| ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠤᠳᠠ ᠲᠣᠭᠤᠷᠢᠭ ᠤᠨ ᠰᠢᠲᠠᠮᠠᠬᠠᠶ | ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ | ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠡᠯ᠎ᠡ ᠬᠠᠮᠢᠶ᠎ᠠ ᠪᠥᠬᠦᠶ ᠨᠢᠭᠡᠴᠡ᠄ | ︽ᠤᠳᠠ ᠲᠣᠭᠤᠷᠢᠭ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠲᠤᠰᠬᠠᠶ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠨᠢᠭᠡᠨᠲᠡ ᠲᠤᠭᠤᠷᠢᠭ ᠤᠨ ᠵᠠᠰᠠᠭ ᠤᠨ ᠣᠷᠳᠣᠨ | ᠰᠤᠳᠤᠯᠤᠨ ᠵᠥᠪᠰᠢᠶᠡᠷᠡᠵᠦ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶᠲ᠋ᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2023 ᠣᠨ ᠤ 7 ᠰᠠᠷ᠎ᠠ ᠶᠢᠨ 14 ᠤ ᠡᠳᠦᠷ | ᠤᠳᠠ ᠲᠣᠭᠤᠷᠢᠭ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠲᠤᠰᠬᠠᠶ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠥᠰᠦᠯ | ︽6. 21︾ ᠬᠤᠲᠤᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠤᠨ ᠤ ᠢᠷᠭᠠᠢ ᠬᠤᠲᠠ ᠶᠢᠨ ᠰᠢᠩ | ᠴᠢᠩ ᠲᠣᠭᠤᠷᠢᠭ ᠤᠨ ᠹᠦ᠋ ᠶᠠᠩ ᠰᠢᠷᠠᠯᠭ᠎ᠠ ᠶᠢᠨ ᠳᠡᠯᠭᠡᠭᠦᠷ ᠤᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠤᠨ | ᠰᠤᠷᠭᠠᠮᠵᠢ ᠶᠢ ᠭᠦᠨᠵᠡᠭᠡᠢ ᠬᠦᠯᠢᠶᠡᠨ ᠠᠪᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ | ᠵᠠᠰᠠᠬᠤ ᠣᠷᠣᠨ᠂ ᠦᠬᠠᠢ ᠬᠤᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠵᠡᠷᠭᠡ 6 ᠰᠠᠯᠠᠭ᠎ᠠ ᠮᠦᠴᠢᠷ ᠤᠨ | ︽ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠤᠰᠤᠨ ᠤ ᠬᠡᠢ ᠶᠢᠨ ᠠᠶᠤᠯᠭᠦᠢ ᠶᠢᠨ ᠬᠠᠮᠢᠶᠠᠷᠤᠯᠲᠠ ᠶᠢ | ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾ ︵ᠪᠠᠶᠢᠭᠤᠯᠤᠯᠲᠠ ᠬᠤᠳᠠ〔2021〕23ᠳ᠋ᠤᠭᠠᠷ ᠲᠣᠭᠠᠲᠤ︶᠂ | ︽ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠬᠠᠮᠢᠶᠠᠷᠤᠯᠲᠠ ᠶᠢᠨ ᠠᠵᠢᠯ ᠢ | ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠮᠡᠳᠡᠭᠳᠡᠯ︾ ︵ ᠥᠪᠥᠷ ᠮᠣᠩᠭᠤᠯ ᠤᠨ ᠠᠶᠤᠯ ᠦᠭᠡᠢ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ﹇2023﹈ 30 ᠳ᠋ᠤᠭᠠᠷ ᠲᠣᠭᠠᠲᠤ ︶ ᠵᠢᠴᠢ | ︽ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠬᠠᠮᠢᠶᠠᠷᠤᠯᠲᠠ ᠶᠢᠨ ᠠᠵᠢᠯ ᠢ | ᠴᠢᠩᠭᠠᠳᠬᠠᠬᠤ ᠲᠤᠬᠠᠢ ᠦᠬᠠᠢ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ | ᠮᠡᠳᠡᠭᠳᠡᠯ︾ ︵ᠦᠬᠠᠢ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠠᠯᠪᠠᠨ ᠭᠡᠷ ᠤᠨ ᠲᠠᠷᠬᠠᠭᠠᠭᠰᠠᠨ ﹇2023﹈ | 29 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠵᠦ᠂ ᠠᠷᠠᠳ ᠣᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠯᠣᠩᠬᠤᠨ ᠳᠤ ᠰᠠᠪᠠᠯᠠᠭᠰᠠᠨ | ᠰᠢᠩᠭᠡᠨᠵᠢᠮᠡᠯ ᠴᠢᠯᠠᠭᠤᠨ ᠲᠣᠰᠣᠨ ᠤ ᠬᠡᠢ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠶᠢᠨ ᠲᠤᠰᠠᠳᠠ᠂ ᠬᠤᠶᠠᠷ ᠰᠠᠷ᠎ᠠ ᠶᠢᠨ ᠬᠤᠭᠤᠴᠠᠭ᠎ᠠ ᠶᠢ | ᠠᠰᠢᠭᠯᠠᠨ᠂ ᠪᠥᠬᠦ ᠲᠤᠭᠤᠷᠢᠭ ᠤᠨ ᠬᠡᠪᠴᠢᠶᠡᠨ ᠳᠤ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ | ᠲᠣᠰᠣᠨ ᠤ ᠬᠡᠢ ᠶᠢᠨ ᠠᠮᠤᠷ ᠲᠦᠪᠰᠢᠨ ᠤ ᠳᠠᠯᠳᠠ ᠬᠡᠮ ᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠶᠢ | ᠥᠷᠨᠢᠭᠦᠯᠵᠦ᠂ ᠮᠠᠨ ᠤ ᠲᠤᠭᠤᠷᠢᠭ ᠤᠨ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ | ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠬᠥᠭᠵᠢᠯᠲᠡ ᠶᠢᠨ | ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠵᠢᠯ ᠢ ᠨᠠᠩ ᠲᠣᠪᠤᠶᠢᠮ᠎ᠠ | ᠪᠠᠶᠢᠷᠢᠨ ᠳᠤ ᠲᠠᠯᠪᠢᠵᠤ᠂ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠶ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠡᠯ᠎ᠡ ᠵᠦᠢᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠠᠵᠢᠯ ᠲᠥᠷᠥᠯ ᠤᠨ | ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠠᠮᠤᠷ ᠲᠦᠪᠰᠢᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠨ᠎ᠠ᠃ | ︵ᠬᠤᠶᠠᠷ︶ ᠠᠵᠢᠯ ᠤᠨ ᠬᠠᠷᠠᠯᠲᠠ᠃ 2023 ᠣᠨ ᠤ 7 ᠰᠠᠷ᠎ᠠ ᠶᠢᠨ ᠰᠡᠭᠦᠯᠴᠢ ᠪᠣᠯᠬᠤ ᠳᠤ᠂ ᠰᠢᠲᠠᠮᠠᠬᠠᠶ | ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ | ᠣᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠦᠨᠳᠦᠰᠦᠨ ᠳᠡᠭᠡᠨ ᠲᠡᠭᠦᠯᠳᠡᠷᠵᠢᠭᠦᠯᠦᠨ᠂ ᠠᠮᠤᠷ | ᠲᠦᠪᠰᠢᠨ ᠤ ᠠᠳᠡᠯ ᠤᠨ ᠶᠡᠷᠦᠩᠬᠡᠶ ᠬᠡᠮᠵᠢᠶ᠎ᠡ ᠦᠷᠭᠦᠯᠵᠢᠯᠡᠨ ᠪᠠᠭᠤᠷᠠᠵᠤ᠂ ᠨᠡᠯᠢᠶᠡᠳ ᠶᠡᠭᠡ ᠵᠢᠴᠢ ᠲᠡᠭᠦᠨ ᠠᠴᠠ | ᠳᠡᠭᠡᠭᠰᠢᠬᠢ ᠠᠳᠡᠯ ᠢ ᠪᠦᠲᠦᠮᠵᠢᠲᠡᠶ ᠬᠤᠷᠢᠭᠯᠠᠵᠤ᠂ ᠠᠵᠢᠯ ᠲᠥᠷᠥᠯ ᠤᠨ ᠪᠦᠬᠦᠯᠢ ᠴᠣᠭᠴᠠ ᠶᠢᠨ ᠠᠮᠤᠷ | ᠲᠦᠪᠰᠢᠨ ᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃ | ᠬᠤᠶᠠᠷ᠂ ᠤᠳᠤᠷᠢᠳᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠵᠣᠣ ᠬᠠᠶ ᠪᠥᠸᠧ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠯᠢ ᠸᠧᠨ ᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ | ᠪᠦᠷᠢᠯᠳᠦᠭᠦᠨ᠄ | ᠵᠤᠤ ᡁᠢ ᠾᠦᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ | ᠵᠢᠶᠠ ᠢᠦᠢ ᠹᠠᠩ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ | ᠳᠠᠷᠤᠭ᠎ᠠ᠂ ᠲᠣᠭᠤᠷᠢᠭ ᠤᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶᠠᠨ ᠤ ᠳᠠᠷᠤᠭ᠎ᠠ | ᠰᠢᠶᠠ ᠱᠢ ᠶᠠᠩ ᠤᠯᠠᠭᠠᠨᠨᠠᠭᠤᠷ ᠪᠠᠯᠭᠠᠰᠤᠨ ᠤ ᠳᠠᠷᠤᠭ᠎ᠠ | ᠵᠠᠩ ᠰᠢᠶᠤᠤ ᠪᠥᠸᠧ ᠪᠠᠶᠠᠨᠰᠠᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠰᠦ᠋ ᠶᠤᠸᠠᠨ ᠶᠤᠸᠠᠨ ᠰᠢᠨᠳᠠ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠪᠠᠢ ᠯᠦᠩ ᠪᠢᠨᠬᠠᠢ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠾᠧ ᠫᠧᠩ ᠶᠢᠩ ᠡᠤ ᠬᠤ᠋ ᠱᠠᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠠᠨ ᠬᠠᠢ ᠬᠤᠸᠠ ᠯᠢᠶᠠᠩ ᠵᠢᠶᠠ ᠭᠸᠦ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠯᠢᠦ ᠵᠢᠩ ᠶᠣᠣ ᠰᠤᠬᠠᠶᠢᠲᠤ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠺᠠᠩ ᠨᠦᠸᠧ ᠰᠠᠨ ᠳ᠋ᠤᠤ ᠺᠠᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠬᠠᠨ ᠸᠧᠢ ᠬᠤᠸᠠ ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶᠠᠨ ᠤ ᠳᠠᠷᠤᠭ᠎ᠠ | ᠦ᠋ ᠶᠦᠩ ᠱᠧᠩ ᠣᠷᠣᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ | ᠸᠠᠩ ᠷᠦᠩ ᠲᠤᠤ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠰᠢᠤᠢ ᠷᠦᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ | ᠶᠠᠩ ᠱᠧᠩ ᠯᠢ ᠣᠷᠣᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ | ᠯᠢ ᠷᠦᠩ ᠸᠧᠶ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠶᠠᠩ ᠪᠢᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠵᠤᠤ ᠸᠧᠨ ᠯᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ | ᠳᠠᠷᠤᠭ᠎ᠠ | ᠮᠠ ᠯᠢ ᠭᠠᠩ ᠲᠣᠭᠤᠷᠢᠭ ᠤᠨ ᠡᠨᠧᠷᠭᠢ ᠶᠢᠨ ᠲᠣᠪᠴᠢᠶᠠᠨ ᠤ ᠳᠠᠷᠤᠭ᠎ᠠ | ᠵᠢᠶᠠᠩ ᠰᠢᠩ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠥᠪ ᠤᠨ ᠡᠷᠬᠢᠯᠡᠭᠴᠢ | ᠴᠢ ᠰᠢᠶᠠᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ | ᠹᠠᠨ ᠰᠢᠶᠣᠤ ᠵᠢᠶᠦ᠋ᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠭᠠᠨ | ᠵᠢᠯᠤᠭᠤᠳᠤᠭᠴᠢ | ᠵᠠᠩ ᠶᠦᠨ ᠤᠳᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠳᠠᠷᠤᠭ᠎ᠠ | ᠸᠠᠩ ᠹᠧᠩ ᠦᠬᠠᠶ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠤᠳᠠ ᠶᠡᠭᠡ ᠠᠩᠭᠢ ᠶᠢᠨ ᠳᠠᠷᠤᠭ᠎ᠠ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ | ᠲᠤᠰᠢᠶᠠᠯ ᠢ ᠯᠢ ᠸᠧᠨ ᠱᠠᠨ ᠨᠥᠬᠦᠷ ᠡᠭᠦᠷᠭᠡᠯᠡᠵᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ | ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ | ᠶᠡᠷᠦᠩᠬᠡᠶᠢᠯᠡᠨ ᠵᠣᠬᠢᠴᠠᠭᠤᠯᠬᠤ ᠶᠢ ᠪᠣᠳᠠᠲᠠᠶ ᠬᠠᠷᠢᠭᠤᠴᠠᠵᠤ᠂ ᠠᠵᠢᠯ ᠤᠨ ᠪᠦᠬᠦᠯᠢ ᠴᠣᠭᠴᠠ ᠶᠢᠨ ᠡᠮᠬᠢ ᠵᠢᠷᠤᠮ ᠲᠠᠢ | ᠠᠭᠢᠬᠤ ᠶᠢ ᠦᠨᠡᠨᠬᠦ ᠪᠠᠲᠤᠯᠠᠨ᠎ᠠ᠃ | ᠭᠤᠷᠪᠠ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ︵ᠨᠢᠭᠡ︶ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠤᠪᠴᠢᠶ᠎ᠠ᠃ ᠨᠢᠭᠡ ᠳᠤ ᠡᠯ᠎ᠡ ᠬᠤᠯᠪᠣᠭᠳᠠᠯ ᠪᠦᠬᠦᠢ ᠨᠢᠭᠡᠴᠡ ᠶᠢ ᠵᠣᠬᠢᠴᠠᠭᠤᠯᠵᠤ ᠬᠤᠲᠠ ᠪᠠᠯᠭᠠᠰᠤᠨ ᠤ ᠰᠢᠲᠠᠮᠠᠬᠠᠶ | ᠬᠡᠢ ᠶᠢᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ | ᠬᠤᠲᠠ ᠪᠠᠯᠭᠠᠰᠤᠨ ᠤ ᠰᠢᠲᠠᠮᠠᠬᠠᠶ ᠬᠡᠢ ᠶᠢᠨ ᠬᠤᠭᠤᠯᠠᠶ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠲᠠᠯᠠᠪᠤᠷ ᠥᠷᠲᠡᠭᠡ᠂ | ᠰᠢᠩᠭᠡᠨᠵᠢᠮᠡᠯ ᠴᠢᠯᠠᠭᠤᠨ ᠲᠣᠰᠣᠨ ᠤ ᠬᠡᠢ ᠬᠠᠩᠭᠠᠬᠤ ᠥᠷᠲᠡᠭᠡ᠂ ᠰᠢᠩᠭᠡᠨᠵᠢᠮᠡᠯ ᠴᠢᠯᠠᠭᠤᠨ ᠲᠣᠰᠣᠨ ᠤ ᠬᠡᠢ | ᠬᠠᠳᠠᠭᠠᠯᠠᠵᠤ ᠲᠣᠬᠢᠷᠠᠭᠤᠯᠬᠤ ᠥᠷᠲᠡᠭᠡ ᠵᠡᠷᠭᠡ ᠰᠢᠲᠠᠮᠠᠬᠠᠶ ᠬᠡᠢ ᠶᠢᠨ ᠪᠡᠯᠡᠳᠬᠡᠮᠵᠢ ᠶᠢᠨ ᠠᠮᠤᠷ ᠲᠦᠪᠰᠢᠨ ᠤ | ᠠᠵᠢᠯᠯᠠᠭᠠᠨ ᠤ ᠪᠠᠶᠢᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ︔ ᠬᠤᠶᠠᠷ ᠲᠤ ᠰᠢᠲᠠᠮᠠᠬᠠᠶ ᠬᠡᠢ ᠶᠢᠨ ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠡᠳᠦᠷ ᠪᠦᠷᠢ ᠶᠢᠨ ᠲᠣᠭᠤᠷᠢᠨ ᠪᠠᠶᠢᠴᠠᠭᠠᠯᠲᠠ᠂ ᠭᠤᠤᠯᠳᠠᠯᠭ᠎ᠠ ᠲᠠᠢ | ᠬᠡᠰᠡᠭ ᠢ ᠡᠳᠦᠷ ᠪᠦᠷᠢ ᠶᠢᠨ ᠲᠣᠭᠤᠷᠢᠨ ᠰᠡᠷᠭᠡᠶᠢᠯᠡᠯᠲᠡ᠂ ᠠᠮᠤᠷ ᠲᠦᠪᠰᠢᠨ ᠤ ᠳᠠᠯᠳᠠ ᠭᠡᠮ ᠢ ᠣᠯᠵᠤ ᠮᠡᠳᠡᠪᠡᠯ | ᠳᠠᠷᠦ᠋ᠢᠬᠠᠨ ᠴᠡᠭᠴᠡᠯᠡᠨ ᠵᠠᠰᠠᠭᠤᠯᠤᠨ᠎ᠠ︔ ᠭᠤᠷᠪᠠ ᠳᠤ ᠲᠣᠭᠤᠷᠢᠭ ᠤᠨ ᠬᠤᠲᠠ ᠪᠠᠯᠭᠠᠰᠤᠨ ᠤ ᠰᠢᠲᠠᠮᠠᠬᠠᠶ ᠬᠡᠢ ᠶᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ ᠶᠢᠨ ᠢᠯᠡᠴᠢᠯᠡᠨ ᠮᠡᠳᠡᠭᠦᠯᠬᠦ ᠤᠲᠠᠰᠤ ᠶᠢ | ᠨᠡᠶᠢᠲᠡᠯᠡᠵᠦ᠂ ᠣᠯᠠᠨ ᠲᠦᠮᠡᠨ ᠤ ᠢᠯᠡᠴᠢᠯᠡᠨ ᠮᠡᠳᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ | ᠲᠦᠮᠡᠨ ᠤ ᠬᠢᠨᠠᠯᠲᠠ ᠶᠢ ᠬᠦᠯᠢᠶᠡᠨ᠎ᠡ︔ ᠳᠥᠷᠪᠡ ᠳᠤ᠂ ᠰᠢᠲᠠᠮᠠᠬᠠᠶ ᠬᠡᠢ ᠶᠢᠨ ᠡᠵᠡᠩᠨᠡᠯᠲᠡ ᠶᠢᠨ ᠳᠤᠮᠳᠠ ᠡᠯ᠎ᠡ | ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠶᠢ ᠬᠠᠷᠢᠭᠤᠴᠠᠨ᠎ᠠ︔ ᠲᠠᠪᠤ ᠳᠤ᠂ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ ᠢᠷᠡᠯᠲᠡ ᠲᠣᠳᠣᠷᠬᠠᠶ | ᠦᠭᠡᠶ ︽ᠬᠠᠷ᠎ᠠ ᠬᠡᠢ ᠶᠢᠨ ᠯᠣᠩᠬᠤ︾ ᠶᠢᠨ ᠬᠤᠳᠠᠯᠳᠤᠭᠠᠨ ᠤ ᠡᠷᠦᠬᠡ ᠶᠢ ᠬᠢᠵᠠᠭᠠᠷᠯᠠᠵᠤ᠂ ᠬᠤᠯᠪᠣᠭᠳᠠᠯ ᠪᠦᠬᠦᠢ | ᠨᠢᠭᠡᠴᠡ ᠪᠠᠷ ᠰᠢᠳᠬᠡᠨ ᠲᠣᠷᠭᠠᠨ᠎ᠠ᠃ | ︵ᠬᠤᠶᠠᠷ︶ ᠲᠤᠭᠤᠷᠢᠭ ᠤᠨ ᠣᠷᠤᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ | ᠶᠢᠨ ᠲᠤᠪᠴᠢᠶ᠎ᠠ᠃ ᠨᠢᠭᠡ ᠳᠤ᠂ ᠰᠢᠲᠠᠮᠠᠬᠠᠶ ᠬᠡᠶ ᠶᠢᠨ ᠢᠨᠵᠧᠨᠧᠷᠢᠩ ᠤᠨ ᠲᠥᠷᠥᠯ ᠵᠦᠢᠯ ᠳᠤ ᠬᠢᠨᠠᠯᠲᠠ | ᠬᠠᠮᠢᠶᠠᠷᠤᠯᠲᠠ ᠬᠢᠬᠦ ᠶᠢ ᠬᠠᠷᠢᠭᠤᠴᠠᠨ᠎ᠠ︔ ᠬᠤᠶᠠᠷ ᠲᠤ᠂ ᠪᠥᠬᠦ ᠲᠤᠭᠤᠷᠢᠭ ᠤᠨ ᠰᠢᠲᠠᠮᠠᠬᠠᠶ ᠬᠡᠶ ᠶᠢᠨ | ᠬᠤᠭᠤᠯᠠᠶ ᠶᠢᠨ ᠲᠣᠤᠷ ᠢ ᠥᠭᠡᠷᠡᠴᠢᠯᠡᠬᠦ ᠬᠤᠭᠤᠴᠠᠭᠠᠨ ᠳᠠᠬᠢ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ | ᠪᠠᠶᠢᠴᠠᠭᠠᠵᠤ ᠵᠠᠰᠠᠬᠤ ᠠᠵᠢᠯ ᠢ ᠬᠠᠷᠢᠭᠤᠴᠠᠵᠤ᠂ ᠬᠤᠲᠠ ᠶᠢᠨ ᠶᠠᠪᠤᠳᠠᠯ ᠤᠨ ᠬᠤᠭᠤᠯᠠᠶ ᠶᠢᠨ ᠲᠣᠤᠷ ᠤᠨ | ᠪᠠᠷᠢᠯᠭ᠎ᠠ ᠶᠢᠨ ᠶᠠᠪᠤᠴᠠ ᠳᠤ ᠰᠢᠲᠠᠮᠠᠬᠠᠶ ᠬᠡᠶ ᠶᠢᠨ ᠬᠤᠭᠤᠯᠠᠶ ᠶᠢᠨ ᠠᠮᠤᠷ ᠲᠦᠪᠰᠢᠨ ᠢ ᠨᠥᠯᠥᠭᠡᠯᠡᠵᠦ ᠮᠡᠳᠡᠬᠦ ᠳᠠᠯᠳᠠ | ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢᠨ ᠬᠠᠮᠲᠤ᠂ ᠪᠠᠷᠢᠯᠭ᠎ᠠ ᠶᠢᠨ ᠭᠠᠵᠠᠷ᠂ ᠲᠠᠸᠠᠷ ᠤᠨ ᠪᠧᠲ᠋ᠤᠨ | ᠵᠢᠭᠤᠷᠠᠬᠤ ᠥᠷᠲᠡᠭᠡ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ | ᠪᠠᠷᠢᠯᠭ᠎ᠠ ᠶᠢᠨ ᠭᠠᠵᠠᠷ ᠤᠨ ᠲᠥᠷᠥᠯ ᠵᠦᠢᠯ ᠤᠨ ᠪᠠᠷᠢᠯᠭ᠎ᠠ ᠶᠢᠨ ᠠᠮᠢᠳᠤᠷᠠᠯ ᠤᠨ ᠲᠣᠭᠤᠷᠢᠭ ᠤᠨ ᠰᠢᠲᠠᠮᠠᠬᠠᠶ ᠬᠡᠶ ᠶᠢᠨ | ᠠᠮᠤᠷ ᠲᠦᠪᠰᠢᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠎ᠠ︔ ᠳᠥᠷᠪᠡ ᠳᠤ ᠠᠳᠠᠯ | ᠠᠬᠤᠶ ᠶᠢᠨ ᠺᠣᠮᠫᠠᠨᠢ ᠶᠢ ᠰᠢᠮᠳᠠᠭᠤᠯᠵᠤ ᠪᠠᠶᠢᠭᠠᠳ ᠲᠣᠰ ᠲᠣᠰ ᠤᠨ ᠵᠢᠵᠢᠭ ᠲᠣᠭᠤᠷᠢᠭ ᠤᠨ ᠰᠢᠲᠠᠮᠠᠬᠠᠶ ᠬᠡᠶ | ᠬᠡᠷᠡᠭᠯᠡᠬᠦ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠨ᠎ᠠ᠃ | ︵ᠭᠤᠷᠪᠠ︶᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠃ ᠨᠢᠭᠡ ᠳᠤ᠂ ᠢᠳᠡᠭᠡᠨ | ᠤᠮᠳᠠᠭᠠᠨ ︵ᠰᠢᠷᠠᠮᠠᠯ ᠤᠨ ᠲᠥᠷᠥᠯ ᠪᠠᠭᠲᠠᠨ᠎ᠠ︶᠂ ᠵᠣᠴᠢᠳ ᠤᠨ ᠪᠠᠭᠤᠳᠠᠯ᠂ ᠲᠣᠮᠣ ᠬᠡᠯᠪᠡᠷᠢ ᠶᠢᠨ | ᠬᠤᠳᠠᠯᠳᠤᠭᠠᠨ ᠤ ᠬᠡᠲᠦ ᠳᠡᠯᠭᠡᠭᠦᠷ᠂ ᠡᠯ᠎ᠡ ᠲᠥᠷᠥᠯ ᠤᠨ ᠳᠡᠯᠭᠡᠨ ᠪᠣᠷᠣᠯᠠᠭᠤᠯᠬᠤ ᠴᠤᠭᠯᠠᠭᠠᠨ᠂ ᠲᠣᠮᠣ ᠬᠡᠯᠪᠡᠷᠢ ᠶᠢᠨ | ᠠᠷᠠᠯᠵᠢᠶ᠎ᠠ ᠬᠤᠳᠠᠯᠳᠤᠭᠠᠨ ᠤ ᠦᠵᠡᠰᠬᠦᠯᠡᠩ ᠤᠨ ᠴᠤᠭᠯᠠᠭᠠᠨ᠂ ᠰᠥᠨᠢ ᠶᠢᠨ ᠵᠠᠬ᠎ᠠ ᠵᠡᠷᠭᠡ ᠭᠤᠤᠯᠳᠠᠯᠭ᠎ᠠ ᠲᠠᠢ | ᠲᠠᠯᠠᠪᠤᠷ ᠭᠠᠵᠠᠷ ᠤᠨ ᠬᠡᠶ ᠬᠡᠷᠡᠭᠯᠡᠬᠦ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠢᠴᠢ | ᠵᠠᠰᠠᠬᠤ ᠶᠢ ᠬᠠᠷᠢᠭᠤᠴᠠᠨ᠎ᠠ︔ ᠬᠤᠶᠠᠷ ᠲᠤ ᠢᠳᠡᠭᠡᠨ ᠤᠮᠳᠠᠭᠠᠨ ᠤ ᠠᠵᠤ ᠠᠬᠤᠶᠢᠯᠠᠯ ︽ᠠᠶᠤᠯᠭᠦᠶ | ᠦᠢᠯᠡᠳᠪᠦᠷᠢᠯᠡᠯ ᠤᠨ ᠬᠠᠤᠯᠢ︾ ᠶᠢᠨ ᠲᠣᠭᠲᠠᠭᠠᠯ ᠢ ᠦᠨᠳᠦᠰᠦᠯᠡᠨ᠂ ᠰᠢᠲᠠᠮᠠᠬᠠᠶ ᠬᠡᠢ ᠶᠢᠨ ᠲᠦᠭᠰᠢᠭᠦᠷᠢ ᠮᠡᠳᠡᠭᠡᠯᠡᠬᠦ | ᠮᠠᠰᠢᠨ ᠢ ᠤᠭᠰᠠᠷᠠᠭᠰᠠᠨ ᠮᠥᠷᠲᠡᠭᠡᠨ ᠬᠡᠪ ᠤᠨ ᠶᠣᠰᠣᠭᠠᠷ ᠠᠵᠢᠯᠯᠠᠵᠤ ᠴᠢᠳᠠᠬᠤ ᠡᠰᠡᠬᠦ ᠶᠢ ᠪᠠᠶᠢᠴᠠᠭᠠᠨ᠎ᠠ︔ | ᠭᠤᠷᠪᠠ ᠳᠤ᠂ ᠬᠠᠷᠢᠶᠠᠯᠠᠬᠤ ᠬᠡᠷᠡᠭᠯᠡᠭᠴᠢ ᠳᠤ ᠰᠢᠲᠠᠮᠠᠬᠠᠶ ᠬᠡᠢ ᠶᠢᠨ ᠬᠤᠭᠤᠯᠠᠶ ᠶᠢᠨ ᠡᠵᠡᠯᠡᠬᠦ᠂ ᠪᠢᠲᠡᠭᠦᠦ ᠣᠷᠣᠨ | ᠵᠠᠶ ᠶᠢ ᠨᠡᠪᠲᠡᠯᠬᠦ᠂ ᠳᠤᠷ᠎ᠠ ᠪᠠᠷ ᠢᠶᠠᠨ ᠥᠭᠡᠷᠡᠴᠢᠯᠡᠬᠦ ᠬᠡᠮ ᠰᠣᠭᠤᠭ ᠣᠷᠣᠰᠢᠵᠤ ᠪᠠᠶᠢᠬᠤ ᠡᠰᠡᠬᠦ︔ ᠬᠡᠷᠡᠭᠯᠡᠭᠴᠢᠳ | ᠬᠢᠷᠢ ᠲᠡᠩᠴᠡᠬᠦ ᠥᠬᠡᠶ ᠰᠢᠲᠠᠮᠠᠬᠠᠶ ᠬᠡᠢ ᠶᠢᠨ ᠵᠤᠤᠬ᠎ᠠ᠂ ᠰᠢᠲᠠᠮᠠᠬᠠᠶ ᠬᠡᠢ ᠶᠢᠨ ᠯᠣᠩᠬᠤ ᠵᠡᠷᠭᠡ ᠶᠢ ᠬᠡᠷᠡᠭᠯᠡᠵᠦ ᠪᠠᠶᠢᠬᠤ | ᠡᠰᠡᠬᠦ ᠶᠢ ᠪᠠᠶᠢᠴᠠᠭᠠᠨ᠎ᠠ︔ ᠲᠦᠷᠪᠡ ᠳᠤ᠂ ᠢᠳᠡᠭᠡᠨ ᠤᠮᠳᠠᠭᠠᠨ ᠤ ᠦᠢᠯᠡᠰ ︵ᠰᠢᠷᠠᠮᠠᠯ ᠲᠥᠷᠥᠯ ᠪᠠᠭᠲᠠᠨ᠎ᠠ︔︶ | ᠲᠠᠯᠠᠪᠤᠷ ᠭᠠᠵᠠᠷ ᠤᠨ ᠰᠢᠲᠠᠮᠠᠬᠠᠶ ᠬᠡᠶ ᠶᠢᠨ ᠪᠡᠯᠡᠳᠬᠡᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠢᠴᠢ | ᠠᠮᠤᠷ ᠲᠦᠪᠰᠢᠨ ᠤ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠢᠢᠳᠪᠦᠷᠢᠯᠡᠨ᠎ᠡ︔ ᠲᠠᠪᠤ ᠳᠤ᠂ ᠢᠳᠡᠭᠡᠨ ᠤᠮᠳᠠᠭᠠᠨ ᠤ | ᠠᠵᠢᠯ ᠲᠥᠷᠥᠯ ᠢ ᠵᠣᠬᠢᠶᠠᠨ ᠪᠠᠶᠢᠭᠤᠯᠵᠤ ᠰᠢᠲᠠᠮᠠᠬᠠᠶ ᠬᠡᠶ ᠶᠢ ᠠᠮᠤᠷ ᠲᠦᠪᠰᠢᠨ ᠢᠶᠠᠷ ᠬᠡᠷᠡᠭᠯᠡᠬᠦ ᠶᠢ ᠥᠪᠡᠰᠦᠪᠡᠨ | ᠪᠠᠶᠢᠴᠠᠭᠠᠬᠤ ᠵᠢᠴᠢ ᠰᠢᠲᠠᠮᠠᠬᠠᠶ ᠬᠡᠶ ᠶᠢᠨ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠢ | ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ | ︵ᠳᠥᠷᠪᠡ︶᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠃ | ᠨᠢᠭᠡ ᠳᠤ ᠲᠠᠷᠢᠶᠠᠯᠠᠩ ︵ᠲᠥᠪᠯᠡᠷᠡᠭᠰᠡᠨ︶ ᠠᠷᠠᠯᠵᠢᠶᠠᠨ ᠤ ᠵᠠᠬ᠎ᠠ ᠳᠡᠯᠭᠡᠭᠦᠷ᠂ ᠡᠯ᠎ᠡ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠥᠬᠡᠶ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠢᠳᠡᠭᠡᠨ ᠤ | ᠳᠡᠯᠭᠡᠭᠦᠷᠴᠢᠨ᠂ ᠢᠳᠡᠭᠡᠨ ᠡᠳ᠋ᠰᠢᠭᠦᠯᠬᠦ ᠠᠵᠢᠯ ᠲᠥᠷᠥᠯ ᠵᠢᠴᠢ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠶᠢᠨ ᠬᠤᠭᠤᠯᠠᠨ ᠬᠡᠷ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠵᠢᠴᠢ ᠵᠠᠰᠠᠬᠤ ᠶᠢ ᠬᠠᠷᠢᠭᠤᠴᠠᠬᠤ ᠶᠢᠨ ᠬᠠᠮᠲᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠲᠠᠢ ᠬᠠᠮᠵᠢᠯᠴᠠᠨ ᠢᠳᠡᠭᠡᠨ ᠤᠮᠳᠠᠭᠠᠨ ᠤ ᠠᠵᠢᠯ ᠲᠥᠷᠥᠯ ︵ᠰᠢᠷᠠᠬᠤ ᠲᠥᠷᠥᠯ ᠪᠠᠭᠲᠠᠨ᠎ᠠ︶᠂ | ᠵᠣᠴᠢᠳ ᠤᠨ ᠪᠠᠭᠤᠳᠠᠯ ︵50 ᠥᠷᠥᠭᠡ ᠠᠴᠠ ᠳᠣᠷᠣᠭᠰᠢ ᠥᠷᠥᠭᠡ᠃︶ ᠵᠡᠷᠭᠡ ᠭᠤᠣᠯᠳᠠᠯᠭ᠎ᠠ ᠲᠠᠢ ᠲᠠᠯᠠᠪᠤᠷ ᠤᠨ | ᠰᠢᠲᠠᠮᠠᠬᠠᠶ ᠬᠡᠶ ᠪᠠᠷ ᠵᠢᠭᠰᠠᠭᠠᠨ ᠪᠠᠶᠢᠴᠠᠭᠠᠬᠤ ᠵᠢᠴᠢ ᠵᠠᠰᠠᠬᠤ ᠠᠵᠢᠯ ᠢ ᠬᠠᠷᠢᠭᠤᠴᠠᠨ᠎ᠠ︔ ᠬᠤᠶᠠᠷ ᠲᠤ | ᠰᠤᠷᠤᠭᠴᠢᠳ ᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ᠂ ᠵᠢᠵᠢᠭ ᠬᠤᠭᠤᠯᠠᠨ ᠰᠢᠷᠡᠭᠡᠲᠦ ᠰᠢᠲᠠᠮᠠᠬᠠᠶ ᠬᠡᠢ ᠶᠢᠨ | ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠨ᠎ᠠ︔ ᠭᠤᠷᠪᠠ ᠳᠤ᠂ | ᠰᠢᠲᠠᠮᠠᠬᠠᠶ ᠬᠡᠢ ᠶᠢᠨ ᠨᠢᠭᠡᠴᠢ ᠶᠢᠨ ᠬᠡᠷᠡᠭᠯᠡᠭᠰᠡᠨ ᠣᠨᠴᠠ ᠲᠥᠷᠥᠯ ᠤᠨ ᠲᠥᠬᠦᠭᠡᠷᠦᠮᠵᠢ ᠪᠠ ᠵᠠᠬ᠎ᠠ ᠳᠡᠯᠭᠡᠭᠦᠷ ᠤᠨ | ᠪᠣᠷᠣᠯᠠᠭᠤᠯᠤᠭᠰᠠᠨ ᠡᠯ᠎ᠡ ᠵᠦᠢᠯ ᠤᠨ ᠰᠢᠲᠠᠮᠠᠬᠠᠶ ᠬᠡᠢ ᠶᠢᠨ ᠪᠠᠭᠠᠵᠢ ᠳᠤ ᠶᠠᠰᠤ ᠴᠢᠨᠠᠷ ᠤᠨ ᠬᠢᠨᠠᠯᠲᠠ ᠲᠠᠯᠪᠢᠵᠤ | ᠪᠠᠶᠢᠴᠠᠭᠠᠯᠲᠠ ᠬᠢᠨ᠎ᠠ︔ ᠲᠦᠷᠪᠡ ᠳᠤ᠂ ᠰᠢᠩᠭᠡᠨᠵᠢᠮᠡᠯ ᠬᠡᠢ ᠶᠢᠨ ᠰᠠᠪᠠᠯᠠᠭᠰᠠᠨ ᠨᠢᠭᠡᠴᠢ ᠳᠤ ᠰᠠᠪᠠᠯᠠᠭᠰᠠᠨ ᠦᠢᠯᠡ | ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠠ︔ ᠲᠠᠪᠤ ᠳᠤ᠂ ᠰᠢᠩᠭᠡᠨᠵᠢᠮᠡᠯ ᠬᠡᠶ ᠶᠢ ᠰᠠᠪᠠᠯᠠᠭᠰᠠᠨ | ᠨᠢᠭᠡᠴᠢ ᠶᠢᠨ ᠰᠠᠪᠠᠯᠠᠭᠰᠠᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠠ︔ 50 ᠺᠢᠯᠣᠭ᠍ᠷᠠᠮ | ᠠᠷᠠᠳ ᠤᠨ ᠬᠡᠷᠡᠭᠯᠡᠭᠡᠨ ᠤ ᠬᠡᠢ ᠶᠢᠨ ᠯᠣᠩᠬᠤ᠂ ᠥᠪᠡᠷ ᠢᠶᠠᠨ ᠪᠠᠶᠢᠭ᠎ᠠ ᠪᠤᠰᠤ ᠬᠡᠢ ᠶᠢᠨ ᠯᠣᠩᠬᠤ᠂ ᠰᠢᠯᠭᠠᠨ | ᠪᠠᠶᠢᠴᠠᠭᠠᠭᠰᠠᠨ ᠬᠢᠷᠢ ᠲᠡᠩᠴᠡᠭᠰᠡᠨ ᠦᠭᠡᠢ ᠬᠡᠢ ᠶᠢᠨ ᠯᠣᠩᠬᠤ᠂ ᠬᠠᠶᠠᠭᠳᠠᠮᠠᠯ ᠬᠡᠢ ᠶᠢᠨ ᠲᠦᠩᠰᠡ ᠵᠡᠷᠭᠡ ᠦᠢᠯᠡ | ᠠᠵᠢᠯᠯᠠᠭ᠎ᠠ ᠳᠤ ᠴᠣᠬᠢᠯᠲᠠ ᠥᠭᠭᠦᠨ᠎ᠡ︔ ᠵᠢᠷᠭᠤᠭ᠎ᠠ ᠳᠤ᠂ ᠬᠡᠢ ᠶᠢᠨ ᠰᠠᠪᠠ ᠶᠢᠨ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠰᠢᠯᠭᠠᠨ ᠪᠠᠶᠢᠴᠠᠭᠠᠯᠭᠠᠬᠤ ᠦᠢᠯᠡ ᠠᠵᠢᠯᠯᠠᠭ᠎ᠠ ᠳᠤ ᠴᠠᠭ ᠲᠤᠬᠠᠶ ᠳᠤᠨᠢ | ᠰᠢᠯᠭᠠᠨ ᠪᠠᠶᠢᠴᠠᠭᠠᠯᠲᠠ ᠬᠢᠯᠭᠡᠨ᠎ᠡ᠃ | ︵ᠲᠠᠪᠤ︶ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶ᠎ᠠ᠃ ᠨᠢᠭᠡ ᠳᠤ | ᠨᠡᠭᠦᠷᠡᠰᠦᠨ ᠤ ᠪᠤᠰᠤ ᠠᠭᠤᠷᠬᠠᠶ᠂ ᠬᠢᠮᠢ ᠶᠢᠨ ᠠᠵᠤ ᠦᠢᠯᠡᠳᠪᠦᠷᠢ᠂ ᠠᠶᠤᠯᠲᠠᠶ ᠬᠢᠮᠢ ᠶᠢᠨ ᠪᠣᠳᠠᠰ ᠤᠨ ᠠᠵᠢᠯ | ᠲᠥᠷᠥᠯ ᠤᠨ ᠳᠣᠲᠣᠷᠠᠬᠢ ᠠᠵᠤ ᠠᠬᠤᠶᠢᠯᠠᠯ ᠤᠨ ᠰᠢᠲᠠᠮᠠᠬᠠᠶ ᠬᠡᠶ ᠬᠡᠷᠡᠭᠯᠡᠬᠦ ᠠᠮᠤᠷ ᠲᠦᠪᠰᠢᠨ ᠤ ᠳᠠᠯᠳᠠ ᠭᠡᠮ ᠢ | ᠵᠢᠭᠰᠠᠭᠠᠨ ᠪᠠᠶᠢᠴᠠᠭᠠᠵᠤ ᠵᠠᠰᠠᠬᠤ ᠵᠢᠴᠢ ᠠᠮᠤᠷ ᠲᠦᠪᠰᠢᠨ ᠢᠶᠠᠷ ᠬᠡᠢ ᠬᠡᠷᠡᠭᠯᠡᠬᠦ ᠮᠡᠳᠡᠯᠭᠡ ᠶᠢᠨ ᠤᠬᠠᠭᠤᠯᠭ᠎ᠠ ᠶᠢᠨ | ᠠᠵᠢᠯ ᠢ ᠬᠠᠷᠢᠭᠤᠴᠠᠨ᠎ᠠ︔ ᠬᠤᠶᠠᠷ ᠲᠤ᠂ ᠬᠠᠷᠢᠶ᠎ᠠ ᠠᠵᠢᠯ ᠲᠥᠷᠥᠯ ᠤᠨ ᠬᠦᠷᠢᠶᠡᠨ ᠳᠠᠬᠢ ᠡᠩ ᠤᠨ ᠰᠢᠲᠠᠮᠠᠬᠠᠶ ᠬᠡᠢ | ᠦᠢᠯᠡᠳᠪᠦᠷᠢᠯᠡᠬᠦ ᠠᠮᠤᠷ ᠲᠦᠪᠰᠢᠨ ᠤ ᠠᠳᠡᠯ ᠳᠤ ᠪᠠᠶᠢᠴᠠᠭᠠᠯᠲᠠ ᠬᠢᠵᠦ᠂ ᠪᠦᠬᠦ ᠲᠤᠭᠤᠷᠢᠭ ᠤᠨ ᠰᠢᠲᠠᠮᠠᠬᠠᠶ ᠬᠡᠢ | ᠦᠢᠯᠡᠳᠪᠦᠷᠢᠯᠡᠬᠦ ᠠᠮᠤᠷ ᠲᠦᠪᠰᠢᠨ ᠤ ᠠᠳᠡᠯ ᠢ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ᠃ | ︵ᠵᠢᠷᠭᠤᠭ᠎ᠠ︶ ᠲᠤᠭᠤᠷᠢᠭ ᠤᠨ ᠡᠨᠧᠷᠭᠢ ᠶᠢᠨ ᠲᠤᠪᠴᠢᠶ᠎ᠠ᠃ ᠨᠢᠭᠡ ᠳᠤ᠂ ᠨᠡᠭᠦᠷᠡᠰᠦ᠂ ᠴᠢᠯᠠᠭᠤᠨ ᠲᠣᠰᠣ᠂ | ᠪᠠᠶᠢᠭᠠᠯᠢ ᠶᠢᠨ ᠰᠢᠲᠠᠮᠠᠬᠠᠶ ᠬᠡᠶ᠂ ᠴᠠᠬᠢᠯᠭᠠᠨ ᠬᠦᠴᠦᠨ ᠤ ᠠᠵᠢᠯ ᠲᠥᠷᠥᠯ᠂ ᠰᠢᠨ᠎ᠡ ᠡᠨᠧᠷᠭᠢ ᠪᠠ ᠳᠠᠬᠢᠨ ᠡᠭᠦᠰᠴᠦ | ᠪᠣᠯᠬᠤ ᠡᠨᠧᠷᠭᠢ ᠵᠡᠷᠭᠡ ᠡᠨᠧᠷᠭᠢ ᠵᠢᠴᠢ ᠲᠣᠰᠣ ᠪᠣᠯᠪᠠᠰᠤᠷᠠᠭᠤᠯᠬᠤ᠂ ᠨᠡᠭᠦᠷᠡᠰᠦᠨ ᠤ ᠴᠢᠨᠠᠷᠲᠠᠶ ᠲᠦᠯᠡᠰᠢ ᠪᠠ | ᠲᠦᠯᠡᠰᠢ ᠶᠢᠨ ᠡᠲ᠋ᠢᠯ ᠠᠯᠺᠣᠤᠯ ᠵᠡᠷᠭᠡ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠠᠵᠢᠯ ᠲᠥᠷᠥᠯ ᠤᠨ | ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ︔ | ᠬᠤᠶᠠᠷ ᠲᠤ᠂ ᠰᠢᠲᠠᠮᠠᠬᠠᠶ ᠬᠡᠶ ᠶᠢᠨ ᠬᠤᠭᠤᠯᠠᠶ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠬᠠᠷᠢᠭᠤᠴᠠᠵᠤ᠂ ᠰᠢᠲᠠᠮᠠᠬᠠᠶ ᠬᠡᠶ ᠬᠦᠷᠭᠡᠬᠦ ᠬᠤᠭᠤᠯᠠᠶ ᠶᠢᠨ ᠬᠠᠮᠠᠭᠠᠯᠠᠯᠲᠠ ᠪᠠ ᠠᠶᠤᠯᠭᠦᠶ | ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ ᠵᠡᠷᠭᠡ ᠠᠵᠢᠯ ᠢ ᠥᠷᠨᠢᠭᠦᠯᠵᠦ᠂ ᠬᠤᠭᠤᠯᠠᠶ ᠶᠢᠨ ᠠᠮᠤᠷ | ᠲᠦᠪᠰᠢᠨ ᠢᠶᠠᠷ ᠠᠵᠢᠯᠯᠠᠬᠤ ᠶᠢ ᠪᠠᠲᠤᠯᠠᠨ᠎ᠠ᠃ | ︵ᠳᠣᠯᠤᠭ᠎ᠠ︶ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠃ ᠠᠵᠤ | ᠦᠢᠯᠡᠰ ᠤᠨ ᠬᠦᠷᠢᠶᠡᠯᠡᠩ ᠤᠨ ᠬᠠᠷᠢᠶ᠎ᠠ ᠲᠣᠭᠤᠷᠢᠭ ᠤᠨ ᠬᠡᠪᠴᠢᠶᠡᠨ ᠳᠣᠲᠣᠷᠠᠬᠢ ᠠᠵᠤ ᠠᠬᠤᠶᠢᠯᠠᠯ ︵ᠨᠡᠭᠦᠷᠡᠰᠦᠨ | ᠠᠭᠤᠷᠬᠠᠢ ᠪᠠᠭᠲᠠᠬᠤ ᠦᠭᠡᠢ︶ ᠰᠢᠲᠠᠮᠠᠬᠠᠶ ᠬᠡᠶ ᠶᠢᠨ ᠠᠶᠤᠯ ᠥᠬᠡᠶ ᠦᠢᠯᠡᠳᠪᠦᠷᠢᠯᠡᠯ ᠤᠨ ᠪᠠᠶᠢᠴᠠᠭᠠᠯᠲᠠ ᠶᠢ | ᠥᠷᠨᠢᠭᠦᠯᠵᠦ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠢᠲᠠᠮᠠᠬᠠᠶ ᠬᠡᠶ ᠬᠡᠷᠡᠭᠯᠡᠬᠦ ᠠᠵᠤ | ᠠᠬᠤᠶᠢᠯᠠᠯ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠵᠢᠴᠢ ᠠᠮᠤᠷ ᠲᠦᠪᠰᠢᠨ ᠢᠶᠠᠷ ᠬᠡᠶ | ᠬᠡᠷᠡᠭᠯᠡᠬᠦ ᠮᠡᠳᠡᠯᠭᠡ ᠶᠢᠨ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃ | ︵ᠨᠠᠢᠮᠠ︶ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃ ᠨᠢᠭᠡ ᠳᠤ᠂ ᠬᠠᠷᠢᠶ᠎ᠠ | ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠬᠠᠷᠢᠶ᠎ᠠ ᠣᠷᠣᠨ ᠤ ᠳᠣᠲᠣᠷ᠎ᠠ ᠰᠢᠩᠭᠡᠨᠵᠢᠮᠡᠯ ᠬᠡᠢ ᠶᠢ | ᠬᠠᠤᠯᠢ ᠲᠣᠭᠲᠠᠭᠠᠯ ᠠᠴᠠ ᠵᠥᠷᠢᠴᠡᠨ ᠬᠠᠳᠠᠭᠠᠯᠠᠬᠤ᠂ ᠡᠵᠡᠩᠨᠡᠬᠦ ᠵᠢᠴᠢ ᠰᠢᠲᠠᠮᠠᠬᠠᠶ ᠬᠡᠶ ᠶᠢᠨ ᠬᠤᠭᠤᠯᠠᠶ ᠶᠢᠨ | ᠲᠣᠤᠷ ᠤᠨ ᠲᠥᠬᠦᠭᠡᠷᠦᠮᠵᠢ ᠶᠢ ᠡᠪᠳᠡᠬᠦ ᠵᠡᠷᠭᠡ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠬᠠᠷᠢᠭᠤᠴᠠᠨ | ᠵᠣᠬᠢᠶᠠᠨ ᠪᠠᠶᠢᠭᠤᠯᠵᠤ ᠵᠢᠭᠰᠠᠭᠠᠨ ᠪᠠᠶᠢᠴᠠᠭᠠᠨ᠎ᠠ︔ ᠬᠤᠶᠠᠷ ᠲᠤ ᠰᠢᠲᠠᠮᠠᠬᠠᠶ ᠬᠡᠢ ᠶᠢ ᠡᠷᠦᠬᠡ ᠳᠤ ᠣᠷᠣᠭᠤᠯᠬᠤ | ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠶᠢ ᠬᠠᠷᠢᠭᠤᠴᠠᠨ ᠥᠷᠨᠢᠭᠦᠯᠵᠦ᠂ ᠭᠤᠤᠯᠳᠠᠯᠭ᠎ᠠ ᠨᠢ ᠥᠨᠥᠴᠢᠨ | ᠨᠠᠰᠤᠲᠠᠶ ᠬᠡᠷ ᠪᠦᠯᠢ᠂ ᠵᠡᠮᠳᠡᠭ ᠬᠥᠮᠦᠰ ᠪᠠ ᠲᠦᠷᠢᠶᠡᠰᠦᠨ ᠬᠡᠷ ᠪᠠᠶᠢᠰᠢᠩ ᠵᠢᠴᠢ ᠪᠠᠶᠢᠰᠢᠩ ᠬᠡᠷ ᠤᠨ ᠲᠣᠭᠤᠷᠢᠭ ᠤᠨ | ᠰᠢᠲᠠᠮᠠᠬᠠᠶ ᠬᠡᠶ ᠳᠤ ᠬᠡᠷᠡᠭᠯᠡᠬᠦ ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠵᠢᠴᠢ ᠴᠡᠭᠴᠡᠯᠡᠨ ᠵᠠᠰᠠᠵᠤ᠂ ᠥᠨᠴᠥᠭ | ᠪᠤᠯᠤᠩ ᠦᠯᠡᠳᠡᠭᠡᠬᠦ ᠥᠬᠡᠶ᠂ ᠪᠠᠯᠠᠶ ᠭᠠᠵᠠᠷ ᠦᠯᠡᠳᠡᠭᠡᠬᠦ ᠥᠬᠡᠶ᠂ ᠬᠠᠰᠢ ᠶᠠᠰᠢ ᠪᠠᠷ ᠥᠩᠭᠡᠷᠡᠭᠦᠯᠬᠦ ᠥᠬᠡᠶ | ᠪᠠᠶᠢᠬᠤ ᠶᠢ ᠦᠨᠡᠨ ᠬᠦ ᠪᠠᠲᠤᠯᠠᠨ᠎ᠠ︔ ᠭᠤᠷᠪᠠ ᠳᠤ᠂ ᠡᠯ᠎ᠡ ᠵᠦᠢᠯ ᠤᠨ ᠵᠠᠭᠤᠴᠢᠯᠠᠭᠤᠷ ᠢ ᠭᠦᠢᠴᠡᠳ ᠠᠰᠢᠭᠯᠠᠵᠤ᠂ | ᠤᠬᠠᠭᠤᠯᠭ᠎ᠠ ᠬᠥᠮᠦᠵᠢᠯ ᠢ ᠴᠢᠩᠭᠠᠳᠬᠠᠨ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠰᠠᠶᠢᠨ | ᠰᠠᠶᠢᠬᠠᠨ ᠠᠮᠤᠷ ᠲᠦᠪᠰᠢᠨ ᠤ ᠠᠭᠤᠷ ᠠᠮᠢᠰᠬᠤᠯ ᠢ ᠪᠣᠶ ᠪᠣᠯᠭᠠᠨ᠎ᠠ᠃ | ︵ᠶᠢᠰᠦ︶ ᠲᠤᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ᠃ ᠰᠢᠲᠠᠮᠠᠬᠠᠶ ᠬᠡᠶ ᠬᠡᠷᠡᠭᠯᠡᠬᠦ ᠰᠤᠷᠭᠠᠭᠤᠯᠢ᠂ | ᠰᠤᠷᠭᠠᠨ ᠬᠥᠮᠦᠵᠢᠯ ᠤᠨ ᠰᠢᠰᠲ᠋ᠧᠮ ᠤᠨ ᠬᠤᠭᠤᠯᠠᠨ ᠬᠡᠷ ᠠᠮᠤᠷ ᠲᠦᠪᠰᠢᠨ ᠤ ᠳᠠᠯᠳᠠ ᠬᠡᠮ ᠢ ᠥᠪᠡᠰᠦᠪᠡᠨ | ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠮᠡᠳᠡᠯᠭᠡ ᠶᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ | ᠪᠠᠶᠢᠭᠤᠯᠤᠨ ᠥᠷᠨᠢᠭᠦᠯᠵᠦ᠂ ᠬᠢᠴᠢᠶᠡᠯ ᠤᠨ ᠲᠠᠩᠬᠢᠮ ᠤᠨ ᠲᠠᠶᠢᠯᠪᠤᠷᠢᠯᠠᠯᠲᠠ᠂ ᠤᠬᠠᠭᠤᠯᠭ᠎ᠠ ᠶᠢᠨ ᠪᠤᠯᠤᠩ ᠨᠡᠭᠡᠭᠡᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠮᠡᠳᠡᠯᠭᠡ ᠶᠢ | ᠲᠦᠭᠡᠮᠡᠯᠵᠢᠭᠦᠯᠦᠨ᠎ᠡ᠃ | ︵ᠠᠷᠪᠠ︶ ᠲᠤᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠠ᠃ ᠬᠠᠷᠢᠶ᠎ᠠ ᠪᠦᠬᠦᠢ ᠳᠣᠲᠣᠭᠠᠳᠤ | ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ᠂ ᠣᠷᠤᠭ ᠳᠠᠩᠰᠠᠯᠠᠬᠤ ᠪᠠᠶᠢᠭᠤᠯᠤᠮᠵᠢ᠂ ᠣᠩᠭᠤᠨ ᠬᠦᠷᠢᠶᠡᠯᠡᠩ᠂ | ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ᠂ ᠠᠰᠠᠷᠠᠮᠵᠢ ᠪᠠ ᠰᠤᠭᠤᠯᠤᠭ᠎ᠠ ᠪᠣᠷᠣᠯᠠᠭᠤᠯᠤᠨ ᠬᠤᠳᠠᠯᠳᠤᠬᠤ᠂ | ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠬᠤᠷᠢᠶᠠᠨ ᠠᠪᠬᠤ ᠭᠠᠵᠠᠷ | ᠵᠡᠷᠭᠡ ᠪᠠᠶᠢᠭᠤᠯᠤᠮᠵᠢ ᠨᠤᠭᠤᠳ ᠲᠤ ᠰᠢᠲᠠᠮᠠᠬᠠᠶ ᠬᠡᠢ ᠬᠡᠷᠡᠭᠯᠡᠬᠦ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ | ᠪᠠᠶᠢᠴᠠᠭᠠᠵᠤ ᠵᠠᠰᠠᠬᠤ ᠵᠢᠴᠢ ᠠᠮᠤᠷ ᠲᠦᠪᠰᠢᠨ ᠢᠶᠠᠷ ᠬᠡᠢ ᠬᠡᠷᠡᠭᠯᠡᠬᠦ ᠮᠡᠳᠡᠯᠭᠡ ᠶᠢᠨ ᠤᠬᠠᠭᠤᠯᠭ᠎ᠠ ᠶᠢᠨ ᠠᠵᠢᠯ ᠬᠢᠬᠦ ᠶᠢ | ᠬᠠᠷᠢᠭᠤᠴᠠᠨ᠎ᠠ᠃ | ︵ᠠᠷᠪᠠᠨ ᠨᠢᠭᠡ︶ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠃ ᠬᠠᠷᠢᠶ᠎ᠠ ᠪᠦᠬᠦᠢ | ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ | ᠡᠮᠴᠢᠯᠡᠭᠡᠨ ᠤ ᠭᠠᠵᠠᠷ ᠵᠡᠷᠭᠡ ᠡᠯ᠎ᠡ ᠲᠥᠷᠥᠯ ᠤᠨ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠰᠢᠲᠠᠮᠠᠬᠠᠶ | ᠬᠡᠢ ᠬᠡᠷᠡᠭᠯᠡᠬᠦ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠵᠢᠴᠢ ᠠᠮᠤᠷ ᠲᠦᠪᠰᠢᠨ ᠢᠶᠠᠷ | ᠬᠡᠢ ᠬᠡᠷᠡᠭᠯᠡᠬᠦ ᠮᠡᠳᠡᠯᠭᠡ ᠶᠢᠨ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠃ | ᠰᠣᠶᠣᠯ ᠵᠤᠭ᠎ᠠ ᠴᠡᠩᠭᠡᠯ ᠤᠨ ᠭᠠᠵᠠᠷ ︵ᠨᠣᠮ ᠤᠨ ᠰᠠᠩ᠂ ᠰᠢᠨᠵᠢᠯᠡᠭᠡᠨ ᠤ ᠪᠤᠰᠤ ᠲᠥᠷᠥᠯ ᠤᠨ ᠪᠣᠯᠪᠠᠰᠤᠷᠠᠯ ᠤᠨ | ᠪᠠᠶᠢᠭᠤᠯᠤᠮᠵᠢ᠂ ᠴᠢᠴᠢᠬᠦᠷ ᠪᠥᠮᠪᠦᠭᠡ ᠶᠢᠨ ᠣᠷᠳᠣᠨ᠂ ᠰᠣᠶᠣᠯ ᠤᠨ ᠣᠷᠳᠣᠨ᠂ ᠤᠮᠪᠠᠯᠲᠠ ᠶᠢᠨ ᠣᠷᠳᠣᠨ᠂ ᠪᠡᠶ᠎ᠡ | ᠴᠢᠭᠢᠷᠠᠭᠵᠢᠭᠤᠯᠬᠤ ᠣᠷᠳᠣᠨ ᠵᠢᠴᠢ KTV ᠵᠡᠷᠭᠡ ᠵᠤᠭ᠎ᠠ ᠴᠡᠩᠭᠡᠯ ᠤᠨ ᠭᠠᠵᠠᠷ᠃︶ ᠢᠨᠲ᠋ᠧᠷ ᠰᠦᠯᠵᠢᠶᠡᠨ ᠳᠤ | ᠭᠠᠷᠬᠤ ᠦᠢᠯᠡᠴᠢᠯᠡᠭᠡᠨ ᠤ ᠲᠠᠯᠠᠪᠤᠷ᠂ ᠡᠯᠧᠺᠲᠷᠣᠨ ᠲᠣᠭᠯᠠᠭᠠᠮ ᠤᠨ ᠲᠠᠯᠠᠪᠤᠷ᠂ ᠠᠷᠠᠳ ᠤᠨ ᠣᠷᠣᠨ ᠰᠠᠭᠤᠴᠠ᠂ | ᠲᠠᠷᠢᠶᠠᠴᠢᠨ ᠠᠶᠢᠯ ᠤᠨ ᠵᠤᠭᠠᠴᠠᠯ᠂ ᠴᠠᠬᠢᠯᠭᠠᠨ ᠥᠷᠢᠰᠥᠯᠳᠦᠭᠡᠨ ᠤ ᠵᠣᠴᠢᠳ ᠤᠨ ᠪᠠᠭᠤᠳᠠᠯ ᠤᠨ ᠰᠢᠲᠠᠮᠠᠬᠠᠶ ᠬᠡᠶ | ᠬᠡᠷᠡᠭᠯᠡᠬᠦ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠵᠢᠴᠢ ᠠᠮᠤᠷ ᠲᠦᠪᠰᠢᠨ ᠢᠶᠠᠷ ᠬᠡᠶ | ᠬᠡᠷᠡᠭᠯᠡᠬᠦ ᠮᠡᠳᠡᠯᠭᠡ ᠶᠢᠨ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠲᠤᠭᠤᠷᠢᠭ ᠤᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶ᠎ᠠ᠃ ᠱᠠᠰᠢᠨ | ᠰᠤᠷᠲᠠᠬᠤᠨ ᠤ ᠲᠠᠯᠠᠪᠤᠷ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠰᠢᠲᠠᠮᠠᠬᠠᠶ ᠬᠡᠢ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠣᠰ ᠠᠵᠢᠯ ᠲᠥᠷᠥᠯ ᠤᠨ ᠬᠦᠷᠢᠶᠡᠨ ᠳᠤ ᠲᠦᠭᠰᠢᠭᠦᠷᠢ ᠶᠢ | ᠰᠤᠳᠤᠯᠤᠨ ᠮᠠᠭᠠᠳᠯᠠᠬᠤ ᠪᠠ ᠢᠯᠭᠠᠨ ᠲᠠᠨᠢᠬᠤ ᠶᠢ ᠬᠠᠷᠢᠭᠤᠴᠠᠨ ᠬᠢᠨᠠᠯᠲᠠ ᠲᠠᠯᠪᠢᠵᠤ᠂ ᠠᠶᠤᠯᠭᠦᠶ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠲᠥᠷᠥᠯ ᠤᠨ | ᠠᠶᠤᠯᠭᠦᠶ ᠶᠢᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠶᠤᠯᠭᠦᠶ ᠶᠢᠨ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠲᠣᠭᠲᠠᠮᠠᠯ | ᠬᠤᠭᠤᠴᠠᠭ᠎ᠠ ᠲᠠᠢ ᠪᠠᠷ ᠰᠣᠷᠢᠯᠲᠠ ᠶᠢ ᠵᠣᠬᠢᠶᠠᠨ ᠪᠠᠶᠢᠭᠤᠯᠤᠨ᠎ᠠ᠃ | ︵ᠠᠷᠪᠠᠨ ᠳᠥᠷᠪᠡᠳᠦᠭᠡᠷ︶ ᠲᠤᠭᠤᠷᠢᠭ ᠤᠨ ᠳᠣᠲᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ᠃ | ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠬᠠᠤᠯᠢ ᠪᠤᠰᠤ ᠪᠠᠷ ᠬᠠᠳᠠᠭᠠᠯᠠᠬᠤ᠂ | ᠪᠣᠷᠣᠯᠠᠭᠤᠯᠬᠤ᠂ ᠲᠡᠭᠡᠭᠡᠪᠦᠷᠢᠯᠡᠬᠦ᠂ ᠬᠤᠯᠠᠭᠠᠶᠢᠯᠠᠨ ᠬᠡᠷᠡᠭᠯᠡᠬᠦ᠂ ᠰᠢᠲᠠᠮᠠᠬᠠᠶ ᠬᠡᠢ ᠶᠢᠨ ᠪᠡᠯᠡᠳᠬᠡᠮᠵᠢ ᠶᠢ ᠡᠪᠳᠡᠬᠦ ᠵᠢᠴᠢ | ᠬᠠᠤᠯᠢ ᠬᠡᠷᠡᠭᠵᠢᠭᠦᠯᠬᠦ ᠶᠢ ᠬᠠᠷᠰᠢᠯᠠᠬᠤ᠂ ᠬᠦᠴᠦᠷᠬᠡᠭᠯᠡᠯ ᠢᠶᠠᠷ ᠬᠠᠤᠯᠢ ᠶᠢ ᠡᠰᠡᠷᠭᠦᠴᠡᠬᠦ ᠵᠡᠷᠭᠡ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ | ︵ᠠᠷᠪᠠᠨ ᠲᠠᠪᠤ︶ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠃ ᠬᠤᠲᠠ | ᠪᠠᠯᠭᠠᠰᠤ ᠶᠢᠨ ᠰᠢᠲᠠᠮᠠᠬᠠᠶ ᠬᠡᠶ ᠶᠢᠨ ᠠᠵᠤ ᠠᠬᠤᠶᠢᠯᠠᠯ᠂ ᠡᠵᠡᠩᠨᠡᠯᠲᠡ ᠶᠢᠨ ᠲᠠᠯᠠᠪᠤᠷ ᠥᠷᠲᠡᠭᠡ᠂ ᠰᠢᠲᠠᠮᠠᠬᠠᠶ ᠬᠡᠶ | ᠬᠡᠷᠡᠭᠯᠡᠬᠦ ᠡᠵᠡᠩᠨᠡᠯᠲᠡ ᠶᠢᠨ ᠲᠠᠯᠠᠪᠤᠷ ᠭᠠᠵᠠᠷ᠂ ᠣᠯᠠᠨ ᠨᠡᠶᠢᠲᠡ ᠶᠢᠨ ᠴᠤᠭᠯᠠᠷᠠᠬᠤ ᠲᠠᠯᠠᠪᠤᠷ ᠭᠠᠵᠠᠷ ᠵᠢᠴᠢ ᠰᠢᠲᠠᠮᠠᠬᠠᠶ | ᠬᠡᠶ ᠬᠠᠳᠠᠭᠠᠯᠠᠬᠤ ᠲᠠᠯᠠᠪᠤᠷ ᠭᠠᠵᠠᠷ ᠵᠡᠷᠭᠡ ᠳᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠬᠠᠤᠯᠢ | ᠶᠣᠰᠣᠭᠠᠷ ᠬᠠᠷᠢᠭᠤᠴᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠰᠢᠲᠠᠮᠠᠬᠠᠶ ᠬᠡᠶ ᠶᠢᠨ | ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠥᠷᠨᠢᠭᠦᠯᠦᠨ᠎ᠡ᠃ | ︵ᠠᠷᠪᠠᠨ ᠵᠢᠷᠭᠤᠭ᠎ᠠ︶ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠰᠠᠯᠪᠤᠷᠢ ᠠᠩᠭᠢ ᠶᠢᠨ ᠤᠳᠠ ᠶᠢᠨ ᠶᠡᠭᠡ ᠠᠩᠭᠢ᠃ ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠲᠥᠷᠥᠯ᠂ ᠮᠠᠰᠢᠨ | ᠲᠡᠷᠭᠡ ᠵᠢᠰᠦ ᠭᠤᠶᠣᠯᠠᠵᠤ ᠴᠢᠮᠡᠭᠯᠡᠬᠦ ᠵᠡᠷᠭᠡ ᠰᠡᠯᠪᠢᠨ ᠵᠠᠰᠠᠬᠤ ᠦᠢᠯᠡᠰ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠵᠢᠴᠢ ᠤᠳᠠ ᠲᠣᠭᠤᠷᠢᠭ ᠲᠤ ᠰᠢᠲᠠᠮᠠᠬᠠᠶ ᠬᠡᠶ ᠲᠡᠭᠡᠭᠡᠪᠦᠷᠢᠯᠡᠬᠦ | ᠠᠵᠢᠯ ᠢ ᠡᠷᠭᠢᠯᠡᠵᠦ ᠪᠠᠶᠢᠭ᠎ᠠ ᠠᠶᠤᠯᠲᠠᠶ ᠡᠳ᠋ ᠪᠠᠷᠠᠭᠠᠨ ᠤ ᠵᠠᠮ ᠲᠡᠭᠡᠭᠡᠪᠦᠷᠢ ᠶᠢᠨ ᠠᠵᠤ ᠠᠬᠤᠶᠢᠯᠠᠯ ᠪᠠ ᠪᠠᠷᠠᠭᠠᠨ ᠤ | ᠲᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠶᠤᠯᠲᠠᠶ ᠡᠳ᠋ ᠲᠡᠭᠡᠭᠡᠪᠦᠷᠢ ᠶᠢᠨ | ᠡᠵᠡᠩᠨᠡᠯᠲᠡ ᠶᠢᠨ ᠬᠢᠷᠢ ᠬᠡᠮ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ︵ᠠᠷᠪᠠᠨ ᠳᠣᠯᠤᠭ᠎ᠠ︶ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠃ ᠰᠢᠲᠠᠮᠠᠬᠠᠶ ᠬᠡᠢ ᠶᠢᠨ | ᠲᠡᠭᠡᠭᠡᠪᠦᠷᠢ ᠶᠢᠨ ᠲᠡᠷᠭᠡ ᠬᠥᠰᠬᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠬᠠᠤᠯᠢ ᠶᠣᠰᠣᠭᠠᠷ ᠬᠠᠷᠢᠭᠤᠴᠠᠵᠤ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠲᠤᠷᠠᠨ᠂ | ᠬᠠᠷᠢᠶ᠎ᠠ ᠭᠠᠵᠠᠷ ᠤᠨ ᠬᠠᠮᠢᠶᠠᠷᠤᠯᠲᠠ ᠡᠵᠡᠮᠳᠡᠯ ᠢ ᠨᠠᠶᠢᠳᠠᠪᠤᠷᠢᠵᠢᠭᠤᠯᠵᠤ᠂ ᠵᠡᠭᠡᠯᠢ ᠭᠤᠳᠤᠮᠵᠢ ᠪᠠᠷ ᠲᠣᠭᠤᠷᠢᠨ | ᠴᠠᠭᠳᠠᠵᠤ ᠡᠵᠡᠮᠳᠡᠬᠦ ᠪᠠ ᠵᠠᠮ ᠤᠨ ᠠᠭᠤᠯᠵᠠᠷ ᠤᠨ ᠬᠠᠰᠢᠯᠭ᠎ᠠ ᠶᠢ ᠴᠢᠩᠭᠠᠳᠬᠠᠵᠤ᠂ ᠯᠣᠩᠬᠤᠨ ᠳᠤ ᠰᠠᠪᠠᠯᠠᠭᠰᠠᠨ | ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢ ᠬᠠᠤᠯᠢ ᠪᠤᠰᠤ ᠪᠠᠷ ᠴᠢᠩᠭ᠎ᠠ ᠪᠠᠶᠢᠴᠠᠭᠠᠨ᠎ᠠ᠃ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠴᠢᠯᠠᠭᠤᠨ ᠲᠣᠰᠣᠨ ᠤ ᠰᠢᠩᠭᠡᠨᠵᠢᠮᠡᠯ | ᠬᠡᠢ ᠶᠢ ᠬᠠᠤᠯᠢ ᠪᠤᠰᠤ ᠪᠠᠷ ᠲᠡᠭᠡᠭᠡᠪᠦᠷᠢᠯᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ᠃ | ︵ᠠᠷᠪᠠᠨ ᠨᠠᠢᠮᠠ︶ ᠡᠯ᠎ᠡ ᠰᠢᠲᠠᠮᠠᠬᠠᠶ ᠬᠡᠢ ᠶᠢᠨ ᠠᠵᠤ ᠠᠬᠤᠶᠢᠯᠠᠯ᠃ ᠨᠢᠭᠡ ᠳᠤ᠂ ᠰᠢᠲᠠᠮᠠᠬᠠᠶ ᠬᠡᠶ ᠶᠢᠨ | ᠡᠵᠡᠩᠨᠡᠯᠲᠡ ᠶᠢᠨ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠣᠲᠣᠷᠠᠬᠢ ᠡᠯ᠎ᠡ ᠲᠠᠰ ᠤᠨ | ᠠᠶᠤᠯ ᠥᠬᠡᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ︔ ᠬᠤᠶᠠᠷ ᠲᠤ ᠠᠵᠤ | ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠤᠨ ᠬᠠᠷᠢᠭᠤᠴᠠᠯᠭ᠎ᠠ᠂ ᠬᠠᠷᠢᠭᠤᠴᠠᠯᠭ᠎ᠠ ᠶᠢᠨ ᠬᠡᠪᠴᠢᠶ᠎ᠡ ᠪᠠ ᠬᠢᠨᠠᠨ | ᠰᠢᠯᠭᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯᠲᠠᠨ ᠢ ᠪᠦᠷᠢᠨ ᠭᠦᠢᠴᠡᠳ ᠴᠢᠩᠭ᠎ᠠ ᠲᠣᠬᠢᠷᠠᠭᠤᠯᠤᠨ᠂ ᠠᠵᠢᠯ ᠤᠨ ᠪᠠᠶᠢᠷᠢ ᠶᠢᠨ ᠬᠥᠮᠦᠵᠢᠯ ᠪᠣᠯᠪᠠᠰᠤᠷᠠᠭᠤᠯᠤᠯ | ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠬᠢᠨᠠᠨ ᠰᠢᠯᠭᠠᠯᠲᠠ ᠶᠢ ᠴᠢᠩᠭᠠᠷᠠᠭᠤᠯᠤᠨ᠎ᠠ︔ ᠭᠤᠷᠪᠠ ᠳᠤ᠂ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ | ᠲᠤᠰᠠᠯᠠᠬᠤ ᠡᠩᠨᠡᠭᠡ ᠶᠢ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠦᠨ᠎ᠡ︔ ᠲᠠᠪᠤ ᠳᠤ᠂ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ᠂ ᠪᠣᠳᠠᠲᠠᠶ ᠡᠵᠡᠮᠳᠡᠵᠦ ᠪᠠᠶᠢᠭ᠎ᠠ ᠬᠥᠮᠦᠨ ᠤ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠠᠶᠤᠯ | ᠥᠬᠡᠶ ᠦᠢᠯᠡᠳᠪᠦᠷᠢᠯᠡᠯ ᠤᠨ ᠠᠵᠢᠯ ᠢ ᠲᠤᠰᠬᠠᠶ ᠰᠡᠳᠦᠪ ᠢᠶᠠᠷ ᠰᠤᠳᠤᠯᠤᠨ᠎ᠠ︔ ᠵᠢᠷᠭᠤᠭ᠎ᠠ ᠳᠤ᠂ ᠰᠢᠲᠠᠮᠠᠬᠠᠶ | ᠬᠡᠶ ᠶᠢᠨ ᠠᠵᠤ ᠠᠬᠤᠶᠢᠯᠠᠯ ᠤᠳ ᠰᠢᠲᠠᠮᠠᠬᠠᠶ ᠬᠡᠶ ᠬᠡᠷᠡᠭᠯᠡᠬᠦ ᠡᠷᠦᠬᠡ ᠶᠢ ᠰᠢᠮᠳᠠᠭᠤᠯᠵᠤ ᠪᠠᠶᠢᠭᠠᠳ ᠠᠮᠤᠷ | ᠲᠦᠪᠰᠢᠨ ᠢᠶᠠᠷ ᠰᠢᠲᠠᠮᠠᠬᠠᠶ ᠬᠡᠶ ᠬᠡᠷᠡᠭᠯᠡᠬᠦ ᠳᠦᠷᠢᠮ ᠢ ᠵᠢᠷᠤᠮᠯᠠᠭᠤᠯᠤᠨ᠂ ᠬᠢᠷᠢ ᠲᠡᠩᠴᠡᠭᠰᠡᠨ ᠰᠢᠲᠠᠮᠠᠬᠠᠶ ᠬᠡᠶ | ᠬᠡᠷᠡᠭᠯᠡᠬᠦ ᠡᠷᠦᠬᠡ ᠶᠢ ᠰᠢᠮᠳᠠᠭᠤᠯᠵᠤ ᠪᠠᠶᠢᠭᠠᠳ ᠰᠢᠲᠠᠮᠠᠬᠠᠶ ᠬᠡᠶ ᠶᠢᠨ ᠪᠠᠭᠠᠵᠢ ᠬᠡᠷᠡᠭᠰᠡᠯ ᠢ ᠳᠤᠷ᠎ᠠ ᠪᠠᠷ ᠢᠶᠠᠨ | ᠨᠤᠷᠠᠭᠠᠬᠤ᠂ ᠥᠭᠡᠷᠡᠴᠢᠯᠡᠬᠦ᠂ ᠤᠭᠰᠠᠷᠠᠬᠤ ᠪᠠ ᠠᠮᠤᠷ ᠲᠦᠪᠰᠢᠨ ᠤ ᠲᠣᠭᠲᠠᠭᠠᠯ ᠢ ᠵᠥᠷᠢᠴᠡᠨ ᠰᠢᠲᠠᠮᠠᠬᠠᠶ ᠬᠡᠶ ᠶᠢᠨ | ᠪᠠᠭᠠᠵᠢ ᠬᠡᠷᠡᠭᠰᠡᠯ ᠢ ᠤᠭᠰᠠᠷᠠᠵᠤ ᠬᠡᠷᠡᠭᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠴᠠᠭ ᠲᠤᠬᠠᠶ ᠳᠤᠨᠢ ᠵᠠᠯᠠᠷᠠᠭᠤᠯᠤᠨ᠎ᠠ᠃ | ᠳᠥᠷᠪᠡ᠂ ᠠᠵᠢᠯ ᠤᠨ ᠲᠣᠬᠢᠷᠠᠭᠤᠯᠤᠯᠲᠠ | ᠤᠳᠠ ᠲᠣᠭᠤᠷᠢᠭ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠳᠠᠯᠳᠠ ᠬᠡᠮ ᠢ ᠲᠤᠰᠬᠠᠶ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠶᠠᠭ ᠥᠷᠨᠢᠭᠦᠯᠵᠦ ᠪᠠᠶᠢᠭ᠎ᠠ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ | ᠴᠢᠯᠠᠭᠤᠨ ᠲᠣᠰᠣᠨ ᠤ ᠬᠡᠶ ᠶᠢᠨ ᠬᠠᠮᠢᠶᠠᠷᠤᠯᠲᠠ ᠶᠢᠨ ᠠᠵᠢᠯ ᠵᠢᠴᠢ ᠬᠦᠨᠳᠦ ᠶᠡᠭᠡ ᠠᠳᠡᠯ ᠤᠨ ᠳᠠᠯᠳᠠ ᠬᠡᠮ ᠢ | ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠲᠠᠢ ᠬᠠᠷᠢᠯᠴᠠᠨ ᠤᠶᠠᠯᠳᠤᠭᠤᠯᠵᠤ᠂ ᠨᠢᠭᠡᠳᠦᠯᠲᠡᠶ | ᠲᠥᠯᠥᠪᠯᠡᠨ ᠠᠬᠢᠭᠤᠯᠵᠤ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ | ︵ᠨᠢᠭᠡ︶᠂ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ︵2023 ᠣᠨ ᠤ 6 ᠰᠠᠷ᠎ᠠ ᠶᠢᠨ 22 ᠤᠨ | ᠡᠳᠦᠷ ᠠᠴᠠ 2023 ᠣᠨ ᠤ 7 ᠰᠠᠷ᠎ᠠ ᠶᠢᠨ 15 ᠤ ᠡᠳᠦᠷ ᠪᠣᠯᠲᠠᠯ᠎ᠠ᠃︶ ᠡᠯ᠎ᠡ ᠰᠠᠯᠠᠭ᠎ᠠ ᠮᠥᠴᠢᠷ ᠲᠣᠰ ᠣᠷᠣᠨ | ᠪᠦᠰᠡ᠂ ᠲᠣᠰ ᠠᠵᠢᠯ ᠲᠥᠷᠥᠯ ᠤᠨ ᠬᠦᠷᠢᠶ᠎ᠡ ᠴᠠᠷᠠᠭ᠎ᠠ᠂ ᠲᠣᠰ ᠨᠢᠭᠡᠴᠡ ᠶᠢᠨ ᠰᠢᠲᠠᠮᠠᠬᠠᠶ ᠬᠡᠶ ᠶᠢᠨ ᠬᠠᠮᠢᠶ᠎ᠠ ᠪᠥᠬᠦᠶ | ᠠᠵᠤ ᠠᠬᠤᠶᠢᠯᠠᠯ᠂ ᠰᠢᠲᠠᠮᠠᠬᠠᠶ ᠬᠡᠶ ᠶᠢᠨ ᠰᠠᠭᠤᠷᠢ ᠪᠡᠯᠡᠳᠬᠡᠮᠵᠢ᠂ ᠰᠢᠲᠠᠮᠠᠬᠠᠶ ᠬᠡᠶ ᠶᠢᠨ ᠠᠮᠤᠷ ᠲᠦᠪᠰᠢᠨ ᠤ | ᠠᠵᠢᠯᠯᠠᠭᠠᠨ ᠤ ᠪᠠᠶᠢᠳᠠᠯ ᠵᠡᠷᠭᠡ ᠳᠤ ᠪᠥᠬᠦ ᠲᠠᠯ᠎ᠠ ᠪᠠᠷ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠯᠲᠠ | ᠥᠷᠨᠢᠭᠦᠯᠵᠦ ᠂ ᠲᠣᠰ ᠬᠠᠷᠢᠶ᠎ᠠ ᠣᠷᠣᠨ᠂ ᠲᠣᠰ ᠠᠵᠢᠯ ᠲᠥᠷᠥᠯ ᠤᠨ ᠬᠦᠷᠢᠶ᠎ᠡ ᠴᠠᠷᠠᠭ᠎ᠠ᠂ ᠲᠣᠰ ᠨᠢᠭᠡᠴᠡ ᠶᠢᠨ | ᠰᠢᠲᠠᠮᠠᠬᠠᠶ ᠬᠡᠶ ᠶᠢᠨ ᠶᠡᠷᠦᠩᠬᠡᠶ ᠪᠠᠶᠢᠳᠠᠯ᠂ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠪᠠ ᠪᠠᠭᠤᠷᠠᠶ | ᠭᠤᠭᠴᠤᠭ᠎ᠠ ᠶᠢ ᠲᠣᠳᠣᠷᠬᠠᠶ ᠣᠶᠢᠯᠠᠭᠠᠬᠤ ᠶᠢᠨ ᠬᠠᠮᠲᠤ ᠡᠬᠡ ᠲᠠᠩᠰᠠ ᠶᠢᠨ ᠨᠠᠷᠢᠨ ᠲᠠᠩᠰᠠ ᠪᠠᠶᠢᠭᠤᠯᠤᠨ᠎ᠠ᠃ | ︵ᠬᠤᠶᠠᠷ︶᠂ ᠲᠥᠪᠯᠡᠷᠡᠭᠦᠯᠦᠨ ᠴᠡᠭᠴᠡᠯᠡᠨ ᠵᠠᠰᠠᠬᠤ ︵2023 ᠣᠨ ᠤ 7 ᠰᠠᠷ᠎ᠠ ᠶᠢᠨ 16 ᠤ | ᠡᠳᠦᠷ ᠠᠴᠠ 2023 ᠣᠨ ᠤ 7 ᠰᠠᠷ᠎ᠠ ᠶᠢᠨ ᠰᠡᠭᠦᠯᠴᠢ︶ ᠵᠢᠭᠰᠠᠭᠠᠨ ᠪᠠᠶᠢᠴᠠᠭᠠᠵᠤ ᠭᠠᠷᠭᠠᠭᠰᠠᠨ ᠬᠦᠨᠳᠦ ᠶᠡᠭᠡ | ᠳᠠᠯᠳᠠ ᠭᠡᠮ ᠤᠨ ᠠᠰᠠᠭᠤᠳᠠᠯ᠂ ᠡᠩ ᠤᠨ ᠳᠠᠯᠳᠠ ᠭᠡᠮ ᠤᠨ ᠠᠰᠠᠭᠤᠳᠠᠯ ᠢ ᠲᠡᠷᠡ ᠳᠠᠷᠤᠶ ᠳᠤᠨᠢ ᠬᠡᠷᠡᠭᠵᠢᠭᠦᠯᠵᠦ | ᠲᠡᠷᠡ ᠳᠠᠷᠤᠶ ᠳᠤᠨᠢ ᠥᠭᠡᠷᠡᠴᠢᠯᠡᠬᠦ ᠶᠢᠨ ᠬᠠᠮᠲᠤ ᠪᠡᠯᠡ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠪᠣᠯ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠲᠠᠢ ᠨᠢᠭᠡᠴᠢ ᠪᠣᠯᠤᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ | ᠲᠣᠳᠣᠷᠬᠠᠶᠢᠯᠠᠬᠤ ᠬᠡᠷᠡᠭᠲᠡᠢ᠃ ᠠᠰᠠᠭᠤᠳᠠᠯ ᠤᠨ ᠳᠠᠯᠳᠠ ᠭᠡᠮ ᠢ ᠬᠥᠳᠡᠯᠦᠩᠭᠦᠶ ᠪᠠᠷ ᠰᠢᠨᠡᠳᠬᠡᠵᠦ᠂ ᠰᠢᠰᠲ᠋ᠧᠮ ᠲᠠᠢ | ᠵᠠᠰᠠᠵᠤ᠂ ᠪᠦᠬᠦᠯᠢ ᠴᠣᠭᠴᠠ ᠪᠠᠷ ᠠᠬᠢᠭᠤᠯᠬᠤ ᠶᠢᠨ ᠬᠠᠮᠲᠤ ᠬᠢᠨᠠᠨ ᠵᠢᠯᠣᠭᠤᠳᠴᠤ ᠪᠠᠶᠢᠴᠠᠭᠠᠬᠤ᠂ ᠢᠯᠡ ᠪᠠᠷ | ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠬᠠᠮᠲᠤᠷᠠᠨ ᠬᠠᠤᠯᠢ ᠬᠡᠷᠡᠭᠵᠢᠭᠦᠯᠬᠦ᠂ ᠬᠢᠨᠠᠨ ᠰᠢᠯᠭᠠᠵᠤ ᠦᠨᠡᠯᠡᠨ | ᠵᠢᠱᠢᠬᠦ ᠂ ᠰᠡᠷᠡᠮᠵᠢᠯᠡᠭᠦᠯᠦᠨ ᠮᠡᠳᠡᠭᠡᠯᠡᠬᠦ ᠵᠡᠷᠭᠡ ᠠᠷᠭ᠎ᠠ ᠪᠠᠷᠢᠯ ᠢᠶᠠᠷ ᠴᠡᠭᠴᠡᠯᠡᠨ ᠵᠠᠰᠠᠵᠤ ᠪᠣᠭᠤᠮᠲᠠ ᠰᠢᠪᠲᠤᠯᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠶᠢ ᠪᠣᠳᠠᠲᠠᠶᠢᠵᠢᠭᠤᠯᠬᠤ᠂ ᠬᠦᠨᠳᠦ ᠶᠡᠭᠡ ᠳᠠᠯᠳᠠ ᠭᠡᠮ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶᠂ ᠪᠠᠬᠢᠵᠢᠭᠦᠯᠦᠨ ᠳᠡᠭᠡᠭᠰᠢᠯᠡᠭᠦᠯᠬᠦ ︵ᠤᠷᠲᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃︶ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠤᠮᠳᠠᠬᠢ ᠰᠠᠶᠢᠨ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠶ | ᠳ᠋ᠦᠩᠨᠡᠵᠦ᠂ ᠳᠦᠷᠢᠮ ᠲᠣᠭᠲᠠᠭᠠᠯ ᠪᠣᠯᠭᠠᠨ ᠴᠠᠭ ᠲᠤᠬᠠᠶ ᠳᠤᠨᠢ ᠳ᠋ᠦᠩᠨᠡᠨ ᠪᠣᠯᠪᠠᠰᠤᠷᠠᠭᠤᠯᠵᠤ᠂ ᠬᠤᠯᠠ ᠣᠶᠢᠷ᠎ᠠ ᠶᠢ | ᠤᠶᠠᠯᠳᠤᠭᠤᠯᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠨ ᠬᠤᠲᠠ | ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠨᠡᠶᠢᠭᠡᠮ ᠲᠣᠭᠤᠷᠢᠭ︶᠂ ᠡᠯ᠎ᠡ | ᠰᠠᠯᠠᠭ᠎ᠠ ᠮᠥᠴᠢᠷ᠂ ᠰᠢᠲᠠᠮᠠᠬᠠᠶ ᠬᠡᠶ ᠶᠢᠨ ᠠᠵᠤ ᠠᠬᠤᠶᠢᠯᠠᠯ ᠵᠢᠭᠰᠠᠭᠠᠨ ᠪᠠᠶᠢᠴᠠᠭᠠᠬᠤ ᠶᠢᠨ ᠳᠠᠭᠠᠤ ᠵᠠᠰᠠᠬᠤ ᠶᠢᠨ | ᠬᠠᠮᠲᠤ ᠭᠠᠷᠠᠭ ᠤᠨ ᠮᠡᠳᠡᠭᠦᠯᠦᠯᠲᠡ ᠶᠢᠨ ᠲᠦᠷᠢᠮ ᠢ ᠪᠠᠶᠢᠭᠤᠯᠵᠤ᠂ ᠭᠠᠷᠠᠭ ᠪᠦᠷᠢ ᠶᠢᠨ ᠭᠤᠷᠪᠠᠨ ᠤ ᠦᠳᠡ ᠶᠢᠨ | ᠬᠤᠶᠢᠨᠠᠬᠢ 16᠄ 00 ᠴᠠᠭ ᠠᠴᠠ ᠡᠮᠦᠨ᠎ᠡ ᠲᠣᠰ ᠭᠠᠷᠠᠭ ᠤᠨ ᠠᠵᠢᠯ ᠤᠨ ᠠᠬᠢᠴᠠ ᠶᠢᠨ ᠳᠠᠯᠳᠠ ᠬᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠪᠠᠶᠢᠳᠠᠯ ᠢ ᠤᠳᠠ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ | ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ ᠶᠢᠨ ᠠᠯᠪᠠᠨ | ᠬᠡᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ︵ᠬᠠᠷᠢᠯᠴᠠᠬᠤ ᠬᠥᠮᠦᠨ᠄ ᠰᠦᠨ ᠶᠦᠩ᠂ 6988258᠂ | ᠰᠢᠤᠳᠠᠨ ᠤ ᠬᠠᠶᠢᠷᠴᠠᠭ wdqrqzb@163.com᠃︶ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ ᠨᠢᠭᠡ ᠳᠤ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠪᠣᠳᠠᠲᠠᠶ ᠡᠵᠡᠮᠳᠡᠬᠦ ᠬᠥᠮᠦᠨ | ᠪᠣᠯ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠮᠥᠨ᠂ ᠡᠷᠬᠡᠪᠰᠢ ᠠᠶᠤᠯ | ᠥᠬᠡᠶ ᠦᠢᠯᠡᠳᠪᠦᠷᠢᠯᠡᠯ ᠤᠨ ᠤᠯᠠᠭᠠᠨ ᠱᠤᠭᠤᠮ ᠤᠨ ᠦᠵᠡᠯ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠶ ᠶᠢ | ᠪᠠᠲᠤ ᠪᠠᠬᠢ ᠪᠣᠶ ᠪᠣᠯᠭᠠᠵᠤ᠂ ᠠᠶᠤᠯ ᠥᠬᠡᠶ ᠦᠢᠯᠡᠳᠪᠦᠷᠢᠯᠡᠯ ᠢ ᠯᠠ ᠬᠠᠶᠢᠬᠤᠷᠤᠯ ᠥᠬᠡᠶ᠂ ᠯᠣᠩᠬᠤᠨ ᠳᠤ | ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠡᠵᠡᠩᠨᠡᠯᠲᠡ ᠶᠢᠨ ᠠᠵᠤ ᠠᠬᠤᠶᠢᠯᠠᠯ ᠨᠢ ᠰᠢᠲᠠᠮᠠᠬᠠᠶ | ᠬᠡᠶ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠵᠤ ᠪᠣᠯᠬᠤ ᠥᠬᠡᠶ᠂ ᠯᠣᠩᠬᠤᠨ ᠳᠤ | ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢ ᠡᠵᠡᠩᠨᠡᠬᠦ᠂ ᠬᠠᠳᠠᠭᠠᠯᠠᠬᠤ᠂ ᠰᠠᠪᠠᠯᠠᠬᠤ᠂ ᠲᠡᠭᠡᠭᠡᠪᠦᠷᠢᠯᠡᠬᠦ | ᠵᠡᠷᠭᠡ ᠲᠤᠬᠠᠶᠢᠯᠠᠭᠰᠠᠨ ᠠᠵᠢᠯ ᠢ ᠬᠠᠤᠯᠢ ᠲᠣᠭᠲᠠᠭᠠᠯ ᠶᠣᠰᠣᠭᠠᠷ ᠥᠷᠨᠢᠭᠦᠯᠵᠦ ᠪᠣᠯᠬᠤ ᠥᠬᠡᠶ︔ ᠬᠤᠶᠠᠷ ᠲᠤ᠂ | ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ ᠪᠦᠷᠢᠨᠰᠢᠭᠦᠯᠵᠦ᠂ ᠬᠠᠮᠢᠶᠠᠷᠤᠯᠲᠠ ᠶᠢᠨ | ᠠᠵᠢᠯᠲᠠᠨ ᠵᠢᠴᠢ ᠠᠵᠢᠯᠯᠠᠭᠤᠯᠬᠤ᠂ ᠬᠠᠮᠠᠭᠠᠯᠠᠬᠤ ᠪᠠ ᠵᠠᠪᠳᠤᠨ ᠵᠠᠰᠠᠬᠤ ᠠᠵᠢᠯᠲᠠᠨ ᠤ ᠠᠮᠤᠷ ᠲᠦᠪᠰᠢᠨ ᠤ | ᠬᠥᠮᠦᠵᠢᠯ ᠪᠣᠯᠪᠠᠰᠤᠷᠠᠭᠤᠯᠤᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ᠎ᠠ︔ ᠳᠥᠷᠪᠡ ᠳᠤ | ᠲᠥᠬᠦᠭᠡᠷᠦᠮᠵᠢ ᠲᠥᠬᠦᠭᠡᠷᠦᠮᠵᠢ ᠶᠢ ᠬᠠᠮᠠᠭᠠᠯᠠᠬᠤ ᠪᠠ ᠰᠢᠨᠡᠳᠬᠡᠨ ᠥᠭᠡᠷᠡᠴᠢᠯᠡᠬᠦ ᠶᠢ ᠴᠢᠩᠭᠠᠳᠬᠠᠵᠤ᠂ ᠴᠢᠬᠤᠯᠠ | ᠲᠥᠬᠦᠭᠡᠷᠦᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠪᠠᠶᠢᠴᠠᠭᠠᠯᠲᠠ ᠬᠢᠬᠦ ᠬᠡᠷᠡᠭᠲᠡᠶ︔ | ᠲᠦᠷᠪᠡ ᠳᠤ᠂ ᠬᠡᠷᠡᠭᠯᠡᠬᠦ ᠡᠷᠦᠬᠡ ᠶᠢᠨ ᠠᠶᠤᠯ ᠥᠬᠡᠶ ᠦᠢᠯᠡᠳᠪᠦᠷᠢᠯᠡᠯ ᠤᠨ ᠱᠠᠭᠠᠷᠳᠠᠯᠭ᠎ᠠ ᠳᠤ ᠨᠡᠶᠢᠴᠡᠬᠦ | ᠦᠢᠯᠡᠳᠬᠦᠨ ᠢ ᠬᠠᠪᠰᠤᠷᠤᠨ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠠᠵᠤ | ᠠᠬᠤᠶᠢᠯᠠᠯ ᠨᠢ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ ᠦᠢᠯᠡᠳᠬᠦᠨ ᠢ ᠪᠣᠷᠣᠯᠠᠭᠤᠯᠵᠤ ᠪᠣᠯᠬᠤ | ᠦᠭᠡᠢ ᠃ | ︵ᠬᠤᠶᠠᠷ︶᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠬᠠᠮᠢᠶᠠᠷᠤᠯᠲᠠ ᠶᠢ ᠤᠬᠠᠮᠰᠠᠷ ᠠᠴᠠ ᠪᠠᠨ | ᠴᠢᠩᠭᠠᠳᠬᠠᠨ᠎ᠠ᠃ ᠨᠢᠭᠡ ᠳᠤ᠂ ᠬᠤᠭᠤᠯᠠᠢ ᠪᠠᠷ ᠳᠠᠮᠵᠢᠭᠤᠯᠬᠤ ᠰᠢᠲᠠᠮᠠᠬᠠᠢ ᠬᠡᠢ ᠪᠤᠶᠤ ᠯᠣᠩᠬᠤᠨ ᠳᠤ ᠰᠠᠪᠠᠯᠠᠭᠰᠠᠨ | ᠰᠢᠩᠭᠡᠨᠵᠢᠮᠡᠯ ᠴᠢᠯᠠᠭᠤᠨ ᠲᠣᠰᠣᠨ ᠤ ᠬᠡᠢ ᠬᠡᠷᠡᠭᠯᠡᠬᠦ ᠢᠳᠡᠭᠡᠨ ᠤᠮᠳᠠᠭᠠᠨ ᠤ ᠡᠵᠡᠩᠨᠡᠯᠲᠡ ᠶᠢᠨ ᠲᠠᠯᠠᠪᠤᠷ ᠭᠠᠵᠠᠷ᠂ | ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠨᠠᠰᠤᠲᠠᠨ ᠢ ᠠᠰᠠᠷᠠᠬᠤ | ᠬᠦᠷᠢᠶᠡᠯᠡᠩ᠂ ᠬᠤᠳᠠᠯᠳᠤᠭᠠᠨ ᠤ ᠪᠠ ᠣᠷᠣᠨ ᠰᠠᠭᠤᠴᠠ ᠶᠢᠨ ᠬᠤᠯᠢᠮᠠᠭ ᠴᠣᠭᠴᠠ᠂ ᠨᠢᠭᠡᠴᠡ ︵ᠪᠠᠷᠢᠯᠭ᠎ᠠ ᠶᠢᠨ | ᠭᠠᠵᠠᠷ ᠪᠠᠭᠲᠠᠨ᠎ᠠ︶ ᠶᠢᠨ ᠬᠤᠭᠤᠯᠠᠨ ᠭᠡᠷ ᠵᠡᠷᠭᠡ ᠬᠥᠮᠥᠨ ᠣᠯᠠᠨ ᠴᠤᠭᠯᠠᠷᠠᠳᠠᠭ ᠲᠠᠯᠠᠪᠤᠷ ᠲᠤ ᠪᠥᠬᠦ ᠲᠠᠯ᠎ᠠ ᠶᠢᠨ | ᠪᠠᠶᠢᠴᠠᠭᠠᠯᠲᠠ ᠬᠢᠨ᠎ᠡ᠃ ᠰᠢᠲᠠᠮᠠᠬᠠᠢ ᠬᠡᠢ ᠶᠢᠨ ᠬᠤᠭᠤᠯᠠᠢ ᠲᠣᠭᠲᠠᠭᠠᠯ ᠠᠴᠠ ᠵᠥᠷᠢᠴᠡᠨ ᠡᠵᠡᠯᠡᠭᠳᠡᠨ | ᠳᠠᠷᠤᠭᠳᠠᠭᠰᠠᠨ ᠂ ᠪᠢᠲᠡᠭᠦᠮᠵᠢᠯᠡᠭᠰᠡᠨ ᠣᠷᠣᠨ ᠵᠠᠢ ᠪᠠᠷ ᠥᠩᠭᠡᠷᠡᠬᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ | ᠡᠵᠡᠩᠨᠡᠨ ᠬᠠᠮᠢᠶᠠᠷᠤᠭᠴᠢ᠂ ᠨᠢᠭᠡᠴᠡ ︵ᠪᠠᠷᠢᠯᠭ᠎ᠠ ᠶᠢᠨ ᠭᠠᠵᠠᠷ ᠪᠠᠭᠲᠠᠨ᠎ᠠ︶ ᠶᠢᠨ ᠬᠤᠭᠤᠯᠠᠨ ᠭᠡᠷ ᠨᠢ ᠲᠣᠭᠲᠠᠭᠠᠯ | ᠠᠴᠠ ᠵᠥᠷᠢᠴᠡᠨ 50 ᠺᠢᠯᠣᠭ᠍ᠷᠠᠮ ᠠᠴᠠ ᠳᠡᠭᠡᠭᠰᠢᠬᠢ ᠯᠠᠵᠠᠯᠠᠭᠰᠠᠨ ᠰᠢᠩᠭᠡᠵᠢᠭᠦᠯᠦᠭᠰᠡᠨ ᠴᠢᠯᠠᠭᠤᠨ ᠲᠣᠰᠣᠨ ᠤ | ᠬᠡᠢ ᠶᠢ ᠬᠡᠷᠡᠭᠯᠡᠨ ᠬᠤᠭᠤᠯᠠ ᠬᠢᠬᠦ ᠢᠯᠴᠢ ᠶᠢᠨ ᠢᠷᠡᠯᠲᠡ ᠪᠣᠯᠭᠠᠬᠤ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠨ᠎ᠠ︔ᠬᠤᠶᠠᠷ ᠲᠤ᠂ ᠰᠢᠲᠠᠮᠠᠬᠠᠢ ᠬᠡᠢ ᠬᠡᠷᠡᠭᠯᠡᠬᠦ ᠣᠷᠴᠢᠨ ᠲᠣᠭᠤᠷᠢᠨ ᠢ ᠴᠢᠩᠭ᠎ᠠ ᠪᠠᠶᠢᠴᠠᠭᠠᠬᠤ ᠳᠤ | ᠭᠤᠣᠯᠳᠠᠭᠤ ᠰᠢᠲᠠᠮᠠᠬᠠᠢ ᠬᠡᠢ ᠶᠢᠨ ᠲᠦᠩᠰᠡ ᠶᠢᠨ ᠬᠤᠭᠤᠷᠣᠨᠳᠣᠬᠢ ᠲᠣᠭᠲᠠᠭᠠᠯ ᠠᠴᠠ ᠵᠥᠷᠢᠴᠡᠨ ᠭᠠᠵᠠᠷ | ᠳᠣᠣᠷᠠᠬᠢ ᠥᠷᠥᠭᠡ ᠪᠠ ᠬᠠᠭᠠᠰ ᠭᠠᠵᠠᠷ ᠳᠣᠣᠷᠠᠬᠢ ᠥᠷᠥᠭᠡᠨ ᠳᠤ ᠪᠠᠶᠢᠷᠢᠯᠠᠭᠤᠯᠵᠤ᠂ ᠰᠢᠲᠠᠮᠠᠬᠠᠢ ᠬᠡᠢ ᠶᠢᠨ | ᠲᠦᠩᠰᠡ ᠶᠢ ᠭᠡᠷ ᠳᠣᠲᠣᠷᠠᠬᠢ ᠬᠤᠭᠤᠯᠠ ᠢᠳᠡᠬᠦ ᠭᠠᠵᠠᠷ᠂ ᠭᠠᠵᠠᠷ ᠳᠣᠣᠷᠠᠬᠢ᠂ ᠬᠠᠭᠠᠰ ᠭᠠᠵᠠᠷ ᠳᠣᠣᠷᠠᠬᠢ | ᠥᠷᠥᠭᠡ᠂ ᠭᠠᠵᠠᠷ ᠳᠡᠭᠡᠷᠡᠬᠢ ᠨᠢᠭᠲᠠ ᠪᠢᠲᠡᠭᠦᠮᠵᠢᠯᠡᠭᠰᠡᠨ ᠣᠷᠣᠨ ᠵᠠᠢ ᠳᠤ ᠪᠠᠶᠢᠭᠠᠯᠢ ᠶᠢᠨ ᠰᠢᠲᠠᠮᠠᠬᠠᠢ ᠬᠡᠢ ᠶᠢᠨ | ᠰᠠᠯᠬᠢ ᠭᠠᠷᠭᠠᠬᠤ ᠴᠢᠩᠭ᠎ᠠ ᠲᠥᠬᠦᠭᠡᠷᠦᠮᠵᠢ ᠦᠭᠡᠢ ᠲᠥᠬᠦᠭᠡᠷᠦᠮᠵᠢ ᠶᠢ ᠳᠤᠷ᠎ᠠ ᠪᠠᠷ ᠢᠶᠠᠨ ᠬᠡᠷᠡᠭᠯᠡᠬᠦ ᠳᠤ | ᠴᠢᠭᠯᠡᠭᠦᠯᠦᠨ᠎ᠡ︔ ᠭᠤᠷᠪᠠ ᠳᠤ᠂ ᠰᠢᠲᠠᠮᠠᠬᠠᠢ ᠬᠡᠢ ᠶᠢᠨ ᠥᠷᠥᠭᠡ ᠲᠣᠭᠲᠠᠭᠠᠯ ᠠᠴᠠ ᠵᠥᠷᠢᠴᠡᠨ ᠬᠤᠶᠠᠷ ᠠᠴᠠ | ᠳᠡᠭᠡᠭᠰᠢ ᠵᠦᠢᠯ ᠤᠨ ᠲᠦᠯᠡᠰᠢ ᠶᠢ ᠬᠡᠷᠡᠭᠯᠡᠵᠦ᠂ ᠬᠢᠷᠢ ᠲᠡᠩᠴᠡᠬᠦ ᠦᠭᠡᠢ ᠬᠡᠢ ᠶᠢᠨ ᠯᠣᠩᠬᠤ᠂ ᠵᠤᠤᠬ᠎ᠠ ᠶᠢᠨ | ᠬᠡᠷᠡᠭᠰᠡᠯ ᠢ ᠬᠡᠷᠡᠭᠯᠡᠨ᠂ ᠵᠥᠭᠡᠯᠡᠨ ᠬᠤᠭᠤᠯᠠᠢ ᠪᠠ ᠳᠠᠷᠤᠯᠲᠠ ᠪᠠᠭᠤᠷᠠᠭᠤᠯᠬᠤ ᠨᠡᠭᠡᠯᠡᠭᠡᠢ ᠶᠢ ᠬᠤᠯᠪᠣᠵᠤ ᠂ | ︽ᠭᠤᠷᠪᠠ ᠶᠢ ᠨᠡᠪᠲᠡᠷᠡᠭᠦᠯᠬᠦ︾ ᠶᠢ ᠳᠤᠷ᠎ᠠ ᠪᠠᠷ ᠢᠶᠠᠨ ᠵᠠᠯᠭᠠᠨ᠂ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ | ᠲᠥᠬᠦᠭᠡᠷᠦᠮᠵᠢ᠂ ᠲᠠᠰᠤᠯᠬᠤ ᠨᠡᠭᠡᠯᠡᠭᠡᠢ ᠵᠡᠷᠭᠡ ᠠᠮᠤᠷ ᠲᠦᠪᠰᠢᠨ ᠤ ᠲᠥᠬᠦᠭᠡᠷᠦᠮᠵᠢ ᠶᠢ ᠤᠭᠰᠠᠷᠠᠬᠤ ᠦᠭᠡᠢ ᠪᠤᠶᠤ | ᠤᠭᠰᠠᠷᠠᠭᠰᠠᠨ ᠨᠢ ᠣᠨᠣᠪᠴᠢ ᠦᠭᠡᠢ᠂ ᠬᠡᠷᠡᠭᠯᠡᠬᠦ ᠬᠡᠢ ᠶᠢᠨ ᠲᠥᠷᠥᠯ ᠵᠦᠢᠯ ᠨᠢ ᠨᠡᠶᠢᠴᠡᠬᠦ ᠦᠭᠡᠢ ᠪᠤᠶᠤ ᠴᠢᠳᠠᠮᠵᠢ | ᠨᠢ ᠬᠤᠭᠤᠴᠠᠭ᠎ᠠ ᠠᠴᠠ ᠪᠠᠨ ᠬᠡᠲᠦᠷᠡᠭᠡᠳ ᠦᠢᠯᠡᠳᠦᠯ ᠢᠶᠠᠨ ᠠᠯᠳᠠᠭᠰᠠᠨ᠂ ᠭᠠᠯ ᠤᠨᠲᠠᠷᠠᠭᠠᠬᠤ ᠮᠡᠷᠭᠡᠵᠢᠯ ᠤᠨ | ᠪᠠᠷᠢᠮᠵᠢᠶ᠎ᠠ ᠪᠠ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠬᠦ ᠦᠭᠡᠢ᠂ ᠬᠢᠷᠢ ᠲᠡᠩᠴᠡᠬᠦ ᠦᠭᠡᠢ ᠭᠠᠯ ᠤᠨᠲᠠᠷᠠᠭᠠᠬᠤ | ᠦᠢᠯᠡᠳᠬᠦᠨ ᠢ ᠬᠡᠷᠡᠭᠯᠡᠭᠰᠡᠨ ᠢ ᠪᠠᠶᠢᠴᠠᠭᠠᠨ᠎ᠠ︔ ᠳᠥᠷᠪᠡ ᠳᠤ ᠰᠢᠲᠠᠮᠠᠬᠠᠶ ᠬᠡᠶ ᠶᠢᠨ ᠨᠢᠭᠡᠴᠢ ᠬᠡᠷᠡᠭᠯᠡᠬᠦ ᠡᠷᠦᠬᠡ | ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠭᠰᠡᠨ ᠥᠬᠡᠶ᠂ ᠠᠵᠢᠯᠯᠠᠵᠤ ᠬᠠᠮᠠᠭᠠᠯᠠᠬᠤ ᠬᠥᠮᠦᠰ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ | ᠮᠡᠳᠡᠯᠭᠡ ᠪᠠ ᠠᠵᠢᠯᠯᠠᠬᠤ ᠤᠷ᠎ᠠ ᠴᠢᠳᠠᠪᠤᠷᠢ ᠳᠤ ᠪᠣᠯᠪᠠᠰᠤᠷᠠᠭᠤᠯᠤᠯ ᠬᠢᠭᠰᠡᠨ ᠥᠬᠡᠶ᠂ ᠡᠰᠡᠬᠦᠯ᠎ᠡ ᠬᠤᠳᠠᠯ ᠬᠡᠯᠡᠵᠦ | ᠬᠠᠭᠤᠷᠮᠠᠭᠯᠠᠨ ᠵᠣᠬᠢᠶᠠᠬᠤ ᠵᠡᠷᠭᠡ ᠲᠦᠭᠰᠢᠭᠦᠷᠢ ᠶᠢᠨ ᠳᠠᠯᠳᠠ ᠬᠡᠮ ᠢ ᠳᠤᠷ᠎ᠠ ᠪᠠᠷ ᠢᠶᠠᠨ ᠬᠡᠷᠡᠭᠯᠡᠭᠰᠡᠨ ᠢ | ᠪᠠᠶᠢᠴᠠᠭᠠᠨ᠎ᠠ ︔ | ︵ᠭᠤᠷᠪᠠ︶ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ | ᠭᠦᠢᠴᠡᠳᠬᠡᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠠᠵᠢᠯ ᠲᠥᠷᠥᠯ ᠢ ᠬᠠᠮᠢᠶᠠᠷᠬᠤ ᠳᠤ | ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠪᠠ ︽ᠬᠡᠨ ᠬᠢᠨᠠᠨ ᠵᠥᠪᠰᠢᠶᠡᠷᠡᠭᠰᠡᠨ ᠪᠣᠯ ᠲᠡᠷᠡ ᠬᠢᠨᠠᠨ | ᠬᠠᠮᠢᠶᠠᠷᠤᠭᠰᠠᠨ ᠪᠣᠯ ᠲᠡᠷᠡ ᠠᠮᠤᠷ ᠲᠦᠪᠰᠢᠨ ᠢ ᠬᠠᠷᠢᠭᠤᠴᠠᠬᠤ︾ ᠵᠠᠷᠴᠢᠮ ᠤᠨ ᠶᠣᠰᠣᠭᠠᠷ᠂ ᠰᠢᠲᠠᠮᠠᠬᠠᠶ ᠬᠡᠢ ᠶᠢᠨ | ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠬᠦ ᠬᠡᠷᠡᠭᠲᠡᠶ᠃ | ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠢᠨᠠᠨ ᠬᠠᠮᠢᠶᠠᠷᠴᠤ ᠪᠠᠶᠢᠭ᠎ᠠ ᠠᠵᠢᠯ | ᠲᠥᠷᠥᠯ ᠤᠨ ᠰᠢᠲᠠᠮᠠᠬᠠᠶ ᠬᠡᠶ ᠬᠡᠷᠡᠭᠯᠡᠬᠦ ᠢᠳᠡᠭᠡᠨ ᠤᠮᠳᠠᠭᠠᠨ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠠᠵᠤ | ᠠᠬᠤᠶᠢᠯᠠᠯ ᠢ ᠥᠪᠡᠷ ᠢ ᠪᠠᠨ ᠪᠠᠶᠢᠴᠠᠭᠠᠭᠰᠠᠨ ᠵᠢᠴᠢ ᠥᠪᠡᠰᠦᠪᠡᠨ ᠪᠠᠶᠢᠴᠠᠭᠠᠭᠰᠠᠨ ᠪᠠᠶᠢᠳᠠᠯ ᠢᠶᠠᠨ ᠢᠯᠡ ᠨᠡᠶᠢᠲᠡᠯᠡᠬᠦ | ᠬᠡᠷᠡᠭᠲᠡᠶ᠃ | ︵ᠲᠦᠷᠪᠡ︶ ᠡᠬᠢ ᠡᠭᠦᠰᠦᠯ ᠠᠴᠠ ᠨᠢ ᠠᠶᠤᠯ ᠲᠦᠭᠰᠢᠭᠦᠷᠢ ᠭᠡᠮ ᠰᠣᠭᠤᠭ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠎ᠠ᠃ ᠨᠢᠭᠡ ᠳᠤ ᠣᠲᠣ ᠶᠢᠨ ᠪᠠᠶᠢᠭ᠎ᠠ ᠰᠢᠲᠠᠮᠠᠬᠠᠶ ᠬᠡᠶ ᠶᠢᠨ ᠪᠠᠭᠠᠵᠢ᠂ ᠰᠢᠲᠠᠮᠠᠬᠠᠶ ᠬᠡᠶ ᠶᠢᠨ | ᠯᠡᠪᠡᠷᠡᠯᠲᠡ ᠶᠢᠨ ᠲᠦᠭᠰᠢᠭᠦᠷᠢ ᠮᠡᠳᠡᠭᠡᠯᠡᠬᠦ ᠮᠠᠰᠢᠨ᠂ ᠳᠠᠷᠤᠯᠲᠠ ᠶᠢ ᠪᠠᠭᠠᠰᠬᠠᠬᠤ ᠨᠡᠭᠡᠯᠡᠬᠡᠶ ᠵᠡᠷᠭᠡ ᠦᠢᠯᠡᠳᠭᠦᠨ ᠢ | ᠦᠢᠯᠡᠳᠪᠦᠷᠢᠯᠡᠬᠦ ᠪᠠ ᠪᠣᠷᠣᠯᠠᠭᠤᠯᠬᠤ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠵᠡᠩᠨᠡᠭᠴᠢ ᠶᠢᠨ | ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠭᠦ ᠶᠢ ᠰᠢᠪᠠᠳᠠᠨ ᠱᠠᠭᠠᠷᠳᠠᠵᠤ᠂ ᠡᠵᠡᠩᠨᠡᠭᠴᠢ ᠶᠢ | ᠰᠢᠮᠳᠠᠭᠤᠯᠵᠤ ᠪᠠᠶᠢᠭᠠᠳ ᠪᠣᠷᠣᠯᠠᠭᠤᠯᠬᠤ ᠲᠠᠪᠴᠠᠩ᠂ ᠲᠠᠯᠠᠪᠤᠷ ᠭᠠᠵᠠᠷ ᠲᠤ ᠱᠠᠭᠠᠷᠳᠠᠯᠭ᠎ᠠ ᠳᠤ ᠨᠡᠶᠢᠴᠡᠬᠦ ᠥᠬᠡᠶ | ᠰᠢᠲᠠᠮᠠᠬᠠᠶ ᠬᠡᠶ ᠶᠢᠨ ᠪᠠᠭᠠᠵᠢ᠂ ᠰᠢᠲᠠᠮᠠᠬᠠᠶ ᠬᠡᠶ ᠶᠢᠨ ᠯᠡᠪᠡᠷᠡᠯᠲᠡ ᠶᠢᠨ ᠲᠦᠭᠰᠢᠭᠦᠷᠢ ᠮᠡᠳᠡᠭᠡᠯᠡᠬᠦ ᠮᠠᠰᠢᠨ ᠵᠢᠴᠢ | ᠰᠡᠯᠪᠢᠭ ᠲᠣᠨᠤᠭ᠂ ᠳᠠᠷᠤᠯᠲᠠ ᠶᠢ ᠪᠠᠭᠠᠰᠬᠠᠬᠤ ᠨᠡᠭᠡᠯᠡᠬᠡᠶ ᠵᠡᠷᠭᠡ ᠦᠢᠯᠡᠳᠭᠦᠨ ᠢ ᠪᠣᠷᠣᠯᠠᠭᠤᠯᠵᠤ᠂ ᠴᠢᠬᠤᠯᠠ ᠪᠥᠬᠦᠶ | ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠭᠦᠯᠪᠡ︔ ᠭᠤᠷᠪᠠ ᠳᠤ᠂ ᠠᠮᠤᠷ ᠲᠦᠪᠰᠢᠨ ᠤ ᠪᠠᠷᠢᠮᠵᠢᠶ᠎ᠠ ᠳᠤ | ᠨᠡᠶᠢᠴᠡᠬᠦ ᠥᠬᠡᠶ ᠰᠢᠲᠠᠮᠠᠬᠠᠶ ᠬᠡᠶ ᠶᠢᠨ ᠪᠠᠭᠠᠵᠢ ᠵᠡᠷᠭᠡ ᠦᠢᠯᠡᠳᠬᠦᠨ ᠢ ᠦᠢᠯᠡᠳᠪᠦᠷᠢᠯᠡᠨ ᠪᠣᠷᠣᠯᠠᠭᠤᠯᠬᠤ | ᠭᠤᠭᠴᠤᠭ᠎ᠠ ᠳᠤ ᠬᠠᠤᠯᠢ ᠶᠣᠰᠣᠭᠠᠷ ᠴᠢᠩᠭ᠎ᠠ ᠰᠢᠢᠳᠬᠡᠨ᠎ᠡ᠃ | ︵ᠲᠠᠪᠤ︶ ᠪᠦᠬᠦ ᠲᠠᠯ᠎ᠠ ᠪᠠᠷ ᠪᠠᠶᠢᠴᠠᠭᠠᠵᠤ ᠴᠡᠭᠴᠡᠯᠡᠨ ᠵᠠᠰᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ | ᠪᠠᠯᠭᠠᠰᠤ᠂ ᠡᠯ᠎ᠡ ᠬᠡᠷᠡᠭ ᠡᠷᠬᠢᠯᠡᠬᠦ ᠭᠠᠵᠠᠷ᠂ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠪᠣᠳᠠᠲᠠᠶ ᠲᠠᠢ ᠪᠠᠨ | ᠤᠶᠠᠯᠳᠤᠭᠤᠯᠤᠨ᠂ ᠲᠣᠰ ᠣᠷᠣᠨ ᠪᠦᠰᠡ᠂ ᠲᠣᠰ ᠠᠵᠢᠯ ᠲᠥᠷᠥᠯ ᠤᠨ ᠬᠦᠷᠢᠶ᠎ᠡ ᠴᠠᠷᠠᠭ᠎ᠠ᠂ ᠲᠣᠰ | ᠨᠢᠭᠡᠴᠡ ᠶᠢᠨ ᠢᠶᠠᠨ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ | ᠦᠢᠯᠡᠳᠪᠦᠷᠢᠯᠡᠯ᠂ ᠡᠵᠡᠩᠨᠡᠯᠲᠡ᠂ ᠰᠠᠪᠠᠯᠠᠵᠤ ᠬᠠᠳᠠᠭᠠᠯᠠᠬᠤ᠂ ᠲᠡᠭᠡᠭᠡᠪᠦᠷᠢᠯᠡᠬᠦ᠂ ᠬᠡᠷᠡᠭᠯᠡᠬᠦ ᠵᠡᠷᠭᠡ ᠪᠥᠬᠦ ᠬᠡᠯᠬᠢᠶ᠎ᠡ᠂ | ᠪᠥᠬᠦ ᠶᠠᠪᠤᠴᠠ ᠳᠤ ᠣᠷᠣᠰᠢᠵᠤ ᠪᠠᠶᠢᠭ᠎ᠠ ᠪᠤᠰᠤᠳ ᠲᠦᠭᠰᠢᠭᠦᠷᠢ ᠶᠢᠨ ᠳᠠᠯᠳᠠ ᠬᠡᠮ ᠢ ᠪᠦᠬᠦᠨ ᠢ ᠬᠠᠮᠤᠷᠤᠨ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠲᠣᠰ ᠣᠷᠣᠨ ᠪᠦᠰᠡ᠂ ᠲᠣᠰ ᠠᠵᠢᠯ ᠲᠥᠷᠥᠯ ᠤᠨ ᠬᠦᠷᠢᠶ᠎ᠡ | ᠴᠠᠷᠠᠭ᠎ᠠ᠂ ᠲᠣᠰ ᠨᠢᠭᠡᠴᠡ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠭᠤᠤᠯᠳᠠᠯᠭ᠎ᠠ ᠲᠠᠢ | ᠠᠭᠤᠯᠭ᠎ᠠ ᠳᠤ ᠣᠷᠣᠭᠤᠯᠤᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠪᠠᠶᠢᠴᠠᠭᠠᠯᠲᠠ | ᠬᠢᠵᠦ᠂ ᠡᠬᠡ ᠲᠠᠩᠰᠠ ᠪᠠᠶᠢᠭᠤᠯᠤᠨ᠂ ᠴᠠᠭ ᠲᠤᠬᠠᠶ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠰᠢᠲᠠᠮᠠᠬᠠᠶ | ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠬᠠᠷᠢᠴᠠᠭᠤᠯᠤᠨ ᠳᠡᠭᠡᠭᠰᠢᠯᠡᠭᠦᠯᠬᠦ ᠬᠡᠷᠡᠭᠲᠡᠶ᠃ | ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ | ᠵᠠᠰᠠᠬᠤ ᠠᠵᠢᠯ ᠢ ᠥᠷᠨᠢᠭᠦᠯᠬᠦ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠣᠳᠣᠬᠠᠨ ᠤ ᠠᠮᠤᠷ ᠲᠦᠪᠰᠢᠨ ᠤ ᠪᠠᠶᠢᠳᠠᠯ ᠪᠠ ᠲᠣᠰ | ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠲᠠᠮᠠᠬᠠᠶ ᠬᠡᠶ ᠶᠢᠨ ᠠᠮᠤᠷ | ᠲᠦᠪᠰᠢᠨ ᠢ ᠪᠠᠲᠤᠯᠠᠬᠤ ᠶᠢ ︽ᠬᠤᠶᠠᠷ ᠢ ᠬᠠᠮᠠᠭᠠᠯᠠᠬᠤ︾ ᠶᠢ ᠡᠷᠡᠰ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ | ᠪᠣᠯᠭᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠠᠵᠢᠯᠲᠠᠨ ᠤ ᠠᠵᠢᠯ ᠤᠨ ᠬᠤᠪᠢᠶᠠᠷᠢᠯᠠᠯ ᠢ | ᠨᠠᠷᠢᠯᠢᠭᠵᠢᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ | ᠠᠬᠢᠭᠤᠯᠵᠤ᠂ ᠮᠠᠨ ᠤ ᠲᠤᠭᠤᠷᠢᠭ ᠤᠨ ᠰᠢᠲᠠᠮᠠᠬᠠᠶ ᠬᠡᠶ ᠶᠢᠨ ᠠᠵᠢᠯ ᠲᠥᠷᠥᠯ ᠤᠨ ᠠᠮᠤᠷ ᠲᠦᠪᠰᠢᠨ ᠤ ᠬᠢᠷᠢ | ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ | ︵ᠬᠤᠶᠠᠷ︶ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠎ᠠ᠃ ᠠᠵᠢᠯ ᠲᠥᠷᠥᠯ ᠤᠨ ᠠᠮᠤᠷ ᠲᠦᠪᠰᠢᠨ ᠤ | ᠲᠤᠰᠬᠠᠶ ᠴᠡᠭᠴᠡᠯᠡᠨ ᠵᠠᠰᠠᠬᠤ ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠠᠵᠢᠯ ᠤᠨ | ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯ ᠤᠨ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ | ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠨ᠂ ᠠᠶᠤᠯ ᠲᠦᠭᠰᠢᠭᠦᠷᠢ ᠪᠠ ᠪᠠᠭᠤᠷᠠᠶ ᠭᠤᠭᠴᠤᠭ᠎ᠠ ᠶᠢ ᠬᠠᠮᠢᠶᠠᠷᠤᠨ | ᠡᠵᠡᠮᠳᠡᠬᠦ ᠲᠠᠢ ᠨᠢᠭᠲᠠ ᠤᠶᠠᠯᠳᠤᠭᠤᠯᠤᠨ᠂ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠤᠰᠬᠠᠶ ᠴᠡᠭᠴᠡᠯᠡᠨ | ᠵᠠᠰᠠᠬᠤ ᠠᠵᠢᠯ ᠤᠨ ︽ᠪᠦᠬᠦᠨ ᠢ ᠬᠠᠮᠤᠷᠬᠤ︾᠂ ᠠᠳᠡᠯ ᠤᠨ ᠳᠠᠯᠳᠠ ᠬᠡᠮ ᠢ ︽ᠥᠴᠦᠬᠡᠨ ᠴᠦ ᠠᠭᠤᠴᠢᠯᠠᠬᠤ | ᠥᠬᠡᠶ︾ ᠪᠠᠶᠢᠬᠤ ᠶᠢ ᠦᠨᠡᠨᠬᠦ ᠪᠠᠲᠤᠯᠠᠵᠤ᠂ ᠠᠵᠢᠯ ᠲᠥᠷᠥᠯ ᠤᠨ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ ᠶᠢ | ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠵᠢᠯᠣᠭᠤᠳᠣᠯᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠬᠥᠳᠡᠯᠦᠩᠭᠦᠶ ᠪᠠᠷ | ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠪᠠᠨ ᠴᠢᠩᠭᠠᠳᠬᠠᠵᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ | ᠦᠨᠡᠨ ᠬᠦ ᠭᠦᠢᠴᠡᠳᠭᠡᠵᠦ᠂ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠵᠡᠷᠭᠡ ᠲᠤᠰᠬᠠᠶ ᠮᠡᠷᠭᠡᠵᠢᠯ ᠤᠨ | ᠬᠦᠴᠦᠨ ᠢ ᠵᠣᠬᠢᠶᠠᠨ ᠪᠠᠶᠢᠭᠤᠯᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠᠨ ᠴᠢᠩᠭᠠᠳᠬᠠᠵᠤ᠂ ᠠᠵᠢᠯ ᠤᠨ | ᠳᠤᠮᠳᠠ ᠢᠯᠡᠷᠡᠭᠰᠡᠨ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠵᠦ᠂ ᠠᠭᠲᠠ ᠶᠢᠨ ᠲᠠᠯ᠎ᠠ ᠪᠠᠷ | ᠴᠡᠴᠡᠭ ᠰᠣᠨᠢᠷᠬᠠᠬᠤ᠂ ᠬᠡᠯᠪᠡᠷᠢ ᠶᠢᠨ ᠲᠡᠳᠦᠶ ᠪᠠᠶᠢᠬᠤ ᠶᠢ ᠡᠷᠡᠰ ᠬᠤᠷᠢᠭᠯᠠᠬᠤ ᠬᠡᠷᠡᠭᠲᠡᠶ᠃ ᠡᠭᠦᠨ ᠤ ᠬᠠᠮᠲᠤ᠂ | ᠬᠦᠨᠳᠦ ᠶᠡᠭᠡ ᠳᠠᠯᠳᠠ ᠭᠡᠮ ᠤᠨ ᠠᠰᠠᠭᠤᠳᠠᠯ ᠢ ᠴᠢᠩᠭ᠎ᠠ ᠠᠩᠬᠠᠷᠴᠤ᠂ ᠡᠴᠦᠰ ᠲᠤᠨᠢ ᠲᠤᠯᠲᠠᠯ᠎ᠠ ᠠᠳᠬᠤᠵᠤ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠲᠦᠷᠪᠡ︶ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ᠃ ᠰᠢᠲᠠᠮᠠᠬᠠᠶ ᠬᠡᠶ ᠶᠢᠨ ᠦᠢᠯᠡᠳᠪᠦᠷᠢᠯᠡᠯ | ᠡᠵᠡᠩᠨᠡᠯᠲᠡ᠂ ᠲᠡᠭᠡᠭᠡᠪᠦᠷᠢ᠂ ᠬᠡᠷᠡᠭᠯᠡᠯᠲᠡ᠂ ᠪᠠᠷᠢᠯᠭ᠎ᠠ ᠪᠠᠷᠢᠬᠤ᠂ ᠬᠠᠳᠠᠭᠠᠯᠠᠬᠤ ᠵᠡᠷᠭᠡ ᠠᠵᠤ ᠠᠬᠤᠶᠢᠯᠠᠯ ᠤᠨ ᠠᠮᠤᠷ | ᠲᠦᠪᠰᠢᠨ ᠢ ᠴᠡᠭᠴᠡᠯᠡᠨ ᠵᠠᠰᠠᠬᠤ ᠠᠵᠢᠯ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠵᠠᠷᠯᠠᠨ | ᠮᠡᠳᠡᠭᠳᠡᠬᠦ᠂ ᠪᠣᠯᠵᠣᠨ ᠶᠠᠷᠢᠯᠴᠠᠬᠤ᠂ ᠰᠢᠳᠬᠡᠨ ᠲᠣᠷᠭᠠᠬᠤ ᠵᠡᠷᠭᠡ ᠪᠦᠲᠦᠮᠵᠢᠲᠡᠶ ᠠᠷᠭ᠎ᠠ ᠪᠠᠷᠢᠯ ᠢ ᠶᠡᠷᠦᠩᠬᠡᠶᠢᠯᠡᠨ | ᠬᠡᠷᠡᠭᠯᠡᠵᠦ᠂ ᠴᠡᠭᠴᠡᠯᠡᠨ ᠵᠠᠰᠠᠬᠤ ᠠᠵᠢᠯ ᠨᠢ ᠬᠦᠴᠦᠨ ᠥᠬᠡᠶ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ | ᠥᠬᠡᠶ᠂ ᠠᠷᠭ᠎ᠠ ᠬᠡᠮᠵᠢᠶ᠎ᠡ ᠨᠢ ᠬᠦᠴᠦᠨ ᠥᠬᠡᠶ᠂ ᠬᠦᠨᠳᠦ ᠶᠡᠭᠡ ᠠᠰᠠᠭᠤᠳᠠᠯ ᠤᠨ ᠳᠠᠯᠳᠠ ᠬᠡᠮ ᠢ ᠴᠡᠭᠴᠡᠯᠡᠨ | ᠰᠠᠶᠢᠵᠢᠷᠠᠭᠤᠯᠤᠭᠰᠠᠨ ᠨᠢ ᠪᠣᠳᠠᠲᠠᠶ ᠪᠢᠰᠢ᠂ ᠬᠦᠨᠳᠦ ᠶᠡᠭᠡ ᠠᠰᠠᠭᠤᠳᠠᠯ ᠤᠨ ᠳᠠᠯᠳᠠ ᠬᠡᠮ ᠢ ᠴᠡᠭᠴᠡᠯᠡᠨ | ᠰᠠᠶᠢᠵᠢᠷᠠᠭᠤᠯᠤᠭᠰᠠᠨ ᠨᠢ ᠪᠣᠳᠠᠲᠠᠶ ᠪᠢᠰᠢ ᠵᠢᠴᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ | ᠪᠠᠶᠢᠭ᠎ᠠ ᠠᠵᠤ ᠠᠬᠤᠶᠢᠯᠠᠯ ᠳᠤ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠲᠤᠰᠬᠠᠶ ᠴᠡᠭᠴᠡᠯᠡᠨ | ᠵᠠᠰᠠᠬᠤ ᠠᠵᠢᠯ ᠤᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠤᠳᠠ ᠲᠣᠭᠤᠷᠢᠭ ᠤᠨ ᠬᠡᠰᠡᠭ ᠵᠡᠭᠡᠯᠢ ᠭᠤᠳᠤᠮᠵᠢ᠂ | ᠨᠡᠶᠢᠭᠡᠮ ᠲᠣᠭᠤᠷᠢᠭ ᠤᠨ ᠪᠠᠶᠢᠷᠢᠯᠠᠭᠤᠯᠤᠯᠲᠠ ᠶᠢ ᠲᠣᠬᠢᠷᠠᠭᠤᠯᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ | ᠲᠤᠬᠠᠶ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ᠡᠳᠦᠭᠡ ︽ᠤᠳᠠ ᠲᠣᠭᠤᠷᠢᠭ ᠤᠨ ᠬᠡᠰᠡᠭ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ | ᠪᠠᠶᠢᠷᠢᠯᠠᠭᠤᠯᠤᠯᠲᠠ ᠶᠢ ᠲᠣᠬᠢᠷᠠᠭᠤᠯᠬᠤ ᠠᠵᠢᠯ ᠤᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ | ᠲᠤᠤᠱᠯᠠᠭᠤᠯᠤᠨ ᠬᠡᠷᠡᠭᠵᠢᠭᠦᠯᠲᠦᠭᠡᠶ᠃ | 2023 ᠣᠨ ᠤ 9 ᠰᠠᠷ᠎ᠠ ᠶᠢᠨ 1 ᠤ ᠡᠳᠦᠷ | ᠤᠳᠠ ᠲᠤᠭᠤᠷᠢᠭ ᠤᠨ ᠬᠡᠰᠡᠭ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠪᠠᠶᠢᠷᠢᠯᠠᠭᠤᠯᠤᠯᠲᠠ ᠶᠢ ᠲᠣᠬᠢᠷᠠᠭᠤᠯᠬᠤ | ᠠᠵᠢᠯ ᠤᠨ ᠲᠥᠰᠦᠯ | ᠬᠤᠲᠠ ᠶᠢᠨ ᠵᠠᠰᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠬᠤᠲᠠ ᠶᠢᠨ ᠨᠡᠶᠢᠭᠡᠮ ᠲᠣᠭᠤᠷᠢᠭ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ | ᠵᠢᠷᠤᠮᠵᠢᠭᠤᠯᠬᠤ ᠶᠢᠨ ᠲᠥᠯᠥᠭᠡ᠂ ︽ᠨᠠᠮ ᠤᠨ ᠪᠠᠶᠢᠭᠤᠯᠤᠯᠲᠠ ᠶᠢ ᠭᠦᠨᠵᠡᠭᠡᠶ ᠬᠡᠷᠡᠭᠵᠢᠭᠦᠯᠵᠦ ᠦᠨᠳᠦᠰᠦᠨ | ᠱᠠᠲᠤᠨ ᠤ ᠵᠠᠰᠠᠯᠲᠠ ᠶᠢᠨ ︿ᠵᠢᠷᠭᠤᠭᠠᠨ ᠶᠡᠭᠡ ᠢᠨᠵᠧᠨᠧᠷᠢᠩ﹀ ᠢ ᠬᠥᠲᠥᠯᠥᠨ ᠳᠠᠭᠠᠭᠤᠯᠬᠤ ᠲᠤᠬᠠᠶ ᠬᠡᠷᠡᠭᠵᠢᠭᠦᠯᠬᠦ | ᠲᠥᠰᠦᠯ︾ ᠳᠠᠬᠢ ︽ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠡᠪᠴᠢᠶ᠎ᠡ ᠶᠢ ᠰᠢᠯᠢᠳᠡᠭᠵᠢᠭᠦᠯᠦᠨ | ᠲᠣᠬᠢᠷᠠᠭᠤᠯᠬᠤ ︾ ᠱᠠᠭᠠᠷᠳᠠᠯᠭ᠎ᠠ ᠶᠣᠰᠣᠭᠠᠷ᠂ ᠤᠳᠠ ᠲᠣᠭᠤᠷᠢᠭ ᠤᠨ ᠡᠤ ᠬᠤ᠋ ᠱᠠᠨ ᠬᠡᠷᠡᠭ ᠡᠷᠬᠢᠯᠡᠬᠦ ᠭᠠᠵᠠᠷ ᠤᠨ | ᠣᠷᠣᠨ ᠪᠦᠰᠡ ᠶᠢᠨ ᠲᠠᠲᠠᠪᠤᠷᠢᠯᠠᠨ ᠨᠡᠭᠦᠯᠭᠡᠬᠦ ᠠᠵᠢᠯ ᠤᠨ ᠠᠬᠢᠴᠠ ᠲᠠᠢ ᠤᠶᠠᠯᠳᠤᠭᠤᠯᠤᠨ᠂ ᠣᠨᠴᠠᠭᠠᠶᠢᠯᠠᠨ | ᠠᠵᠢᠯ ᠤᠨ ᠲᠥᠰᠦᠯ ᠢ ᠲᠣᠭᠲᠠᠭᠠᠪᠠ᠃ | ᠨᠢᠭᠡ᠂ ᠦᠨᠳᠦᠰᠦᠨ ᠪᠠᠶᠢᠳᠠᠯ | ᠤᠳᠠ ᠲᠣᠭᠤᠷᠢᠭ ᠲᠤ ᠨᠡᠶᠢᠲᠡ 1 ᠪᠠᠯᠭᠠᠰᠤ᠂ 7 ᠵᠡᠭᠡᠯᠢ ᠭᠤᠳᠤᠮᠵᠢ ᠲᠠᠢ᠂ ᠳᠣᠣᠷ᠎ᠠ ᠨᠢ 1 ᠲᠣᠰᠬᠤᠨ᠂ | 21 ᠨᠡᠶᠢᠭᠡᠮ ᠲᠣᠭᠤᠷᠢᠭ ᠲᠠᠢ᠃ ᠡᠭᠦᠨ ᠳᠤ ᠲᠣᠬᠢᠷᠠᠭᠤᠯᠤᠯᠲᠠ ᠳᠤ ᠬᠤᠯᠪᠣᠭᠳᠠᠭᠰᠠᠨ ᠵᠡᠭᠡᠯᠢ ᠭᠤᠳᠤᠮᠵᠢ ᠳᠤ ᠡᠦ | ᠬᠤ᠋ ᠱᠠᠨ ᠬᠡᠷᠡᠭ ᠡᠷᠬᠢᠯᠡᠬᠦ ᠭᠠᠵᠠᠷ᠂ ᠪᠠᠶᠠᠨᠰᠠᠶᠢᠨ ᠬᠡᠷᠡᠭ ᠡᠷᠬᠢᠯᠡᠬᠦ ᠭᠠᠵᠠᠷ ᠪᠠ ᠪᠢᠨᠬᠠᠢ ᠬᠡᠷᠡᠭ ᠡᠷᠬᠢᠯᠡᠬᠦ ᠭᠠᠵᠠᠷ | ᠵᠡᠷᠭᠡ ᠪᠤᠢ᠃ ᠡᠦ ᠬᠤ᠋ ᠱᠠᠨ ᠤ ᠬᠡᠷᠡᠭ ᠡᠷᠬᠢᠯᠡᠬᠦ ᠭᠠᠵᠠᠷ ᠤᠨ ᠳᠣᠣᠷ᠎ᠠ ᠲᠢᠶᠧ ᠰᠢ ᠢᠦᠢ ᠬᠤᠩ ᠬᠤᠶᠠᠷ ᠨᠡᠶᠢᠭᠡᠮ | ᠲᠣᠭᠤᠷᠢᠭ ᠲᠤ ᠬᠠᠷᠢᠶᠠᠯᠠᠭᠳᠠᠵᠤ᠂ ᠬᠠᠷᠢᠶ᠎ᠠ ᠣᠷᠣᠨ ᠨᠢ 2821 ᠡᠷᠦᠬᠡ ᠶᠢ ᠲᠠᠲᠠᠪᠤᠷᠢᠯᠠᠨ ᠨᠡᠭᠦᠯᠭᠡᠬᠦ ᠳᠤ | ᠬᠤᠯᠪᠣᠭᠳᠠᠵᠤ᠂ ᠣᠳᠣᠬᠠᠨ ᠳᠤ ᠨᠢᠭᠡᠨᠲᠡ 2628 ᠡᠷᠦᠬᠡ ᠶᠢ ᠵᠥᠪᠳᠡᠯᠴᠡᠭᠡᠷ ᠢᠶᠠᠷ ᠨᠡᠭᠦᠯᠭᠡᠵᠦ᠂ ᠵᠢᠱᠢᠯᠲᠡ ᠪᠠᠷ | ᠰᠢᠨᠳᠠ ᠬᠡᠷᠡᠭ ᠡᠷᠬᠢᠯᠡᠬᠦ ᠭᠠᠵᠠᠷ ᠤᠨ ᠴᠠᠩ ᠳ᠋ᠠ ᠨᠡᠶᠢᠭᠡᠮ ᠲᠣᠭᠤᠷᠢᠭ ᠤᠨ ᠶᠢᠨ ᠬᠤ᠋ ᠪᠠᠭ᠎ᠠ ᠲᠣᠭᠤᠷᠢᠭ ︵900 | ᠢᠵᠢ︶᠂ ᠠᠢ ᠮᠢᠨ ᠨᠡᠶᠢᠭᠡᠮ ᠲᠣᠭᠤᠷᠢᠭ ᠤᠨ ᠵᠢᠶᠠ ᠮᠢᠩ ᠶᠠ ᠶᠤᠸᠠᠨ ︵490 ᠢᠵᠢ︶᠂ ᠪᠠᠶᠠᠨᠰᠠᠶᠢᠨ ᠬᠡᠷᠡᠭ | ᠡᠷᠬᠢᠯᠡᠬᠦ ᠭᠠᠵᠠᠷ ᠤᠨ ᠰᠢᠶᠠᠨ ᠹᠧᠩ ᠨᠡᠶᠢᠭᠡᠮ ᠲᠣᠭᠤᠷᠢᠭ ᠶᠢᠨ ᠶᠢᠨ ᠷᠦᠢ ᠪᠠᠭ᠎ᠠ ᠲᠣᠭᠤᠷᠢᠭ ︵560 ᠢᠵᠢ︶ ᠳᠤ | ᠲᠥᠪᠯᠡᠷᠡᠭᠦᠯᠦᠨ ᠲᠥᠪᠬᠢᠨᠡᠭᠦᠯᠬᠦ ᠪᠠᠷ ᠵᠢᠱᠢᠵᠦ ᠪᠠᠶᠢᠨ᠎ᠠ᠃ | ᠬᠤᠶᠠᠷ᠂ ᠲᠣᠬᠢᠷᠠᠭᠤᠯᠬᠤ ᠵᠠᠷᠴᠢᠮ | ︵ᠨᠢᠭᠡ ︶᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠨ᠂ ᠬᠠᠮᠢᠶᠠᠷᠬᠤ ᠳᠤ ᠳᠥᠭᠦᠮ | ᠦᠵᠡᠭᠦᠯᠦᠨ᠎ᠡ᠃ ᠣᠳᠣ ᠶᠢᠨ ᠪᠠᠶᠢᠭ᠎ᠠ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠢ | ᠪᠠᠲᠤᠯᠠᠬᠤ︶ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠤ ᠲᠤᠰᠢᠶᠠᠯ ᠤᠨ ᠲᠤᠭ᠎ᠠ ᠶᠢᠨ ᠶᠡᠷᠦᠩᠬᠡᠶ | ᠬᠡᠮᠵᠢᠶ᠎ᠡ᠂ ᠨᠡᠷᠡᠶᠢᠳᠦᠯ ᠨᠢ ᠬᠤᠪᠢᠷᠠᠬᠤ ᠥᠬᠡᠶ ᠪᠠᠶᠢᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠣᠷᠣᠨ | ᠪᠠᠶᠢᠷᠢ ᠨᠢ ᠬᠥᠷᠰᠢ ᠵᠡᠷᠭᠡᠯᠡᠳᠡᠭᠡ ᠪᠠᠶᠢᠬᠤ ᠵᠠᠷᠴᠢᠮ ᠢ ᠳᠣᠪᠤᠶᠢᠯᠭᠠᠨ᠂ ᠪᠠᠭ᠎ᠠ ᠲᠣᠬᠢᠷᠠᠭᠤᠯᠤᠯᠲᠠ ᠬᠢᠵᠦ ᠶᠡᠬᠡᠪᠡᠷ | ᠲᠣᠭᠲᠠᠭᠤᠨ ᠪᠠᠶᠢᠯᠭᠠᠬᠤ ᠰᠠᠭᠤᠷᠢᠨ ᠳᠡᠭᠡᠷ᠎ᠡ᠂ ᠨᠡᠶᠢᠭᠡᠮ ᠲᠣᠭᠤᠷᠢᠭ ᠤᠨ ᠪᠦᠬᠦᠯᠢ ᠴᠣᠭᠴᠠ ᠪᠠᠷ ᠬᠤᠪᠢᠶᠠᠷᠢᠯᠠᠬᠤ ᠪᠠ | ᠵᠠᠮ ᠢᠶᠠᠷ ᠵᠠᠭᠠᠭ ᠪᠣᠯᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠤᠨ ᠲᠣᠬᠢᠷᠠᠭᠤᠯᠤᠯᠲᠠ ᠬᠢᠨ᠎ᠠ᠃ | ︵ᠬᠤᠶᠠᠷ︶ ᠨᠢᠭᠡᠳᠦᠯᠲᠡᠢ ᠲᠥᠯᠥᠪᠯᠡᠨ ᠨᠡᠶᠢᠲᠡ ᠳᠤ ᠨᠢ ᠬᠠᠷᠠᠭᠠᠯᠵᠠᠬᠤ᠂ ᠶᠡᠷᠦᠩᠬᠡᠶᠢᠯᠡᠨ ᠲᠡᠩᠴᠡᠭᠦᠯᠬᠦ ᠶᠢ | ᠪᠠᠷᠢᠮᠲᠠᠯᠠᠨ᠎ᠠ᠃ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠰᠢᠨ᠎ᠡ ᠬᠦᠰᠡᠯ ᠡᠷᠡᠮᠡᠯᠵᠡᠯ ᠳᠤ | ᠨᠡᠶᠢᠴᠡᠭᠦᠯᠵᠦ᠂ ᠰᠠᠭᠤᠭᠠᠯᠢ ᠠᠷᠠᠳ ᠤᠨ ᠮᠡᠳᠡᠷᠡᠨ ᠵᠥᠪᠰᠢᠶᠡᠷᠡᠬᠦ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠪᠠ ᠬᠥᠮᠦᠨ ᠠᠮᠠ ᠶᠢᠨ ᠬᠡᠪᠴᠢᠶ᠎ᠡ ᠵᠡᠷᠭᠡ ᠬᠦᠴᠦᠨ ᠵᠦᠢᠯ ᠢ ᠬᠠᠮᠲᠤ ᠳᠤᠨᠢ ᠬᠠᠷᠠᠭᠠᠯᠵᠠᠵᠤ᠂ | ᠵᠦᠭᠰᠢᠷᠡᠭᠦᠯᠦᠨ ᠨᠡᠶᠢᠯᠡᠭᠦᠯᠵᠦ᠂ ᠰᠢᠯᠢᠳᠡᠭᠵᠢᠭᠦᠯᠦᠨ ᠲᠣᠬᠢᠷᠠᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ ᠬᠡᠷᠡᠭᠲᠡᠶ᠃ | ︵ᠭᠤᠷᠪᠠ︶ ᠬᠠᠤᠯᠢ ᠶᠣᠰᠣᠭᠠᠷ ᠡᠮᠬᠢ ᠵᠢᠷᠤᠮ ᠲᠠᠢ᠂ ᠯᠠᠪᠳᠠᠭᠤᠨ ᠢᠶᠠᠷ ᠠᠬᠢᠭᠤᠯᠬᠤ ᠶᠢ ᠪᠠᠷᠢᠮᠲᠠᠯᠠᠨ᠎ᠠ᠃ | ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢ ᠴᠢᠩᠳᠠᠯᠠᠵᠤ᠂ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠩᠭᠠᠳᠬᠠᠵᠤ᠂ ᠲᠣᠭᠲᠠᠭᠤᠨ ᠪᠥᠭᠡᠳ ᠡᠮᠬᠢ ᠵᠢᠷᠤᠮ ᠲᠠᠢ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠭᠤᠷᠪᠠ᠂ ᠲᠣᠬᠢᠷᠠᠭᠤᠯᠤᠯᠲᠠ ᠬᠢᠬᠦ ᠰᠠᠨᠠᠭᠤᠯᠭ᠎ᠠ | ᠡᠮᠦᠨᠡᠬᠢ ᠬᠤᠭᠤᠴᠠᠭᠠᠨ ᠤ ᠭᠦᠨᠵᠡᠭᠡᠶ ᠪᠠᠶᠢᠴᠠᠭᠠᠨ ᠰᠤᠳᠤᠯᠤᠯᠲᠠ ᠵᠢᠴᠢ ᠣᠯᠠᠨ ᠤᠳᠠᠭ᠎ᠠ ᠶᠠᠷᠢᠯᠴᠠᠨ | ᠰᠣᠯᠢᠯᠴᠠᠬᠤ᠂ ᠰᠠᠨᠠᠯ ᠬᠤᠷᠢᠶᠠᠬᠤ ᠪᠠᠷ ᠳᠠᠮᠵᠢᠭᠤᠯᠤᠨ᠂ ᠡᠯ᠎ᠡ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ | ᠣᠷᠣᠨ ᠪᠠᠶᠢᠷᠢ᠂ ᠰᠠᠭᠤᠭᠠᠯᠢ ᠠᠷᠠᠳ ᠤᠨ ᠲᠠᠷᠬᠠᠯᠲᠠ᠂ ᠵᠡᠭᠡᠯᠢ ᠭᠤᠳᠤᠮᠵᠢ ᠶᠢᠨ ᠬᠤᠪᠢᠶᠠᠷᠢᠯᠠᠯ ᠵᠡᠷᠭᠡ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠦ᠋ ᠬᠤ᠋ ᠱᠠᠨ ᠬᠡᠷᠡᠭ ᠡᠷᠬᠢᠯᠡᠬᠦ ᠭᠠᠵᠠᠷ ︵ᠲᠢᠶᠧ ᠰᠢ ᠨᠡᠶᠢᠭᠡᠮ ᠲᠣᠭᠤᠷᠢᠭ᠂ | ᠢᠦᠶ ᠬᠤᠩ ᠨᠡᠶᠢᠭᠡᠮ ᠲᠣᠭᠤᠷᠢᠭ︶᠂ ᠪᠢᠨᠬᠠᠢ ᠬᠡᠷᠡᠭ ᠡᠷᠬᠢᠯᠡᠬᠦ ᠭᠠᠵᠠᠷ ︵ᠪᠢᠨᠬᠠᠢ ᠨᠡᠶᠢᠭᠡᠮ ᠲᠣᠭᠤᠷᠢᠭ᠂ | ᠪᠦᠯᠬᠦᠮᠳᠡᠯ ᠬᠤᠶᠢᠲᠤ ᠵᠠᠮ ᠤᠨ ᠨᠡᠶᠢᠭᠡᠮ ᠲᠣᠭᠤᠷᠢᠭ᠂ ᠱᠧᠩᠯᠢ ᠨᠡᠶᠢᠭᠡᠮ ᠲᠣᠭᠤᠷᠢᠭ︶᠂ ᠪᠠᠶᠠᠨᠰᠠᠶᠢᠨ ᠬᠡᠷᠡᠭ | ᠡᠷᠬᠢᠯᠡᠬᠦ ᠭᠠᠵᠠᠷ ︵ᠰᠢᠶᠠᠨ ᠹᠧᠩ ᠨᠡᠶᠢᠭᠡᠮ ᠲᠣᠭᠤᠷᠢᠭ᠂ ᠵᠣᠯ ᠵᠢᠷᠭᠠᠯᠲᠤ ᠨᠡᠶᠢᠭᠡᠮ ᠲᠣᠭᠤᠷᠢᠭ᠂ ᠪᠦᠯᠬᠦᠮᠳᠡᠯ | ᠨᠡᠶᠢᠭᠡᠮ ᠲᠣᠭᠤᠷᠢᠭ︶ ᠲᠤ ᠬᠤᠪᠢᠶᠠᠷᠢᠯᠠᠨ ᠲᠣᠬᠢᠷᠠᠭᠤᠯᠤᠯᠲᠠ ᠬᠢᠬᠦ ᠪᠠᠷ ᠲᠥᠯᠥᠪᠯᠡᠵᠦ ᠂ ᠪᠤᠰᠤᠳ ᠪᠠᠯᠭᠠᠰᠤ | ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠳᠤ ᠲᠣᠬᠢᠷᠠᠭᠤᠯᠤᠯᠲᠠ ᠬᠢᠬᠦ ᠥᠬᠡᠶ᠃ | ᠪᠣᠳᠠᠲᠠᠶ ᠪᠠᠷ ᠬᠡᠯᠡᠪᠡᠯ ᠳᠣᠣᠷᠠᠬᠢ ᠮᠡᠲᠦ᠄ | ︵ᠨᠢᠭᠡ︶ ᠡᠤ ᠬᠤ᠋ ᠱᠠᠨ ᠬᠡᠷᠡᠭ ᠡᠷᠬᠢᠯᠡᠬᠦ ᠭᠠᠵᠠᠷ ᠤᠨ ᠬᠠᠷᠢᠶᠠᠯᠠᠯ ᠤᠨ ᠣᠷᠣᠨ ᠳᠤ ᠲᠣᠬᠢᠷᠠᠭᠤᠯᠤᠯᠲᠠ ᠬᠢᠬᠦ | ᠰᠠᠨᠠᠭᠤᠯᠭ᠎ᠠ | ᠦ᠋ ᠬᠣ᠋ ᠱᠠᠨ ᠬᠡᠷᠡᠭ ᠡᠷᠬᠢᠯᠡᠬᠦ ᠭᠠᠵᠠᠷ ᠤᠨ ᠲᠢᠶᠧ ᠰᠢ ᠨᠡᠶᠢᠭᠡᠮ ᠲᠣᠭᠤᠷᠢᠭ᠂ ᠢᠦᠢ ᠬᠤᠩ ᠨᠡᠶᠢᠭᠡᠮ | ᠲᠣᠭᠤᠷᠢᠭ ᠤᠨ ᠪᠠᠶᠢᠭᠤᠯᠤᠮᠵᠢ ᠶᠢ ᠦᠯᠡᠳᠡᠭᠡᠵᠦ᠂ ᠪᠢᠨᠬᠠᠢ ᠬᠡᠷᠡᠭ ᠡᠷᠬᠢᠯᠡᠬᠦ ᠭᠠᠵᠠᠷ ᠤᠨ ᠱᠧᠩ ᠯᠢ ᠨᠡᠶᠢᠭᠡᠮ | ᠲᠣᠭᠤᠷᠢᠭ ᠢ ᠪᠦᠬᠦ ᠴᠠᠷᠠᠭ᠎ᠠ ᠪᠠᠷ ᠲᠢᠶᠧ ᠰᠢ ᠨᠡᠶᠢᠭᠡᠮ ᠲᠣᠭᠤᠷᠢᠭ ᠲᠤ ᠬᠠᠷᠢᠶᠠᠯᠠᠭᠤᠯᠵᠤ᠂ ᠨᠡᠶᠢᠭᠡᠮ ᠲᠣᠭᠤᠷᠢᠭ ᠤᠨ | ᠨᠡᠷᠡᠶᠢᠳᠦᠯ ᠢ ᠰᠢᠨ ᠶᠤᠸᠠᠢ ᠨᠡᠶᠢᠭᠡᠮ ᠲᠣᠭᠤᠷᠢᠭ ᠭᠡᠵᠦ ᠬᠠᠯᠠᠨ᠂ ᠪᠠᠶᠠᠨᠰᠠᠶᠢᠨ ᠬᠡᠷᠡᠭ ᠡᠷᠬᠢᠯᠡᠬᠦ ᠭᠠᠵᠠᠷ ᠤᠨ ᠰᠢᠶᠠᠨ | ᠹᠧᠩ ᠨᠡᠶᠢᠭᠡᠮ ᠲᠣᠭᠤᠷᠢᠭ ᠤᠨ ᠬᠡᠰᠡᠭ ᠣᠷᠣᠨ ᠪᠦᠰᠡ ᠳᠤ ᠢᠦᠢ ᠬᠤᠩ ᠨᠡᠶᠢᠭᠡᠮ ᠲᠣᠭᠤᠷᠢᠭ ᠲᠤ | ᠬᠠᠷᠢᠶᠠᠯᠠᠭᠤᠯᠵᠤ ᠂ ᠨᠡᠶᠢᠭᠡᠮ ᠲᠣᠭᠤᠷᠢᠭ ᠤᠨ ᠨᠡᠷᠡᠶᠢᠳᠦᠯ ᠢ ᠬᠤᠪᠢᠷᠠᠭᠤᠯᠬᠤ ᠦᠭᠡᠢ ᠪᠠᠶᠢᠬᠤ ᠶᠢ ᠰᠠᠨᠠᠭᠤᠯᠪᠠ᠃ | ᠪᠣᠳᠠᠲᠠᠢ ᠪᠠᠷ ᠬᠡᠯᠡᠪᠡᠯ᠄ | 1᠂ ᠰᠢᠨ ᠶᠤᠸᠠᠢ ᠨᠡᠢᠬᠡᠮ ᠲᠤᠭᠤᠷᠢᠭ ᠤᠨ ᠲᠦᠷᠪᠡ ᠵᠠᠬ᠎ᠠ ᠨᠢ ᠵᠡᠭᠦᠨᠰᠢ ᠪᠠᠨ ᠵᠢᠶᠧᠹᠠᠩ ᠵᠠᠮ ᠠᠴᠠ ᠡᠬᠢᠯᠡᠨ᠂ | ᠪᠠᠷᠠᠭᠤᠨ ᠠᠴᠠ ᠦᠬᠠᠢ ᠬᠤᠲᠠ ᠬᠢᠭᠡᠳ ᠠᠯᠠᠱᠠ ᠠᠶᠢᠮᠠᠭ ᠤᠨ ᠵᠠᠭᠠᠭ ᠱᠤᠭᠤᠮ ᠬᠦᠷᠲᠡᠯ᠎ᠡ᠂ ᠡᠮᠦᠨ᠎ᠡ ᠲᠠᠯ᠎ᠠ ᠨᠢ | ᠰᠢᠶᠠᠨ ᠹᠧᠩ ᠪᠠᠷᠠᠭᠤᠨ ᠵᠡᠭᠡᠯᠢ ᠠᠴᠠ ᠪᠠᠶᠠᠨᠰᠠᠶᠢᠨ ᠵᠡᠭᠡᠯᠢ ᠪᠠᠷ ᠵᠠᠭᠠᠭ ᠪᠣᠯᠭᠠᠨ᠂ ᠬᠤᠶᠢᠰᠢ ᠪᠠᠨ ᠷᠦᠨ ᠳ᠋ᠧ | ᠬᠥᠭᠦᠷᠭᠡ ᠨᠡᠭᠦᠷᠡᠰᠦ ᠲᠡᠭᠡᠭᠡᠪᠦᠷᠢᠯᠡᠬᠦ ᠶᠡᠭᠡ ᠵᠠᠮ ᠲᠠᠭᠤ ᠲᠡᠮᠦᠷ ᠵᠠᠮ ᠲᠠᠭᠠᠨ ᠹᠦ᠋ ᠰᠢᠩ ᠵᠠᠮ ᠲᠠᠢ ᠵᠠᠯᠭᠠᠵᠦ ᠯᠢᠶᠠᠩ | ᠵᠢᠶᠠ ᠭᠧᠦ ᠶᠢᠨ ᠦᠶᠡᠷ ᠵᠠᠯᠠᠬᠤ ᠰᠣᠪᠠᠭ ᠲᠠᠢ ᠵᠠᠯᠭᠠᠯᠳᠤᠨ᠎ᠠ᠃ ᠲᠣᠬᠢᠷᠠᠭᠤᠯᠤᠭᠰᠠᠨ ᠤ ᠳᠠᠷᠠᠭᠠᠬᠢ ᠶᠡᠷᠦᠩᠬᠡᠢ | ᠲᠠᠯᠠᠪᠠᠢ ᠨᠢ ᠪᠠᠷᠤᠭ 21 ᠲᠡᠭᠰᠢ ᠳᠥᠷᠪᠡᠯᠵᠢᠨ ᠮᠧᠲᠷ ᠪᠠᠶᠢᠵᠤ᠂ ᠪᠠᠶᠢᠩᠭᠤ ᠰᠠᠭᠤᠭ᠎ᠠ ᠬᠥᠮᠥᠨ ᠠᠮᠠ ᠨᠢ 2 800 | ᠡᠷᠦᠬᠡ᠂ 7 200 ᠬᠥᠮᠥᠨ ᠠᠮᠠ ᠲᠠᠢ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 7 | ᠬᠥᠮᠦᠨ ᠪᠠᠶᠢᠨ᠎ᠠ᠃ | 2. ᠢᠤᠢ ᠬᠤᠩ ᠨᠡᠶᠢᠭᠡᠮ ᠲᠤᠭᠤᠷᠢᠭ ᠤᠨ ᠳᠦᠷᠪᠡᠨ ᠵᠠᠬ᠎ᠠ ᠨᠢ ᠵᠢᠶᠧ ᠹᠠᠩ ᠵᠠᠮ ᠠᠴᠠ ᠡᠬᠢᠯᠡᠨ᠂ | ᠪᠠᠷᠠᠭᠤᠨ ᠠᠴᠠ ᠦᠬᠠᠢ ᠬᠤᠲᠠ ᠬᠢᠭᠡᠳ ᠠᠯᠠᠱᠠ ᠠᠶᠢᠮᠠᠭ ᠤᠨ ᠵᠠᠭᠠᠭ ᠱᠤᠭᠤᠮ ᠬᠦᠷᠲᠡᠯ᠎ᠡ᠂ ᠡᠮᠦᠨ᠎ᠡ ᠲᠠᠯ᠎ᠠ ᠨᠢ | ᠤᠷᠲᠤ ᠭᠤᠣ ᠠᠴᠠ ᠡᠬᠢᠯᠡᠨ᠂ ᠬᠤᠶᠢᠰᠢ ᠪᠠᠨ ᠰᠢᠶᠠᠨ ᠹᠧᠩ ᠪᠠᠷᠠᠭᠤᠨ ᠵᠡᠭᠡᠯᠢ ᠠᠴᠠ ᠪᠠᠶᠠᠨᠰᠠᠶᠢᠨ ᠬᠦᠷᠦᠨ᠎ᠡ᠃ | ᠲᠣᠬᠢᠷᠠᠭᠤᠯᠤᠭᠰᠠᠨ ᠤ ᠳᠠᠷᠠᠭᠠᠬᠢ ᠶᠡᠷᠦᠩᠬᠡᠢ ᠲᠠᠯᠠᠪᠠᠢ ᠨᠢ ᠪᠠᠷᠤᠭ 13 ᠲᠡᠭᠰᠢ ᠲᠦᠷᠪᠡᠯᠵᠢᠨ ᠮᠧᠲᠷ ᠪᠠᠶᠢᠵᠤ᠂ | ᠪᠠᠶᠢᠩᠭᠤ ᠰᠠᠭᠤᠭ᠎ᠠ ᠬᠦᠮᠦᠨ ᠠᠮᠠ ᠨᠢ 1600 ᠡᠷᠦᠬᠡ᠂ 4200 ᠬᠦᠮᠦᠨ ᠠᠮᠠ ᠲᠠᠢ᠃ ᠨᠡᠶᠢᠭᠡᠮ | ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 7 ᠬᠥᠮᠦᠨ ᠪᠠᠶᠢᠨ᠎ᠠ᠃ | ᠳᠡᠭᠡᠷᠡᠬᠢ ᠶᠢ ᠬᠤᠷᠢᠶᠠᠩᠭᠤᠶᠢᠯᠠᠪᠠᠯ᠂ ᠡᠦ ᠬᠤ᠋ ᠱᠠᠨ ᠤ ᠬᠡᠷᠡᠭ ᠡᠷᠬᠢᠯᠡᠬᠦ ᠭᠠᠵᠠᠷ ᠲᠤ ᠲᠣᠬᠢᠷᠠᠭᠤᠯᠤᠯᠲᠠ | ᠬᠢᠭᠰᠡᠨ ᠤ ᠳᠠᠷᠠᠭᠠᠬᠢ ᠳᠥᠷᠪᠡ ᠵᠠᠬ᠎ᠠ ᠵᠡᠭᠦᠨ ᠲᠠᠯ᠎ᠠ ᠨᠢ ᠵᠢᠶᠧᠹᠠᠩ ᠵᠠᠮ᠂ ᠪᠠᠷᠠᠭᠤᠨ ᠠᠴᠠ ᠦᠬᠠᠶ ᠬᠤᠲᠠ ᠬᠢᠭᠡᠳ | ᠠᠯᠠᠱᠠ ᠠᠶᠢᠮᠠᠭ ᠤᠨ ᠵᠠᠭᠠᠭ ᠬᠢᠵᠠᠭᠠᠷ᠂ ᠡᠮᠦᠨ᠎ᠡ ᠲᠠᠯ᠎ᠠ ᠨᠢ ᠤᠷᠲᠤ ᠭᠤᠣ ᠠᠴᠠ ᠡᠬᠢᠯᠡᠨ᠂ ᠬᠤᠶᠢᠰᠢ ᠪᠠᠨ | ᠬᠤᠶᠢᠰᠢ ᠪᠠᠨ ᠷᠦᠨ ᠳ᠋ᠧ ᠬᠥᠭᠦᠷᠭᠡ ᠨᠡᠭᠦᠷᠡᠰᠦ ᠲᠡᠭᠡᠭᠡᠪᠦᠷᠢᠯᠡᠬᠦ ᠶᠡᠭᠡ ᠵᠠᠮ ᠲᠠᠭᠤ ᠲᠡᠮᠦᠷ ᠵᠠᠮ ᠲᠠᠭᠠᠨ ᠹᠦ᠋ ᠰᠢᠩ | ᠵᠠᠮ ᠲᠠᠢ ᠵᠠᠯᠭᠠᠵᠦ᠂ ᠯᠢᠶᠠᠩ ᠵᠢᠶᠠ ᠭᠧᠦ ᠦᠶᠡᠷ ᠵᠠᠯᠠᠬᠤ ᠭᠧᠦ ᠬᠦᠷᠦᠨ᠎ᠡ᠃ ᠶᠡᠷᠦᠩᠬᠡᠶ ᠲᠠᠯᠠᠪᠠᠶ ᠨᠢ ᠪᠠᠷᠤᠭ 34 | ᠲᠡᠭᠰᠢ ᠳᠥᠷᠪᠡᠯᠵᠢᠨ ᠺᠢᠯᠤᠮᠧᠷ ᠪᠠᠶᠢᠵᠤ᠂ ᠰᠢᠨ᠎ᠡ ᠪᠠᠷ ᠬᠠᠷᠢᠶ᠎ᠠ᠂ ᠢᠦᠶ ᠬᠤᠩ ᠬᠤᠶᠠᠷ ᠨᠡᠶᠢᠭᠡᠮ ᠲᠣᠭᠤᠷᠢᠭ ᠲᠤ | ᠬᠠᠷᠢᠶᠠᠯᠠᠭᠳᠠᠵᠤ᠂ ᠶᠡᠷᠦᠩᠬᠡᠶ ᠬᠥᠮᠦᠨ ᠠᠮᠠ ᠨᠢ ᠵᠢᠱᠢᠯᠲᠡ ᠪᠠᠷ 11400 ᠭᠠᠷᠤᠶ ᠬᠥᠮᠦᠨ ᠰᠢᠨ᠎ᠡ ᠪᠠᠷ ᠨᠡᠮᠡᠭᠳᠡᠬᠦ | ᠪᠣᠯᠤᠨ᠎ᠠ᠃ ᠨᠡᠢᠭᠡᠮ ᠲᠣᠭᠤᠷᠢᠭ ᠤᠨ ︽ᠬᠤᠶᠠᠷ ᠵᠥᠪᠯᠡᠯ︾ ᠮᠥᠨ ᠯᠡ 14 ᠬᠥᠮᠦᠨ᠃ | ︵ᠬᠤᠶᠠᠷ︶ ᠪᠢᠨᠬᠠᠢ ᠬᠡᠷᠡᠭ ᠡᠷᠬᠢᠯᠡᠬᠦ ᠭᠠᠵᠠᠷ ᠤᠨ ᠬᠠᠷᠢᠶᠠᠯᠠᠯ ᠤᠨ ᠣᠷᠣᠨ ᠳᠤ ᠲᠣᠬᠢᠷᠠᠭᠤᠯᠤᠯᠲᠠ ᠬᠢᠬᠦ | ᠰᠠᠨᠠᠭᠤᠯᠭ᠎ᠠ | ᠪᠢᠨᠬᠠᠢ ᠬᠡᠷᠡᠭ ᠡᠷᠬᠢᠯᠡᠬᠦ ᠭᠠᠵᠠᠷ ᠨᠢ ᠱᠧᠩ ᠯᠢ ᠨᠡᠢᠭᠡᠮ ᠲᠣᠭᠤᠷᠢᠭ ᠢ ᠶᠡᠷᠦᠩᠬᠡᠢ ᠳᠤᠨᠢ ᠡᠦ ᠬᠤ᠋ ᠱᠠᠨ ᠬᠡᠷᠡᠭ | ᠡᠷᠬᠢᠯᠡᠬᠦ ᠭᠠᠵᠠᠷ ᠤᠨ ᠱᠢᠨ ᠶᠤᠸᠠᠢ ᠨᠡᠢᠭᠡᠮ ᠲᠣᠭᠤᠷᠢᠭ ᠲᠤ ᠬᠤᠪᠢᠶᠠᠨ ᠥᠭᠴᠦ᠂ ᠱᠧᠩ ᠯᠢ ᠵᠡᠭᠦᠨ ᠵᠡᠭᠡᠯᠢ ᠶᠢ | ᠬᠠᠲᠤᠨ ᠭᠤᠣᠯ ᠠᠴᠠ ᠡᠮᠦᠨᠡᠱᠢ ᠪᠠᠶᠠᠨᠰᠠᠢᠨ ᠬᠡᠷᠡᠭ ᠡᠷᠬᠢᠯᠡᠬᠦ ᠭᠠᠵᠠᠷ ᠤᠨ ᠵᠣᠯ ᠵᠢᠷᠭᠠᠯᠲᠤ ᠨᠡᠢᠭᠡᠮ ᠲᠣᠭᠤᠷᠢᠭ ᠲᠤ | ᠬᠤᠪᠢᠶᠠᠷᠢᠯᠠᠨ ᠣᠷᠣᠭᠤᠯᠤᠨ᠎ᠠ᠃ ᠪᠢᠨᠬᠠᠢ ᠬᠡᠷᠡᠭ ᠡᠷᠬᠢᠯᠡᠬᠦ ᠭᠠᠵᠠᠷ ᠤᠨ ᠬᠠᠷᠢᠶᠠᠨ ᠳᠠᠬᠢ ᠱᠧᠩ ᠯᠢ ᠨᠡᠶᠢᠭᠡᠮ | ᠲᠣᠭᠤᠷᠢᠭ᠂ ᠪᠢᠨᠬᠠᠢ ᠨᠡᠶᠢᠭᠡᠮ ᠲᠣᠭᠤᠷᠢᠭ᠂ ᠪᠦᠯᠬᠦᠮᠳᠡᠯ ᠬᠤᠶᠢᠲᠤ ᠵᠠᠮ ᠤᠨ ᠨᠡᠶᠢᠭᠡᠮ ᠲᠣᠭᠤᠷᠢᠭ ᠢ ᠳᠠᠬᠢᠨ | ᠬᠤᠪᠢᠶᠠᠷᠢᠯᠠᠪᠠ᠃ ᠪᠣᠳᠠᠲᠠᠢ ᠪᠠᠷ ᠬᠡᠯᠡᠪᠡᠯ᠄ | 1. ᠱᠧᠩ ᠯᠢ ᠨᠡᠶᠢᠭᠡᠮ ᠲᠣᠭᠤᠷᠢᠭ ᠤᠨ ᠳᠦᠷᠪᠡᠨ ᠵᠠᠬ᠎ᠠ ᠳᠤ ᠲᠣᠬᠢᠷᠠᠭᠤᠯᠤᠯᠲᠠ ᠬᠢᠪᠡ᠄ ᠵᠡᠭᠦᠨ ᠲᠠᠯ᠎ᠠ ᠨᠢ | ᠪᠢᠨᠬᠠᠢ ᠵᠡᠭᠡᠯᠢ ᠠᠴᠠ ᠡᠬᠢᠯᠡᠨ᠂ ᠪᠠᠷᠠᠭᠤᠨᠰᠢ ᠯᠢᠦ ᠶᠢᠨ ᠶᠡᠭᠡ ᠵᠠᠮ ᠬᠦᠷᠴᠦ᠂ ᠡᠮᠦᠨ᠎ᠡ ᠲᠠᠯ᠎ᠠ ᠨᠢ ᠱᠧᠩᠯᠢ | ᠵᠡᠭᠡᠯᠢ ᠠᠴᠠ ᠡᠬᠢᠯᠡᠵᠦ᠂ ᠬᠤᠶᠢᠰᠢ ᠪᠠᠨ ᠱᠧᠨ ᠬᠤᠸᠠ ᠵᠡᠭᠡᠯᠢ ᠬᠦᠷᠪᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ | ᠶᠡᠷᠦᠩᠬᠡᠶ ᠲᠠᠯᠠᠪᠠᠶ ᠨᠢ ᠪᠠᠷᠤᠭ 4 ᠲᠡᠭᠰᠢ ᠳᠥᠷᠪᠡᠯᠵᠢᠨ ᠺᠢᠯᠤᠮᠧᠷ ᠪᠠᠶᠢᠵᠤ᠂ ᠪᠠᠶᠢᠩᠭᠤ ᠰᠠᠭᠤᠭ᠎ᠠ ᠬᠥᠮᠦᠨ | ᠠᠮᠠ ᠨᠢ 3 065 ᠡᠷᠦᠬᠡ ᠶᠢᠨ 7336 ᠬᠥᠮᠦᠨ ᠪᠠᠶᠢᠪᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ | ᠮᠥᠨ ᠯᠡ 7 ᠬᠥᠮᠦᠨ ᠪᠠᠶᠢᠨ᠎ᠠ᠃ | 2. ᠪᠢᠨᠬᠠᠢ ᠨᠠᠶᠢᠭᠡᠮ ᠲᠤᠭᠤᠷᠢᠭ ᠤᠨ ᠳᠦᠷᠪᠡᠨ ᠵᠠᠬ᠎ᠠ ᠵᠡᠭᠦᠨ ᠠᠴᠠ ᠬᠠᠲᠤᠨ ᠭᠤᠣᠯ ᠠᠴᠠ ᠡᠬᠢᠯᠡᠵᠦ | ᠪᠠᠷᠠᠭᠤᠨᠰᠢ ᠪᠢᠨᠬᠠᠢ ᠵᠡᠭᠡᠯᠢ᠂ ᠡᠮᠦᠨᠡᠰᠢ ᠱᠧᠩᠯᠢ ᠵᠡᠭᠦᠨ ᠵᠡᠭᠡᠯᠢ ᠠᠴᠠ ᠬᠠᠲᠤᠨ ᠭᠤᠣᠯ ᠬᠦᠷᠦᠨ᠎ᠡ᠂ ᠬᠤᠶᠢᠰᠢ ᠪᠠᠨ | ᠪᠠᠶᠠᠨᠰᠠᠶᠢᠨ ᠭᠤᠣᠯ ᠬᠦᠷᠦᠨ᠎ᠡ᠃ ᠲᠣᠬᠢᠷᠠᠭᠤᠯᠤᠭᠰᠠᠨ ᠤ ᠳᠠᠷᠠᠭᠠᠬᠢ ᠶᠡᠷᠦᠩᠬᠡᠢ ᠲᠠᠯᠠᠪᠠᠢ ᠨᠢ ᠪᠠᠷᠤᠭ 6 ᠲᠡᠭᠰᠢ | ᠲᠦᠷᠪᠡᠯᠵᠢᠨ ᠮᠧᠲᠷ ᠪᠠᠶᠢᠵᠤ᠂ ᠪᠠᠶᠢᠩᠭᠤ ᠰᠠᠭᠤᠭ᠎ᠠ ᠬᠦᠮᠦᠨ ᠠᠮᠠ ᠨᠢ 3740 ᠡᠷᠦᠬᠡ᠂ 8775 ᠬᠦᠮᠦᠨ᠃ | ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 10 ᠬᠥᠮᠦᠨ ᠪᠠᠶᠢᠨ᠎ᠠ᠃ | 3. ᠪᠦᠯᠬᠦᠮᠳᠡᠯ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠳᠥᠷᠪᠡ ᠵᠠᠬ᠎ᠠ ᠵᠡᠭᠦᠨᠰᠢ ᠯᠢᠤ ᠶᠢᠨ ᠶᠡᠭᠡ | ᠵᠠᠮ ᠠᠴᠠ ᠡᠬᠢᠯᠡᠨ᠂ ᠪᠠᠷᠠᠭᠤᠨᠰᠢ ᠵᠢᠶᠧ ᠹᠠᠩ ᠵᠠᠮ ᠬᠦᠷᠦᠨ᠎ᠡ᠂ ᠡᠮᠦᠨᠡᠰᠢ ᠱᠧᠩᠯᠢ ᠵᠡᠭᠡᠯᠢ ᠠᠴᠠ ᠡᠬᠢᠯᠡᠨ᠂ | ᠬᠤᠶᠢᠰᠢ ᠪᠠᠨ ᠪᠠᠶᠠᠨᠰᠠᠶᠢᠨ ᠬᠦᠷᠦᠨ᠎ᠡ᠃ ᠲᠣᠬᠢᠷᠠᠭᠤᠯᠤᠭᠰᠠᠨ ᠤ ᠳᠠᠷᠠᠭᠠᠬᠢ ᠶᠡᠷᠦᠩᠬᠡᠢ ᠲᠠᠯᠠᠪᠠᠢ ᠨᠢ ᠪᠠᠷᠤᠭ 2 | ᠲᠡᠭᠰᠢ ᠲᠦᠷᠪᠡᠯᠵᠢᠨ ᠮᠧᠲᠷ ᠪᠠᠶᠢᠵᠤ᠂ ᠪᠠᠶᠢᠩᠭᠤ ᠰᠠᠭᠤᠭ᠎ᠠ ᠬᠦᠮᠦᠨ ᠠᠮᠠ ᠨᠢ 3407 ᠡᠷᠦᠬᠡ᠂ 8623 | ᠬᠦᠮᠦᠨ ᠪᠠᠶᠢᠪᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 10 ᠬᠥᠮᠦᠨ ᠪᠠᠶᠢᠨ᠎ᠠ᠃ | ᠳᠡᠭᠡᠷᠡᠬᠢ ᠶᠢ ᠬᠤᠷᠢᠶᠠᠩᠭᠤᠶᠢᠯᠠᠪᠠᠯ᠂ ᠪᠢᠨᠬᠠᠢ ᠬᠡᠷᠡᠭ ᠡᠷᠬᠢᠯᠡᠬᠦ ᠭᠠᠵᠠᠷ ᠲᠤ ᠲᠣᠬᠢᠷᠠᠭᠤᠯᠤᠯᠲᠠ ᠬᠢᠭᠰᠡᠨ ᠤ | ᠳᠠᠷᠠᠭᠠᠬᠢ ᠳᠥᠷᠪᠡᠨ ᠵᠠᠬ᠎ᠠ᠄ ᠵᠡᠭᠦᠨ ᠠᠴᠠ ᠬᠠᠲᠤᠨ ᠭᠤᠤᠯ ᠠᠴᠠ ᠡᠬᠢᠯᠡᠨ᠂ ᠪᠠᠷᠠᠭᠤᠨᠰᠢ ᠵᠢᠶᠧᠹᠠᠩ ᠵᠠᠮ ᠬᠦᠷᠴᠦ᠂ | ᠡᠮᠦᠨ᠎ᠡ ᠲᠠᠯ᠎ᠠ ᠪᠠᠷ ᠢᠶᠠᠨ ᠱᠧᠩᠯᠢ ᠵᠡᠭᠦᠨ ᠵᠡᠭᠡᠯᠢ ᠠᠴᠠ ᠬᠠᠲᠤᠨ ᠭᠤᠤᠯ ᠬᠦᠷᠦᠨ᠎ᠡ᠂ ᠬᠤᠶᠢᠰᠢ ᠪᠠᠨ ᠱᠧᠨ ᠬᠤᠸᠠ | ᠵᠡᠭᠡᠯᠢ ᠬᠦᠷᠦᠨ᠎ᠡ᠃ ᠶᠡᠷᠦᠩᠬᠡᠢ ᠲᠠᠯᠠᠪᠠᠢ ᠨᠢ ᠪᠠᠷᠤᠭ 12 ᠲᠡᠭᠰᠢ ᠲᠦᠷᠪᠡᠯᠵᠢᠨ ᠺᠢᠯᠤᠮᠧᠷ ᠪᠠᠶᠢᠵᠤ᠂ ᠱᠧᠩ ᠯᠢ᠂ | ᠪᠢᠨᠬᠠᠢ᠂ ᠲᠤᠸᠠᠨ ᠵᠢᠶᠧ ᠬᠤᠶᠢᠳᠤ ᠵᠠᠮ ᠵᠡᠷᠭᠡ ᠭᠤᠷᠪᠠᠨ ᠨᠡᠶᠢᠭᠡᠮ ᠲᠤᠭᠤᠷᠢᠭ ᠲᠤ ᠬᠠᠷᠢᠶᠠᠯᠠᠭᠳᠠᠵᠤ᠂ ᠶᠡᠷᠦᠩᠬᠡᠢ | ᠬᠦᠮᠦᠨ ᠠᠮᠠ ᠨᠢ 10212 ᠡᠷᠦᠬᠡ ᠶᠢᠨ 24734 ᠬᠦᠮᠦᠨ ᠬᠦᠷᠳᠡᠭ᠃ ᠨᠡᠶᠢᠭᠡᠮ ᠲᠣᠭᠤᠷᠢᠭ ᠤᠨ ︽ᠬᠤᠶᠠᠷ | ᠵᠥᠪᠯᠡᠯ︾ ᠨᠢ ᠮᠥᠨ ᠯᠡ 27 ᠬᠥᠮᠦᠨ ᠪᠠᠶᠢᠨ᠎ᠠ᠃ | ︵ᠭᠤᠷᠪᠠ︶ ᠪᠠᠶᠠᠨᠰᠠᠶᠢᠨ ᠬᠡᠷᠡᠭ ᠡᠷᠬᠢᠯᠡᠬᠦ ᠭᠠᠵᠠᠷ ᠤᠨ ᠬᠠᠷᠢᠶᠠᠯᠠᠯ ᠤᠨ ᠣᠷᠣᠨ ᠳᠤ ᠲᠣᠬᠢᠷᠠᠭᠤᠯᠤᠯᠲᠠ ᠬᠢᠬᠦ | ᠰᠠᠨᠠᠭᠤᠯᠭ᠎ᠠ | ᠪᠠᠶᠠᠨᠰᠠᠶᠢᠨ ᠬᠡᠷᠡᠭ ᠡᠷᠬᠢᠯᠡᠬᠦ ᠭᠠᠵᠠᠷ ᠨᠢ ᠰᠢᠶᠠᠨ ᠹᠧᠩ ᠨᠡᠶᠢᠭᠡᠮ ᠲᠣᠭᠤᠷᠢᠭ ᠤᠨ ᠬᠡᠰᠡᠭ ᠣᠷᠣᠨ ᠪᠦᠰᠡ ᠶᠢ | ᠡᠤ ᠬᠤ᠋ ᠱᠠᠨ ᠬᠡᠷᠡᠭ ᠡᠷᠬᠢᠯᠡᠬᠦ ᠭᠠᠵᠠᠷ ᠤᠨ ᠢᠦᠶ ᠬᠤᠩ ᠨᠡᠶᠢᠭᠡᠮ ᠲᠣᠭᠤᠷᠢᠭ ᠲᠤ ᠬᠤᠪᠢᠶᠠᠷᠢᠯᠠᠨ ᠣᠷᠣᠭᠤᠯᠵᠤ᠂ | ᠪᠢᠨᠬᠠᠢ ᠬᠡᠷᠡᠭ ᠡᠷᠬᠢᠯᠡᠬᠦ ᠭᠠᠵᠠᠷ ᠤᠨ ᠱᠧᠩ ᠯᠢ ᠵᠡᠭᠦᠨ ᠵᠡᠭᠡᠯᠢ ᠠᠴᠠ ᠬᠠᠲᠤᠨ ᠭᠤᠤᠯ ᠠᠴᠠ ᠡᠮᠦᠨᠡᠭᠦᠷ ᠪᠠᠶᠠᠨᠰᠠᠶᠢᠨ | ᠬᠡᠷᠡᠭ ᠡᠷᠬᠢᠯᠡᠬᠦ ᠭᠠᠵᠠᠷ ᠤᠨ ᠰᠢᠩ ᠹᠦ᠋ ᠨᠡᠶᠢᠭᠡᠮ ᠲᠣᠭᠤᠷᠢᠭ ᠲᠤ ᠰᠢᠯᠵᠢᠭᠦᠯᠪᠡ᠃ ᠪᠠᠶᠠᠨᠰᠠᠶᠢᠨ ᠬᠡᠷᠡᠭ ᠡᠷᠬᠢᠯᠡᠬᠦ | ᠭᠠᠵᠠᠷ ᠤᠨ ᠬᠠᠷᠢᠶ᠎ᠠ ᠬᠤᠰᠢᠭᠤᠴᠢ ᠨᠡᠶᠢᠭᠡᠮ ᠲᠣᠭᠤᠷᠢᠭ᠂ ᠵᠣᠯ ᠵᠢᠷᠭᠠᠯᠲᠤ ᠨᠡᠶᠢᠭᠡᠮ ᠲᠣᠭᠤᠷᠢᠭ᠂ ᠪᠦᠯᠬᠦᠮᠳᠡᠯ | ᠨᠡᠶᠢᠭᠡᠮ ᠲᠣᠭᠤᠷᠢᠭ ᠢ ᠳᠠᠬᠢᠨ ᠬᠤᠪᠢᠶᠠᠷᠢᠯᠠᠪᠠ᠃ ᠪᠣᠳᠠᠲᠠᠢ ᠪᠠᠷ ᠬᠡᠯᠡᠪᠡᠯ᠄ | 1. ᠰᠢᠶᠠᠨ ᠹᠧᠩ ᠨᠡᠶᠢᠭᠡᠮ ᠲᠣᠭᠤᠷᠢᠭ ᠳᠥᠷᠪᠡ ᠵᠠᠬ᠎ᠠ ᠵᠡᠭᠦᠨᠰᠢ ᠯᠢᠦ ᠶᠢᠨ ᠶᠡᠭᠡ ᠵᠠᠮ ᠠᠴᠠ ᠡᠬᠢᠯᠡᠨ᠂ | ᠪᠠᠷᠠᠭᠤᠨᠰᠢ ᠵᠢᠶᠧᠹᠠᠩ ᠵᠠᠮ ᠬᠦᠷᠦᠨ᠎ᠡ᠂ ᠡᠮᠦᠨᠡᠰᠢ ᠵᠢᠷᠭᠠᠯ ᠵᠡᠭᠡᠯᠢ ᠠᠴᠠ ᠡᠬᠢᠯᠡᠨ᠂ ᠬᠤᠶᠢᠰᠢ ᠪᠠᠨ ᠱᠧᠩᠯᠢ ᠵᠡᠭᠡᠯᠢ | ᠬᠦᠷᠦᠨ᠎ᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ ᠶᠡᠷᠦᠩᠬᠡᠶ ᠲᠠᠯᠠᠪᠠᠶ ᠨᠢ ᠪᠠᠷᠤᠭ 1 ᠲᠡᠭᠰᠢ ᠳᠥᠷᠪᠡᠯᠵᠢᠨ | ᠺᠢᠯᠤᠮᠧᠷ ᠪᠠᠶᠢᠵᠤ᠂ ᠪᠠᠶᠢᠩᠭᠤ ᠰᠠᠭᠤᠭ᠎ᠠ ᠬᠥᠮᠦᠨ ᠠᠮᠠ ᠨᠢ 3500 ᠡᠷᠦᠬᠡ᠂ 7353 ᠬᠥᠮᠦᠨ ᠪᠣᠯᠤᠨ᠎ᠠ᠃ | ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 10 ᠬᠥᠮᠦᠨ ᠪᠠᠶᠢᠨ᠎ᠠ᠃ | 2. ᠵᠢᠷᠭᠠᠯ ᠨᠡᠶᠢᠭᠡᠮ ᠲᠣᠭᠤᠷᠢᠭ ᠤᠨ ᠳᠥᠷᠪᠡᠨ ᠵᠠᠬ᠎ᠠ ᠬᠠᠲᠤᠨ ᠭᠤᠣᠯ ᠠᠴᠠ ᠡᠬᠢᠯᠡᠨ᠂ ᠪᠠᠷᠠᠭᠤᠨᠰᠢ | ᠯᠢᠦ ᠶᠢᠨ ᠶᠡᠭᠡ ᠵᠠᠮ ᠬᠦᠷᠦᠨ᠎ᠡ᠂ ᠡᠮᠦᠨᠡᠰᠢ ᠤᠷᠲᠤ ᠭᠤᠣ ᠠᠴᠠ ᠬᠤᠶᠢᠰᠢ᠂ ᠬᠤᠶᠢᠰᠢ ᠪᠠᠨ ᠱᠧᠩᠯᠢ ᠵᠡᠭᠦᠨ | ᠵᠡᠭᠡᠯᠢ ᠳᠤ ᠬᠦᠷᠴᠦ ᠬᠠᠲᠤᠨ ᠭᠤᠣᠯ ᠬᠦᠷᠦᠨ᠎ᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ ᠶᠡᠷᠦᠩᠬᠡᠶ ᠲᠠᠯᠠᠪᠠᠶ ᠨᠢ | ᠪᠠᠷᠤᠭ 3 ᠲᠡᠭᠰᠢ ᠳᠥᠷᠪᠡᠯᠵᠢᠨ ᠺᠢᠯᠤᠮᠧᠷ ᠪᠠᠶᠢᠵᠤ᠂ ᠪᠠᠶᠢᠩᠭᠤ ᠰᠠᠭᠤᠭ᠎ᠠ ᠬᠥᠮᠦᠨ ᠠᠮᠠ ᠨᠢ 3905 ᠡᠷᠦᠬᠡ᠂ | 7663 ᠬᠥᠮᠦᠨ ᠪᠣᠯᠤᠨ᠎ᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 10 ᠬᠥᠮᠦᠨ | ᠪᠠᠶᠢᠨ᠎ᠠ᠃ | 3. ᠪᠦᠯᠬᠦᠮᠳᠡᠯ ᠨᠡᠶᠢᠭᠡᠮ ᠲᠣᠭᠤᠷᠢᠭ ᠤᠨ ᠳᠦᠷᠪᠡᠨ ᠵᠠᠬ᠎ᠠ ᠶᠢᠨ ᠲᠣᠬᠢᠷᠠᠭᠤᠯᠣᠯᠳᠠ᠄ ᠵᠡᠭᠦᠨ ᠠᠴᠠ ᠯᠢᠤ ᠶᠢᠨ | ᠶᠡᠭᠡ ᠵᠠᠮ ᠠᠴᠠ ᠡᠬᠢᠯᠡᠨ᠂ ᠪᠠᠷᠠᠭᠤᠨᠰᠢ ᠵᠢᠶᠧᠹᠠᠩ ᠵᠠᠮ ᠬᠦᠷᠦᠨ᠎ᠡ᠂ ᠡᠮᠦᠨ᠎ᠡ ᠤᠷᠲᠤ ᠭᠤᠣ ᠠᠴᠠ ᠬᠤᠶᠢᠰᠢ᠂ | ᠬᠤᠶᠢᠰᠢ ᠪᠠᠨ ᠪᠠᠶᠠᠨᠰᠠᠶᠢᠨ ᠶᠡᠭᠡ ᠵᠡᠭᠡᠯᠢ ᠬᠦᠷᠦᠨ᠎ᠡ᠃ ᠲᠣᠬᠢᠷᠠᠭᠤᠯᠤᠭᠰᠠᠨ ᠤ ᠳᠠᠷᠠᠭᠠᠬᠢ ᠶᠡᠷᠦᠩᠬᠡᠢ ᠲᠠᠯᠠᠪᠠᠢ ᠨᠢ | ᠪᠠᠷᠤᠭ 1000 ᠮᠧᠲᠷ ᠪᠠᠶᠢᠵᠤ᠂ ᠪᠠᠶᠢᠩᠭᠤ ᠰᠠᠭᠤᠭ᠎ᠠ ᠬᠥᠮᠥᠨ ᠠᠮᠠ 4210 ᠡᠷᠦᠬᠡ᠂ 9991 ᠬᠥᠮᠥᠨ ᠠᠮᠠ | ᠪᠣᠯᠣᠨ᠎ᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 10 ᠬᠥᠮᠦᠨ ᠪᠠᠶᠢᠨ᠎ᠠ᠃ | ᠳᠡᠭᠡᠷ᠎ᠡ ᠶᠠᠷᠢᠭᠰᠠᠨ ᠢ ᠬᠤᠷᠢᠶᠠᠩᠭᠤᠶᠢᠯᠠᠪᠠᠯ᠂ ᠪᠠᠶᠠᠨᠰᠠᠶᠢᠡ ᠬᠡᠷᠡᠭ ᠡᠷᠬᠢᠯᠡᠬᠦ ᠭᠠᠵᠠᠷ ᠲᠣᠬᠢᠷᠠᠭᠤᠯᠤᠯᠲᠠ | ᠬᠢᠭᠰᠡᠨ ᠤ ᠳᠠᠷᠠᠭᠠᠬᠢ ᠳᠥᠷᠪᠡᠨ ᠵᠠᠬ᠎ᠠ᠄ ᠵᠡᠭᠦᠨ ᠠᠴᠠ ᠬᠠᠲᠤᠨ ᠭᠤᠣᠯ ᠠᠴᠠ ᠡᠬᠢᠯᠡᠨ᠂ ᠪᠠᠷᠠᠭᠤᠨᠰᠢ ᠵᠢᠶᠧᠹᠠᠩ ᠵᠠᠮ | ᠬᠦᠷᠴᠦ᠂ ᠡᠮᠦᠨᠡᠰᠢ ᠤᠷᠲᠤ ᠭᠤᠤ ᠠᠴᠠ ᠡᠬᠢᠯᠡᠨ ᠬᠤᠶᠢᠰᠢ ᠪᠠᠨ ᠱᠧᠩᠯᠢ ᠵᠡᠭᠦᠨ ᠵᠡᠭᠡᠯᠢ ᠳᠤ ᠬᠦᠷᠴᠦ ᠬᠠᠲᠤᠨ | ᠭᠤᠣᠯ ᠬᠦᠷᠦᠨ᠎ᠡ᠃ ᠶᠡᠷᠦᠩᠬᠡᠢ ᠲᠠᠯᠠᠪᠠᠢ ᠨᠢ ᠪᠠᠷᠤᠭ 5 ᠲᠡᠭᠰᠢ ᠲᠥᠷᠪᠡᠯᠵᠢᠨ ᠮᠧᠲᠷ ᠪᠠᠶᠢᠵᠤ᠂ ᠬᠤᠰᠢᠭᠤᠴᠢ᠂ | ᠵᠣᠯ ᠵᠢᠷᠭᠠᠯ᠂ ᠪᠦᠯᠬᠦᠮᠳᠠᠯ ᠵᠡᠷᠭᠡ ᠭᠤᠷᠪᠠᠨ ᠨᠡᠶᠢᠭᠡᠮ ᠲᠣᠭᠤᠷᠢᠭ ᠲᠤ ᠬᠠᠷᠢᠶᠠᠯᠠᠭᠳᠠᠵᠤ᠂ ᠨᠡᠶᠢᠲᠡ 11615 | ᠡᠷᠦᠬᠡ ᠶᠢᠨ 24 921 ᠬᠦᠮᠦᠨ ᠠᠮᠠ ᠲᠠᠢ᠃ ᠨᠡᠢᠭᠡᠮ ᠲᠣᠭᠤᠷᠢᠭ ᠤᠨ ︽ᠬᠤᠶᠠᠷ ᠵᠥᠪᠯᠡᠯ︾ ᠮᠥᠨ ᠯᠡ 30 | ᠬᠥᠮᠦᠨ᠃ | ᠳᠥᠷᠪᠡ᠂ ᠬᠠᠮᠢᠶ᠎ᠠ ᠪᠥᠬᠦᠶ ᠱᠠᠭᠠᠷᠳᠠᠯᠭ᠎ᠠ | ︵ᠨᠢᠭᠡ︶᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠵᠡᠭᠡᠯᠢ | ᠭᠤᠳᠤᠮᠵᠢ ᠨᠢ ᠰᠠᠭᠤᠭᠠᠯᠢ ᠠᠷᠠᠳ ᠤᠨ ᠲᠣᠭᠤᠷᠢᠭ ᠤᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠬᠠᠷᠢᠶᠠᠯᠠᠯ ᠢ | ᠵᠣᠬᠢᠰᠲᠠᠶ ᠲᠣᠬᠢᠷᠠᠭᠤᠯᠤᠨ ᠲᠣᠭᠲᠠᠭᠠᠭᠰᠠᠨ ᠤ ᠳᠠᠷᠠᠭ᠎ᠠ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ | ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠨᠢᠭᠡᠳᠭᠡᠭᠰᠡᠨ ᠤ ᠳᠠᠷᠠᠭᠠᠬᠢ ᠱᠧᠩ ᠯᠢ ᠨᠡᠶᠢᠭᠡᠮ ᠲᠣᠭᠤᠷᠢᠭ ᠪᠠ ᠰᠢᠶᠠᠨ | ᠹᠧᠩ ᠨᠡᠶᠢᠭᠡᠮ ᠲᠣᠭᠤᠷᠢᠭ ᠤᠨ ᠠᠵᠢᠯᠯᠠᠬᠤ ᠭᠠᠵᠠᠷ ᠤᠨ ᠰᠣᠩᠭᠤᠯᠲᠠ ︵ᠡᠰᠡᠬᠦᠯ᠎ᠡ ᠪᠠᠶᠢᠭᠤᠯᠬᠤ ᠪᠠᠷ ᠪᠠᠶᠢᠭ᠎ᠠ ᠪᠤᠶᠤ | ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷ ᠪᠠᠶᠢᠨ᠎ᠠ︶ ᠰᠠᠨᠠᠭᠤᠯᠭ᠎ᠠ ᠭᠠᠷᠭᠠᠬᠤ ᠪᠠ ᠥᠭᠡᠷᠡᠴᠢᠯᠡᠨ ᠪᠠᠶᠢᠭᠤᠯᠬᠤ ᠂ | ᠬᠠᠷᠢᠶᠠᠲᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠭᠠᠵᠠᠷ ᠰᠣᠩᠭᠤᠬᠤ ︵ᠡᠰᠡᠬᠦᠯ᠎ᠡ ᠪᠠᠶᠢᠭᠤᠯᠬᠤ ᠪᠠᠷ | ᠪᠠᠶᠢᠭ᠎ᠠ᠂ ᠥᠭᠡᠷᠡᠴᠢᠯᠡᠵᠦ ᠥᠷᠭᠡᠳᠬᠡᠨ ᠪᠠᠶᠢᠭᠤᠯᠬᠤ︶ ᠰᠠᠨᠠᠭᠤᠯᠭ᠎ᠠ ᠵᠢᠴᠢ ᠥᠭᠡᠷᠡᠴᠢᠯᠡᠵᠦ ᠪᠦᠲᠦᠭᠡᠨ ᠪᠠᠶᠢᠭᠤᠯᠬᠤ | ᠲᠥᠰᠥᠯ ᠢᠶᠠᠨ ᠳᠤᠷᠠᠳᠴᠤ᠂ ᠬᠠᠮᠢᠶ᠎ᠠ ᠪᠦᠬᠦᠢ ᠬᠤᠷᠠᠯ ᠳᠤ ᠮᠡᠳᠡᠭᠦᠯᠦᠨ ᠰᠤᠳᠤᠯᠵᠤ ᠬᠢᠨᠠᠨ ᠵᠥᠪᠯᠡᠭᠦᠯᠬᠦ | ᠬᠡᠷᠡᠭᠲᠡᠢ ᠃ | ︵ᠬᠤᠶᠠᠷ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠪᠠᠶᠢᠷᠢᠰᠢᠭᠤᠯᠤᠯ ᠤᠨ | ᠲᠣᠬᠢᠷᠠᠭᠤᠯᠤᠯᠲᠠ ᠳᠤ ᠬᠤᠯᠪᠣᠭᠳᠠᠬᠤ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠪᠦᠬᠦᠨ ᠨᠢ ᠬᠠᠮᠢᠶ᠎ᠠ ᠪᠦᠬᠦᠢ | ᠠᠵᠢᠯ ᠤᠨ ᠮᠠᠲ᠋ᠧᠷᠢᠶᠠᠯ ᠵᠢᠴᠢ ᠳᠠᠩᠰᠠ ᠡᠪᠬᠡᠮᠡᠯ ᠢ ᠲᠤᠰᠢᠶᠠᠬᠤ ᠪᠠ ᠬᠦᠯᠢᠶᠡᠨ ᠠᠪᠬᠤ᠂ ᠬᠠᠮᠢᠶᠠᠷᠬᠤ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠡᠶᠢᠭᠡᠮ ᠲᠣᠭᠤᠷᠢᠭ ᠲᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ | ᠠᠵᠢᠯ ᠳᠤ ᠬᠡᠷᠡᠭᠯᠡᠬᠦ ᠭᠡᠷ ᠪᠣᠯᠤᠨ ᠦᠢᠯᠡᠴᠢᠯᠡᠭᠡᠨ ᠤ ᠪᠡᠯᠡᠳᠬᠡᠮᠵᠢ ᠶᠢ ᠦᠷᠭᠦᠯᠵᠢᠯᠡᠨ ᠰᠠᠭᠤᠭᠠᠯᠢ ᠠᠷᠠᠳ ᠲᠤ | ᠦᠢᠯᠡᠴᠢᠯᠡᠬᠦ ᠳᠤ ᠬᠡᠷᠡᠭᠯᠡᠬᠦ ᠶᠢ ᠪᠠᠲᠤᠯᠠᠬᠤ ᠬᠡᠷᠡᠭᠲᠡᠶ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠡᠯᠡᠳᠬᠡᠮᠵᠢ ᠶᠢ | ᠴᠦ ᠵᠣᠬᠢᠴᠠᠩᠭᠤᠶ ᠪᠠᠷ ᠡᠮᠬᠢᠯᠡᠨ ᠨᠡᠶᠢᠯᠡᠭᠦᠯᠵᠦ᠂ ᠨᠡᠶᠢᠭᠡᠮ ᠲᠣᠭᠤᠷᠢᠭ ᠤᠨ ᠬᠤᠭᠤᠷᠣᠨᠳᠣ ᠲᠣᠬᠢᠷᠠᠭᠤᠯᠤᠨ ᠬᠡᠷᠡᠭᠯᠡᠵᠦ | ᠪᠣᠯᠤᠨ᠎ᠠ᠃ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠡᠳ᠋ ᠬᠥᠷᠥᠩᠭᠡ ᠶᠢᠨ ᠳᠠᠩᠰᠠᠯᠠᠯ ᠢ ᠬᠢᠨᠠᠮᠠᠭᠠᠶ | ᠰᠠᠶᠢᠲᠤᠷ ᠬᠢᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠯᠳᠠᠭᠳᠠᠬᠤ ᠶᠢ ᠴᠢᠩᠭ᠎ᠠ ᠰᠡᠷᠭᠡᠶᠢᠯᠡᠬᠦ | ᠬᠡᠷᠡᠭᠲᠡᠶ᠃ | ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠬᠤᠷᠢᠭ᠎ᠠ ᠱᠤᠭᠤᠮ ᠤᠨ | ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠶᠤᠯ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠪᠦᠬᠦ ᠶᠠᠪᠤᠴᠠ ᠳᠤ ᠲᠤᠤᠱᠯᠠᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ | ᠠᠷᠭᠠᠴᠠᠬᠤ ᠲᠣᠭᠲᠠᠴᠠ ᠶᠢ ᠪᠠᠶᠢᠭᠤᠯᠵᠤ᠂ ᠤᠬᠠᠭᠤᠯᠤᠨ ᠳᠠᠶᠢᠴᠢᠯᠠᠬᠤ ᠪᠠ ᠶᠠᠷᠢᠶ᠎ᠠ ᠬᠡᠯᠡᠯᠴᠡᠭᠡᠨ ᠤ ᠬᠦᠳᠦᠯᠦᠨ | ᠵᠢᠯᠣᠭᠤᠳᠬᠤ ᠠᠵᠢᠯ ᠢ ᠴᠢᠩᠭᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠯ᠎ᠡ | ᠵᠦᠢᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠣᠯᠠᠨ ᠲᠦᠮᠡᠨ ᠤ ᠠᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠣᠯᠠᠨ ᠲᠦᠮᠡᠨ ᠤ ᠠᠰᠢᠭ ᠲᠤᠰᠠ ᠲᠠᠢ ᠬᠤᠯᠪᠣᠭᠳᠠᠬᠤ ᠡᠯ᠎ᠡ ᠲᠥᠷᠥᠯ ᠤᠨ ᠠᠰᠠᠭᠤᠳᠠᠯ ᠪᠠ ᠬᠦᠰᠡᠯ | ᠱᠠᠭᠠᠷᠳᠠᠯᠭ᠎ᠠ ᠶᠢ ᠲᠣᠬᠢᠲᠠᠶ ᠰᠢᠢᠳᠪᠦᠷᠢᠯᠡᠵᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠪᠠᠶᠢᠷᠢᠰᠢᠭᠤᠯᠤᠯ ᠤᠨ | ᠲᠣᠬᠢᠷᠠᠭᠤᠯᠤᠯᠲᠠ ᠶᠢᠨ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠤᠳᠠ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠤᠳᠠ ᠲᠣᠭᠤᠷᠢᠭ ᠤᠨ | ᠭᠤᠣᠯ ᠳᠤ ᠴᠢᠳᠬᠤᠬᠤ ᠤᠰᠤ ᠵᠠᠯᠠᠬᠤ ᠠᠮᠠᠰᠠᠷ ᠢ ︿ᠨᠢᠭᠡ ᠠᠮᠠ ᠶᠢ ᠨᠢᠭᠡ ᠪᠣᠳᠣᠯᠭ᠎ᠠ﹀ ᠪᠠᠷ ᠴᠡᠭᠴᠡᠯᠡᠨ ᠵᠠᠰᠠᠬᠤ | ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ | ᠡᠯ᠎ᠡ ᠬᠠᠮᠢᠶ᠎ᠠ ᠪᠥᠬᠦᠶ ᠨᠢᠭᠡᠴᠡ᠄ | ︽ᠤᠳᠠ ᠲᠣᠭᠤᠷᠢᠭ ᠤᠨ ᠭᠤᠣᠯ ᠳᠤ ᠴᠢᠳᠬᠤᠬᠤ ᠤᠰᠤ ᠵᠠᠯᠠᠬᠤ ᠠᠮᠠᠰᠠᠷ ᠢ ︿ᠨᠢᠭᠡ ᠠᠮᠠ ᠶᠢ ᠨᠢᠭᠡ | ᠪᠣᠳᠣᠯᠭ᠎ᠠ﹀ ᠪᠠᠷ ᠴᠡᠭᠴᠡᠯᠡᠨ ᠵᠠᠰᠠᠬᠤ ᠲᠥᠰᠥᠯ︾ ᠢ ᠨᠢᠭᠡᠨᠲᠡ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2023 ᠣᠨ ᠤ 8 ᠰᠠᠷ᠎ᠠ ᠶᠢᠨ 31 ᠤ ᠡᠳᠦᠷ | ᠤᠳᠠ ᠲᠣᠭᠤᠷᠢᠭ ᠤᠨ ᠭᠤᠣᠯ ᠳᠤ ᠴᠢᠳᠬᠤᠬᠤ ᠤᠰᠤ ᠵᠠᠯᠠᠬᠤ ᠠᠮᠠᠰᠠᠷ ᠢ ︿ᠨᠢᠭᠡ ᠠᠮᠠ ᠶᠢ ᠨᠢᠭᠡ ᠪᠣᠳᠣᠯᠭ᠎ᠠ﹀ ᠪᠠᠷ | ᠴᠡᠭᠴᠡᠯᠡᠨ ᠵᠠᠰᠠᠬᠤ ᠲᠥᠰᠥᠯ | ︽ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠲᠥᠷᠥ ᠠᠯᠪᠠᠨ | ᠵᠠᠬᠢᠳᠠᠯ ﹇2020﹈ 17 ᠳ᠋ᠤᠭᠠᠷ ᠲᠣᠭᠠᠲᠤ︶ ︽ᠥᠪᠡᠷᠲᠡᠭᠡᠨ ᠵᠠᠰᠠᠬᠤ ᠣᠷᠣᠨ ᠤ ᠭᠤᠤᠯ ᠤᠷᠤᠭᠤ ᠪᠣᠬᠢᠷᠲᠤᠯ | ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠬᠢᠨᠠᠨ ᠬᠠᠮᠢᠶᠠᠷᠬᠤ ᠠᠵᠢᠯ ᠤᠨ | ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ | 94 ᠳ᠋ᠦ᠋ᠭᠡᠷ ᠲᠣᠭᠠᠲᠤ︶ ᠪᠠ ︽ᠦᠬᠠᠶ ᠬᠤᠲᠠ ᠶᠢᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠬᠢᠨᠠᠨ ᠬᠠᠮᠢᠶᠠᠷᠬᠤ ᠠᠵᠢᠯ ᠤᠨ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠮᠡᠳᠡᠭᠳᠡᠯ︾ ︵ᠦᠬᠠᠶ ᠵᠠᠰᠠᠭ ᠠᠯᠪᠠᠨ ᠲᠠᠷᠬᠠᠭᠠᠭᠰᠠᠨ ︹2020︺ 6 ᠳ᠋ᠤᠭᠠᠷ ᠲᠣᠭᠠᠲᠤ︶ ᠤᠨ ᠬᠤᠯᠪᠣᠭᠳᠠᠯ | ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ | ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠶᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠲᠠᠢ ᠨᠢᠭᠲᠠ | ᠤᠶᠠᠯᠳᠤᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠤᠨᠢᠨ ᠳᠡᠭᠡᠷ᠎ᠡ ᠨᠢ ᠪᠣᠬᠢᠷᠲᠤᠯ ᠢ ᠵᠠᠰᠠᠬᠤ᠂ ᠰᠢᠨᠵᠢᠯᠡᠬᠦ | ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠠᠮᠢ | ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠵᠤ᠂ ᠪᠣᠬᠢᠷᠲᠤᠯ | ᠭᠠᠳᠠᠭᠰᠢᠯᠠᠭᠤᠯᠬᠤ ᠠᠮᠠᠰᠠᠷ ᠤᠨ ᠪᠠᠶᠢᠷᠢᠯᠠᠭᠤᠯᠤᠯᠲᠠ ᠪᠣᠯᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠠᠷᠢᠭᠤᠴᠠᠯᠭ᠎ᠠ ᠲᠣᠳᠣᠷᠬᠠᠢ᠂ ᠲᠤᠬᠢᠷᠠᠭᠤᠯᠤᠯᠳᠠ ᠵᠣᠬᠢᠰᠲᠠᠢ᠂ ᠬᠠᠮᠢᠶᠠᠷᠤᠯᠲᠠ ᠵᠢᠷᠤᠮᠵᠢᠭᠰᠠᠨ | ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠭᠤᠣᠯ ᠤᠷᠤᠭᠤ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠦᠲᠦᠮᠵᠢᠲᠡᠢ ᠬᠠᠮᠢᠶᠠᠷᠤᠨ ᠡᠵᠡᠮᠳᠡᠵᠦ᠂ ᠤᠰᠤᠨ ᠤ | ᠣᠷᠴᠢᠨ ᠲᠣᠭᠤᠷᠢᠨ ᠢ ᠵᠠᠰᠠᠬᠤ ᠴᠢᠳᠠᠪᠤᠷᠢ ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ | ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠵᠡᠰᠬᠦᠯᠡᠩᠲᠦ ᠰᠠᠶᠢᠬᠠᠨ ᠠᠮᠢ ᠠᠬᠤᠢ ᠶᠢᠨ ᠣᠷᠴᠢᠨ | ᠲᠣᠭᠤᠷᠢᠨ ᠤ ᠬᠡᠷᠡᠭᠴᠡᠭᠡ ᠶᠢ ᠦᠨᠡᠨᠬᠦ ᠬᠠᠩᠭᠠᠬᠤ ᠬᠡᠷᠡᠭᠲᠡᠢ᠃ | ᠬᠤᠶᠠᠷ᠂ ᠠᠵᠢᠯ ᠤᠨ ᠬᠠᠷᠠᠯᠲᠠ | ︽ᠦᠨᠳᠦᠰᠦ ᠰᠤᠷᠪᠤᠯᠵᠢ ᠶᠢ ᠮᠥᠷᠳᠡᠬᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠂ | ᠲᠥᠷᠥᠯ ᠬᠤᠪᠢᠶᠠᠨ ᠴᠡᠭᠴᠡᠯᠡᠨ ᠵᠠᠰᠠᠬᠤ︾ ᠶᠡᠷᠦᠩᠬᠡᠶ ᠰᠡᠳᠬᠢᠴᠡ ᠶᠣᠰᠣᠭᠠᠷ᠂ ︽ᠨᠢᠭᠡ ᠪᠦᠯᠦᠭ ᠢ ᠬᠠᠤᠯᠢ | ᠶᠣᠰᠣᠭᠠᠷ ᠬᠦᠴᠦᠨ ᠥᠬᠡᠶ ᠪᠣᠯᠭᠠᠬᠤ᠂ ᠨᠢᠭᠡ ᠪᠦᠯᠦᠭ ᠢ ᠢᠯᠭᠠᠷᠠᠭᠤᠯᠤᠨ ᠨᠡᠶᠢᠯᠡᠭᠦᠯᠬᠦ᠂ ᠨᠢᠭᠡ ᠪᠦᠯᠦᠭ ᠢ | ᠵᠢᠷᠤᠮᠵᠢᠭᠤᠯᠤᠨ ᠴᠡᠭᠴᠡᠯᠡᠨ ᠵᠠᠰᠠᠬᠤ ᠪᠠᠷ ᠠᠵᠢᠯ ᠤᠨ ᠵᠠᠷᠴᠢᠮ ᠪᠣᠯᠭᠠᠵᠤ᠂ ᠮᠠᠨ ᠤ ᠲᠤᠭᠤᠷᠢᠭ ᠤᠨ ᠭᠤᠤᠯ ᠤᠷᠤᠭᠤ | ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ | ᠠᠬᠢᠭᠤᠯᠤᠨ᠎ᠠ᠃ 2023 ᠣᠨ ᠤ ᠡᠴᠦᠰ ᠠᠴᠠ ᠡᠮᠦᠨ᠎ᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠰᠢᠯᠵᠢᠭᠦᠯᠦᠨ ᠲᠤᠰᠢᠶᠠᠭᠰᠠᠨ ᠭᠤᠤᠯ ᠮᠥᠷᠡᠨ ᠳᠤ ᠭᠠᠳᠠᠭᠰᠢᠯᠠᠭᠤᠯᠬᠤ ᠶᠡᠷᠦᠩᠬᠡᠶ ᠲᠤᠭ᠎ᠠ ᠶᠢᠨ 30% ᠶᠢᠨ | ᠴᠡᠭᠴᠡᠯᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ︔ 2024 ᠣᠨ ᠤ ᠡᠴᠦᠰ ᠠᠴᠠ ᠡᠮᠦᠨ᠎ᠡ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ ᠲᠤᠰᠢᠶᠠᠭᠰᠠᠨ ᠭᠤᠤᠯ ᠤᠷᠤᠰᠬᠠᠯ ᠤᠨ ᠶᠡᠷᠦᠩᠬᠡᠶ ᠲᠤᠭ᠎ᠠ ᠶᠢᠨ | 70% ᠶᠢ ᠴᠡᠭᠴᠡᠯᠡᠨ ᠵᠠᠰᠠᠬᠤ ᠡᠭᠦᠷᠭᠡ ᠶᠢ ᠨᠡᠶᠢᠲᠡ ᠪᠡᠶᠡᠯᠡᠭᠦᠯᠦᠨ᠎ᠡ᠂ ᠡᠭᠦᠨ ᠳᠤ ᠬᠠᠲᠤᠨ ᠭᠤᠤᠯ ᠤᠨ ᠭᠤᠤᠯ | ᠤᠷᠤᠰᠬᠠᠯ ᠤᠨ ᠤᠰᠤ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠡᠭᠦᠷᠭᠡ ᠶᠢ ᠪᠦᠬᠦᠨ ᠢ ᠪᠡᠶᠡᠯᠡᠭᠦᠯᠦᠨ᠎ᠡ︔ | 2025 ᠣᠨ ᠤ ᠰᠡᠭᠦᠯᠴᠢ ᠠᠴᠠ ᠡᠮᠦᠨ᠎ᠡ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ | ᠲᠤᠰᠢᠶᠠᠭᠰᠠᠨ ᠭᠤᠤᠯ ᠤᠷᠤᠭᠤ ᠭᠠᠳᠠᠭᠰᠢᠯᠠᠭᠤᠯᠬᠤ ᠠᠮᠠ ᠶᠢ ᠪᠦᠬᠦᠨ ᠢ ᠴᠡᠭᠴᠡᠯᠡᠨ ᠵᠠᠰᠠᠨ᠎ᠠ᠃ | ᠭᠤᠷᠪᠠ᠂ ᠭᠤᠣᠯ ᠤᠷᠣᠭᠤ ᠪᠣᠬᠢᠷᠳᠣᠯ ᠭᠠᠳᠠᠭᠰᠢᠯᠠᠭᠤᠯᠬᠤ ᠠᠮᠠᠰᠠᠷ ᠤᠨ ᠡᠬᠢ ᠡᠭᠦᠰᠦᠯ ᠢ ᠡᠷᠢᠭᠰᠡᠨ ᠪᠠᠶᠢᠳᠠᠯ | ︵ᠨᠢᠭᠡ︶ ᠭᠠᠳᠠᠭᠰᠢᠯᠠᠭᠤᠯᠬᠤ ᠠᠮᠠᠰᠠᠷ ᠤᠨ ᠲᠥᠷᠥᠯ ᠵᠦᠢᠯ᠃ ︽ᠬᠥᠬᠡᠮᠥ᠋ᠷᠡᠨ᠂ ᠬᠠᠲᠤᠨ ᠭᠤᠤᠯ ᠪᠠ | ᠪᠦᠸᠧᠬᠠᠶ ᠲᠠᠩᠭᠢᠰ ᠤᠨ ᠲᠡᠯᠡᠶ ᠶᠢᠨ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠲᠥᠷᠥᠯ ᠬᠤᠪᠢᠶᠠᠬᠤ ᠲᠦᠷᠢᠮ︾ ︵ᠲᠤᠷᠰᠢᠨ ᠬᠡᠷᠡᠭᠵᠢᠭᠦᠯᠬᠦ︶ ᠶᠣᠰᠣᠭᠠᠷ ᠪᠣᠬᠢᠷᠲᠤᠯ ᠭᠠᠳᠠᠭᠰᠢᠯᠠᠭᠤᠯᠬᠤ | ᠠᠮᠠ ᠶᠢ 7 ᠶᠡᠭᠡ ᠲᠥᠷᠥᠯ 15 ᠪᠠᠭ᠎ᠠ ᠲᠥᠷᠥᠯ ᠳᠤ ᠬᠤᠪᠢᠶᠠᠵᠤ᠂ ᠡᠭᠦᠨ ᠳᠤ 7 ᠶᠡᠭᠡ ᠲᠥᠷᠥᠯ ᠳᠤ ᠠᠵᠤ | ᠦᠢᠯᠡᠳᠪᠦᠷᠢ ᠶᠢᠨ ᠪᠣᠬᠢᠷᠲᠤᠯ ᠭᠠᠳᠠᠭᠰᠢᠯᠠᠭᠤᠯᠬᠤ ᠠᠮᠠᠰᠠᠷ᠂ ᠲᠠᠷᠢᠶᠠᠯᠠᠩ ᠬᠥᠳᠡᠭᠡ ᠲᠣᠰᠬᠤᠨ ᠤ ᠪᠣᠬᠢᠷᠲᠤᠯ | ᠭᠠᠳᠠᠭᠰᠢᠯᠠᠭᠤᠯᠬᠤ ᠠᠮᠠᠰᠠᠷ᠂ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤᠨ ᠤ ᠪᠣᠬᠢᠷᠲᠤᠯ | ᠭᠠᠳᠠᠭᠰᠢᠯᠠᠭᠤᠯᠬᠤ ᠠᠮᠠᠰᠠᠷ᠂ ᠭᠠᠷᠠᠮ ᠤᠨ ᠪᠣᠬᠢᠷᠲᠤᠯ ᠭᠠᠳᠠᠭᠰᠢᠯᠠᠭᠤᠯᠬᠤ ᠠᠮᠠᠰᠠᠷ᠂ ᠬᠤᠲᠠ ᠪᠠᠯᠭᠠᠰᠤᠨ ᠤ | ᠪᠣᠷᠣᠭᠠᠨ ᠤ ᠦᠶᠡᠷ ᠢ ᠭᠠᠳᠠᠭᠰᠢᠯᠠᠭᠤᠯᠬᠤ ᠠᠮᠠᠰᠠᠷ᠂ ᠭᠤᠤ ᠰᠤᠪᠠᠭ ᠭᠤᠤᠯ ᠤᠨ ᠭᠠᠷᠠᠮ ᠳᠤ ᠤᠰᠤ | ᠭᠠᠳᠠᠭᠰᠢᠯᠠᠭᠤᠯᠬᠤ ᠰᠤᠪᠠᠭ ᠵᠢᠴᠢ ᠪᠤᠰᠤᠳ ᠭᠠᠳᠠᠭᠰᠢᠯᠠᠭᠤᠯᠬᠤ ᠠᠮᠠ ᠶᠢ ᠪᠠᠭᠲᠠᠭᠠᠨ᠎ᠠ᠃ ︽ᠭᠤᠣᠯ ︵ᠲᠡᠯᠡᠶ︶ | ᠳᠤ ᠴᠢᠳᠬᠤᠬᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠨᠡᠷᠡᠶᠢᠳᠬᠦ ᠪᠠ ᠳ᠋ᠤᠭᠠᠷᠯᠠᠬᠤ ᠳᠦᠷᠢᠮ︾ ᠶᠣᠰᠣᠭᠠᠷ | ᠪᠣᠬᠢᠷᠲᠤᠯ ᠭᠠᠳᠠᠭᠰᠢᠯᠠᠭᠤᠯᠬᠤ ᠠᠮᠠ ᠶᠢ 4 ᠶᠡᠭᠡ ᠲᠥᠷᠥᠯ 15 ᠪᠠᠭ᠎ᠠ ᠲᠥᠷᠥᠯ ᠳᠤ ᠬᠤᠪᠢᠶᠠᠵᠤ᠂ ᠡᠭᠦᠨ ᠳᠤ 4 | ᠶᠡᠭᠡ ᠲᠥᠷᠥᠯ ᠳᠤ ᠠᠵᠤ ᠦᠢᠯᠡᠳᠪᠦᠷᠢ ᠶᠢᠨ ᠪᠣᠬᠢᠷᠲᠤᠯ ᠭᠠᠳᠠᠭᠰᠢᠯᠠᠭᠤᠯᠬᠤ ᠠᠮᠠ᠂ ᠬᠤᠲᠠ ᠪᠠᠯᠭᠠᠰᠤᠨ ᠤ ᠪᠣᠬᠢᠷ | ᠤᠰᠤ ᠰᠢᠢᠳᠪᠦᠷᠢᠯᠡᠬᠦ ᠦᠢᠯᠡᠳᠪᠦᠷᠢ ᠶᠢᠨ ᠪᠣᠬᠢᠷᠲᠤᠯ ᠭᠠᠳᠠᠭᠰᠢᠯᠠᠭᠤᠯᠬᠤ ᠠᠮᠠ᠂ ᠲᠠᠷᠢᠶᠠᠯᠠᠩ ᠤᠨ | ᠭᠠᠳᠠᠭᠰᠢᠯᠠᠭᠤᠯᠬᠤ ᠠᠮᠠ᠂ ᠪᠤᠰᠤᠳ ᠭᠠᠳᠠᠭᠰᠢᠯᠠᠭᠤᠯᠬᠤ ᠠᠮᠠ ᠪᠠᠭᠲᠠᠨ᠎ᠠ᠃ | ︵ᠬᠤᠶᠠᠷ︶ ᠪᠠᠶᠢᠳᠠᠯ ᠢ ᠡᠭᠦᠰᠬᠡᠵᠦ ᠪᠠᠶᠢᠭ᠎ᠠ ᠪᠠᠶᠢᠳᠠᠯ᠃ ᠳᠡᠭᠡᠷ᠎ᠡ ᠳᠤᠷᠠᠳᠤᠭᠰᠠᠨ ᠬᠤᠶᠠᠷ ︽ᠳᠦᠷᠢᠮ︾ | ᠤᠨ ᠱᠠᠭᠠᠷᠳᠠᠯᠭ᠎ᠠ ᠶᠣᠰᠣᠭᠠᠷ᠂ ᠮᠠᠨ ᠤ ᠲᠤᠭᠤᠷᠢᠭ ᠤᠨ ᠭᠤᠤᠯ ᠤᠷᠤᠭᠤ ᠭᠠᠳᠠᠭᠰᠢᠯᠠᠭᠤᠯᠬᠤ ᠠᠮᠠᠰᠠᠷ ᠢ ᠵᠢᠭᠰᠠᠭᠠᠨ | ᠪᠠᠶᠢᠴᠠᠭᠠᠭᠰᠠᠨ ᠪᠠᠶᠢᠳᠠᠯ ᠲᠠᠢ ᠤᠶᠠᠯᠳᠤᠭᠤᠯᠤᠨ᠂ ᠨᠠᠷᠢᠯᠢᠭ ᠣᠨᠣᠴᠠᠲᠠᠶ ᠪᠠᠷ ᠡᠬᠢ ᠡᠭᠦᠰᠦᠯ ᠢ ᠨᠢ ᠡᠷᠢᠵᠦ | ᠵᠠᠳᠠᠯᠬᠤ ᠪᠠᠷ ᠳᠠᠮᠵᠢᠭᠤᠯᠤᠨ᠂ 2023 ᠣᠨ ᠤ 6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ᠤᠯᠤᠰ ᠪᠠ | ᠥᠪᠡᠷᠲᠡᠭᠡᠨ ᠵᠠᠰᠠᠬᠤ ᠣᠷᠣᠨ ᠠᠴᠠ ᠤᠳᠠ ᠲᠣᠭᠤᠷᠢᠭ ᠲᠤ ᠰᠢᠯᠵᠢᠭᠦᠯᠦᠨ ᠲᠤᠰᠢᠶᠠᠭᠰᠠᠨ ᠭᠤᠤᠯ ᠤᠷᠤᠭᠤ | ᠭᠠᠳᠠᠭᠰᠢᠯᠠᠭᠤᠯᠬᠤ 90 ᠰᠡᠵᠢᠭ ᠤᠨ ᠳᠣᠲᠣᠷ᠎ᠠ ᠤᠳᠠ ᠲᠣᠭᠤᠷᠢᠭ ᠤᠨ ᠬᠢᠯᠢ ᠳᠣᠲᠣᠷ᠎ᠠ ᠪᠠᠶᠢᠬᠤ ᠥᠬᠡᠶ ᠪᠠᠶᠢᠵᠤ᠂ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠨᠢ ᠨᠢᠭᠡᠨᠲᠡ | ᠭᠠᠳᠠᠭᠰᠢᠯᠠᠭᠤᠯᠤᠭᠰᠠᠨ ᠪᠤᠰᠤ 18 ᠪᠠᠶᠢᠬᠤ ᠪᠠᠷ ᠬᠢᠨᠠᠨ ᠲᠣᠭᠲᠠᠭᠠᠵᠤ᠂ ᠦᠯᠡᠳᠡᠭᠰᠡᠨ 68 ᠭᠤᠤᠯ ᠤᠷᠤᠭᠤ | ᠭᠠᠳᠠᠭᠰᠢᠯᠠᠭᠤᠯᠬᠤ ᠠᠮᠠᠰᠠᠷ ᠢ ᠡᠬᠢ ᠡᠭᠦᠰᠦᠯ ᠢ ᠨᠢ ᠦᠨᠳᠦᠰᠦᠯᠡᠨ ᠲᠥᠷᠥᠯ ᠬᠤᠪᠢᠶᠠᠨ ᠴᠡᠭᠴᠡᠯᠡᠨ ᠵᠠᠰᠠᠪᠠ᠃ | ᠡᠭᠦᠨ ᠳᠤ᠂ ᠬᠤᠲᠠ ᠶᠢᠨ ᠱᠠᠲᠤᠨ ᠤ ᠰᠠᠯᠠᠭ᠎ᠠ ᠮᠥᠴᠢᠷ ᠠᠴᠠ 16 ᠭᠠᠳᠠᠭᠰᠢᠯᠠᠭᠤᠯᠤᠭᠰᠠᠨ ᠪᠤᠰᠤ ᠠᠮᠠᠰᠠᠷ ᠢ ᠬᠢᠨᠠᠨ | ᠲᠣᠭᠲᠠᠭᠠᠪᠠ︔ ᠠᠵᠤ ᠦᠢᠯᠡᠳᠪᠦᠷᠢ ᠶᠢᠨ ᠦᠢᠯᠡᠳᠪᠦᠷᠢ ᠶᠢᠨ ᠲᠣᠭᠤᠷᠢᠭ ᠤᠨ ᠪᠣᠷᠣᠭᠠᠨ ᠤ ᠤᠰᠤᠨ ᠤ | ᠭᠠᠳᠠᠭᠰᠢᠯᠠᠭᠤᠯᠤᠯᠲᠠ ᠶᠢᠨ ᠠᠮᠠᠰᠠᠷ ᠢ 24 ᠲᠣᠭᠲᠠᠭᠠᠨ᠎ᠠ︔ ᠪᠤᠰᠤᠳ ᠭᠠᠳᠠᠭᠰᠢᠯᠠᠭᠤᠯᠬᠤ ᠠᠮᠠᠰᠠᠷ ᠨᠢ ᠬᠤᠲᠠ | ᠪᠠᠯᠭᠠᠰᠤᠨ ᠤ ᠪᠣᠷᠣᠭᠠᠨ ᠤ ᠤᠰᠤᠨ ᠤ ᠦᠶᠡᠷ ᠤᠨ ᠠᠮᠠᠰᠠᠷ᠂ ᠠᠮᠢᠳᠤᠷᠠᠯ ᠤᠨ ᠪᠣᠬᠢᠷ ᠤᠰᠤ ᠶᠢ ᠭᠠᠳᠠᠭᠰᠢᠯᠠᠭᠤᠯᠬᠤ | ᠠᠮᠠᠰᠠᠷ᠂ ᠬᠡᠪᠴᠢᠶᠡᠵᠢᠭᠰᠡᠨ ᠪᠤᠰᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠵᠦ ᠭᠠᠳᠠᠭᠰᠢᠯᠠᠭᠤᠯᠬᠤ ᠠᠮᠠᠰᠠᠷ ᠵᠡᠷᠭᠡ | ᠪᠠᠭᠲᠠᠨ᠎ᠠ᠃ | ︵ᠭᠤᠷᠪᠠ︶ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠡᠬᠢ ᠰᠤᠷᠪᠤᠯᠵᠢ ᠶᠢ ᠡᠷᠢᠵᠦ | ᠪᠠᠶᠢᠭ᠎ᠠ ᠪᠠᠶᠢᠳᠠᠯ᠃ ᠤᠳᠠ ᠲᠣᠭᠤᠷᠢᠭ ᠲᠤ ᠬᠤᠲᠠ ᠪᠠᠯᠭᠠᠰᠤᠨ ᠤ ᠲᠥᠪᠯᠡᠷᠡᠭᠰᠡᠨ ᠮᠠᠶ᠋ᠢᠭ ᠤᠨ ᠤᠤᠭᠤᠬᠤ | ᠤᠰᠤᠨ ᠤ ᠡᠬᠢ ᠰᠤᠷᠪᠤᠯᠵᠢ ᠶᠢᠨ ᠭᠠᠵᠠᠷ 2 ᠪᠠᠶᠢᠵᠤ᠂ ᠬᠥᠳᠡᠭᠡ ᠲᠣᠰᠬᠤᠨ ᠤ ᠤᠰᠤᠨ ᠰᠤᠷᠪᠤᠯᠵᠢ ᠶᠢᠨ ᠭᠠᠵᠠᠷ 1 | ᠪᠠᠶᠢᠵᠤ᠂ ᠴᠥᠮ ᠭᠠᠵᠠᠷ ᠳᠣᠤᠷᠠᠬᠢ ᠤᠰᠤᠨ ᠤ ᠬᠡᠯᠪᠡᠷᠢ ᠶᠢᠨ ᠤᠰᠤᠨ ᠰᠤᠷᠪᠤᠯᠵᠢ ᠶᠢᠨ ᠭᠠᠵᠠᠷ ᠪᠣᠯᠤᠨ᠎ᠠ᠃ ᠡᠬᠢ | ᠡᠭᠦᠰᠦᠯ ᠢ ᠨᠢ ᠡᠷᠢᠵᠦ ᠵᠠᠳᠠᠯᠤᠭᠰᠠᠨ ᠢᠶᠠᠷ᠂ 3 ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ | ᠬᠠᠮᠠᠭᠠᠯᠠᠯᠲᠠ ᠶᠢᠨ ᠣᠷᠣᠨ ᠳᠤ ᠴᠥᠮ ᠠᠵᠤ ᠦᠢᠯᠡᠳᠪᠦᠷᠢ ᠶᠢᠨ ᠪᠣᠬᠢᠷᠲᠤᠯ ᠭᠠᠳᠠᠭᠰᠢᠯᠠᠭᠤᠯᠬᠤ ᠠᠮᠠᠰᠠᠷ᠂ ᠬᠤᠲᠠ | ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠣᠬᠢᠷᠲᠤᠯ ᠭᠠᠳᠠᠭᠰᠢᠯᠠᠭᠤᠯᠬᠤ ᠠᠮᠠ ᠪᠠ | ᠲᠠᠷᠢᠶᠠᠯᠠᠩ ᠤᠨ ᠤᠰᠤ ᠭᠠᠳᠠᠭᠰᠢᠯᠠᠭᠤᠯᠬᠤ ᠠᠮᠠᠰᠠᠷ ᠪᠠᠶᠢᠬᠤ ᠦᠭᠡᠢ᠃ | ᠳᠥᠷᠪᠡ᠂ ᠭᠤᠤᠯ ᠤᠷᠤᠭᠤ ᠭᠠᠳᠠᠭᠰᠢᠯᠠᠭᠤᠯᠬᠤ ᠠᠮᠠᠰᠠᠷ ᠢ ᠲᠥᠷᠥᠯ ᠬᠤᠪᠢᠶᠠᠨ ᠴᠡᠭᠴᠡᠯᠡᠨ ᠵᠠᠰᠠᠬᠤ ᠠᠷᠭ᠎ᠠ | ᠬᠡᠮᠵᠢᠶ᠎ᠡ | ᠠᠮᠢ ᠠᠬᠤᠶ ᠣᠷᠴᠢᠨ ᠲᠣᠭᠤᠷᠢᠨ ᠤ ᠶᠠᠮᠤᠨ ᠤ ᠨᠡᠶᠢᠲᠡᠯᠡᠭᠰᠡᠨ ︽ᠭᠤᠤᠯ ᠤᠷᠤᠭᠤ ᠪᠣᠬᠢᠷᠲᠤᠯ | ᠭᠠᠳᠠᠭᠰᠢᠯᠠᠭᠤᠯᠬᠤ ᠠᠮᠠ ᠳᠤ ᠬᠢᠨᠠᠯᠲᠠ ᠲᠠᠯᠪᠢᠵᠤ ᠬᠠᠮᠢᠶᠠᠷᠬᠤ ᠮᠡᠷᠭᠡᠵᠢᠯ ᠤᠨ ᠵᠦᠭᠯᠡᠭᠦᠷ ᠢ ᠴᠡᠭᠴᠡᠯᠡᠨ ᠵᠠᠰᠠᠬᠤ | ᠶᠡᠷᠦᠩᠬᠡᠶ ᠲᠦᠷᠢᠮ︾ ᠪᠠ ︽ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠳᠤ ᠬᠢᠨᠠᠯᠲᠠ ᠲᠠᠯᠪᠢᠵᠤ | ᠬᠠᠮᠢᠶᠠᠷᠬᠤ ᠮᠡᠷᠭᠡᠵᠢᠯ ᠤᠨ ᠵᠦᠭᠯᠡᠭᠦᠷ ᠢ ᠵᠢᠷᠤᠮᠵᠢᠭᠤᠯᠬᠤ ᠪᠥᠲᠥᠭᠡᠨ ᠪᠠᠶᠢᠭᠤᠯᠤᠯᠲᠠ︾ ᠪᠠᠷ ᠭᠤᠤᠯᠳᠠᠯᠭ᠎ᠠ ᠲᠠᠢ | ᠯᠠᠪᠯᠠᠯᠲᠠ ᠪᠣᠯᠭᠠᠵᠤ᠂ ︽ᠦᠨᠡᠨ ᠠᠴᠠ ᠵᠥᠪ ᠢ ᠡᠷᠢᠬᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ | ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ︾ ᠰᠡᠳᠬᠢᠴᠡ ᠶᠣᠰᠣᠭᠠᠷ᠂ ᠭᠤᠤᠯ ᠤᠷᠤᠭᠤ | ᠭᠠᠳᠠᠭᠰᠢᠯᠠᠭᠤᠯᠬᠤ 68 ᠠᠮᠠᠰᠠᠷ ᠲᠤ ᠲᠥᠷᠥᠯ ᠬᠤᠪᠢᠶᠠᠨ ᠴᠡᠭᠴᠡᠯᠡᠨ ᠵᠠᠰᠠᠬᠤ ᠶᠢ ᠬᠡᠷᠡᠭᠵᠢᠭᠦᠯᠦᠨ᠎ᠡ᠃ ᠡᠭᠦᠨ ᠳᠤ᠂ | ᠨᠣᠭᠤᠭᠠᠷᠠᠭᠤᠯᠬᠤ᠂ ᠤᠰᠤ ᠠᠪᠬᠤ ᠬᠥᠭᠡᠷᠭᠡ ᠶᠢᠨ ᠥᠷᠲᠡᠭᠡ ᠶᠢᠨ ᠪᠤᠴᠠᠯᠲᠠ ᠶᠢᠨ ᠬᠤᠭᠤᠯᠠᠶ᠂ ᠤᠰᠤᠯᠠᠯᠲᠠ ᠶᠢᠨ | ᠭᠤᠤ ᠰᠤᠪᠠᠭ᠂ ᠠᠶᠠᠨᠳᠠᠭᠠᠨ ᠦᠶᠡᠷ ᠵᠠᠯᠠᠬᠤ ᠭᠤᠤ ᠰᠤᠪᠠᠭ ᠵᠡᠷᠭᠡ ᠭᠠᠳᠠᠭᠰᠢᠯᠠᠭᠤᠯᠤᠭᠰᠠᠨ ᠪᠣᠬᠢᠷᠲᠤᠯ ᠪᠣᠳᠠᠰ ᠤᠨ | ᠭᠠᠳᠠᠭᠰᠢᠯᠠᠭᠤᠯᠤᠭᠰᠠᠨ 16 ᠶᠢ ᠬᠠᠰᠤᠨ᠎ᠠ᠃ ᠪᠣᠬᠢᠷᠲᠤᠯ ᠭᠠᠳᠠᠭᠰᠢᠯᠠᠭᠤᠯᠬᠤ ᠳᠠᠯᠳᠠ ᠭᠡᠮ ᠣᠷᠣᠰᠢᠵᠤ ᠪᠠᠶᠢᠭ᠎ᠠ | ᠠᠵᠤ ᠦᠢᠯᠡᠳᠪᠦᠷᠢ ᠶᠢᠨ ᠲᠣᠭᠤᠷᠢᠭ ᠤᠨ ᠪᠣᠷᠣᠭᠠᠨ ᠤ ᠤᠰᠤᠨ ᠤ ᠠᠮᠠᠰᠠᠷ᠂ ᠬᠤᠲᠠ ᠪᠠᠯᠭᠠᠰᠤᠨ ᠤ ᠪᠣᠷᠣᠭᠠᠨ ᠤ | ᠦᠶᠡᠷ ᠤᠨ ᠠᠮᠠᠰᠠᠷ᠂ ᠲᠠᠷᠢᠶᠠᠯᠠᠩ ᠤᠨ ᠪᠣᠬᠢᠷ ᠤᠰᠤ ᠭᠠᠳᠠᠭᠰᠢᠯᠠᠭᠤᠯᠬᠤ ᠠᠮᠠᠰᠠᠷ ᠵᠡᠷᠭᠡ 52 ᠭᠠᠳᠠᠭᠰᠢᠯᠠᠭᠤᠯᠬᠤ | ᠠᠮᠠᠰᠠᠷ ᠲᠤ ᠴᠢᠭᠯᠡᠭᠦᠯᠦᠨ᠂ ᠤᠳᠠ ᠲᠣᠭᠤᠷᠢᠭ ᠤᠨ ᠭᠠᠩ ᠬᠠᠭᠤᠷᠠᠶ ᠪᠣᠷᠣᠭᠠᠨ ᠪᠠᠭ᠎ᠠ ᠪᠠᠶᠢᠭ᠎ᠠ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠭᠠᠩᠳᠠᠭᠰᠠᠨ ᠡᠳᠦᠷ ᠲᠤ ᠳᠡᠭᠡᠷ᠎ᠡ ᠳᠤᠷᠠᠳᠤᠭᠰᠠᠨ ᠬᠤᠭᠤᠯᠠᠶ ᠪᠠᠷ ᠪᠣᠬᠢᠷ ᠤᠰᠤ | ᠬᠤᠯᠠᠭᠠᠶᠢᠯᠠᠨ ᠭᠠᠳᠠᠭᠰᠢᠯᠠᠭᠤᠯᠬᠤ ᠶᠢ ᠭᠤᠤᠯᠳᠠᠯᠭ᠎ᠠ ᠲᠠᠢ ᠰᠡᠷᠭᠡᠶᠢᠯᠡᠵᠦ᠂ 43 ᠭᠠᠳᠠᠭᠰᠢᠯᠠᠭᠤᠯᠬᠤ ᠠᠮᠠᠰᠠᠷ ᠢ | ᠬᠠᠤᠯᠢ ᠶᠣᠰᠣᠭᠠᠷ ᠴᠠᠭᠠᠵᠠᠯᠠᠵᠤ᠂ 9 ᠭᠠᠳᠠᠭᠰᠢᠯᠠᠭᠤᠯᠬᠤ ᠠᠮᠠᠰᠠᠷ ᠢ ᠵᠢᠷᠤᠮᠵᠢᠭᠤᠯᠤᠨ ᠴᠡᠭᠴᠡᠯᠡᠨ ᠵᠠᠰᠠᠨ᠎ᠠ᠃ | ︵ᠨᠢᠭᠡ︶ ᠠᠵᠤ ᠦᠢᠯᠡᠳᠪᠦᠷᠢ ᠶᠢᠨ ᠪᠣᠬᠢᠷᠳᠠᠯ ᠢ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠠᠷᠭ᠎ᠠ | ᠬᠡᠮᠵᠢᠶ᠎ᠡ᠃ ᠤᠳᠠ ᠲᠣᠭᠤᠷᠢᠭ ᠤᠨ 24 ᠠᠵᠤ ᠦᠢᠯᠡᠳᠪᠦᠷᠢ ᠶᠢᠨ ᠲᠣᠭᠤᠷᠢᠭ ᠤᠨ ᠪᠣᠷᠣᠭᠠᠨ ᠤ ᠤᠰᠤ ᠶᠢ | ᠭᠠᠳᠠᠭᠰᠢᠯᠠᠭᠤᠯᠬᠤ ᠠᠮᠠᠰᠠᠷ ᠪᠠᠶᠢᠵᠤ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠪᠣᠬᠢᠷᠲᠤᠯ | ᠭᠠᠳᠠᠭᠰᠢᠯᠠᠭᠤᠯᠬᠤ ᠠᠮᠠ ᠦᠭᠡᠢ᠃ ᠪᠣᠳᠠᠲᠠᠶ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠨᠢ᠄ ᠨᠢᠭᠡ ᠳᠤ ᠪᠢᠲᠡᠭᠦᠮᠵᠢᠯᠡᠨ | ᠪᠥᠭᠯᠡᠭᠰᠡᠨ ᠲᠥᠷᠥᠯ ᠢ ᠨᠤᠷᠠᠭᠠᠵᠤ᠂ ᠨᠢᠭᠡᠨᠲᠡ ᠬᠠᠶᠠᠭᠳᠠᠭᠰᠠᠨ ᠪᠤᠶᠤ ᠠᠵᠤ ᠠᠬᠤᠶᠢᠯᠠᠯ ᠤᠨ ᠰᠠᠶᠢᠨ | ᠳᠤᠷ᠎ᠠ ᠠᠴᠠ ᠪᠠᠨ ᠨᠤᠷᠠᠭᠠᠵᠤ ᠪᠢᠲᠡᠭᠦᠮᠵᠢᠯᠡᠭᠰᠡᠨ ᠪᠠᠶᠢᠳᠠᠯ ᠳᠤ ᠴᠢᠭᠯᠡᠭᠦᠯᠦᠨ᠂ ᠱᠦᠢᠨᠢ ᠪᠠᠷ ᠪᠢᠲᠡᠭᠦᠮᠵᠢᠯᠡᠬᠦ ᠪᠤᠶᠤ | ᠬᠤᠭᠤᠯᠠᠶ ᠶᠢᠨ ᠱᠤᠭᠤᠮ ᠢ ᠨᠤᠷᠠᠭᠠᠬᠤ ᠳᠤ ᠬᠤᠯᠪᠣᠭᠳᠠᠨ᠎ᠠ︔ ᠬᠤᠶᠠᠷ ᠲᠤ᠂ ᠬᠡᠷᠡᠭᠯᠡᠵᠦ ᠪᠠᠶᠢᠭ᠎ᠠ ᠠᠵᠤ | ᠦᠢᠯᠡᠳᠪᠦᠷᠢ ᠶᠢᠨ ᠲᠣᠭᠤᠷᠢᠭ ᠤᠨ ᠪᠣᠷᠣᠭᠠᠨ ᠤᠰᠤᠨ ᠤ ᠠᠮᠠᠰᠠᠷ ᠢ ᠵᠢᠷᠤᠮᠵᠢᠭᠤᠯᠤᠨ ᠴᠡᠭᠴᠡᠯᠡᠨ ᠵᠠᠰᠠᠵᠤ᠂ | ᠭᠠᠳᠠᠭᠰᠢᠯᠠᠭᠤᠯᠬᠤ ᠠᠮᠠᠰᠠᠷ ᠤᠨ ᠢᠯᠡ ᠭᠠᠵᠠᠷ ᠲᠤ ᠲᠡᠮᠳᠡᠭ ᠫᠠᠶᠢᠰᠠ ᠳᠣᠭᠢᠷᠠᠭᠤᠯᠬᠤ ᠶᠢᠨ ᠬᠠᠮᠲᠤ ᠨᠠᠭᠠᠳᠤ | ᠵᠠᠬ᠎ᠠ ᠳᠠᠭᠠᠨ 1 ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠵᠦ᠂ ᠭᠠᠩᠰᠠᠭ ᠡᠳᠦᠷ ᠲᠤ ᠦᠢᠯᠡᠳᠪᠦᠷᠢ ᠶᠢᠨ | ᠲᠣᠭᠤᠷᠢᠭ ᠤᠨ ᠪᠣᠷᠣᠭᠠᠨ ᠤᠰᠤᠨ ᠤ ᠠᠮᠠᠰᠠᠷ ᠪᠣᠬᠢᠷ ᠤᠰᠤ ᠭᠠᠳᠠᠭᠰᠢᠯᠠᠭᠤᠯᠬᠤ ᠦᠢᠯᠡ ᠠᠵᠢᠯᠯᠠᠭ᠎ᠠ ᠳᠤ | ᠬᠤᠯᠪᠣᠭᠳᠠᠵᠠᠶ᠃ | ︵ᠬᠤᠶᠠᠷ︶ ᠪᠤᠰᠤᠳ ᠤᠰᠤ ᠭᠠᠷᠭᠠᠬᠤ ᠶᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠃ ᠤᠳᠠ ᠲᠣᠭᠤᠷᠢᠭ ᠲᠤ | ᠨᠡᠶᠢᠲᠡ 28 ᠪᠤᠰᠤᠳ ᠤᠰᠤ ᠭᠠᠳᠠᠭᠰᠢᠯᠠᠭᠤᠯᠬᠤ ᠡᠭᠦᠳᠡ ᠲᠠᠢ᠂ ᠡᠭᠦᠨ ᠳᠤ ᠬᠤᠲᠠ ᠪᠠᠯᠭᠠᠰᠤᠨ ᠤ ᠪᠣᠷᠣᠭᠠᠨ ᠤ | ᠦᠶᠡᠷ ᠤᠨ ᠠᠮᠠ 17᠂ ᠬᠡᠪᠴᠢᠶᠡᠵᠢᠭᠰᠡᠨ ᠪᠤᠰᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠠᠮᠠ 1᠂ | ᠬᠠᠶᠠᠭᠳᠠᠮᠠᠯ ᠬᠤᠭᠤᠯᠠᠶ 2᠂ ᠠᠮᠢᠳᠤᠷᠠᠯ ᠤᠨ ᠪᠣᠬᠢᠷ ᠤᠰᠤ ᠰᠤᠯᠠ ᠭᠠᠳᠠᠭᠰᠢᠯᠠᠭᠤᠯᠬᠤ ᠠᠮᠠ 2᠂ ᠬᠠᠲᠤᠨ | ᠭᠤᠤᠯ ᠤᠨ ᠤᠰᠤ ᠲᠠᠲᠠᠬᠤ ᠬᠥᠭᠡᠷᠭᠡ ᠶᠢᠨ ᠥᠷᠲᠡᠭᠡ ᠶᠢᠨ ᠤᠰᠤ ᠪᠤᠴᠠᠭᠠᠬᠤ ᠡᠭᠦᠳᠡ 1᠂ ᠪᠤᠰᠤᠳ ᠲᠥᠷᠥᠯ | ᠵᠦᠢᠯ ᠨᠡᠶᠢᠲᠡ 5 ᠪᠣᠶ᠃ ᠨᠢᠭᠡᠨᠲᠡ ᠬᠠᠶᠠᠭᠰᠠᠨ᠂ ᠡᠯᠡᠰᠦ ᠰᠢᠪᠠᠷ ᠨᠢ ᠬᠦᠨᠳᠦ ᠨᠣᠴᠢᠲᠠᠶ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠭᠠᠳᠠᠭᠰᠢᠯᠠᠭᠤᠯᠤᠭᠰᠠᠨ ᠠᠮᠠᠰᠠᠷ ᠢ ᠨᠤᠷᠠᠭᠠᠬᠤ ᠪᠤᠶᠤ | ᠪᠥᠭᠯᠡᠵᠦ᠂ 24 ᠭᠠᠳᠠᠭᠰᠢᠯᠠᠭᠤᠯᠬᠤ ᠠᠮᠠᠰᠠᠷ ᠲᠠᠢ ᠬᠤᠯᠪᠣᠭᠳᠠᠨ᠎ᠠ︔ ᠦᠯᠡᠳᠡᠭᠡᠬᠦ ᠴᠢᠬᠤᠯᠠᠲᠠᠶ ᠪᠠᠷᠢᠮᠵᠢᠶ᠎ᠠ ᠳᠤ | ᠴᠢᠭᠯᠡᠭᠦᠯᠦᠨ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠴᠢᠬᠤᠯᠠ ᠲᠠᠢ ᠦᠶ᠎ᠡ ᠳᠤ | ᠲᠡᠮᠳᠡᠭ ᠫᠠᠶᠢᠰᠠ ᠲᠣᠬᠢᠷᠠᠭᠤᠯᠬᠤ ᠶᠢᠨ ᠬᠠᠮᠲᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠵᠦ᠂ 4 | ᠭᠠᠳᠠᠭᠰᠢᠯᠠᠭᠤᠯᠤᠭᠰᠠᠨ ᠪᠠᠶᠢᠨ᠎ᠠ᠃ | ︵ᠭᠤᠷᠪᠠ︶ ᠪᠣᠬᠢᠷ ᠪᠣᠳᠠᠰ ᠭᠠᠳᠠᠭᠰᠢᠯᠠᠭᠤᠯᠬᠤ ᠪᠤᠰᠤ ᠠᠮᠠ ᠶᠢ ᠬᠢᠨᠠᠵᠤ ᠭᠠᠷᠭ᠎ᠠ᠃ ᠠᠮᠢ ᠠᠬᠤᠶ ᠣᠷᠴᠢᠨ | ᠲᠣᠭᠤᠷᠢᠨ ᠤ ᠶᠠᠮᠤᠨ ᠤ ᠲᠣᠭᠲᠠᠭᠠᠭᠰᠠᠨ ︽ᠲᠤᠯᠤᠭᠠᠨ ᠲᠥᠷᠥᠯ︾ ᠤᠨ ᠪᠣᠬᠢᠷᠲᠤᠯ ᠭᠠᠳᠠᠭᠰᠢᠯᠠᠭᠤᠯᠬᠤ ᠪᠤᠰᠤ | ᠠᠮᠠᠰᠠᠷ ᠤᠨ ᠪᠠᠶᠢᠳᠠᠯ ᠶᠣᠰᠣᠭᠠᠷ᠂ ᠲᠣᠰ ᠭᠠᠳᠠᠭᠰᠢᠯᠠᠭᠤᠯᠬᠤ ᠠᠮᠠᠰᠠᠷ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ | ᠡᠰᠡᠬᠦ ᠪᠠᠷ ᠵᠠᠷᠴᠢᠮ ᠪᠣᠯᠭᠠᠵᠤ᠂ ᠤᠳᠠ ᠲᠣᠭᠤᠷᠢᠭ ᠡᠬᠢ ᠡᠭᠦᠰᠦᠯ ᠢ ᠨᠢ ᠡᠷᠢᠵᠦ ᠵᠠᠳᠠᠯᠬᠤ ᠪᠠᠷ ᠳᠡᠮᠵᠢᠨ ᠪᠣᠬᠢᠷᠲᠤᠯ | ᠭᠠᠳᠠᠭᠰᠢᠯᠠᠭᠤᠯᠬᠤ ᠪᠤᠰᠤ 16 ᠠᠮᠠᠰᠠᠷ ᠢ ᠲᠣᠭᠲᠠᠭᠠᠵᠤ᠂ ᠬᠠᠮᠢᠶ᠎ᠠ ᠪᠦᠬᠦᠢ ᠴᠡᠭᠴᠡᠯᠡᠨ ᠵᠠᠰᠠᠬᠤ ᠬᠠᠷᠢᠭᠤᠴᠠᠯᠭᠠᠲᠤ | ᠨᠢᠭᠡᠴᠡ ᠠᠴᠠ ᠭᠡᠷᠡᠴᠢᠯᠡᠬᠦ ᠮᠠᠲ᠋ᠧᠷᠢᠶᠠᠯ ᠭᠠᠷᠭᠠᠵᠤ᠂ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠪᠤᠰᠤ ᠨᠠᠷᠢᠨ | ᠪᠠᠶᠢᠳᠠᠯ ᠢ ᠲᠣᠳᠣᠷᠬᠠᠶᠢᠯᠠᠵᠤ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠠᠴᠠ ᠲᠤᠬᠠᠶ ᠶᠢᠨ | ᠭᠠᠵᠠᠷ ᠲᠤᠨᠢ ᠬᠢᠨᠠᠨ ᠰᠢᠯᠭᠠᠵᠤ᠂ ᠬᠢᠨᠠᠨ ᠰᠢᠯᠭᠠᠵᠤ ᠥᠩᠭᠡᠷᠡᠭᠦᠯᠦᠭᠰᠡᠨ ᠤ ᠳᠠᠷᠠᠭ᠎ᠠ ᠪᠣᠬᠢᠷᠲᠤᠯ ᠭᠠᠳᠠᠭᠰᠢᠯᠠᠭᠤᠯᠬᠤ | ᠠᠮᠠᠰᠠᠷ ᠤᠨ ᠬᠢᠨᠠᠨ ᠬᠠᠷᠭᠤᠭᠤᠯᠵᠤ ᠬᠦᠴᠦᠨ ᠥᠬᠡᠶ ᠪᠣᠯᠭᠠᠪᠠ᠃ ᠬᠢᠨᠠᠨ ᠪᠠᠶᠢᠴᠠᠭᠠᠭᠠᠳ ᠪᠠᠲᠤᠯᠠᠭᠰᠠᠨ ᠦᠭᠡᠶ ᠪᠣᠯ | ᠳᠡᠭᠡᠷ᠎ᠡ ᠳᠤᠷᠠᠳᠤᠭᠰᠠᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠣᠰᠣᠭᠠᠷ ᠴᠡᠭᠴᠡᠯᠡᠨ ᠵᠠᠰᠠᠬᠤ ᠬᠡᠪᠴᠢᠶᠡᠨ ᠳᠤ | ᠣᠷᠣᠭᠤᠯᠬᠤ ᠬᠡᠷᠡᠭᠲᠡᠶ᠃ | ᠲᠠᠪᠤ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠰᠢᠯᠭᠠᠨ ᠬᠤᠷᠢᠶᠠᠵᠤ ᠳ᠋ᠤᠭᠠᠷ ᠬᠠᠰᠤᠬᠤ | ᠱᠠᠭᠠᠷᠳᠠᠯᠭ᠎ᠠ | ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠰᠢᠯᠭᠠᠨ ᠬᠤᠷᠢᠶᠠᠵᠤ ᠳ᠋ᠤᠭᠠᠷ ᠬᠠᠰᠤᠬᠤ | ᠳᠦᠷᠢᠮ ᠢ ᠪᠠᠶᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠠᠯᠬᠤᠮ | ᠳᠠᠷᠠᠭ᠎ᠠ ᠲᠠᠢ ᠪᠠᠷ ᠠᠬᠢᠭᠤᠯᠵᠤ᠂ ᠪᠤᠰᠤᠳᠴᠢ ᠵᠢᠮ᠎ᠡ ᠶᠣᠰᠣ ᠶᠢ ᠬᠦᠨᠳᠦᠳᠬᠡᠨ᠂ ᠰᠢᠯᠭᠠᠨ ᠬᠤᠷᠢᠶᠠᠵᠤ ᠳ᠋ᠤᠭᠠᠷ | ᠬᠠᠰᠤᠬᠤ ᠠᠵᠢᠯ ᠢ ᠲᠥᠷᠥᠯ ᠪᠦᠯᠦᠭ ᠬᠤᠪᠢᠶᠠᠨ ᠥᠷᠨᠢᠭᠦᠯᠦᠨ᠎ᠡ᠃ ᠡᠯ᠎ᠡ ᠴᠡᠭᠴᠡᠯᠡᠨ ᠵᠠᠰᠠᠬᠤ ᠬᠠᠷᠢᠭᠤᠴᠠᠯᠭᠠᠲᠤ | ᠨᠢᠭᠡᠴᠡ ᠨᠢ ︽ᠨᠢᠭᠡ ᠠᠮᠠ ᠨᠢᠭᠡ ᠠᠷᠭ᠎ᠠ ᠪᠣᠳᠣᠯᠭ᠎ᠠ︾ ᠶᠢᠨ ᠴᠡᠭᠴᠡᠯᠡᠨ ᠵᠠᠰᠠᠬᠤ ᠲᠥᠰᠥᠯ ᠤᠨ ᠱᠠᠭᠠᠷᠳᠠᠯᠭ᠎ᠠ ᠲᠠᠢ | ᠴᠢᠩᠭ᠎ᠠ ᠬᠠᠷᠢᠴᠠᠭᠤᠯᠤᠨ ᠴᠡᠭᠴᠡᠯᠡᠨ ᠵᠠᠰᠠᠬᠤ ᠶᠢ ᠲᠦᠷᠭᠡᠳᠬᠡᠵᠦ᠂ ᠴᠡᠭᠴᠡᠯᠡᠨ ᠵᠠᠰᠠᠬᠤ ᠶᠠᠪᠤᠴᠠ ᠳᠤ ᠴᠡᠭᠴᠡᠯᠡᠨ | ᠵᠠᠰᠠᠬᠤ ᠠᠷᠭ᠎ᠠ ᠬᠡᠮᠵᠢᠶ᠎ᠡ ᠳᠤ ᠦᠨᠡᠨᠬᠦ ᠲᠣᠬᠢᠷᠠᠭᠤᠯᠤᠯᠲᠠ ᠬᠢᠬᠦ ᠴᠢᠬᠤᠯᠠᠲᠠᠢ ᠪᠠᠶᠢᠪᠠᠯ᠂ ᠲᠤᠭᠤᠷᠢᠭ ᠤᠨ ᠵᠠᠰᠠᠭ ᠤᠨ | ᠣᠷᠳᠣᠨ ᠢᠶᠠᠷ ᠨᠤᠲᠠᠯᠠᠭᠤᠯᠤᠭᠰᠠᠨ ᠤ ᠳᠠᠷᠠᠭ᠎ᠠ᠂ ᠵᠢᠩᠬᠢᠨᠢ ᠪᠢᠴᠢᠭ ᠮᠠᠲ᠋ᠧᠷᠢᠶᠠᠯ ᠢᠶᠠᠷ ᠢᠶᠠᠨ ᠬᠤᠲᠠ ᠶᠢᠨ ᠠᠮᠢ | ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠳᠤ ᠲᠤᠰᠢᠶᠠᠵᠤ ᠳᠠᠩᠰᠠᠯᠠᠭᠤᠯᠬᠤ ᠬᠡᠷᠡᠭᠲᠡᠢ᠃ ᠨᠢᠭᠡᠨᠲᠡ ᠴᠡᠭᠴᠡᠯᠡᠨ | ᠵᠠᠰᠠᠬᠤ ᠶᠢ ᠪᠡᠶᠡᠯᠡᠭᠦᠯᠦᠭᠰᠡᠨ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠳᠤ ᠴᠢᠭᠯᠡᠭᠦᠯᠦᠨ᠂ ᠭᠤᠣᠯ | ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠶᠢᠨ ᠳ᠋ᠤᠭᠠᠷᠯᠠᠯ ᠢ ᠬᠠᠰᠤᠭᠰᠠᠨ ᠲᠠᠩᠰᠠ | ᠡᠪᠬᠡᠮᠡᠯ ᠪᠠᠶᠢᠭᠤᠯᠬᠤ ᠬᠡᠷᠡᠭᠲᠡᠢ᠄ ᠨᠢᠭᠡ ᠳᠤ ᠴᠡᠭᠴᠡᠯᠡᠨ ᠵᠠᠰᠠᠬᠤ ᠬᠠᠷᠢᠭᠤᠴᠠᠯᠭᠠᠲᠤ ᠨᠢᠭᠡᠴᠡ ᠠᠴᠠ ᠴᠡᠭᠴᠡᠯᠡᠨ | ᠵᠠᠰᠠᠬᠤ ᠶᠢᠨ ᠲᠦᠷᠦᠭᠦᠯᠡᠬᠦ ᠰᠠᠯᠠᠭ᠎ᠠ ᠮᠥᠴᠢᠷ ᠲᠤ ᠳ᠋ᠤᠭᠠᠷᠯᠠᠯ ᠢ ᠬᠠᠰᠤᠭᠰᠠᠨ ᠭᠤᠶᠤᠴᠢᠯᠠᠯ ᠤᠨ ᠮᠠᠲ᠋ᠧᠷᠢᠶᠠᠯ ᠢᠶᠠᠨ | ᠲᠤᠰᠢᠶᠠᠵᠤ᠂ ᠴᠡᠭᠴᠡᠯᠡᠨ ᠵᠠᠰᠠᠬᠤ ᠶᠢᠨ ᠲᠦᠷᠦᠭᠦᠯᠡᠬᠦ ᠰᠠᠯᠠᠭ᠎ᠠ ᠮᠥᠴᠢᠷ ᠨᠢ ᠳ᠋ᠤᠭᠠᠷᠯᠠᠯ ᠢ ᠬᠠᠰᠤᠭᠰᠠᠨ | ᠭᠤᠶᠤᠴᠢᠯᠠᠯ ᠤᠨ ᠮᠠᠲ᠋ᠧᠷᠢᠶᠠᠯ ᠢ ᠨᠢᠭᠡᠳ ᠨᠢᠭᠡ ᠪᠠᠷ ᠬᠢᠨᠠᠨ ᠬᠠᠷᠭᠤᠭᠤᠯᠬᠤ ᠶᠢᠨ ᠬᠠᠮᠲᠤ ᠲᠤᠬᠠᠢ ᠶᠢᠨ ᠲᠠᠯᠠᠪᠤᠷ | ᠲᠤᠨᠢ ᠬᠠᠷᠭᠤᠭᠤᠯᠤᠨ ᠪᠠᠶᠢᠴᠠᠭᠠᠨ᠎ᠠ︔ ᠬᠤᠶᠠᠷ ᠲᠤ ᠴᠡᠭᠴᠡᠯᠡᠨ ᠵᠠᠰᠠᠬᠤ ᠠᠵᠢᠯ ᠢ ᠲᠦᠷᠦᠭᠦᠯᠡᠨ ᠬᠢᠬᠦ ᠰᠠᠯᠠᠭ᠎ᠠ | ᠮᠥᠴᠢᠷ ᠨᠢ ᠰᠠᠷ᠎ᠠ ᠪᠦᠷᠢ ᠲᠤᠬᠠᠢ ᠶᠢᠨ ᠲᠠᠯᠠᠪᠤᠷ ᠲᠤᠨᠢ ᠬᠠᠷᠭᠤᠭᠤᠯᠤᠨ ᠪᠠᠶᠢᠴᠠᠭᠠᠭᠰᠠᠨ ᠪᠣᠬᠢᠷᠲᠤᠯ | ᠭᠠᠳᠠᠭᠰᠢᠯᠠᠭᠤᠯᠬᠤ ᠠᠮᠠᠰᠠᠷ ᠤᠨ ᠳ᠋ᠤᠭᠠᠷ ᠢ ᠬᠠᠰᠤᠭᠰᠠᠨ ᠮᠠᠲ᠋ᠧᠷᠢᠶᠠᠯ ᠢ ᠰᠢᠯᠭᠠᠨ ᠬᠤᠷᠢᠶᠠᠵᠤ ᠳ᠋ᠤᠭᠠᠷ ᠢ ᠬᠠᠰᠤᠭᠰᠠᠨ | ᠬᠤᠲᠠ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠨ᠎ᠠ︔ ᠭᠤᠷᠪᠠ ᠳᠤ᠂ ᠡᠯ᠎ᠡ | ᠴᠡᠭᠴᠡᠯᠡᠨ ᠵᠠᠰᠠᠬᠤ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠤᠯᠠᠷᠢᠯ ᠪᠦᠷᠢ ᠶᠢᠨ ᠡᠴᠦᠰ ᠲᠤ ᠳ᠋ᠤᠭᠠᠷ ᠢ | ᠬᠠᠰᠤᠭᠰᠠᠨ ᠨᠤᠲᠠᠯᠠᠯᠲᠠ ᠶᠢᠨ ᠬᠦᠰᠦᠨᠦᠭᠲᠦ ᠪᠠ ᠳ᠋ᠤᠭᠠᠷ ᠢ ᠬᠠᠰᠤᠭᠰᠠᠨ ᠮᠠᠲ᠋ᠧᠷᠢᠶᠠᠯ ᠢᠶᠠᠨ ᠲᠤᠭᠤᠷᠢᠭ ᠤᠨ ᠠᠮᠢ | ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠳᠤ ᠨᠢᠭᠡᠳᠦᠯᠲᠡᠢ ᠲᠤᠰᠢᠶᠠᠵᠤ ᠲᠠᠩᠰᠠ ᠡᠪᠬᠡᠮᠡᠯ ᠳᠤ | ᠣᠷᠣᠭᠤᠯᠤᠨ᠎ᠠ᠃ | ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠪᠠ᠃ ᠡᠯ᠎ᠡ ᠴᠡᠭᠴᠡᠯᠡᠨ ᠵᠠᠰᠠᠬᠤ ᠠᠵᠢᠯ ᠢ ᠲᠦᠷᠦᠭᠦᠯᠡᠨ ᠬᠢᠬᠦ ᠰᠠᠯᠠᠭ᠎ᠠ ᠮᠥᠴᠢᠷ | ᠪᠣᠯ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠲᠥᠷᠥᠯ ᠬᠤᠪᠢᠶᠠᠨ ᠴᠡᠭᠴᠡᠯᠡᠨ ᠵᠠᠰᠠᠬᠤ | ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ | ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ | ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠠ ᠲᠣᠭᠤᠷᠢᠭ ᠤᠨ ︽ᠨᠢᠭᠡ ᠠᠮᠠ ᠨᠢᠭᠡ | ᠪᠣᠳᠣᠯᠭ᠎ᠠ︾ ᠶᠢᠨ ᠴᠡᠭᠴᠡᠯᠡᠨ ᠵᠠᠰᠠᠬᠤ ᠲᠥᠰᠦᠯ ᠢ ᠴᠢᠩᠭ᠎ᠠ ᠵᠢᠷᠤᠮᠯᠠᠨ ᠴᠡᠭᠴᠡᠯᠡᠨ ᠵᠠᠰᠠᠬᠤ ᠠᠵᠢᠯ ᠢ ᠲᠦᠷᠭᠡᠳᠬᠡᠨ | ᠠᠬᠢᠭᠤᠯᠵᠤ᠂ ᠮᠠᠨ ᠤ ᠲᠤᠭᠤᠷᠢᠭ ᠤᠨ ᠴᠡᠭᠴᠡᠯᠡᠨ ᠵᠠᠰᠠᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ | ︵ᠬᠤᠶᠠᠷ︶ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠲᠣᠬᠢᠷᠠᠭᠤᠯᠤᠯᠲᠠ ᠪᠠᠨ | ᠴᠢᠩᠭᠠᠳᠬᠠᠬᠤ ᠬᠡᠷᠡᠭᠲᠡᠢ᠃ ᠡᠯ᠎ᠡ ᠴᠡᠭᠴᠡᠯᠡᠨ ᠵᠠᠰᠠᠬᠤ ᠠᠵᠢᠯ ᠢ ᠲᠦᠷᠦᠭᠦᠯᠡᠨ ᠬᠢᠬᠦ ᠰᠠᠯᠠᠭ᠎ᠠ ᠮᠥᠴᠢᠷ ᠤᠳ | ᠠᠵᠢᠯ ᠤᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ | ᠭᠥᠷᠳᠡᠬᠦ ᠶᠢ ᠪᠡᠶᠡᠯᠡᠭᠦᠯᠦᠨ᠂ ᠠᠵᠢᠯ ᠤᠨ ᠬᠠᠷᠢᠯᠴᠠᠭ᠎ᠠ ᠪᠠᠨ ᠨᠢᠭᠲᠠᠷᠠᠭᠤᠯᠵᠤ᠂ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠡᠯ᠎ᠡ | ᠴᠡᠭᠴᠡᠯᠡᠨ ᠵᠠᠰᠠᠬᠤ ᠲᠦᠷᠦᠭᠦᠯᠡᠬᠦ ᠰᠠᠯᠠᠭ᠎ᠠ ᠮᠥᠴᠢᠷ ᠤᠨ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ | ᠴᠡᠭᠴᠡᠯᠡᠨ ᠵᠠᠰᠠᠬᠤ ᠠᠵᠢᠯ ᠳᠤ ᠰᠠᠷ᠎ᠠ ᠶᠢᠨ ᠲᠣᠬᠢᠷᠠᠭᠤᠯᠤᠯᠲᠠ ᠬᠢᠵᠦ᠂ ᠭᠤᠤᠯ ᠤᠷᠤᠭᠤ ᠪᠣᠬᠢᠷᠲᠤᠯ | ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠠᠵᠢᠯ ᠬᠤᠴᠣᠷᠤᠩᠭᠤᠶ ᠰᠠᠯᠠᠭ᠎ᠠ ᠮᠥᠴᠢᠷ ᠢ ᠴᠠᠭ ᠲᠤᠬᠠᠶ ᠳᠤᠨᠢ | ᠰᠠᠨᠠᠭᠤᠯᠵᠤ᠂ ᠴᠡᠭᠴᠡᠯᠡᠨ ᠵᠠᠰᠠᠬᠤ ᠠᠵᠢᠯ ᠤᠨ ᠳᠤᠮᠳᠠ ᠬᠠᠷᠢᠯᠴᠠᠨ ᠲᠦᠯᠬᠢᠯᠴᠡᠭᠰᠡᠨ᠂ ᠬᠤᠳᠠᠯ ᠬᠡᠯᠡᠵᠦ | ᠬᠠᠭᠤᠷᠮᠠᠭᠯᠠᠨ ᠵᠣᠬᠢᠶᠠᠭᠰᠠᠨ ᠪᠠ ᠬᠦᠨᠳᠦ ᠨᠣᠴᠢᠲᠠᠶ ᠬᠤᠴᠣᠷᠤᠩᠭᠤᠶ ᠰᠠᠯᠠᠭ᠎ᠠ ᠮᠥᠴᠢᠷ ᠢ ᠵᠠᠷᠯᠠᠨ ᠰᠢᠭᠦᠮᠵᠢᠯᠡᠨ᠎ᠡ︔ | ᠣᠨ ᠤ ᠴᠡᠭᠴᠡᠯᠡᠨ ᠵᠠᠰᠠᠬᠤ ᠡᠭᠦᠷᠭᠡ ᠪᠠᠨ ᠪᠡᠶᠡᠯᠡᠭᠦᠯᠦᠭᠡᠳᠦᠶ ᠰᠠᠯᠠᠭ᠎ᠠ ᠮᠥᠴᠢᠷ ᠢ ᠲᠤᠭᠤᠷᠢᠭ ᠤᠨ ᠵᠠᠰᠠᠭ ᠤᠨ | ᠣᠷᠳᠣᠨ ᠳᠤ ᠮᠡᠳᠡᠭᠦᠯᠦᠨ ᠶᠠᠷᠢᠯᠴᠠᠭᠤᠯᠬᠤ ᠶᠢᠨ ᠬᠠᠮᠲᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠣᠨ ᠤ ᠬᠠᠷᠠᠯᠲᠠ ᠶᠢᠨ ᠬᠢᠨᠠᠨ ᠰᠢᠯᠭᠠᠯᠲᠠ ᠳᠤ ᠬᠤᠪᠢ ᠬᠠᠰᠤᠨ᠎ᠠ᠃ | ︵ᠭᠤᠷᠪᠠ︶ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠵᠠᠷᠤᠳᠠᠯ ᠤᠨ ᠪᠠᠲᠤᠯᠠᠭ᠎ᠠ ᠶᠢ | ᠨᠠᠶᠢᠳᠠᠪᠤᠷᠢᠵᠢᠭᠤᠯᠤᠨ᠎ᠠ᠃ ᠬᠤᠲᠠ ᠪᠠᠯᠭᠠᠰᠤᠨ ᠤ ᠪᠣᠷᠣᠭᠠᠨ ᠤ ᠦᠶᠡᠷ ᠤᠨ ᠠᠮᠠᠰᠠᠷ᠂ ᠲᠠᠷᠢᠶᠠᠨ ᠭᠠᠵᠠᠷ ᠤᠨ ᠤᠰᠤ | ᠪᠤᠴᠠᠭᠠᠬᠤ ᠠᠮᠠᠰᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠬᠠᠮᠢᠶ᠎ᠠ ᠪᠦᠬᠦᠢ ᠠᠵᠢᠯ ᠤᠨ ᠵᠠᠷᠤᠳᠠᠯ ᠢ | ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠴᠡᠭᠴᠡᠯᠡᠨ ᠵᠠᠰᠠᠬᠤ ᠵᠢᠴᠢ ᠬᠢᠨᠠᠨ ᠬᠠᠮᠢᠶᠠᠷᠬᠤ ᠪᠡᠯᠡ | ᠮᠥᠩᠭᠦ ᠶᠢᠨ ᠣᠷᠣᠭᠤᠯᠤᠯᠲᠠ ᠪᠠᠨ ᠦᠨᠡᠨᠬᠦ ᠨᠡᠮᠡᠭᠳᠡᠭᠦᠯᠵᠦ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ | ᠠᠮᠠ ᠶᠢ ᠴᠡᠭᠴᠡᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠤᠨ᠎ᠠ᠃ ᠡᠭᠦᠨ ᠤ ᠬᠠᠮᠲᠤ᠂ ᠡᠯ᠎ᠡ ᠲᠦᠷᠦᠭᠦᠯᠡᠬᠦ | ᠰᠠᠯᠠᠭ᠎ᠠ ᠮᠥᠴᠢᠷ ᠤᠳ ᠡᠯ᠎ᠡ ᠬᠠᠷᠢᠭᠤᠴᠠᠯᠭᠠᠲᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠪᠠᠯᠠ ᠮᠥᠩᠭᠦ ᠶᠢᠨ | ᠣᠷᠣᠭᠤᠯᠤᠯᠲᠠ ᠪᠠᠨ ᠨᠡᠮᠡᠭᠳᠡᠭᠦᠯᠵᠦ᠂ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠴᠡᠭᠴᠡᠯᠡᠨ ᠵᠠᠰᠠᠬᠤ | ᠡᠭᠦᠷᠭᠡ ᠶᠢ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ᠃ | ᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠯᠢ ᠭᠥᠸᠧ ᠯᠢᠶᠠᠩ ᠵᠡᠷᠭᠡ ᠨᠦᠬᠦᠳ ᠢ ᠲᠤᠰᠢᠶᠠᠯ ᠳᠤ | ᠲᠤᠮᠢᠯᠠᠬᠤ ᠪᠠ ᠲᠤᠰᠢᠶᠠᠯ ᠠᠴᠠ ᠪᠠᠭᠤᠯᠭᠠᠬᠤ ᠲᠤᠬᠠᠢ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ᠰᠤᠳᠤᠯᠤᠨ ᠲᠣᠭᠲᠠᠭᠠᠬᠤ ᠪᠠᠷ ᠳᠠᠮᠵᠢᠨ᠄ | ᠯᠢ ᠭᠦᠸᠧ ᠯᠢᠶᠠᠩ ᠤᠳᠠ ᠲᠣᠭᠤᠷᠢᠭ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ᠤᠨ ᠳᠡᠳ᠋ | ᠡᠷᠬᠢᠯᠡᠭᠴᠢ ᠶᠢᠨ ᠲᠤᠰᠢᠶᠠᠯ ᠳᠤ ᠭᠠᠷᠭᠠᠪᠡ ︵ᠲᠤᠷᠰᠢᠨ ᠬᠡᠷᠡᠭᠯᠡᠬᠦ ᠬᠤᠭᠤᠴᠠᠭ᠎ᠠ ᠨᠢ ᠨᠢᠭᠡ ᠵᠢᠯ︶︔ | ᠯᠢᠦ ᠰᠢ ᠤᠳᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠡᠳ᠋ | ᠳᠠᠷᠤᠭ᠎ᠠ ᠶᠢᠨ ᠲᠤᠰᠢᠶᠠᠯ ᠳᠤ ᠭᠠᠷᠭᠠᠪᠡ ︵ᠲᠤᠷᠰᠢᠨ ᠬᠡᠷᠡᠭᠯᠡᠬᠦ ᠬᠤᠭᠤᠴᠠᠭ᠎ᠠ ᠨᠢ ᠨᠢᠭᠡ ᠵᠢᠯ︶︔ | ᠯᠦ ᠨᠠᠨ ᠤᠳᠠ ᠲᠣᠭᠤᠷᠢᠭ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ᠤᠨ ᠳᠡᠳ᠋ | ᠡᠷᠬᠢᠯᠡᠭᠴᠢ ᠶᠢᠨ ᠲᠤᠰᠢᠶᠠᠯ ᠠᠴᠠ ᠪᠠᠭᠤᠯᠭᠠᠪᠡ︔ | ᠯᠢ ᠶᠢᠨ ᠤᠳᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠡᠳ᠋ | ᠳᠠᠷᠤᠭ᠎ᠠ ᠶᠢᠨ ᠲᠤᠰᠢᠶᠠᠯ ᠠᠴᠠ ᠪᠠᠭᠤᠯᠭᠠᠪᠡ︔ | ᠶᠠᠨ ᠬᠤᠢ ᠮᠢᠩ ᠤᠳᠠ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠶᠢᠨ ᠲᠤᠰᠢᠶᠠᠯ ᠠᠴᠠ ᠪᠠᠭᠤᠯᠭᠠᠪᠡ᠃ | ᠣᠨᠴᠠᠭᠠᠶᠢᠯᠠᠨ ᠮᠡᠳᠡᠭᠳᠡᠪᠡ᠃ | 2023 ᠣᠨ ᠤ 9 ᠰᠠᠷ᠎ᠠ ᠶᠢᠨ 19 ᠤ ᠡᠳᠦᠷ | | |