠤᠰᠤ ᠭᠠᠳᠠᠭᠰᠢᠯᠠᠭᠤᠯᠬᠤ ᠠᠮᠠᠰᠠᠷ ᠪᠠᠶᠢᠬᠤ ᠦᠭᠡᠢ᠃ᠳᠥᠷᠪᠡ᠂ ᠭᠤᠤᠯ ᠤᠷᠤᠭᠤ ᠭᠠᠳᠠᠭᠰᠢᠯᠠᠭᠤᠯᠬᠤ ᠠᠮᠠᠰᠠᠷ ᠢ ᠲᠥᠷᠥᠯ ᠬᠤᠪᠢᠶᠠᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ      ᠠᠮᠢ ᠠᠬᠤᠶ ᠣᠷᠴᠢᠨ ᠲᠣᠭᠤᠷᠢᠨ ᠤ ᠶᠠᠮᠤᠨ ᠤ ᠨᠡᠶᠢᠲᠡᠯᠡᠭᠰᠡᠨ ︽ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠳᠤ ᠬᠢᠨᠠᠯᠲᠠ ᠲᠠᠯᠪᠢᠵᠤ ᠬᠠᠮᠢᠶᠠᠷᠬᠤ ᠮᠡᠷᠭᠡᠵᠢᠯ ᠤᠨ ᠵᠦᠭᠯᠡᠭᠦᠷ ᠢ ᠴᠡᠭᠴᠡᠯᠡᠨ ᠵᠠᠰᠠᠬᠤ ᠶᠡᠷᠦᠩᠬᠡᠶ ᠲᠦᠷᠢᠮ︾ ᠪᠠ ︽ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠳᠤ ᠬᠢᠨᠠᠯᠲᠠ ᠲᠠᠯᠪᠢᠵᠤ ᠬᠠᠮᠢᠶᠠᠷᠬᠤ ᠮᠡᠷᠭᠡᠵᠢᠯ ᠤᠨ ᠵᠦᠭᠯᠡᠭᠦᠷ ᠢ ᠵᠢᠷᠤᠮᠵᠢᠭᠤᠯᠬᠤ ᠪᠥᠲᠥᠭᠡᠨ ᠪᠠᠶᠢᠭᠤᠯᠤᠯᠲᠠ︾ ᠪᠠᠷ ᠭᠤᠤᠯᠳᠠᠯᠭ᠎ᠠ ᠲᠠᠢ ᠯᠠᠪᠯᠠᠯᠲᠠ ᠪᠣᠯᠭᠠᠵᠤ᠂ ︽ᠦᠨᠡᠨ ᠠᠴᠠ ᠵᠥᠪ ᠢ ᠡᠷᠢᠬᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ︾ ᠰᠡᠳᠬᠢᠴᠡ ᠶᠣᠰᠣᠭᠠᠷ᠂ ᠭᠤᠤᠯ ᠤᠷᠤᠭᠤ ᠭᠠᠳᠠᠭᠰᠢᠯᠠᠭᠤᠯᠬᠤ 68 ᠠᠮᠠᠰᠠᠷ ᠲᠤ ᠲᠥᠷᠥᠯ ᠬᠤᠪᠢᠶᠠᠨ ᠴᠡᠭᠴᠡᠯᠡᠨ ᠵᠠᠰᠠᠬᠤ ᠶᠢ ᠬᠡᠷᠡᠭᠵᠢᠭᠦᠯᠦᠨ᠎ᠡ᠃ ᠡᠭᠦᠨ ᠳᠤ᠂ ᠨᠣᠭᠤᠭᠠᠷᠠᠭᠤᠯᠬᠤ᠂ ᠤᠰᠤ ᠠᠪᠬᠤ ᠬᠥᠭᠡᠷᠭᠡ ᠶᠢᠨ ᠥᠷᠲᠡᠭᠡ ᠶᠢᠨ ᠪᠤᠴᠠᠯᠲᠠ ᠶᠢᠨ ᠬᠤᠭᠤᠯᠠᠶ᠂ ᠤᠰᠤᠯᠠᠯᠲᠠ ᠶᠢᠨ ᠭᠤᠤ ᠰᠤᠪᠠᠭ᠂ ᠠᠶᠠᠨᠳᠠᠭᠠᠨ ᠦᠶᠡᠷ ᠵᠠᠯᠠᠬᠤ ᠭᠤᠤ ᠰᠤᠪᠠᠭ ᠵᠡᠷᠭᠡ ᠭᠠᠳᠠᠭᠰᠢᠯᠠᠭᠤᠯᠤᠭᠰᠠᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠭᠰᠠᠨ 16 ᠶᠢ ᠬᠠᠰᠤᠨ᠎ᠠ᠃ ᠪᠣᠬᠢᠷᠲᠤᠯ ᠭᠠᠳᠠᠭᠰᠢᠯᠠᠭᠤᠯᠬᠤ ᠳᠠᠯᠳᠠ ᠭᠡᠮ ᠣᠷᠣᠰᠢᠵᠤ ᠪᠠᠶᠢᠭ᠎ᠠ ᠠᠵᠤ ᠦᠢᠯᠡᠳᠪᠦᠷᠢ ᠶᠢᠨ ᠲᠣᠭᠤᠷᠢᠭ ᠤᠨ ᠪᠣᠷᠣᠭᠠᠨ ᠤ ᠤᠰᠤᠨ ᠤ ᠠᠮᠠᠰᠠᠷ᠂ ᠬᠤᠲᠠ ᠪᠠᠯᠭᠠᠰᠤᠨ ᠤ ᠪᠣᠷᠣᠭᠠᠨ ᠤ ᠦᠶᠡᠷ ᠤᠨ ᠠᠮᠠᠰᠠᠷ᠂ ᠲᠠᠷᠢᠶᠠᠯᠠᠩ ᠤᠨ ᠪᠣᠬᠢᠷ ᠤᠰᠤ ᠭᠠᠳᠠᠭᠰᠢᠯᠠᠭᠤᠯᠬᠤ ᠠᠮᠠᠰᠠᠷ ᠵᠡᠷᠭᠡ 52 ᠭᠠᠳᠠᠭᠰᠢᠯᠠᠭᠤᠯᠬᠤ ᠠᠮᠠᠰᠠᠷ ᠲᠤ ᠴᠢᠭᠯᠡᠭᠦᠯᠦᠨ᠂ ᠤᠳᠠ ᠲᠣᠭᠤᠷᠢᠭ ᠤᠨ ᠭᠠᠩ ᠬᠠᠭᠤᠷᠠᠶ ᠪᠣᠷᠣᠭᠠᠨ ᠪᠠᠭ᠎ᠠ ᠪᠠᠶᠢᠭ᠎ᠠ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠩᠳᠠᠭᠰᠠᠨ ᠡᠳᠦᠷ ᠲᠤ ᠳᠡᠭᠡᠷ᠎ᠡ ᠳᠤᠷᠠᠳᠤᠭᠰᠠᠨ ᠬᠤᠭᠤᠯᠠᠶ ᠪᠠᠷ ᠪᠣᠬᠢᠷ ᠤᠰᠤ ᠬᠤᠯᠠᠭᠠᠶᠢᠯᠠᠨ ᠭᠠᠳᠠᠭᠰᠢᠯᠠᠭᠤᠯᠬᠤ ᠶᠢ ᠭᠤᠤᠯᠳᠠᠯᠭ᠎ᠠ ᠲᠠᠢ ᠰᠡᠷᠭᠡᠶᠢᠯᠡᠵᠦ᠂ 43 ᠭᠠᠳᠠᠭᠰᠢᠯᠠᠭᠤᠯᠬᠤ ᠠᠮᠠᠰᠠᠷ ᠢ ᠬᠠᠤᠯᠢ ᠶᠣᠰᠣᠭᠠᠷ ᠴᠠᠭᠠᠵᠠᠯᠠᠵᠤ᠂ 9 ᠭᠠᠳᠠᠭᠰᠢᠯᠠᠭᠤᠯᠬᠤ ᠠᠮᠠᠰᠠᠷ ᠢ ᠵᠢᠷᠤᠮᠵᠢᠭᠤᠯᠤᠨ ᠴᠡᠭᠴᠡᠯᠡᠨ ᠵᠠᠰᠠᠨ᠎ᠠ᠃      ︵ᠨᠢᠭᠡ︶ ᠠᠵᠤ ᠦᠢᠯᠡᠳᠪᠦᠷᠢ ᠶᠢᠨ ᠪᠣᠬᠢᠷᠳᠠᠯ ᠢ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠃ ᠤᠳᠠ ᠲᠣᠭᠤᠷᠢᠭ ᠤᠨ 24 ᠠᠵᠤ ᠦᠢᠯᠡᠳᠪᠦᠷᠢ ᠶᠢᠨ ᠲᠣᠭᠤᠷᠢᠭ ᠤᠨ ᠪᠣᠷᠣᠭᠠᠨ ᠤ ᠤᠰᠤ ᠶᠢ ᠭᠠᠳᠠᠭᠰᠢᠯᠠᠭᠤᠯᠬᠤ ᠠᠮᠠᠰᠠᠷ ᠪᠠᠶᠢᠵᠤ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠠᠮᠠ ᠦᠭᠡᠢ᠃ ᠪᠣᠳᠠᠲᠠᠶ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠨᠢ᠄ ᠨᠢᠭᠡ ᠳᠤ ᠪᠢᠲᠡᠭᠦᠮᠵᠢᠯᠡᠨ ᠪᠥᠭᠯᠡᠭᠰᠡᠨ ᠲᠥᠷᠥᠯ ᠢ ᠨᠤᠷᠠᠭᠠᠵᠤ᠂ ᠨᠢᠭᠡᠨᠲᠡ ᠬᠠᠶᠠᠭᠳᠠᠭᠰᠠᠨ ᠪᠤᠶᠤ ᠠᠵᠤ ᠠᠬᠤᠶᠢᠯᠠᠯ ᠤᠨ ᠰᠠᠶᠢᠨ ᠳᠤᠷ᠎ᠠ ᠠᠴᠠ ᠪᠠᠨ ᠨᠤᠷᠠᠭᠠᠵᠤ ᠪᠢᠲᠡᠭᠦᠮᠵᠢᠯᠡᠭᠰᠡᠨ ᠪᠠᠶᠢᠳᠠᠯ ᠳᠤ ᠴᠢᠭᠯᠡᠭᠦᠯᠦᠨ᠂ ᠱᠦᠢᠨᠢ ᠪᠠᠷ ᠪᠢᠲᠡᠭᠦᠮᠵᠢᠯᠡᠬᠦ ᠪᠤᠶᠤ ᠬᠤᠭᠤᠯᠠᠶ ᠶᠢᠨ ᠱᠤᠭᠤᠮ ᠢ ᠨᠤᠷᠠᠭᠠᠬᠤ ᠳᠤ ᠬᠤᠯᠪᠣᠭᠳᠠᠨ᠎ᠠ︔ ᠬᠤᠶᠠᠷ ᠲᠤ᠂ ᠬᠡᠷᠡᠭᠯᠡᠵᠦ ᠪᠠᠶᠢᠭ᠎ᠠ ᠠᠵᠤ ᠦᠢᠯᠡᠳᠪᠦᠷᠢ ᠶᠢᠨ ᠲᠣᠭᠤᠷᠢᠭ ᠤᠨ ᠪᠣᠷᠣᠭᠠᠨ ᠤᠰᠤᠨ ᠤ ᠠᠮᠠᠰᠠᠷ ᠢ ᠵᠢᠷᠤᠮᠵᠢᠭᠤᠯᠤᠨ ᠴᠡᠭᠴᠡᠯᠡᠨ ᠵᠠᠰᠠᠵᠤ᠂ ᠭᠠᠳᠠᠭᠰᠢᠯᠠᠭᠤᠯᠬᠤ ᠠᠮᠠᠰᠠᠷ ᠤᠨ ᠢᠯᠡ ᠭᠠᠵᠠᠷ ᠲᠤ ᠲᠡᠮᠳᠡᠭ ᠫᠠᠶᠢᠰᠠ ᠳᠣᠭᠢᠷᠠᠭᠤᠯᠬᠤ ᠶᠢᠨ ᠬᠠᠮᠲᠤ ᠨᠠᠭᠠᠳᠤ ᠵᠠᠬ᠎ᠠ ᠳᠠᠭᠠᠨ 1 ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠵᠦ᠂ ᠭᠠᠩᠰᠠᠭ ᠡᠳᠦᠷ ᠲᠤ ᠦᠢᠯᠡᠳᠪᠦᠷᠢ ᠶᠢᠨ ᠲᠣᠭᠤᠷᠢᠭ ᠤᠨ ᠪᠣᠷᠣᠭᠠᠨ ᠤᠰᠤᠨ ᠤ ᠠᠮᠠᠰᠠᠷ ᠪᠣᠬᠢᠷ ᠤᠰᠤ ᠭᠠᠳᠠᠭᠰᠢᠯᠠᠭᠤᠯᠬᠤ ᠦᠢᠯᠡ ᠠᠵᠢᠯᠯᠠᠭ᠎ᠠ ᠳᠤ ᠬᠤᠯᠪᠣᠭᠳᠠᠵᠠᠶ᠃      ︵ᠬᠤᠶᠠᠷ︶ ᠪᠤᠰᠤᠳ ᠤᠰᠤ ᠭᠠᠷᠭᠠᠬᠤ ᠶᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠃ ᠤᠳᠠ ᠲᠣᠭᠤᠷᠢᠭ ᠲᠤ ᠨᠡᠶᠢᠲᠡ 28 ᠪᠤᠰᠤᠳ ᠤᠰᠤ ᠭᠠᠳᠠᠭᠰᠢᠯᠠᠭᠤᠯᠬᠤ ᠡᠭᠦᠳᠡ ᠲᠠᠢ᠂ ᠡᠭᠦᠨ ᠳᠤ ᠬᠤᠲᠠ ᠪᠠᠯᠭᠠᠰᠤᠨ ᠤ ᠪᠣᠷᠣᠭᠠᠨ ᠤ ᠦᠶᠡᠷ ᠤᠨ ᠠᠮᠠ 17᠂ ᠬᠡᠪᠴᠢᠶᠡᠵᠢᠭᠰᠡᠨ ᠪᠤᠰᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠠᠮᠠ 1᠂ ᠬᠠᠶᠠᠭᠳᠠᠮᠠᠯ ᠬᠤᠭᠤᠯᠠᠶ 2᠂ ᠠᠮᠢᠳᠤᠷᠠᠯ ᠤᠨ ᠪᠣᠬᠢᠷ ᠤᠰᠤ ᠰᠤᠯᠠ ᠭᠠᠳᠠᠭᠰᠢᠯᠠᠭᠤᠯᠬᠤ ᠠᠮᠠ 2᠂ ᠬᠠᠲᠤᠨ ᠭᠤᠤᠯ ᠤᠨ ᠤᠰᠤ ᠲᠠᠲᠠᠬᠤ ᠬᠥᠭᠡᠷᠭᠡ ᠶᠢᠨ ᠥᠷᠲᠡᠭᠡ ᠶᠢᠨ ᠤᠰᠤ ᠪᠤᠴᠠᠭᠠᠬᠤ ᠡᠭᠦᠳᠡ 1᠂ ᠪᠤᠰᠤᠳ ᠲᠥᠷᠥᠯ ᠵᠦᠢᠯ ᠨᠡᠶᠢᠲᠡ 5 ᠪᠣᠶ᠃ ᠨᠢᠭᠡᠨᠲᠡ ᠬᠠᠶᠠᠭᠰᠠᠨ᠂ ᠡᠯᠡᠰᠦ ᠰᠢᠪᠠᠷ ᠨᠢ ᠬᠦᠨᠳᠦ ᠨᠣᠴᠢᠲᠠᠶ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠭᠠᠳᠠᠭᠰᠢᠯᠠᠭᠤᠯᠤᠭᠰᠠᠨ ᠠᠮᠠᠰᠠᠷ ᠢ ᠨᠤᠷᠠᠭᠠᠬᠤ ᠪᠤᠶᠤ ᠪᠥᠭᠯᠡᠵᠦ᠂ 24 ᠭᠠᠳᠠᠭᠰᠢᠯᠠᠭᠤᠯᠬᠤ ᠠᠮᠠᠰᠠᠷ ᠲᠠᠢ ᠬᠤᠯᠪᠣᠭᠳᠠᠨ᠎ᠠ︔ ᠦᠯᠡᠳᠡᠭᠡᠬᠦ ᠴᠢᠬᠤᠯᠠᠲᠠᠶ ᠪᠠᠷᠢᠮᠵᠢᠶ᠎ᠠ ᠳᠤ ᠴᠢᠭᠯᠡᠭᠦᠯᠦᠨ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠴᠢᠬᠤᠯᠠ ᠲᠠᠢ ᠦᠶ᠎ᠡ ᠳᠤ ᠲᠡᠮᠳᠡᠭ ᠫᠠᠶᠢᠰᠠ ᠲᠣᠬᠢᠷᠠᠭᠤᠯᠬᠤ ᠶᠢᠨ ᠬᠠᠮᠲᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠵᠦ᠂ 4 ᠭᠠᠳᠠᠭᠰᠢᠯᠠᠭᠤᠯᠤᠭᠰᠠᠨ ᠪᠠᠶᠢᠨ᠎ᠠ᠃      ︵ᠭᠤᠷᠪᠠ︶ ᠪᠣᠬᠢᠷ ᠪᠣᠳᠠᠰ ᠭᠠᠳᠠᠭᠰᠢᠯᠠᠭᠤᠯᠬᠤ ᠪᠤᠰᠤ ᠠᠮᠠ ᠶᠢ ᠬᠢᠨᠠᠵᠤ ᠭᠠᠷᠭ᠎ᠠ᠃ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠲᠣᠭᠲᠠᠭᠠᠭᠰᠠᠨ ︽ᠲᠤᠯᠤᠭᠠᠨ ᠲᠥᠷᠥᠯ︾ ᠤᠨ ᠪᠣᠬᠢᠷᠲᠤᠯ ᠭᠠᠳᠠᠭᠰᠢᠯᠠᠭᠤᠯᠬᠤ ᠪᠤᠰᠤ ᠠᠮᠠᠰᠠᠷ ᠤᠨ ᠪᠠᠶᠢᠳᠠᠯ ᠶᠣᠰᠣᠭᠠᠷ᠂ ᠲᠣᠰ ᠭᠠᠳᠠᠭᠰᠢᠯᠠᠭᠤᠯᠬᠤ ᠠᠮᠠᠰᠠᠷ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠡᠰᠡᠬᠦ ᠪᠠᠷ ᠵᠠᠷᠴᠢᠮ ᠪᠣᠯᠭᠠᠵᠤ᠂ ᠤᠳᠠ ᠲᠣᠭᠤᠷᠢᠭ ᠡᠬᠢ ᠡᠭᠦᠰᠦᠯ ᠢ ᠨᠢ ᠡᠷᠢᠵᠦ ᠵᠠᠳᠠᠯᠬᠤ ᠪᠠᠷ ᠳᠡᠮᠵᠢᠨ ᠪᠣᠬᠢᠷᠲᠤᠯ ᠭᠠᠳᠠᠭᠰᠢᠯᠠᠭᠤᠯᠬᠤ ᠪᠤᠰᠤ 16 ᠠᠮᠠᠰᠠᠷ ᠢ ᠲᠣᠭᠲᠠᠭᠠᠵᠤ᠂ ᠬᠠᠮᠢᠶ᠎ᠠ ᠪᠦᠬᠦᠢ ᠴᠡᠭᠴᠡᠯᠡᠨ ᠵᠠᠰᠠᠬᠤ ᠬᠠᠷᠢᠭᠤᠴᠠᠯᠭᠠᠲᠤ ᠨᠢᠭᠡᠴᠡ ᠠᠴᠠ ᠭᠡᠷᠡᠴᠢᠯᠡᠬᠦ ᠮᠠᠲ᠋ᠧᠷᠢᠶᠠᠯ ᠭᠠᠷᠭᠠᠵᠤ᠂ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠪᠤᠰᠤ ᠨᠠᠷᠢᠨ ᠪᠠᠶᠢᠳᠠᠯ ᠢ ᠲᠣᠳᠣᠷᠬᠠᠶᠢᠯᠠᠵᠤ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠠᠴᠠ ᠲᠤᠬᠠᠶ ᠶᠢᠨ ᠭᠠᠵᠠᠷ ᠲᠤᠨᠢ ᠬᠢᠨᠠᠨ ᠰᠢᠯᠭᠠᠵᠤ᠂ ᠬᠢᠨᠠᠨ ᠰᠢᠯᠭᠠᠵᠤ ᠥᠩᠭᠡᠷᠡᠭᠦᠯᠦᠭᠰᠡᠨ ᠤ ᠳᠠᠷᠠᠭ᠎ᠠ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠬᠢᠨᠠᠨ ᠬᠠᠷᠭᠤᠭᠤᠯᠵᠤ ᠬᠦᠴᠦᠨ ᠥᠬᠡᠶ ᠪᠣᠯᠭᠠᠪᠠ᠃ ᠬᠢᠨᠠᠨ ᠪᠠᠶᠢᠴᠠᠭᠠᠭᠠᠳ ᠪᠠᠲᠤᠯᠠᠭᠰᠠᠨ ᠦᠭᠡᠶ ᠪᠣᠯ ᠳᠡᠭᠡᠷ᠎ᠡ ᠳᠤᠷᠠᠳᠤᠭᠰᠠᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠣᠰᠣᠭᠠᠷ ᠴᠡᠭᠴᠡᠯᠡᠨ ᠵᠠᠰᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ᠲᠠᠪᠤ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠰᠢᠯᠭᠠᠨ ᠬᠤᠷᠢᠶᠠᠵᠤ ᠳ᠋ᠤᠭᠠᠷ ᠬᠠᠰᠤᠬᠤ ᠱᠠᠭᠠᠷᠳᠠᠯᠭ᠎ᠠ      ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠰᠢᠯᠭᠠᠨ ᠬᠤᠷᠢᠶᠠᠵᠤ ᠳ᠋ᠤᠭᠠᠷ ᠬᠠᠰᠤᠬᠤ ᠳᠦᠷᠢᠮ ᠢ ᠪᠠᠶᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠪᠤᠰᠤᠳᠴᠢ ᠵᠢᠮ᠎ᠡ ᠶᠣᠰᠣ ᠶᠢ ᠬᠦᠨᠳᠦᠳᠬᠡᠨ᠂ ᠰᠢᠯᠭᠠᠨ ᠬᠤᠷᠢᠶᠠᠵᠤ ᠳ᠋ᠤᠭᠠᠷ ᠬᠠᠰᠤᠬᠤ ᠠᠵᠢᠯ ᠢ ᠲᠥᠷᠥᠯ ᠪᠦᠯᠦᠭ ᠬᠤᠪᠢᠶᠠᠨ ᠥᠷᠨᠢᠭᠦᠯᠦᠨ᠎ᠡ᠃ ᠡᠯ᠎ᠡ ᠴᠡᠭᠴᠡᠯᠡᠨ ᠵᠠᠰᠠᠬᠤ ᠬᠠᠷᠢᠭᠤᠴᠠᠯᠭᠠᠲᠤ ᠨᠢᠭᠡᠴᠡ ᠨᠢ ︽ᠨᠢᠭᠡ ᠠᠮᠠ ᠨᠢᠭᠡ ᠠᠷᠭ᠎ᠠ ᠪᠣᠳᠣᠯᠭ᠎ᠠ︾ ᠶᠢᠨ ᠴᠡᠭᠴᠡᠯᠡᠨ ᠵᠠᠰᠠᠬᠤ ᠲᠥᠰᠥᠯ ᠤᠨ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ ᠴᠡᠭᠴᠡᠯᠡᠨ ᠵᠠᠰᠠᠬᠤ ᠶᠢ ᠲᠦᠷᠭᠡᠳᠬᠡᠵᠦ᠂ ᠴᠡᠭᠴᠡᠯᠡᠨ ᠵᠠᠰᠠᠬᠤ ᠶᠠᠪᠤᠴᠠ ᠳᠤ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠳᠤ ᠦᠨᠡᠨᠬᠦ ᠲᠣᠬᠢᠷᠠᠭᠤᠯᠤᠯᠲᠠ ᠬᠢᠬᠦ ᠴᠢᠬᠤᠯᠠᠲᠠᠢ ᠪᠠᠶᠢᠪᠠᠯ᠂ ᠲᠤᠭᠤᠷᠢᠭ ᠤᠨ ᠵᠠᠰᠠᠭ ᠤᠨ ᠣᠷᠳᠣᠨ ᠢᠶᠠᠷ ᠨᠤᠲᠠᠯᠠᠭᠤᠯᠤᠭᠰᠠᠨ ᠤ ᠳᠠᠷᠠᠭ᠎ᠠ᠂ ᠵᠢᠩᠬᠢᠨᠢ ᠪᠢᠴᠢᠭ ᠮᠠᠲ᠋ᠧᠷᠢᠶᠠᠯ ᠢᠶᠠᠷ ᠢᠶᠠᠨ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠳᠤ ᠲᠤᠰᠢᠶᠠᠵᠤ ᠳᠠᠩᠰᠠᠯᠠᠭᠤᠯᠬᠤ ᠬᠡᠷᠡᠭᠲᠡᠢ᠃ ᠨᠢᠭᠡᠨᠲᠡ ᠴᠡᠭᠴᠡᠯᠡᠨ ᠵᠠᠰᠠᠬᠤ ᠶᠢ ᠪᠡᠶᠡᠯᠡᠭᠦᠯᠦᠭᠰᠡᠨ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠳᠤ ᠴᠢᠭᠯᠡᠭᠦᠯᠦᠨ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠶᠢᠨ ᠳ᠋ᠤᠭᠠᠷᠯᠠᠯ ᠢ ᠬᠠᠰᠤᠭᠰᠠᠨ ᠲᠠᠩᠰᠠ ᠡᠪᠬᠡᠮᠡᠯ ᠪᠠᠶᠢᠭᠤᠯᠬᠤ ᠬᠡᠷᠡᠭᠲᠡᠢ᠄ ᠨᠢᠭᠡ ᠳᠤ ᠴᠡᠭᠴᠡᠯᠡᠨ ᠵᠠᠰᠠᠬᠤ ᠬᠠᠷᠢᠭᠤᠴᠠᠯᠭᠠᠲᠤ ᠨᠢᠭᠡᠴᠡ ᠠᠴᠠ ᠴᠡᠭᠴᠡᠯᠡᠨ ᠵᠠᠰᠠᠬᠤ ᠶᠢᠨ ᠲᠦᠷᠦᠭᠦᠯᠡᠬᠦ ᠰᠠᠯᠠᠭ᠎ᠠ ᠮᠥᠴᠢᠷ ᠲᠤ ᠳ᠋ᠤᠭᠠᠷᠯᠠᠯ ᠢ ᠬᠠᠰᠤᠭᠰᠠᠨ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠵᠤ᠂ ᠴᠡᠭᠴᠡᠯᠡᠨ ᠵᠠᠰᠠᠬᠤ ᠶᠢᠨ ᠲᠦᠷᠦᠭᠦᠯᠡᠬᠦ ᠰᠠᠯᠠᠭ᠎ᠠ ᠮᠥᠴᠢᠷ ᠨᠢ ᠳ᠋ᠤᠭᠠᠷᠯᠠᠯ ᠢ ᠬᠠᠰᠤᠭᠰᠠᠨ ᠭᠤᠶᠤᠴᠢᠯᠠᠯ ᠤᠨ ᠮᠠᠲ᠋ᠧᠷᠢᠶᠠᠯ ᠢ ᠨᠢᠭᠡᠳ ᠨᠢᠭᠡ ᠪᠠᠷ ᠬᠢᠨᠠᠨ ᠬᠠᠷᠭᠤᠭᠤᠯᠬᠤ ᠶᠢᠨ ᠬᠠᠮᠲᠤ ᠲᠤᠬᠠᠢ ᠶᠢᠨ ᠲᠠᠯᠠᠪᠤᠷ  ᠲᠤᠨᠢ ᠬᠠᠷᠭᠤᠭᠤᠯᠤᠨ ᠪᠠᠶᠢᠴᠠᠭᠠᠨ᠎ᠠ︔ ᠬᠤᠶᠠᠷ ᠲᠤ ᠴᠡᠭᠴᠡᠯᠡᠨ ᠵᠠᠰᠠᠬᠤ ᠠᠵᠢᠯ ᠢ ᠲᠦᠷᠦᠭᠦᠯᠡᠨ ᠬᠢᠬᠦ ᠰᠠᠯᠠᠭ᠎ᠠ ᠮᠥᠴᠢᠷ ᠨᠢ ᠰᠠᠷ᠎ᠠ ᠪᠦᠷᠢ ᠲᠤᠬᠠᠢ ᠶᠢᠨ ᠲᠠᠯᠠᠪᠤᠷ ᠲᠤᠨᠢ ᠬᠠᠷᠭᠤᠭᠤᠯᠤᠨ ᠪᠠᠶᠢᠴᠠᠭᠠᠭᠰᠠᠨ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠳ᠋ᠤᠭᠠᠷ ᠢ ᠬᠠᠰᠤᠭᠰᠠᠨ ᠮᠠᠲ᠋ᠧᠷᠢᠶᠠᠯ ᠢ ᠰᠢᠯᠭᠠᠨ ᠬᠤᠷᠢᠶᠠᠵᠤ ᠳ᠋ᠤᠭᠠᠷ ᠢ ᠬᠠᠰᠤᠭᠰᠠᠨ ᠬᠤᠲᠠ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠨ᠎ᠠ︔ ᠭᠤᠷᠪᠠ ᠳᠤ᠂ ᠡᠯ᠎ᠡ ᠴᠡᠭᠴᠡᠯᠡᠨ ᠵᠠᠰᠠᠬᠤ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠤᠯᠠᠷᠢᠯ ᠪᠦᠷᠢ ᠶᠢᠨ ᠡᠴᠦᠰ ᠲᠤ ᠳ᠋ᠤᠭᠠᠷ ᠢ ᠬᠠᠰᠤᠭᠰᠠᠨ ᠨᠤᠲᠠᠯᠠᠯᠲᠠ ᠶᠢᠨ ᠬᠦᠰᠦᠨᠦᠭᠲᠦ ᠪᠠ ᠳ᠋ᠤᠭᠠᠷ ᠢ ᠬᠠᠰᠤᠭᠰᠠᠨ ᠮᠠᠲ᠋ᠧᠷᠢᠶᠠᠯ ᠢᠶᠠᠨ ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠳᠤ ᠨᠢᠭᠡᠳᠦᠯᠲᠡᠢ ᠲᠤᠰᠢᠶᠠᠵᠤ ᠲᠠᠩᠰᠠ ᠡᠪᠬᠡᠮᠡᠯ ᠳᠤ ᠣᠷᠣᠭᠤᠯᠤᠨ᠎ᠠ᠃ ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ      ︵ᠨᠢᠭᠡ︶ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠡᠯ᠎ᠡ ᠴᠡᠭᠴᠡᠯᠡᠨ ᠵᠠᠰᠠᠬᠤ ᠠᠵᠢᠯ ᠢ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠲᠥᠷᠥᠯ ᠬᠤᠪᠢᠶᠠᠨ ᠴᠡᠭᠴᠡᠯᠡᠨ ᠵᠠᠰᠠᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠠ ᠲᠣᠭᠤᠷᠢᠭ ᠤᠨ ︽ᠨᠢᠭᠡ ᠠᠮᠠ ᠨᠢᠭᠡ ᠪᠣᠳᠣᠯᠭ᠎ᠠ︾ ᠶᠢᠨ ᠴᠡᠭᠴᠡᠯᠡᠨ ᠵᠠᠰᠠᠬᠤ ᠲᠥᠰᠦᠯ ᠢ ᠴᠢᠩᠭ᠎ᠠ ᠵᠢᠷᠤᠮᠯᠠᠨ ᠴᠡᠭᠴᠡᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠵᠤ᠂ ᠮᠠᠨ ᠤ ᠲᠤᠭᠤᠷᠢᠭ ᠤᠨ ᠴᠡᠭᠴᠡᠯᠡᠨ ᠵᠠᠰᠠᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃      ︵ᠬᠤᠶᠠᠷ︶ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠴᠡᠭᠴᠡᠯᠡᠨ ᠵᠠᠰᠠᠬᠤ ᠠᠵᠢᠯ ᠢ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠠᠵᠢᠯ ᠤᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠂ ᠠᠵᠢᠯ ᠤᠨ ᠬᠠᠷᠢᠯᠴᠠᠭ᠎ᠠ ᠪᠠᠨ ᠨᠢᠭᠲᠠᠷᠠᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠡᠯ᠎ᠡ ᠴᠡᠭᠴᠡᠯᠡᠨ ᠵᠠᠰᠠᠬᠤ ᠲᠦᠷᠦᠭᠦᠯᠡᠬᠦ ᠰᠠᠯᠠᠭ᠎ᠠ ᠮᠥᠴᠢᠷ ᠤᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠠᠵᠢᠯ ᠳᠤ ᠰᠠᠷ᠎ᠠ ᠶᠢᠨ ᠲᠣᠬᠢᠷᠠᠭᠤᠯᠤᠯᠲᠠ ᠬᠢᠵᠦ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠠᠵᠢᠯ ᠬᠤᠴᠣᠷᠤᠩᠭᠤᠶ ᠰᠠᠯᠠᠭ᠎ᠠ ᠮᠥᠴᠢᠷ ᠢ ᠴᠠᠭ ᠲᠤᠬᠠᠶ ᠳᠤᠨᠢ ᠰᠠᠨᠠᠭᠤᠯᠵᠤ᠂ ᠴᠡᠭᠴᠡᠯᠡᠨ ᠵᠠᠰᠠᠬᠤ ᠠᠵᠢᠯ ᠤᠨ ᠳᠤᠮᠳᠠ ᠬᠠᠷᠢᠯᠴᠠᠨ ᠲᠦᠯᠬᠢᠯᠴᠡᠭᠰᠡᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠠ ᠬᠦᠨᠳᠦ ᠨᠣᠴᠢᠲᠠᠶ ᠬᠤᠴᠣᠷᠤᠩᠭᠤᠶ ᠰᠠᠯᠠᠭ᠎ᠠ ᠮᠥᠴᠢᠷ ᠢ ᠵᠠᠷᠯᠠᠨ ᠰᠢᠭᠦᠮᠵᠢᠯᠡᠨ᠎ᠡ︔ ᠣᠨ ᠤ ᠴᠡᠭᠴᠡᠯᠡᠨ ᠵᠠᠰᠠᠬᠤ ᠡᠭᠦᠷᠭᠡ ᠪᠠᠨ ᠪᠡᠶᠡᠯᠡᠭᠦᠯᠦᠭᠡᠳᠦᠶ ᠰᠠᠯᠠᠭ᠎ᠠ ᠮᠥᠴᠢᠷ ᠢ ᠲᠤᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ ᠶᠠᠷᠢᠯᠴᠠᠭᠤᠯᠬᠤ ᠶᠢᠨ ᠬᠠᠮᠲᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠨ ᠤ ᠬᠠᠷᠠᠯᠲᠠ ᠶᠢᠨ ᠬᠢᠨᠠᠨ ᠰᠢᠯᠭᠠᠯᠲᠠ ᠳᠤ ᠬᠤᠪᠢ ᠬᠠᠰᠤᠨ᠎ᠠ᠃      ︵ᠭᠤᠷᠪᠠ︶ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ ᠪᠠᠯᠭᠠᠰᠤᠨ ᠤ ᠪᠣᠷᠣᠭᠠᠨ ᠤ ᠦᠶᠡᠷ ᠤᠨ ᠠᠮᠠᠰᠠᠷ᠂ ᠲᠠᠷᠢᠶᠠᠨ ᠭᠠᠵᠠᠷ ᠤᠨ ᠤᠰᠤ ᠪᠤᠴᠠᠭᠠᠬᠤ ᠠᠮᠠᠰᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠬᠠᠮᠢᠶ᠎ᠠ ᠪᠦᠬᠦᠢ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠴᠡᠭᠴᠡᠯᠡᠨ ᠵᠠᠰᠠᠬᠤ ᠵᠢᠴᠢ ᠬᠢᠨᠠᠨ ᠬᠠᠮᠢᠶᠠᠷᠬᠤ ᠪᠡᠯᠡ ᠮᠥᠩᠭᠦ ᠶᠢᠨ ᠣᠷᠣᠭᠤᠯᠤᠯᠲᠠ ᠪᠠᠨ ᠦᠨᠡᠨᠬᠦ ᠨᠡᠮᠡᠭᠳᠡᠭᠦᠯᠵᠦ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠤᠨ᠎ᠠ᠃ ᠡᠭᠦᠨ ᠤ ᠬᠠᠮᠲᠤ᠂ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠳ ᠡᠯ᠎ᠡ ᠬᠠᠷᠢᠭᠤᠴᠠᠯᠭᠠᠲᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠪᠠᠯᠠ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠴᠡᠭᠴᠡᠯᠡᠨ ᠵᠠᠰᠠᠬᠤ ᠡᠭᠦᠷᠭᠡ ᠶᠢ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ᠃
 
ᠢᠷᠡᠯᠲᠡ᠄ ᠤᠳᠠ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号