ᠦᠰᠦᠭ ᠪᠢᠴᠢᠭ ᠤᠨ ᠲᠠᠶᠢᠯᠤᠮᠵᠢ᠄ ᠪᠣᠬᠢᠷᠲᠤᠯ ᠥᠬᠡᠶ ᠣᠷᠴᠢᠯ ᠠᠵᠤ ᠦᠢᠯᠡᠰ ᠢ ᠬᠥᠭᠵᠢᠭᠦᠯᠵᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠠᠵᠤ  ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠤᠨ᠎ᠠ
ᠨᠡᠶᠢᠲᠡᠯᠡᠭᠰᠡᠨ ᠴᠠᠭ᠄
2023/11/30
     ᠤᠳᠠ ᠶᠢᠨ ᠠᠵᠤ ᠦᠢᠯᠡᠰ ᠤᠨ ᠬᠦᠷᠢᠶᠡᠯᠡᠩ ᠨᠢ ︽ᠴᠢᠨᠠᠷ ᠰᠠᠶᠢᠲᠠᠶ ᠬᠥᠭᠵᠢᠯᠲᠡ ᠶᠢᠨ ᠳᠠᠭᠠᠭᠠᠴᠠ ᠭᠠᠵᠠᠷ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠣᠷᠣᠨ ᠵᠠᠶ︾ ᠶᠢ ᠪᠠᠶᠢᠭᠤᠯᠬᠤ ᠪᠠᠷ ᠪᠠᠶᠢᠷᠢ ᠲᠣᠭᠲᠠᠭᠠᠯᠲᠠ ᠪᠣᠯᠭᠠᠬᠤ ᠶᠢ ᠪᠠᠷᠢᠮᠲᠠᠯᠠᠵᠤ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ᠂ ᠨᠡᠭᠦᠷᠡᠰᠦ ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠲᠤ ᠲᠦᠰᠢᠭᠯᠡᠨ ᠰᠠᠭᠤᠷᠢ ᠪᠣᠯᠭᠠᠵᠤ᠂ ᠬᠡᠯᠬᠢᠶ᠎ᠡ ᠶᠢ ᠴᠢᠩᠭᠠᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠰᠢᠯᠤᠭᠤᠳᠬᠠᠬᠤ  ᠳᠤ  ᠠᠩᠬᠠᠷᠤᠯ  ᠢᠶᠠᠨ  ᠲᠥᠪᠯᠡᠷᠡᠭᠦᠯᠵᠦ  ᠂ ᠵᠠᠳᠠᠷᠠᠭᠤᠯᠵᠤ ᠪᠣᠯᠬᠤ ᠮᠠᠲ᠋ᠧᠷᠢᠶᠠᠯ᠂ ᠴᠠᠬᠢᠭᠤᠷ ᠤᠨ ᠰᠠᠭᠤᠷᠢ ᠰᠢᠨ᠎ᠡ ᠮᠠᠲ᠋ᠧᠷᠢᠶᠠᠯ᠂ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠪᠠ ᠬᠡᠷᠡᠯ ᠴᠡᠨᠡᠭ ᠤᠨ ᠰᠢᠨ᠎ᠡ ᠡᠨᠧᠷᠭᠢ ᠵᠡᠷᠭᠡ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠨᠢᠭᠡ ᠪᠦᠯᠦᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠵᠤ᠂ ᠪᠥᠬᠦ ᠪᠥᠮᠪᠥᠷᠴᠡᠭ ᠤᠨ ᠨᠥᠯᠥᠭᠡᠯᠡᠬᠦ ᠬᠦᠴᠦᠨ ᠲᠠᠢ ᠵᠠᠳᠠᠷᠠᠵᠤ ᠪᠣᠯᠬᠤ ᠰᠦᠯᠢᠶᠣᠣ ᠪᠠ ᠣᠷᠭᠠᠨᠢᠭ ᠴᠠᠬᠢᠭᠤᠷ ᠤᠨ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠳᠠᠭᠠᠭᠤᠯᠤᠭᠴᠢ᠂ ᠳᠡᠯᠡᠬᠡᠶ ᠶᠢᠨ ᠲᠡᠷᠢᠭᠦᠨ ᠤ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠬᠥᠭᠵᠢᠯᠲᠡ ᠶᠢᠨ ᠥᠨᠳᠦᠷᠯᠢᠭ ᠭᠠᠵᠠᠷ ᠢ ᠪᠥᠲᠥᠭᠡᠨ ᠪᠠᠶᠢᠭᠤᠯᠤᠨ᠎ᠠ᠃ ᠣᠲᠣ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 13᠂ ᠤᠯᠤᠰ ᠤᠨ ᠲᠠᠰ ᠤᠨ ᠲᠤᠰᠬᠠᠶ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠦᠨ︾ ᠠᠵᠤ ᠠᠬᠤᠶᠢᠯᠠᠯ 2᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 5᠂ ᠮᠤᠵᠢ ᠶᠢᠨ ᠲᠠᠰ ᠤᠨ ᠰᠤᠳᠤᠯᠤᠨ ᠨᠡᠭᠡᠭᠡᠬᠦ ᠪᠠᠶᠢᠭᠤᠯᠤᠮᠵᠢ 18 ᠪᠣᠶ᠃      ᠭᠤᠤᠯᠳᠠᠯᠭ᠎ᠠ ᠲᠠᠢ ᠲᠥᠷᠥᠯ ᠵᠦᠢᠯ ᠢ ᠪᠤᠶᠢᠵᠢᠭᠤᠯᠬᠤ ᠶᠢ ᠲᠦᠷᠭᠡᠳᠬᠡᠵᠦ  ᠂  ᠲᠥᠷᠥᠯ  ᠵᠦᠢᠯ  ᠳᠤ  ︽ᠨᠣᠭᠤᠭᠠᠷᠠᠭᠤᠯᠬᠤ︾ ᠠᠭᠤᠯᠤᠭᠳᠠᠴᠠ ᠶᠢ ᠳᠡᠭᠡᠭᠰᠢᠯᠡᠭᠦᠯᠦᠨ᠎ᠡ᠃ ᠵᠢᠶᠦ᠋ᠨ ᠵᠧᠩ ᠤᠨ ᠵᠢᠯ ᠳᠤ 60 ᠲᠦᠮᠡᠨ ᠲᠣᠨ BDO ᠲᠥᠷᠥᠯ ᠵᠦᠢᠯ᠂ ᠵᠢᠶᠦ᠋ᠨ ᠵᠧᠩ ᠤᠨ ᠵᠢᠯ ᠳᠤ 100 ᠲᠦᠮᠡᠨ ᠲᠣᠨ ᠵᠠᠳᠠᠷᠠᠵᠤ ᠪᠣᠯᠬᠤ ᠪᠥᠭᠡᠭᠡᠨᠡᠷᠡᠯ ᠡᠰᠲ᠋ᠧᠷ ᠤᠨ ᠲᠥᠷᠥᠯ ᠵᠦᠢᠯ᠂ ᠵᠡᠭᠦᠨ ᠦᠵᠡᠮᠵᠢ ᠶᠢᠨ ᠨᠢᠭᠡᠳᠦᠭᠡᠷ ᠬᠤᠭᠤᠴᠠᠭᠠᠨ ᠤ ᠵᠢᠯ ᠳᠤ 10 ᠲᠦᠮᠡᠨ ᠲᠣᠨ BDO ᠲᠥᠷᠥᠯ ᠵᠦᠢᠯ᠂ ᠬᠤᠶᠠᠳᠤᠭᠠᠷ ᠬᠤᠭᠤᠴᠠᠭᠠᠨ ᠤ ᠵᠢᠯ ᠳᠤ 28 ᠲᠦᠮᠡᠨ ᠲᠣᠨ BDO ᠪᠠ 10 ᠲᠦᠮᠡᠨ ᠲᠣᠨ - ᠳ᠋ᠢᠩ ᠨᠧᠢ ᠡᠰᠲ᠋ᠧᠷ ᠤᠨ ᠲᠥᠷᠥᠯ ᠵᠦᠢᠯ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠶ ᠪᠦᠬᠦᠢ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ BDO᠂ ᠵᠠᠳᠠᠷᠠᠵᠤ ᠪᠣᠯᠬᠤ ᠪᠥᠭᠡᠭᠡᠨᠡᠷᠡᠯ ᠡᠰᠲ᠋ᠧᠷ ᠤᠨ ᠦᠢᠯᠡᠳᠪᠦᠷᠢᠯᠡᠬᠦ ᠴᠢᠳᠠᠪᠤᠷᠢ ᠲᠣᠰ ᠲᠣᠰ 98 ᠲᠦᠮᠡᠨ ᠲᠣᠨ ᠪᠠ 120 ᠲᠦᠮᠡᠨ ᠲᠣᠨ ᠳᠤ ᠬᠦᠷᠴᠦ᠂ ᠲᠤᠬᠠᠶ ᠶᠢᠨ ᠦᠶ᠎ᠡ ᠳᠤ ᠠᠵᠤ ᠦᠢᠯᠡᠰ ᠤᠨ ᠬᠦᠷᠢᠶᠡᠯᠡᠩ ᠨᠢ ᠪᠥᠬᠦ ᠤᠯᠤᠰ ᠤᠨ ᠴᠢᠬᠤᠯᠠ ᠨᠥᠯᠥᠭᠡᠯᠡᠬᠦ ᠬᠦᠴᠦᠨ ᠪᠠ ᠦᠭᠡ ᠬᠡᠯᠡᠬᠦ ᠡᠷᠬᠡ ᠲᠠᠢ ᠠᠵᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠬᠤ ᠪᠣᠯᠤᠨ᠎ᠠ᠃      ᠤᠰᠤ ᠠᠷᠪᠢᠯᠠᠬᠤ ᠡᠵᠡᠮᠰᠢᠯ ᠢ ᠭᠦᠨᠵᠡᠭᠡᠶ ᠥᠷᠨᠢᠭᠦᠯᠵᠦ᠂ ᠪᠣᠬᠢᠷᠲᠤᠯ ᠦᠭᠡᠶ ᠬᠥᠭᠵᠢᠯᠲᠡ ᠶᠢ ᠠᠬᠢᠭᠤᠯᠤᠨ᠎ᠠ᠃ ᠵᠢᠶᠦ᠋ᠨ ᠵᠧᠩ᠂ ᠰᠢᠩ ᠹᠠ᠂ ᠶᠤᠸᠠᠨ ᠬᠤᠩ᠂ ᠢ ᠬᠤᠸᠠ᠂ ᠾᠧᠩ ᠶᠧ ᠴᠧᠩ᠂ ᠪᠢ ᠵᠢᠶᠧ ᠲᠧ ᠵᠡᠷᠭᠡ 6 ᠠᠵᠤ ᠠᠬᠤᠶᠢᠯᠠᠯ ᠤᠨ 7 ᠤᠰᠤ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠬᠠᠮᠵᠢᠨ ᠠᠰᠢᠭᠯᠠᠯᠲᠠ ᠳᠤ ᠣᠷᠣᠭᠤᠯᠵᠤ᠂ ᠣᠲᠣ ᠪᠣᠯᠲᠠᠯ᠎ᠠ᠂ ᠶᠤᠸᠠᠨ ᠬᠤᠩ ᠠᠭᠤᠷ ᠤᠨ ᠴᠠᠷᠴᠠᠭᠠᠭᠰᠠᠨ ᠤᠰᠤ ᠶᠢ ᠳᠠᠬᠢᠨ ᠠᠰᠢᠭᠯᠠᠬᠤ᠂ ᠾᠧᠩ ᠶᠧ ᠴᠧᠩ ᠡᠷᠭᠢᠯᠲᠡ ᠶᠢᠨ ᠤᠰᠤᠨ ᠤ ᠰᠢᠰᠲ᠋ᠧᠮ ᠤᠨ ᠴᠠᠬᠢᠯᠭᠠᠨ ᠬᠢᠮᠢ ᠶᠢᠨ ᠰᠢᠢᠳᠪᠦᠷᠢᠯᠡᠯᠲᠡ᠂ ᠳᠠᠬᠢᠨ ᠵᠢᠶᠧ ᠲᠧ ᠦᠳᠬᠡᠨ ᠳᠠᠪᠤᠰᠤᠨ ᠤ ᠤᠰᠤᠨ ᠤ ᠨᠡᠪᠴᠢᠯᠲᠡ ᠶᠢ ᠡᠰᠡᠷᠭᠦᠴᠡᠬᠦ᠂ ᠰᠢᠩ ᠹᠠ ᠶᠢᠨ ᠤᠰᠤ ᠠᠷᠪᠢᠯᠠᠬᠤ ᠵᠢᠴᠢ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠨᠢᠭᠡᠨᠲᠡ ᠦᠷ᠎ᠡ ᠪᠦᠲᠦᠮᠵᠢ ᠣᠯᠪᠠ︔ ᠢ ᠬᠤᠸᠠ ᠵᠦᠩ ᠱᠦᠢ ᠡᠭᠡᠭᠦᠯᠦᠨ ᠬᠡᠷᠡᠭᠯᠡᠬᠦ ᠲᠥᠷᠥᠯ ᠵᠦᠢᠯ ᠢ ᠲᠤᠷᠰᠢᠨ ᠠᠵᠢᠯᠯᠠᠭᠤᠯᠬᠤ ᠱᠠᠲᠤᠨ ᠳᠤ ᠣᠷᠣᠭᠤᠯᠪᠠ︔ ᠵᠢᠶᠦ᠋ᠨ ᠵᠧᠩ ᠣᠷᠴᠢᠯ ᠬᠦᠢᠲᠡᠨ ᠤᠰᠤ ᠶᠢ ᠠᠷᠢᠯᠭᠠᠨ ᠤᠰᠤ ᠠᠷᠪᠢᠯᠠᠬᠤ ᠰᠤᠳᠤᠯᠭᠠᠨ ᠪᠠ ᠬᠡᠷᠡᠭᠯᠡᠭᠡᠨ ᠳᠤ ᠶᠠᠭ ᠰᠠᠶᠢᠬᠠᠨ ᠭᠠᠷ ᠤᠷᠠᠯᠠᠯ ᠢ ᠰᠢᠯᠢᠳᠡᠭᠵᠢᠭᠦᠯᠵᠦ ᠪᠠᠶᠢᠨ᠎ᠠ︔ ᠳᠠᠬᠢᠨ ᠵᠢᠶᠧ ᠲᠧ ᠣᠨᠴᠠ ᠥᠨᠳᠥᠷ ᠳᠠᠪᠤᠰᠤᠨ ᠤ ᠤᠰᠤ ᠶᠢ ᠰᠢᠢᠳᠪᠦᠷᠢᠯᠡᠬᠦ ᠲᠥᠷᠥᠯ ᠵᠦᠢᠯ ᠶᠠᠭ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠵᠦ ᠪᠠᠶᠢᠨ᠎ᠠ᠂ ᠵᠢᠱᠢᠯᠲᠡ ᠪᠠᠷ 2024 ᠣᠨ ᠤ 8 ᠰᠠᠷ᠎ᠠ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃ ᠪᠥᠬᠦ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠱᠢᠯᠲᠡ ᠪᠠᠷ 545.44 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠬᠤ ᠪᠣᠯᠤᠨ᠎ᠠ᠃      ᠮᠡᠷᠭᠡᠵᠢᠯ ᠤᠨ ᠰᠢᠨ᠎ᠡ ᠶᠢ ᠡᠭᠦᠳᠬᠦ ᠥᠭᠡᠷᠡᠴᠢᠯᠡᠯᠲᠡ ᠶᠢ ᠴᠢᠩᠭᠠᠳᠬᠠᠵᠤ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠦᠨ᠎ᠡ᠃ ᠵᠢᠶᠦ᠋ᠨ ᠵᠧᠩ᠂ ᠯᠢ ᠺᠠᠩ᠂ ᠵᠢᠶᠠ ᠷᠦᠢ ᠮᠢ᠂ ᠶᠤᠸᠠᠨ ᠬᠤᠩ ᠵᠡᠷᠭᠡ 8 ᠠᠵᠤ ᠠᠬᠤᠶᠢᠯᠠᠯ ᠤᠨ 11 ᠲᠥᠷᠥᠯ ᠵᠦᠢᠯ ᠳᠤ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ᠂ ᠲᠡᠷᠢᠭᠦᠨ ᠤ ᠤᠷᠠᠯᠠᠯ᠂ ᠮᠡᠷᠭᠡᠵᠢᠯ᠂ ᠲᠣᠨᠤᠭ ᠲᠥᠬᠦᠭᠡᠷᠦᠮᠵᠢ ᠶᠢ ᠬᠡᠷᠡᠭᠯᠡᠵᠦ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠂ ᠡᠭᠦᠨ ᠳᠤ ᠵᠢᠶᠦ᠋ᠨ ᠵᠧᠩ 5MVA ᠴᠠᠬᠢᠯᠭᠠᠨ ᠵᠤᠤᠬ᠎ᠠ ᠶᠢᠨ ᠬᠦᠴᠦᠳᠡᠯ ᠥᠭᠡᠷᠡᠴᠢᠯᠡᠭᠴᠢ ᠶᠢᠨ ᠰᠢᠨ᠎ᠡ ᠬᠡᠯᠪᠡᠷᠢ ᠶᠢᠨ ᠳᠣᠤᠷ᠎ᠠ ᠬᠦᠴᠦᠳᠡᠯᠲᠦ ᠨᠥᠬᠦᠪᠥᠷᠢ ᠥᠭᠬᠦ ᠲᠣᠨᠣᠭᠯᠠᠯ ᠤᠨ ᠰᠤᠳᠤᠯᠭᠠᠨ ᠪᠠ ᠬᠡᠷᠡᠭᠯᠡᠯᠲᠡ᠂ ᠯᠢ ᠺᠠᠩ MVR ᠠᠪᠴᠢᠭᠤᠯᠬᠤ ᠮᠠᠰᠢᠨ ᠢ ᠰᠢᠨᠡᠳᠬᠡᠨ ᠥᠭᠡᠷᠡᠴᠢᠯᠡᠬᠦ ᠵᠡᠷᠭᠡ 8 ᠲᠥᠷᠥᠯ ᠵᠦᠢᠯ ᠢ ᠨᠢᠭᠡᠨᠲᠡ ᠥᠭᠡᠷᠡᠴᠢᠯᠡᠨ ᠪᠠᠶᠢᠭᠤᠯᠵᠤ ᠳᠠᠭᠤᠰᠬᠠᠪᠠ᠂ ᠦᠯᠡᠳᠡᠭᠰᠡᠨ 3 ᠲᠥᠷᠥᠯ ᠵᠦᠢᠯ ᠢ ᠶᠠᠭ ᠴᠠᠭ ᠤᠨ ᠳᠠᠷᠠᠭᠠᠯᠠᠯ ᠢᠶᠠᠷ ᠳᠥᠯᠭᠢᠨ ᠠᠬᠢᠭᠤᠯᠵᠤ᠂ ᠪᠥᠬᠦ ᠲᠥᠷᠥᠯ ᠵᠦᠢᠯ ᠢ ᠥᠭᠡᠷᠡᠴᠢᠯᠡᠨ ᠠᠵᠢᠯᠯᠠᠭᠤᠯᠤᠭᠰᠠᠨ ᠤ ᠳᠠᠷᠠᠭ᠎ᠠ ᠵᠢᠯ ᠤᠨ ᠡᠨᠧᠷᠭᠢ ᠠᠷᠪᠢᠯᠠᠬᠤ 4 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠣᠯᠤᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号