ᠦᠰᠦᠭ ᠪᠢᠴᠢᠭ ᠢᠶᠠᠷ ᠦᠭᠦᠯᠡᠬᠦᠢ᠄ ᠦᠬᠠᠶ ᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/29
ᠨᠢᠭᠡ᠂ ᠶᠠᠭᠤᠨ ᠳᠤ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠦᠷᠢᠮ ᠢ ᠪᠠᠶᠢᠭᠤᠯᠤᠭᠰᠠᠨ ᠪᠣᠶ︖      ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠲᠣᠭᠲᠠᠴᠠ ᠶᠢᠨ ᠥᠭᠡᠷᠡᠴᠢᠯᠡᠯᠲᠡ ᠪᠣᠯ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ 2021 ᠣᠨ ᠤ 4 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠶ  ᠵᠢᠯᠣᠭᠤᠳᠬᠤ  ᠰᠠᠨᠠᠯ  ︾ ︵ᠲᠥᠷᠥ ᠠᠯᠪᠠᠨ ᠲᠠᠷᠬᠠᠭᠠᠭᠰᠠᠨ ︹2021︺ 14 ᠳ᠋ᠤᠭᠡᠷ ᠲᠣᠭᠠᠲᠤ︶ ᠢ ᠨᠡᠶᠢᠲᠡᠯᠡᠵᠦ᠂ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠳᠥᠯᠥᠬᠦ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠵᠤ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠳᠤ ᠥᠭᠡᠷᠡᠴᠢᠯᠡᠯᠲᠡ ᠬᠢᠵᠦ᠂ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ ᠭᠡᠵᠦ ᠱᠠᠭᠠᠷᠳᠠᠪᠠ᠃ ᠲᠣᠰ ᠵᠢᠯ ᠤᠨ 12 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠵᠢᠯᠣᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2021︺ 82 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶᠡᠨ ᠳᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠷᠢᠯᠢᠬᠵᠢᠭᠤᠯᠵᠤ᠂ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭᠵᠢᠭᠦᠯᠬᠦ ᠨᠠᠷᠢᠨ ᠲᠦᠷᠢᠮ ᠢ ᠨᠡᠶᠢᠲᠡᠯᠡᠬᠦ ᠶᠢ ᠦᠨᠡᠨ ᠬᠦ ᠪᠠᠲᠤᠯᠠᠨ᠎ᠠ᠂ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠪᠠᠰᠠ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ ﹇2021﹈ 42 ᠳ᠋ᠤᠭᠠᠷ ᠲᠣᠭᠠᠲᠤ︶ ᠢ ᠵᠡᠷᠭᠡ ᠪᠠᠷ ᠳᠠᠷᠤᠮᠠᠯᠯᠠᠨ ᠲᠠᠷᠬᠠᠭᠠᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ ᠤᠨ ᠵᠠᠩᠭᠢᠶᠠᠰᠤ᠂ ᠬᠤᠪᠢ ᠬᠥᠮᠦᠨ ᠤ ᠲᠠᠩᠰᠠᠨ ᠡᠷᠦᠬᠡ ᠶᠢ ᠪᠤᠳᠤᠵᠤ ᠣᠷᠣᠭᠤᠯᠬᠤ ᠵᠢᠴᠢ ᠬᠠᠷᠠᠭᠠᠯᠵᠠᠯ ᠤᠨ ᠪᠠᠷᠢᠮᠵᠢᠶ᠎ᠠ ᠶᠢ ᠵᠡᠷᠭᠡ ᠪᠠᠷ ᠵᠢᠷᠤᠮᠵᠢᠭᠤᠯᠤᠨ ᠨᠢᠭᠡᠳᠦᠯᠲᠡᠶ ᠪᠣᠯᠭᠠᠵᠤ᠂ ᠡᠯ᠎ᠡ ᠠᠶᠢᠮᠠᠭ ᠬᠤᠲᠠ ᠶᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠪᠠ ᠬᠤᠪᠢ ᠬᠥᠮᠦᠨ ᠤ ᠲᠠᠩᠰᠠᠨ ᠡᠷᠦᠬᠡ ᠶᠢ ᠵᠡᠷᠭᠡ ᠪᠠᠷ ᠠᠬᠢᠭᠤᠯᠵᠤ᠂ ᠠᠯᠬᠤᠮ ᠠᠯᠬᠤᠮ ᠢᠶᠠᠷ ᠬᠤᠪᠢᠷᠠᠭᠤᠯᠵᠤ᠂ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠴᠢᠳᠠᠮᠵᠢ ᠶᠢ ᠴᠢᠩᠭᠠᠷᠠᠭᠤᠯᠬᠤ ᠶᠢ ᠱᠠᠭᠠᠷᠳᠠᠪᠠ᠃ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠳᠦᠷᠢᠮ ᠢ ᠪᠠᠶᠢᠭᠤᠯᠬᠤ ᠪᠠᠷ ᠳᠠᠮᠵᠢᠭᠤᠯᠤᠨ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠳᠤ ᠥᠭᠡᠷᠡᠴᠢᠯᠡᠯᠲᠡ ᠬᠢᠬᠦ ᠵᠡᠷᠭᠡ ᠠᠷᠭ᠎ᠠ ᠬᠡᠮᠵᠢᠶ᠎ᠡ  ᠳᠤ  ᠥᠭᠡᠷᠡᠴᠢᠯᠡᠯᠲᠡ  ᠬᠢᠵᠦ  ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠬᠤᠪᠢ ᠬᠥᠮᠦᠨ ᠤ ᠬᠤᠷᠠᠮᠳᠤᠭᠤᠯᠬᠤ ᠵᠠᠭᠪᠤᠷ ᠠᠴᠠ ᠬᠠᠷᠢᠯᠴᠠᠨ ᠲᠤᠰᠠᠯᠠᠯᠴᠠᠬᠤ ᠵᠠᠭᠪᠤᠷ ᠲᠡᠰᠢ ᠰᠢᠯᠵᠢᠭᠦᠯᠬᠦ ᠶᠢ ᠲᠦᠯᠬᠢᠨ ᠠᠬᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠠᠯᠬᠤᠮ ᠠᠯᠬᠤᠮ ᠢᠶᠠᠷ ᠬᠥᠩᠭᠡᠷᠡᠭᠦᠯᠵᠦ᠂ ᠡᠮᠴᠢᠯᠡᠭᠡᠨ ᠤ ᠳᠠᠭᠠᠳᠬᠠᠯ ᠤᠨ ᠳᠦᠷᠢᠮ ᠢ ᠨᠠᠩ ᠲᠥᠪ ᠭᠤᠤᠯᠴᠢ ᠨᠠᠩ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ᠃      ᠬᠤᠶᠠᠷ᠂ ᠮᠠᠨ ᠤ ᠬᠤᠲᠠ ᠶᠢᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠳᠦᠷᠢᠮ ᠢ ᠪᠠᠶᠢᠭᠤᠯᠬᠤ ᠭᠤᠣᠯ ᠰᠡᠳᠬᠢᠴᠡ ᠪᠠ ᠠᠭᠤᠯᠭ᠎ᠠ︵ᠨᠢᠭᠡ︶ ᠭᠤᠣᠯ ᠰᠡᠳᠬᠢᠴᠡ      ᠮᠠᠨ ᠤ ᠬᠤᠲᠠ ᠶᠢᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ 2000 ᠣᠨ ᠠᠴᠠ ᠡᠬᠢᠯᠡᠵᠦ ᠪᠠᠶᠢᠭᠤᠯᠤᠭᠳᠠᠵᠤ᠂ ᠨᠡᠶᠢᠭᠡᠮ ᠤᠨ ᠨᠢᠭᠡᠳᠦᠯᠲᠡᠶ ᠲᠥᠯᠥᠪᠯᠡᠬᠦ ᠪᠠ ᠬᠤᠪᠢ ᠬᠥᠮᠦᠨ ᠤ ᠲᠠᠩᠰᠠᠨ ᠡᠷᠦᠬᠡ ᠶᠢ ᠤᠶᠠᠯᠳᠤᠭᠤᠯᠬᠤ ᠪᠠᠲᠤᠯᠠᠭ᠎ᠠ ᠶᠢᠨ ᠵᠠᠭᠪᠤᠷ ᠢ ᠬᠡᠷᠡᠭᠵᠢᠭᠦᠯᠵᠡᠶ᠃ ︽ᠰᠠᠭᠤᠷᠢ ᠮᠥᠩᠭᠦ ᠪᠠᠷ ᠡᠮᠨᠡᠯᠭᠡ ᠳᠤ ᠰᠠᠭᠤᠬᠤ ᠪᠠ ᠡᠭᠦᠳᠡᠨ ᠡᠮᠨᠡᠯᠭᠡ ᠶᠢᠨ ᠬᠦᠨᠳᠦ ᠡᠪᠡᠳᠴᠢᠨ ᠢ ᠪᠠᠲᠤᠯᠠᠵᠤ᠂ ᠬᠤᠪᠢ ᠬᠥᠮᠦᠨ ᠤ ᠲᠠᠩᠰᠠᠨ ᠡᠷᠦᠬᠡ ᠶᠢᠨ ᠡᠭᠦᠳᠡᠨ ᠡᠮᠨᠡᠯᠭᠡ ᠶᠢᠨ ᠪᠠᠭ᠎ᠠ ᠡᠪᠡᠳᠴᠢᠨ ᠪᠠ ᠡᠮ ᠤᠨ ᠵᠦᠢᠯ ᠤᠨ ᠵᠠᠷᠤᠳᠠᠯ ᠤᠨ ᠵᠠᠷᠤᠯᠭ᠎ᠠ︾ ᠪᠣᠯ ᠥᠭᠡᠷᠡᠴᠢᠯᠡᠯᠲᠡ ᠬᠢᠬᠦ ᠠᠴᠠ ᠡᠮᠦᠨᠡᠬᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠ ᠡᠷᠦᠬᠡ ᠶᠢᠨ ᠠᠯᠪᠠᠨ ᠵᠠᠷᠤᠳᠠᠯ ᠬᠥᠳᠡᠯᠮᠦᠷᠢ ᠶᠢᠨ ᠳᠠᠭᠠᠳᠬᠠᠯ ᠤᠨ ᠡᠮ ᠡᠮᠨᠡᠯᠭᠡ ᠶᠢᠨ ᠳᠦᠷᠢᠮ ᠤᠨ ᠨᠡᠶᠢᠭᠡᠮ ᠤᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠤᠨ ᠬᠤᠪᠢᠷᠠᠭᠤᠯᠬᠤ ᠶᠠᠪᠤᠴᠠ ᠳᠤ ᠢᠳᠡᠪᠬᠢᠲᠡᠢ ᠦᠢᠯᠡᠳᠦᠯ ᠦᠵᠡᠭᠦᠯᠵᠡᠶ᠃ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠶᠢ ᠳᠠᠭᠠᠯᠳᠤᠨ᠂ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠳᠡᠭᠡᠭᠰᠢᠯᠡᠵᠦ᠂ ᠬᠤᠪᠢ ᠬᠥᠮᠦᠨ ᠤ ᠳᠠᠩᠰᠠᠨ ᠡᠷᠦᠬᠡ ᠶᠢᠨ ᠬᠢᠵᠠᠭᠠᠷᠲᠤ ᠴᠢᠨᠠᠷ ᠴᠤ ᠠᠯᠬᠤᠮ ᠠᠯᠬᠤᠮ ᠢᠶᠠᠷ ᠢᠯᠡᠷᠡᠵᠦ ᠪᠠᠶᠢᠨ᠎ᠠ᠃ ᠨᠢᠭᠡ ᠲᠠᠯ᠎ᠠ ᠪᠠᠷ ᠪᠠᠲᠤᠯᠠᠭ᠎ᠠ ᠶᠢᠨ ᠴᠢᠳᠠᠮᠵᠢ ᠬᠦᠷᠦᠯᠴᠡᠬᠦ ᠦᠭᠡᠢ᠂ ᠬᠠᠮᠲᠤ ᠪᠠᠷ ᠲᠡᠳᠬᠦᠬᠦ ᠴᠢᠨᠠᠷ ᠬᠦᠷᠦᠯᠴᠡᠬᠦ ᠦᠭᠡᠢ᠂ ᠳᠠᠷᠤᠭᠠᠰᠤ ᠶᠢ ᠬᠥᠩᠭᠡᠷᠡᠭᠦᠯᠬᠦ ᠦᠷ᠎ᠡ ᠪᠦᠲᠦᠮᠵᠢ ᠨᠢ ᠢᠯᠡᠷᠬᠡᠶ ᠪᠢᠰᠢ᠂ ᠡᠪᠡᠳᠴᠢᠨ ᠨᠢ ᠬᠦᠷᠦᠯᠴᠡᠬᠦ ᠦᠭᠡᠢ᠂ ᠡᠪᠡᠳᠴᠢᠨ ᠦᠭᠡᠢ ᠶᠢ ᠨᠢ ᠬᠡᠷᠡᠭᠯᠡᠵᠦ ᠪᠣᠯᠬᠤ ᠦᠭᠡᠢ᠂ ᠨᠥᠭᠦᠭᠡ ᠲᠠᠯ᠎ᠠ ᠪᠠᠷ ᠬᠠᠤᠯᠢ ᠪᠤᠰᠤ ᠡᠲᠡᠭᠡᠳ ᠳᠠᠭᠠᠳᠬᠠᠯ ᠢ ᠮᠡᠬᠡᠯᠡᠨ ᠠᠪᠬᠤ ᠦᠵᠡᠭᠳᠡᠯ ᠣᠷᠣᠰᠢᠵᠤ ᠪᠠᠶᠢᠨ᠎ᠠ᠃ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠨᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠥᠷᠭᠡᠨ ᠢᠶᠠᠷ ᠰᠠᠨᠠᠯ ᠰᠣᠨᠣᠰᠴᠤ᠂ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠳᠠᠬᠢᠨ ᠳᠠᠪᠲᠠᠨ ᠰᠤᠳᠤᠯᠤᠨ ᠨᠤᠲᠠᠯᠠᠭᠰᠠᠨ ᠰᠠᠭᠤᠷᠢᠨ ᠳᠡᠭᠡᠷ᠎ᠡ᠂ 2022 ᠣᠨ ᠤ 6 ᠰᠠᠷ᠎ᠠ ᠳᠤ ︽ᠦᠬᠠᠶ ᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ  ᠲᠣᠭᠲᠠᠴᠠ  ᠶᠢ  ᠪᠠᠶᠢᠭᠤᠯᠤᠨ  ᠲᠡᠭᠦᠯᠳᠡᠷᠵᠢᠭᠦᠯᠬᠦ  ᠶᠢᠨ  ᠬᠡᠷᠡᠭᠵᠢᠭᠦᠯᠬᠦ  ᠨᠠᠷᠢᠨ  ᠲᠦᠷᠢᠮ  ︾  ︵ᠦᠬᠠᠶ ᠶᠢᠨ ᠵᠠᠰᠠᠭ ᠠᠯᠪᠠᠨ ᠲᠠᠷᠬᠠᠭᠠᠭᠰᠠᠨ ︹2022︺ 23 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ ᠶᠡᠷᠦᠩᠬᠡᠶ ᠪᠣᠳᠣᠯᠬᠢᠯᠠᠯ ᠪᠣᠯ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠳᠤ ᠣᠷᠣᠭᠤᠯᠤᠨ ᠲᠠᠩᠰᠠ ᠲᠠᠶᠢᠯᠬᠤ ᠪᠣᠯᠤᠨ᠎ᠠ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠪᠠᠲᠤᠯᠠᠭ᠎ᠠ ᠶᠢᠨ ᠴᠢᠳᠠᠮᠵᠢ ᠶᠢ ᠴᠢᠩᠭᠠᠳᠬᠠᠵᠤ᠂ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠢᠯᠠᠩᠭᠤᠶ᠎ᠠ ᠨᠠᠰᠤᠲᠠᠶᠢᠴᠤᠳ ᠤᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠵᠦ᠂ ᠣᠯᠠᠨ ᠨᠡᠶᠢᠲᠡ ᠶᠢᠨ ᠡᠮᠴᠢᠯᠡᠭᠡᠨ ᠤ ᠬᠡᠷᠡᠭᠴᠡᠭᠡ ᠶᠢ ᠨᠠᠩ ᠶᠡᠭᠡ ᠬᠡᠪᠴᠢᠶ᠎ᠡ ᠪᠠᠷ ᠰᠢᠢᠳᠪᠦᠷᠢᠯᠡᠵᠦ᠂ ᠡᠮᠴᠢᠯᠡᠭᠡᠨ ᠤ ᠦᠢᠯᠡᠴᠢᠯᠡᠭᠡ ᠶᠢ ᠨᠠᠩ ᠲᠥᠪ ᠭᠤᠤᠯᠴᠢ ᠬᠦᠷᠲᠡᠭᠡᠨ᠎ᠡ᠃︵ᠬᠤᠶᠠᠷ︶ ᠲᠥᠷᠥ ᠶᠢᠨ ᠪᠣᠳᠣᠯᠭ᠎ᠠ ᠶᠢᠨ ᠠᠭᠤᠯᠭ᠎ᠠ      ︽ᠬᠡᠷᠡᠭᠵᠢᠭᠦᠯᠬᠦ ᠨᠠᠷᠢᠨ ᠳᠦᠷᠢᠮ︾ ᠳᠤ ᠦᠨᠳᠦᠰᠦᠨ ᠵᠦᠢᠯ ᠢ ᠪᠠᠲᠤᠯᠠᠬᠤ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠯᠡᠨ ᠬᠠᠷᠢᠯᠴᠠᠨ ᠲᠤᠰᠠᠯᠠᠯᠴᠠᠬᠤ ᠶᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠡᠷᠬᠡ ᠠᠰᠢᠭ ᠢ ᠦᠨᠡᠨ ᠬᠦ ᠬᠠᠮᠠᠭᠠᠯᠠᠨ᠎ᠠ︔ ᠲᠣᠭᠲᠠᠭᠤᠨ ᠢᠶᠠᠷ ᠰᠢᠯᠵᠢᠬᠦ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠵᠤ᠂ ᠥᠭᠡᠷᠡᠴᠢᠯᠡᠯᠲᠡ ᠶᠢᠨ ᠡᠮᠦᠨ᠎ᠡ ᠬᠤᠶᠢᠨᠠᠬᠢ ᠬᠠᠷᠠᠭᠠᠯᠵᠠᠯ ᠢ ᠤᠷᠤᠭᠰᠢᠲᠠᠶ ᠵᠣᠯᠭᠠᠭᠤᠯᠬᠤ ᠶᠢ ᠦᠨᠡᠨ ᠬᠦ ᠪᠠᠲᠤᠯᠠᠨ᠎ᠠ︔ ᠬᠠᠮᠵᠢᠯᠴᠠᠨ ᠬᠥᠳᠡᠯᠦᠯᠴᠡᠬᠦ ᠶᠢ ᠪᠠᠷᠢᠮᠲᠠᠯᠠᠵᠤ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠪᠠ ᠬᠤᠪᠢ ᠬᠥᠮᠦᠨ ᠤ ᠲᠠᠩᠰᠠᠨ ᠡᠷᠦᠬᠡ ᠶᠢᠨ ᠲᠦᠷᠢᠮ ᠢ ᠰᠠᠶᠢᠵᠢᠷᠠᠭᠤᠯᠬᠤ ᠶᠢ ᠵᠡᠷᠭᠡ ᠪᠠᠷ ᠠᠬᠢᠭᠤᠯᠵᠤ᠂ ᠠᠯᠬᠤᠮ ᠠᠯᠬᠤᠮ ᠢᠶᠠᠷ ᠬᠤᠪᠢᠷᠠᠭᠤᠯᠤᠨ᠎ᠠ︔ ᠲᠥᠪ ᠭᠤᠤᠯᠴᠢ ᠪᠥᠭᠡᠳ ᠵᠣᠬᠢᠰᠲᠠᠶ ᠪᠠᠶᠢᠬᠤ ᠶᠢ ᠪᠠᠷᠢᠮᠲᠠᠯᠠᠵᠤ᠂ ᠤᠯᠤᠰ ᠤᠨ ᠪᠦᠬᠦᠯᠢ ᠴᠣᠭᠴᠠ ᠶᠢᠨ ᠳᠦᠷᠢᠮ ᠤᠨ ᠵᠢᠷᠤᠭ ᠲᠥᠯᠥᠪᠯᠡᠭᠡ ᠶᠢᠨ ᠪᠣᠷᠣ ᠲᠥᠯᠥᠪ ᠤᠨ ᠳᠣᠲᠣᠷ᠎ᠠ᠂ ᠪᠦᠬᠦ ᠬᠤᠲᠠ ᠶᠢᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠵᠢᠷᠤᠮᠵᠢᠯ ᠲᠠᠢ ᠪᠥᠭᠡᠳ ᠨᠢᠭᠡᠳᠦᠯᠲᠡᠶ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠠ᠃ ︽ᠬᠡᠷᠡᠭᠵᠢᠭᠦᠯᠬᠦ ᠨᠠᠷᠢᠨ ᠳᠦᠷᠢᠮ︾ ᠢ ᠲᠠᠪᠤᠨ ᠪᠦᠯᠦᠭ ᠬᠤᠷᠢᠨ ᠵᠢᠷᠭᠤᠳᠤᠭᠠᠷ ᠵᠦᠢᠯ ᠬᠤᠪᠢᠶᠠᠵᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠬᠤᠪᠢ ᠬᠥᠮᠦᠨ ᠤ ᠬᠤᠷᠠᠮᠳᠤᠭᠤᠯᠭ᠎ᠠ ᠶᠢᠨ ᠮᠠᠶ᠋ᠢᠭ ᠤᠨ ᠪᠠᠲᠤᠯᠠᠭ᠎ᠠ ᠶᠢᠨ ᠵᠠᠭᠪᠤᠷ ᠠᠴᠠ ᠨᠡᠶᠢᠭᠡᠮ ᠤᠨ ᠬᠠᠷᠢᠯᠴᠠᠨ ᠬᠠᠪᠰᠤᠷᠤᠯᠴᠠᠵᠤ ᠬᠠᠷᠢᠯᠴᠠᠨ ᠬᠠᠷᠠᠭᠠᠯᠵᠠᠬᠤ  ᠪᠠᠲᠤᠯᠠᠭ᠎ᠠ  ᠶᠢᠨ  ᠵᠠᠭᠪᠤᠷ  ᠲᠡᠰᠢ  ᠰᠢᠯᠵᠢᠭᠦᠯᠵᠦ  ᠂ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠬᠤ ᠪᠠᠷ ᠳᠠᠮᠵᠢᠭᠤᠯᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠪᠠᠲᠤᠯᠠᠭ᠎ᠠ ᠶᠢᠨ ᠴᠢᠳᠠᠮᠵᠢ ᠶᠢ ᠨᠡᠮᠡᠭᠳᠡᠭᠦᠯᠵᠦ᠂ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠭᠦᠳᠡᠨ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡᠨ ᠤ ᠪᠣᠯᠤᠮᠵᠢᠲᠤ ᠴᠢᠨᠠᠷ ᠢ ᠵᠣᠬᠢᠴᠠᠩᠭᠤᠶ ᠪᠠᠷ ᠳᠡᠭᠡᠭᠰᠢᠯᠡᠭᠦᠯᠵᠦ᠂ ᠣᠯᠠᠨ ᠲᠦᠮᠡᠨ ᠢᠯᠠᠩᠭᠤᠶ᠎ᠠ ᠠᠵᠢᠯ ᠠᠴᠠ ᠪᠠᠨ ᠠᠮᠠᠷᠠᠭᠰᠠᠳ ᠤᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠶᠠᠪᠤᠳᠠᠯ ᠶᠡᠷᠦᠩᠬᠡᠶ ᠳᠡᠭᠡᠨ ᠪᠣᠳᠣᠯᠬᠢᠯᠠᠨ᠎ᠠ᠃ ᠡᠭᠦᠨ ᠳᠤ ᠭᠤᠤᠯᠳᠠᠭᠤ ᠭᠤᠷᠪᠠᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠤᠢ᠄1. ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠎ᠠ      ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠶᠢ ᠪᠠᠶᠢᠭᠤᠯᠵᠤ᠂ ᠡᠭᠦᠳᠡᠨ ᠡᠮᠨᠡᠯᠭᠡ ᠶᠢᠨ ᠣᠯᠠᠨ ᠡᠭᠦᠰᠳᠡᠭ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠳᠤ ᠠᠯᠬᠤᠮ ᠠᠯᠬᠤᠮ ᠢᠶᠠᠷ ᠣᠷᠣᠭᠤᠯᠵᠤ ᠳᠠᠩᠰᠠ ᠲᠠᠶᠢᠯᠬᠤ ᠬᠡᠷᠡᠭᠲᠡᠶ᠃ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠭᠰᠠᠨ ᠬᠥᠮᠦᠰ ᠤᠨ ᠲᠣᠰ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠠᠴᠠ ᠭᠠᠳᠠᠨ᠎ᠠ ᠡᠭᠦᠰᠦᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠤ ᠡᠭᠦᠳᠡᠨ ᠡᠮᠨᠡᠯᠭᠡ ᠶᠢᠨ ᠵᠠᠷᠤᠳᠠᠯ ᠢ ᠪᠠᠰᠠ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ ᠥᠭᠬᠦ ᠬᠡᠪᠴᠢᠶᠡᠨ ᠳᠤ ᠣᠷᠣᠭᠤᠯᠵᠤ᠂ ᠣᠨᠳᠣᠤ ᠭᠠᠵᠠᠷ ᠤᠨ ᠡᠭᠦᠳᠡᠨ ᠡᠮᠨᠡᠯᠭᠡ ᠶᠢᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠪᠡᠶᠡᠯᠡᠭᠦᠯᠦᠨ᠎ᠡ᠃ ᠨᠢᠭᠡ ᠳᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠶᠢᠷᠢᠯᠠᠭᠤᠯᠤᠯᠲᠠ ᠪᠠ ᠬᠡᠰᠡᠭ ᠴᠢᠳᠠᠮᠵᠢ ᠶᠢ ᠦᠯᠡᠳᠡᠭᠡᠵᠦ᠂ ᠲᠡᠳᠡᠨ ᠤ ᠬᠤᠷᠠᠮᠳᠤᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠤᠨ᠎ᠠ᠃ ᠬᠤᠶᠠᠷ ᠲᠤ᠂ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠤᠨ ᠲᠠᠩᠰᠠ ᠲᠠᠶᠢᠯᠬᠤ ᠣᠯᠭᠤᠮᠵᠢ ᠶᠢ ᠰᠢᠨ᠎ᠡ ᠪᠠᠷ ᠨᠡᠮᠡᠭᠳᠡᠭᠦᠯᠦᠨ᠎ᠡ᠃ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠡᠬᠢᠯᠡᠵᠦ ᠥᠭᠬᠦ ᠪᠠᠷᠢᠮᠵᠢᠶ᠎ᠠ ᠨᠢ 1000 ᠲᠥᠭᠦᠷᠢᠭ ︵ᠬᠤᠪᠢ ᠬᠥᠮᠦᠨ ᠤ ᠲᠠᠩᠰᠠᠨ ᠡᠷᠦᠬᠡ ᠶᠢᠨ ᠪᠡᠯᠡ ᠮᠥᠩᠭᠦ ᠪᠠ ᠪᠡᠯᠡᠨ ᠵᠣᠭᠤᠰ ᠢᠶᠠᠷ ᠥᠭᠬᠦ ᠶᠢ ᠨᠡᠶᠢᠯᠡᠭᠦᠯᠦᠨ ᠪᠤᠳᠤᠨ᠎ᠠ︶᠂ ᠣᠨ ᠤ ᠳᠣᠲᠣᠷᠠᠬᠢ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠨᠢ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ 4000 ᠲᠥᠭᠦᠷᠢᠭ᠂ ᠠᠵᠢᠯ ᠠᠴᠠ ᠪᠠᠨ ᠠᠮᠠᠷᠠᠭᠰᠠᠳ ᠤᠨ ᠲᠤᠭ᠎ᠠ 5000 ᠲᠥᠭᠦᠷᠢᠭ︔ ᠡᠬᠢᠯᠡᠵᠦ ᠥᠭᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠠᠴᠠ ᠳᠣᠷᠣᠭᠰᠢᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠵᠠᠷᠤᠳᠠᠯ᠂ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠥᠭᠬᠦ ᠬᠠᠷᠢᠴᠠᠯ ᠤᠨ ᠭᠤᠷᠪᠠᠳᠤᠭᠠᠷ ᠳᠡᠰ ᠤᠨ ᠡᠮᠴᠢᠯᠡᠭᠡᠨ ᠤ  ᠪᠠᠶᠢᠭᠤᠯᠤᠮᠵᠢ  ᠶᠢᠨ  50%  ᠂ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ 60% ᠪᠠᠶᠢᠵᠤ᠂ ᠠᠵᠢᠯ ᠠᠴᠠ ᠪᠠᠨ ᠠᠮᠠᠷᠠᠭᠰᠠᠳ ᠤᠨ ᠲᠤᠭ᠎ᠠ 5 ᠵᠠᠭᠤᠨ ᠤ ᠴᠡᠭ ᠨᠡᠮᠡᠭᠳᠡᠭᠦᠯᠦᠨ᠎ᠡ᠃ ᠭᠤᠷᠪᠠ ᠳᠤ᠂ ᠡᠭᠦᠳᠡᠨ ᠡᠮᠨᠡᠯᠭᠡ ᠶᠢᠨ ᠴᠡᠭ ᠲᠣᠭᠲᠠᠭᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠵᠦ᠂ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ ᠴᠢᠭ ᠲᠣᠭᠲᠠᠭᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ ᠴᠢᠭ ᠲᠣᠭᠲᠠᠭᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠠᠩᠭᠠᠭᠰᠠᠨ ᠡᠮ ᠬᠡᠷᠡᠭᠯᠡᠬᠦ ᠪᠠᠲᠤᠯᠠᠭ᠎ᠠ ᠶᠢᠨ ᠦᠢᠯᠡᠴᠢᠯᠡᠭᠡ ᠶᠢ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠭᠠᠳᠠᠨ᠎ᠠ ᠵᠣᠷ ᠲᠣᠬᠢᠷᠠᠭᠤᠯᠵᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ ᠴᠢᠭ ᠲᠣᠭᠲᠠᠭᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠬᠤᠳᠠᠯᠳᠤᠨ ᠠᠪᠬᠤ ᠳᠤ ᠪᠠᠰᠠ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠲᠠᠩᠰᠠ ᠲᠠᠶᠢᠯᠬᠤ ᠣᠯᠭᠤᠮᠵᠢ ᠶᠢ ᠭᠥᠷᠳᠡᠵᠦ᠂ ᠴᠡᠭ ᠲᠣᠭᠲᠠᠭᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠠᠷᠠᠳ ᠲᠤ ᠲᠥᠬᠦᠮ ᠦᠵᠡᠭᠦᠯᠬᠦ᠂ ᠪᠣᠯᠤᠮᠵᠢᠲᠠᠶ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ 2. ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠳᠤ ᠥᠭᠡᠷᠡᠴᠢᠯᠡᠯᠲᠡ ᠬᠢᠨ᠎ᠡ᠃ᠨᠢᠭᠡ ᠳᠤ ᠪᠤᠳᠤᠵᠤ ᠣᠷᠣᠭᠤᠯᠬᠤ ᠠᠷᠭ᠎ᠠ ᠳᠤ ᠥᠭᠡᠷᠡᠴᠢᠯᠡᠯᠲᠡ ᠬᠢᠨ᠎ᠡ᠃ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠢ ᠮᠥᠨ ᠬᠤᠪᠢ ᠬᠥᠮᠦᠨ ᠤ ᠲᠠᠩᠰᠠᠨ ᠡᠷᠦᠬᠡ ᠳᠤ ᠪᠣᠳᠣᠨ ᠣᠷᠣᠭᠤᠯᠵᠤ᠂ ᠬᠤᠪᠢ ᠬᠥᠮᠦᠨ ᠤ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢᠨ 2% ᠢᠶᠠᠷ ᠬᠤᠪᠢ ᠬᠥᠮᠦᠨ ᠤ ᠲᠠᠩᠰᠠᠨ ᠡᠷᠦᠬᠡ ᠳᠤ ᠪᠤᠳᠤᠵᠤ ᠣᠷᠣᠭᠤᠯᠤᠨ᠂ ᠠᠵᠢᠯ ᠠᠴᠠ ᠪᠠᠨ ᠠᠮᠠᠷᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠶᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠠᠴᠠ ᠨᠣᠷᠮ᠎ᠠ ᠲᠣᠭᠲᠠᠭᠠᠨ ᠬᠤᠪᠢᠶᠠᠷᠢᠯᠠᠨ ᠣᠷᠣᠭᠤᠯᠵᠤ᠂ ᠲᠤᠭ᠎ᠠ ᠬᠡᠮᠵᠢᠶ᠎ᠡ ᠨᠢ 2021 ᠣᠨ ᠤ ᠪᠥᠬᠦ ᠲᠤᠭᠤᠷᠢᠭ ᠤᠨ ᠳᠤᠮᠳᠠᠴᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠᠷ ᠰᠠᠭᠤᠷᠢ ᠲᠤᠭ᠎ᠠ ᠪᠣᠯᠭᠠᠵᠤ᠂ 3% ᠶᠢᠨ ᠬᠠᠷᠢᠴᠠᠯ ᠤᠨ ᠲᠣᠭᠲᠠᠭᠰᠠᠨ ᠨᠣᠷᠮ᠎ᠠ ᠪᠠᠷ ᠬᠤᠪᠢ ᠬᠥᠮᠦᠨ ᠤ ᠲᠠᠩᠰᠠᠨ ᠡᠷᠦᠬᠡ ᠳᠤ ᠬᠤᠪᠢᠶᠠᠷᠢᠯᠠᠨ ᠣᠷᠣᠭᠤᠯᠵᠤ᠂ 2023 ᠣᠨ ᠠᠴᠠ ᠡᠬᠢᠯᠡᠨ 2% ᠤᠨ ᠬᠠᠷᠢᠴᠠᠯ ᠤᠨ ᠲᠣᠭᠲᠠᠭᠰᠠᠨ ᠨᠣᠷᠮ᠎ᠠ ᠪᠠᠷ ᠬᠤᠪᠢ ᠬᠥᠮᠦᠨ ᠤ ᠲᠠᠩᠰᠠᠨ ᠡᠷᠦᠬᠡ ᠳᠤ ᠬᠤᠪᠢᠶᠠᠷᠢᠯᠠᠨ ᠣᠷᠣᠭᠤᠯᠤᠨ᠎ᠠ︔ ᠠᠵᠢᠯᠯᠠᠵᠤ ᠪᠠᠶᠢᠭ᠎ᠠ ᠠᠵᠢᠯ ᠠᠴᠠ ᠪᠠᠨ ᠠᠮᠠᠷᠠᠭᠰᠠᠳ ᠢ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠰᠠᠷ᠎ᠠ ᠠᠴᠠ ᠡᠬᠢᠯᠡᠨ ᠬᠤᠪᠢ ᠬᠥᠮᠦᠨ ᠤ ᠲᠠᠩᠰᠠᠨ ᠡᠷᠦᠬᠡ ᠶᠢ ᠬᠤᠪᠢᠷᠠᠭᠤᠯᠤᠨ᠎ᠠ᠃ ᠬᠤᠶᠠᠷ ᠲᠤ᠂ ᠬᠡᠷᠡᠭᠯᠡᠬᠦ ᠬᠡᠪᠴᠢᠶ᠎ᠡ ᠶᠢ ᠵᠣᠬᠢᠰᠲᠠᠶ ᠥᠷᠭᠡᠳᠬᠡᠨ᠎ᠡ᠃      ᠭᠡᠷ ᠪᠦᠯᠢ ᠶᠢᠨ ᠪᠦᠷᠢᠯᠳᠦᠬᠦᠨ ᠬᠠᠷᠢᠯᠴᠠᠨ ᠲᠤᠰᠠᠯᠠᠯᠴᠠᠵᠤ ᠬᠤᠪᠢ ᠬᠥᠮᠦᠨ ᠤ ᠳᠠᠩᠰᠠᠨ ᠡᠷᠦᠬᠡ ᠶᠢ ᠬᠡᠷᠡᠭᠯᠡᠬᠦ ᠶᠢ ᠵᠥᠪᠰᠢᠶᠡᠷᠡᠨ᠎ᠡ᠃ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠡᠮ ᠡᠮᠨᠡᠯᠭᠡ ᠶᠢᠨ ᠵᠠᠷᠤᠳᠠᠯ ᠢ ᠥᠭᠬᠦ ᠳᠤ ᠬᠡᠷᠡᠭᠯᠡᠵᠦ᠂ ᠭᠡᠷ ᠪᠦᠯᠢ ᠶᠢᠨ ᠪᠦᠷᠢᠯᠳᠦᠬᠦᠨ ︵ᠦᠷ᠎ᠡ ᠬᠡᠦᠬᠡᠳ᠂ ᠬᠠᠨᠢ ᠨᠥᠬᠦᠷ ᠪᠠ ᠠᠪᠤ ᠡᠵᠢ︶ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠵᠡᠷᠭᠡ ᠬᠤᠪᠢ ᠬᠥᠮᠦᠨ ᠤ ᠰᠦᠢᠳᠬᠡᠯ ᠲᠤᠰᠢᠶᠠᠬᠤ ᠳᠤ ᠬᠡᠷᠡᠭᠯᠡᠨ᠎ᠡ᠂ ᠥᠭᠡᠷ᠎ᠡ ᠪᠠᠷ ᠬᠡᠯᠡᠪᠡᠯ᠂ ᠬᠤᠪᠢ ᠬᠥᠮᠦᠨ ᠤ ᠳᠠᠩᠰᠠᠨ ᠡᠷᠦᠬᠡ ᠪᠠᠷ ᠵᠣᠭᠤᠰ ᠥᠭᠴᠦ ᠪᠣᠯᠤᠨ᠎ᠠ᠂ ᠭᠡᠷ ᠪᠦᠯᠢ ᠶᠢᠨ ᠪᠦᠷᠢᠯᠳᠦᠬᠦᠨ ᠨᠢ ᠲᠣᠭᠲᠠᠭᠰᠠᠨ ᠴᠢᠭ ᠪᠦᠬᠦᠢ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠡᠮᠨᠡᠯᠭᠡ ᠶᠢᠨ ᠪᠠᠭᠠᠵᠢ ᠬᠡᠷᠡᠭᠰᠡᠯ᠂ ᠡᠮ ᠤᠨ ᠵᠦᠢᠯ᠂ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠴᠤ ᠪᠣᠯᠤᠨ᠎ᠠ᠃ᠭᠤᠷᠪᠠ ᠳᠤ᠂ ᠬᠤᠪᠢ ᠬᠥᠮᠦᠨ ᠤ ᠲᠠᠩᠰᠠᠨ ᠡᠷᠦᠬᠡ ᠶᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃      ᠬᠤᠪᠢ ᠬᠥᠮᠦᠨ ᠤ ᠳᠠᠩᠰᠠᠨ ᠡᠷᠦᠬᠡ ᠶᠢ ᠪᠡᠶ᠎ᠡ ᠴᠢᠭᠢᠷᠠᠭᠵᠢᠭᠤᠯᠬᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠶᠢᠨ ᠵᠠᠷᠤᠳᠠᠯ ᠳᠤ ᠬᠡᠷᠡᠭᠯᠡᠵᠦ ᠪᠣᠯᠬᠤ ᠦᠭᠡᠶ ᠪᠥᠭᠡᠳ ᠮᠡᠬᠡᠯᠡᠨ ᠬᠢᠬᠠᠬᠤ ᠶᠠᠪᠤᠳᠠᠯ ᠳᠤ ᠴᠢᠩᠭ᠎ᠠ ᠴᠣᠬᠢᠯᠲᠠ ᠥᠭᠴᠦ᠂ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠨ᠂ ᠳᠠᠭᠠᠳᠬᠠᠯ ᠳᠤ ᠣᠷᠣᠯᠴᠠᠬᠤ ᠡᠷᠬᠡ ᠠᠰᠢᠭ ᠢ ᠪᠠᠲᠤᠯᠠᠬᠤ ᠬᠡᠷᠡᠭᠲᠡᠶ᠃ 3. ᠰᠢᠰᠲ᠋ᠧᠮ ᠤᠨ ᠬᠤᠷᠠᠮᠳᠤᠯ ᠴᠢᠳᠠᠮᠵᠢ ᠶᠢ ᠪᠠᠳᠠᠷᠠᠭᠤᠯᠤᠨ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠳᠡᠮᠵᠢᠵᠦ᠂ ᠡᠮᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠡᠮᠴᠢᠯᠡᠭᠡᠨ ᠤ ᠦᠢᠯᠡᠴᠢᠯᠡᠭᠡ ᠭᠥᠷᠳᠡᠬᠦ ᠳᠤ ᠲᠥᠬᠦᠮ ᠦᠵᠡᠭᠦᠯᠦᠨ᠎ᠡ᠃      ᠦᠨᠳᠦᠰᠦᠨ ᠱᠠᠲᠤᠨ ᠤ ᠡᠮᠴᠢᠯᠡᠭᠡᠨ ᠤ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠣᠨᠣᠰᠢᠯᠠᠨ ᠡᠮᠨᠡᠬᠦ ᠦᠢᠯᠡᠴᠢᠯᠡᠭᠡᠨ ᠢ ᠰᠢᠯᠢᠳᠡᠭᠵᠢᠭᠦᠯᠬᠦ ᠶᠢ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠬᠠᠷᠢᠯᠴᠠᠨ ᠬᠠᠪᠰᠤᠷᠤᠯᠴᠠᠵᠤ ᠬᠠᠮᠲᠤᠪᠠᠷ ᠬᠠᠷᠠᠭᠠᠯᠵᠠᠬᠤ ᠶᠢ ᠪᠡᠶᠡᠯᠡᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠶᠢᠨ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠲᠣᠬᠢᠷᠠᠭᠤᠯᠤᠯᠲᠠ ᠬᠢᠭᠰᠡᠨ ᠤ ᠳᠠᠷᠠᠭ᠎ᠠ ᠨᠡᠮᠡᠭᠳᠡᠭᠰᠡᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ ᠭᠤᠤᠯᠳᠠᠭᠤ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠠᠵᠢᠯ ᠢ ᠥᠷᠨᠢᠭᠦᠯᠬᠦ ᠳᠤ ᠬᠡᠷᠡᠭᠯᠡᠵᠦ᠂ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠡᠮᠨᠡᠭᠦᠯᠬᠦ ᠳᠠᠷᠤᠭᠠᠰᠤ ᠶᠢ ᠠᠯᠬᠤᠮ ᠠᠯᠬᠤᠮ ᠢᠶᠠᠷ ᠬᠥᠩᠭᠡᠷᠡᠭᠦᠯᠵᠦ᠂ ᠪᠠᠲᠤᠯᠠᠭ᠎ᠠ ᠶᠢᠨ ᠴᠢᠳᠠᠮᠵᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠬᠡᠷᠡᠭᠲᠡᠢ᠃ᠭᠤᠷᠪᠠ᠂ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠳᠦᠷᠢᠮ ᠢ ᠬᠡᠷᠡᠭᠵᠢᠭᠦᠯᠦᠭᠰᠡᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠳᠤ ᠶᠠᠮᠠᠷ ᠶᠠᠮᠠᠷ ᠬᠤᠪᠢᠷᠠᠯᠲᠠ ᠭᠠᠷᠤᠭᠰᠠᠨ ᠪᠣᠢ︖︵ᠨᠢᠭᠡ︶ ᠨᠡᠮᠡᠭᠳᠡᠭᠰᠡᠨ ᠬᠠᠷᠠᠭᠠᠯᠵᠠᠯ    1 ᠡᠩ ᠤᠨ ᠡᠭᠦᠳᠡᠨ ᠡᠮᠨᠡᠯᠭᠡ ᠶᠢᠨ ᠣᠯᠭᠤᠮᠵᠢ ᠶᠢ ᠨᠡᠮᠡᠭᠳᠡᠭᠦᠯᠪᠡ᠃ ᠡᠩ ᠤᠨ ᠡᠭᠦᠳᠡᠨ ᠡᠮᠨᠡᠯᠭᠡ ᠭᠡᠳᠡᠭ ᠨᠢ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠦᠵᠡᠭᠦᠯᠬᠦ ᠶᠢ ᠵᠢᠭᠠᠵᠤ ᠪᠠᠶᠢᠨ᠎ᠠ᠂ ᠮᠠᠨ ᠤ ᠬᠤᠲᠠ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠲᠠᠭᠠᠭᠰᠠᠨ ᠬᠡᠪᠴᠢᠶᠡᠨ ᠳᠤ ᠨᠡᠶᠢᠴᠡᠬᠦ ᠡᠩ ᠤᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠳᠥᠯᠥᠬᠦ ᠬᠡᠪᠴᠢᠶᠡᠨ ᠳᠤ ᠣᠷᠣᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠪᠠ ᠬᠤᠪᠢ ᠬᠥᠮᠦᠨ ᠬᠠᠮᠲᠤ ᠪᠠᠷ ᠡᠭᠦᠷᠭᠡᠯᠡᠨ᠎ᠡ᠃ ︵1︶ ᠵᠢᠯ ᠪᠦᠷᠢ ᠶᠢᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠨᠢᠭᠡ ᠬᠠᠷᠠᠭᠠᠯᠵᠠᠯ ᠬᠦᠷᠲᠡᠬᠦ ᠣᠨ ᠪᠣᠯᠤᠨ᠎ᠠ᠃ ︵2︶ ᠣᠨ ᠤ ᠳᠣᠲᠤᠷᠠᠬᠢ ᠡᠬᠢᠯᠡᠵᠦ ᠥᠭᠬᠦ ᠪᠠᠷᠢᠮᠵᠢᠶ᠎ᠠ ︵ᠶᠡᠷᠦ ᠳᠤ ᠪᠠᠨ ︽ᠡᠭᠦᠳᠡᠨ ᠪᠢᠯᠧᠲ ᠤᠨ ᠵᠠᠷᠤᠳᠠᠯ︾ ᠭᠡᠳᠡᠭ︶ ᠨᠡᠶᠢᠲᠡ 1000 ᠲᠥᠭᠦᠷᠢᠭ᠃ ︵3︶ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠥᠭᠬᠦ ᠬᠠᠷᠢᠴᠠᠯ᠄ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ 60%᠂ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ 50%᠃ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠠᠵᠢᠯ ᠠᠴᠠ ᠪᠠᠨ ᠠᠮᠠᠷᠠᠭᠰᠠᠳ ᠢ ᠤᠯᠠᠮ ᠨᠢᠭᠡ ᠠᠯᠬᠤᠮ ᠬᠡᠯᠪᠠᠶᠢᠯᠭᠡᠵᠦ᠂ ᠠᠵᠢᠯ ᠠᠴᠠ ᠪᠠᠨ ᠠᠮᠠᠷᠠᠭᠰᠠᠳ ᠢ 5 ᠵᠠᠭᠤᠨ ᠤ ᠨᠢᠭᠡᠴᠢ ᠪᠠᠷ ᠨᠡᠮᠡᠭᠳᠡᠭᠦᠯᠦᠨ᠎ᠡ᠃ ᠡᠨᠡ ᠬᠦ ᠥᠭᠡᠷᠡᠴᠢᠯᠡᠯᠲᠡ ᠨᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠣᠯᠭᠤᠬᠤ ᠬᠠᠷᠢᠴᠠᠯ ᠢ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠱᠠᠲᠤᠨ ᠤ ᠣᠶᠢᠷ᠎ᠠ ᠬᠠᠪᠢ ᠳᠠᠭᠠᠨ ᠠᠩᠬ᠎ᠠ ᠡᠮᠨᠡᠬᠦ ᠶᠢ ᠵᠣᠷᠢᠭᠵᠢᠭᠤᠯᠵᠤ᠂ ᠲᠣᠮᠣ ᠡᠮᠨᠡᠯᠭᠡ ᠶᠢᠨ ᠬᠤᠷᠢᠶᠠᠨ ᠤ ︽ᠡᠮᠨᠡᠭᠦᠯᠬᠦ ᠳᠤ ᠬᠦᠴᠢᠷᠲᠡᠶ︾ ᠪᠠᠶᠢᠬᠤ ᠠᠰᠠᠭᠤᠳᠠᠯ ᠢ ᠨᠠᠮᠳᠠᠭᠤᠯᠵᠠᠢ᠃ ᠠᠵᠢᠯ ᠠᠴᠠ ᠪᠠᠨ ᠠᠮᠠᠷᠠᠭᠰᠠᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠤ ᠡᠪᠡᠳᠴᠢᠯᠡᠬᠦ ᠨᠣᠷᠮ᠎ᠠ ᠵᠠᠯᠠᠭᠤᠴᠤᠳ ᠠᠴᠠ ᠥᠨᠳᠥᠷ ᠪᠠᠶᠢᠬᠤ ᠶᠢ ᠪᠣᠳᠣᠯᠬᠢᠯᠠᠵᠤ᠂ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠨᠡᠩ ᠶᠡᠭᠡ ᠪᠣᠯᠵᠤ᠂ ᠠᠵᠢᠯ ᠠᠴᠠ ᠪᠠᠨ ᠠᠮᠠᠷᠠᠭᠰᠠᠳ ᠤᠨ ᠲᠠᠩᠰᠠ ᠲᠠᠶᠢᠯᠬᠤ ᠬᠠᠷᠢᠴᠠᠯ ᠤᠯᠠᠮ ᠨᠢᠭᠡ ᠠᠯᠬᠤᠮ ᠳᠡᠭᠡᠭᠰᠢᠯᠡᠵᠦ᠂ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠠᠵᠢᠯ ᠠᠴᠠ ᠪᠠᠨ ᠠᠮᠠᠷᠠᠭᠰᠠᠳ ᠲᠡᠰᠢ ᠬᠡᠯᠪᠠᠶᠢᠯᠭᠡᠨ᠎ᠡ᠃ ︵4︶ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠬᠥᠮᠦᠨ ᠪᠦᠷᠢ ᠶᠢᠨ ᠵᠢᠯ ᠪᠦᠷᠢ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠨᠢ 4000 ᠲᠥᠭᠦᠷᠢᠭ᠂ ᠠᠵᠢᠯ ᠠᠴᠠ ᠪᠠᠨ ᠠᠮᠠᠷᠠᠭᠰᠠᠳ 5000 ᠲᠥᠭᠦᠷᠢᠭ᠃ ᠣᠨ ᠤ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠨᠢ ᠲᠤᠬᠠᠶ ᠶᠢᠨ ᠵᠢᠯ ᠳᠤ ᠬᠦᠴᠦᠨ ᠲᠠᠢ᠂ ᠦᠷᠭᠦᠯᠵᠢᠯᠡᠨ ᠬᠠᠳᠠᠭᠠᠯᠠᠬᠤ ᠦᠭᠡᠢ᠂ ᠨᠡᠶᠢᠯᠡᠪᠦᠷᠢ ᠦᠭᠡᠢ᠃ 2. ᠬᠤᠪᠢ ᠬᠥᠮᠦᠨ ᠤ ᠲᠠᠩᠰᠠᠨ ᠡᠷᠦᠬᠡ ᠶᠢ ᠬᠡᠷᠡᠭᠯᠡᠬᠦ ᠳᠤ ᠬᠡᠷ ᠪᠦᠯᠢ ᠶᠢᠨ ᠲᠤᠰᠠᠯᠠᠮᠵᠢ ᠶᠢ ᠪᠡᠶᠡᠯᠡᠭᠦᠯᠦᠨ᠎ᠡ᠃ ︵1︶ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠲᠤᠯᠭᠠᠭᠤᠷᠢᠯᠠᠯ ᠳᠣᠤᠷ᠎ᠠ᠂ ᠬᠤᠪᠢ ᠬᠥᠮᠦᠨ ᠤ ᠲᠠᠩᠰᠠᠨ ᠡᠷᠦᠬᠡ ᠳᠤ ᠬᠡᠷ ᠪᠦᠯᠢ ᠶᠢᠨ ᠲᠤᠰᠠᠯᠠᠮᠵᠢ ᠶᠢ ᠪᠡᠶᠡᠯᠡᠭᠦᠯᠵᠦ ᠪᠣᠯᠤᠨ᠎ᠠ᠃ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠤᠰ ᠬᠥᠮᠦᠨ ᠵᠢᠴᠢ ᠬᠠᠨᠢ ᠨᠥᠬᠦᠷ᠂ ᠡᠴᠢᠭᠡ ᠡᠬᠡ᠂ ᠦᠷ᠎ᠡ ᠬᠡᠤᠬᠡᠳ ᠤᠨ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠦᠵᠡᠭᠦᠯᠬᠦ ᠦᠶ᠎ᠡ ᠳᠤ ᠡᠭᠦᠰᠦᠭᠰᠡᠨ ᠡᠮᠴᠢᠯᠡᠭᠡᠨ ᠤ ᠵᠠᠷᠤᠳᠠᠯ ᠵᠢᠴᠢ ᠴᠢᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠳᠤ ᠡᠭᠦᠰᠦᠭᠰᠡᠨ ᠵᠠᠷᠤᠳᠠᠯ ᠢ ᠳᠥᠯᠥᠬᠦ ᠳᠤ ᠬᠡᠷᠡᠭᠯᠡᠨ᠎ᠡ᠃ ᠲᠤᠰ ᠬᠥᠮᠦᠨ ᠬᠢᠭᠡᠳ ᠬᠠᠨᠢ ᠨᠥᠬᠦᠷ᠂ ᠡᠴᠢᠭᠡ ᠡᠬᠡ᠂ ᠦᠷ᠎ᠡ ᠬᠡᠦᠬᠡᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠳᠠᠭᠠᠳᠬᠠᠯ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠨᠡᠯᠭᠡ ᠶᠢᠨ ᠳᠠᠭᠠᠳᠬᠠᠯ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠵᠡᠷᠭᠡ ᠬᠤᠪᠢ ᠬᠥᠮᠦᠨ ᠤ ᠰᠦᠢᠳᠬᠡᠯ ᠲᠤᠰᠢᠶᠠᠬᠤ ᠳᠤ ᠬᠡᠷᠡᠭᠯᠡᠭᠰᠡᠨ ᠴᠦ ᠪᠣᠯᠤᠨ᠎ᠠ᠃ ︵2︶ ᠬᠤᠪᠢ ᠬᠥᠮᠦᠨ ᠤ ᠳᠠᠩᠰᠠᠨ ᠡᠷᠦᠬᠡ ᠶᠢᠨ ᠡᠬᠡ ᠮᠥᠩᠭᠦ ᠪᠠ ᠬᠦᠦ ᠮᠥᠩᠭᠦ ᠶᠢ ᠳ᠋ᠦᠩᠨᠡᠨ ᠰᠢᠯᠵᠢᠭᠦᠯᠵᠦ ᠬᠡᠷᠡᠭᠯᠡᠬᠦ ᠪᠠ ᠬᠠᠤᠯᠢ ᠶᠣᠰᠣᠭᠠᠷ ᠵᠠᠯᠭᠠᠮᠵᠢᠯᠠᠵᠤ ᠪᠣᠯᠤᠨ᠎ᠠ᠃ ᠳᠠᠭᠠᠳᠬᠠᠯ ᠳᠤ ᠣᠷᠣᠯᠴᠠᠭᠴᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠠᠯᠤᠰᠯᠠᠨ ᠰᠢᠯᠵᠢᠵᠦ ᠠᠵᠢᠯ ᠣᠯᠤᠭᠰᠠᠨ ᠪᠣᠯ ᠬᠤᠪᠢ ᠬᠥᠮᠦᠨ ᠤ ᠳᠠᠩᠰᠠᠨ ᠡᠷᠦᠬᠡ ᠶᠢ ᠡᠮ ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢ ᠳᠠᠭᠠᠵᠤ ᠰᠢᠯᠵᠢᠭᠦᠯᠦᠨ ᠬᠤᠪᠢᠶᠠᠷᠢᠯᠠᠨ ᠰᠢᠯᠵᠢᠭᠦᠯᠦᠨ᠎ᠡ᠃︵ᠬᠤᠶᠠᠷ︶ ᠠᠵᠢᠯᠲᠠᠨ ᠠᠵᠢᠯᠴᠢᠨ ᠤ ᠬᠤᠪᠢ ᠬᠥᠮᠦᠨ ᠤ ᠳᠠᠩᠰᠠᠨ ᠡᠷᠦᠬᠡ ᠳᠤ ᠣᠷᠣᠭᠤᠯᠬᠤ ᠵᠣᠭᠤᠰᠤᠨ ᠤ ᠲᠤᠭ᠎ᠠ ᠬᠠᠰᠤᠭᠳᠠᠪᠠ      ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠤᠤᠯ ᠤᠨ ᠲᠥᠷᠥ ᠶᠢᠨ ᠪᠣᠳᠣᠯᠭ᠎ᠠ ᠶᠢ 45 ᠨᠠᠰᠤ ︵45 ᠨᠠᠰᠤ ᠪᠠᠭᠲᠠᠨ᠎ᠠ︶ ᠠᠴᠠ ᠳᠣᠷᠣᠭᠰᠢ ᠲᠣᠰ ᠬᠥᠮᠥᠨ ᠤ ᠰᠦᠢᠳᠬᠡᠯ ᠲᠤᠰᠢᠶᠠᠬᠤ ᠰᠠᠭᠤᠷᠢ  ᠲᠣᠭᠠᠨ  ᠤ  2.5%  ︵ᠬᠤᠪᠢ ᠬᠥᠮᠥᠨ ᠤ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠪᠠᠭᠲᠠᠭᠠᠨ᠎ᠠ︶ ᠪᠠᠷ ᠬᠤᠪᠢᠶᠠᠷᠢᠯᠠᠨ ᠣᠷᠣᠭᠤᠯᠵᠤ ᠂ ᠨᠢᠭᠡᠳᠦᠯᠲᠡᠢ ᠲᠣᠬᠢᠷᠠᠭᠤᠯᠵᠤ ᠪᠠᠶᠢᠭᠠᠳ ᠲᠣᠰ ᠬᠥᠮᠥᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠰᠠᠭᠤᠷᠢ ᠲᠣᠭᠠᠨ ᠤ 2% ᠢᠶᠠᠷ ᠬᠤᠪᠢᠶᠠᠷᠢᠯᠠᠨ ᠣᠷᠣᠭᠤᠯᠤᠨ᠎ᠠ︔ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠤᠤᠯ ᠤᠨ ᠲᠥᠷᠥ ᠶᠢᠨ ᠪᠣᠳᠣᠯᠭ᠎ᠠ ᠶᠢ ᠲᠣᠰ ᠬᠥᠮᠥᠨ ᠤ ᠠᠵᠢᠯ ᠠᠴᠠ ᠪᠠᠨ ᠪᠠᠭᠤᠵᠤ ᠠᠮᠠᠷᠠᠭᠰᠠᠨ ᠵᠠᠷᠤᠳᠠᠯ ᠤᠨ ᠶᠡᠷᠦᠩᠬᠡᠢ ᠲᠣᠭᠠᠨ ᠤ 3.2% ᠢᠶᠠᠷ ᠬᠤᠪᠢᠶᠠᠷᠢᠯᠠᠨ ᠣᠷᠣᠭᠤᠯᠤᠨ᠎ᠠ︔ 2021 ᠣᠨ ᠤ ᠪᠥᠬᠦ ᠲᠤᠭᠤᠷᠢᠭ ᠤᠨ ᠳᠤᠮᠳᠠᠴᠢ ᠨᠠᠰᠤᠵᠢᠯ ᠤᠨ ᠠᠰᠠᠷᠠᠮᠵᠢ ᠶᠢᠨ ᠮᠥᠩᠭᠦ ︵3272 ᠲᠥᠭᠦᠷᠢᠭ︶ ᠪᠠᠷ ᠰᠠᠭᠤᠷᠢ ᠲᠤᠭ᠎ᠠ ᠪᠣᠯᠭᠠᠵᠤ᠂ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ 3% ᠶᠢᠨ ᠬᠠᠷᠢᠴᠠᠯ ᠤᠨ ᠲᠣᠭᠲᠠᠭᠰᠠᠨ ᠲᠤᠭ᠎ᠠ ᠪᠠᠷ ᠬᠤᠪᠢᠶᠠᠷᠢᠯᠠᠨ ᠣᠷᠣᠭᠤᠯᠵᠤ᠂ 2023 ᠣᠨ ᠠᠴᠠ ᠡᠬᠢᠯᠡᠨ 2% ᠤᠨ ᠬᠠᠷᠢᠴᠠᠯ ᠤᠨ ᠲᠣᠭᠲᠠᠭᠰᠠᠨ ᠲᠤᠭ᠎ᠠ ᠪᠠᠷ ᠬᠤᠪᠢᠶᠠᠷᠢᠯᠠᠨ ᠣᠷᠣᠭᠤᠯᠤᠨ᠎ᠠ᠃ ᠶᠡᠷᠦᠩᠬᠡᠢ ᠳᠤ ᠨᠢ ᠠᠪᠴᠤ ᠬᠡᠯᠡᠪᠡᠯ᠂ ᠬᠤᠪᠢ ᠬᠥᠮᠦᠨ ᠤ ᠲᠠᠩᠰᠠᠨ ᠡᠷᠦᠬᠡ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠬᠠᠷᠠᠯᠲᠠ ᠪᠠ ᠳᠦᠷᠢᠮ ᠤᠨ ᠠᠯᠤᠰ ᠬᠡᠲᠦ ᠶᠢᠨ ᠬᠥᠭᠵᠢᠯᠲᠡ ᠠᠴᠠ ᠦᠵᠡᠪᠡᠯ᠂ ᠳᠠᠭᠠᠳᠬᠠᠯ ᠳᠤ ᠣᠷᠣᠯᠴᠠᠭᠰᠠᠨ ᠬᠥᠮᠦᠰ ᠴᠥᠮ ᠡᠨᠡ ᠤᠳᠠᠭᠠᠨ ᠤ ᠥᠭᠡᠷᠡᠴᠢᠯᠡᠯᠲᠡ ᠠᠴᠠ ᠨᠡᠶᠢᠳᠡᠮ ᠠᠰᠢᠭ ᠭᠥᠷᠳᠡᠵᠦ᠂ ᠢᠯᠠᠩᠭᠤᠶ᠎ᠠ ᠦᠷᠭᠦᠯᠵᠢ ᠲᠣᠬᠢᠶᠠᠯᠳᠤᠬᠤ ᠡᠪᠡᠳᠴᠢᠨ᠂ ᠣᠯᠠᠨ ᠡᠭᠦᠰᠬᠦ ᠡᠪᠡᠳᠴᠢᠨ ᠳᠤ ᠨᠡᠷᠪᠡᠭᠳᠡᠭᠰᠡᠨ ᠲᠡᠳᠡᠭᠡᠷ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ᠂ ᠠᠵᠢᠯ ᠠᠴᠠ ᠪᠠᠨ ᠠᠮᠠᠷᠠᠭᠰᠠᠨ ᠬᠥᠮᠦᠰ ᠤᠨ ᠠᠰᠢᠭ ᠭᠥᠷᠳᠡᠭᠰᠡᠨ ᠨᠢ ᠬᠤᠪᠢ ᠬᠥᠮᠦᠨ ᠤ ᠲᠠᠩᠰᠠᠨ ᠡᠷᠦᠬᠡ ᠶᠢᠨ ᠲᠤᠭ᠎ᠠ ᠬᠡᠮᠵᠢᠶ᠎ᠡ ᠠᠴᠠ ᠬᠤᠯᠠ ᠳᠠᠪᠠᠭᠰᠠᠨ ᠪᠣᠯᠬᠤᠷ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠦᠷ᠎ᠡ ᠳ᠋ᠦᠩ ᠨᠢ ᠶᠡᠷᠦ ᠨᠢ ᠬᠡᠳᠦᠨ ᠵᠠᠭᠤᠨ ᠲᠥᠭᠦᠷᠢᠭ ᠤᠨ ᠬᠤᠪᠢ ᠬᠥᠮᠦᠨ ᠤ ᠲᠠᠩᠰᠠᠨ ᠡᠷᠦᠬᠡ ᠶᠢ ᠪᠠᠭᠠᠰᠬᠠᠨ᠎ᠠ᠂ ᠭᠡᠪᠡᠴᠦ ᠮᠢᠩᠭ᠎ᠠ ᠭᠠᠷᠤᠶ ᠲᠥᠭᠦᠷᠢᠭ ᠴᠢᠨᠠᠭᠰᠢᠯᠠᠪᠠᠯ ᠬᠡᠳᠦᠨ ᠮᠢᠩᠭᠠᠨ ᠲᠥᠭᠦᠷᠢᠭ ᠤᠨ ᠵᠠᠷᠤᠳᠠᠯ ᠢ ᠲᠠᠩᠰᠠᠨ ᠠᠴᠠ ᠲᠠᠶᠢᠯᠵᠤ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠥᠭᠡᠷᠡᠴᠢᠯᠡᠯᠲᠡ ᠶᠢ ᠪᠡᠶᠡᠯᠡᠭᠦᠯᠬᠦ ᠵᠢᠩᠬᠢᠨᠢ ᠤᠶᠢᠯᠡᠳᠤᠯ ᠣᠯᠳᠠᠭ᠃ᠳᠥᠷᠪᠡ᠂ ᠡᠭᠦᠳᠡᠨ ᠡᠮᠨᠡᠯᠭᠡ ᠶᠢ ᠨᠢᠭᠡᠳᠦᠯᠲᠡᠶ ᠲᠥᠯᠥᠪᠯᠡᠬᠦ ᠶᠢᠨ ᠢᠳᠡᠪᠬᠢ ᠠᠴᠢ ᠬᠤᠯᠪᠣᠭᠳᠠᠯ ᠢ  ᠪᠠᠶᠢᠭᠤᠯᠣᠨ᠎ᠠ ︵ᠨᠢᠭᠡ︶ ᠳᠦᠷᠢᠮ ᠤᠨ ᠲᠤᠲᠠᠭᠤᠲᠠᠯ ᠢ ᠨᠦᠬᠦᠪᠦᠷᠢᠯᠡᠪᠡ      ᠣᠷᠳᠣ ᠬᠤᠭᠤᠴᠠᠭᠠᠨ ᠤ ᠲᠤᠷᠰᠢ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠪᠠ ᠬᠤᠪᠢ ᠬᠥᠮᠦᠨ ᠤ ᠲᠠᠩᠰᠠᠨ ᠡᠷᠦᠬᠡ ᠶᠢ ᠬᠠᠷᠢᠯᠴᠠᠨ ᠤᠶᠠᠯᠳᠤᠭᠤᠯᠵᠤ᠂ ᠡᠶᠢᠮᠦᠷᠬᠦ ᠲᠦᠷᠢᠮ ᠤᠨ ᠵᠠᠭᠪᠤᠷ ᠨᠢ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠶᠢᠨ ᠨᠥᠬᠦᠴᠡᠯ ᠬᠢᠵᠠᠭᠠᠷᠲᠠᠶ ᠪᠠᠶᠢᠳᠠᠯ ᠳᠣᠤᠷ᠎ᠠ᠂ ᠣᠶᠤᠨ ᠴᠢᠳᠠᠯ ᠢᠶᠠᠨ ᠲᠥᠪᠯᠡᠷᠡᠭᠦᠯᠦᠨ ᠣᠯᠠᠨ ᠲᠦᠮᠡᠨ ᠤ ᠡᠮᠨᠡᠯᠭᠡ ᠳᠤ ᠰᠠᠭᠤᠬᠤ ᠬᠦᠨᠳᠦ ᠡᠪᠡᠳᠴᠢᠨ ᠤ ᠠᠰᠠᠭᠤᠳᠠᠯ ᠢ ᠰᠢᠢᠳᠪᠦᠷᠢᠯᠡᠵᠦ ᠪᠣᠯᠤᠨ᠎ᠠ᠃ ᠡᠭᠦᠨ ᠤ ᠬᠠᠮᠲᠤ᠂ ᠨᠢᠭᠡ ᠪᠦᠯᠦᠭ ᠰᠠᠭᠤᠷᠢ ᠮᠥᠩᠭᠦ ᠭᠠᠷᠭᠠᠨ ᠡᠭᠦᠳᠡᠨ ᠡᠮᠨᠡᠯᠭᠡ ᠶᠢᠨ ᠪᠠᠭ᠎ᠠ ᠡᠪᠡᠳᠴᠢᠨ ᠤ ᠠᠰᠠᠭᠤᠳᠠᠯ ᠢ ᠰᠢᠢᠳᠪᠦᠷᠢᠯᠡᠵᠦ᠂ ᠬᠤᠪᠢ ᠬᠥᠮᠦᠨ ᠤ ᠰᠦᠢᠳᠬᠡᠯ ᠲᠤᠰᠢᠶᠠᠬᠤ ᠶᠢ ᠠᠷᠪᠢᠯᠠᠬᠤ ᠦᠵᠡᠯ ᠤᠬᠠᠮᠰᠠᠷ ᠢ ᠪᠤᠢ ᠪᠣᠯᠭᠠᠬᠤ ᠬᠡᠷᠡᠭᠲᠡᠶ᠃ ᠥᠩᠭᠡᠷᠡᠭᠰᠡᠨ ᠳᠤ ᠶᠡᠷᠦᠳᠡᠭᠡᠨ ︽ᠰᠠᠭᠤᠷᠢ ᠮᠥᠩᠭᠦ ᠶᠢ ᠨᠢᠭᠡᠳᠦᠯᠲᠡᠢ ᠲᠥᠯᠥᠪᠯᠡᠬᠦ ᠨᠢ ᠬᠦᠨᠳᠦ ᠡᠪᠡᠳᠴᠢᠨ ᠢ ᠬᠠᠮᠢᠶᠠᠷᠬᠤ᠂ ᠬᠤᠪᠢ ᠬᠥᠮᠥᠨ ᠤ ᠳᠠᠩᠰᠠᠨ ᠡᠷᠦᠬᠡ ᠪᠠᠭ᠎ᠠ ᠡᠪᠡᠳᠴᠢᠨ ᠢ ᠬᠠᠮᠢᠶᠠᠷᠬᠤ︾ ᠭᠡᠰᠡᠨ ᠦᠭᠡ ᠪᠠᠶᠢᠳᠠᠭ᠃  ᠤᠯᠤᠰ ᠤᠨ ᠨᠡᠶᠢᠭᠡᠮ ᠠᠵᠤ ᠠᠬᠤᠢ ᠶᠢᠨ ᠬᠥᠭᠵᠢᠯᠲᠡ ᠶᠢ ᠳᠠᠭᠠᠯᠳᠤᠨ᠂ ᠡᠮ ᠡᠮᠨᠡᠯᠭᠡ ᠶᠢᠨ ᠪᠠᠲᠤᠯᠠᠪᠤᠷᠢ ᠶᠢᠨ ᠲᠥᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠨᠢᠭᠡ ᠲᠠᠯ᠎ᠠ ᠪᠠᠷ ᠰᠠᠭᠤᠷᠢ ᠮᠥᠩᠭᠦ ᠶᠢᠨ ᠪᠠᠲᠤᠯᠠᠭ᠎ᠠ ᠶᠢᠨ ᠴᠢᠳᠠᠪᠤᠷᠢ ᠶᠢ ᠤᠯᠠᠮ ᠠᠴᠠ ᠤᠯᠠᠮ ᠴᠢᠩᠭᠠᠷᠠᠭᠤᠯᠵᠤ᠂ ᠠᠷᠠᠳ ᠣᠯᠠᠨ ᠤ ᠪᠠᠲᠤᠯᠠᠭ᠎ᠠ ᠶᠢᠨ ᠬᠢᠷᠢ ᠲᠦᠪᠰᠢᠨ ᠤᠯᠠᠮ ᠠᠴᠠ ᠤᠯᠠᠮ ᠥᠨᠳᠥᠷ ᠪᠣᠯᠵᠤ᠂ ᠨᠥᠭᠦᠭᠡ ᠲᠠᠯ᠎ᠠ ᠪᠠᠷ ᠬᠤᠪᠢ ᠬᠥᠮᠥᠨ ᠤ ᠲᠠᠩᠰᠠᠨ ᠡᠷᠦᠬᠡ ᠳᠤ ᠬᠡᠳᠦ᠋ᠢᠪᠡᠷ ᠲᠠᠰᠤᠷᠠᠯᠲᠠ ᠦᠭᠡᠢ ᠪᠤᠳᠤᠵᠤ ᠣᠷᠣᠭᠤᠯᠤᠭᠰᠠᠨ ᠪᠣᠯᠪᠠᠴᠤ ᠬᠤᠪᠢ ᠬᠥᠮᠥᠨ ᠤ ᠬᠤᠷᠠᠮᠳᠤᠯ ᠮᠠᠶ᠋ᠢᠭ ᠤᠨ ᠪᠣᠯᠬᠤᠷ ᠡᠷᠡᠭᠦᠯ ᠮᠡᠨᠳᠦ ᠬᠥᠮᠥᠰ ᠪᠠ ᠡᠷᠡᠭᠦᠯ ᠪᠤᠰᠤ ᠬᠥᠮᠥᠰ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠬᠤᠷᠠᠮᠳᠤᠭᠤᠯᠭ᠎ᠠ ᠶᠢᠨ ᠵᠥᠷᠢᠶ᠎ᠡ ᠮᠠᠰᠢ ᠶᠡᠭᠡ ᠪᠠᠶᠢᠵᠤ᠂ ᠭᠡᠷ ᠪᠦᠯᠢ ᠶᠢᠨ ᠬᠤᠭᠤᠷᠣᠨᠳᠣᠬᠢ ᠬᠤᠪᠢ ᠬᠥᠮᠥᠨ ᠤ ᠲᠠᠩᠰᠠᠨ ᠡᠷᠦᠬᠡ ᠶᠢ ᠴᠦ ᠬᠡᠷᠡᠭᠯᠡᠵᠦ ᠪᠣᠯᠬᠤ ᠦᠭᠡᠢ᠃ ᠡᠭᠦᠳᠡᠨ ᠡᠮᠨᠡᠯᠭᠡ ᠶᠢ ᠬᠠᠷᠢᠯᠴᠠᠨ ᠲᠤᠰᠠᠯᠠᠯᠴᠠᠬᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠵᠠᠷᠤᠳᠠᠯ ᠤᠨ ᠪᠠᠲᠤᠯᠠᠭ᠎ᠠ ᠶᠢᠨ ᠳᠦᠷᠢᠮ ᠤᠨ ᠳᠤᠲᠠᠭᠤᠳᠠᠯ ᠢ ᠨᠥᠬᠦᠪᠦᠷᠢᠯᠡᠵᠦ᠂ ᠤᠤᠯ ᠤᠨ ᠬᠤᠷᠠᠮᠳᠤᠯ ᠬᠡᠯᠪᠡᠷᠢ ᠠᠴᠠ ᠬᠠᠷᠢᠯᠴᠠᠨ ᠲᠤᠰᠠᠯᠠᠯᠴᠠᠬᠤ ᠬᠡᠯᠪᠡᠷᠢ ᠵᠦᠭ ᠤᠷᠤᠭᠰᠢᠯᠠᠵᠠᠢ ᠭᠡᠵᠦ ᠬᠡᠯᠡᠵᠦ ᠪᠣᠯᠤᠨ᠎ᠠ᠃︵ᠬᠤᠶᠠᠷ︶ ᠡᠮ ᠡᠮᠨᠡᠯᠭᠡ ᠶᠢᠨ ᠪᠠᠶᠢᠭᠤᠯᠤᠮᠵᠢ ᠶᠢᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ    ᠤᠤᠯ ᠨᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠨᠢ ᠵᠥᠪᠬᠡᠨ ᠡᠮᠨᠡᠯᠭᠡ ᠳᠤ ᠰᠠᠭᠤᠬᠤ ᠶᠢ ᠬᠠᠮᠢᠶᠠᠷᠴᠤ᠂ ᠬᠤᠪᠢ ᠬᠥᠮᠦᠨ ᠤ ᠲᠠᠩᠰᠠᠨ ᠡᠷᠦᠬᠡ ᠶᠢᠨ ᠡᠭᠦᠳᠡᠨ ᠡᠮᠨᠡᠯᠭᠡ ᠶᠢ ᠬᠠᠮᠢᠶᠠᠷᠴᠤ᠂ ᠠᠷᠠᠳ ᠣᠯᠠᠨ ᠳᠤ ᠳᠠᠩᠰᠠ ᠴᠠᠶᠢᠷᠠᠭᠤᠯᠬᠤ ᠭᠡᠪᠡᠯ ᠡᠮᠨᠡᠯᠭᠡ ᠳᠤ ᠰᠠᠭᠤᠬᠤ ᠬᠡᠷᠡᠭᠲᠡᠶ᠃ ᠡᠭᠦᠳᠡᠨ ᠡᠮᠨᠡᠯᠭᠡ ᠴᠦ ᠠᠳᠠᠯᠢᠬᠠᠨ ᠳᠠᠩᠰᠠ ᠠᠴᠠ ᠭᠠᠷᠭᠠᠵᠤ᠂ ᠡᠮᠨᠡᠯᠭᠡ ᠳᠤ ᠰᠠᠭᠤᠬᠤ ᠴᠢᠬᠤᠯᠠ ᠦᠭᠡᠢ ᠪᠣᠯᠵᠠᠢ᠃ ᠡᠶᠢᠮᠦ ᠠᠴᠠ ᠥᠩᠭᠡᠷᠡᠭᠰᠡᠨ ᠤ ᠲᠦᠷᠢᠮ ᠨᠢ ᠡᠮᠨᠡᠯᠭᠡ ᠳᠤ ᠰᠠᠭᠤᠬᠤ ᠲᠠᠯ᠎ᠠ ᠪᠠᠷ ᠨᠢᠭᠡ ᠵᠦᠢᠯ ᠤᠨ ᠰᠥᠷᠭᠡᠦ ᠪᠠᠷ ᠲᠣᠬᠢᠷᠠᠭᠤᠯᠬᠤ ᠦᠢᠯᠡᠳᠦᠯ ᠲᠠᠢ ᠪᠠᠶᠢᠵᠤ᠂ ᠪᠠᠭ᠎ᠠ ᠡᠪᠡᠳᠴᠢᠨ ᠢ ᠶᠡᠭᠡ ᠪᠠᠷ ᠲᠡᠵᠢᠭᠡᠵᠦ᠂ ᠪᠥᠬᠦ ᠤᠯᠤᠰ ᠤᠨ 2021 ᠣᠨ ᠤ ᠡᠮᠨᠡᠯᠭᠡ ᠳᠤ ᠰᠠᠭᠤᠭᠰᠠᠨ ᠲᠤᠭ᠎ᠠ ᠪᠠᠷᠢᠮᠲᠠ ᠪᠠᠷ ᠵᠢᠱᠢᠶᠡᠯᠡᠪᠡᠯ᠄ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠡᠮᠨᠡᠯᠭᠡ ᠳᠤ ᠰᠠᠭᠤᠭᠰᠠᠨ ᠨᠣᠷᠮ᠎ᠠ 19% ᠳᠤ ᠬᠦᠷᠴᠦ᠂ ᠨᠠᠰᠤᠲᠠᠶᠢᠴᠤᠳ ᠤᠨ ᠡᠮᠨᠡᠯᠭᠡ ᠳᠤ ᠰᠠᠭᠤᠭᠰᠠᠨ ᠨᠣᠷᠮ᠎ᠠ 40% ᠳᠤ ᠬᠦᠷᠴᠦ᠂ ᠨᠠᠰᠤᠲᠠᠶᠢᠴᠤᠳ ᠤᠨ ᠤᠳᠠᠭᠠᠨ ᠴᠢᠨᠠᠷᠲᠠᠶ ᠡᠪᠡᠳᠴᠢᠨ ᠠᠷᠪᠢᠨ᠂ ᠲᠠᠩᠰᠠ ᠳᠡᠶᠢᠯᠵᠦ ᠰᠢᠭᠤᠳ ᠡᠮᠨᠡᠯᠭᠡ ᠳᠤ ᠰᠠᠭᠤᠬᠤ ᠰᠠᠨᠠᠭ᠎ᠠ ᠲᠠᠢ ᠪᠣᠯᠬᠤᠷ ᠨᠢᠭᠡ ᠲᠠᠯ᠎ᠠ ᠪᠠᠷ ᠰᠠᠭᠤᠷᠢ ᠮᠥᠩᠭᠦ ᠶᠢᠨ ᠵᠠᠷᠤᠯᠭ᠎ᠠ ᠶᠢ ᠨᠡᠮᠡᠭᠳᠡᠭᠦᠯᠵᠦ᠂ ᠨᠥᠭᠦᠭᠡ ᠲᠠᠯ᠎ᠠ ᠪᠠᠷ ᠳᠡᠭᠡᠳᠦ ᠲᠠᠰ ᠤᠨ ᠡᠬᠢ ᠪᠠᠶᠠᠯᠢᠭ ᠢ ᠪᠦᠷᠢᠯᠭᠡᠬᠦ ᠭᠦᠢᠴᠡᠳ ᠥᠬᠡᠶ ᠪᠣᠯᠤᠭᠰᠠᠨ ᠪᠥᠭᠡᠳ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠡᠬᠢ ᠪᠠᠶᠠᠯᠢᠭ ᠤᠨ ᠲᠣᠬᠢᠷᠠᠭᠤᠯᠤᠯᠲᠠ ᠥᠬᠡᠶ᠂ ᠦᠢᠯᠡᠴᠢᠯᠡᠭᠡᠨ ᠤ ᠴᠢᠳᠠᠪᠤᠷᠢ ᠬᠦᠷᠦᠯᠴᠡᠬᠦ ᠥᠬᠡᠶ ᠪᠣᠯᠤᠭᠰᠠᠨ ᠪᠠᠶᠢᠨ᠎ᠠ᠃ ︵ᠭᠤᠷᠪᠠ︶ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠤᠨ᠎ᠠ      ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠡᠪᠡᠳᠴᠢᠲᠡᠨ ᠢ ᠦᠨᠳᠦᠰᠦᠨ ᠱᠠᠲᠤᠨ ᠳᠤ ᠣᠴᠢᠭᠤᠯᠤᠨ ᠡᠮᠨᠡᠭᠦᠯᠵᠦ᠂ ᠡᠮᠨᠡᠯᠭᠡ ᠳᠤ ᠰᠠᠭᠤᠬᠤ ᠬᠥᠮᠦᠨ ᠤᠳᠠᠭ᠎ᠠ ᠶᠢᠨ ᠡᠵᠡᠯᠡᠬᠦ ᠬᠠᠷᠢᠴᠠᠯ ᠢ ᠪᠠᠭᠠᠰᠬᠠᠵᠤ᠂ ᠡᠮᠨᠡᠯᠭᠡ ᠳᠤ ᠰᠠᠭᠤᠬᠤ ᠵᠠᠷᠤᠳᠠᠯ ᠤᠨ ᠨᠡᠮᠡᠭᠳᠡᠯ ᠢ ᠬᠥᠩᠭᠡᠷᠡᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠮᠡᠨᠳᠦ ᠪᠠᠷ ᠡᠭᠦᠳᠡ ᠰᠠᠬᠢᠬᠤ ᠬᠥᠮᠦᠨ ᠤ ᠦᠢᠯᠡᠳᠦᠯ ᠢ ᠪᠠᠳᠠᠷᠠᠭᠤᠯᠬᠤ ᠶᠢᠨ ᠬᠠᠮᠲᠤ ᠡᠭᠦᠳᠡᠨ ᠡᠮᠨᠡᠯᠭᠡ ᠶᠢᠨ ᠣᠯᠠᠩᠬᠢ ᠡᠪᠡᠳᠴᠢᠲᠡᠨ ᠤ ︽ᠪᠠᠭ᠎ᠠ ᠡᠪᠡᠳᠴᠢᠨ︾ ᠤ ᠠᠰᠠᠭᠤᠳᠠᠯ ᠢ ᠰᠢᠢᠳᠪᠦᠷᠢᠯᠡᠵᠦ᠂ ᠡᠪᠡᠳᠴᠢᠲᠡᠨ ᠤ ᠲᠣᠮᠣ ᠡᠮᠨᠡᠯᠭᠡ ᠶᠢᠨ ᠬᠤᠷᠢᠶᠠᠨ ᠳᠤ ᠬᠦᠷᠢᠶᠡᠯᠡᠩ ᠣᠴᠢᠵᠤ ᠡᠮᠨᠡᠭᠦᠯᠬᠦ ᠠᠴᠠ ᠵᠠᠶᠢᠯᠠᠰᠬᠢᠵᠦ᠂ ᠶᠡᠭᠡ ᠡᠮᠨᠡᠯᠭᠡ ᠶᠢᠨ ᠬᠤᠷᠢᠶ᠎ᠠ ᠨᠢ ᠨᠡᠩ ᠣᠯᠠᠨ ᠡᠮᠴᠢᠯᠡᠭᠡᠨ ᠤ ᠡᠬᠢ ᠪᠠᠶᠠᠯᠢᠭ ᠢ ᠬᠦᠨᠳᠦ ᠡᠪᠡᠳᠴᠢᠨ ᠲᠠᠢ᠂ ᠬᠦᠴᠢᠷ ᠲᠦᠪᠡᠭᠲᠡᠶ ᠡᠯᠳᠡᠪ ᠵᠦᠢᠯ ᠤᠨ ᠡᠪᠡᠳᠴᠢᠨ ᠢ ᠰᠢᠢᠳᠪᠦᠷᠢᠯᠡᠬᠦ ᠳᠤ ᠬᠡᠷᠡᠭᠯᠡᠵᠦ᠂ ᠶᠡᠭᠡ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠵᠤ ᠡᠮᠨᠡᠭᠦᠯᠬᠦ ᠳᠠᠷᠤᠯᠲᠠ ᠶᠢ ᠪᠦᠲᠦᠮᠵᠢᠲᠡᠶ ᠪᠠᠷ ᠬᠥᠩᠭᠡᠷᠡᠭᠦᠯᠪᠡ᠃ᠲᠠᠪᠤ᠂ ᠤᠯᠠᠨ ᠲᠦᠮᠡᠨ ᠤ ᠠᠩᠬᠠᠷᠴᠤ ᠪᠠᠶᠢᠭ᠎ᠠ ᠬᠡᠳᠦᠨ ᠠᠰᠠᠭᠤᠳᠠᠯ︵ᠨᠢᠭᠡ︶ ᠬᠤᠪᠢ ᠬᠥᠮᠦᠨ ᠤ ᠳᠠᠩᠰᠠᠨ ᠡᠷᠦᠬᠡ ᠪᠠᠭᠠᠰᠴᠤ᠂ ᠳᠠᠭᠠᠳᠬᠠᠯ ᠳᠤ ᠣᠷᠣᠯᠴᠠᠭᠰᠠᠳ ᠤᠨ ᠬᠠᠷᠠᠭᠠᠯᠵᠠᠯ ᠪᠠᠭᠤᠷᠠᠬᠤ ᠤᠤ︖    1. ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠣᠯᠭᠤᠮᠵᠢ ᠶᠢ ᠳᠡᠭᠡᠭᠰᠢᠯᠡᠭᠦᠯᠦᠭᠰᠡᠨ ᠠᠴᠠ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠷᠡᠭᠯᠡᠭᠴᠢ ᠳᠤ ᠠᠪᠴᠤ ᠬᠡᠯᠡᠪᠡᠯ᠂ ᠥᠭᠡᠷᠡᠴᠢᠯᠡᠯᠲᠡ ᠬᠢᠭᠰᠡᠨ ᠤ ᠳᠠᠷᠠᠭ᠎ᠠ ᠬᠤᠪᠢ ᠬᠥᠮᠦᠨ ᠤ ᠲᠠᠩᠰᠠᠨ ᠡᠷᠦᠬᠡ ᠶᠢᠨ ᠰᠢᠨ᠎ᠡ ᠪᠠᠷ ᠨᠡᠮᠡᠭᠳᠡᠭᠰᠡᠨ ᠬᠤᠪᠢᠶᠠᠷᠢᠯᠠᠨ ᠣᠷᠣᠭᠤᠯᠬᠤ ᠲᠤᠭ᠎ᠠ ᠬᠡᠮᠵᠢᠶ᠎ᠡ ᠡᠳᠦᠢ ᠲᠡᠳᠦᠢ ᠪᠠᠭᠠᠰᠤᠭᠰᠠᠨ ᠪᠣᠯᠪᠠᠴᠤ ᠣᠯᠭᠤᠮᠵᠢ ᠪᠠᠭᠤᠷᠠᠬᠤ ᠶᠢ ᠲᠥᠯᠥᠭᠡᠯᠡᠬᠦ ᠦᠭᠡᠢ᠃ ᠶᠠᠭᠤᠨ ᠤ ᠡᠮᠦᠨ᠎ᠡ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠳᠠᠭᠠᠳᠬᠠᠯ ᠳᠤ ᠣᠷᠣᠯᠴᠠᠭᠰᠠᠳ ᠤᠨ ᠰᠦᠢᠳᠬᠡᠯ ᠲᠤᠰᠢᠶᠠᠬᠤ ᠡᠭᠦᠷᠭᠡᠯᠡᠯ ᠨᠡᠮᠡᠭᠳᠡᠬᠦ ᠦᠭᠡᠶ᠂ ᠬᠤᠪᠢ ᠬᠥᠮᠦᠨ ᠤ ᠳᠠᠩᠰᠠᠨ ᠡᠷᠦᠬᠡ ᠶᠢᠨ ᠲᠡᠦᠬᠡᠨ ᠬᠤᠷᠠᠮᠳᠤᠯ ᠲᠤᠭ᠎ᠠ ᠶᠢ ᠬᠤᠪᠢᠷᠠᠭᠤᠯᠬᠤ ᠦᠭᠡᠶ᠂ ᠮᠥᠨ ᠯᠡ ᠬᠤᠪᠢ ᠬᠥᠮᠦᠨ ᠳᠤ ᠪᠤᠴᠠᠭᠠᠵᠤ ᠬᠡᠷᠡᠭᠯᠡᠭᠦᠯᠵᠦ ᠪᠣᠯᠬᠤ ᠪᠥᠭᠡᠳ ᠪᠠᠰᠠ ᠭᠡᠷ ᠪᠦᠯᠢ ᠶᠢᠨ ᠪᠦᠷᠢᠯᠳᠦᠬᠦᠨ ᠤ ᠬᠤᠭᠤᠷᠣᠨᠳᠣ ᠪᠠᠨ ᠬᠠᠷᠢᠯᠴᠠᠨ ᠲᠤᠰᠠᠯᠠᠯᠴᠠᠨ ᠬᠡᠷᠡᠭᠯᠡᠭᠦᠯᠵᠦ ᠪᠣᠯᠬᠤ ᠪᠥᠭᠡᠳ ᠵᠣᠭᠤᠰ ᠥᠭᠬᠦ ᠬᠦᠷᠢᠶ᠎ᠡ ᠬᠡᠪᠴᠢᠶ᠎ᠡ ᠶᠢ ᠴᠦ ᠤᠯᠠᠮ ᠨᠢᠭᠡ ᠠᠯᠬᠤᠮ ᠥᠷᠭᠡᠳᠬᠡᠵᠦ᠂ ᠨᠡᠩ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠲᠤ ᠠᠰᠢᠭ ᠬᠦᠷᠲᠡᠭᠡᠵᠦ ᠴᠢᠳᠠᠨ᠎ᠠ᠃ ᠵᠢᠱᠢᠶᠡᠯᠡᠪᠡᠯ᠂ ᠳᠠᠭᠠᠳᠬᠠᠯ ᠳᠤ ᠣᠷᠣᠯᠴᠠᠭᠴᠢ ᠯᠢ ᠣᠪᠣᠭᠲᠤ ᠨᠥᠬᠦᠷ ᠲᠠᠢ ᠪᠠᠨ ᠬᠤᠪᠢ ᠬᠥᠮᠦᠨ ᠤ ᠲᠠᠩᠰᠠᠨ ᠡᠷᠦᠬᠡ ᠲᠠᠢ ᠤᠶᠠᠯᠳᠤᠭᠰᠠᠨ ᠤ ᠳᠠᠷᠠᠭ᠎ᠠ᠂ ᠨᠥᠬᠦᠷ ᠤᠨ ᠢᠶᠠᠨ ᠡᠮ ᠡᠮᠨᠡᠯᠭᠡ ᠶᠢᠨ ᠳᠠᠭᠠᠳᠬᠠᠯ ᠤᠨ ᠺᠠᠷᠲ ᠤᠨ ᠬᠤᠪᠢ ᠬᠥᠮᠦᠨ ᠤ ᠲᠠᠩᠰᠠᠨ ᠡᠷᠦᠬᠡ ᠳᠠᠬᠢ ᠵᠣᠭᠤᠰ ᠢᠶᠠᠷ ᠥᠪᠡᠷ ᠢᠶᠠᠨ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ 460 ᠲᠥᠭᠦᠷᠢᠭ ᠢ ᠲᠤᠰᠢᠶᠠᠭᠰᠠᠨ ᠢᠶᠠᠷ ᠪᠠᠷᠠᠬᠤ ᠥᠬᠡᠶ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠩ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠦᠶ᠎ᠡ ᠳᠤ᠂ ᠬᠤᠪᠢ ᠬᠥᠮᠦᠨ ᠤ ᠥᠪᠡᠷ ᠢᠶᠠᠨ ᠥᠭᠬᠦ ᠬᠡᠰᠡᠭ ᠢ ᠮᠦᠨ ᠨᠥᠬᠦᠷ ᠤᠨ ᠢᠶᠠᠨ ᠡᠮᠨᠡᠯᠭᠡ ᠶᠢᠨ ᠳᠠᠭᠠᠳᠬᠠᠯ ᠤᠨ ᠺᠠᠷᠲ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠵᠣᠭᠤᠰ ᠢᠶᠠᠷ ᠥᠭᠴᠦ᠂ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠲᠤᠰᠠᠯᠠᠮᠵᠢ ᠶᠢ ᠪᠡᠶᠡᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠲᠤᠰᠠᠯᠠᠮᠵᠢ ᠶᠢ ᠪᠡᠶᠡᠯᠡᠭᠦᠯᠵᠡᠶ᠃      2. ᠲᠣᠰ ᠤᠳᠠᠭᠠᠨ ᠤ ᠥᠭᠡᠷᠡᠴᠢᠯᠡᠯᠲᠡ ᠳᠤ ᠳᠠᠭᠠᠳᠬᠠᠯ ᠳᠤ ᠣᠷᠣᠯᠴᠠᠭᠰᠠᠳ ᠤᠨ ᠥᠩᠭᠡᠷᠡᠭᠰᠡᠨ ᠤ ᠬᠠᠷᠠᠭᠠᠯᠵᠠᠯ ᠢ ᠨᠥᠯᠥᠭᠡᠯᠡᠭᠰᠡᠨ ᠦᠭᠡᠢ ᠮᠥᠷᠲᠡᠭᠡᠨ ᠪᠠᠰᠠ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠬᠠᠷᠠᠭᠠᠯᠵᠠᠯ ᠨᠡᠮᠡᠭᠳᠡᠭᠰᠡᠨ ᠪᠠᠶᠢᠨ᠎ᠠ᠃ ᠥᠭᠡᠷ᠎ᠡ ᠪᠠᠷ ᠬᠡᠯᠡᠪᠡᠯ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠡᠩ ᠤᠨ ᠡᠭᠦᠳᠡᠨ ᠡᠮᠨᠡᠯᠭᠡ ᠳᠤ ᠡᠮᠴᠢᠯᠡᠭᠦᠯᠪᠡᠯ᠂ ᠪᠠᠰᠠ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠬᠠᠷᠠᠭᠠᠯᠵᠠᠯ ᠬᠦᠷᠲᠡᠵᠦ ᠪᠣᠯᠤᠨ᠎ᠠ᠃ ᠤᠤᠯ ᠤᠨ ᠡᠭᠦᠳᠡᠨ ᠡᠮᠨᠡᠯᠭᠡ ᠶᠢᠨ ᠵᠠᠷᠤᠳᠠᠯ ᠤᠨ ᠳᠠᠷᠤᠭᠠᠰᠤ ᠨᠡᠯᠢᠶᠡᠳ ᠬᠦᠨᠳᠦ ᠪᠠᠶᠢᠭ᠎ᠠ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠣᠭᠤᠶ ᠡᠪᠡᠳᠴᠢᠨ ᠤ ᠲᠥᠷᠥᠯ ᠵᠦᠢᠯ ᠨᠢ ᠡᠮ ᠡᠮᠨᠡᠯᠭᠡ ᠶᠢᠨ ᠳᠠᠭᠠᠳᠬᠠᠯ ᠤᠨ ᠣᠯᠭᠤᠮᠵᠢ ᠪᠣᠯᠤᠨ ᠡᠮᠨᠡᠭᠦᠯᠬᠦ ᠠᠷᠭ᠎ᠠ ᠮᠠᠶ᠋ᠢᠭ ᠢᠶᠠᠨ ᠬᠤᠪᠢᠷᠠᠭᠤᠯᠬᠤ ᠦᠭᠡᠶ ᠪᠠᠶᠢᠵᠤ᠂ ᠳᠠᠭᠠᠳᠬᠠᠯ ᠳᠤ ᠣᠷᠣᠯᠴᠠᠭᠰᠠᠳ ᠦᠷᠭᠦᠯᠵᠢᠯᠡᠨ ᠬᠦᠷᠲᠡᠵᠦ ᠪᠣᠯᠤᠨ᠎ᠠ᠃ ᠵᠢᠱᠢᠶᠡᠯᠡᠪᠡᠯ᠄ ᠳᠠᠭᠠᠳᠬᠠᠯ ᠳᠤ ᠣᠷᠣᠯᠴᠠᠭᠰᠠᠨ ᠬᠥᠮᠦᠨ ᠸᠠᠩ ᠣᠪᠣᠭᠲᠤ᠂ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ᠂ 51 ᠨᠠᠰᠤᠲᠠᠶ᠂ ᠵᠢᠯ ᠤᠨ ᠣᠷᠣᠯᠭ᠎ᠠ ᠨᠢ 6 ᠲᠦᠮᠡᠨ ᠲᠥᠭᠦᠷᠢᠭ᠂ ᠥᠭᠡᠷᠡᠴᠢᠯᠡᠯᠲᠡ ᠬᠢᠬᠦ ᠠᠴᠠ ᠡᠮᠦᠨᠡᠬᠢ ᠬᠤᠪᠢ ᠬᠥᠮᠦᠨ ᠤ ᠳᠠᠩᠰᠠᠨ ᠡᠷᠦᠬᠡ ᠶᠢ ᠵᠢᠯ ᠪᠦᠷᠢ 1800 ᠲᠥᠭᠦᠷᠢᠭ ᠪᠣᠯᠭᠠᠨ᠎ᠠ᠃ ᠤᠳᠠᠭᠠᠨ ᠴᠢᠨᠠᠷᠲᠠᠶ ᠰᠥᠰᠥᠨ ᠤ ᠤᠭᠤᠲᠠᠨ ᠦᠷᠪᠢᠰᠦᠯ ᠳᠤ ᠨᠡᠷᠪᠡᠭᠳᠡᠵᠦ᠂ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠡᠮᠴᠢᠯᠡᠭᠦᠯᠵᠦ᠂ ᠡᠨᠡ ᠵᠢᠯ ᠡᠭᠦᠰᠦᠭᠰᠡᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠡᠮ ᠡᠮᠨᠡᠯᠭᠡ ᠶᠢᠨ ᠵᠠᠷᠤᠳᠠᠯ ᠨᠢ 4500 ᠲᠥᠭᠦᠷᠢᠭ᠂ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠲᠥᠷᠥ ᠶᠢᠨ ᠪᠣᠳᠣᠯᠭ᠎ᠠ ᠶᠢᠨ ᠶᠣᠰᠣᠭᠠᠷ ᠳᠠᠩᠰᠠ ᠲᠠᠶᠢᠯᠬᠤ ᠡᠭᠦᠳᠡᠨ ᠭᠡᠷ ᠤᠨ ᠡᠭᠦᠳᠡᠨ ᠡᠮᠨᠡᠯᠭᠡ ᠶᠢᠨ ᠵᠠᠷᠤᠳᠠᠯ ᠢ 1000 ᠲᠥᠭᠦᠷᠢᠭ ᠬᠠᠰᠤᠵᠤ᠂ 2100 ᠲᠥᠭᠦᠷᠢᠭ ᠳᠠᠩᠰᠠ ᠲᠠᠶᠢᠯᠵᠤ ᠪᠣᠯᠤᠨ᠎ᠠ᠃ ᠬᠡᠳᠦ᠋ᠢᠪᠡᠷ ᠸᠠᠩ ᠣᠪᠣᠭᠲᠤ ᠶᠢᠨ ᠬᠤᠪᠢ ᠬᠥᠮᠦᠨ ᠤ ᠲᠠᠩᠰᠠᠨ ᠡᠷᠦᠭᠡ ᠶᠢ ᠵᠢᠯ ᠪᠦᠷᠢ 600 ᠲᠥᠭᠦᠷᠢᠭ ᠳᠤᠲᠠᠭᠤ ᠣᠷᠣᠭᠤᠯᠤᠭᠰᠠᠨ ᠪᠣᠯᠪᠠᠴᠤ ᠲᠡᠭᠦᠨ ᠤ ᠬᠠᠷᠠᠭᠠᠯᠵᠠᠯ ᠢ 2100 ᠲᠥᠭᠦᠷᠢᠭ ᠲᠤ ᠬᠦᠷᠭᠡᠨ᠎ᠡ᠃ ᠳᠠᠭᠠᠳᠬᠠᠯ ᠳᠤ ᠣᠷᠣᠯᠴᠠᠭᠰᠠᠨ ᠬᠥᠮᠦᠨ ᠵᠧᠦ ᠣᠪᠣᠭᠲᠤ᠂ ᠠᠵᠢᠯ ᠠᠴᠠ ᠪᠠᠨ ᠠᠮᠠᠷᠠᠭᠰᠠᠳ 68 ᠨᠠᠰᠤᠲᠠᠶ᠂ ᠵᠢᠯ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠣᠷᠣᠯᠭ᠎ᠠ 5 ᠲᠦᠮᠡᠨ ᠲᠥᠭᠦᠷᠢᠭ ᠪᠠᠶᠢᠵᠤ᠂ ᠥᠭᠡᠷᠡᠴᠢᠯᠡᠯᠲᠡ ᠬᠢᠬᠦ ᠠᠴᠠ ᠡᠮᠦᠨᠡᠬᠢ ᠬᠤᠪᠢ ᠬᠥᠮᠦᠨ ᠤ ᠲᠠᠩᠰᠠᠨ ᠡᠷᠦᠬᠡ ᠶᠢ ᠵᠢᠯ ᠪᠦᠷᠢ 1600 ᠲᠥᠭᠦᠷᠢᠭ ᠣᠷᠣᠭᠤᠯᠪᠠ᠃ ᠲᠠᠷᠢᠬᠢᠨ ᠤ ᠲᠦᠭᠵᠢᠷᠡᠯ ᠭᠠᠷᠳᠠᠭ᠂ ᠵᠠᠷᠢᠮ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠡᠮᠨᠡᠭᠦᠯᠵᠦ᠂ ᠡᠨᠡ ᠵᠢᠯ ᠡᠭᠦᠰᠦᠭᠰᠡᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠡᠮ ᠡᠮᠨᠡᠯᠭᠡ ᠶᠢᠨ ᠵᠠᠷᠤᠳᠠᠯ 7100 ᠲᠥᠭᠦᠷᠢᠭ᠂ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠲᠥᠷᠥ ᠶᠢᠨ ᠪᠣᠳᠣᠯᠭ᠎ᠠ ᠶᠢᠨ ᠶᠣᠰᠣᠭᠠᠷ ᠲᠠᠩᠰᠠ ᠲᠠᠶᠢᠯᠬᠤ ᠡᠭᠦᠳᠡᠨ ᠭᠡᠷ ᠤᠨ ᠡᠭᠦᠳᠡᠨ ᠡᠮᠨᠡᠯᠭᠡ ᠶᠢᠨ ᠵᠠᠷᠤᠳᠠᠯ ᠢ 1000 ᠲᠥᠭᠦᠷᠢᠭ ᠠᠷᠢᠯᠭᠠᠵᠤ᠂ 3355 ᠲᠥᠭᠦᠷᠢᠭ ᠲᠠᠩᠰᠠ ᠳᠡᠶᠢᠯᠵᠦ ᠪᠣᠯᠤᠨ᠎ᠠ᠃ ᠬᠡᠳᠦ᠋ᠢᠪᠡᠷ ᠵᠧᠦ ᠣᠪᠣᠭᠲᠤ ᠥᠭᠡᠷᠡᠴᠢᠯᠡᠯᠲᠡ ᠶᠢᠨ ᠳᠠᠷᠠᠭ᠎ᠠ ᠬᠤᠪᠢ ᠬᠥᠮᠦᠨ ᠤ ᠲᠠᠩᠰᠠᠨ ᠡᠷᠦᠬᠡ ᠶᠢ 749 ᠲᠥᠭᠦᠷᠢᠭ ᠳᠤᠲᠠᠭᠤ ᠣᠷᠣᠭᠤᠯᠤᠭᠰᠠᠨ ᠪᠣᠯᠪᠠᠴᠤ ᠲᠡᠭᠦᠨ ᠤ ᠬᠠᠷᠠᠭᠠᠯᠵᠠᠯ ᠢ 3355 ᠲᠥᠭᠦᠷᠢᠭ ᠲᠤ ᠬᠦᠷᠭᠡᠪᠡ᠃︵ᠬᠤᠶᠠᠷ︶ ᠤᠳᠠᠭ᠎ᠠ ᠪᠦᠷᠢ ᠡᠭᠦᠳᠡᠨ ᠡᠮᠨᠡᠯᠭᠡ ᠳᠤ ᠣᠴᠢᠬᠤ ᠳᠤ ᠴᠥᠮ ᠡᠬᠢᠯᠡᠵᠦ ᠲᠥᠯᠥᠬᠦ ᠱᠤᠭᠤᠮ ᠠᠴᠠ ᠳᠠᠪᠠᠪᠠᠯ ᠰᠠᠶ᠋ᠢ ᠳᠠᠩᠰᠠ ᠲᠠᠶᠢᠯᠵᠤ ᠳᠡᠶᠢᠯᠦᠨ᠎ᠡ ᠦᠦ︖      ᠡᠭᠦᠳᠡᠨ ᠡᠮᠨᠡᠯᠭᠡ ᠪᠠᠷ ᠡᠪᠡᠳᠴᠢᠨ ᠦᠵᠡᠭᠦᠯᠬᠦ ᠪᠣᠯᠭᠠᠨ ᠡᠬᠢᠯᠡᠵᠦ ᠲᠥᠯᠥᠬᠦ ᠱᠤᠭᠤᠮ ᠠᠴᠠ ᠳᠠᠪᠠᠪᠠᠯ ᠰᠠᠶ᠋ᠢ ᠳᠠᠩᠰᠠ ᠲᠠᠶᠢᠯᠵᠤ ᠳᠡᠶᠢᠯᠬᠦ ᠪᠢᠰᠢ᠃ ᠬᠡᠷᠪᠡ ᠨᠢᠭᠡ ᠤᠳᠠᠭ᠎ᠠ ᠳᠤ ᠡᠬᠢᠯᠡᠵᠦ ᠲᠥᠯᠥᠬᠦ ᠱᠤᠭᠤᠮ ᠠᠴᠠ ᠳᠠᠪᠠᠪᠠᠯ᠂ ᠳᠠᠷᠤᠢ ᠳᠤᠨᠢ ᠳᠠᠩᠰᠠ ᠲᠠᠶᠢᠯᠬᠤ ᠶᠢ ᠬᠦᠷᠲᠡᠨ᠎ᠡ᠃ ᠨᠢᠭᠡ ᠵᠢᠯ ᠤᠨ ᠳᠣᠲᠣᠷ᠎ᠠ᠂ ᠠᠩᠬ᠎ᠠ ᠤᠳᠠᠭ᠎ᠠ ᠡᠪᠡᠳᠴᠢᠨ ᠦᠵᠡᠭᠦᠯᠬᠦ ᠳᠤ ᠡᠬᠢᠯᠡᠵᠦ ᠲᠥᠯᠥᠬᠦ ᠱᠤᠭᠤᠮ ᠳᠤ ᠬᠦᠷᠴᠦ ᠴᠢᠳᠠᠭᠰᠠᠨ ᠦᠭᠡᠶ ᠪᠣᠯ᠂ ᠳᠠᠩᠰᠠ ᠲᠠᠶᠢᠯᠵᠤ ᠪᠣᠯᠬᠤ ᠦᠭᠡᠶ᠂ ᠳᠠᠷᠠᠭ᠎ᠠ ᠤᠳᠠᠭ᠎ᠠ ᠪᠤᠶᠤ ᠣᠯᠠᠨ ᠤᠳᠠᠭ᠎ᠠ ᠡᠪᠡᠳᠴᠢᠨ ᠦᠵᠡᠭᠦᠯᠵᠦ᠂ ᠡᠮᠨᠡᠯᠭᠡ ᠶᠢᠨ ᠵᠠᠷᠤᠳᠠᠯ ᠨᠢ ᠡᠬᠢᠯᠡᠵᠦ ᠥᠭᠬᠦ ᠬᠢᠵᠠᠭᠠᠷ ᠠᠴᠠ ᠳᠡᠭᠡᠭᠰᠢ ᠳᠤ ᠬᠦᠷᠪᠡᠯ᠂ ᠳᠠᠷᠤᠶ ᠳᠠᠩᠰᠠ ᠲᠠᠶᠢᠯᠬᠤ ᠪᠣᠯᠤᠨ᠎ᠠ᠃ ᠵᠢᠱᠢᠶᠡᠯᠡᠪᠡᠯ᠄ ᠠᠵᠢᠯ ᠠᠴᠠ ᠪᠠᠨ ᠠᠮᠠᠷᠠᠭᠰᠠᠳ ᠯᠢ ᠣᠪᠣᠭᠲᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠲᠣᠭᠲᠠᠭᠰᠠᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠠᠩᠬ᠎ᠠ ᠤᠳᠠᠭ᠎ᠠ  ᠡᠮᠨᠡᠭᠦᠯᠬᠦ ᠳᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠡᠮ ᠡᠮᠨᠡᠯᠭᠡ ᠶᠢᠨ ᠵᠠᠷᠤᠳᠠᠯ 600 ᠲᠥᠭᠦᠷᠢᠭ ᠪᠠᠶᠢᠵᠤ᠂ ᠡᠬᠢᠯᠡᠵᠦ ᠥᠭᠬᠦ ᠪᠠᠷᠢᠮᠵᠢᠶ᠎ᠠ ᠠᠴᠠ ᠳᠠᠪᠠᠭᠰᠠᠨ ᠥᠬᠡᠶ ᠪᠣᠯ ᠪᠦᠬᠦᠨ ᠢ ᠬᠤᠪᠢ ᠬᠥᠮᠦᠨ ᠥᠪᠡᠷ ᠢᠶᠠᠨ ᠲᠥᠯᠥᠨ᠎ᠡ︔ ᠬᠤᠶᠠᠳᠤᠭᠠᠷ ᠤᠳᠠᠭ᠎ᠠ ᠳᠤ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠡᠮᠨᠡᠭᠦᠯᠬᠦ ᠳᠤ ᠲᠣᠭᠲᠠᠭᠠᠯ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ 800 ᠲᠥᠭᠦᠷᠢᠭ ᠪᠣᠯᠤᠨ᠎ᠠ︔ ᠡᠨᠡ ᠦᠶ᠎ᠡ ᠳᠤ ᠯᠢ ᠣᠪᠣᠭᠲᠤ ᠶᠢᠨ ᠣᠨ ᠤ ᠡᠮᠨᠡᠭᠦᠯᠬᠦ ᠵᠠᠷᠤᠳᠠᠯ 1400 ᠲᠥᠭᠦᠷᠢᠭ᠂ ᠡᠬᠢᠯᠡᠵᠦ ᠥᠭᠬᠦ ᠱᠤᠭᠤᠮ ᠠᠴᠠ 400 ᠲᠥᠭᠦᠷᠢᠭ ᠬᠡᠲᠦᠷᠡᠭᠰᠡᠨ ᠪᠠᠶᠢᠪᠠᠯ᠂ 65% ᠶᠢᠨ ᠪᠠᠷᠢᠮᠵᠢᠶ᠎ᠠ ᠪᠠᠷ 260 ᠲᠥᠭᠦᠷᠢᠭ ᠲᠠᠩᠰᠠ ᠳᠡᠶᠢᠯᠦᠨ᠎ᠡ︔ ᠲᠤᠬᠠᠶ ᠶᠢᠨ ᠵᠢᠯ ᠤᠨ ᠳᠣᠲᠣᠷ᠎ᠠ᠂ ᠯᠢ ᠣᠪᠣᠭᠲᠤ ᠶᠠᠮᠠᠷᠪᠠ ᠡᠭᠦᠳᠡᠨ ᠡᠮᠨᠡᠯᠭᠡ ᠳᠤ ᠬᠦᠷᠴᠦ ᠨᠢᠭᠡᠳᠦᠯᠲᠡᠶ ᠲᠥᠯᠥᠪᠯᠡᠨ ᠲᠣᠭᠲᠠᠭᠰᠠᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠡᠮᠨᠡᠭᠦᠯᠵᠦ᠂ ᠡᠭᠦᠰᠦᠭᠰᠡᠨ ᠲᠣᠭᠲᠠᠭᠠᠯ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠢ ᠴᠥᠮ ᠰᠢᠭᠤᠳ ᠬᠤᠯᠪᠣᠭᠳᠠᠯ ᠪᠦᠬᠦᠢ ᠬᠠᠷᠢᠴᠠᠯ ᠢᠶᠠᠷ ᠲᠠᠩᠰᠠ ᠳᠡᠶᠢᠯᠵᠦ ᠪᠣᠯᠤᠨ᠎ᠠ᠃︵ᠭᠤᠷᠪᠠ︶ ᠳᠠᠭᠠᠳᠬᠠᠯ ᠳᠤ ᠣᠷᠣᠯᠴᠠᠭᠰᠠᠨ ᠠᠵᠢᠯᠲᠠᠨ ᠡᠮ ᠤᠨ ᠳᠡᠯᠭᠡᠭᠦᠷ ᠲᠤ ᠡᠮ ᠬᠤᠳᠠᠯᠳᠤᠨ ᠠᠪᠤᠭᠠᠳ ᠲᠠᠩᠰᠠᠨ ᠠᠴᠠ ᠲᠠᠶᠢᠯᠬᠤ ᠤᠤ︖      ᠥᠭᠡᠷᠡᠴᠢᠯᠡᠯᠲᠡ ᠠᠴᠠ ᠡᠮᠦᠨ᠎ᠡ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠮᠠᠨ ᠤ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠬᠤ ᠳᠤ ᠵᠥᠪᠬᠡᠨ ᠬᠤᠪᠢ ᠬᠥᠮᠦᠨ ᠤ ᠲᠠᠩᠰᠠᠨ ᠡᠷᠦᠬᠡ ᠶᠢ ᠬᠡᠷᠡᠭᠯᠡᠵᠦ ᠪᠣᠯᠤᠨ᠎ᠠ᠃ ᠥᠭᠡᠷᠡᠴᠢᠯᠡᠯᠲᠡ ᠬᠢᠭᠰᠡᠨ ᠤ ᠳᠠᠷᠠᠭ᠎ᠠ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠲᠣᠭᠲᠠᠭᠰᠠᠨ ᠴᠡᠭ ᠤᠨ ᠪᠠᠶᠢᠭᠤᠯᠤᠮᠵᠢ ᠶᠢᠨ ᠭᠠᠳᠠᠨ᠎ᠠ ᠲᠣᠬᠢᠷᠠᠭᠤᠯᠤᠭᠰᠠᠨ ᠵᠣᠷ ᠢᠶᠠᠷ ᠢᠶᠠᠨ ᠨᠥᠬᠦᠴᠡᠯ ᠳᠤ ᠨᠡᠶᠢᠴᠡᠬᠦ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ ᠴᠢᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ ᠬᠤᠳᠠᠯᠳᠤᠨ ᠠᠪᠤᠭᠰᠠᠨ ᠴᠤ ᠲᠠᠩᠰᠠ ᠲᠠᠶᠢᠯᠬᠤ ᠣᠯᠭᠤᠮᠵᠢ ᠶᠢ ᠭᠥᠷᠳᠡᠵᠦ ᠪᠣᠯᠤᠨ᠎ᠠ᠂ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠬᠠᠷᠠᠭᠠᠯᠵᠠᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃︵ᠲᠦᠷᠪᠡ︶ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠲᠥᠷᠥ ᠶᠢᠨ ᠪᠣᠳᠣᠯᠭ᠎ᠠ ᠨᠢ ᠣᠲᠣ ᠶᠢᠨ ᠪᠠᠶᠢᠭ᠎ᠠ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠲᠡᠨ ᠳᠤ ᠶᠠᠮᠠᠷ ᠶᠠᠮᠠᠷ ᠨᠥᠯᠥᠭᠡ ᠲᠠᠢ ᠪᠣᠶ︖    ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠣᠭᠤᠶ ᠡᠪᠡᠳᠴᠢᠨ ᠤ ᠣᠯᠭᠤᠮᠵᠢ ᠪᠠᠨ ᠲᠣᠬᠢᠷᠠᠭᠤᠯᠬᠤ ᠦᠭᠡᠶ ᠪᠠᠶᠢᠬᠤ ᠰᠠᠭᠤᠷᠢᠨ ᠳᠡᠭᠡᠷ᠎ᠡ᠂ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠶᠢ ᠬᠠᠮᠲᠤ ᠳᠤᠨᠢ ᠬᠦᠷᠲᠡᠵᠦ ᠪᠣᠯᠤᠨ᠎ᠠ᠃ ᠵᠢᠱᠢᠶᠠᠯᠠᠪᠠᠯ᠄ ᠠᠵᠢᠯᠲᠠᠨ ᠵᠣᠣ ᠣᠪᠣᠭᠲᠤ᠂ ᠤᠳᠠᠭᠠᠨ ᠴᠢᠨᠠᠷᠲᠠᠶ ᠪᠥᠭᠡᠷ᠎ᠡ ᠶᠢᠨ ᠴᠢᠳᠠᠮᠵᠢ ᠮᠠᠭᠤᠳᠠᠭᠰᠠᠨ ᠵᠢᠴᠢ ᠴᠢᠰᠤᠨ ᠳᠠᠷᠤᠯᠲᠠ ᠥᠨᠳᠥᠷ ᠡᠪᠡᠳᠴᠢᠨ ᠲᠠᠢ᠂ ᠤᠳᠠᠭᠠᠨ ᠴᠢᠨᠠᠷᠲᠠᠶ ᠪᠥᠭᠡᠷ᠎ᠡ ᠶᠢᠨ ᠴᠢᠳᠠᠮᠵᠢ ᠮᠠᠭᠤᠳᠠᠭᠰᠠᠨ ᠪᠣᠯ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠢᠶᠠᠷ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠰᠠᠷ᠎ᠠ ᠪᠦᠷᠢ ᠡᠮᠨᠡᠯᠭᠡ ᠶᠢᠨ ᠬᠤᠷᠢᠶᠠᠨ ᠳᠤ ᠬᠦᠷᠴᠦ ᠪᠠᠶᠢᠴᠠᠭᠠᠯᠲᠠ ᠬᠢᠬᠦ ᠵᠢᠴᠢ ᠡᠮ ᠭᠠᠷᠭᠠᠨ ᠠᠪᠤᠭᠰᠠᠨ ᠤ ᠳᠠᠷᠠᠭ᠎ᠠ᠂ ᠰᠢᠭᠤᠳ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠢᠶᠠᠷ ᠳᠠᠩᠰᠠ ᠴᠠᠶᠢᠷᠠᠭᠤᠯᠵᠤ ᠪᠣᠯᠤᠨ᠎ᠠ︔ ᠡᠭᠦᠨ ᠠᠴᠠ ᠡᠮᠦᠨ᠎ᠡ ᠴᠢᠰᠤᠨ ᠳᠠᠷᠤᠯᠲᠠ ᠥᠨᠳᠥᠷ ᠡᠮ ᠤᠨ ᠵᠦᠢᠯ ᠢ ᠵᠥᠪᠬᠡᠨ ᠡᠮ ᠤᠨ ᠳᠡᠯᠭᠡᠭᠦᠷ ᠠᠴᠠ ᠥᠪᠡᠷᠲᠡᠭᠡᠨ ᠵᠠᠷᠤᠳᠠᠯ ᠬᠤᠷᠢᠶᠠᠵᠤ ᠡᠮ ᠠᠪᠴᠤ ᠪᠠᠶᠢᠪᠠ᠂ ᠡᠩ ᠤᠨ ᠡᠭᠦᠳᠡᠨ ᠡᠮᠨᠡᠯᠭᠡ ᠶᠢ ᠨᠢᠭᠡᠳᠦᠯᠲᠡᠶ ᠲᠥᠯᠥᠪᠯᠡᠭᠰᠡᠨ ᠤ ᠳᠠᠷᠠᠭ᠎ᠠ᠂ ᠨᠢᠭᠡ ᠵᠢᠯ ᠳᠤ 1500 ᠲᠥᠭᠦᠷᠢᠭ ᠠᠷᠪᠢᠯᠠᠬᠤ ᠪᠣᠯᠤᠨ᠎ᠠ᠃ ᠣᠶᠢᠷ᠎ᠠ ᠶᠢᠨ ᠬᠤᠭᠤᠴᠠᠭᠠᠨ ᠤ᠂ ᠮᠠᠨ ᠤ ᠬᠤᠲᠠ ᠨᠥᠬᠦᠴᠡᠯ ᠳᠤ ᠨᠡᠶᠢᠴᠡᠬᠦ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠬᠡᠷᠡᠭᠯᠡᠬᠦ ᠪᠠᠲᠤᠯᠠᠭ᠎ᠠ ᠶᠢᠨ ᠦᠢᠯᠡᠴᠢᠯᠡᠭᠡ ᠶᠢ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠶᠢᠨ ᠵᠣᠷᠢᠯᠭ᠎ᠠ ᠨᠢ ᠳᠠᠷᠤᠶ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠨᠠᠩ ᠲᠥᠬᠦᠮ ᠪᠣᠯᠭᠠᠵᠤ᠂ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ ᠶᠤᠮ᠃︵ᠲᠠᠪᠤ︶ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢ ᠬᠡᠷᠬᠢᠨ ᠲᠠᠶᠢᠯᠬᠤ ᠪᠣᠶ︖      ᠨᠢᠭᠡ ᠳᠤ ᠲᠣᠭᠲᠠᠭᠰᠠᠨ ᠭᠠᠵᠠᠷ ᠲᠤ ᠡᠮᠨᠡᠭᠦᠯᠬᠦ ᠬᠡᠷᠡᠭᠲᠡᠶ᠃ ᠣᠳᠣᠬᠠᠨ ᠳᠤ ᠳᠠᠭᠠᠳᠬᠠᠯ ᠳᠤ ᠣᠷᠣᠯᠴᠠᠭᠰᠠᠳ ᠤᠨ ᠮᠠᠨ ᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠡᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠨᠢᠭᠡᠳᠦᠭᠡᠷ ᠳᠡᠰ ᠤᠨ ᠡᠮᠴᠢᠯᠡᠭᠡᠨ ᠤ ᠪᠠᠶᠢᠭᠤᠯᠤᠮᠵᠢ᠂ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ᠂ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠵᠢᠴᠢ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠬᠤᠳᠠᠯᠳᠤᠨ ᠠᠪᠬᠤ ᠡᠮᠴᠢᠯᠡᠭᠡᠨ ᠤ ᠵᠠᠷᠤᠳᠠᠯ ᠢ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠤᠨ᠎ᠠ᠃ ᠮᠠᠨ ᠤ ᠬᠤᠲᠠ ᠨᠥᠬᠦᠴᠡᠯ ᠳᠤ ᠨᠡᠶᠢᠴᠡᠬᠦ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠠᠩᠭᠠᠭᠰᠠᠨ ᠡᠮ ᠬᠡᠷᠡᠭᠯᠡᠬᠦ ᠪᠠᠲᠤᠯᠠᠭ᠎ᠠ ᠶᠢᠨ ᠦᠢᠯᠡᠴᠢᠯᠡᠭᠡ ᠶᠢ ᠠᠯᠬᠤᠮ ᠠᠯᠬᠤᠮ ᠢᠶᠠᠷ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠨᠥᠬᠦᠴᠡᠯ ᠳᠤ ᠨᠡᠶᠢᠴᠡᠬᠦ ︽ᠢᠨᠲ᠋ᠧᠷ ᠰᠦᠯᠵᠢᠶ᠎ᠡ︾ ᠶᠢᠨ ᠡᠮᠴᠢᠯᠡᠭᠡᠨ ᠤ ᠦᠢᠯᠡᠴᠢᠯᠡᠭᠡ ᠶᠢ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠶᠢ ᠬᠠᠶᠢᠨ ᠰᠦᠪᠡᠭᠴᠢᠯᠡᠪᠡ᠃      ᠬᠤᠶᠠᠷ ᠲᠤ᠂ ᠡᠭᠦᠳᠡᠨ ᠡᠮᠨᠡᠯᠭᠡ ᠶᠢᠨ ᠵᠠᠷᠤᠳᠠᠯ ᠤᠨ ᠬᠡᠪᠴᠢᠶ᠎ᠡ ᠶᠢ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠦᠬᠠᠶ ᠬᠤᠲᠠ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠲᠣᠭᠠᠴᠠᠭ᠎ᠠ ᠬᠢᠬᠦ ᠬᠡᠪᠴᠢᠶᠡᠨ ᠳᠤ ᠨᠡᠶᠢᠴᠡᠭᠦᠯᠦᠨ᠎ᠡ᠃ ᠬᠡᠪᠴᠢᠶᠡᠨ ᠠᠴᠠ ᠭᠠᠳᠠᠨᠠᠬᠢ ᠶᠢ ᠳᠠᠩᠰᠠ ᠲᠠᠶᠢᠯᠬᠤ ᠦᠭᠡᠢ᠃      ᠭᠤᠷᠪᠠ ᠳᠤ᠂ ᠳᠠᠭᠠᠳᠬᠠᠯ ᠳᠤ ᠣᠷᠣᠯᠴᠠᠭᠴᠢ ᠲᠣᠰ ᠬᠥᠮᠦᠨ ᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠢᠶᠠᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠴᠤ᠂ ᠡᠭᠦᠰᠦᠭᠰᠡᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠢ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠭᠤᠯᠤᠨ ᠰᠢᠭᠤᠳ ᠳ᠋ᠦᠩᠨᠡᠨ ᠪᠤᠳᠤᠬᠤ ᠬᠡᠷᠡᠭᠲᠡᠶ᠃      ᠳᠥᠷᠪᠡ ᠳᠤ ᠳᠠᠭᠠᠳᠬᠠᠯ ᠳᠤ ᠣᠷᠣᠯᠴᠠᠭᠴᠢ ᠣᠨᠳᠣᠤ ᠭᠠᠵᠠᠷ ᠲᠤ ᠡᠮᠴᠢᠯᠡᠭᠦᠯᠦᠭᠰᠡᠨ ᠪᠠᠶᠢᠪᠠᠯ᠂ ᠣᠳᠣᠬᠠᠨ ᠳᠤ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠨᠢᠭᠡᠨᠲᠡ ᠪᠥᠬᠦ ᠤᠯᠤᠰ ᠤᠨ ᠬᠡᠪᠴᠢᠶᠡᠨ ᠳᠤ ᠨᠡᠶᠢᠳᠡᠮ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠣᠨᠳᠣᠤ ᠭᠠᠵᠠᠷ ᠲᠤ ᠡᠮᠴᠢᠯᠡᠭᠦᠯᠬᠦ ᠳᠤ ᠲᠣᠰ ᠬᠥᠮᠦᠨ ᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠢᠶᠠᠨ ᠣᠨᠳᠣᠤ ᠭᠠᠵᠠᠷ ᠲᠤ ᠲᠣᠭᠲᠠᠭᠰᠠᠨ ᠡᠮᠴᠢᠯᠡᠭᠡᠨ ᠤ ᠴᠣᠩᠬᠤ ᠪᠠᠷ ᠳᠠᠮᠵᠢᠭᠤᠯᠤᠨ ᠪᠠᠰᠠ ᠰᠢᠭᠤᠳ ᠳ᠋ᠦᠩᠨᠡᠨ ᠪᠤᠳᠤᠬᠤ ᠶᠢ ᠪᠡᠶᠡᠯᠡᠭᠦᠯᠵᠦ᠂ ᠮᠠᠨ ᠤ ᠬᠤᠲᠠ ᠶᠢᠨ ᠠᠳᠠᠯᠢ ᠲᠠᠰ ᠤᠨ ᠡᠮᠴᠢᠯᠡᠭᠡᠨ ᠤ ᠪᠠᠶᠢᠭᠤᠯᠤᠮᠵᠢ ᠲᠠᠢ ᠠᠳᠠᠯᠢ ᠲᠠᠰ ᠤᠨ ᠡᠮᠴᠢᠯᠡᠭᠡᠨ ᠤ ᠪᠠᠶᠢᠭᠤᠯᠤᠮᠵᠢ ᠶᠢᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠭᠥᠷᠳᠡᠨ᠎ᠡ᠃【 ᠵᠡᠭᠦᠯᠲᠡ᠂ ᠲᠠᠶᠢᠯᠪᠤᠷᠢ 】 ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠬᠤᠯᠪᠤᠭᠳᠠᠯ ᠪᠦᠬᠦᠢ ᠤᠬᠠᠭᠳᠠᠬᠤᠨ      ︵ᠨᠢᠭᠡ︶ ᠶᠠᠭᠤ ᠶᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠭᠡᠬᠦ ᠪᠣᠶ︖      ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠭᠡᠳᠡᠭ ᠨᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠪᠦᠬᠦ ᠬᠥᠮᠦᠨ ᠬᠡᠷᠡᠭᠯᠡᠬᠦ ᠨᠢᠭᠡᠴᠡ ᠪᠣᠯᠤᠨ ᠠᠵᠢᠯᠲᠠᠨ ᠠᠵᠢᠯᠴᠢᠨ ᠤ ᠲᠤᠰᠢᠶᠠᠬᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠤᠨ ᠳᠣᠲᠣᠷ᠎ᠠ ᠠᠴᠠ ᠬᠤᠪᠢ ᠬᠥᠮᠦᠨ ᠤ ᠳᠠᠩᠰᠠᠨ ᠳᠤ ᠲᠡᠮᠳᠡᠭᠯᠡᠭᠰᠡᠨ ᠤ ᠳᠠᠷᠠᠭᠠᠬᠢ ᠪᠤᠰᠤᠳ ᠬᠡᠰᠡᠭ ᠢ ᠵᠢᠭᠠᠵᠤ ᠪᠤᠶ᠃ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠨᠢ ᠳᠠᠭᠠᠳᠬᠠᠯ ᠳᠤ ᠣᠷᠣᠯᠴᠠᠭᠰᠠᠨ ᠪᠦᠬᠦ ᠬᠥᠮᠦᠰ ᠲᠤ ᠬᠠᠷᠢᠶᠠᠯᠠᠭᠳᠠᠵᠤ᠂ ᠡᠳ᠋ ᠤᠨ ᠵᠠᠰᠠᠭ ᠤᠨ ᠲᠤᠰᠬᠠᠶ ᠡᠷᠦᠬᠡ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠭᠤᠣᠯᠳᠠᠭᠤ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠳ ᠤᠨ ᠡᠩ ᠤᠨ ᠡᠭᠦᠳᠡᠨ ᠡᠮᠨᠡᠯᠭᠡ᠂ ᠡᠭᠦᠳᠡᠨ ᠡᠮᠨᠡᠯᠭᠡ ᠶᠢᠨ ᠤᠳᠠᠭᠠᠨ  ᠴᠢᠨᠠᠷᠲᠠᠶ  ᠣᠨᠴᠠ  ᠡᠪᠡᠳᠴᠢᠨ  ᠂ ᠡᠮᠨᠡᠯᠭᠡ ᠳᠤ ᠰᠠᠭᠤᠭᠰᠠᠨ ᠳᠤ ᠡᠭᠦᠰᠦᠭᠰᠡᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠲᠣᠭᠲᠠᠭᠠᠯ ᠳᠤ ᠨᠡᠶᠢᠴᠡᠬᠦ ᠡᠮᠴᠢᠯᠡᠭᠡ ᠶᠢᠨ ᠵᠠᠷᠤᠳᠠᠯ ᠢ ᠥᠭᠬᠦ ᠳᠤ ᠬᠡᠷᠡᠭᠯᠡᠨ᠎ᠡ᠃ ︵ᠬᠤᠶᠠᠷ︶ ᠶᠠᠭᠤ ᠨᠢ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠵᠢᠭᠦᠯᠭᠡ ᠭᠡᠳᠡᠭ ᠪᠤᠶ︖      ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠭᠡᠳᠡᠭ ᠨᠢ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠰ ᠤᠨ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠭᠦᠳᠡᠨ ᠡᠮᠨᠡᠯᠭᠡ ᠳᠤ ᠡᠭᠦᠰᠦᠭᠰᠡᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠠᠯ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠢ ᠪᠣᠯ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠪᠣᠯᠤᠨ ᠳᠠᠭᠠᠳᠬᠠᠯ ᠳᠤ ᠣᠷᠣᠯᠴᠠᠭᠴᠢ ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠬᠦ‍ ᠨᠢᠭᠡ ᠵᠦᠢᠯ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠣᠯᠭᠤᠮᠵᠢ  ᠶᠢ  ᠵᠢᠭᠠᠵᠤ  ᠪᠤᠶ  ᠃ ︵ᠭᠤᠷᠪᠠ︶ ᠶᠠᠭᠤ ᠶᠢ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠭᠡᠬᠦ ᠪᠣᠶ︖      ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠪᠣᠯ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠰ ᠲᠤ ᠪᠠᠶᠢᠭᠤᠯᠤᠭᠰᠠᠨ ᠶᠤᠮ᠂ ᠬᠤᠪᠢ ᠬᠥᠮᠦᠨ ᠤ ᠬᠤᠪᠢᠶᠠᠷᠢᠯᠠᠨ ᠣᠷᠣᠭᠤᠯᠤᠭᠰᠠᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠪᠠ ᠬᠤᠪᠢ ᠬᠥᠮᠦᠨ ᠤ ᠡᠮ ᠡᠮᠨᠡᠯᠭᠡ ᠶᠢᠨ ᠵᠠᠷᠤᠳᠠᠯ ᠢ ᠲᠡᠮᠳᠡᠭᠯᠡᠬᠦ ᠳᠤ ᠬᠡᠷᠡᠭᠯᠡᠨ᠎ᠡ᠂ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠪᠣᠯ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠪᠦᠷᠢᠯᠳᠦᠬᠦᠨ ᠬᠡᠰᠡᠭ ᠮᠥᠨ᠂ ᠵᠥᠪᠬᠡᠨ ᠳᠠᠭᠠᠳᠬᠠᠯ ᠳᠤ ᠣᠷᠣᠯᠴᠠᠭᠰᠠᠳ ᠵᠢᠴᠢ ᠰᠢᠭᠤᠳ ᠲᠥᠷᠥᠯ ᠰᠠᠳᠤᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠠᠯ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠢ ᠣᠯᠭᠤᠬᠤ ᠳᠤ ᠯᠠ ᠬᠡᠷᠡᠭᠯᠡᠵᠦ ᠪᠣᠯᠤᠨ᠎ᠠ᠃    
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号