ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠦ᠂ ︽ᠪᠥᠬᠦ ᠨᠠᠮ ᠳᠤ ᠶᠡᠭᠡ ᠪᠠᠷ | ᠪᠠᠶᠢᠴᠠᠭᠠᠨ ᠰᠤᠳᠤᠯᠤᠯᠲᠠ ᠬᠢᠬᠦ ᠲᠤᠬᠠᠶ ᠠᠵᠢᠯ ᠤᠨ ᠲᠥᠰᠦᠯ︾ ᠪᠣᠯᠤᠨ ︽ᠥᠪᠥᠷ ᠮᠣᠩᠭᠤᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ | ᠠᠷᠭ᠎ᠠ ᠪᠠ ᠠᠵᠢᠯ ᠤᠨ ᠲᠦᠷᠢᠮ ᠢ ᠭᠤᠤᠯ ᠰᠡᠳᠦᠪᠲᠦ ᠬᠥᠮᠦᠵᠢᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠲᠠᠢ ᠦᠨᠡᠨᠬᠦ ᠵᠣᠯᠭᠠᠭᠤᠯᠤᠨ ᠬᠤᠯᠪᠣᠯᠳᠤᠭᠤᠯᠵᠤ᠂ ᠤᠳᠠ ᠶᠢᠨ ᠪᠣᠳᠠᠲᠤ ᠪᠠᠶᠢᠳᠠᠯ ᠳᠤ | ᠰᠠᠭᠤᠷᠢᠯᠠᠨ ︽ᠬᠦᠴᠢᠷ ᠠᠰᠠᠭᠤᠳᠠᠯ ᠢ ᠰᠢᠢᠳᠪᠦᠷᠢᠯᠡᠬᠦ᠂ ᠪᠣᠳᠠᠲᠤ ᠶᠠᠪᠤᠳᠠᠯ ᠬᠢᠬᠦ︾ ᠠᠵᠢᠯᠯᠠᠭ᠎ᠠ ᠶᠢᠨ | ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠬᠤ ᠶᠢᠨ ᠲᠦᠯᠦᠭᠡ᠂ 11 ᠰᠠᠷ᠎ᠠ ᠶᠢᠨ 5 ᠤ ᠡᠳᠦᠷ᠂ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠬᠤ᠋ ᠪᠦᠯᠬᠦᠮ | ᠳᠠᠭᠠᠭᠤᠯᠤᠨ ᠤᠳᠠ ᠶᠢᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠭᠤᠤᠯ ᠰᠡᠳᠦᠪᠲᠦ ᠬᠥᠮᠦᠵᠢᠯ ᠤᠨ ︽ᠶᠡᠭᠡ | ᠰᠤᠷᠪᠤᠯᠵᠢᠯᠠᠭ᠎ᠠ᠂ ᠶᠡᠭᠡ ᠪᠠᠶᠢᠴᠠᠭᠠᠨ ᠰᠤᠳᠤᠯᠤᠯᠲᠠ᠂ ᠶᠡᠭᠡ ᠦᠢᠯᠡᠴᠢᠯᠡᠭᠡ᠂ ᠶᠡᠭᠡ ᠰᠡᠳᠦᠪ︾ ᠤᠨ ᠠᠵᠢᠯᠯᠠᠭ᠎ᠠ | ᠥᠷᠨᠢᠭᠦᠯᠦᠭᠰᠡᠨ ᠪᠥᠭᠡᠳ ᠬᠠᠮᠲᠤ ᠪᠠᠷ ︽ᠲᠣᠭᠤᠷᠢᠭ ᠤᠨ ᠳᠠᠷᠤᠭ᠎ᠠ ᠶᠢᠨ ᠦᠢᠯᠡᠴᠢᠯᠡᠭᠡᠨ ᠤ ᠡᠳᠦᠷ︾ ᠤᠨ ᠠᠵᠢᠯ ᠢ | ᠥᠷᠨᠢᠭᠦᠯᠪᠡ᠃ ᠲᠣᠭᠤᠷᠢᠭ ᠤᠨ ᠤᠳᠤᠷᠢᠳᠤᠯᠭ᠎ᠠ ᠰᠢᠤᠢ ᠪᠢᠨ᠂ ᠦ᠋ ᠪᠢᠩ ᠶᠦᠨ᠂ ᠵᠤᠤ ᠬᠠᠢ ᠪᠥᠸᠧ ᠂ ᠯᠢᠦ | ᠨᠠᠷᠠᠨ ᠂ ᠯᠢᠦ ᠮᠧᠩ᠂ ᠴᠢᠶᠣᠤ ᠬᠠᠢ ᠼᠦᠨ ᠣᠷᠣᠯᠴᠠᠪᠠ᠃ | | ᠯᠢᠦ ᠬᠤ᠋ ᠨᠠᠷ ᠤᠷᠢᠳ ᠬᠤᠵᠢᠳ ᠥᠪᠥᠷ ᠮᠣᠩᠭᠤᠯ ᠤᠨ ᠭᠤᠸᠠᠩ ᠶᠤᠸᠠᠨ᠂ ᠰᠢᠩ ᠹᠠ᠂ ᠵᠢᠶᠧ ᠲᠧ | ᠨᠣᠭᠤᠭᠠᠨ ᠡᠨᠧᠷᠭᠢ᠂ ᠵᠢᠶᠦ᠋ᠨ ᠵᠧᠩ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠢᠶᠠᠷ ᠬᠦᠷᠴᠦ᠂ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ | ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ ᠳᠠᠷᠠᠭᠠᠪᠠᠷ ᠨᠢ | ᠬᠤᠷᠠᠯᠳᠤᠭᠤᠯᠤᠭᠰᠠᠨ ᠲᠤᠬᠠᠢ ᠶᠢᠨ ᠲᠠᠯᠠᠪᠠᠢ ᠶᠢᠨ ᠶᠠᠷᠢᠯᠴᠠᠬᠤ ᠬᠤᠷᠠᠯ ᠳᠡᠭᠡᠷ᠎ᠡ᠂ ᠲᠤᠭᠤᠷᠢᠭ ᠤᠨ ᠵᠠᠰᠠᠭ ᠤᠨ | ᠣᠷᠳᠣᠨ ᠤ ᠤᠳᠤᠷᠢᠳᠤᠯᠭ᠎ᠠ᠂ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠠᠵᠤ | ᠠᠬᠤᠶᠢᠯᠠᠯ ᠤᠨ ᠬᠠᠷᠢᠭᠤᠴᠠᠯᠭᠠᠲᠠᠨ ᠨᠢᠭᠡ ᠲᠠᠩᠬᠢᠮ ᠳᠤ ᠲᠣᠭᠤᠷᠢᠨ ᠰᠠᠭᠤᠵᠤ᠂ ᠦᠢᠯᠡᠳᠪᠦᠷᠢᠯᠡᠯ ᠡᠵᠡᠩᠨᠡᠯᠲᠡ᠂ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠳᠤ | ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢ ᠠᠬᠢᠭᠤᠯᠵᠤ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ | ᠠᠰᠠᠭᠤᠳᠠᠯ ᠢᠶᠠᠨ ᠶᠠᠷᠢᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠦᠨ ᠰᠠᠨᠠᠭᠤᠯᠭ᠎ᠠ ᠳᠤᠷᠠᠳᠴᠤ᠂ ᠬᠦᠴᠢᠷ | ᠠᠰᠠᠭᠤᠳᠠᠯ ᠢ ᠰᠢᠢᠳᠪᠦᠷᠢᠯᠡᠪᠡ᠃ | | ᠳᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ︽ᠥᠪᠥᠷ | ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠪᠠᠶᠢᠴᠠᠭᠠᠨ ᠰᠤᠳᠤᠯᠤᠯᠲᠠ ᠪᠠᠷ ᠰᠡᠳᠦᠪ ᠢ ᠡᠪᠳᠡᠬᠦ ᠶᠢ ᠪᠠᠷᠢᠮᠲᠠᠯᠠᠵᠤ᠂ ︽ᠶᠡᠭᠡ ᠰᠣᠷᠪᠤᠯᠵᠢᠯᠠᠭ᠎ᠠ ᠶᠡᠭᠡ ᠪᠠᠶᠢᠴᠠᠭᠠᠨ | ᠰᠤᠳᠤᠯᠤᠯᠲᠠ ᠶᠡᠭᠡ ᠦᠢᠯᠡᠴᠢᠯᠡᠭᠡ ᠶᠡᠭᠡ ᠵᠠᠳᠠᠯᠤᠯᠲᠠ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ | ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠠᠵᠤ ᠠᠬᠤᠶᠢᠯᠠᠯ ᠤᠨ | ᠰᠠᠨᠠᠯ ᠰᠠᠨᠠᠭᠤᠯᠭ᠎ᠠ ᠶᠢ ᠰᠣᠨᠣᠰᠴᠤ᠂ ᠮᠥᠷᠳᠡᠵᠦ ᠪᠠᠶᠢᠭ᠎ᠠ ᠬᠡᠯᠪᠡᠷᠢ ᠪᠠᠷ ᠠᠵᠤ ᠠᠬᠤᠶᠢᠯᠠᠯ ᠤᠨ ᠠᠩᠬᠠᠷᠴᠤ ᠪᠠᠶᠢᠭ᠎ᠠ | ᠪᠠ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠳᠤᠮᠳᠠᠬᠢ ᠠᠵᠢᠯᠴᠢᠨ ᠬᠡᠷᠡᠭᠯᠡᠬᠦ᠂ ᠬᠦᠴᠦᠨ ᠵᠦᠢᠯ ᠤᠨ ᠭᠦᠢᠴᠡᠳᠬᠡᠯ ᠲᠤᠭ᠎ᠠ ᠵᠡᠷᠭᠡ | ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠩ ᠴᠢᠨᠠᠷ ᠰᠠᠶᠢᠲᠠᠶ᠂ ᠥᠨᠳᠥᠷ | ᠪᠦᠲᠦᠮᠵᠢᠲᠡᠶ᠂ ᠰᠡᠳᠬᠢᠯ ᠵᠢᠷᠦᠬᠡ ᠪᠠᠨ ᠬᠤᠯᠪᠣᠭᠰᠠᠨ ᠦᠢᠯᠡᠴᠢᠯᠡᠭᠡ ᠪᠠᠷ ᠠᠵᠤ ᠠᠬᠤᠶᠢᠯᠠᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ᠃ |