ᠤᠳᠠ ᠲᠣᠭᠤᠷᠢᠭ ᠰᠤᠷᠭᠠᠨ ᠬᠥᠮᠦᠵᠢᠯ ᠤᠨ ᠬᠦᠷᠢᠶᠡᠨ ᠳᠠᠬᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠢᠳᠡᠪᠬᠢᠲᠡᠢ ᠠᠬᠢᠭᠤᠯᠵᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2023/12/29
     ᠤᠳᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠪᠠᠷ ᠢᠮᠠᠭᠲᠠ ᠨᠢᠭᠡᠳᠦᠭᠡᠷ ᠬᠠᠷᠠᠯᠲᠠ ᠪᠣᠯᠭᠠᠵᠤ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠣᠳᠠᠲᠠᠶ ᠨᠠᠶᠢᠳᠠᠪᠤᠷᠢᠵᠢᠭᠤᠯᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠰᠤᠷᠭᠠᠨ ᠬᠥᠮᠦᠵᠢᠯ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠲᠦᠷᠭᠡᠨ ᠲᠡᠭᠦᠰᠬᠦ ᠶᠢ ᠢᠳᠡᠪᠬᠢᠲᠡᠶ ᠳᠥᠯᠭᠢᠨ ᠠᠬᠢᠭᠤᠯᠪᠠ᠃
     ᠡᠨᠡ ᠵᠢᠯ᠂ ᠤᠳᠠ ᠲᠣᠭᠤᠷᠢᠭ ᠰᠤᠷᠭᠠᠭᠤᠯᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢ ᠬᠤᠳᠠᠯᠳᠤᠨ ᠠᠪᠤᠨ᠎ᠠ᠃ ︽ᠪᠠᠷᠢᠮᠵᠢᠶ᠎ᠠ ᠶᠢ ᠴᠢᠩᠳᠠᠯᠠᠬᠤ᠂ ᠪᠡᠯᠡ ᠣᠷᠣᠭᠤᠯᠤᠯᠲᠠ ᠶᠢ ᠨᠡᠮᠡᠬᠦ᠂ ᠰᠠᠭᠤᠷᠢ  ᠪᠠᠶᠢᠭᠤᠯᠬᠤ  ᠂  ᠲᠣᠨᠤᠭ  ᠲᠥᠬᠦᠭᠡᠷᠦᠮᠵᠢ  ᠨᠡᠮᠡᠬᠦ  ︾  ᠰᠡᠳᠬᠢᠴᠡ  ᠶᠢᠨ  ᠲᠣᠭᠤᠷᠢᠨ  ᠳᠤ  ᠂  ︽ ᠪᠣᠲᠠᠲᠠᠢ  ︾ ᠭᠠᠷᠭᠠᠵᠤ᠂ ᠤᠷᠢᠳ ᠬᠤᠵᠢᠳ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠵᠤ ᠥᠭᠡᠷᠡᠴᠢᠯᠡᠬᠦ᠂ ᠵᠢᠷᠭᠠᠯᠠᠩᠲᠤ ᠵᠡᠭᠡᠯᠢ ᠶᠢᠨ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠴᠢᠳᠠᠮᠵᠢ ᠶᠢᠨ ᠠᠰᠠᠷ ᠤᠨ ᠬᠠᠷᠢᠶᠠᠲᠤ ᠪᠠ ᠢᠵᠢ ᠪᠦᠷᠢᠳᠦᠭᠦᠯᠬᠦ ᠢᠨᠵᠧᠨᠧᠷᠢᠩ᠂ ᠰᠤᠷᠭᠠᠭᠤᠯᠢ ᠶᠢᠨ ᠬᠢᠨᠠᠨ ᠡᠵᠡᠮᠳᠡᠬᠦ ᠲᠥᠬᠦᠭᠡᠷᠦᠮᠵᠢ ᠶᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ᠂ ᠰᠤᠷᠭᠠᠭᠤᠯᠢ ᠶᠢᠨ ᠬᠢᠴᠢᠶᠡᠯ ᠤᠨ ᠭᠡᠷ ᠤᠨ ᠴᠢᠳᠠᠮᠵᠢ ᠶᠢᠨ ᠲᠠᠰᠤᠭ ᠤᠨ ᠨᠢᠳᠦ ᠬᠠᠮᠠᠭᠠᠯᠠᠬᠤ ᠳ᠋ᠧᠩ ᠢ ᠥᠭᠡᠷᠡᠴᠢᠯᠡᠬᠦ ᠢᠨᠵᠧᠨᠧᠷᠢᠩ᠂ ᠵᠢᠷᠭᠠᠯ ᠤᠨ ᠵᠡᠭᠡᠯᠢ ᠶᠢᠨ ᠪᠠᠭ᠎ᠠ ᠰᠤᠷᠭᠠᠭᠤᠯᠢ ᠶᠢᠨ 10kV ᠴᠠᠬᠢᠯᠭᠠᠨ ᠬᠠᠩᠭᠠᠬᠤ ᠢᠨᠵᠧᠨᠧᠷᠢᠩ᠂ ᠰᠤᠷᠭᠠᠭᠤᠯᠢ ᠶᠢᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ᠂ ᠰᠤᠷᠭᠠᠭᠤᠯᠢ ᠶᠢᠨ ᠰᠣᠶᠣᠯ ᠤᠨ ᠴᠣᠭᠴᠠᠯᠠᠯᠲᠠ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠡᠯ᠎ᠡ ᠰᠤᠷᠭᠠᠭᠤᠯᠢ ᠳᠤ ᠵᠢᠭᠠᠨ ᠰᠤᠷᠭᠠᠯᠲᠠ ᠶᠢᠨ ᠪᠠᠭᠠᠵᠢ  ᠲᠥᠬᠦᠭᠡᠷᠦᠮᠵᠢ  ᠂  ᠺᠣᠮᠫᠢᠦ᠋ᠲ᠋ᠧᠷ  ᠂ ᠬᠢᠴᠢᠶᠡᠯ ᠤᠨ ᠰᠢᠷᠡᠭᠡ ᠰᠠᠨᠳᠠᠯᠢ ᠵᠡᠷᠭᠡ ᠲᠥᠬᠦᠭᠡᠷᠦᠮᠵᠢ ᠶᠢ ᠰᠢᠨ᠎ᠡ ᠪᠠᠷ ᠨᠡᠮᠡᠵᠦ ᠲᠥᠬᠦᠷᠵᠢᠭᠦᠯᠵᠦ᠂ ᠰᠤᠷᠭᠠᠨ ᠬᠥᠮᠦᠵᠢᠯ ᠤᠨ ᠮᠡᠷᠭᠡᠵᠢᠯ ᠲᠣᠨᠣᠭᠯᠠᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠪᠡ᠃
     ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠰᠤᠷᠤᠭᠴᠢᠳ ᠲᠤ ᠰᠠᠶᠢᠨ ᠰᠠᠶᠢᠬᠠᠨ ᠰᠤᠷᠤᠯᠴᠠᠬᠤ ᠣᠷᠴᠢᠨ ᠨᠥᠬᠦᠴᠡᠯ ᠢ ᠪᠣᠶ ᠪᠣᠯᠭᠠᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠰᠤᠷᠤᠭᠴᠢᠳ ᠤᠨ ᠵᠣᠯ ᠵᠢᠷᠭᠠᠯᠲᠤ ᠰᠡᠳᠬᠢᠯᠭᠡ ᠪᠠ ᠬᠡᠷ ᠤᠨ ᠠᠬᠠᠮᠠᠳ ᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠡᠷ ᠤᠨ ᠡᠭᠦᠳᠡᠨ ᠳᠠᠬᠢ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠬᠦᠴᠦᠯᠡᠨ ᠰᠠᠶᠢᠲᠤᠷ ᠡᠷᠬᠢᠯᠡᠨ᠎ᠡ᠃    
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号