2023 ᠣᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠤ᠂ ᠤᠳᠠ | ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠰᠡᠷᠭᠦᠯᠲᠡ ᠶᠢᠨ ᠪᠠᠶᠢᠳᠠᠯ ᠴᠢᠩᠭᠠᠷᠠᠵᠤ᠂ | ᠠᠮᠠᠷᠠᠯᠲᠠ ᠶᠢᠨ ᠡᠳᠦᠷ ᠤᠨ ᠵᠠᠬ᠎ᠠ ᠳᠡᠯᠭᠡᠭᠦᠷ ᠶᠡᠷᠦᠩᠬᠡᠶ ᠳᠡᠭᠡᠨ ᠠᠮᠤᠷ ᠲᠦᠪᠰᠢᠨ ᠪᠥᠭᠡᠳ ᠡᠮᠬᠢ ᠵᠢᠷᠤᠮ ᠲᠠᠢ | ᠪᠠᠶᠢᠨ᠎ᠠ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠬᠤᠭᠤᠴᠠᠭᠠᠨ ᠳᠤ᠂ ᠵᠤᠭᠠᠴᠠᠭᠰᠠᠳ ᠢ ᠨᠡᠶᠢᠲᠡ 15880 | ᠬᠥᠮᠦᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 78 % ᠪᠠᠷ ᠨᠡᠮᠡᠭᠳᠡᠪᠡ︔ | ᠵᠢᠭᠤᠯᠴᠢᠯᠠᠯ ᠤᠨ ᠣᠷᠣᠯᠭ᠎ᠠ ᠶᠢ 53.15 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ | 24 % ᠪᠠᠷ ᠨᠡᠮᠡᠭᠳᠡᠪᠡ᠃ ᠡᠭᠦᠨ ᠳᠤ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ | ᠵᠤᠭᠠᠴᠠᠭᠰᠠᠳ ᠢ 1080 ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠨᠡᠶᠢᠲᠡ 7.51 | ᠲᠦᠮᠡᠨ ᠲᠥᠭᠦᠷᠢᠭ ᠲᠤ ᠬᠦᠷᠴᠡᠶ︔ ᠬᠥᠳᠡᠭᠡ ᠲᠣᠰᠬᠤᠨ ᠤ ᠬᠦᠯᠢᠶᠡᠨ ᠠᠪᠤᠭᠰᠠᠨ ᠡᠷᠦᠬᠡ 1942 ᠬᠥᠮᠦᠨ | ᠤᠳᠠᠭ᠎ᠠ ᠳᠤ ᠬᠦᠷᠴᠦ᠂ ᠵᠢᠭᠤᠯᠴᠢᠯᠠᠯ ᠤᠨ ᠣᠷᠣᠯᠭ᠎ᠠ ᠨᠡᠶᠢᠲᠡ 12.95 ᠲᠦᠮᠡᠨ ᠲᠥᠭᠦᠷᠢᠭ ᠲᠤ ᠬᠦᠷᠴᠡᠶ︔ ᠯᠠᠨ | ᠲᠢᠩ ᠠᠭᠤᠳᠠᠮ ᠲᠠᠯᠠᠪᠠᠢ᠂ ᠱᠠ ᠰᠢᠩ ᠢᠦᠢ ᠬᠡᠭᠡᠷ᠎ᠡ ᠶᠢᠨ ᠰᠠᠭᠤᠷᠢᠨ ᠭᠠᠵᠠᠷ᠂ ᠠᠷᠪᠠᠨ ᠨᠠᠢᠮᠠᠨ ᠦᠨᠦᠷᠲᠦ ᠺᠯᠦ᠋ᠪ | ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠤᠭᠠᠴᠠᠭᠰᠠᠳ ᠢ ᠨᠡᠶᠢᠲᠡ 2858 | ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 22.54 ᠲᠦᠮᠡᠨ ᠲᠥᠭᠦᠷᠢᠭ ᠲᠤ ᠬᠦᠷᠴᠡᠢ᠃ | |