2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ—2023 ᠣᠨ ᠤ 1 ᠰᠠᠷ᠎ᠠ ᠶᠢᠨ 5 ᠤ ᠡᠳᠦᠷ | ᠤᠳᠠ ᠲᠣᠭᠤᠷᠢᠭ ᠤᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠳᠡᠭᠡᠷ᠎ᠡ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠯᠢᠦ ᠬᠤ᠋ | ᠲᠦᠯᠦᠬᠡᠯᠡᠭᠴᠢᠳ ᠡ᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ | ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠪᠦᠯᠬᠦᠮᠳᠡᠨ | ᠲᠡᠮᠡᠴᠡᠵᠦ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ | ᠰᠢᠵᠢᠮ ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠪᠦᠬᠦ ᠬᠦᠴᠦᠨ ᠢᠶᠠᠷ ᠢᠶᠠᠨ ᠨᠡᠮᠡᠭᠳᠡᠯ ᠢ | ᠲᠣᠭᠲᠠᠪᠤᠷᠢᠵᠢᠭᠤᠯᠬᠤ᠂ ᠪᠦᠲᠦᠴᠡ ᠶᠢ ᠲᠤᠬᠢᠷᠠᠭᠤᠯᠬᠤ᠂ ᠪᠡᠯᠡ ᠣᠷᠣᠭᠤᠯᠤᠯᠲᠠ ᠶᠢ ᠥᠷᠭᠡᠳᠬᠡᠬᠦ᠂ ᠬᠡᠷᠡᠭᠯᠡᠭᠡ ᠶᠢ | ᠠᠬᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ | ᠪᠠᠲᠤᠲᠠᠢ ᠠᠯᠬᠤᠮ ᠢ ᠠᠯᠬᠤᠪᠠ᠃ | —ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠵᠠᠩᠭᠢᠯᠠᠭ᠎ᠠ ᠶᠢ ᠠᠳᠬᠤᠬᠤ᠂ ᠲᠣᠭᠲᠠᠭᠤᠨ | ᠠᠵᠢᠯᠯᠠᠭᠤᠯᠬᠤ ᠶᠢ ᠪᠠᠷᠢᠮᠲᠠᠯᠠᠵᠤ᠂ ᠠᠵᠤ ᠠᠬᠤᠢ ᠶᠢᠨ ᠨᠡᠮᠡᠭᠳᠡᠯ ᠤᠨ ᠡᠷᠴᠢ ᠵᠣᠷᠢᠭ ᠢ ᠪᠠᠲᠤᠯᠠᠪᠠ᠃ ᠬᠦᠴᠦ ᠪᠠᠨ | ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠵᠦ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠭᠤᠨ ᠪᠣᠯᠭᠠᠪᠠ᠃ | ᠬᠢᠵᠢᠭ ᠤᠨ ᠪᠠᠶᠢᠳᠠᠯ ᠤᠨ ᠳᠠᠭᠠᠷᠢᠯᠲᠠ ᠶᠢ ᠠᠷᠭᠠᠴᠠᠬᠤ᠂ ᠠᠵᠤ ᠠᠬᠤᠶ ᠪᠠᠭᠤᠷᠠᠬᠤ ᠵᠡᠷᠭᠡ ᠣᠯᠠᠨ ᠬᠦᠴᠢᠷᠳᠡᠯ ᠳᠤ | ᠲᠤᠯᠭᠠᠷᠠᠵᠤ᠂ ᠠᠷᠭ᠎ᠠ ᠪᠦᠬᠦᠨ ᠢ ᠰᠦᠪᠡᠭᠴᠢᠯᠡᠨ ᠳᠠᠯᠳᠠ ᠬᠡᠮᠵᠢᠶ᠎ᠡ ᠶᠢ ᠠᠭᠤᠳᠠᠯᠤᠨ᠂ ᠨᠡᠮᠡᠭᠳᠡᠯ ᠢ ᠥᠷᠭᠡᠳᠬᠡᠵᠦ᠂ ᠶᠠᠰᠤ | ᠴᠢᠨᠠᠷ ᠢ ᠰᠢᠯᠢᠳᠡᠭᠵᠢᠭᠦᠯᠦᠨ᠂ ᠠᠵᠤ ᠠᠬᠤᠶ ᠶᠢᠨ ᠠᠵᠢᠯᠯᠠᠭᠠᠨ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠪᠠᠬᠢᠵᠢᠭᠦᠯᠬᠦ᠂ ᠲᠣᠭᠲᠠᠭᠤᠨ ᠤ ᠳᠤᠮᠳᠠ ᠠᠬᠢᠭᠤᠯᠬᠤ ᠪᠠᠶᠢᠳᠠᠯ ᠢᠯᠡᠷᠡᠭᠰᠡᠨ ᠪᠠᠶᠢᠨ᠎ᠠ᠃ ᠵᠢᠱᠢᠯᠲᠡ ᠪᠠᠷ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 2% ᠣᠷᠴᠢᠮ ᠨᠡᠮᠡᠭᠳᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 23.22% ᠪᠠᠷ ᠨᠡᠮᠡᠭᠳᠡᠭᠦᠯᠵᠦ᠂ ᠬᠤᠲᠠ ᠪᠠᠯᠭᠠᠰᠤᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 6% ᠪᠠᠷ | ᠨᠡᠮᠡᠭᠳᠡᠭᠦᠯᠪᠡ᠃ ᠪᠡᠯᠡ ᠣᠷᠣᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠪᠦᠬᠦ ᠬᠦᠴᠦᠨ ᠢᠶᠠᠷ ᠠᠬᠢᠭᠤᠯᠪᠠ᠃ ︽ᠬᠡᠯᠬᠢᠶ᠎ᠡ ᠶᠢᠨ ᠳᠠᠷᠤᠭ᠎ᠠ ᠶᠢᠨ ᠳᠦᠷᠢᠮ︾ ᠢ ᠶᠡᠬᠡᠪᠡᠷ ᠬᠡᠷᠡᠭᠵᠢᠭᠦᠯᠵᠦ᠂ ᠲᠥᠷᠥᠯ | ᠵᠦᠢᠯ ᠤᠨ ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠴᠢᠩᠭᠠᠳᠬᠠᠵᠤ᠂ 21 ᠬᠤᠲᠠ ᠶᠢᠨ ᠲᠡᠰ ᠤᠨ | ᠭᠤᠤᠯᠳᠠᠯᠭ᠎ᠠ ᠲᠠᠢ ᠲᠥᠷᠥᠯ ᠵᠦᠢᠯ ᠢ ᠪᠦᠬᠦᠨ ᠢ ᠠᠵᠢᠯ ᠡᠬᠢᠯᠡᠭᠦᠯᠦᠨ ᠰᠡᠷᠭᠦᠭᠡᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠵᠢᠱᠢᠯᠲᠡ ᠪᠠᠷ 71 ᠳ᠋ᠦᠩᠰᠢᠭᠤᠷ ᠲᠥᠭᠦᠷᠢᠭ ᠲᠤ ᠬᠦᠷᠴᠦ᠂ 9% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠪᠦᠬᠦ ᠬᠤᠲᠠ ᠳᠤ ᠨᠢᠭᠡᠳᠦᠭᠡᠷ ᠲᠤ ᠣᠷᠣᠪᠠ᠃ ᠠᠷᠠᠯᠵᠢᠶᠠᠴᠢᠨ ᠤᠷᠢᠵᠤ ᠪᠡᠯᠡ ᠲᠠᠲᠠᠬᠤ ᠳᠤ ᠤᠨᠢᠨ | ᠳᠡᠭᠡᠷ᠎ᠡ ᠨᠢ ᠬᠦᠴᠦᠯᠡᠵᠦ᠂ ᠰᠢᠨ᠎ᠡ ᠪᠠᠷ ᠭᠡᠷ᠎ᠡ ᠲᠣᠭᠲᠠᠭᠰᠠᠨ ᠲᠦᠷᠦᠯ ᠵᠦᠢᠯ 24 ᠪᠠᠶᠢᠵᠤ᠂ ᠶᠡᠷᠦᠩᠬᠡᠢ ᠪᠡᠯᠡ | ᠣᠷᠣᠭᠤᠯᠤᠯᠲᠠ 493 ᠳ᠋ᠦᠩᠰᠢᠭᠤᠷ ᠲᠥᠭᠦᠷᠢᠭ ᠲᠤ ᠬᠦᠷᠦᠪᠡ︔ ᠭᠠᠳᠠᠭᠠᠳᠤ ᠠᠷᠠᠯᠵᠢᠶᠠᠨ ᠤ ᠶᠡᠷᠦᠩᠬᠡᠢ ᠬᠡᠮᠵᠢᠶ᠎ᠡ | ᠵᠢᠱᠢᠯᠲᠡ ᠪᠠᠷ 15.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠦᠬᠦ ᠬᠤᠳᠠ ᠶᠢᠨ 80% ᠠᠴᠠ ᠳᠡᠭᠡᠭᠰᠢᠬᠢ ᠶᠢ | ᠡᠵᠡᠯᠡᠪᠡ᠃ ᠬᠦᠴᠦ ᠬᠠᠮᠲᠤᠷᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠭᠤᠨ ᠪᠤᠯᠭᠠᠪᠠ᠃ | ᠬᠠᠨᠳᠤᠯᠭ᠎ᠠ ᠲᠠᠢ ᠪᠠᠷ ᠠᠷᠭ᠎ᠠ ᠬᠡᠮᠵᠢᠶ᠎ᠡ ᠠᠪᠴᠤ ᠪᠠᠶᠢᠭᠠᠳ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠵᠦ᠂ ᠠᠵᠤ ᠠᠬᠤᠶ ᠶᠢᠨ ᠬᠠᠮ ᠲᠥᠷᠥ ᠶᠢᠨ ᠪᠣᠳᠣᠯᠭ᠎ᠠ ᠶᠢ ᠲᠤᠬᠳᠠᠪᠤᠷᠢᠵᠢᠭᠤᠯᠵᠤ᠂ 10.57 | ᠳ᠋ᠦᠩᠰᠢᠭᠤᠷ ᠲᠥᠭᠦᠷᠢᠭ ᠤᠨ ᠭᠠᠶᠢᠯᠢ ᠲᠠᠲᠠᠪᠤᠷᠢ ᠶᠢ ᠬᠠᠰᠤᠵᠤ᠂ ᠠᠵᠤ ᠠᠬᠤᠶᠢᠯᠠᠯ ᠤᠨ 13.2 ᠳ᠋ᠦᠩᠰᠢᠭᠤᠷ | ᠲᠥᠭᠦᠷᠢᠭ ᠤᠨ ᠪᠠᠯᠠ ᠬᠤᠷᠠᠮᠳᠤᠭᠤᠯᠬᠤ ᠳᠤ ᠠᠰᠢᠭ ᠬᠦᠷᠲᠡᠭᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠲᠤᠭ᠎ᠠ 5.5% ᠪᠠᠷ ᠨᠡᠮᠡᠭᠳᠡᠪᠡ᠃ ᠳ᠋ᠦᠩ ᠵᠢᠩ᠂ ᠶᠤᠸᠠᠨ ᠬᠤᠩ ᠵᠡᠷᠭᠡ 9 ᠠᠵᠤ ᠠᠬᠤᠶᠢᠯᠠᠯ ᠤᠨ ᠭᠠᠷᠤᠯᠲᠠ ᠪᠠᠨ | ᠨᠡᠮᠡᠭᠳᠡᠭᠦᠯᠵᠦ ᠴᠢᠳᠠᠪᠤᠷᠢ ᠪᠠᠨ ᠥᠷᠭᠡᠳᠬᠡᠪᠡ᠂ ᠵᠢᠶᠦ᠋ᠨ ᠵᠧᠩ᠂ ᠢ ᠬᠤᠸᠠ ᠵᠡᠷᠭᠡ 10 ᠭᠤᠣᠯᠯᠠᠭᠴᠢ ᠠᠵᠤ | ᠠᠬᠤᠶᠢᠯᠠᠯ ᠠᠵᠢᠯ ᠢᠶᠠᠨ ᠳᠠᠭᠤᠰᠬᠠᠵᠤ ᠦᠢᠯᠡᠳᠪᠦᠷᠢᠯᠡᠯ ᠢᠶᠠᠨ ᠳᠠᠭᠤᠰᠴᠤ᠂ 270 ᠳ᠋ᠦᠩᠰᠢᠭᠤᠷ ᠲᠥᠭᠦᠷᠢᠭ ᠤᠨ | ᠦᠢᠯᠡᠳᠬᠦᠨ ᠤ ᠥᠷᠲᠡᠭ ᠢ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠶ | ᠬᠡᠮᠵᠢᠶᠡᠨ ᠤ 71% ᠶᠢ ᠡᠵᠡᠯᠡᠪᠡ᠃ ᠬᠡᠷᠡᠭᠯᠡᠭᠡᠨ ᠤ ᠬᠠᠯᠠᠭᠤᠨ ᠳᠤᠯᠠᠭᠠᠨ ᠤ ᠰᠠᠶᠢᠵᠢᠷᠠᠯᠲᠠ ᠶᠢ ᠬᠦᠴᠦᠯᠡᠨ | ᠠᠬᠢᠭᠤᠯᠪᠠ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠵᠠᠬ᠎ᠠ ᠳᠡᠯᠭᠡᠭᠦᠷ ᠤᠨ ᠬᠥᠳᠡᠯᠭᠡᠬᠦ | ᠬᠦᠴᠦᠨ ᠢ ᠬᠥᠭᠵᠢᠭᠡᠵᠦ᠂ ︽ᠪᠣᠯᠵᠣᠭᠰᠠᠨ ᠬᠠᠷᠠᠭᠠᠯᠵᠠᠯ ᠦᠬᠠᠢ︾᠂ ︽ᠪᠡᠯᠡᠳᠬᠡᠯ ᠬᠠᠶᠢᠷᠴᠠᠭ ᠤᠨ ᠴᠤᠭᠯᠠᠷᠠᠯ ᠤᠨ | ᠳᠡᠯᠭᠡᠭᠦᠷ︾ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠯᠠᠭ᠎ᠠ ᠶᠢ ᠠᠭᠤᠰᠤᠯᠴᠠᠭᠤᠯᠤᠨ | ᠥᠷᠨᠢᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 11.9 | ᠳ᠋ᠦᠩᠰᠢᠭᠤᠷ ᠲᠥᠭᠦᠷᠢᠭ ᠢ ᠳᠠᠪᠠᠵᠤ᠂ ᠬᠡᠷᠡᠭᠯᠡᠭᠡᠨ ᠤ ᠲᠠᠯᠳᠠ ᠬᠦᠴᠦᠨ ᠢ ᠦᠷᠭᠦᠯᠵᠢᠯᠡᠨ ᠢᠯᠡᠷᠡᠭᠦᠯᠪᠡ᠃ | —ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠬᠦᠴᠦᠯᠡᠨ ᠴᠢᠷᠮᠠᠢᠵᠤ ᠰᠠᠭᠤᠷᠢ ᠶᠢ | ᠪᠠᠲᠤᠳᠭᠠᠨ᠂ ᠬᠡᠯᠬᠢᠶ᠎ᠡ ᠶᠢ ᠤᠷᠲᠤᠳᠭᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠠᠯᠬᠤᠴᠠ | ᠲᠦᠷᠭᠡᠳᠪᠡ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠰ ᠳᠡᠪᠰᠢᠭᠦᠯᠬᠦ ᠶᠢ ᠪᠡᠶᠡᠯᠡᠭᠦᠯᠪᠡ᠃ | ᠲᠣᠭᠠᠴᠢᠯᠠᠭᠰᠠᠨ ᠮᠡᠷᠭᠡᠵᠢᠯ ᠢᠶᠠᠷ ᠡᠨᠧᠷᠭᠢ ᠣᠯᠭᠤᠵᠤ ᠬᠡᠯᠪᠡᠷᠢ ᠪᠠᠨ ᠬᠤᠪᠢᠷᠠᠭᠤᠯᠵᠤ᠂ ᠹᠸᠢ ᠱᠢ ᠲᠠᠪᠴᠠᠩ ᠨᠢ 63 | ᠠᠵᠤ ᠠᠬᠤᠶᠢᠯᠠᠯ ᠤᠨ ᠣᠶᠤᠨᠴᠢ ᠲᠠᠰ ᠳᠡᠪᠰᠢᠬᠦ ᠳᠤ ᠬᠦᠴᠦᠨ ᠨᠡᠮᠡᠷᠢᠯᠡᠵᠦ᠂ 3 ᠠᠵᠤ ᠠᠬᠤᠶᠢᠯᠠᠯ ᠤᠨ ︽ᠮᠠᠰᠢᠨ ᠢᠶᠠᠷ | ᠠᠵᠢᠯ ᠢ ᠰᠣᠯᠢᠬᠤ︾ ᠶᠢ ᠬᠡᠷᠡᠭᠵᠢᠭᠦᠯᠦᠨ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 19 | ᠵᠦᠢᠯᠡᠰ ᠢ ᠪᠡᠶᠡᠯᠡᠭᠦᠯᠵᠦ᠂ 3 ᠲᠦᠮᠡᠨ ᠺᠢᠯᠣᠸᠠᠲ ᠠᠮᠫᠧᠷ ᠠᠴᠠ ᠳᠣᠷᠣᠭᠰᠢᠬᠢ ᠴᠠᠬᠢᠯᠠᠭᠤᠷ ᠴᠢᠯᠠᠭᠤᠨ ᠤ | ᠠᠭᠤᠷᠬᠠᠶ ᠶᠢᠨ ᠢᠯᠴᠢ ᠶᠢᠨ ᠵᠤᠤᠬ᠎ᠠ ᠶᠢ ᠪᠦᠬᠦᠨ ᠢ ᠴᠡᠪᠡᠷᠯᠡᠪᠡ᠃ ᠠᠭᠤᠷᠬᠠᠢ ᠶᠢᠨ ᠡᠷᠬᠡ ᠶᠢ ᠨᠡᠶᠢᠳᠭᠡᠬᠦ ᠠᠵᠢᠯ | ᠮᠥᠨ ᠴᠢᠨᠠᠷ ᠤᠨ ᠰᠢᠪᠲᠤᠯᠤᠯᠲᠠ ᠲᠠᠢ ᠪᠤᠯᠵᠤ᠂ ᠬᠡᠦᠷᠰᠢᠭᠦᠯᠬᠦ ᠠᠵᠢᠯ ᠲᠥᠷᠥᠯ ᠤᠨ ᠳᠠᠬᠢᠨ ᠵᠣᠬᠢᠶᠠᠨ ᠪᠠᠶᠢᠭᠤᠯᠵᠤ | ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠨᠡᠭᠦᠷᠡᠰᠦ ᠤᠬᠢᠶᠠᠬᠤ ᠠᠵᠤ ᠠᠬᠤᠶᠢᠯᠠᠯ ᠤᠨ ᠪᠠᠷᠢᠮᠵᠢᠶᠠᠵᠢᠭᠰᠠᠨ | ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ 20 ᠵᠢᠵᠢᠭ ᠨᠡᠭᠦᠷᠡᠰᠦ ᠲᠣᠬᠢᠷᠠᠭᠤᠯᠬᠤ ᠠᠵᠤ | ᠠᠬᠤᠶᠢᠯᠠᠯ ᠢ ᠴᠢᠩᠭ᠎ᠠ ᠴᠡᠭᠴᠡᠯᠡᠨ ᠵᠠᠰᠠᠵᠤ᠂ ᠭᠤᠸᠠᠩ ᠶᠤᠸᠠᠨ ᠨᠡᠭᠦᠷᠡᠰᠦᠨ ᠤ ᠶᠡᠷᠦᠩᠬᠡᠶᠢᠯᠡᠭᠰᠡᠨ ᠠᠵᠤ ᠦᠢᠯᠡᠰ ᠤᠨ | ᠬᠦᠷᠢᠶᠡᠯᠡᠩ ᠢ ᠡᠬᠢᠯᠡᠨ ᠬᠡᠷᠡᠭᠵᠢᠭᠦᠯᠪᠡ᠃ ᠠᠵᠤ ᠦᠢᠯᠡᠰ ᠤᠨ ᠰᠦᠷᠦᠭᠵᠢᠯ ᠴᠤᠭᠯᠠᠷᠠᠨ ᠰᠢᠯᠵᠢᠬᠦ ᠶᠢ ᠪᠡᠶᠡᠯᠡᠭᠦᠯᠵᠡᠢ᠃ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠶᠢᠨ ᠲᠣᠭᠤᠷᠢᠨ ᠳᠤ᠂ | ᠨᠥᠬᠦᠪᠥᠷᠢᠯᠡᠬᠦ ᠬᠦᠴᠦᠷᠬᠡᠭ ᠳᠥᠷᠪᠡᠨ ᠲᠣᠮᠣ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠪᠠᠷ ᠬᠦᠴᠦᠯᠡᠨ | ᠴᠢᠷᠮᠠᠶᠢᠵᠤ᠂ ᠰᠢᠶᠧ ᠰᠢᠨ ᠮᠥᠬᠦᠯᠢᠭᠲᠦ ᠴᠠᠬᠢᠭᠤᠷ᠂ ᠳ᠋ᠦᠩ ᠵᠢᠩ ᠵᠠᠳᠠᠷᠠᠵᠤ ᠪᠣᠯᠬᠤ ᠪᠥᠭᠡᠭᠡᠨᠡᠷᠡᠯ ᠡᠰᠲ᠋ᠧᠷ ᠵᠡᠷᠭᠡ | ᠨᠢᠭᠡ ᠴᠤᠭᠴᠠᠵᠢᠭᠰᠠᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠰᠢᠩ ᠹᠡ ᠣᠷᠭᠠᠨᠢᠭ ᠴᠠᠬᠢᠭᠤᠷ᠂ ᠵᠢᠶᠦ᠋ᠨ | ᠵᠧᠩ BDO ᠵᠡᠷᠭᠡ ᠳᠡᠭᠡᠳᠦ ᠲᠠᠰ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ 9 ᠲᠥᠷᠥᠯ ᠵᠦᠢᠯ ᠢ | ᠲᠦᠷᠭᠡᠳᠬᠡᠨ ᠪᠠᠶᠢᠭᠤᠯᠵᠤ᠂ ᠶᠤᠸᠠᠨ ᠬᠤᠩ ᠳᠥᠷᠪᠡᠳᠦᠭᠡᠷ ᠬᠤᠭᠤᠴᠠᠭ᠎ᠠ᠂ ᠢ ᠽᠧ ᠡᠮ ᠦᠢᠯᠡᠳᠬᠦ ᠵᠡᠷᠭᠡ 4 ᠬᠡᠷᠡᠯ | ᠴᠡᠨᠡᠭ ᠤᠨ ᠲᠥᠷᠥᠯ ᠵᠦᠢᠯ ᠢ ᠲᠣᠤᠷ ᠲᠤ ᠨᠡᠶᠢᠯᠡᠭᠦᠯᠦᠨ ᠠᠵᠢᠯᠯᠠᠭᠤᠯᠵᠤ᠂ ᠪᠥᠬᠦ ᠪᠥᠮᠪᠥᠷᠴᠡᠭ ᠤᠨ ᠬᠠᠮᠤᠭ ᠤᠨ | ᠲᠣᠮᠣ ᠳ᠋ᠦᠩ ᠶᠤᠸᠠᠨ BDO ᠪᠦᠷᠢᠨ ᠢᠵᠢ ᠪᠥᠷᠢᠳᠦᠭᠦᠯᠦᠭᠰᠡᠨ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠠᠶᠢᠭᠤᠯᠤᠨ ᠳᠠᠭᠤᠰᠬᠠᠵᠤ ᠲᠤᠷᠰᠢᠨ ᠦᠢᠯᠡᠳᠪᠦᠷᠢᠯᠡᠵᠦ᠂ ᠵᠠᠳᠠᠷᠠᠵᠤ ᠪᠣᠯᠬᠤ ᠰᠦᠯᠢᠶᠣᠣ᠂ ᠣᠷᠭᠠᠨᠢᠭ ᠴᠠᠬᠢᠭᠤᠷ ᠵᠡᠷᠭᠡ | ᠤᠨᠴᠠᠯᠢᠭᠳᠤ ᠠᠵᠤ ᠦᠢᠯᠡᠰ ᠤᠨ ᠪᠥᠭᠡᠮᠨᠡᠷᠡᠯ ᠢ ᠲᠦᠷᠭᠡᠨ ᠪᠦᠷᠢᠯᠳᠦᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠪᠡᠶᠡᠯᠡᠭᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠭᠦᠯᠵᠦ᠂ ᠲᠣᠭᠤᠷᠢᠭ ᠤᠨ ᠳᠠᠷᠤᠭ᠎ᠠ ᠶᠢᠨ ᠦᠢᠯᠡᠴᠢᠯᠡᠭᠡᠨ ᠤ ᠡᠳᠦᠷ᠂ ︽24 | ᠴᠠᠭ ᠲᠤ ᠡᠭᠦᠳᠡ ᠪᠠᠨ ᠬᠠᠭᠠᠬᠤ ᠥᠬᠡᠶ︾ ᠵᠡᠷᠭᠡ ᠨᠢᠭᠡ ᠪᠦᠯᠦᠭ ᠬᠠᠲᠠᠭᠤ ᠴᠥᠮ᠎ᠡ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ 212 ᠵᠦᠢᠯ ᠤᠨ ᠥᠨᠳᠥᠷ ᠳᠠᠪᠲᠠᠮᠵᠢᠲᠤ ᠵᠦᠢᠯᠡᠰ ᠢ | ︽ᠦᠨᠡᠮᠯᠡᠯ ᠢ ᠬᠡᠯᠲᠦᠷᠢᠭᠦᠯᠬᠦ︾ ᠶᠢ ᠭᠦᠢᠴᠡᠳᠭᠡᠵᠦ᠂ 789 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠪᠣᠯᠭᠠᠪᠠ᠃ ︽ᠲᠠᠪᠤ ᠶᠢ ᠲᠤᠶᠢᠯᠪᠦᠷᠢᠲᠠᠢ ᠪᠠᠶᠢᠴᠠᠭᠠᠬᠤ︾ | ᠠᠵᠢᠯᠯᠠᠭ᠎ᠠ ᠶᠢ ᠥᠨᠳᠥᠷ ᠪᠠᠶᠢᠷᠢᠨ ᠳᠤ ᠲᠠᠯᠪᠢᠨ ᠠᠬᠢᠭᠤᠯᠵᠤ᠂ ︽ᠢᠴᠡᠭᠡᠯᠡᠭᠰᠡᠨ︾ ᠡᠬᠢ ᠪᠠᠶᠠᠯᠢᠭ ᠢ ᠪᠦᠬᠦ ᠲᠠᠯ᠎ᠠ ᠪᠠᠷ | ᠠᠮᠢᠯᠠᠭᠤᠯᠵᠤ᠂ 102 ᠵᠦᠢᠯ ᠤᠨ ᠵᠥᠪᠰᠢᠶᠡᠷᠡᠬᠦ ᠶᠢ ᠬᠦᠯᠢᠶᠡᠵᠦ ᠪᠠᠶᠢᠭ᠎ᠠ ᠭᠠᠷ ᠭᠦᠢᠴᠡᠳᠬᠡᠯ ᠢ ᠲᠦᠷᠭᠡᠨ | ᠭᠦᠢᠴᠡᠳᠬᠡᠵᠦ᠂ 3597 ᠲᠦᠮᠡᠨ ᠲᠥᠭᠦᠷᠢᠭ ᠤᠨ ᠲᠤᠨᠤᠮᠠᠯ ᠪᠡᠯᠡ ᠮᠥᠩᠭᠦ ᠶᠢ ᠥᠨᠳᠥᠷ ᠪᠦᠲᠦᠮᠵᠢᠲᠡᠢ ᠠᠰᠢᠭᠯᠠᠵᠤ | ᠂ 35 ᠾᠧᠺᠲ᠋ᠠᠷ ᠰᠤᠯᠠ ᠪᠠᠶᠢᠭ᠎ᠠ ᠭᠠᠵᠠᠷ ᠰᠢᠷᠣᠢ ᠶᠢ ᠰᠢᠩᠭᠡᠭᠡᠨ ᠠᠪᠴᠤ᠂ 15 ᠡᠷᠦᠬᠡ ︽ᠬᠥᠰᠢᠮᠡᠯ ᠦᠬᠦᠳᠡᠯ | ᠠᠵᠤ ᠠᠬᠤᠶᠢᠯᠠᠯ︾ ᠢ ᠡᠮᠬᠢ ᠵᠢᠷᠤᠮ ᠲᠠᠢ ᠴᠡᠪᠡᠷᠯᠡᠨ ᠤᠬᠤᠷᠢᠭᠤᠯᠪᠠ᠃ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ | ᠪᠡᠶᠡᠯᠡᠭᠦᠯᠪᠡ᠃ ᠰᠢᠩ ᠹᠠ᠂ ᠰᠢᠨ ᠨᠥᠩ ᠵᠢᠢ ᠵᠡᠷᠭᠡ 3 ᠠᠵᠤ ᠠᠬᠤᠶᠢᠯᠠᠯ ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠤᠨ ᠨᠤᠲᠠᠯᠠᠯᠲᠠ ᠶᠢ ᠣᠯᠵᠤ᠂ ᠶᠤᠸᠠᠨ ᠬᠤᠩ᠂ ᠵᠢᠶᠠ ᠷᠦᠢ ᠮᠢ ᠵᠡᠷᠭᠡ ᠨᠢᠭᠡᠳᠦᠭᠡᠷ | ᠪᠦᠯᠦᠭ ᠤᠯᠤᠰ ᠤᠨ ᠭᠤᠤᠯᠳᠠᠯᠭ᠎ᠠ ᠲᠠᠢ ︽ᠵᠢᠵᠢᠭ ᠲᠣᠮᠦ ᠬᠦᠮᠦᠨ︾ ᠠᠵᠤ ᠠᠬᠤᠶᠢᠯᠠᠯ ᠰᠢᠨ᠎ᠡ ᠪᠠᠷ ᠨᠡᠮᠡᠭᠳᠡᠵᠦ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠪᠠ ︽ᠲᠤᠰᠬᠠᠶ ᠨᠠᠷᠢᠯᠢᠭ | ᠣᠨᠴᠠ ᠰᠢᠨ᠎ᠡ︾ ᠠᠵᠤ ᠠᠬᠤᠶᠢᠯᠠᠯ 5 ᠡᠷᠦᠬᠡ᠂ ᠪᠠᠷᠠᠭᠤᠨ ᠬᠤᠶᠢᠲᠤ ᠶᠢᠨ ᠬᠢᠮᠢ ᠶᠢᠨ ᠲᠣᠤᠷ ᠨᠢ ᠥᠪᠡᠷᠲᠡᠭᠡᠨ | ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠢᠱᠢᠶ᠎ᠡ | ᠦᠵᠡᠭᠦᠯᠬᠦ ᠲᠠᠪᠴᠠᠩ ᠳᠤ ᠰᠣᠩᠭᠤᠭᠳᠠᠵᠤ᠂ ᠹᠧᠶ ᠱᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠡᠳᠬᠡᠮᠵᠢ ᠵᠠᠳᠠᠯᠤᠯᠲᠠ ᠶᠢᠨ ᠬᠤᠶᠠᠳᠤᠭᠠᠷ ᠳᠡᠰ ᠤᠨ ᠵᠠᠩᠭᠢᠯᠠᠭ᠎ᠠ ᠶᠢᠨ | ᠴᠡᠭ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠠᠷ ᠦᠨᠡᠯᠡᠭᠳᠡᠵᠦ᠂ ᠪᠥᠬᠦ ᠲᠤᠭᠤᠷᠢᠭ ᠤᠨ ᠰᠢᠨ᠎ᠡ ᠪᠠᠷ | ᠨᠡᠮᠡᠭᠳᠡᠭᠰᠡᠨ ᠲᠤᠰᠬᠠᠶ ᠠᠰᠢᠭ ᠤᠨ ᠡᠷᠬᠡ 114 ᠵᠦᠢᠯ ᠤᠨ ᠡᠷᠬᠡ ᠣᠯᠭᠤᠪᠠ᠃ | — ᠠᠮᠢ ᠠᠬᠤᠢ ᠶᠢ ᠲᠡᠷᠢᠭᠦᠨ ᠳᠤ ᠲᠠᠯᠪᠢᠬᠤ᠂ ᠳᠤᠲᠠᠭᠤᠳᠠᠯ ᠢ ᠨᠥᠬᠦᠪᠦᠷᠢᠯᠡᠬᠦ᠂ ᠬᠦᠴᠢᠷ ᠠᠰᠠᠭᠤᠳᠠᠯ ᠢ | ᠰᠢᠢᠳᠪᠦᠷᠢᠯᠡᠬᠦ ᠶᠢ ᠲᠣᠪᠤᠶᠢᠯᠭᠠᠨ᠂ ᠣᠷᠴᠢᠨ ᠠᠬᠤᠢ ᠶᠢᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃ | ︽ᠳᠤᠯᠤᠭ᠎ᠠ ᠶᠢ ᠵᠠᠰᠠᠬᠤ︾ ᠰᠢᠰᠲ᠋ᠧᠮ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠡᠯ᠎ᠡ ᠱᠠᠲᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠡᠷᠡᠰ ᠬᠦᠴᠦᠲᠡᠢ ᠴᠡᠭᠴᠡᠯᠡᠨ ᠰᠠᠶᠢᠵᠢᠷᠠᠭᠤᠯᠪᠠ᠃ ︽ᠭᠤᠷᠪᠠᠨ ᠣᠷᠣᠨ ᠭᠤᠷᠪᠠᠨ | ᠱᠤᠭᠤᠮ︾ ᠤᠨ ᠵᠠᠭᠠᠭ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ︽ᠭᠤᠷᠪᠠᠨ ᠱᠤᠭᠤᠮ ᠨᠢᠭᠡ ᠲᠠᠩᠰᠠ︾ | ᠶᠢᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠣᠷᠣᠨ ᠤ ᠬᠠᠮᠢᠶᠠᠷᠤᠨ ᠡᠵᠡᠮᠳᠡᠬᠦ ᠶᠢ ᠪᠡᠶᠡᠯᠡᠭᠦᠯᠪᠡ᠃ ᠠᠭᠠᠷ | ᠮᠠᠨᠳᠠᠯ ᠤᠨ ᠪᠣᠬᠢᠷᠲᠤᠯ ᠤᠨ ︽ᠳᠠᠶᠢᠨ ᠵᠠᠷᠯᠠᠬᠤ︾᠂ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠭᠴᠢ︾ ᠶᠢ | ᠣᠷᠣᠭᠤᠯᠤᠨ ᠠᠪᠴᠢᠷᠠᠵᠤ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠪᠠ ᠥᠮᠦᠬᠡᠢ ᠦᠨᠦᠷ ᠢ ᠲᠤᠰᠬᠠᠶ ᠵᠠᠰᠠᠬᠤ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠣᠨᠴᠠ ᠭᠠᠳᠠᠭᠰᠢᠯᠠᠭᠤᠯᠬᠤ ᠬᠡᠮᠵᠢᠶ᠎ᠡ ᠶᠢ ᠬᠢᠵᠠᠭᠠᠷᠯᠠᠬᠤ ᠪᠠᠷᠢᠮᠵᠢᠶ᠎ᠠ ᠶᠢ | ᠳᠡᠭᠡᠭᠰᠢᠯᠡᠭᠦᠯᠬᠦ ᠥᠭᠡᠷᠡᠴᠢᠯᠡᠯᠲᠡ᠂ ᠬᠠᠶᠠᠭᠳᠠᠮᠠᠯ ᠬᠡᠢ ᠶᠢ ᠭᠦᠨᠵᠡᠭᠡᠶ ᠵᠠᠰᠠᠬᠤ ᠵᠡᠷᠭᠡ 9 ᠵᠦᠢᠯᠡᠰ ᠢ ᠪᠡᠶᠡᠯᠡᠭᠦᠯᠵᠦ᠂ | ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ 2.6 ᠵᠠᠭᠤᠨ ᠤ ᠴᠡᠭ ᠳᠡᠭᠡᠭᠰᠢᠯᠡᠭᠦᠯᠪᠡ᠃ | ᠠᠭᠤᠷᠬᠠᠢ ᠶᠢᠨ ᠣᠷᠣᠨ ᠤ ᠠᠮᠢ ᠠᠬᠤᠢ ᠶᠢᠨ ᠰᠡᠷᠭᠦᠭᠡᠯᠲᠡ ᠶᠢ ᠪᠦᠬᠦ ᠬᠦᠴᠦᠨ ᠢᠶᠠᠷ ᠠᠬᠢᠭᠤᠯᠪᠠ᠃ ︽ᠬᠤᠶᠠᠷ | ᠬᠠᠷᠢᠭᠤᠴᠠᠯᠭ᠎ᠠ ᠬᠤᠶᠠᠷ ᠲᠠᠷᠤᠭ᠎ᠠ ᠶᠢᠨ ᠲᠦᠷᠢᠮ︾ ᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠬᠤᠸᠠ ᠶᠢᠨ᠂ | ᠬᠤᠸᠠᠩ ᠪᠠᠢ ᠽᠢ ᠠᠭᠤᠷᠬᠠᠢ ᠵᠡᠷᠭᠡ 9 ᠵᠠᠰᠠᠯᠲᠠ ᠶᠢᠨ ᠲᠦᠷᠦᠯ ᠵᠦᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ | ᠰᠣᠬᠠᠶᠢᠲᠤ ᠵᠢᠵᠢᠭ ᠲᠡᠮᠦᠷ ᠮᠠᠯᠠᠭᠠᠢ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠠᠮᠢ ᠠᠬᠤᠢ ᠶᠢ ᠰᠡᠷᠭᠦᠭᠡᠨ ᠵᠠᠰᠠᠬᠤ | ᠣᠨ ᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ 308 ᠲᠦᠮᠡᠨ ᠲᠡᠭᠰᠢ ᠳᠥᠷᠪᠡᠯᠵᠢᠨ ᠮᠧᠲᠷ ᠢ ᠰᠡᠷᠭᠦᠭᠡᠨ | ᠨᠣᠭᠤᠭᠠᠷᠠᠭᠤᠯᠵᠤ᠂ ᠭᠠᠵᠠᠷ ᠰᠢᠨᠵᠢᠯᠡᠭᠡᠨ ᠤ 450 ᠲᠦᠮᠡᠨ ᠲᠡᠭᠰᠢ ᠳᠥᠷᠪᠡᠯᠵᠢᠨ ᠮᠧᠲᠷ ᠢ ᠰᠡᠷᠭᠦᠭᠡᠨ ᠵᠠᠰᠠᠪᠠ᠃ ᠵᠠᠮ | ᠲᠡᠭᠡᠭᠡᠪᠦᠷᠢ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠪᠦᠬᠦ ᠬᠤᠲᠠ ᠶᠢᠨ ᠠᠩᠬᠠᠳᠠᠭᠴᠢ ᠨᠡᠭᠦᠷᠡᠰᠦ ᠶᠢ | ᠶᠡᠷᠦᠩᠬᠡᠶᠢᠯᠡᠨ ᠵᠠᠰᠠᠬᠤ ᠬᠥᠮᠦᠨ ᠦᠭᠡᠢ ᠵᠢᠵᠢᠭᠦᠷᠯᠡᠨ ᠰᠠᠬᠢᠵᠤ ᠬᠠᠮᠢᠶᠠᠷᠤᠨ ᠡᠵᠡᠮᠳᠡᠬᠦ ᠰᠢᠰᠲ᠋ᠧᠮ ᠢ ᠪᠠᠶᠢᠭᠤᠯᠵᠤ᠂ | 90 ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠢ ᠳᠡᠯᠭᠡᠷᠡᠭᠦᠯᠦᠨ ᠬᠡᠷᠡᠭᠯᠡᠵᠦ᠂ 3 ᠴᠠᠬᠢᠯᠭᠠᠨ ᠴᠡᠨᠡᠭᠯᠡᠬᠦ | ᠥᠷᠲᠡᠭᠡ ᠶᠢ ᠠᠰᠢᠭᠯᠠᠯᠲᠠ ᠳᠤ ᠣᠷᠤᠭᠤᠯᠵᠤ᠂ ᠠᠭᠤᠷᠬᠠᠢ ᠶᠢᠨ ᠣᠷᠣᠨ ᠤ ᠵᠠᠮ ᠪᠦᠬᠦ ᠱᠤᠭᠤᠮ ᠢᠶᠠᠷ ᠨᠡᠪᠲᠡᠷᠡᠪᠡ᠃ | ᠶᠡᠷᠦᠩᠬᠡᠶᠢᠯᠡᠨ ᠤᠰᠤ ᠵᠠᠰᠠᠬᠤ ᠠᠵᠢᠯ ᠢ ᠬᠦᠴᠦᠯᠡᠨ ᠰᠠᠶᠢᠲᠤᠷ ᠬᠢᠪᠡ᠃ ︽ᠳᠥᠷᠪᠡᠨ ᠤᠰᠤ ᠪᠠᠷ ᠳᠥᠷᠪᠡ ᠶᠢ | ᠲᠣᠭᠲᠠᠭᠠᠬᠤ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠣᠷᠤᠨ︾ ᠤ ᠤᠰᠤ ᠠᠷᠪᠢᠯᠠᠬᠤ | ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠤᠶᠤᠨᠲᠤ ᠤᠰᠤᠨ ᠤ ᠶᠠᠪᠤᠳᠠᠯ ᠢ ᠬᠢᠨᠠᠨ ᠬᠡᠮᠵᠢᠬᠦ᠂ ᠤᠰᠤᠨ ᠤ ᠪᠠᠶᠢᠳᠠᠯ ᠤᠨ | ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ | ᠲᠠᠷᠢᠶᠠᠯᠠᠩ ᠤᠨ ᠤᠰᠤ ᠠᠷᠪᠢᠯᠠᠬᠤ᠂ ᠨᠣᠭᠤᠭᠠᠷᠠᠭᠤᠯᠤᠯᠲᠠ ᠶᠢᠨ ᠳᠤᠰᠤᠯ ᠤᠰᠤ ᠵᠡᠷᠭᠡ ᠤᠰᠤᠯᠠᠯᠲᠠ ᠶᠢᠨ | ᠢᠨᠵᠧᠨᠧᠷᠢᠩ ᠢ ᠥᠭᠡᠷᠡᠴᠢᠯᠡᠨ ᠪᠠᠶᠢᠭᠤᠯᠵᠤ᠂ 4 ᠠᠵᠤ ᠠᠬᠤᠶᠢᠯᠠᠯ ᠤᠰᠤᠨ ᠤ ᠦᠷ᠎ᠡ ᠠᠰᠢᠭ ᠢ ᠳᠡᠭᠡᠭᠰᠢᠯᠡᠭᠦᠯᠵᠦ᠂ | ᠲᠦᠮᠡᠨ ᠲᠥᠭᠦᠷᠢᠭ ᠤᠨ GDP᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠤᠰᠤ ᠬᠡᠷᠡᠭᠯᠡᠬᠦ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ 30% ᠠᠴᠠ ᠳᠡᠭᠡᠭᠰᠢ ᠪᠠᠭᠤᠷᠠᠭᠤᠯᠪᠠ᠃ | — ᠠᠵᠤ ᠦᠢᠯᠡᠰ ᠪᠣᠯᠤᠨ ᠬᠤᠲᠠ ᠶᠢᠨ ᠠᠭᠤᠰᠤᠯ ᠴᠠᠯ ᠢ ᠴᠢᠩᠭᠠᠳᠭᠠᠵᠤ ᠢᠵᠢ ᠪᠦᠷᠢᠳᠦᠭᠦᠯᠬᠦ ᠶᠢ | ᠠᠬᠢᠭᠤᠯᠵᠤ ᠬᠤᠲᠠ ᠶᠢᠨ ᠳᠦᠷᠰᠦ ᠪᠠᠢᠳᠠᠯ ᠢ ᠲᠠᠰᠤᠷᠠᠯᠲᠠ ᠦᠭᠡᠢ ᠰᠠᠢᠵᠢᠷᠠᠭᠤᠯᠪᠠ᠃ ᠬᠤᠲᠠ ᠲᠣᠭᠤᠷᠢᠭ ᠤᠨ | ᠲᠦᠷᠭᠡᠨ ᠰᠢᠨᠡᠳᠬᠡᠯᠲᠡ ᠶᠢ ᠲᠦᠷᠭᠡᠳᠭᠡᠪᠡ᠃ ᠨᠡᠭᠦᠯᠭᠡᠬᠦ ᠪᠠ ᠥᠭᠡᠷᠡᠴᠢᠯᠡᠬᠦ ᠶᠢ ᠵᠡᠷᠭᠡᠪᠡᠷ ᠴᠢᠬᠤᠯᠠᠴᠢᠯᠠᠬᠤ᠂ | ᠨᠢᠭᠡᠳᠦᠯᠲᠡᠶ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠶᠢᠨ ᠰᠢᠦ᠂ ᠪᠦᠯᠬᠦᠮᠳᠡᠯ ᠵᠡᠷᠭᠡ 7 ᠬᠠᠭᠤᠴᠢᠨ ᠰᠠᠭᠤᠭᠠᠯᠢ | ᠲᠣᠭᠤᠷᠢᠭ ᠤᠨ ᠳᠦᠷᠰᠦ ᠪᠠᠶᠢᠳᠠᠯ ᠢ ᠰᠠᠶᠢᠵᠢᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ | ᠭᠤᠶᠤᠴᠢᠯᠠᠬᠤ ᠬᠡᠯᠪᠡᠷᠢ ᠶᠢᠨ ᠬᠡᠯᠡᠯᠴᠡᠭᠡᠷ ᠢ ᠨᠡᠭᠦᠯᠭᠡᠬᠦ ᠠᠵᠢᠯ ᠢ ᠡᠬᠢᠯᠡᠨ ᠬᠡᠷᠡᠭᠵᠢᠭᠦᠯᠵᠦ᠂ 700 ᠭᠠᠷᠤᠶ ᠡᠷᠦᠬᠡ | ᠰᠠᠭᠤᠭᠠᠯᠢ ᠠᠷᠠᠳ ᠰᠢᠨ᠎ᠡ ᠣᠷᠣᠨ ᠰᠠᠭᠤᠴᠠ ᠳᠤ ᠨᠡᠭᠦᠪᠡ᠃ ᠬᠤᠳᠠ ᠶᠢᠨ ᠶᠠᠪᠤᠳᠠᠯ ᠤᠨ ᠳᠤᠲᠠᠭᠤᠳᠠᠯ ᠢ ᠲᠦᠷᠭᠡᠨ | ᠨᠥᠬᠦᠪᠥᠷᠢᠯᠡᠵᠦ᠂ ᠶᠢᠨ ᠰᠢᠶᠠᠩ᠂ ᠶᠢᠨ ᠬᠤ᠋ ᠵᠡᠷᠭᠡ ᠭᠠᠳᠠᠨᠠᠬᠢ ᠢᠵᠢ ᠪᠦᠷᠢᠳᠦᠭᠰᠡᠨ ᠲᠥᠬᠦᠭᠡᠷᠦᠮᠵᠢ ᠶᠢ ᠪᠠᠷᠢᠯᠭ᠎ᠠ | ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠬᠤᠳᠠ ᠶᠢᠨ ᠲᠣᠭᠤᠷᠢᠭ ᠤᠨ ᠤᠰᠤᠲᠤᠯ ᠢ ᠵᠠᠰᠠᠬᠤ ᠰᠢᠰᠲ᠋ᠧᠮᠲᠦ | ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠵᠦ᠂ 10.8 ᠲᠦᠮᠡᠨ ᠲᠡᠭᠰᠢ ᠳᠥᠷᠪᠡᠯᠵᠢᠨ ᠮᠧᠲᠷ ᠢᠯᠴᠢ ᠬᠠᠩᠭᠠᠬᠤ | ᠲᠠᠯᠠᠪᠠᠢ ᠶᠢ ᠰᠢᠨ᠎ᠡ ᠪᠠᠷ ᠨᠡᠮᠡᠭᠳᠡᠭᠦᠯᠵᠦ᠂ ᠡᠯ᠎ᠡ ᠲᠦᠷᠦᠯ ᠤᠨ ᠬᠤᠭᠤᠯᠠᠢ ᠶᠢᠨ ᠲᠣᠣᠷ ᠢ 15.1 ᠺᠢᠯᠤᠮᠧᠲᠷ ᠳᠡᠪᠢᠰᠪᠡ᠃ | ᠣᠷᠣᠰᠢᠨ ᠰᠠᠭᠤᠬᠤ ᠣᠷᠴᠢᠨ ᠲᠣᠭᠤᠷᠢᠨ ᠨᠠᠩ ᠲᠠᠭᠠᠯᠠᠮᠵᠢᠲᠠᠶ᠂ ᠰᠢᠨ ᠳ᠋ᠠ ︽ᠨᠢᠭᠡ ᠮᠦᠴᠡᠲᠤ ᠨᠡᠶᠢᠭᠡᠮ | ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢᠨ ᠲᠤᠷᠰᠢᠯᠲᠠ ᠶᠢᠨ ᠴᠡᠭ ᠢ ᠪᠠᠶᠢᠭᠤᠯᠵᠤ᠂ ᠰᠣᠶᠣᠯ ᠤᠨ ᠣᠷᠳᠣ | ᠬᠤᠩᠭᠢᠯ ᠪᠠ ᠬᠠᠷᠮᠠᠨ ᠴᠡᠴᠡᠷᠯᠢᠭ ᠢ ᠨᠠᠷᠢᠨ ᠨᠢᠮᠪᠠᠶ ᠪᠠᠶᠢᠭᠤᠯᠵᠤ᠂ ᠠᠷᠠᠳ ᠲᠤ ᠲᠥᠬᠦᠮ ᠦᠵᠡᠭᠦᠯᠬᠦ 5 ᠲᠣᠤᠷ | ᠴᠡᠭ ᠢ ᠰᠢᠯᠢᠳᠡᠭᠵᠢᠭᠦᠯᠦᠨ ᠪᠠᠶᠢᠭᠤᠯᠵᠤ᠂ 18 ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠰᠢᠭᠢᠳᠬᠡᠨ | ᠡᠵᠡᠩᠨᠡᠵᠦ᠂ ᠰᠠᠭᠤᠭᠠᠯᠢ ᠠᠷᠠᠳ ︽ᠬᠦᠷᠢᠶ᠎ᠡ︾ ᠠᠴᠠ ᠭᠠᠷᠬᠤ ᠦᠭᠡᠢ ᠪᠠᠷ ᠣᠶᠢᠷ᠎ᠠ ᠬᠠᠪᠢ ᠳᠠᠭᠠᠨ ᠲᠥᠬᠦᠮ ᠣᠯᠵᠦ | ᠬᠦᠷᠲᠡᠭᠰᠡᠨ ᠪᠠᠶᠢᠨ᠎ᠠ᠃ ᠲᠠᠷᠢᠶᠠᠯᠠᠬᠤ ᠣᠷᠣᠨ ᠤ ᠲᠠᠰ ᠳᠡᠪᠰᠢᠪᠡ᠃ ᠲᠠᠷᠢᠶᠠᠯᠠᠩ ᠪᠠ ᠵᠢᠭᠤᠯᠴᠢᠯᠠᠯ ᠤᠨ ᠠᠵᠤ | ᠦᠢᠯᠡᠰ ᠤᠨ ᠠᠭᠤᠰᠤᠯᠴᠠᠯ ᠬᠠᠷᠢᠯᠴᠠᠨ ᠠᠬᠢᠵᠤ᠂ ᠤᠯᠠᠭᠠᠨᠨᠠᠭᠤᠷ ᠤᠨ ᠰᠢᠨ᠎ᠡ ᠰᠣᠷᠭᠤᠭ ᠰᠢᠬᠢᠷᠯᠢᠭ ᠬᠤᠲᠠ ᠠᠵᠢᠯ | ᠵᠢᠩᠬᠢᠨᠢ ᠪᠠᠷ ᠡᠵᠡᠩᠨᠡᠵᠦ᠂ ᠨᠠᠭᠤᠷ ᠢ ᠲᠣᠭᠤᠷᠢᠨ ᠪᠡᠶ᠎ᠡ ᠴᠢᠭᠢᠷᠠᠭᠵᠢᠭᠤᠯᠣᠨ ᠲᠣᠭᠤᠷᠢᠨ ᠦᠵᠡᠬᠦ ᠶᠠᠪᠠᠭᠠᠨ ᠵᠠᠮ ᠢ | ᠡᠬᠢᠯᠡᠨ ᠪᠠᠶᠢᠭᠤᠯᠵᠤ᠂ ᠣᠯᠠᠨ ᠪᠢᠴᠢᠯ ᠵᠢᠭᠤᠯᠴᠢᠯᠠᠯ ᠤᠨ ᠰᠣᠳᠣᠨ ᠵᠠᠮ ᠱᠤᠭᠤᠮ ᠢ ᠨᠡᠭᠡᠭᠡᠵᠦ᠂ ᠲᠠᠷᠢᠶᠠᠴᠢᠳ ᠤᠨ | ᠡᠯᠪᠡᠭ ᠬᠤᠷᠢᠶᠠᠯᠲᠠ ᠶᠢᠨ ᠪᠠᠶᠠᠷ ᠪᠠ ᠲᠠᠷᠢᠶᠠᠯᠠᠩ ᠤᠨ ᠤᠷᠠᠯᠢᠭ ᠤᠨ ᠲᠡᠭᠦᠬᠦ ᠪᠠᠶᠠᠷ ᠢ ᠠᠮᠵᠢᠯᠲᠠ ᠲᠠᠢ ᠡᠷᠬᠢᠯᠡᠵᠦ᠂ | ᠽᠧ ᠶᠤᠸᠠᠨ ᠰᠢᠨ᠎ᠡ ᠲᠣᠰᠬᠤᠨ ᠤᠯᠤᠰ ᠤᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ | ᠲᠣᠰᠬᠤᠨ ᠢᠶᠠᠷ ᠦᠨᠡᠯᠡᠭᠳᠡᠪᠡ᠃ ᠲᠠᠷᠢᠶᠠᠯᠠᠩ ᠤᠨ ᠠᠵᠤ ᠦᠢᠯᠡᠰ ᠤᠨ ᠡᠷᠴᠢᠮᠵᠢᠭᠰᠡᠨ ᠬᠥᠭᠵᠢᠵᠦ᠂ ᠵᠢᠣᠨᠢ | ᠥᠪᠡᠷᠲᠡᠭᠡᠨ ᠵᠠᠰᠠᠬᠤ ᠣᠷᠣᠨ ᠤ ᠲᠠᠰ ᠤᠨ ︽ᠣᠳᠣᠨ ᠡᠭᠦᠳᠦᠯᠲᠡ ᠶᠢᠨ ᠭᠠᠵᠠᠷ︾ ᠢᠶᠠᠷ ᠵᠥᠪᠰᠢᠶᠡᠷᠡᠭᠳᠡᠵᠦ᠂ ᠯᠢᠦᠢ | ᠨᠦᠩ ᠶᠦᠩ ᠱᠧᠩ ︽ᠳᠤᠮᠳᠠᠳᠤ ᠤᠯᠤᠰ ᠤᠨ ᠬᠥᠳᠡᠭᠡ ᠲᠣᠰᠬᠤᠨ ᠤ ᠲᠤᠰᠬᠠᠶ ᠮᠡᠷᠭᠡᠵᠢᠯ ᠤᠨ ᠨᠡᠶᠢᠭᠡᠮᠯᠢᠭ ᠤᠨ | ᠦᠵᠦᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ︾ ᠳᠤ ᠰᠣᠩᠭᠤᠭᠳᠠᠪᠠ᠃ ᠬᠦᠷᠢᠶᠡᠯᠡᠩ | ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠰᠠᠭᠤᠷᠢ ᠶᠢ ᠪᠠᠬᠢᠵᠢᠭᠦᠯᠪᠡ᠃ ᠬᠢᠮᠢ ᠶᠢᠨ ᠠᠵᠤ ᠦᠢᠯᠡᠳᠪᠦᠷᠢ ᠶᠢᠨ | ᠵᠠᠮ ᠥᠷᠭᠡᠵᠢᠨ ᠳᠡᠰ ᠳᠡᠪᠰᠢᠵᠦ᠂ ᠬᠠᠢ ᠢ ᠲᠦᠡᠭ ᠡᠮᠦᠨ᠎ᠡ ᠵᠠᠮ ᠪᠠᠶᠢᠭᠤᠯᠤᠭᠳᠠᠨ ᠲᠡᠷᠭᠡ ᠨᠡᠪᠲᠡᠷᠡᠪᠡ᠂ ᠯᠢᠶᠠᠨ | ᠴᠢᠶᠦ᠋ᠨ᠂ ᠵᠢᠶᠠᠩ ᠵᠧᠩ ᠵᠡᠷᠭᠡ ᠠᠵᠤ ᠠᠬᠤᠶᠢᠯᠠᠯ ᠤᠨ ᠠᠭᠤᠷ ᠤᠨ ᠬᠠᠮᠢᠶᠠᠷᠤᠯᠲᠠ ᠶᠢᠨ ᠲᠣᠤᠷ ᠢ ᠠᠰᠢᠭᠯᠠᠯᠲᠠ ᠳᠤ | ᠣᠷᠣᠭᠤᠯᠵᠤ᠂ ᠲᠡᠷᠭᠡ ᠬᠥᠰᠬᠡ ᠶᠢᠨ ᠣᠶᠤᠨᠴᠢ ᠬᠠᠮᠢᠶᠠᠷᠤᠯᠲᠠ ᠶᠢᠨ ᠰᠢᠰᠲ᠋ᠧᠮ ᠢ ᠰᠦᠯᠵᠢᠶᠡᠨ ᠳᠤ ᠣᠷᠣᠭᠤᠯᠤᠨ | ᠠᠵᠢᠯᠯᠠᠭᠤᠯᠵᠤ᠂ ᠪᠦᠬᠦ ᠬᠤᠲᠠ ᠶᠢᠨ ᠠᠩᠬᠠᠳᠠᠭᠴᠢ ᠠᠵᠤ ᠦᠢᠯᠡᠳᠪᠦᠷᠢ ᠶᠢᠨ ᠲᠥᠷᠥᠯ ᠵᠦᠢᠯ ᠤᠨ ︽ᠪᠠᠷᠢᠮᠵᠢᠶᠠᠲᠤ | ᠭᠠᠵᠠᠷ︾ ᠢ ᠫᠠᠶᠢᠰᠠ ᠡᠯᠭᠦᠨ ᠰᠢᠯᠵᠢᠭᠦᠯᠦᠨ ᠬᠤᠳᠠᠯᠳᠤᠪᠠ᠃ ᠠᠵᠤ ᠦᠢᠯᠡᠰ ᠤᠨ ᠬᠦᠷᠢᠶᠡᠯᠡᠩ ᠤᠨ ᠶᠠᠰᠤ ᠴᠢᠨᠠᠷ ᠢ | ᠳᠡᠭᠡᠭᠰᠢᠯᠡᠭᠦᠯᠬᠦ ᠰᠢᠨ᠎ᠡ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ 2 ᠵᠠᠩᠭᠢᠯᠠᠭ᠎ᠠ ᠶᠢᠨ ᠴᠡᠭ ᠤᠨ ᠪᠢᠴᠢᠯ | ᠦᠵᠡᠮᠵᠢ ᠶᠢ ᠪᠣᠶ ᠪᠣᠯᠭᠠᠵᠤ᠂ 5.5 ᠲᠦᠮᠡᠨ ᠲᠡᠭᠰᠢ ᠳᠥᠷᠪᠡᠯᠵᠢᠨ ᠮᠧᠲᠷ ᠤᠨ ᠨᠣᠭᠤᠭᠠᠷᠠᠭᠤᠯᠤᠯᠲᠠ ᠶᠢ | ᠳᠡᠭᠡᠭᠰᠢᠯᠡᠭᠦᠯᠪᠡ᠃ | — ᠠᠷᠠᠳ ᠤᠨ ᠲᠥᠯᠥᠭᠡ ᠪᠠᠢᠬᠤ ᠤᠭ ᠰᠠᠨᠠᠭ᠎ᠠ ᠪᠠᠨ ᠪᠠᠲᠤ ᠰᠠᠬᠢᠵᠤ᠂ ᠪᠣᠳᠠᠲᠤ ᠶᠠᠪᠤᠳᠠᠯ ᠬᠢᠵᠦ᠂ ᠪᠤᠶᠠᠨ | ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠨᠡᠩ ᠭᠦᠢᠴᠡᠳ ᠪᠣᠯᠪᠠ᠃ 75% ᠠᠴᠠ | ᠳᠡᠭᠡᠭᠰᠢ ᠡᠳ᠋ ᠤᠨ ᠵᠠᠰᠠᠭ ᠤᠨ ᠪᠡᠯᠡ ᠥᠩᠭᠦ ᠶᠢ ᠠᠷᠠᠳ ᠤᠨ ᠠᠮᠢᠳᠤᠷᠠᠯ ᠤᠨ ᠦᠢᠯᠡᠰ ᠲᠤ ᠣᠷᠤᠭᠤᠯᠪᠠ᠃ ᠰᠤᠷᠭᠠᠨ | ᠬᠥᠮᠦᠵᠢᠯ ᠢ ᠡᠩ ᠲᠡᠷᠢᠭᠦᠨ ᠳᠤ ᠲᠡᠩᠴᠡᠭᠦᠷᠢᠲᠡᠶ ᠪᠠᠶᠢᠯᠭᠠᠬᠤ ᠶᠢ ᠪᠠᠷᠢᠮᠲᠠᠯᠠᠬᠤ ᠬᠡᠷᠡᠭᠲᠡᠶ᠃ ᠪᠠᠭᠰᠢ ᠶᠢᠨ ᠡᠩᠨᠡᠭᠡ ᠶᠢ | ᠬᠦᠴᠦᠷᠬᠡᠭᠵᠢᠭᠦᠯᠵᠦ᠂ 68 ᠪᠠᠭᠰᠢ ᠶᠢ ᠤᠷᠢᠵᠤ ᠣᠷᠣᠭᠤᠯᠤᠨ ᠠᠪᠴᠢᠷᠠᠵᠤ᠂ 100 ᠭᠠᠷᠤᠢ ᠰᠠᠲᠤᠯᠢᠭ ᠡᠩᠨᠡᠭᠡ ᠶᠢᠨ | ᠴᠢᠳᠠᠪᠤᠷᠢᠲᠠᠨ ᠢ ᠨᠥᠭᠡᠴᠡᠯᠡᠵᠦ᠂ ᠳᠤᠮᠳᠠᠴᠢ ᠬᠢᠷᠢ ᠪᠦᠲᠦᠮᠵᠢ ᠪᠠᠷ ᠪᠦᠬᠦ ᠬᠤᠳᠠ ᠶᠢᠨ ︽ᠲᠤᠯᠤᠭᠠᠨ ᠵᠢᠯ ᠳᠠᠷᠠᠭᠠᠯᠠᠨ | ᠮᠠᠩᠯᠠᠢ︾ ᠶᠢ ᠪᠡᠶᠡᠯᠡᠭᠦᠯᠪᠡ᠃ ᠵᠠᠷᠤᠳᠠᠯ ᠢ ᠪᠠᠲᠤᠯᠠᠬᠤ ︽ᠨᠡᠮᠡᠭᠳᠡᠭᠦᠯᠬᠦ ᠠᠴᠠ ᠪᠢᠰᠢ ᠬᠠᠰᠤᠭᠳᠠᠬᠤ ᠦᠭᠡᠢ︾ ᠪᠠᠶᠢᠵᠤ᠂ | 7000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ | ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠰᠢᠨᠡᠳᠬᠡᠨ ᠲᠡᠰ ᠳᠡᠪᠰᠢᠭᠦᠯᠵᠦ᠂ 14 ᠠᠵᠢᠯᠯᠠᠭᠠᠨ ᠤ ᠲᠠᠯᠠᠪᠠᠢ | ᠣᠷᠳᠣᠨ ᠢ ᠲᠡᠰ ᠳᠡᠪᠰᠢᠭᠦᠯᠦᠨ ᠥᠭᠡᠷᠡᠴᠢᠯᠡᠵᠦ᠂ 8 ᠦᠢᠯᠡᠳᠦᠯᠭᠡ ᠶᠢᠨ ᠰᠤᠷᠭᠠᠨ ᠬᠥᠮᠦᠵᠢᠯ ᠤᠨ ᠰᠠᠭᠤᠷᠢᠨ ᠢ | ᠪᠠᠶᠢᠭᠤᠯᠵᠤ᠂ ᠵᠣᠯ ᠵᠢᠷᠭᠠᠯᠲᠤ ᠵᠡᠭᠡᠯᠢ ᠶᠢᠨ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠴᠢᠳᠠᠪᠬᠢᠲᠤ ᠠᠰᠠᠷ ᠢ | ᠪᠠᠶᠢᠭᠤᠯᠵᠤ ᠳᠠᠭᠤᠰᠬᠠᠨ ᠳᠠᠭᠤᠰᠬᠠᠵᠤ᠂ ᠠᠷᠪᠠᠨ ᠭᠤᠷᠪᠠᠨ ᠳᠤ ᠤᠷᠤᠭᠰᠢᠲᠠᠢ ᠨᠡᠶᠢᠯᠡᠨ ᠰᠢᠯᠵᠢᠵᠦ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠡᠭᠦᠳᠦᠨ ᠪᠠᠶᠢᠭᠤᠯᠬᠤ | ᠠᠵᠢᠯ ᠤᠨ ᠪᠡᠯᠡᠳᠬᠡᠯ ᠤᠷᠤᠭᠰᠢᠲᠠᠢ ᠪᠣᠯᠪᠠ᠃ ᠳᠣᠲᠣᠭᠠᠳᠤ ᠳᠠᠭᠠᠨ ᠪᠤᠶᠢᠵᠢᠭᠤᠯᠵᠤ ᠭᠠᠳᠠᠭᠰᠢ ᠪᠤᠳᠠᠲᠤ ᠬᠦᠴᠦᠨ ᠢ | ᠪᠤᠶᠢᠵᠢᠭᠤᠯᠬᠤ ᠶᠢ ᠪᠠᠷᠢᠮᠲᠠᠯᠠᠪᠠ᠃ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠫᠠᠶᠢᠰᠠ ᠡᠯᠭᠦᠨ ᠠᠵᠢᠯᠯᠠᠵᠤ᠂ ᠠᠷᠠᠳ ᠤᠨ ᠡᠮᠨᠡᠯᠭᠡ ᠶᠢᠨ ᠬᠤᠷᠢᠶ᠎ᠠ | ᠠᠯᠪᠠᠨ ᠠᠴᠠ ᠪᠠᠶᠢᠭᠤᠯᠤᠭᠰᠠᠨ ᠠᠰᠠᠷ᠂ ᠡᠮᠨᠡᠯᠭᠡ ᠳᠤ ᠰᠠᠭᠤᠬᠤ ᠠᠰᠠᠷ᠂ ᠡᠭᠦᠳᠡᠨ ᠡᠮᠨᠡᠯᠭᠡ ᠶᠢᠨ ᠠᠰᠠᠷ ᠤᠨ | ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠪᠡ᠃ ︽1+N︾ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ | ᠴᠣᠭᠴᠠ ᠶᠢ ᠠᠩᠬ᠎ᠠ ᠠᠯᠬᠤᠮ ᠪᠠᠶᠢᠭᠤᠯᠵᠤ᠂ ︽ᠲᠤᠰᠬᠠᠶ ᠮᠡᠷᠭᠡᠵᠢᠯᠲᠡᠨ ᠠᠴᠠ ᠠᠯᠤᠰ ᠠᠴᠠ ᠬᠠᠮᠲᠤᠷᠠᠨ | ᠣᠨᠣᠰᠢᠯᠠᠬᠤ + ᠡᠪᠡᠳᠴᠢᠲᠡᠨ ᠢ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ︾ ᠰᠠᠭᠠᠳ ᠥᠬᠡᠶ ᠨᠡᠪᠲᠡᠷᠡᠬᠦ | ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠪᠡ᠃ ᠰᠢᠨᠵᠢᠯᠡᠬᠦ ᠤᠬᠠᠭᠠᠨᠴᠢ ᠪᠠᠷ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠵᠦ᠂ 3 ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ | ᠠᠰᠢᠭᠯᠠᠯᠲᠠ ᠳᠤ ᠣᠷᠣᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ | ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ ᠣᠯᠠᠨ ᠲᠠᠯ᠎ᠠ ᠪᠠᠷ ᠬᠦᠴᠦᠯᠡᠵᠦ ᠨᠠᠭᠠᠳᠤ | ᠵᠠᠬ᠎ᠠ ᠶᠢᠨ ᠪᠠᠷᠢᠮᠵᠢᠶ᠎ᠠ ᠶᠢ ᠪᠠᠲᠤᠯᠠᠬᠤ ᠶᠢ ᠪᠠᠷᠢᠮᠲᠠᠯᠠᠪᠠ᠃ ᠠᠵᠢᠯ ᠣᠯᠵᠤ ᠠᠳᠠᠯ ᠦᠢᠯᠡᠰ ᠴᠣᠭᠴᠠᠯᠠᠬᠤ ᠨᠢ | ᠬᠦᠴᠦᠲᠡᠶ ᠪᠥᠭᠡᠳ ᠪᠦᠲᠦᠮᠵᠢᠲᠡᠶ᠂ ᠬᠤᠲᠠ ᠪᠠᠯᠭᠠᠰᠤᠨ ᠤ 1401 ᠬᠥᠮᠦᠨ ᠳᠤ ᠰᠢᠨ᠎ᠡ ᠪᠠᠷ ᠠᠵᠢᠯ ᠣᠯᠭᠤᠵᠤ᠂ | ᠬᠦᠴᠢᠷᠳᠡᠯᠲᠡᠶ ᠨᠡᠶᠢᠲᠡ 488 ᠬᠥᠮᠦᠨ ᠳᠤ ᠳᠠᠬᠢᠨ ᠠᠵᠢᠯ ᠣᠯᠭᠤᠵᠤ᠂ 1500 ᠭᠠᠷᠤᠶ ᠠᠵᠤ ᠦᠢᠯᠡᠰ ᠤᠨ | ᠠᠵᠢᠯᠴᠢᠨ ᠤᠷᠢᠪᠠ᠃ ᠨᠡᠶᠢᠭᠡᠮ ᠤᠨ ᠪᠠᠲᠤᠯᠠᠭ᠎ᠠ ᠶᠢ ᠪᠠᠲᠤᠯᠠᠵᠤ᠂ ︽ᠲᠠᠪᠤᠨ ᠳᠠᠭᠠᠳᠬᠠᠯ︾ ᠤᠨ ᠬᠠᠮᠤᠷᠬᠤ | ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠠᠭ ᠲᠤᠬᠠᠶ ᠳᠤᠨᠢ ᠡᠬᠢᠯᠡᠭᠦᠯᠵᠦ᠂ ᠡᠯ᠎ᠡ ᠲᠥᠷᠥᠯ ᠤᠨ ᠠᠪᠤᠷᠠᠨ | ᠲᠤᠰᠠᠯᠠᠬᠤ ᠪᠠᠯᠠ ᠮᠥᠩᠭᠦ ᠶᠢ 5723 ᠲᠦᠮᠡᠨ ᠲᠥᠭᠦᠷᠢᠭ ᠲᠠᠷᠬᠠᠭᠠᠵᠤ᠂ 5.3 ᠲᠦᠮᠡᠨ ᠬᠥᠮᠦᠨ ᠤᠳᠠᠭ᠎ᠠ ᠳᠤ | ᠠᠰᠢᠭ ᠬᠦᠷᠲᠡᠭᠡᠪᠡ᠃ ᠤᠯᠠᠨ ᠡᠰᠢᠵᠢᠬᠦᠯᠦᠨ ᠬᠠᠮᠲᠤ ᠪᠠᠷ ᠪᠠᠶᠢᠭᠤᠯᠵᠤ ᠵᠠᠰᠠᠬᠤ ᠶᠢ ᠠᠳᠬᠤᠬᠤ ᠶᠢ ᠪᠠᠷᠢᠮᠲᠠᠯᠠᠪᠠ᠃ | ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢ ᠭᠦᠨᠵᠡᠭᠡᠢ ᠪᠥᠭᠡᠳ | ᠪᠣᠳᠠᠲᠠᠢ ᠬᠢᠵᠦ᠂ ︽ᠲᠠᠪᠤᠨ ᠬᠤᠷᠰᠢᠶ᠎ᠠ ᠬᠤᠯᠪᠣᠭᠠᠯᠠᠨ ᠬᠥᠳᠡᠯᠦᠯᠴᠡᠬᠦ︾ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ | 5 ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠪᠠ | ᠃ ᠦᠨᠳᠦᠰᠦᠲᠡᠨ ᠤ ᠠᠵᠢᠯ ᠲᠠᠰᠤᠷᠠᠯᠲᠠ ᠦᠭᠡᠢ ᠭᠦᠨᠵᠡᠭᠡᠶᠢᠷᠡᠵᠦ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ 2 ᠵᠢᠱᠢᠶ᠎ᠡ ᠦᠵᠡᠭᠦᠯᠬᠦ ᠨᠢᠭᠡᠴᠢ ᠶᠢ | ᠰᠢᠨ᠎ᠡ ᠪᠠᠷ ᠨᠡᠮᠡᠭᠳᠡᠭᠦᠯᠪᠡ᠃ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠵᠦ᠂ ᠳᠤᠮᠳᠠᠳᠤ | ᠤᠯᠤᠰ ᠤᠨ ᠬᠠᠮᠲᠤᠷᠠᠨ ᠰᠢᠢᠳᠪᠦᠷᠢᠯᠡᠬᠦ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠳᠠᠪᠬᠤᠷᠳᠠᠭᠰᠠᠨ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠢᠯᠭᠠᠷᠠᠭᠤᠯᠤᠨ ᠰᠢᠢᠳᠪᠦᠷᠢᠯᠡᠵᠦ᠂ ᠵᠢᠶᠦ᠋ᠨ ᠵᠧᠩ ︽ᠪᠦᠬᠦ ᠤᠯᠤᠰ ᠤᠨ ᠡᠶ᠎ᠡ | ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠠᠵᠤ ᠠᠬᠤᠶᠢᠯᠠᠯ︾ | ᠢᠶᠠᠷ ᠦᠨᠡᠯᠡᠭᠳᠡᠪᠡ᠃ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ | ︽ᠠᠷᠢᠭᠤᠨ ᠴᠢᠬᠡᠴᠢ︾ ᠨᠢᠭᠡ ᠴᠣᠭᠴᠠᠵᠢᠭᠰᠠᠨ ᠪᠣᠳᠠᠲᠤ ᠪᠠᠶᠢᠯᠳᠤᠭᠠᠨ ᠤ ᠲᠥᠪ ᠢ ᠵᠢᠩᠬᠢᠨᠢ ᠪᠠᠷ ᠡᠬᠢᠯᠡᠨ | ᠬᠡᠷᠡᠭᠯᠡᠵᠦ᠂ ᠡᠷᠡᠭᠦᠦ ᠶᠢᠨ ᠬᠡᠷᠡᠭ ᠤᠨ ᠴᠠᠭᠳᠠᠭᠠᠨ ᠤ ᠪᠠᠶᠢᠳᠠᠯ 10.9% ᠪᠠᠷ ᠪᠠᠭᠤᠷᠠᠪᠠ᠃ ᠠᠶᠤᠯᠲᠠᠢ ᠬᠢᠮᠢ ᠶᠢᠨ | ᠪᠣᠳᠠᠰ᠂ ᠥᠪᠡᠷ ᠢᠶᠠᠨ ᠪᠠᠶᠢᠭᠤᠯᠤᠭᠰᠠᠨ᠂ ᠬᠤᠳᠠ ᠪᠠᠯᠭᠠᠰᠤᠨ ᠤ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ | ᠬᠦᠷᠢᠶᠡᠨ ᠤ ᠲᠤᠰᠬᠠᠢ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠶᠤᠯᠭᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ | ᠠᠮᠵᠢᠯᠲᠠ ᠲᠠᠢ ᠲᠡᠭᠦᠰᠬᠡᠵᠦ᠂ ︽ᠬᠢᠵᠢᠭ ᠤᠨ ᠪᠠᠶᠢᠳᠠᠯ ᠢ ᠰᠡᠷᠭᠡᠶᠢᠯᠡᠵᠦ᠂ ᠠᠵᠤ ᠠᠬᠤᠢ ᠶᠢ ᠲᠣᠭᠲᠠᠪᠤᠷᠢᠵᠢᠭᠤᠯᠵᠤ᠂ | ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ᠃ | ︱ ᠲᠤᠰ ᠪᠡᠶ᠎ᠡ ᠶᠢᠨ ᠪᠠᠶᠢᠭᠤᠯᠤᠯᠲᠠ ᠳᠤ ᠬᠦᠴᠦᠨ ᠢᠶᠠᠨ ᠲᠥᠪᠯᠡᠷᠡᠭᠦᠯᠵᠦ᠂ ᠰᠤᠷᠲᠠᠯ ᠢᠶᠠᠨ ᠬᠤᠪᠢᠷᠠᠭᠤᠯᠵᠤ | ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠴᠢᠳᠠᠪᠤᠷᠢ ᠪᠠᠨ ᠳᠠᠪᠲᠠᠭᠳᠠᠨ ᠳᠡᠭᠡᠭᠰᠢᠯᠡᠭᠦᠯᠪᠡ᠃ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠳᠣᠲᠣᠭᠠᠳᠤ ᠶᠢᠨ | ᠤᠯᠤᠰ ᠲᠦᠷᠦ ᠶᠢᠨ ᠠᠮᠢᠳᠤᠷᠠᠯ ᠢ ᠪᠣᠯᠭᠢᠴᠢᠯᠠᠵᠤ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠵᠤ᠂ ᠨᠡᠭᠡᠭᠡᠨ | ᠬᠥᠭᠵᠢᠭᠦᠯᠬᠦ ᠣᠷᠣᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠨᠤᠲᠤᠭ ᠪᠡᠯᠴᠢᠭᠡᠷ ᠣᠶᠢᠲᠤ ᠭᠠᠵᠠᠷ ᠢ | ᠡᠪᠳᠡᠬᠦ ᠵᠡᠷᠭᠡ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠯᠲᠠ ᠪᠣᠳᠠᠲᠤ ᠦᠷ᠎ᠡ ᠪᠦᠲᠦᠮᠵᠢ ᠤᠯᠪᠠ᠃ ᠵᠠᠰᠠᠭ ᠤᠨ | ᠣᠷᠳᠣᠨ ᠤ ᠰᠤᠷᠲᠠᠯ ᠢ ᠦᠷᠭᠦᠯᠵᠢᠯᠡᠨ ᠬᠤᠪᠢᠷᠠᠭᠤᠯᠵᠤ᠂ ᠵᠠᠰᠠᠭ ᠤᠨ ᠶᠠᠪᠤᠳᠠᠯ ᠤᠨ ᠠᠮᠵᠢᠯᠲᠠ ᠪᠦᠲᠦᠮᠵᠢ ᠶᠢᠨ | ᠰᠢᠯᠭᠠᠨ ᠦᠨᠡᠯᠡᠯᠲᠡ ᠳᠤ ᠭᠤᠷᠪᠠᠨ ᠲᠣᠭᠤᠷᠢᠭ ᠤᠨ ᠲᠡᠷᠢᠭᠦᠨ ᠳᠤ ᠣᠷᠣᠪᠠ᠃ ᠲᠥᠰᠦᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠦᠮᠴᠢᠯᠡᠯᠲᠤ ᠠᠵᠤ | ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ ᠠᠮᠵᠢᠯᠲᠠ ᠲᠠᠢ ᠳᠠᠭᠤᠰᠬᠠᠵᠤ᠂ | ᠲᠤᠭᠤᠷᠢᠭ ᠤᠨ ᠬᠠᠷᠢᠶ᠎ᠠ ᠪᠦᠬᠦᠢ ᠤᠯᠤᠰ ᠤᠨ ᠦᠮᠴᠢᠯᠡᠯᠲᠤ 3 ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠳᠠᠬᠢᠨ | ᠵᠣᠬᠢᠶᠠᠨ ᠪᠠᠶᠢᠭᠤᠯᠪᠠ᠃ ᠡᠳ᠋ ᠤᠨ ᠵᠠᠰᠠᠭ ᠮᠦᠩᠭᠦᠨ ᠭᠦᠢᠯᠭᠡᠭᠡᠨ ᠤ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ | ᠴᠢᠩᠭᠠᠷᠠᠭᠤᠯᠵᠤ᠂ ᠵᠠᠰᠠᠭ ᠤᠨ ᠣᠷᠳᠤᠨ ᠤ ᠣᠨ ᠤ ᠦᠷᠢ ᠦᠭᠴᠡᠭᠡ ᠶᠢ ᠠᠷᠢᠯᠭᠠᠬᠤ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠬᠠᠨᠤᠮᠵᠢ ᠶᠢᠨ ᠨᠤᠷᠮ᠎ᠠ 100% ᠳᠤ ᠬᠦᠷᠴᠡᠢ᠃ ︽ | ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠶᠢ ᠭᠦᠨᠵᠡᠭᠡᠢ ᠥᠷᠨᠢᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠲᠠᠶᠢᠴᠢᠯᠠᠯᠲᠠ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠢᠳᠡᠭᠡᠨ | ᠪᠠ ᠡᠮ ᠤᠨ ᠵᠦᠢᠯ ᠤᠨ ᠠᠮᠤᠷ ᠲᠦᠪᠰᠢᠨ᠂ ᠳᠠᠩᠰᠠ ᠡᠪᠬᠡᠮᠡᠯ ᠲᠡᠦᠬᠡ ᠲᠡᠮᠳᠡᠭᠯᠡᠯ᠂ ᠡᠮᠡᠭᠲᠡᠶᠢᠴᠦᠳ ᠬᠡᠦᠬᠡᠳ᠂ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ ᠤᠯᠠᠭᠠᠨ ᠵᠠᠭᠠᠯᠮᠠᠶᠢᠲᠠᠨ ᠪᠠ ᠵᠡᠮᠳᠡᠭᠴᠦᠳ ᠢ ᠬᠠᠯᠠᠮᠵᠢᠯᠠᠬᠤ ᠵᠡᠷᠭᠡ | ᠠᠵᠢᠯ ᠰᠢᠨ᠎ᠡ ᠠᠮᠵᠢᠯᠲᠠ ᠪᠦᠲᠦᠮᠵᠢ ᠤᠯᠪᠠ᠃ | ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠪᠡᠯ᠂ ᠪᠢᠳᠡ ᠪᠦᠬᠦ ᠰᠡᠳᠬᠢᠯ ᠪᠦᠬᠦ | ᠵᠣᠷᠢᠭ ᠢᠶᠠᠷ ᠠᠵᠤ ᠠᠬᠤᠢ ᠶᠢᠨ ᠬᠥᠭᠵᠢᠯᠲᠡ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ᠠᠷᠠᠳ ᠤᠨ | ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠱᠤᠭᠤᠮ ᠢ ᠪᠠᠲᠤ ᠰᠠᠬᠢᠵᠤ᠂ ᠪᠣᠳᠠᠲᠤ ᠨᠥᠬᠦᠴᠡᠯ ᠳᠣᠣᠷ᠎ᠠ | ᠬᠦᠷᠴᠦ ᠳᠡᠶᠢᠯᠬᠦ ᠨᠡᠯᠢᠶᠡᠳ ᠰᠠᠶᠢᠨ ᠦᠷ᠎ᠡ ᠪᠦᠲᠦᠮᠵᠢ ᠣᠯᠵᠤ᠂ ᠠᠮᠵᠢᠯᠲᠠ ᠪᠦᠲᠦᠮᠵᠢ ᠨᠢ ᠰᠠᠶᠢᠰᠢᠶᠠᠯᠲᠠᠢ ᠪᠠᠶᠢᠨ᠎ᠠ | ᠃ ᠡᠨᠡ ᠨᠢ ᠭᠤᠣᠯᠳᠠᠭᠤ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ | ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠦᠭᠰᠡᠨ ᠠᠴᠠ ᠪᠤᠯᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠥᠪᠯᠡᠯᠭᠡᠨ ᠤ ᠬᠦᠴᠦᠲᠡᠢ ᠬᠢᠨᠠᠯᠲᠠ ᠪᠠ ᠬᠦᠴᠦᠲᠡᠢ ᠳᠡᠮᠵᠢᠯᠭᠡ ᠶᠢᠨ ᠠᠴᠢ ᠲᠤᠰᠠ ᠠᠴᠠ ᠪᠤᠯᠵᠤ᠂ | ᠪᠦᠬᠦ ᠲᠤᠭᠤᠷᠢᠭ ᠪᠠ ᠳᠡᠭᠡᠳᠦ ᠲᠤᠤᠷᠠᠳᠤ ᠱᠠᠳᠤ ᠪᠠᠷ ᠢᠶᠠᠨ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ | ᠮᠢᠲᠠᠷᠠᠨ ᠬᠦᠴᠦ ᠪᠠᠨ ᠬᠠᠮᠲᠤᠳᠬᠠᠵᠤ ᠪᠠᠶᠢᠭ᠎ᠠ ᠠᠴᠠ ᠪᠣᠯᠤᠭᠰᠠᠨ ᠶᠤᠮ᠃ ᠠᠳᠡ ᠪᠢ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠢ ᠲᠥᠯᠥᠭᠡᠯᠡᠵᠦ᠂ ᠥᠷᠭᠡᠨ ᠣᠯᠠᠨ ᠺᠠᠳ᠋ᠷ ᠣᠯᠠᠨ ᠲᠥᠮᠡᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ | ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠤᠳᠤᠷᠢᠳᠤᠯᠭ᠎ᠠ᠂ | ᠠᠬᠠᠮᠠᠳ ᠨᠥᠬᠦᠳ᠂ ᠤᠳᠠ ᠲᠣᠭᠤᠷᠢᠭ ᠤᠨ ᠬᠥᠭᠵᠢᠯᠲᠡ ᠶᠢ ᠬᠠᠯᠠᠮᠵᠢᠯᠠᠭᠰᠠᠨ᠂ ᠳᠡᠮᠵᠢᠭᠰᠡᠨ᠂ ᠣᠷᠣᠯᠴᠠᠭᠰᠠᠨ | ᠡᠯ᠎ᠡ ᠡᠲᠡᠭᠡᠳ ᠤᠨ ᠬᠥᠮᠦᠰ᠂ ᠠᠵᠤ ᠠᠬᠤᠶᠢᠯᠠᠯᠲᠠᠨ ᠤ ᠨᠠᠶᠢᠵᠢ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ︕ ᠰᠢᠨ᠎ᠡ ᠨᠢᠭᠡ ᠵᠢᠯ ᠢ ᠪᠠᠷᠠᠯᠠᠬᠤᠶ᠎ᠠ᠂ ᠪᠢᠳᠡ ᠢᠲᠡᠭᠡᠯ ᠳᠦᠭᠦᠷᠡᠩ᠂ ᠬᠦᠴᠦᠨ ᠢᠶᠠᠨ | ᠬᠠᠳᠠᠭᠠᠯᠠᠵᠤ ᠮᠣᠷᠳᠠᠬᠤ ᠪᠠᠷ ᠪᠡᠯᠡᠳᠬᠡᠵᠦ᠂ ᠥᠪᠡᠷ ᠤᠨ ᠬᠦᠷᠦᠯᠴᠡᠬᠦ ᠦᠭᠡᠢ ᠲᠠᠯ᠎ᠠ ᠪᠠᠨ ᠰᠡᠷᠭᠡᠭ ᠢᠶᠠᠷ ᠲᠠᠨᠢᠵᠤ᠂ | ᠠᠰᠠᠭᠤᠳᠠᠯ ᠳᠤ ᠵᠥᠪ ᠢᠶᠠᠷ ᠬᠠᠨᠳᠤᠵᠤ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠠᠵᠠ ᠲᠣᠬᠢᠶᠠᠯ ᠢ ᠴᠢᠩᠭ᠎ᠠ | ᠡᠵᠡᠮᠳᠡᠵᠦ᠂ ᠴᠠᠭ ᠪᠢᠳᠡᠨ ᠢ ᠬᠦᠯᠢᠶᠡᠬᠦ ᠦᠭᠡᠢ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠨ᠎ᠠ᠃ | ᠤᠷᠤᠭᠰᠢᠯᠠᠯᠲᠠ ᠶᠢᠨ ᠵᠠᠮ ᠳᠡᠭᠡᠷ᠎ᠡ ᠪᠢᠳᠡ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠰᠠ ᠵᠠᠷᠢᠮ ᠬᠦᠴᠢᠷᠳᠡᠯ | ᠪᠠ ᠠᠰᠠᠭᠤᠳᠠᠯ ᠲᠤᠯᠭᠠᠷᠠᠵᠤ᠂ ᠵᠠᠰᠠᠭ ᠤᠨ ᠣᠷᠳᠣᠨ ᠤ ᠠᠵᠢᠯ ᠳᠤ ᠪᠠᠰᠠ ᠵᠣᠬᠢᠬᠤ ᠬᠡᠮᠵᠢᠶᠡᠨ ᠤ ᠳᠤᠲᠠᠭᠤᠳᠠᠯ ᠪᠠ | ᠵᠥᠷᠢᠶ᠎ᠡ ᠣᠷᠣᠰᠢᠵᠤ ᠪᠠᠶᠢᠬᠤ ᠶᠢ ᠭᠦᠨᠵᠡᠭᠡᠶ ᠣᠶᠢᠯᠠᠭᠠᠵᠤ ᠪᠠᠶᠢᠨ᠎ᠠ᠃ ᠨᠢᠭᠡ ᠳᠤ ᠠᠵᠤ ᠠᠬᠤᠢ ᠶᠢᠨ ᠦᠷᠭᠦᠯᠵᠢᠯᠡᠨ | ᠲᠣᠭᠲᠠᠭᠤᠨ ᠢᠶᠠᠷ ᠰᠠᠶᠢᠵᠢᠷᠠᠬᠤ ᠰᠠᠭᠤᠷᠢ ᠪᠠᠲᠤ ᠪᠠᠬᠢ ᠪᠢᠰᠢ᠂ ᠴᠢᠳᠠᠪᠤᠷᠢ ᠶᠢ ᠲᠦᠰᠢᠨ ᠠᠵᠤ ᠦᠢᠯᠡᠰ ᠤᠨ | ᠪᠦᠲᠦᠴᠡ ᠶᠢ ᠬᠠᠷᠠᠬᠠᠨ ᠦᠨᠳᠦᠰᠦ ᠠᠴᠠ ᠨᠢ ᠬᠤᠪᠢᠷᠠᠭᠤᠯᠤᠭᠠᠳᠤᠶ ᠪᠠᠶᠢᠵᠤ᠂ ᠰᠢᠨ᠎ᠡ ᠬᠥᠳᠡᠯᠭᠡᠭᠴᠢ ᠡᠨᠧᠷᠭᠢ ᠶᠢᠨ | ᠲᠤᠯᠭᠠᠭᠤᠷᠢᠯᠠᠬᠤ ᠦᠢᠯᠡᠳᠦᠯ ᠬᠠᠷᠠᠬᠠᠨ ᠢᠯᠡᠷᠡᠵᠦ ᠬᠠᠷᠠᠬᠠᠨ ᠠᠮᠵᠢᠭ᠎ᠠ ᠦᠭᠡᠢ᠂ ᠭᠠᠵᠠᠷ ᠰᠢᠷᠣᠶ᠂ ᠤᠰᠤᠨ ᠤ | ᠭᠦᠢᠴᠡᠳᠬᠡᠬᠦ ᠲᠤᠭ᠎ᠠ ᠵᠡᠷᠭᠡ ᠡᠬᠢ ᠪᠠᠶᠠᠯᠢᠭ ᠤᠨ ᠬᠦᠴᠦᠨ ᠵᠦᠢᠯ ᠮᠥᠨ ᠬᠦ ᠳᠤᠲᠠᠭᠳᠠᠵᠤ ᠪᠠᠶᠢᠨ᠎ᠠ᠃ ᠬᠤᠶᠠᠷ ᠲᠤ᠂ | ᠠᠮᠢ ᠠᠬᠤᠢ ᠶᠢ ᠵᠠᠰᠠᠬᠤ ᠡᠭᠦᠷᠭᠡ ᠮᠥᠨ ᠬᠦ ᠬᠠᠲᠠᠭᠤ ᠪᠡᠷᠬᠡ ᠪᠠᠶᠢᠵᠤ᠂ ᠠᠵᠤ ᠠᠬᠤᠶᠢᠯᠠᠯ ᠤᠨ ᠣᠨᠳᠣᠣ ᠦᠨᠦᠷ ᠢ | ᠵᠠᠰᠠᠬᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠳᠤ ᠳᠠᠷᠤᠯᠲᠠ | ᠦᠵᠡᠭᠦᠯᠵᠦ ᠠᠬᠢᠭᠤᠯᠬᠤ ᠴᠢᠬᠤᠯᠠᠲᠠᠢ ᠪᠠᠶᠢᠵᠤ᠂ ᠠᠭᠠᠷ ᠤᠨ ᠣᠷᠴᠢᠨ ᠲᠣᠭᠤᠷᠢᠨ ᠤ ᠶᠠᠰᠤ ᠴᠢᠨᠠᠷ ᠤᠨ ᠨᠡᠷᠡᠰ ᠤᠨ | ᠵᠢᠭᠰᠠᠭᠠᠯᠲᠠ ᠮᠥᠨ ᠬᠦ ᠥᠪᠡᠷᠲᠡᠭᠡᠨ ᠵᠠᠰᠠᠬᠤ ᠣᠷᠣᠨ ᠤ ᠡᠴᠦᠰ ᠤᠨ ᠪᠠᠶᠢᠷᠢ ᠳᠤ ᠪᠠᠶᠢᠨ᠎ᠠ᠃ ᠭᠤᠷᠪᠠ ᠳᠤ | ᠠᠷᠠᠳ ᠤᠨ ᠠᠮᠢᠳᠤᠷᠠᠯ ᠤᠨ ᠬᠦᠷᠢᠶᠡᠨ ᠳᠤ ᠮᠥᠨ ᠬᠦ ᠳᠤᠲᠠᠭᠤᠳᠠᠯ ᠪᠠ ᠪᠠᠭᠤᠷᠠᠶ ᠲᠠᠯ᠎ᠠ ᠲᠠᠢ ᠪᠠᠶᠢᠵᠤ᠂ ᠡᠮ | ᠡᠮᠨᠡᠯᠭᠡ ᠶᠢᠨ ᠦᠢᠯᠡᠴᠢᠯᠡᠭᠡ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠵᠡᠷᠭᠡ ᠣᠯᠠᠨ ᠨᠡᠶᠢᠲᠡ ᠶᠢᠨ | ᠦᠢᠯᠡᠴᠢᠯᠡᠭᠡᠨ ᠤ ᠴᠢᠳᠠᠪᠤᠷᠢ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠯᠤᠭ᠎ᠠ ᠵᠥᠷᠢᠶ᠎ᠡ ᠲᠠᠢ ᠪᠠᠶᠢᠭᠰᠠᠭᠠᠷ᠃ | ᠲᠦᠷᠪᠡ ᠳᠤ᠂ ᠬᠡᠰᠡᠭ ᠺᠠᠳ᠋ᠷ ᠰᠢᠨ᠎ᠡ ᠶᠢ ᠡᠭᠦᠳᠴᠦ ᠰᠢᠪᠲᠤᠯᠤᠯᠲᠠ ᠬᠢᠬᠦ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ | ᠠᠵᠢᠯᠯᠠᠬᠤ ︽ᠴᠤᠭ ᠵᠢᠪᠬᠤᠭ᠎ᠠ︾ ᠶᠢ ᠪᠠᠰᠠ ᠬᠥᠭᠵᠢᠭᠡᠬᠦ ᠴᠢᠬᠤᠯᠠᠲᠠᠢ ᠪᠠᠶᠢᠵᠤ᠂ ︽ᠭᠤᠷᠪᠠᠨ ᠣᠯᠠᠨ ᠭᠤᠷᠪᠠᠨ | ᠴᠥᠭᠡᠨ ᠭᠤᠷᠪᠠᠨ ᠤᠳᠠᠭᠠᠨ︾ ᠠᠰᠠᠭᠤᠳᠠᠯ ᠮᠥᠨ ᠬᠦ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ᠃ | ᠡᠭᠦᠨ ᠳᠤ᠂ ᠪᠢᠳᠡ ᠪᠣᠳᠠᠲᠠᠶ ᠠᠵᠢᠯᠯᠠᠬᠤ ᠳᠤᠮᠳᠠ ᠬᠠᠯᠠᠨ ᠰᠠᠶᠢᠵᠢᠷᠠᠭᠤᠯᠵᠤ᠂ ᠬᠥᠭᠵᠢᠯᠲᠡ ᠶᠢᠨ ᠳᠤᠮᠳᠠ | ᠰᠢᠢᠳᠪᠦᠷᠢᠯᠡᠬᠦ ᠪᠣᠯᠤᠨ᠎ᠠ᠃ | ᠬᠤᠶᠠᠷ᠂ 2023 ᠤᠨ ᠤ ᠠᠵᠢᠯ ᠤᠨ ᠲᠤᠬᠢᠷᠠᠭᠤᠯᠤᠯᠳᠠ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ︽ | ᠨᠢᠭᠡ ᠶᠢ ᠵᠢᠷᠤᠮᠯᠠᠬᠤ ᠶᠢ ᠪᠠᠷᠢᠮᠲᠠᠯᠠᠵᠤ᠂ ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠡᠭᠦᠷᠭᠡ ᠶᠢ | ᠠᠬᠢᠭᠤᠯᠵᠤ᠂ ︿ᠭᠤᠷᠪᠠᠨ ᠴᠢᠨᠠᠷ ᠰᠠᠶᠢᠳᠠᠢ﹀ ᠬᠠᠷᠠᠯᠲᠠ ᠶᠢ ᠪᠡᠶᠡᠯᠡᠭᠦᠯᠬᠦ︾ ᠬᠥᠭᠵᠢᠯᠲᠡ ᠶᠢᠨ ᠰᠡᠳᠬᠢᠴᠡ ᠶᠢ ᠡᠷᠡᠰ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠶ ᠲᠥᠯᠥᠪᠯᠡᠨ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ | ᠨᠢᠭᠡᠳᠦᠯᠲᠡᠶ ᠲᠥᠯᠥᠪᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ | ᠳᠡᠯᠭᠡᠭᠦᠷ ᠤᠨ ᠢᠲᠡᠭᠡᠯ ᠢ ᠶᠡᠬᠡᠪᠡᠷ ᠬᠥᠭᠵᠢᠭᠡᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠲᠣᠭᠲᠠᠭᠤᠨ ᠤ | ᠳᠤᠮᠳᠠ ᠤᠷᠤᠭᠰᠢᠯᠠᠨ ᠳᠠᠪᠰᠢᠬᠤ ᠰᠠᠭᠤᠷᠢᠨ ᠳᠡᠭᠡᠷ᠎ᠡ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠬᠦ ᠪᠠ | ᠬᠡᠮᠵᠢᠶ᠎ᠡ ᠶᠢᠨ ᠵᠦᠶ ᠵᠣᠬᠢᠰᠲᠠᠶ ᠨᠡᠮᠡᠭᠳᠡᠯ ᠢ ᠪᠡᠶᠡᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ | ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠬᠦᠴᠦᠯᠡᠨ | ᠰᠠᠶᠢᠲᠤᠷ ᠵᠠᠮᠨᠠᠵᠤ᠂ ᠣᠳᠣᠬᠢᠴᠢᠯᠠᠭᠰᠠᠨ ᠤᠳᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠨ᠎ᠡ᠃ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ 10% ᠣᠷᠴᠢᠮ ᠨᠡᠮᠡᠭᠳᠡᠭᠦᠯᠦᠨ᠂ ᠲᠣᠭᠲᠠᠮᠠᠯ ᠡᠳ᠋ ᠬᠥᠷᠥᠩᠭᠡ ᠶᠢᠨ ᠪᠡᠯᠡ | ᠣᠷᠣᠭᠤᠯᠤᠯᠲᠠ ᠶᠢ 50% ᠣᠷᠴᠢᠮ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ | ᠠᠬᠤᠶ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠠᠯᠬᠤᠮ ᠢᠶᠠᠷ ᠨᠡᠮᠡᠭᠳᠡᠭᠦᠯᠦᠨ᠎ᠡ︔ ᠥᠪᠡᠷᠲᠡᠭᠡᠨ ᠵᠠᠰᠠᠬᠤ | ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ᠳᠡᠭᠡᠷᠡᠬᠢ ᠬᠠᠷᠠᠯᠲᠠ ᠱᠠᠭᠠᠷᠳᠠᠯᠭ᠎ᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠳᠣᠤᠷᠠᠬᠢ ᠠᠵᠢᠯ ᠢ | ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ︽ᠬᠤᠶᠠᠷ ᠶᠡᠭᠡ ᠰᠠᠭᠤᠷᠢᠨ ᠭᠠᠵᠠᠷ︾ ᠢ ᠪᠠᠶᠢᠭᠤᠯᠬᠤ ᠪᠠᠷ ᠭᠤᠤᠯ ᠰᠢᠪᠲᠤᠯᠤᠯᠲᠠ ᠶᠢᠨ ᠴᠢᠭᠯᠡᠯ | ᠪᠣᠯᠭᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠠᠬᠢᠨ ᠳᠡᠰ ᠳᠡᠪᠰᠢᠬᠦ ᠶᠢ ᠪᠥᠬᠦ ᠬᠦᠴᠦᠨ ᠢᠶᠠᠷ ᠢᠶᠠᠨ | ᠠᠬᠢᠭᠤᠯᠤᠨ᠎ᠠ᠃ ᠬᠡᠯᠬᠢᠶ᠎ᠡ ᠪᠠ ᠤᠯᠠᠨ ᠲᠦᠮᠡᠨᠴᠢ ᠰᠡᠳᠬᠢᠬᠦᠶ ᠶᠢ ᠪᠠᠷᠢᠮᠲᠠᠯᠠᠨ᠂ ᠨᠡᠮᠡᠭᠳᠡᠯ ᠤᠨ ᠬᠡᠮᠵᠢᠶ᠎ᠡ ᠶᠢ | ᠥᠷᠭᠡᠳᠬᠡᠬᠦ᠂ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠬᠦᠴᠦᠯᠡᠨ | ᠪᠠᠷᠢᠮᠲᠠᠯᠠᠵᠤ᠂ ᠪᠦᠬᠦ ᠤᠯᠤᠰ ᠤᠨ ᠴᠢᠬᠤᠯᠠ ᠨᠥᠯᠥᠭᠡᠯᠡᠬᠦ ᠬᠦᠴᠦᠨ᠂ ᠭᠤᠣᠯᠯᠠᠬᠤ ᠦᠷᠢᠰᠦᠯᠳᠦᠬᠦ ᠬᠦᠴᠦᠨ ᠪᠠ | ᠠᠵᠢᠯ ᠲᠦᠷᠦᠯ ᠤᠨ ᠦᠭᠡ ᠬᠡᠯᠡᠬᠦ ᠡᠷᠬᠡ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ | ᠪᠠᠶᠢᠭᠤᠯᠤᠨ᠎ᠠ᠃ | ᠬᠤᠶᠠᠷ ᠶᠡᠭᠡ ᠰᠠᠬᠤᠷᠢᠨ ᠭᠠᠵᠠᠷ ᠰᠦᠷᠦᠭᠯᠡᠬᠦ ᠬᠠᠨᠳᠤᠰᠢ ᠶᠢ ᠠᠬᠢᠬᠤᠯᠤᠨᠠ᠃ ᠤᠯᠠᠮᠵᠢᠯᠠᠯᠲᠤ ᠠᠵᠤ | ᠦᠢᠯᠡᠰ ᠤᠨ ᠰᠠᠭᠤᠷᠢ ᠪᠠ ᠰᠢᠩᠭᠡᠭᠡᠨ ᠠᠪᠴᠤ ᠬᠡᠷᠡᠭᠯᠡᠬᠦ ᠪᠠᠶᠢᠳᠠᠯ ᠳᠤ ᠲᠦᠰᠢᠭᠯᠡᠨ᠂ ᠰᠢᠨ᠎ᠡ ᠡᠨᠧᠷᠭᠢ᠂ ᠰᠢᠨ᠎ᠡ | ᠮᠠᠲ᠋ᠧᠷᠢᠶᠠᠯ ᠤᠨ ᠪᠥᠬᠦ ᠠᠵᠤ ᠦᠢᠯᠡᠰ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠰᠢᠨ᠎ᠡ ᠡᠨᠧᠷᠭᠢ ᠶᠢᠨ | ᠠᠵᠤ ᠦᠢᠯᠡᠰ ᠤᠨ ᠰᠦᠷᠦᠭᠵᠢᠯ ᠢ ᠤᠷᠲᠤᠳᠬᠠᠨ ᠬᠥᠭᠵᠢᠭᠦᠯᠵᠦ᠂ ᠰᠢᠶᠧ ᠰᠢᠨ ᠳ᠋ᠦᠩ ᠯᠢ ᠨᠢᠭᠡᠳᠦᠭᠡᠷ | ᠬᠤᠭᠤᠴᠠᠭᠠᠨ ᠤ 10 ᠲᠦᠮᠡᠨ ᠲᠣᠨ ᠮᠥᠬᠦᠯᠢᠭᠲᠦ ᠴᠠᠬᠢᠭᠤᠷ ᠤᠨ ᠲᠦᠷᠦᠯ ᠵᠦᠢᠯ ᠤᠨ ᠠᠵᠢᠯ ᠡᠬᠢᠯᠡᠭᠦᠯᠬᠦ ᠶᠢ | ᠠᠬᠢᠭᠤᠯᠵᠤ᠂ ᠳ᠋ᠦᠩ ᠶᠤᠸᠠᠨ ᠤ 100MW ︽ᠭᠡᠷᠡᠯ ᠸᠣᠯᠲ + ᠠᠮᠢ ᠠᠬᠤᠢ ᠶᠢ ᠵᠠᠰᠠᠨ ᠰᠡᠷᠭᠦᠭᠡᠬᠦ︾ | ᠲᠦᠷᠦᠯ ᠵᠦᠢᠯ ᠢ ᠡᠬᠢᠯᠡᠨ ᠬᠡᠷᠡᠭᠵᠢᠭᠦᠯᠵᠦ᠂ ᠣᠷᠣᠨ ᠪᠦᠰᠡ ᠠᠯᠤᠰᠯᠠᠨ ᠬᠠᠮᠲᠤᠷᠠᠯᠴᠠᠵᠤ 1.7GW ᠪᠣᠬᠢᠷᠲᠤᠯ | ᠦᠭᠡᠢ ᠴᠠᠬᠢᠯᠭᠠᠨ ᠤ ᠰᠠᠭᠤᠷᠢᠨ ᠢ ᠬᠠᠮᠲᠤᠪᠠᠷ ᠪᠠᠶᠢᠭᠤᠯᠬᠤ ᠶᠢ ᠰᠦᠪᠡᠭᠴᠢᠯᠡᠵᠦ᠂ ᠰᠢᠨ᠎ᠡ ᠡᠨᠧᠷᠭᠢ ᠶᠢᠨ ᠭᠠᠳᠠᠭᠠᠳᠤ | ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠲᠣᠭᠤᠷᠢᠭ ᠢ ᠪᠦᠳᠦᠭᠡᠨ ᠪᠠᠶᠢᠭᠤᠯᠤᠨ᠎ᠠ᠃ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠰᠦᠷᠦᠭᠵᠢᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠵᠡᠭᠦᠨ ᠦᠵᠡᠮᠵᠢ ᠶᠢᠨ ᠬᠤᠶᠠᠳᠤᠭᠠᠷ | ᠬᠤᠭᠤᠴᠠᠭᠠᠨ ᠤ 10 ᠲᠦᠮᠡᠨ ᠲᠣᠨ ᠬᠠᠷ᠎ᠠ ᠪᠦᠯᠦᠭᠲᠡᠨ ᠬᠠᠷᠭᠢᠰ ᠬᠦᠴᠦᠨ᠂ ᠾᠧᠩ ᠶᠧ ᠴᠧᠩ ᠬᠤᠶᠠᠳᠤᠭᠠᠷ | ᠬᠤᠭᠤᠴᠠᠭᠠᠨ ᠤ 30 ᠲᠦᠮᠡᠨ ᠲᠣᠨ ᠣᠷᠭᠠᠨᠢᠭ ᠴᠠᠬᠢᠭᠤᠷ ᠤᠨ ᠲᠥᠷᠥᠯ ᠵᠦᠢᠯ ᠤᠨ ᠠᠵᠢᠯ ᠡᠬᠢᠯᠡᠭᠦᠯᠬᠦ ᠶᠢ | ᠬᠦᠴᠦᠯᠡᠨ ᠠᠬᠢᠭᠤᠯᠵᠤ᠂ ᠵᠢᠶᠦ᠋ᠨ ᠵᠧᠩ ᠤᠨ 30 ᠲᠦᠮᠡᠨ ᠲᠣᠨ BDO ᠨᠢᠭᠡᠳᠦᠭᠡᠷ ᠬᠤᠭᠤᠴᠠᠭ᠎ᠠ᠂ ᠰᠢᠩ ᠹᠡ | 40 ᠲᠦᠮᠡᠨ ᠲᠣᠨ ᠣᠷᠭᠠᠨᠢᠭ ᠴᠠᠬᠢᠭᠤᠷ ᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ᠂ 2025 ᠣᠨ ᠪᠣᠯᠬᠤ ᠳᠤ᠂ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠬᠡᠪᠴᠢᠶ᠎ᠡ ᠶᠢ ᠳᠠᠬᠢᠨ ᠢᠶᠠᠷ ᠨᠡᠮᠡᠭᠳᠡᠭᠦᠯᠬᠦ ᠶᠢ ᠴᠢᠷᠮᠠᠶᠢᠨ ᠪᠡᠶᠡᠯᠡᠭᠦᠯᠵᠦ᠂ ᠦᠢᠯᠡᠳᠬᠦᠨ ᠤ ᠥᠷᠲᠡᠭ | ᠵᠠᠭᠤᠨ ᠳ᠋ᠦᠩᠰᠢᠭᠤᠷ ᠲᠣᠯᠣᠭᠠᠶᠢᠯᠠᠭᠴᠢ ᠠᠵᠤ ᠠᠬᠤᠶᠢᠯᠠᠯ ᠢ 3 - 5 ᠡᠷᠦᠬᠡ ᠪᠤᠶᠢᠵᠢᠭᠤᠯᠵᠤ᠂ ᠮᠢᠩᠭᠠᠨ | ᠳ᠋ᠦᠩᠰᠢᠭᠤᠷ ᠲᠠᠰ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠎ᠠ᠃ | ᠠᠵᠤ ᠦᠢᠯᠡᠰ ᠤᠨ ᠬᠡᠯᠬᠢᠶ᠎ᠡ ᠶᠢᠨ ᠰᠦᠷᠦᠭᠵᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠤᠨ᠎ᠠ᠃ | ︽ᠬᠥᠲᠥᠴᠢ + ᠢᠵᠢ ᠪᠦᠷᠢᠳᠦᠭᠦᠯᠬᠦ︾ ᠬᠤᠳᠠᠯᠳᠤᠭᠠᠴᠢᠨ ᠤᠷᠢᠬᠤ ᠰᠡᠳᠬᠢᠮᠵᠢ ᠶᠢ ᠪᠠᠷᠢᠮᠲᠠᠯᠠᠵᠤ᠂ ᠬᠡᠯᠬᠢᠶ᠎ᠡ | ᠮᠠᠶ᠋ᠢᠭ ᠢᠶᠠᠷ ᠬᠤᠳᠠᠯᠳᠤᠭᠠᠴᠢᠨ ᠤᠷᠢᠬᠤ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ | ᠴᠢᠩᠭᠠᠷᠠᠭᠤᠯᠤᠨ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠡᠷᠴᠢᠮᠲᠡᠶ | ᠬᠡᠯᠬᠢᠶ᠎ᠡ ᠶᠢ ᠡᠷᠴᠢᠮᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠳᠥᠷᠪᠡᠨ ᠵᠤᠷᠪᠤᠰ ᠦᠢᠯᠡᠳᠬᠦᠨ ᠤ ᠥᠷᠲᠡᠭ | ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠤᠨ᠎ᠠ᠃ ᠵᠠᠳᠠᠷᠠᠵᠤ | ᠪᠣᠯᠬᠤ ᠰᠦᠯᠢᠶᠣᠣ ᠶᠢᠨ ᠠᠵᠤ ᠦᠢᠯᠡᠰ ᠤᠨ ᠬᠡᠯᠬᠢᠶ᠎ᠡ ᠶᠢᠨ ᠪᠦᠯᠦᠭᠵᠢᠯ ᠢ ᠪᠠᠶᠢᠭᠤᠯᠵᠤ᠂ ᠳ᠋ᠦᠩ ᠶᠤᠸᠠᠨ᠂ ᠵᠢᠶᠦ᠋ᠨ | ᠵᠧᠩ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠨ᠂ ᠭᠤᠸᠠᠩ ᠶᠤᠸᠠᠨ᠂ ᠬᠤᠸᠠ ᠹᠧᠩ ᠵᠡᠷᠭᠡ | ᠳᠡᠭᠡᠳᠦ ᠳᠣᠤᠷᠠᠳᠤ ᠤᠷᠤᠰᠬᠠᠯ ᠤᠨ ᠢᠵᠢ ᠪᠥᠷᠢᠳᠦᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠪᠥᠬᠦ | ᠤᠯᠤᠰ ᠲᠤ ᠨᠥᠯᠥᠭᠡᠯᠡᠬᠦ ᠬᠦᠴᠦᠨ ᠲᠠᠢ ᠵᠠᠳᠠᠷᠠᠭᠤᠯᠵᠤ ᠪᠣᠯᠬᠤ ᠮᠠᠲ᠋ᠧᠷᠢᠶᠠᠯ ᠤᠨ ᠰᠠᠭᠤᠷᠢᠨ ᠭᠠᠵᠠᠷ ᠢ ᠪᠣᠶ ᠪᠣᠯᠭᠠᠨ᠎ᠠ | ᠃ ᠳᠡᠭᠡᠳᠦ ᠲᠠᠰ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢᠨ | ᠰᠦᠷᠦᠭᠵᠢᠯ ᠢ ᠪᠣᠶ ᠪᠣᠯᠭᠠᠵᠤ᠂ ᠬᠤᠩ ᠱᠢ ᠰᠢᠨ᠎ᠡ ᠬᠡᠯᠪᠡᠷᠢ ᠶᠢᠨ ᠯᠢᠲ᠋ᠢ ᠳᠠᠪᠤᠰᠤᠨ ᠤ ᠲᠥᠷᠥᠯ ᠵᠦᠢᠯ ᠢ ᠠᠵᠢᠯ | ᠡᠬᠢᠯᠡᠭᠦᠯᠦᠨ ᠪᠥᠲᠥᠭᠡᠨ ᠪᠠᠶᠢᠭᠤᠯᠵᠤ᠂ ᠶᠤᠸᠠᠨ ᠬᠤᠩ᠂ ᠵᠥᠩ ᠷᠦᠢ᠂ ᠢ ᠽᠧ ᠵᠡᠷᠭᠡ ᠠᠵᠤ ᠠᠬᠤᠶᠢᠯᠠᠯ ᠤᠨ | ᠦᠢᠯᠡᠳᠪᠦᠷᠢᠯᠡᠯ ᠢᠶᠠᠨ ᠥᠷᠭᠡᠳᠬᠡᠨ ᠡᠨᠧᠷᠭᠢ ᠨᠡᠮᠡᠭᠳᠡᠭᠦᠯᠬᠦ ᠶᠢ ᠳᠡᠮᠵᠢᠵᠦ᠂ ᠡᠮ ᠡᠮᠨᠡᠯᠭᠡ ᠲᠠᠷᠢᠶᠠᠨ ᠡᠮ ᠤᠨ | ᠵᠠᠪᠰᠠᠷ ᠤᠨ ᠴᠣᠭᠴᠠ ᠶᠢ ᠦᠵᠦᠭᠦᠷ ᠤᠨ ᠦᠢᠯᠡᠳᠬᠦᠨ ᠨᠠᠶᠢᠷᠠᠯᠭ᠎ᠠ ᠳᠠᠰᠢ ᠤᠷᠲᠤᠳᠬᠠᠬᠤ ᠶᠢ ᠲᠦᠷᠭᠡᠳᠬᠡᠨ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠲᠥᠪᠯᠡᠷᠡᠭᠰᠡᠨ ᠣᠷᠣᠨ ᠢ ᠪᠥᠲᠥᠭᠡᠨ ᠪᠠᠶᠢᠭᠤᠯᠤᠨ᠎ᠠ᠃ ᠣᠷᠭᠠᠨᠢᠭ ᠴᠠᠬᠢᠭᠤᠷ ᠤᠨ ᠪᠦᠷᠢᠨ ᠲᠥᠬᠦᠷ ᠠᠵᠤ | ᠦᠢᠯᠡᠰ ᠤᠨ ᠬᠡᠯᠬᠢᠶᠡᠨ ᠤ ᠰᠦᠷᠦᠭᠵᠢᠯ ᠢ ᠪᠣᠶ ᠪᠣᠯᠭᠠᠵᠤ᠂ ᠰᠢᠩ ᠹᠠ᠂ ᠾᠧᠩ ᠶᠧ ᠴᠧᠩ ᠵᠡᠷᠭᠡ ᠬᠡᠯᠬᠢᠶᠡᠨ ᠤ | ᠭᠤᠤᠯ ᠠᠵᠤ ᠠᠬᠤᠶᠢᠯᠠᠯ ᠤᠨ ︽ᠲᠦᠷᠦᠭᠦᠴᠢ ᠭᠠᠯᠠᠭᠤ︾ ᠶᠢᠨ ᠦᠢᠯᠡᠳᠦᠯ ᠢ ᠪᠠᠳᠠᠷᠠᠭᠤᠯᠤᠨ᠂ ᠡᠯᠪᠡᠭ ᠪᠠᠶᠠᠯᠢᠭ | ᠴᠠᠭᠠᠨ ᠨᠡᠭᠦᠷᠡᠰᠦᠨ ᠬᠠᠷ᠎ᠠ᠂ ᠰᠢᠩ ᠶᠤᠸᠠᠢ ᠣᠷᠭᠠᠨᠢᠭ ᠴᠠᠬᠢᠭᠤᠷ᠂ ᡁᠢ ᠵᠢᠶᠠᠩ ᠨᠢᠭᠲᠠ ᠪᠢᠳᠡᠬᠦᠮᠵᠢᠯᠡᠭᠰᠡᠨ ᠴᠠᠪᠠᠤ | ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠤ᠂ ᠴᠠᠬᠢᠭᠤᠷ ᠤᠨ ᠭᠤᠮ ᠵᠡᠷᠭᠡ ᠨᠠᠷᠢᠯᠢᠭ | ᠡᠳ᠋ᠰᠢᠭᠦᠯᠦᠭᠰᠡᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠵᠠᠭᠤᠨ ᠲᠦᠮᠡᠨ ᠲᠣᠨ ᠤ ᠲᠠᠰ ᠤᠨ ᠣᠷᠭᠠᠨᠢᠭ | ᠴᠠᠬᠢᠭᠤᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ ᠤᠯᠠᠨ ᠲᠠᠯᠠᠰᠲᠤ | ᠴᠠᠬᠢᠭᠤᠷ ᠤᠨ ᠠᠵᠤ ᠦᠢᠯᠡᠰ ᠤᠨ ᠬᠡᠯᠬᠢᠶ᠎ᠡ ᠶᠢᠨ ᠪᠦᠯᠦᠭᠵᠢᠯ ᠢ ᠪᠠᠶᠢᠭᠤᠯᠵᠤ᠂ ᠰᠢᠶᠧ ᠰᠢᠨ ᠳ᠋ᠦᠩ ᠯᠢ | ᠴᠠᠬᠢᠭᠤᠷ ᠤᠨ ᠮᠠᠲ᠋ᠧᠷᠢᠶᠠᠯ᠂ ᠳ᠋ᠦᠩ ᠶᠤᠸᠠᠨ ᠲᠠᠩ ᠲᠠᠯᠠᠰᠲᠤ ᠳ᠋ᠢᠶᠠᠨ ᡂᠢ ᠶᠢᠨ ᠲᠤᠨᠤᠭ ᠵᠡᠷᠭᠡ ᠲᠦᠷᠦᠯ ᠵᠦᠢᠯ ᠢ | ᠲᠦᠷᠭᠡᠨ ᠠᠵᠢᠯ ᠡᠬᠢᠯᠡᠭᠦᠯᠵᠦ᠂ ᠠᠵᠤ ᠦᠢᠯᠡᠰ ᠤᠨ ᠳᠡᠭᠡᠳᠦ ᠲᠡᠰᠵᠢᠯᠳᠡ᠂ ᠤᠶᠤᠨᠴᠢᠯᠠᠯᠲᠠ᠂ ᠪᠣᠬᠢᠷᠲᠤᠯ ᠦᠭᠡᠢ | ᠪᠠᠶᠢᠬᠤ ᠶᠢ ᠠᠬᠢᠭᠤᠯᠬᠤ ᠬᠡᠷᠡᠭᠲᠡᠢ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ | ᠬᠡᠯᠬᠢᠶ᠎ᠡ ᠶᠢ ᠪᠠᠶᠢᠷᠢᠰᠢᠭᠤᠯᠵᠤ᠂ ᠲᠠᠪᠴᠠᠩ ᠤᠨ ᠠᠵᠤ ᠠᠬᠤᠶ ᠪᠣᠯᠤᠨ ᠪᠣᠳᠠᠲᠤ ᠴᠣᠭᠴᠠ ᠶᠢᠨ ᠠᠵᠤ ᠠᠬᠤᠶ ᠶᠢᠨ | ᠭᠦᠨᠵᠡᠭᠡᠶ ᠠᠭᠤᠰᠤᠯᠴᠠᠯ ᠢ ᠠᠬᠢᠭᠤᠯᠵᠤ᠂ ︽ᠡᠭᠦᠯᠡᠨ ᠪᠤᠳᠤᠯᠳᠠ ᠳᠤ ᠬᠡᠷᠡᠭᠯᠡᠬᠦ ᠲᠤᠭ᠎ᠠ ᠬᠡᠮᠵᠢᠶ᠎ᠡ ᠪᠠᠷ ᠣᠶᠤᠨ | ᠤᠬᠠᠭᠠᠨ ᠣᠯᠭᠤᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠹᠧᠶ ᠱᠢ᠂ ᠪᠠᠷᠠᠭᠤᠨ ᠬᠤᠶᠢᠲᠤ ᠶᠢᠨ ᠬᠢᠮᠢ ᠶᠢᠨ | ᠲᠣᠤᠷ᠂ ᠬᠠᠶ ᠢ ᠲᠦᠩ ᠵᠡᠷᠭᠡ ᠲᠠᠪᠴᠠᠩ ᠤᠨ ᠳᠠᠪᠬᠤᠴᠠᠭᠰᠠᠨ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠭᠦᠢᠴᠡᠳ | ᠪᠠᠳᠠᠷᠠᠭᠤᠯᠵᠤ᠂ ᠤᠯᠠᠮᠵᠢᠯᠠᠯᠲᠤ ᠠᠵᠤ ᠦᠢᠯᠡᠰ ᠤᠨ ᠲᠣᠭᠠᠴᠢᠯᠠᠭᠰᠠᠨ ᠭᠦᠨᠵᠡᠭᠡᠶ ᠥᠭᠡᠷᠡᠴᠢᠯᠡᠯᠲᠡ ᠶᠢ ᠠᠬᠢᠭᠤᠯᠵᠤ᠂ | ᠦᠢᠯᠡᠳᠬᠡᠯ ᠢ ︽ᠣᠶᠤᠨᠴᠢ ᠦᠢᠯᠡᠳᠬᠡᠯ︾ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠠᠵᠤ | ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠦᠢᠯᠡᠴᠢᠯᠡᠭᠡᠨ ᠤ ᠬᠡᠯᠬᠢᠶ᠎ᠡ ᠶᠢ ᠨᠡᠪᠲᠡᠷᠡᠭᠦᠯᠵᠦ᠂ ᠤᠯᠠᠮᠵᠢᠯᠠᠯᠲᠤ | ᠪᠠᠷᠠᠭᠠᠨ ᠤ ᠭᠦᠢᠯᠭᠡᠭᠡᠨ ᠤ ︽ᠰᠦᠯᠵᠢᠶᠡᠨ ᠤ ᠪᠠᠷᠠᠭᠠᠨ ᠤ ᠲᠡᠭᠡᠭᠡᠪᠦᠷᠢ︾ ᠶᠢᠨ ᠬᠡᠯᠪᠡᠷᠢ ᠪᠠᠨ ᠬᠤᠪᠢᠷᠠᠭᠤᠯᠬᠤ ᠶᠢ | ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ᠳᠡᠭᠡᠳᠦ ᠲᠠᠰ ᠤᠨ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ | ᠦᠢᠯᠡᠰ ᠢ ᠬᠦᠴᠦᠯᠡᠨ ᠬᠥᠭᠵᠢᠭᠦᠯᠵᠦ᠂ ᠦᠬᠠᠶ ᠶᠢᠨ ᠪᠠᠷᠠᠭᠤᠨ ᠬᠡᠰᠡᠭ ᠤᠨ ᠵᠠᠰᠠᠮᠠᠯ ᠵᠠᠮ ᠲᠡᠮᠦᠷ ᠵᠠᠮ ᠤᠨ | ᠬᠠᠮᠲᠤᠷᠠᠭᠰᠠᠨ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠠᠵᠢᠯ ᠡᠬᠢᠯᠡᠭᠦᠯᠦᠨ ᠪᠥᠲᠥᠭᠡᠨ | ᠪᠠᠶᠢᠭᠤᠯᠵᠤ᠂ ᠮᠢᠯᠢᠺ ᠤᠨ ᠬᠥᠮᠥᠷᠭᠡᠯᠡᠨ ᠬᠠᠳᠠᠭᠠᠯᠠᠵᠤ ᠳᠣᠭᠢᠷᠠᠭᠤᠯᠤᠨ ᠬᠦᠷᠭᠡᠬᠦ ᠲᠥᠪ᠂ ᠤᠶᠤᠨᠲᠤ ᠵᠠᠰᠠᠮᠠᠯ | ᠵᠠᠮ ᠤᠨ ᠭᠠᠷᠠᠮ ᠤᠨ ᠦᠢᠯᠡᠴᠢᠯᠡᠭᠡᠨ ᠤ ᠲᠥᠪ ᠢ ᠪᠠᠶᠢᠭᠤᠯᠤᠨ᠂ ᠳᠥᠭᠦᠮ ᠳᠥᠲᠡ᠂ ᠥᠨᠳᠥᠷ ᠪᠦᠲᠦᠮᠵᠢᠲᠡᠶ᠂ | ᠣᠶᠤᠨᠴᠢ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠬᠡᠷᠡᠭᠯᠡᠭᠡ ᠶᠢᠨ ᠰᠢᠨ᠎ᠡ | ᠡᠵᠡᠩᠨᠡᠯᠲᠡ ᠶᠢᠨ ᠪᠠᠶᠢᠳᠠᠯ ᠰᠢᠨ᠎ᠡ ᠵᠠᠭᠪᠤᠷ ᠢ ᠵᠣᠷᠢᠭᠵᠢᠭᠤᠯᠤᠨ ᠬᠥᠭᠵᠢᠭᠦᠯᠵᠦ᠂ ᠠᠩᠬᠠᠨ ᠤ ᠳᠡᠯᠭᠡᠭᠦᠷ ᠤᠨ ᠠᠵᠤ | ᠠᠬᠤᠶ᠂ ᠡᠯᠧᠺᠲᠷᠣᠨ ᠬᠤᠳᠠᠯᠳᠤᠭᠠᠨ ᠤ ᠠᠵᠤ ᠠᠬᠤᠶ᠂ ᠭᠠᠷᠠᠭ ᠤᠨ ᠰᠡᠭᠦᠯᠴᠢ ᠶᠢᠨ ᠠᠵᠤ ᠠᠬᠤᠶ ᠶᠢ ᠬᠥᠲᠥᠯᠥᠨ | ᠵᠢᠯᠣᠭᠤᠳᠴᠤ ᠬᠥᠭᠵᠢᠭᠦᠯᠵᠦ᠂ ᠨᠢᠭᠡ ᠪᠦᠯᠦᠭ ᠣᠨᠴᠠᠯᠢᠬᠲᠦ ᠵᠡᠭᠡᠯᠢ ᠲᠣᠭᠤᠷᠢᠭ᠂ ᠲᠣᠤᠷ ᠰᠦᠯᠵᠢᠶᠡᠨ ᠳᠠᠬᠢ | ᠨᠡᠷᠡᠳᠦ ᠨᠡᠪᠲᠡᠷᠡᠬᠦ ᠭᠠᠵᠠᠷ ᠢ ᠪᠤᠶᠢᠵᠢᠭᠤᠯᠤᠨ᠂ ᠬᠤᠲᠠ ᠶᠢᠨ ︽ᠤᠲᠤᠭᠠᠨ ᠠᠭᠤᠷ︾ ᠢ ᠬᠥᠭᠵᠢᠭᠡᠨ᠎ᠡ᠃ | ᠡᠬᠢ ᠪᠠᠶᠠᠯᠢᠭ ᠤᠨ ᠴᠢᠬᠤᠯᠠ ᠡᠯᠧᠮᠨᠲ ᠤᠨ ᠠᠷᠪᠢᠲᠠᠢ ᠳᠣᠷᠪᠢᠯᠢᠭ ᠪᠠᠶᠢᠬᠤ ᠶᠢ ᠠᠬᠢᠭᠤᠯᠤᠨ᠎ᠠ᠃ ︽ᠲᠠᠪᠤᠨ | ᠶᠡᠭᠡ ᠡᠬᠢᠯᠡᠯᠳᠡ︾ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 35 ᠾᠧᠺᠲ᠋ᠠᠷ ᠵᠦᠪᠰᠢᠶᠡᠷᠡᠭᠡᠳ | ᠬᠠᠩᠭᠠᠭᠠᠳᠤᠢ ᠭᠠᠵᠠᠷ ᠰᠢᠷᠤᠢ ᠶᠢ ᠰᠢᠩᠭᠡᠷᠡᠭᠦᠯᠦᠨ ᠰᠢᠢᠳᠪᠦᠷᠢᠯᠡᠵᠦ᠂ 9 ᠡᠷᠦᠬᠡ ︽ᠦᠬᠦᠰᠢᠷᠡᠮᠡᠯ ᠠᠵᠤ ᠠᠬᠤᠶᠢᠯᠠᠯ | ︾ ᠢ ᠠᠮᠢᠯᠠᠭᠤᠯᠵᠤ᠂ 1000 ᠮᠦ ᠳᠣᠣᠷ᠎ᠠ ᠠᠰᠢᠭᠯᠠᠮᠵᠢ ᠲᠠᠢ ᠰᠤᠯᠠ ᠲᠠᠯᠪᠢᠭᠳᠠᠵᠤ ᠪᠠᠶᠢᠭ᠎ᠠ ᠭᠠᠵᠠᠷ ᠢ ᠰᠤᠯᠠᠯᠠᠨ | ᠰᠢᠯᠵᠢᠭᠦᠯᠵᠦ᠂ ᠡᠬᠢ ᠪᠠᠶᠠᠯᠢᠭ ᠢ ᠦᠨᠡᠨᠬᠦ ᠠᠮᠢᠳᠤᠯᠢᠭ ᠰᠠᠶᠢᠬᠠᠨ ᠠᠰᠢᠬᠯᠠᠪᠠ᠃ ᠠᠵᠤ ᠦᠢᠯᠡᠳᠪᠦᠷᠢ ᠶᠢᠨ ᠲᠥᠷᠥᠯ | ᠵᠦᠢᠯ ᠢ ︽ᠪᠠᠷᠢᠮᠵᠢᠶᠠᠲᠤ ᠭᠠᠵᠠᠷ︾ ᠢᠶᠠᠷ ᠬᠢᠮᠳᠠ ᠪᠠᠷ ᠬᠤᠳᠠᠯᠳᠤᠬᠤ ᠶᠢ ᠦᠷᠭᠦᠯᠵᠢᠯᠡᠨ ᠠᠬᠢᠭᠤᠯᠵᠤ᠂ ︽ᠮᠥ | ᠪᠦᠷᠢ ᠳᠤ ᠳᠤᠮᠳᠠᠴᠢ᠂ ᠬᠤᠷᠣᠭᠳᠠᠭᠤᠯᠤᠯ ᠨᠢ ᠵᠢᠭᠠᠪᠤᠷᠢ᠂ ᠤᠰᠤ ᠨᠢ ᠲᠡᠩᠴᠡᠭᠦᠷᠢᠰᠢᠯ᠂ ᠨᠡᠭᠦᠷᠡᠰᠦᠳᠦ᠋ᠷᠦᠭᠴᠢ ᠶᠢ | ᠴᠥᠮ ᠪᠠᠭᠠᠲᠤᠷ︾ ᠢᠶᠠᠷ ᠦᠨᠡᠯᠡᠬᠦ ᠰᠢᠰᠲ᠋ᠧᠮᠵᠢ ᠶᠢ ᠪᠠᠶᠢᠭᠤᠯᠵᠤ᠂ ᠬᠥᠭᠵᠢᠯᠲᠡ ᠶᠢᠨ ᠬᠦᠴᠦᠨ ᠵᠦᠢᠯ ᠢ ᠨᠠᠷᠢᠯᠢᠭ | ᠣᠨᠣᠴᠠᠲᠠᠶ ᠪᠠᠷ ᠥᠨᠳᠥᠷ ᠪᠦᠲᠦᠮᠵᠢᠲᠡᠶ ᠪᠠᠷ ᠳᠣᠭᠢᠷᠠᠭᠤᠯᠬᠤ ᠶᠢ ᠠᠬᠢᠭᠤᠯᠤᠨ᠎ᠠ᠃ ᠡᠨᠧᠷᠭᠢ ᠶᠢᠨ ᠬᠡᠷᠡᠭᠯᠡᠭᠡᠨ ᠤ | ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ᠬᠤᠤᠰ ᠡᠵᠡᠮᠳᠡᠯ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠷᠠᠭᠤᠯᠵᠤ | ᠂ ᠠᠷᠪᠢᠯᠠᠨ ᠭᠠᠮᠨᠠᠬᠤ ᠵᠢᠱᠢᠶ᠎ᠡ ᠦᠵᠡᠭᠦᠯᠬᠦ ᠬᠡᠯᠪᠡᠷᠢ ᠶᠢᠨ ᠠᠵᠤ ᠠᠬᠤᠶᠢᠯᠠᠯ ᠢ ᠰᠢᠯᠭᠠᠷᠠᠭᠤᠯᠬᠤ ᠪᠠ ᠡᠨᠧᠷᠭᠢ ᠶᠢᠨ | ᠠᠰᠢᠭᠯᠠᠮᠵᠢ ᠶᠢᠨ ︽ᠳᠠᠭᠠᠭᠤᠯᠤᠭᠴᠢ︾ ᠶᠢ ᠡᠭᠦᠳᠦᠨ ᠪᠠᠶᠢᠭᠤᠯᠬᠤ ᠶᠢ ᠬᠡᠷᠡᠭᠵᠢᠭᠦᠯᠵᠦ᠂ ᠭᠤᠤᠯᠳᠠᠯᠭ᠎ᠠ ᠲᠠᠢ ᠠᠵᠤ | ᠠᠬᠤᠶᠢᠯᠠᠯ ᠤᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠣᠨᠣᠰᠢᠯᠠᠯᠲᠠ ᠶᠢ | ᠯᠠᠪᠳᠠᠭᠤᠨ ᠪᠠᠲᠤᠲᠠᠶ ᠥᠷᠨᠢᠭᠦᠯᠵᠦ᠂ 11 ᠠᠵᠤ ᠦᠢᠯᠡᠳᠪᠦᠷᠢ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠬᠠᠮᠤᠭ ᠤᠨ ᠴᠥᠭᠡᠨ ᠡᠬᠢ ᠪᠠᠶᠠᠯᠢᠭ ᠢᠶᠠᠷ ᠬᠠᠮᠤᠭ ᠤᠨ ᠶᠡᠭᠡ | ᠦᠷ᠎ᠡ ᠠᠰᠢᠭ ᠢ ᠡᠭᠦᠳᠬᠦ ᠬᠡᠷᠡᠭᠲᠡᠶ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠠᠶᠢᠵᠢᠷᠠᠯᠲᠠ ᠶᠢ ᠠᠬᠢᠭᠤᠯᠤᠨ᠎ᠠ᠃ ᠲᠥᠷᠥᠯ ᠵᠦᠢᠯ ᠤᠨ | ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠷᠢᠮᠲᠠᠯᠠᠵᠤ᠂ ᠤᠳᠤᠷᠢᠳᠤᠯᠭ᠎ᠠ | ᠳᠠᠭᠠᠭᠠᠴᠢᠯᠠᠨ ᠬᠤᠯᠪᠣᠭᠠᠯᠠᠬᠤ᠂ ᠲᠤᠰᠬᠠᠶ ᠠᠩᠭᠢ ᠶᠢ ᠠᠬᠢᠭᠤᠯᠬᠤ᠂ ᠲᠤᠰᠬᠠᠶ ᠬᠥᠮᠦᠨ ᠠᠩᠬᠠᠷᠴᠤ ᠭᠦᠢᠴᠡᠳᠬᠡᠬᠦ᠂ | ᠪᠦᠬᠦ ᠶᠠᠪᠤᠴᠠ ᠳᠤ ᠦᠢᠯᠡᠴᠢᠯᠡᠬᠦ ᠠᠵᠢᠯ ᠤᠨ ᠲᠣᠭᠲᠠᠴᠠ ᠶᠢ ᠭᠦᠨᠵᠡᠭᠡᠶ ᠠᠬᠢᠭᠤᠯᠤᠨ ᠪᠣᠳᠠᠲᠠᠶᠢᠵᠢᠭᠤᠯᠵᠤ᠂ | ᠬᠤᠲᠠ ᠶᠢᠨ ᠲᠠᠰ ᠤᠨ 39 ᠭᠤᠤᠯᠳᠠᠯᠭ᠎ᠠ ᠲᠠᠢ ᠲᠥᠷᠥᠯ ᠵᠦᠢᠯ ᠤᠨ ︽ᠬᠠᠪᠤᠷ ᠤᠨ ᠡᠬᠢ ᠪᠠᠷ ᠳᠠᠷᠤᠶ ᠠᠵᠢᠯ | ᠡᠬᠢᠯᠡᠭᠦᠯᠬᠦ︾ ᠶᠢ ᠬᠦᠴᠦᠯᠡᠨ ᠠᠬᠢᠭᠤᠯᠪᠠ᠃ ︽ᠲᠦᠢᠯ ᠤᠨ ᠳᠥᠭᠦᠮ︾ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠬᠡᠷᠡᠭᠵᠢᠭᠦᠯᠵᠦ᠂ ︽ᠳᠤᠲᠠᠭᠤ ᠶᠢ ᠪᠠᠭᠲᠠᠭᠠᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ︽ | ᠮᠡᠳᠡᠭᠳᠡᠬᠦ ᠠᠮᠠᠯᠠᠯᠲᠠ︾ ᠬᠢᠨᠠᠨ ᠵᠥᠪᠰᠢᠶᠡᠷᠡᠬᠦ ᠵᠠᠭᠪᠤᠷ ᠢ ᠳᠡᠯᠭᠡᠷᠡᠭᠦᠯᠦᠨ᠂ ︽ᠬᠤᠶᠠᠷ ᠢ ᠲᠤᠰᠢᠶᠠᠬᠤ ᠥᠬᠡᠶ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠳᠠᠬᠢᠨ ᠰᠢᠯᠢᠳᠡᠭᠵᠢᠭᠦᠯᠬᠦ | ᠳᠠᠬᠢᠨ ᠨᠠᠷᠢᠯᠢᠭ ᠬᠠᠰᠤᠬᠤ ᠶᠢ ᠳᠥᠯᠭᠢᠨ ᠠᠬᠢᠭᠤᠯᠵᠤ᠂ ᠣᠯᠠᠨ ᠲᠦᠮᠡᠨ ᠠᠵᠤ ᠠᠬᠤᠶᠢᠯᠠᠯ ᠢ ᠨᠠᠩ ᠬᠠᠨᠤᠮᠵᠢᠲᠠᠶ | ᠨᠠᠩ ᠲᠠᠭᠠᠯᠠᠮᠵᠢᠲᠠᠶ ᠪᠣᠯᠭᠠᠨ᠎ᠠ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠢ ᠪᠠᠲᠤᠯᠠᠬᠤ᠂ ᠪᠡᠯᠡ ᠬᠤᠷᠠᠮᠳᠤᠭᠤᠯᠵᠤ ᠲᠡᠳᠬᠦᠨ ᠳᠡᠮᠵᠢᠬᠦ᠂ ᠡᠳ᠋ ᠤᠨ | ᠵᠠᠰᠠᠭ ᠤᠨ ᠱᠠᠩᠨᠠᠨ ᠨᠥᠬᠦᠪᠥᠷᠢᠯᠡᠬᠦ ᠵᠡᠷᠭᠡ ᠠᠷᠭ᠎ᠠ ᠬᠡᠮᠵᠢᠶ᠎ᠡ ᠶᠢ ᠰᠢᠭᠤᠳ ᠠᠵᠤ ᠠᠬᠤᠶᠢᠯᠠᠯ ᠳᠤ ᠬᠦᠷᠭᠡᠵᠦ᠂ | ᠲᠦᠷᠦ ᠶᠢᠨ ᠪᠤᠳᠤᠯᠭ᠎ᠠ ᠶᠢ ᠲᠡᠰ ᠳᠠᠪᠬᠤᠷᠭ᠎ᠠ ᠳᠤ ᠨᠠᠶᠢᠳᠠᠪᠤᠷᠢᠵᠢᠭᠤᠯᠬᠤ ᠦᠭᠡᠢ᠂ ︽ᠡᠴᠦᠰ ᠤᠨ ᠨᠢᠭᠡ ᠺᠢᠯᠣᠮᠧᠳ᠋ᠷ | ︾ ᠲᠤ ᠶᠠᠭᠠᠬᠢᠭᠰᠠᠨ ᠴᠤ ᠭᠦᠶᠦᠯᠭᠡᠬᠦ ᠦᠭᠡᠢ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ | ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠥᠲᠥᠭᠡᠨ ᠪᠠᠶᠢᠭᠤᠯᠤᠯᠲᠠ ᠪᠠ ︽ᠲᠤᠰᠬᠠᠶ ᠨᠠᠷᠢᠯᠢᠭ ᠣᠨᠴᠠ | ᠰᠢᠨ᠎ᠡ︾ ᠠᠵᠤ ᠠᠬᠤᠶᠢᠯᠠᠯ ᠢ ᠪᠤᠶᠢᠵᠢᠭᠤᠯᠬᠤ ᠶᠢ ᠶᠡᠭᠡ ᠪᠠᠷ ᠥᠷᠨᠢᠭᠦᠯᠵᠦ᠂ ᠪᠠᠷᠠᠭᠤᠨ ᠣᠷᠣᠨ ᠤ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠤᠨ ᠪᠥᠲᠥᠭᠡᠨ ᠪᠠᠶᠢᠭᠤᠯᠤᠯᠲᠠ ᠶᠢ | ᠡᠬᠢᠯᠡᠭᠦᠯᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ 6 ᠠᠵᠤ ᠠᠬᠤᠶᠢᠯᠠᠯ ᠪᠠ ᠥᠪᠡᠷᠲᠡᠭᠡᠨ ᠵᠠᠰᠠᠬᠤ | ᠣᠷᠣᠨ ᠤ ᠲᠠᠰ ᠤᠨ ᠰᠤᠳᠤᠯᠤᠨ ᠨᠡᠭᠡᠭᠡᠬᠦ ᠲᠥᠪ ᠢ ᠰᠢᠨ᠎ᠡ ᠪᠠᠷ 6 ᠨᠡᠮᠡᠭᠳᠡᠭᠦᠯᠬᠦ ᠪᠠᠷ ᠴᠢᠷᠮᠠᠶᠢᠵᠤ᠂ ︽ᠬᠤᠶᠠᠷ ᠶᠡᠭᠡ | ᠰᠠᠭᠤᠷᠢᠨ ᠭᠠᠵᠠᠷ︾ ᠤᠨ ᠬᠥᠭᠵᠢᠯᠲᠡ ᠳᠤ ᠨᠠᠩ ᠰᠠᠶᠢᠲᠤᠷ ᠬᠦᠴᠦᠨ ᠨᠡᠮᠡᠷᠢᠯᠡᠬᠦ ᠬᠡᠷᠡᠭᠲᠡᠢ᠃ | ︵ᠬᠤᠶᠠᠷ︶ ︽ᠠᠵᠤ ᠦᠢᠯᠡᠰ ᠪᠠ ᠬᠤᠲᠠ ᠶᠢᠨ ᠠᠭᠤᠰᠤᠯᠴᠠᠯ︾ ᠢ ᠭᠦᠨᠵᠡᠭᠡᠶᠢᠷᠡᠭᠦᠯᠬᠦ ᠪᠠᠷ ᠴᠢᠬᠤᠯᠠ ᠠᠷᠭ᠎ᠠ | ᠬᠡᠮᠵᠢᠶ᠎ᠡ ᠪᠣᠯᠭᠠᠵᠤ᠂ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠴᠢᠳᠠᠪᠤᠷᠢ ᠪᠠᠨ ᠳᠡᠭᠡᠭᠰᠢᠯᠡᠭᠦᠯᠵᠦ ᠶᠠᠰᠤ | ᠴᠢᠨᠠᠷ ᠢᠶᠠᠨ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠮᠢᠳᠤᠷᠠᠯ᠂ ᠦᠢᠯᠡᠳᠪᠦᠷᠢᠯᠡᠯ᠂ ᠠᠮᠢ | ᠠᠬᠤᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠤᠳᠠ ᠲᠣᠭᠤᠷᠢᠭ᠂ ᠬᠦᠷᠢᠶᠡᠯᠡᠩ | ᠲᠣᠭᠤᠷᠢᠭ᠂ ᠲᠠᠷᠢᠶᠠᠯᠠᠬᠤ ᠣᠷᠣᠨ ᠳᠤ ᠬᠠᠮᠵᠢᠯᠴᠠᠨ ᠬᠠᠮᠲᠤᠪᠠᠷ ᠤᠷᠤᠭᠰᠢᠯᠠᠬᠤ ᠶᠢ ᠠᠬᠢᠭᠤᠯᠵᠤ᠂ ᠳᠤᠲᠠᠭᠤᠳᠠᠯ ᠢ | ᠨᠥᠬᠦᠪᠥᠷᠢᠯᠡᠬᠦ᠂ ᠴᠢᠳᠠᠪᠬᠢ ᠶᠢ ᠴᠢᠩᠭᠠᠳᠬᠠᠬᠤ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠵᠦ᠂ ᠬᠤᠳᠠ ᠶᠢ | ᠨᠡᠩ ᠦᠡᠭᠭᠡ ᠵᠢᠰᠦ ᠲᠠᠢ᠂ ᠨᠡᠩ ᠤᠶᠠᠨ ᠬᠠᠳᠠᠨ ᠴᠢᠨᠠᠷᠲᠠᠢ᠂ ᠨᠡᠩ ᠣᠷᠣᠰᠢᠨ ᠰᠠᠭᠤᠬᠤ ᠳᠤ ᠲᠣᠬᠢᠷᠠᠮᠵᠢᠲᠠᠢ | ᠪᠣᠯᠭᠠᠬᠤ ᠬᠡᠷᠡᠭᠲᠡᠢ᠃ | ᠬᠤᠲᠠ ᠶᠢᠨ ᠰᠢᠨᠡᠴᠢᠯᠡᠯᠲᠡ ᠶᠢᠨ ᠬᠤᠷᠳᠤᠴᠠ ᠶᠢ ᠲᠦᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ | ᠬᠤᠸᠠᠨ ᠰᠢᠨ ᠶᠠᠨ ᠢ ᠨᠠᠷᠢᠨ ᠨᠢᠮᠪᠠᠶ ᠪᠠᠶᠢᠭᠤᠯᠵᠤ᠂ ︽ᠴᠠᠭᠠᠨ ᠣᠳᠣ ᠶᠢ ᠦᠯᠡᠳᠡᠭᠡᠵᠦ᠂ ᠨᠣᠭᠤᠭᠠᠨ ᠥᠩᠭᠡ | ᠦᠯᠡᠳᠡᠭᠡᠵᠦ᠂ ᠪᠢᠴᠢᠭ ᠮᠠᠲ᠋ᠧᠷᠢᠶᠠᠯ ᠦᠯᠡᠳᠡᠭᠡᠬᠦ︾ ᠳᠤ ᠰᠠᠭᠤᠷᠢᠯᠠᠨ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠡᠯ᠎ᠡ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ᠎ᠡ︔ ᠡᠤ ᠬᠦ᠋ ᠱᠠᠨ | ᠬᠠᠷᠢᠶ᠎ᠠ ᠣᠷᠣᠨ ᠢ ᠨᠡᠭᠦᠯᠭᠡᠨ ᠬᠡᠷᠡᠭᠯᠡᠬᠦ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠲᠠᠷᠠᠬᠠᠶ ᠪᠤᠲᠠᠷᠬᠠᠶ ᠭᠡᠷ | ᠪᠠᠶᠢᠰᠢᠩ ᠤᠨ ᠢᠷᠡᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠣᠷᠣᠨ ᠵᠠᠶ ᠶᠢᠨ ᠪᠠᠶᠢᠷᠢᠰᠢᠭᠤᠯᠤᠯᠲᠠ | ᠪᠠ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠢᠷᠢᠯᠠᠭᠤᠯᠤᠨ᠂ ᠨᠡᠶᠢᠭᠡᠮ ᠤᠨ ᠬᠥᠷᠥᠩᠭᠡ ᠮᠥᠩᠭᠦ ᠶᠢ ᠭᠡᠷ ᠪᠠᠶᠢᠰᠢᠩ | ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠳᠤ ᠣᠷᠣᠭᠤᠯᠬᠤ ᠶᠢ ᠵᠣᠷᠢᠭᠵᠢᠭᠤᠯᠵᠤ᠂ ᠨᠠᠩ ᠣᠯᠠᠨ ᠰᠠᠭᠤᠭᠠᠯᠢ | ᠠᠷᠠᠳ ᠢ ︽ᠰᠢᠨ᠎ᠡ ᠣᠷᠣᠨ ᠰᠠᠭᠤᠴᠠ ᠶᠢᠨ ᠬᠦᠰᠡᠯ︾ ᠢ ᠪᠡᠶᠡᠯᠡᠭᠦᠯᠦᠨ᠎ᠡ᠃ ᠨᠠᠷᠢᠯᠢᠭ ᠪᠠᠶᠢᠷᠢᠯᠠᠭᠤᠯᠤᠯᠲᠠ ᠪᠠᠷ | ᠳᠡᠭᠡᠭᠰᠢᠯᠡᠬᠦ ᠶᠢ ᠠᠬᠢᠭᠤᠯᠵᠤ᠂ ᠡᠪᠯᠡᠯ ᠤᠨ ᠬᠤᠶᠢᠲᠤ ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ | ᠬᠦᠷᠢᠶ᠎ᠡ︾ ᠶᠢ ᠦᠷᠭᠦᠯᠵᠢᠯᠡᠨ ᠪᠠᠶᠢᠭᠤᠯᠵᠤ᠂ ᠠᠷᠠᠳ ᠲᠤ ᠲᠥᠬᠦᠮ ᠦᠵᠡᠭᠦᠯᠬᠦ ᠦᠶ᠋ᠯᠡᠴᠢᠯᠡᠭᠡᠨ ᠤ ᠲᠣᠤᠷ ᠴᠡᠭ ᠢ | 15 ᠰᠢᠯᠢᠳᠡᠭᠵᠢᠭᠦᠯᠦᠨ ᠳᠡᠭᠡᠭᠰᠢᠯᠡᠭᠦᠯᠵᠦ᠂ ᠰᠤᠯᠠ ᠪᠠᠶᠢᠭ᠎ᠠ ᠡᠬᠢ ᠪᠠᠶᠠᠯᠢᠭ ᠢ ᠭᠦᠶ᠋ᠴᠡᠳ ᠠᠰᠢᠭᠯᠠᠨ ᠣᠨᠴᠠᠯᠢᠭᠲᠤ | ᠢᠳᠡᠭᠡᠨ ᠤᠮᠳᠠᠭᠠᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠡᠷᠡᠭᠦᠯᠵᠢᠯ ᠰᠤᠪᠢᠯᠠᠯᠲᠠ᠂ ᠰᠢᠨ᠎ᠡ ᠮᠠᠶ᠋ᠢᠭ ᠤᠨ | ᠨᠣᠮ ᠤᠨ ᠥᠷᠥᠭᠡ ᠵᠡᠷᠭᠡ ᠣᠯᠠᠨ ᠲᠥᠷᠥᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠭᠦᠶ᠋ᠴᠡᠳ ᠨᠥᠬᠦᠪᠥᠷᠢᠯᠡᠵᠦ᠂ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠡᠬᠢᠯᠡᠭᠦᠯᠦᠨ ᠪᠠᠶᠢᠭᠤᠯᠵᠤ᠂ ᠪᠡᠶ᠎ᠡ ᠶᠢᠨ ᠲᠠᠮᠢᠷ ᠤᠨ ᠲᠠᠯᠠᠪᠠᠶ | ᠣᠷᠳᠣᠨ ᠢ ᠡᠮᠬᠢ ᠵᠢᠷᠤᠮ ᠲᠠᠢ ᠨᠡᠭᠡᠭᠡᠵᠦ᠂ ᠣᠯᠠᠨ ᠲᠦᠮᠡᠨ ᠳᠤ ᠬᠡᠷ ᠤᠨ ᠡᠭᠦᠳᠡᠨ ᠳᠠᠬᠢ ᠴᠢᠨᠠᠷ ᠰᠠᠶᠢᠲᠠᠶ | ᠦᠶ᠋ᠯᠡᠴᠢᠯᠡᠭᠡ ᠶᠢ ᠮᠡᠳᠡᠷᠡᠭᠦᠯᠪᠡ᠃ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ ᠳᠤᠲᠠᠭᠤᠳᠠᠯ ᠢ | ᠨᠥᠬᠦᠪᠥᠷᠢᠯᠡᠵᠦ᠂ ᠭᠤᠤᠯᠳᠠᠯᠭ᠎ᠠ ᠲᠠᠢ ᠣᠷᠣᠨ ᠪᠦᠰᠡ ᠶᠢᠨ ᠤᠰᠤᠲᠤᠯ ᠢ ᠵᠠᠰᠠᠬᠤ᠂ ᠪᠣᠷᠣᠭᠠᠨ ᠤ ᠤᠰᠤᠨ ᠤ | ᠬᠥᠭᠡᠷᠭᠡ ᠶᠢᠨ ᠥᠷᠲᠡᠭᠡ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠪᠠᠷᠢᠯᠭ᠎ᠠ ᠶᠢᠨ ᠬᠤᠭ ᠨᠣᠪᠰᠢ ᠶᠢ | ᠶᠡᠷᠦᠩᠬᠡᠶᠢᠯᠡᠨ ᠰᠢᠩᠭᠡᠭᠡᠬᠦ ᠲᠠᠯᠠᠪᠠᠶ᠂ ᠴᠡᠪᠡᠷ ᠡᠨᠧᠷᠭᠢ ᠪᠠᠷ ᠢᠯᠴᠢ ᠬᠠᠩᠭᠠᠬᠤ ᠢᠨᠵᠧᠨᠧᠷᠢᠩ ᠢ ᠲᠦᠷᠭᠡᠳᠬᠡᠨ | ᠪᠠᠶᠢᠭᠤᠯᠵᠤ᠂ ᠨᠢᠭᠡ ᠪᠦᠯᠦᠭ ᠬᠠᠷᠮᠠᠨ ᠴᠡᠴᠡᠷᠯᠢᠭ᠂ ᠪᠣᠬᠢᠷᠲᠤᠯ ᠥᠬᠡᠶ ᠶᠠᠪᠠᠭᠠᠨ ᠵᠠᠮ᠂ ᠵᠢᠵᠢᠭ ᠪᠢᠴᠢᠯ ᠨᠣᠭᠤᠭᠠᠨ | ᠭᠠᠵᠠᠷ ᠵᠡᠷᠭᠡ ︽ᠦᠵᠡᠰᠬᠦᠯᠡᠩᠲᠦ ᠰᠠᠶᠢᠬᠠᠨ ᠵᠡᠭᠡᠯᠢ ᠶᠢᠨ ᠪᠤᠯᠤᠩ︾ ᠢ ᠲᠥᠯᠥᠪᠵᠢᠭᠦᠯᠦᠨ ᠪᠠᠶᠢᠷᠢᠰᠢᠭᠤᠯᠵᠤ᠂ | ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠭᠢᠯᠡᠬᠦ ᠳᠤ ᠲᠣᠬᠢᠷᠠᠮᠵᠢᠲᠠᠶ ᠬᠥᠭᠵᠢᠯᠲᠡ ᠶᠢᠨ ᠰᠠᠭᠤᠷᠢ | ᠥᠩᠭᠡ ᠶᠢ ᠪᠣᠶ ᠪᠣᠯᠭᠠᠨ᠎ᠠ᠃ | ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠪᠡ᠃ | ᠠᠵᠤ ᠦᠢᠯᠡᠰ ᠤᠨ ᠬᠦᠷᠢᠶᠡᠯᠡᠩ ᠤᠨ ᠰᠢᠨᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ | ᠭᠦᠨᠵᠡᠭᠡᠢ ᠬᠡᠷᠡᠭᠵᠢᠭᠦᠯᠵᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠡᠷᠦᠬᠡ ᠠᠮᠠ ᠣᠷᠣᠭᠤᠯᠬᠤ | ᠠᠩᠬᠠᠨ ᠤ ᠰᠣᠩᠭᠤᠯᠲᠠ ᠶᠢᠨ ᠭᠠᠵᠠᠷ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠠᠴᠢᠶᠠᠯᠠᠪᠤᠷᠢ ᠶᠢᠨ ᠭᠠᠵᠠᠷ ᠢ | ᠪᠠᠶᠢᠭᠤᠯᠤᠨ᠎ᠠ᠃ ᠵᠠᠮ ᠤᠨ ᠲᠣᠤᠷ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠬᠢᠭᠡᠳ ᠠᠵᠤ ᠠᠬᠤᠶᠢᠯᠠᠯ ᠤᠨ ᠣᠷᠣᠭᠤᠯᠤᠯᠲᠠ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ | ᠂ ︽ᠳᠥᠷᠪᠡᠨ ᠬᠥᠨᠳᠡᠯᠡᠨ ᠳᠥᠷᠪᠡᠨ ᠭᠤᠯᠳᠤ︾ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠰᠠᠭᠠᠳ ᠦᠭᠡᠶ | ᠨᠡᠪᠲᠡᠷᠡᠭᠦᠯᠵᠦ᠂ ᠰᠡᠳᠬᠢᠯ ᠬᠤᠯᠪᠣᠬᠤ᠂ ᠵᠦᠩ ᠴᠧᠩ ᠵᠠᠮ ᠵᠡᠷᠭᠡ 6 ᠭᠤᠤᠯ ᠵᠠᠮ ᠢ ᠰᠢᠨ᠎ᠡ ᠪᠠᠷ ᠵᠠᠰᠠᠨ | ᠥᠭᠡᠷᠡᠴᠢᠯᠡᠵᠦ᠂ ᠨᠡᠭᠦᠷᠡᠰᠦ ᠲᠡᠭᠡᠭᠡᠪᠦᠷᠢᠯᠡᠬᠦ ᠶᠡᠭᠡ ᠵᠠᠮ ᠤᠨ ᠵᠠᠯᠭᠠᠯᠲᠠ ᠶᠢᠨ ᠲᠦᠭᠵᠢᠷᠡᠯ ᠢ ᠨᠡᠪᠲᠡᠷᠡᠭᠦᠯᠵᠦ᠂ | ᠲᠡᠭᠡᠭᠡᠪᠦᠷᠢ ᠶᠢᠨ ᠲᠡᠷᠭᠡ ᠬᠥᠰᠬᠡ ᠶᠢ ᠴᠠᠭ ᠬᠤᠪᠢᠶᠠᠨ ᠰᠠᠯᠭᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠵᠠᠮ | ᠨᠡᠪᠲᠡᠷᠡᠯᠭᠡ ᠶᠢᠨ ᠦᠷ᠎ᠡ ᠪᠦᠲᠦᠮᠵᠢ ᠶᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠦᠵᠡᠮᠵᠢ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠵᠤ᠂ ︽ᠪᠣᠬᠢᠷᠲᠤᠯ ᠥᠬᠡᠶ ᠦᠢᠯᠡᠳᠪᠦᠷᠢ︾ ᠶᠢᠨ ᠪᠥᠲᠥᠭᠡᠨ ᠪᠠᠶᠢᠭᠤᠯᠤᠯᠲᠠ ᠪᠠᠷ | ᠭᠠᠷᠳᠠᠴᠠ ᠪᠣᠯᠭᠠᠨ᠂ ᠠᠵᠤ ᠠᠬᠤᠶᠢᠯᠠᠯ ᠤᠨ ᠦᠢᠯᠡᠳᠪᠦᠷᠢ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ | ᠠᠬᠢᠭᠤᠯᠵᠤ᠂ ᠵᠡᠭᠡᠯᠢ ᠳᠠᠭᠠᠤ ᠨᠣᠭᠤᠭᠠᠷᠠᠭᠤᠯᠬᠤ ᠵᠢᠷᠤᠭ ᠲᠥᠯᠥᠪᠯᠡᠭᠡ ᠪᠠ ᠪᠣᠰᠤᠭ᠎ᠠ ᠲᠠᠯ᠎ᠠ ᠶᠢᠨ | ᠥᠭᠡᠷᠡᠴᠢᠯᠡᠯᠲᠡ ᠶᠢ ᠴᠢᠩᠭᠠᠳᠬᠠᠨ᠂ ᠬᠥᠮᠦᠨ ᠰᠣᠶᠣᠯ᠂ ᠠᠮᠢ ᠠᠬᠤᠶ᠂ ᠤᠨᠴᠠᠯᠢᠬᠳᠤ ᠦᠵᠡᠮᠵᠢ ᠶᠢᠨ ᠵᠢᠵᠢᠭ | ᠵᠦᠢᠯᠡᠰ ᠢ ᠪᠣᠶ ᠪᠣᠯᠭᠠᠨ᠎ᠠ᠃ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠤᠶᠤᠨᠲᠤ | ᠬᠦᠷᠢᠶᠡᠯᠡᠩ ᠲᠣᠭᠤᠷᠢᠭ ᠢ ᠦᠷᠭᠦᠯᠵᠢᠯᠡᠨ ᠪᠠᠶᠢᠭᠤᠯᠵᠤ᠂ ᠠᠵᠤ ᠦᠢᠯᠡᠰ ᠤᠨ ᠬᠦᠷᠢᠶᠡᠯᠡᠩ ᠤᠨ ᠠᠵᠤ | ᠠᠬᠤᠶᠢᠯᠠᠯ ᠤᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠦᠷᠳᠡᠭᠡ ᠶᠢ ᠡᠬᠢᠯᠡᠨ ᠬᠡᠷᠡᠭᠯᠡᠵᠦ᠂ ᠨᠢᠭᠡ | ᠴᠤᠬᠴᠠᠵᠢᠭᠤᠯᠤᠬᠰᠠᠨ ᠤᠶᠤᠨᠲᠤ ᠤᠯᠠᠨ ᠨᠡᠶᠢᠲᠡ ᠶᠢᠨ ᠲᠡᠷᠭᠡᠨ ᠵᠣᠭᠰᠣᠭᠠᠯ ᠢ ᠪᠠᠶᠢᠭᠤᠯᠤᠨ᠎ᠠ︔ ︽ᠣᠷᠣᠨ | ᠠᠯᠤᠰᠯᠠᠭᠰᠠᠨ ᠪᠠᠶᠢᠳᠠᠯ︾᠂ ︽ᠠᠵᠤ ᠠᠬᠤᠶᠢᠯᠠᠯ ᠳᠤ ᠨᠢᠰᠬᠦ︾ ᠬᠥᠭᠵᠢᠯᠲᠡ ᠶᠢᠨ ᠵᠠᠭᠪᠤᠷ ᠢ ᠭᠦᠨᠵᠡᠭᠡᠶᠢᠷᠡᠭᠦᠯᠵᠦ᠂ | ᠤᠯᠠᠨ ᠨᠡᠶᠢᠲᠡ ᠶᠢᠨ ᠦᠢᠯᠡᠴᠢᠯᠡᠭᠡ ᠶᠢ ᠳᠣᠷᠣᠭᠰᠢ ᠪᠠᠭᠤᠯᠭᠠᠨ ᠬᠠᠮᠢᠶᠠᠷᠬᠤ ᠶᠢ ᠰᠦᠪᠡᠭᠴᠢᠯᠡᠵᠦ᠂ ᠠᠵᠤ | ᠦᠢᠯᠡᠰ ᠤᠨ ᠬᠦᠷᠢᠶᠡᠯᠡᠩ ᠤᠨ ᠬᠥᠭᠵᠢᠯᠲᠡ ᠶᠢᠨ ᠡᠷᠬᠡ ᠶᠢ ᠬᠦᠴᠦᠷᠬᠡᠭᠵᠢᠭᠦᠯᠬᠦ ᠳᠤ ᠡᠨᠧᠷᠭᠢ ᠣᠯᠭᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ | ᠤᠯᠠᠭᠠᠨᠨᠠᠭᠤᠷ ᠤᠨ ᠲᠠᠷᠢᠶᠠᠯᠠᠩ ᠵᠢᠭᠤᠯᠴᠢᠯᠠᠯ ᠲᠥᠪᠯᠡᠷᠡᠭᠰᠡᠨ ᠣᠷᠣᠨ ᠢ ᠡᠭᠦᠳᠦᠨ ᠪᠠᠶᠢᠭᠤᠯᠬᠤ ᠶᠢᠨ ᠲᠣᠭᠤᠷᠢᠨ ᠳᠤ᠂ | ᠪᠥᠬᠦ ᠣᠷᠣᠨ ᠪᠦᠰᠡ᠂ ᠪᠥᠬᠦ ᠴᠠᠭ᠂ ᠪᠥᠬᠦ ᠤᠯᠠᠷᠢᠯ ᠢᠶᠠᠷ ︽ᠵᠢᠭᠤᠯᠴᠢᠯᠠᠯ + ᠲᠠᠷᠢᠶᠠᠯᠠᠩ + ᠠᠮᠢ ᠠᠬᠤᠶ︾ ᠶᠢᠨ | ᠠᠵᠤ ᠦᠢᠯᠡᠰ ᠤᠨ ᠬᠥᠭᠵᠢᠯᠲᠡ ᠶᠢ ᠰᠦᠪᠡᠭᠴᠢᠯᠡᠨ᠎ᠡ᠃ ᠲᠠᠷᠢᠶᠠᠯᠠᠩ ᠪᠠ ᠵᠢᠭᠤᠯᠴᠢᠯᠠᠯ ᠤᠨ ᠠᠭᠤᠰᠤᠯᠴᠠᠯ ᠤᠨ ︽ | ᠥᠪᠡᠷᠮᠢᠴᠡ ᠣᠨᠴᠠᠯᠢᠭ︾ ᠢ ᠰᠠᠶᠢᠲᠤᠷ ᠠᠳᠬᠤᠵᠤ᠂ ᠰᠢᠨ᠎ᠡ ᠰᠣᠷᠭᠤᠭ ᠰᠢᠬᠢᠷᠯᠢᠭ ᠬᠤᠲᠠ ᠶᠢ ᠲᠥᠪᠯᠡᠷᠡᠭᠦᠯᠦᠨ | ᠲᠠᠰ ᠳᠡᠪᠰᠢᠭᠦᠯᠦᠨ᠎ᠡ᠃ ᠠᠵᠤ ᠦᠢᠯᠡᠰ ᠤᠨ ᠬᠥᠭᠵᠢᠯᠲᠡ ᠶᠢᠨ ︽ᠬᠠᠮᠵᠢᠯᠴᠠᠨ ᠬᠥᠭᠵᠢᠬᠦ︾ ᠶᠢ ᠰᠠᠶᠢᠲᠤᠷ | ᠳᠠᠭᠤᠯᠠᠵᠤ᠂ ︽ᠬᠤᠯᠢᠰᠢᠨ ᠢᠳᠡᠭᠡᠨ︾ ᠤ ᠬᠠᠩᠭᠠᠯᠭ᠎ᠠ ᠶᠢ ᠪᠠᠲᠤᠯᠠᠬᠤ ᠰᠠᠭᠤᠷᠢᠨ ᠭᠠᠵᠠᠷ ᠢ ᠠᠵᠢᠯ ᠡᠬᠢᠯᠡᠭᠦᠯᠦᠨ | ᠪᠥᠲᠥᠭᠡᠨ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ ᠲᠥᠪ᠂ ᠰᠢᠨ᠎ᠡ ᠲᠥᠷᠥᠯ | ᠵᠦᠢᠯ ᠤᠨ ᠲᠤᠷᠰᠢᠯᠲᠠ ᠶᠢᠨ ᠬᠤᠤᠰ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ 2 ᠵᠢᠯ ᠤᠨ ᠬᠤᠭᠤᠴᠠᠭ᠎ᠠ ᠶᠢ | ᠬᠡᠷᠡᠭᠯᠡᠵᠦ ᠪᠠᠶᠢᠭᠠᠳ ᠪᠥᠬᠦ ᠣᠷᠣᠨ ᠪᠦᠰᠡ ᠶᠢᠨ ᠦᠨᠳᠦᠰᠦᠨ ᠲᠠᠷᠢᠶᠠᠨ ᠭᠠᠵᠠᠷ ᠢ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠤᠨ ᠪᠠᠭᠲᠠᠭᠠᠮᠵᠢ ᠶᠢ ᠥᠷᠭᠡᠳᠬᠡᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠣᠷᠴᠢᠨ ᠲᠣᠭᠤᠷᠢᠨ ᠤ | ᠳᠡᠭᠡᠭᠰᠢᠯᠡᠯᠲᠡ ᠶᠢᠨ ︽ᠰᠢᠨ᠎ᠡ ᠬᠠᠭᠤᠳᠠᠰᠤ︾ ᠶᠢ ᠪᠢᠴᠢᠭᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠵᠢᠱᠢᠶ᠎ᠡ ᠦᠵᠡᠭᠦᠯᠬᠦ ᠬᠡᠰᠡᠭ ᠲᠣᠭᠤᠷᠢᠭ ᠢ ᠲᠦᠷᠭᠡᠳᠬᠡᠨ ᠪᠠᠶᠢᠭᠤᠯᠵᠤ᠂ ᠽᠧ ᠶᠤᠸᠠᠨ ᠰᠢᠨ᠎ᠡ ᠲᠣᠰᠬᠤᠨ ᠤ ᠠᠵᠤ | ᠦᠢᠯᠡᠰ ᠤᠨ ᠵᠠᠮ ᠢ ᠰᠢᠨ᠎ᠡ ᠪᠠᠷ ᠵᠠᠰᠠᠨ ᠰᠠᠶᠢᠵᠢᠷᠠᠭᠤᠯᠵᠤ᠂ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ | ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠦᠨ᠂ | ᠬᠥᠳᠡᠭᠡ ᠲᠣᠰᠬᠤᠨ ᠢ ︽ᠨᠢᠭᠤᠷ ᠲᠠᠯ᠎ᠠ︾ ᠪᠠᠶᠢᠭᠰᠠᠨ ᠠᠴᠠ ︽ᠳᠣᠲᠣᠷ ᠲᠠᠯ᠎ᠠ︾ ᠪᠣᠯᠭᠠᠨ᠎ᠠ᠃ | ︵ᠭᠤᠷᠪᠠ︶ ︽ᠳᠤᠯᠤᠭ᠎ᠠ ᠶᠢ ᠵᠠᠰᠠᠬᠤ︾ ᠪᠠᠷᠢᠮᠵᠢᠶ᠎ᠠ ᠶᠢ ᠳᠡᠭᠡᠭᠰᠢᠯᠡᠭᠦᠯᠵᠦ ᠶᠠᠰᠤ ᠴᠢᠨᠠᠷ ᠢ | ᠳᠡᠭᠡᠭᠰᠢᠯᠡᠭᠦᠯᠬᠦ ᠪᠠᠷ ᠵᠠᠩᠭᠢᠯᠠᠭ᠎ᠠ ᠶᠢᠨ ᠭᠠᠷᠳᠠᠴᠠ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠢ | ᠦᠷᠭᠦᠯᠵᠢᠯᠡᠨ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠢ ᠳᠡᠶᠢᠯᠦᠩᠭᠦᠢ ᠪᠠᠶᠢᠷᠢᠨ ᠳᠤ ᠲᠠᠯᠪᠢᠵᠤ᠂ ᠶᠡᠷᠦᠩᠬᠡᠶᠢᠯᠡᠨ | ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢ | ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ | ᠠᠬᠢᠭᠤᠯᠵᠤ᠂ ᠤᠳᠠ ᠶᠢᠨ ᠬᠦᠬᠡ ᠠᠭᠤᠯᠠ ᠬᠥᠬᠡᠮᠳᠦᠭ ᠤᠰᠤ ᠶᠢ ᠡᠷᠡᠰ ᠰᠠᠬᠢᠨ ᠬᠠᠮᠠᠭᠠᠯᠠᠨ᠎ᠠ᠃ | ᠨᠡᠩ ᠬᠦᠴᠦᠲᠡᠢ ᠬᠦᠴᠦᠲᠡᠢ ᠪᠠᠬᠢᠯᠡᠯᠲᠡ ᠡᠪᠳᠡᠬᠦ ᠠᠭᠠᠷ ᠮᠠᠨᠳᠠᠯ ᠢ ᠴᠡᠭᠴᠡᠯᠡᠬᠦ᠃ ᠦᠬᠠᠢ ᠵᠢᠴᠢ ᠡᠷᠬᠢᠨ | ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠤᠯᠤᠰ | ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠷᠴᠢᠨ ᠲᠣᠭᠤᠷᠢᠨ ᠤ | ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠲᠦᠢᠯᠪᠤᠷᠢᠲᠠᠢ ᠰᠠᠶᠢᠲᠤᠷ ᠠᠳᠬᠤᠵᠤ᠂ ᠡᠯ᠎ᠡ ᠲᠦᠷᠦᠯ ᠤᠨ ᠣᠷᠴᠢᠨ | ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠠᠮᠢ ᠠᠬᠤᠢ ᠶᠢᠨ | ᠵᠠᠰᠠᠯᠲᠠ ᠶᠢ ︽ᠦᠩᠭᠡᠨ ᠲᠠᠯ᠎ᠠ︾ ᠠᠴᠠ ︽ᠦᠨᠳᠦᠰᠦ ᠠᠴᠠ ᠨᠢ ᠵᠠᠰᠠᠬᠤ︾ ᠲᠡᠶᠢᠰᠢ ᠭᠦᠨᠵᠡᠭᠡᠢ | ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ᠂ ᠬᠦᠷᠢᠶᠡᠯᠡᠩ | ᠲᠣᠭᠤᠷᠢᠭ ᠤᠨ ᠣᠨᠳᠣᠣ ᠦᠨᠦᠷ᠂ ᠲᠣᠭᠤᠰᠣ ᠳᠡᠭᠳᠡᠬᠦ ᠪᠣᠬᠢᠷᠲᠤᠯ ᠢ ᠲᠤᠰᠬᠠᠶ ᠴᠡᠭᠴᠡᠯᠡᠨ ᠵᠠᠰᠠᠬᠤ ᠠᠵᠢᠯ ᠢ | ᠭᠦᠨᠵᠡᠭᠡᠶ ᠥᠷᠨᠢᠭᠦᠯᠵᠦ᠂ ᠢ ᠬᠤᠸᠠ᠂ ᠵᠢᠶᠦ᠋ᠨ ᠵᠧᠩ ᠵᠡᠷᠭᠡ 3 ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ | ᠵᠤᠤᠬ᠎ᠠ ᠶᠢᠨ ᠵᠤᠤᠬ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠡᠬᠢᠯᠡᠭᠦᠯᠵᠦ᠂ ᠭᠤᠷᠪᠠᠳᠠᠬᠢ | ᠡᠲᠡᠭᠡᠳ ᠢ ᠤᠷᠢᠵᠤ 20 ᠠᠵᠤ ᠠᠬᠤᠶᠢᠯᠠᠯ ᠤᠨ ᠬᠠᠴᠢᠨ ᠠᠮᠲᠠ ᠶᠢᠨ ᠬᠡᠮ ᠰᠣᠭᠤᠭ ᠢ ᠵᠠᠰᠠᠬᠤ ᠲᠡᠰᠢ | ᠦᠭᠡᠷᠡᠴᠢᠯᠡᠵᠦ᠂ 1000 ᠡᠷᠦᠬᠡ ᠲᠡᠭᠰᠢ ᠭᠡᠷ ᠪᠠᠶᠢᠰᠢᠩ ᠤᠨ ᠲᠣᠭᠤᠷᠢᠭ ᠤᠨ ᠴᠡᠪᠡᠷ ᠳᠤᠯᠠᠭᠠᠯᠠᠭ᠎ᠠ ᠶᠢᠨ | ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠬᠠᠷᠠᠯᠲᠠ ᠶᠢ | ᠦᠨᠳᠦᠰᠦᠨ ᠳᠡᠭᠡᠨ ᠠᠷᠢᠯᠭᠠᠬᠤ ᠲᠡᠶᠢᠰᠢ ᠲᠦᠷᠭᠡᠨ ᠠᠬᠢᠭᠤᠯᠤᠨ᠎ᠠ᠃ ᠣᠷᠣᠨ ᠪᠦᠰᠡ ᠶᠢᠨ ᠣᠷᠴᠢᠨ ᠲᠣᠭᠤᠷᠢᠨ ᠤ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠵᠤ᠂ ᠠᠭᠠᠷ | ᠮᠠᠨᠳᠠᠯ ᠤᠨ ᠪᠣᠬᠢᠷᠲᠤᠯ ᠢ ᠨᠠᠷᠢᠯᠢᠬᠵᠢᠭᠤᠯᠬᠤ ᠣᠶᠤᠨᠴᠢ ᠬᠢᠨᠠᠨ ᠰᠢᠨᠵᠢᠬᠦ ᠲᠠᠪᠴᠠᠩ ᠢ ᠭᠦᠢᠴᠡᠳ ᠬᠡᠷᠡᠭᠯᠡᠨ᠂ ᠪᠦᠬᠦᠯᠢ | ᠡᠳᠦᠷ᠂ ᠣᠯᠠᠨ ᠬᠡᠮᠵᠢᠯᠳᠦ ᠰᠦᠯᠵᠢᠶᠡᠨ ᠳᠡᠭᠡᠷ᠎ᠡ ᠬᠢᠨᠠᠨ ᠬᠠᠮᠢᠶᠠᠷᠬᠤ ᠶᠢ ᠥᠷᠨᠢᠭᠦᠯᠵᠦ᠂ ᠮᠥᠷᠳᠡᠯᠲᠡ ᠶᠢ | ᠣᠨᠣᠪᠴᠢᠲᠠᠢ ᠡᠷᠢᠵᠦ᠂ ᠬᠤᠯᠪᠣᠭᠠᠯᠠᠨ ᠬᠥᠳᠡᠯᠦᠯᠴᠡᠵᠦ ᠬᠠᠤᠯᠢ ᠬᠡᠷᠡᠭᠵᠢᠭᠦᠯᠬᠦ ᠶᠢ ᠠᠬᠢᠭᠤᠯᠵᠤ᠂ ᠭᠠᠵᠠᠷ ᠣᠷᠣᠨ ᠤ | ᠠᠮᠢ ᠠᠬᠤᠢ ᠶᠢᠨ ᠣᠷᠴᠢᠨ ᠲᠣᠭᠤᠷᠢᠨ ᠢ ᠲᠣᠣᠱᠳᠠᠢ ᠬᠤᠪᠢᠷᠠᠭᠤᠯᠬᠤ ᠶᠢ ᠠᠬᠢᠭᠤᠯᠤᠨ᠎ᠠ᠃ | ᠠᠭᠤᠷᠬᠠᠶ ᠶᠢᠨ ᠣᠷᠣᠨ ᠤ ᠠᠮᠢ ᠠᠬᠤᠶ ᠶᠢ ᠨᠠᠩ ᠥᠨᠳᠥᠷ ᠪᠠᠷᠢᠮᠵᠢᠶ᠎ᠠ ᠪᠠᠷ ᠰᠡᠯᠪᠢᠨ ᠰᠡᠷᠭᠦᠭᠡᠨ᠎ᠡ᠃ ᠪᠣᠬᠢᠷᠲᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠶᠢᠲᠡᠯᠢᠭ ᠵᠢᠱᠢᠶ᠎ᠡ ᠪᠠᠷ | ᠬᠥᠲᠥᠯᠥᠨ ᠳᠠᠭᠠᠭᠤᠯᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠳᠠᠮᠵᠢᠨ᠂ ᠬᠤᠸᠠᠩ ᠪᠠᠢ ᠽᠢ ᠵᠡᠷᠭᠡ | ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢ ᠪᠠᠶᠢᠭᠤᠯᠵᠤ᠂ ᠵᠢᠶᠠᠨ ᠠᠨ᠂ ᠬᠤᠸᠠ | ᠶᠢᠨ ᠵᠡᠷᠭᠡ 7 ᠠᠮᠢ ᠠᠬᠤᠢ ᠶᠢᠨ ᠵᠠᠰᠠᠯᠲᠠ ᠶᠢᠨ ᠲᠥᠷᠥᠯ ᠵᠦᠢᠯ ᠢ ᠨᠢᠭᠡ ᠴᠤᠭᠴᠠᠵᠢᠭᠤᠯᠤᠨ ᠲᠦᠯᠬᠢᠨ ᠠᠬᠢᠭᠤᠯᠵᠤ | ᠂ ᠰᠤᠬᠠᠶᠢᠲᠤ ᠵᠢᠵᠢᠭ ᠲᠡᠮᠦᠷ ᠮᠠᠯᠠᠭᠠᠢ ᠶᠢᠨ ᠠᠮᠢ ᠠᠬᠤᠶ ᠶᠢ ᠰᠡᠷᠭᠦᠭᠡᠨ ᠬᠠᠮᠠᠭᠠᠯᠠᠬᠤ ᠠᠵᠢᠯ ᠢ ᠪᠠᠶᠢᠩᠭᠤᠵᠢᠭᠤᠯᠤᠨ | ᠰᠠᠶᠢᠲᠤᠷ ᠠᠳᠬᠤᠵᠤ᠂ ᠨᠢᠭᠡ ᠶᠢ ᠴᠡᠭᠴᠡᠯᠡᠨ ᠵᠠᠰᠠᠵᠤ᠂ ᠨᠢᠭᠡ ᠭᠠᠵᠠᠷ ᠢ ᠪᠠᠬᠢᠵᠢᠭᠦᠯᠵᠦ᠂ ᠨᠢᠭᠡ ᠣᠷᠣᠨ ᠪᠦᠰᠡ ᠶᠢ | ᠰᠠᠶᠢᠵᠢᠷᠠᠭᠤᠯᠤᠨ᠎ᠠ᠃ ᠠᠭᠤᠷᠬᠠᠶ ᠶᠢᠨ ᠣᠷᠣᠨ ᠢ ᠨᠢᠭᠡᠳᠦᠯᠲᠡᠶ ᠲᠥᠯᠥᠪᠵᠢᠭᠦᠯᠬᠦ᠂ ᠲᠥᠪᠯᠡᠷᠡᠭᠦᠯᠦᠨ ᠵᠠᠰᠠᠬᠤ᠂ | ᠵᠠᠯᠭᠠᠯᠳᠤᠭᠤᠯᠤᠨ ᠨᠡᠭᠡᠭᠡᠨ ᠬᠥᠭᠵᠢᠭᠦᠯᠬᠦ ᠶᠢ ᠬᠠᠮᠵᠢᠯᠴᠠᠨ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ | ᠵᠠᠭᠪᠤᠷ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠭᠡᠷᠡᠯ ᠴᠡᠨᠡᠭ ᠤᠨ ᠠᠵᠤ ᠦᠢᠯᠡᠰ᠂ ᠠᠭᠤᠷᠬᠠᠶ ᠶᠢᠨ | ᠴᠡᠴᠡᠷᠯᠢᠭ ᠵᠡᠷᠭᠡ ᠨᠢᠭᠡ ᠪᠦᠯᠦᠭ ᠣᠯᠠᠨ ᠡᠰᠢᠵᠢᠭᠰᠡᠨ ᠲᠥᠷᠥᠯ ᠵᠦᠢᠯ ᠢ ᠰᠦᠪᠡᠭᠴᠢᠯᠡᠵᠦ᠂ ᠠᠭᠤᠷᠬᠠᠶ ᠶᠢᠨ | ᠣᠷᠣᠨ ᠤ ᠠᠮᠢ ᠠᠬᠤᠶ ᠶᠢᠨ ᠳᠦᠷᠢ ᠲᠥᠷᠬᠦ ᠶᠢ ᠪᠥᠬᠦ ᠲᠠᠯ᠎ᠠ ᠪᠠᠷ ᠳᠠᠬᠢᠨ ᠪᠣᠶ ᠪᠣᠯᠭᠠᠨ᠎ᠠ᠃ ᠲᠡᠭᠡᠭᠡᠪᠦᠷᠢᠯᠡᠬᠦ | ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ︽ᠲᠠᠷᠠᠬᠠᠢ ᠶᠢ ᠴᠤᠭᠯᠠᠷᠠᠯ ᠪᠣᠯᠭᠠᠨ ᠥᠭᠡᠷᠡᠴᠢᠯᠡᠬᠦ︾ ︽ | ᠲᠣᠰᠣ ᠶᠢ ᠴᠠᠬᠢᠯᠭᠠᠨ ᠪᠣᠯᠭᠠᠨ ᠥᠭᠡᠷᠡᠴᠢᠯᠡᠬᠦ︾ ︽ᠵᠠᠰᠠᠮᠠᠯ ᠵᠠᠮ ᠢᠶᠠᠷ ᠲᠡᠭᠡᠭᠡᠪᠦᠷᠢᠯᠡᠬᠦ ᠶᠢ ᠲᠡᠮᠦᠷ ᠵᠠᠮ ᠢᠶᠠᠷ | ᠲᠡᠭᠡᠭᠡᠪᠦᠷᠢᠯᠡᠬᠦ︾ ᠠᠷᠭ᠎ᠠ ᠮᠠᠶ᠋ᠢᠭ ᠢ ᠶᠡᠬᠡᠪᠡᠷ ᠬᠡᠷᠡᠭᠵᠢᠭᠦᠯᠦᠨ᠂ ᠨᠢᠭᠲᠠ ᠪᠢᠲᠡᠭᠦᠮᠵᠢᠯᠡᠨ ᠲᠡᠭᠡᠭᠡᠪᠦᠷᠢᠯᠡᠬᠦ᠂ ᠣᠯᠠᠨ | ᠬᠡᠯᠪᠡᠷᠢ ᠪᠠᠷ ᠬᠤᠯᠪᠣᠭᠠᠯᠠᠨ ᠲᠡᠭᠡᠭᠡᠪᠦᠷᠢᠯᠡᠬᠦ ᠶᠢ ᠢᠳᠡᠪᠬᠢᠲᠡᠢ ᠬᠥᠭᠵᠢᠭᠦᠯᠵᠦ᠂ ᠰᠢᠨ᠎ᠡ ᠡᠨᠧᠷᠭᠢ ᠶᠢᠨ ᠲᠡᠷᠭᠡ ᠬᠦᠰᠭᠡ | ᠬᠡᠷᠡᠭᠯᠡᠬᠦ ᠶᠢ ᠳᠡᠯᠭᠡᠷᠡᠭᠦᠯᠦᠨ᠂ ᠨᠢᠭᠡ ᠪᠦᠯᠦᠭ ᠴᠠᠬᠢᠯᠭᠠᠨ ᠰᠣᠯᠢᠬᠤ ᠪᠠᠭᠠᠨ᠎ᠠ ᠶᠢ ᠲᠦᠬᠦᠷᠵᠢᠭᠦᠯᠦᠨ ᠪᠦᠲᠦᠭᠡᠨ | ᠪᠠᠶᠢᠭᠤᠯᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠵᠠᠭᠪᠤᠷ ᠲᠡᠰᠢ ᠬᠡᠯᠪᠡᠷᠢ ᠪᠠᠨ ᠬᠤᠪᠢᠷᠠᠭᠤᠯᠬᠤ ᠶᠢ | ᠲᠦᠷᠭᠡᠳᠭᠡᠨ᠎ᠡ᠃ | ᠨᠠᠩ ᠪᠤᠳᠠᠲᠠᠶ ᠠᠷᠭ᠎ᠠ ᠬᠡᠮᠵᠢᠶ᠎ᠡ ᠪᠠᠷ ᠤᠰᠤ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠦᠨ᠎ᠡ᠃ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ︽ᠤᠰᠤ ᠪᠠᠷ ᠲᠦᠷᠪᠡ ᠶᠢ | ᠲᠣᠭᠲᠠᠭᠠᠬᠤ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠤᠣᠯ ᠤᠨ ᠵᠠᠮ ᠤᠨ ︽ᠳᠦᠷᠪᠡᠨ | ᠰᠠᠮᠠᠭᠤᠷᠠᠯ︾ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠤᠰᠤᠨ ᠤ ᠪᠣᠬᠢᠷᠲᠤᠯ ᠢ ᠤᠷᠢᠳᠴᠢᠯᠠᠨ | ᠰᠡᠷᠡᠮᠵᠢᠯᠡᠭᠦᠯᠵᠦ ᠡᠬᠢ ᠡᠭᠦᠰᠦᠯ ᠢ ᠨᠢ ᠮᠥᠷᠳᠡᠬᠦ ᠰᠢᠰᠲ᠋ᠧᠮ ᠢ ᠪᠠᠶᠢᠭᠤᠯᠵᠤ᠂ ᠭᠤᠷᠪᠠᠨ ᠵᠠᠮ ᠤᠨ ᠡᠷᠭᠢ ᠳᠠᠭᠠᠤ ᠶᠢᠨ | ᠬᠠᠰᠢᠯᠭ᠎ᠠ ᠶᠢᠨ ᠢᠨᠵᠧᠨᠧᠷᠢᠩ ᠪᠣᠯᠤᠨ ᠰᠤᠬᠠᠶᠢᠲᠤ ᠭᠤᠣᠯ ᠢ ᠵᠠᠰᠠᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ | ᠤᠰᠤ ᠨᠢ ᠲᠤᠩᠭᠠᠯᠠᠭ ᠭᠤᠣᠯ ᠨᠢ ᠰᠠᠭᠠᠳ ᠦᠭᠡᠢ ᠬᠠᠲᠤᠨ ᠭᠤᠣᠯ ᠤᠨ ᠠᠮᠢ ᠠᠬᠤᠢ ᠶᠢᠨ ᠬᠤᠩᠭᠢᠯ ᠢ ᠬᠦᠴᠦᠯᠡᠨ | ᠪᠠᠶᠢᠭᠤᠯᠤᠨ᠎ᠠ᠃ ᠤᠰᠤ ᠶᠢ ᠭᠦᠨᠵᠡᠭᠡᠶ ᠠᠷᠪᠢᠯᠠᠬᠤ ᠪᠠ ᠤᠰᠤ ᠶᠢ ᠶᠡᠬᠡᠪᠡᠷ ᠬᠢᠵᠠᠭᠠᠷᠯᠠᠬᠤ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠬᠡᠮᠵᠢᠶ᠎ᠡ ᠶᠢ ᠨᠢ ᠲᠣᠬᠢᠷᠠᠭᠤᠯᠬᠤ ᠲᠣᠭᠲᠠᠴᠠ ᠶᠢ | ᠪᠦᠷᠢᠨᠰᠢᠭᠦᠯᠵᠦ᠂ ᠤᠰᠤᠨ ᠤ ᠡᠬᠢ ᠪᠠᠶᠠᠯᠢᠭ ᠢ ᠲᠥᠷᠥᠯ ᠬᠤᠪᠢᠶᠠᠨ ᠲᠣᠬᠢᠷᠠᠭᠤᠯᠬᠤ᠂ ᠨᠠᠷᠢᠯᠢᠭ ᠣᠨᠣᠴᠠᠲᠠᠶ ᠪᠠᠷ | ᠬᠠᠮᠢᠶᠠᠷᠤᠨ ᠡᠵᠡᠮᠳᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠩ ᠤᠨ ᠪᠤᠰᠤ ᠤᠰᠤ ᠶᠢ ᠠᠰᠢᠭᠯᠠᠬᠤ ᠪᠠ | ᠤᠰᠤ ᠠᠷᠪᠢᠯᠠᠬᠤ ᠬᠡᠪ ᠳᠠᠭᠤᠷᠢᠶᠠᠯ ᠢᠶᠠᠷ ᠬᠥᠲᠥᠯᠥᠨ ᠳᠠᠭᠠᠭᠤᠯᠬᠤ ᠶᠢ ᠶᠡᠬᠡᠪᠡᠷ ᠲᠦᠯᠬᠢᠨ ᠠᠬᠢᠭᠤᠯᠵᠤ᠂ | ᠲᠣᠬᠢᠷᠠᠮᠵᠢᠲᠠᠶ ᠳᠤᠮᠳᠠᠬᠢ ᠤᠰᠤ ᠶᠢ ᠪᠤᠴᠠᠭᠠᠨ ᠬᠡᠷᠡᠭᠯᠡᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠪᠢᠴᠢᠯ | ᠱᠣᠷᠪᠣᠭ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠪᠠ ᠪᠣᠬᠢᠷ ᠤᠰᠤ ᠶᠢ ᠰᠢᠶ᠋ᠳᠪᠦᠷᠢᠯᠡᠬᠦ | ᠦᠢᠯᠡᠳᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠪᠠᠶᠢᠭᠤᠯᠤᠨ᠂ ᠤᠰᠤ ᠬᠡᠷᠡᠭᠯᠡᠬᠦ ᠠᠷᠭ᠎ᠠ | ᠮᠠᠶ᠋ᠢᠭ ᠢ ᠪᠦᠳᠦᠭᠦᠯᠢᠭ ᠪᠥᠭᠡᠳ ᠳᠣᠤᠷ᠎ᠠ ᠠᠰᠢᠭᠯᠠᠮᠵᠢ ᠲᠠᠢ ᠪᠠᠶᠢᠭᠰᠠᠨ ᠠᠴᠠ ᠠᠷᠪᠢᠲᠠᠶ ᠡᠷᠴᠢᠮᠯᠢᠭ ᠪᠣᠯᠭᠠᠨ | ᠬᠤᠪᠢᠷᠠᠭᠤᠯᠬᠤ ᠶᠢ ᠠᠬᠢᠭᠤᠯᠤᠨ᠎ᠠ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠲᠥᠷᠥᠯ ᠬᠤᠪᠢᠶᠠᠨ | ᠬᠠᠮᠢᠶᠠᠷᠬᠤ ᠶᠢ ᠬᠡᠷᠡᠭᠵᠢᠭᠦᠯᠵᠦ᠂ ᠲᠠᠷᠢᠶᠠᠯᠠᠩ ᠤᠨ ᠣᠯᠠᠨ ᠡᠬᠢᠲᠦ᠂ ᠬᠦᠨᠳᠦ ᠲᠡᠮᠦᠷᠯᠢᠭ ᠵᠡᠷᠭᠡ ᠶᠢᠨ ᠪᠣᠬᠢᠷᠲᠤᠯ ᠤᠨ | ᠡᠬᠢ ᠡᠭᠦᠰᠦᠯ ᠢ ᠰᠡᠷᠭᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ | ᠶᠠᠰᠤ ᠴᠢᠨᠠᠷ ᠤᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠤᠨ᠎ᠠ᠃ | ᠨᠡᠩ ᠶᠡᠭᠡ ᠵᠣᠷᠢᠭ ᠰᠢᠭᠤᠳᠴᠤ ᠠᠵᠤ ᠠᠬᠤᠶᠢᠯᠠᠯ ᠢ ᠵᠠᠰᠠᠵᠤ ᠲᠠᠯᠠᠪᠠᠢ ᠶᠢ ᠵᠠᠰᠠᠬᠤ ᠶᠢ ᠰᠠᠶᠢᠲᠤᠷ ᠠᠳᠬᠤᠨ᠎ᠠ᠃ | ᠠᠭᠤᠷᠬᠠᠢ ᠶᠢᠨ ᠡᠷᠬᠡ ᠶᠢ ᠨᠡᠶᠢᠳᠬᠡᠨ ᠳᠠᠬᠢᠨ ᠵᠣᠬᠢᠶᠠᠨ ᠪᠠᠶᠢᠭᠤᠯᠬᠤ ᠶᠢ ᠡᠷᠡᠰ ᠭᠤᠶᠢᠪᠢᠰᠢ ᠦᠬᠡᠢ ᠠᠬᠢᠭᠤᠯᠵᠤ᠂ | ᠪᠦᠬᠦ ᠬᠤᠲᠠ ᠳᠤ ᠡᠩ ᠲᠡᠷᠢᠭᠦᠨ ᠳᠤ ᠪᠦᠲᠦᠭᠡᠨ ᠪᠠᠶᠢᠭᠤᠯᠬᠤ᠂ ᠬᠤᠸᠠ ᠶᠢᠨ ᠤ ᠲᠠᠬᠢᠨ ᠵᠣᠬᠢᠶᠠᠨ ᠪᠠᠶᠢᠭᠤᠯᠵᠤ | ᠳᠡᠰ ᠳᠡᠪᠰᠢᠭᠦᠯᠬᠦ ᠶᠢ ᠪᠡᠶᠡᠯᠡᠭᠦᠯᠬᠦ ᠪᠠᠷ ᠴᠢᠷᠮᠠᠶᠢᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ | ᠬᠡᠪᠴᠢᠶᠡᠵᠢᠭᠦᠯᠦᠨ ᠡᠷᠴᠢᠮᠵᠢᠭᠦᠯᠦᠨ ᠨᠡᠭᠡᠭᠡᠨ ᠠᠰᠢᠭᠯᠠᠬᠤ ᠶᠢ ᠠᠬᠢᠭᠤᠯᠤᠨ᠎ᠠ᠃ ᠨᠡᠭᠦᠷᠡᠰᠦ ᠤᠬᠢᠶᠠᠵᠤ ᠰᠢᠯᠢᠵᠦ | ᠪᠣᠯᠪᠠᠰᠤᠷᠠᠭᠤᠯᠬᠤ ᠠᠵᠢᠯ ᠲᠥᠷᠥᠯ ᠢ ᠡᠭᠴᠡ ᠨᠡᠶᠢᠳᠬᠡᠬᠦ ᠶᠢ ᠭᠦᠨᠵᠡᠭᠡᠢ ᠥᠷᠨᠢᠭᠦᠯᠵᠦ᠂ ᠮᠠᠯᠲᠠᠬᠤ ᠤᠬᠢᠶᠠᠵᠤ ᠰᠢᠯᠢᠬᠦ | ᠲᠡᠭᠡᠭᠡᠪᠦᠷᠢ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ 10 ᠡᠷᠦᠬᠡ ᠤᠬᠢᠶᠠᠵᠤ ᠰᠣᠩᠭᠤᠬᠤ | ᠠᠵᠤ ᠠᠬᠤᠶᠢᠯᠠᠯ ᠢ ᠰᠢᠭᠰᠢᠭᠳᠡᠭᠦᠯᠦᠨ ᠳᠡᠭᠡᠭᠰᠢᠯᠡᠭᠦᠯᠵᠦ᠂ ᠭᠤᠸᠠᠩ ᠶᠤᠸᠠᠨ᠂ ᠰᠠᠨ ᠶᠠᠩ ᠨᠡᠭᠦᠷᠡᠰᠦᠨ ᠤ | ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ | ᠰᠢᠩᠭᠡᠭᠡᠨ ᠠᠪᠬᠤ᠂ ᠪᠣᠯᠪᠠᠰᠤᠷᠠᠭᠤᠯᠬᠤ᠂ ᠬᠤᠪᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠦᠷᠰᠢᠭᠦᠯᠬᠦ ᠠᠵᠤ | ᠦᠢᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ | ᠵᠢᠶᠦ᠋ᠨ ᠵᠧᠩ ᠤᠨ 300 ᠲᠦᠮᠡᠨ ᠲᠣᠨ ᠬᠡᠤᠷᠰᠢᠭᠦᠯᠬᠦ ᠳᠡᠰ ᠳᠡᠪᠰᠢᠵᠦ ᠢᠵᠢ ᠪᠦᠷᠢᠳᠦᠭᠦᠯᠬᠦ ᠲᠥᠷᠥᠯ ᠵᠦᠢᠯ ᠢ | ᠪᠠᠶᠢᠭᠤᠯᠵᠤ᠂ ᠠᠵᠤ ᠦᠢᠯᠡᠰ ᠢ ᠬᠡᠪᠴᠢᠶᠡᠵᠢᠯᠲᠦ ᠨᠡᠮᠡᠭᠳᠡᠯ ᠠᠴᠠ ᠶᠠᠰᠤ ᠴᠢᠨᠠᠷ ᠤᠨ ᠳᠡᠭᠡᠭᠰᠢᠯᠡᠯᠲᠡ ᠲᠡᠰᠢ | ᠬᠤᠪᠢᠷᠠᠭᠤᠯᠬᠤ ᠶᠢ ᠲᠦᠷᠭᠡᠳᠬᠡᠨ᠎ᠡ᠃ | ︵ᠳᠥᠷᠪᠡ︶ ᠣᠯᠠᠨ ᠲᠦᠮᠡᠨ ᠤ ︽ᠭᠤᠷᠪᠠᠨ ᠮᠡᠳᠡᠷᠡᠮᠵᠢ︾ ᠶᠢ ᠳᠡᠭᠡᠭᠰᠢᠯᠡᠭᠦᠯᠬᠦ ᠪᠠᠷ ᠦᠨᠳᠦᠰᠦ ᠪᠣᠯᠭᠠᠵᠤ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠥᠬᠡᠶ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ | ᠳᠥᠯᠭᠢᠨ ᠠᠬᠢᠭᠤᠯᠤᠨ᠎ᠠ᠃ ᠴᠢᠳᠠᠯ ᠤᠨ ᠬᠢᠷᠢ ᠪᠠᠷ ᠢᠶᠠᠨ ᠬᠢᠬᠦ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ | ᠠᠷᠠᠳ ᠤᠯᠠᠨ ᠤ ᠪᠠᠴᠢᠮ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ | ᠤᠯᠠᠨ ᠲᠦᠮᠡᠨ ᠤ ︽ᠬᠦᠰᠡᠵᠦ ᠪᠠᠶᠢᠭ᠎ᠠ ᠶᠠᠪᠤᠳᠠᠯ︾ ᠢ ᠦᠨᠡᠨ ᠬᠦ ᠵᠠᠰᠠᠭ ᠤᠨ ᠣᠷᠳᠣᠨ ᠤ ︽ᠬᠢᠬᠦ ᠶᠠᠪᠤᠳᠠᠯ︾ | ᠪᠣᠯᠭᠠᠨ ᠬᠤᠪᠢᠷᠠᠭᠤᠯᠬᠤ ᠬᠡᠷᠡᠭᠲᠡᠢ᠃ | ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠬᠠᠷᠠᠯᠲᠠ ᠶᠢ ᠰᠠᠶᠢᠲᠤᠷ ᠪᠠᠬᠢᠵᠢᠭᠦᠯᠦᠨ᠎ᠡ᠃ | ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠶᠢ ᠴᠢᠬᠤᠯᠠᠴᠢᠯᠠᠵᠤ᠂ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠬᠥᠭᠵᠢᠯᠲᠡ ᠶᠢᠨ ︽ᠬᠤᠶᠠᠷ ᠢ ᠨᠡᠮᠡᠭᠳᠡᠭᠦᠯᠬᠦ︾ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ︽ᠬᠤᠶᠠᠷ ᠢ ᠨᠡᠮᠡᠭᠳᠡᠭᠦᠯᠬᠦ ᠠᠴᠠ | ᠦᠯᠦ ᠬᠠᠰᠤᠬᠤ︾ ᠶᠢ ᠤᠷᠢᠳᠠᠪᠠᠷ ᠪᠠᠲᠤᠯᠠᠵᠤ᠂ 7 ᠰᠤᠷᠭᠠᠭᠤᠯᠢ ᠶᠢᠨ ᠪᠠᠶᠢᠷᠢ ᠶᠢᠨ ᠣᠷᠴᠢᠨ ᠲᠣᠭᠤᠷᠢᠨ ᠢ ᠰᠡᠯᠪᠢᠨ | ᠵᠠᠰᠠᠵᠤ ᠰᠠᠶᠢᠵᠢᠷᠠᠭᠤᠯᠵᠤ᠂ ᠤᠨᠴᠠᠯᠢᠬᠳᠤ ᠬᠥᠳᠡᠯᠮᠦᠷᠢ ᠶᠢᠨ ᠦᠢᠯᠡᠳᠦᠯᠭᠡ ᠶᠢᠨ ᠰᠠᠭᠤᠷᠢᠨ ᠢ ᠨᠡᠭᠡᠭᠡᠨ ᠬᠥᠭᠵᠢᠭᠦᠯᠵᠦ | ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠦᠨᠡᠯᠡᠨ ᠵᠢᠱᠢᠵᠦ | ᠰᠢᠯᠭᠠᠨ ᠠᠪᠬᠤ ᠳᠤ ᠬᠢᠷᠢ ᠲᠡᠩᠴᠡᠬᠦ ᠶᠢ ᠪᠠᠲᠤᠯᠠᠨ᠎ᠠ᠃ ᠠᠭᠤᠯᠤᠭᠳᠠᠬᠤᠨ ᠤ ᠬᠥᠭᠵᠢᠯᠲᠡ ᠶᠢ ᠴᠢᠬᠤᠯᠠᠴᠢᠯᠠᠵᠤ᠂ ︽ | ᠵᠠᠮᠴᠢᠯᠠᠭᠰᠠᠨ ᠰᠤᠷᠭᠠᠭᠤᠯᠢ ᠶᠢᠨ ᠵᠠᠬᠢᠷᠤᠯ︾᠂ ︽ᠰᠢᠯᠭᠠᠷᠠᠭᠰᠠᠨ ᠪᠠᠭᠰᠢ︾ ᠶᠢᠨ ᠱᠠᠳᠤ ᠤᠳᠠᠭ᠎ᠠ ᠶᠢᠨ | ᠬᠥᠮᠦᠵᠢᠯ ᠤᠨ ᠲᠥᠯᠥᠪᠯᠡᠭᠡ ᠶᠢ ᠭᠦᠨᠵᠡᠭᠡᠶᠢᠷᠡᠭᠦᠯᠵᠦ᠂ ᠬᠢᠴᠢᠶᠡᠯ ᠥᠭᠡᠷᠡᠴᠢᠯᠡᠬᠦ ᠵᠢᠭᠠᠨ ᠰᠤᠳᠤᠯᠬᠤ ᠠᠵᠢᠯ ᠢ ᠨᠠᠷᠢᠨ | ᠨᠢᠮᠪᠠᠢ ᠬᠢᠵᠦ᠂ ᠴᠢᠨᠠᠷ ᠰᠠᠶᠢᠲᠠᠢ ᠬᠢᠴᠢᠶᠡᠯ ᠤᠨ ᠤᠷᠤᠯᠳᠤᠭᠠᠨ᠂ ᠤᠶᠤᠨᠲᠤ ᠡᠭᠦᠯᠡᠨ ᠰᠢᠭᠤᠳ ᠨᠡᠪᠲᠡᠷᠡᠭᠦᠯᠭᠡ ᠵᠡᠷᠭᠡ | ᠵᠠᠭᠪᠤᠷ ᠢ ᠥᠷᠭᠡᠨ ᠢᠶᠠᠷ ᠬᠡᠷᠡᠭᠵᠢᠭᠦᠯᠵᠦ᠂ ᠴᠢᠨᠠᠷ ᠰᠠᠶᠢᠲᠠᠢ ᠡᠬᠢ ᠪᠠᠶᠠᠯᠢᠭ ᠤᠨ ᠪᠦᠲᠦᠮᠵᠢᠲᠡᠢ ᠬᠠᠩᠭᠠᠯᠭ᠎ᠠ ᠶᠢ | ᠥᠷᠭᠡᠳᠬᠡᠵᠦ᠂ ᠣᠷᠣᠨ ᠪᠦᠰᠡ ᠶᠢᠨ ᠴᠢᠨᠠᠷ ᠰᠠᠶᠢᠲᠠᠢ ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠤᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ | ᠡᠮᠴᠢᠯᠡᠭᠡᠨ ᠤ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠨ᠎ᠡ᠃ ︽ᠲᠣᠳᠤᠭᠠᠳᠤ ᠭᠠᠳᠠᠨᠠᠬᠢ ᠶᠢ ᠵᠡᠷᠭᠡᠪᠡᠷ | ᠵᠠᠰᠠᠬᠤ︾ ᠵᠠᠷᠴᠢᠮ ᠢ ᠪᠠᠷᠢᠮᠲᠠᠯᠠᠵᠤ᠂ ᠨᠡᠷᠡᠲᠦ ᠡᠮᠴᠢ ᠨᠡᠷᠡᠲᠦ ᠰᠠᠯᠠᠭᠠᠨ ᠤ ᠨᠡᠷᠡᠲᠦ ᠡᠮᠨᠡᠯᠭᠡ ᠶᠢᠨ ᠬᠤᠷᠢᠶ᠎ᠠ ᠶᠢᠨ | ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠠᠳ ᠤᠨ | ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠡᠮᠴᠢᠯᠡᠭᠡᠨ ᠤ ᠮᠡᠷᠭᠡᠵᠢᠯ ᠤᠨ ᠶᠡᠷᠦᠩᠬᠡᠶᠢᠯᠡᠭᠰᠡᠨ ᠠᠰᠠᠷ ᠢ | ᠰᠢᠨ᠎ᠡ ᠪᠠᠷ ᠪᠠᠶᠢᠭᠤᠯᠵᠤ᠂ ᠳᠣᠲᠣᠷ ᠰᠠᠯᠠᠭᠠᠨ ᠤ ᠠᠰᠠᠷ ᠪᠣᠯᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠲᠥᠪ ᠢ ᠥᠭᠡᠷᠡᠴᠢᠯᠡᠨ ᠥᠷᠭᠡᠳᠬᠡᠨ ᠪᠠᠶᠢᠭᠤᠯᠵᠤ᠂ ᠬᠠᠯᠳᠠᠪᠤᠷᠢᠲᠤ ᠴᠢᠨᠠᠷᠲᠠᠶ ᠡᠪᠡᠳᠴᠢᠨ ᠡᠮᠭᠡᠭ ᠤᠨ ᠰᠠᠯᠠᠭ᠎ᠠ ᠶᠢ | ᠪᠠᠶᠢᠭᠤᠯᠤᠨ᠎ᠠ᠃ ᠡᠪᠡᠳᠴᠢᠨ ᠦᠵᠡᠭᠦᠯᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠮᠡᠳᠡᠭᠡ ᠵᠠᠩᠬᠢᠴᠢᠯᠠᠯᠳᠠ ᠶᠢᠨ | ᠲᠠᠪᠴᠠᠩ ᠢ ᠭᠦᠢᠴᠡᠳ ᠬᠡᠷᠡᠭᠯᠡᠨ᠂ ᠤᠯᠤᠰ ᠤᠨ ᠳᠣᠲᠣᠭᠠᠳᠤ ᠶᠢᠨ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ | ᠬᠤᠯᠪᠣᠵᠤ᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ᠎ᠠ︔ ᠰᠢᠷᠬ᠎ᠠ ᠰᠢᠷᠬ᠎ᠠ᠂ ᠰᠠ ᠰᠢᠷᠬ᠎ᠠ | ᠂ ᠴᠡᠭᠡᠵᠢ ᠡᠪᠡᠳᠬᠦ ᠵᠡᠷᠭᠡ ᠭᠤᠷᠪᠠᠨ ᠶᠡᠭᠡ ᠲᠥᠪ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ | ᠠᠬᠢᠭᠤᠯᠵᠤ᠂ ᠶᠠᠰᠤᠨ ᠤ ᠰᠠᠯᠠᠭ᠎ᠠ᠂ ᠴᠢᠰᠦ ᠶᠢ ᠨᠡᠪᠲᠡᠷᠡᠭᠦᠯᠦᠨ ᠵᠠᠳᠠᠯᠬᠤ ᠵᠡᠷᠭᠡ ᠤᠨᠴᠠᠯᠢᠭᠳᠤ ᠲᠤᠰᠬᠠᠶ ᠰᠠᠯᠠᠭ᠎ᠠ ᠶᠢ | ᠭᠤᠤᠯᠳᠠᠯᠭ᠎ᠠ ᠲᠠᠢ ᠪᠠᠶᠢᠭᠤᠯᠵᠤ᠂ ᠣᠯᠠᠨ ᠲᠦᠮᠡᠨ ᠳᠤ ᠳᠥᠭᠦᠮ ᠳᠥᠲᠡ᠂ ᠤᠶᠤᠨᠴᠢᠯᠠᠭᠰᠠᠨ ᠡᠮᠴᠢᠯᠡᠭᠡᠨ ᠤ | ᠦᠢᠯᠡᠴᠢᠯᠡᠭᠡ ᠬᠠᠩᠭᠠᠨ᠎ᠠ᠃ | ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠬᠡᠷᠡᠭᠲᠡᠢ ᠭᠡᠵᠡᠢ᠃ ᠠᠵᠢᠯ ᠣᠯᠭᠤᠯᠲᠠ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ︽ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ︾᠂ ︽ᠠᠵᠢᠯ ᠤᠨ ᠪᠠᠶᠢᠷᠢ ᠶᠢ | ᠥᠷᠭᠡᠳᠬᠡᠬᠦ︾ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠰᠢᠩ ᠹᠡ ᠴᠢᠳᠠᠪᠤᠷᠢᠲᠠᠨ ᠤ ᠨᠡᠶᠢᠲᠡ ᠶᠢᠨ | ᠪᠠᠶᠢᠷᠢ᠂ ᠠᠵᠤ ᠦᠢᠯᠡᠰ ᠤᠨ ᠠᠵᠢᠯᠴᠢᠨ ᠤ ᠤᠷ᠎ᠠ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ | ᠭᠠᠵᠠᠷ ᠢ ᠡᠬᠢᠯᠡᠨ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠵᠡᠷᠭᠡ | ᠬᠠᠮᠲᠤᠯᠢᠭ ᠤᠨ ᠠᠵᠢᠯ ᠣᠯᠭᠤᠯᠲᠠ ᠶᠢ ᠭᠤᠤᠯᠳᠠᠯᠭ᠎ᠠ ᠲᠠᠢ ᠰᠠᠶᠢᠲᠤᠷ ᠬᠢᠵᠦ᠂ ᠪᠥᠬᠦ ᠵᠢᠯ ᠳᠤ ᠬᠤᠲᠠ ᠪᠠᠯᠭᠠᠰᠤᠨ ᠤ | 1000 ᠭᠠᠷᠤᠶ ᠬᠥᠮᠦᠨ ᠳᠤ ᠰᠢᠨ᠎ᠡ ᠪᠠᠷ ᠠᠵᠢᠯ ᠣᠯᠭᠤᠪᠠ᠃ ︽ᠲᠠᠪᠤᠨ ᠳᠠᠭᠠᠳᠬᠠᠯ︾ ᠤᠨ ᠬᠡᠪᠴᠢᠶ᠎ᠡ ᠶᠢ | ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠦᠢᠯᠡᠴᠢᠯᠡᠭᠡᠨ ᠤ ᠲᠥᠷᠥᠯ ᠤᠨ | ᠨᠡᠶᠢᠭᠡᠮ ᠤᠨ ᠠᠪᠤᠷᠠᠨ ᠲᠤᠰᠠᠯᠠᠬᠤ ᠲᠤᠷᠰᠢᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠦᠴᠢᠷᠳᠡᠯᠲᠡᠶ | ᠣᠯᠠᠨ ᠲᠦᠮᠡᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠬᠵᠢᠭᠤᠯᠤᠨ ᠬᠠᠩᠭᠠᠨ᠎ᠠ᠃ ︽ᠨᠢᠭᠡ ᠨᠠᠰᠤᠲᠠᠨ | ᠨᠢᠭᠡ ᠪᠠᠭ᠎ᠠ︾ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠨᠴᠠᠭᠠᠶ ᠬᠦᠴᠢᠷᠳᠡᠯᠲᠡᠶ ᠬᠡᠷ ᠪᠦᠯᠢ ᠶᠢᠨ | ᠨᠠᠰᠤᠲᠠᠶᠢᠴᠤᠳ ᠲᠤ ᠳᠣᠭᠢᠷᠠᠬᠤ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠰᠢᠨ᠎ᠡ ᠪᠠᠷ ᠪᠠᠶᠢᠭᠤᠯᠵᠤ᠂ ᠠᠷᠠᠳ ᠠᠴᠠ | ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠰᠠᠭᠠᠲᠠᠭᠤᠯᠬᠤ | ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠪᠠᠷ ︽ | ᠳᠠᠬᠢᠨ ᠲᠠᠰ ᠳᠡᠪᠰᠢᠭᠦᠯᠬᠦ︾ ᠪᠠᠷ ᠠᠷᠠᠳ ᠲᠦᠮᠡᠨ ᠤ ᠵᠣᠯ ᠵᠢᠷᠭᠠᠯ ᠤᠨ ︽ᠳᠠᠬᠢᠨ ᠳ᠋ᠤᠭᠠᠷᠯᠠᠬᠤ︾ ᠪᠣᠯᠭᠠᠨ᠎ᠠ᠃ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠯᠠᠪᠳᠠᠭᠤᠨ ᠪᠠᠲᠤᠲᠠᠢ ᠬᠢᠨ᠎ᠡ᠃ ᠪᠦᠬᠦ ᠬᠦᠴᠦᠨ ᠢᠶᠠᠷ ᠢᠶᠠᠨ | ᠵᠠᠰᠠᠯᠲᠠ ᠪᠠᠨ ᠴᠢᠩᠭᠠᠳᠬᠠᠵᠤ᠂ ︽ᠲᠠᠪᠤᠨ ᠬᠤᠷᠰᠢᠶ᠎ᠠ ᠬᠤᠯᠪᠣᠭᠠᠯᠠᠨ ᠬᠥᠳᠡᠯᠦᠯᠴᠡᠬᠦ︾ ᠴᠡᠭ ᠢ ᠥᠷᠭᠡᠳᠬᠡᠨ ᠶᠠᠰᠤ | ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ 4 ᠲᠥᠪ ᠢ | ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ ᠤᠨ | ᠲᠣᠭᠠᠴᠢᠯᠠᠭᠰᠠᠨ ᠲᠡᠰ ᠳᠡᠪᠰᠢᠬᠦ ᠶᠢ ᠲᠦᠷᠭᠡᠳᠬᠡᠵᠦ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠠᠶᠢᠴᠠᠭᠠᠯᠲᠠ ᠶᠢ ᠤᠭᠲᠤᠵᠤ ᠰᠢᠯᠭᠠᠨ ᠠᠪᠬᠤ ᠶᠢ ᠰᠠᠶᠢᠲᠤᠷ | ᠬᠢᠬᠦ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠲᠣᠳᠣ | ᠪᠦᠲᠦᠮᠵᠢᠲᠡᠢ ᠪᠤᠢ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠴᠣᠭᠴᠠᠯᠠᠨ᠎ᠠ᠃ ᠪᠦᠬᠦ ᠬᠦᠴᠦᠨ ᠢᠶᠠᠷ ᠢᠶᠠᠨ ᠠᠶᠤᠯ | ᠲᠦᠭᠰᠢᠭᠦᠷᠢ ᠶᠢ ᠰᠡᠷᠭᠡᠶᠢᠯᠡᠵᠦ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ | ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠠᠬᠢᠭᠤᠯᠵᠤ᠂ ᠲᠤᠰᠬᠠᠢ ᠪᠠᠶᠢᠭᠤᠯᠤᠮᠵᠢ ᠶᠢ | ᠤᠷᠢᠵᠤ ᠠᠵᠤ ᠠᠬᠤᠶᠢᠯᠠᠯ ᠤᠨ ︽ᠰᠤᠳᠠᠯ ᠪᠠᠷᠢᠵᠦ ᠣᠨᠣᠰᠢᠯᠠᠬᠤ︾᠂ ᠭᠠᠯ ᠤᠨᠲᠠᠷᠠᠭᠠᠬᠤ ᠳᠠᠶᠢᠨ ᠤ | ᠦᠢᠯᠡᠴᠢᠯᠡᠭᠡᠨ ᠤ ᠪᠠᠲᠤᠯᠠᠭ᠎ᠠ ᠶᠢᠨ ᠰᠠᠭᠤᠷᠢᠨ ᠭᠠᠵᠠᠷ ᠢ ᠡᠬᠢᠯᠡᠨ ᠪᠠᠶᠢᠭᠤᠯᠵᠤ᠂ ᠬᠦᠨᠳᠦ ᠶᠡᠭᠡ ᠠᠶᠤᠯᠭᠦᠢ | ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠨ᠎ᠠ︔ ᠵᠠᠰᠠᠭ ᠤᠨ ᠣᠷᠳᠣᠨ ᠤ ᠦᠯᠡᠳᠡᠭᠡᠯ ᠥᠷᠢ | ᠥᠭᠴᠡᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠷᠢᠯᠭᠠᠵᠤ᠂ ᠥᠷᠢ ᠥᠭᠴᠡᠭᠡ ᠶᠢᠨ ᠤᠯᠠᠭᠠᠨ | ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠵᠡᠷᠭᠡ ᠳᠡᠰ ᠠᠴᠠ ᠭᠠᠷᠭᠠᠬᠤ ᠪᠠᠷ ᠴᠢᠷᠮᠠᠶᠢᠨ᠎ᠠ᠃ ᠲᠣᠭᠲᠠᠭᠤᠨ ᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ | ᠰᠠᠭᠠᠳ ᠦᠭᠡᠢ ᠨᠡᠪᠲᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠣᠯᠤᠨ ᠲᠠᠬᠢᠨ ᠳᠠᠪᠲᠠᠨ | ᠰᠤᠷᠪᠤᠯᠵᠢᠯᠠᠬᠤ ᠬᠡᠷᠡᠭ ᠢ ᠲᠥᠪᠯᠡᠷᠡᠭᠦᠯᠦᠨ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ | ᠪᠠᠶᠢᠳᠠᠯ ᠳᠤᠨᠢ ᠦᠨᠡᠨᠬᠦ ᠰᠢᠢᠳᠪᠦᠷᠢᠯᠡᠪᠡ︔ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ | ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠠᠬᠢᠭᠤᠯᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ︔ ᠢᠳᠡᠭᠡᠨ ᠪᠠ ᠡᠮ ᠤᠨ ᠵᠦᠢᠯᠡᠰ ᠤᠨ | ᠠᠮᠤᠷ ᠲᠦᠪᠰᠢᠨ ᠤ ᠰᠠᠨᠠᠭ᠎ᠠ ᠠᠮᠤᠷ ᠢᠨᠵᠧᠨᠧᠷᠢᠩ ᠢ ᠭᠦᠨᠵᠡᠭᠡᠢ ᠥᠷᠨᠢᠭᠦᠯᠵᠦ᠂ ︽ᠢᠨᠲ᠋ᠧᠷ ᠰᠦᠯᠵᠢᠶ᠎ᠡ + | ᠲᠣᠭᠤᠭᠠᠨ ᠭᠡᠷ ᠢ ᠭᠡᠷᠡᠯᠲᠦᠭᠦᠯᠬᠦ︾ ᠶᠢ ᠶᠡᠬᠡᠪᠡᠷ ᠠᠬᠢᠭᠤᠯᠵᠤ᠂ ᠢᠳᠡᠭᠡᠨ ᠪᠠ ᠡᠮ ᠤᠨ ᠵᠦᠢᠯᠡᠰ ᠤᠨ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ | ᠠᠬᠤᠶ ᠶᠢᠨ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠬᠠᠷᠠᠭᠠᠯᠵᠠᠬᠤ᠂ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ | ᠪᠠᠭᠠᠰᠬᠠᠬᠤ᠂ ᠳᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ | ᠡᠮᠡᠭᠲᠡᠶᠢᠴᠦᠳ ᠬᠡᠦᠬᠡᠳ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠵᠡᠷᠭᠡ ᠡᠯ᠎ᠡ ᠵᠦᠢᠯ ᠤᠨ ᠠᠵᠢᠯ ᠦᠢᠯᠡᠰ ᠢ ᠦᠨᠡᠨᠬᠦ ᠰᠠᠶᠢᠲᠤᠷ ᠠᠳᠬᠤᠨ᠎ᠠ᠃ | ᠲᠥᠯᠥᠭᠡᠯᠡᠭᠴᠢᠳ ᠡ︕ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠠ ᠬᠦᠰᠡᠯ | ᠱᠠᠭᠠᠷᠳᠠᠯᠭ᠎ᠠ ᠶᠢᠨ ᠲᠣᠭᠤᠷᠢᠨ ᠳᠤ᠂ ᠲᠤᠭᠤᠷᠢᠭ ᠤᠨ ᠵᠠᠰᠠᠭ ᠤᠨ ᠣᠷᠳᠣᠨ ᠥᠷᠭᠡᠨ ᠢᠶᠠᠷ ᠡᠯᠰᠡᠨ ᠴᠤᠭᠯᠠᠭᠤᠯᠵᠤ᠂ | ᠭᠦᠶ᠋ᠴᠡᠳ ᠨᠤᠲᠠᠯᠠᠯᠲᠠ ᠬᠢᠬᠦ ᠪᠠᠷ ᠳᠠᠮᠵᠢᠭᠤᠯᠤᠨ᠂ ᠠᠷᠠᠳ ᠤᠨ ᠠᠮᠢᠳᠤᠷᠠᠯ ᠤᠨ 6 ᠪᠣᠳᠠᠲᠤ ᠶᠠᠪᠤᠳᠠᠯ ᠢ ᠰᠢᠯᠢᠨ | ᠰᠣᠩᠭᠤᠵᠤ᠂ ᠶᠡᠭᠡ ᠬᠤᠷᠠᠯ ᠳᠤ ᠳᠡᠪᠰᠢᠭᠦᠯᠵᠦ ᠬᠢᠨᠠᠨ ᠵᠦᠪᠯᠡᠭᠦᠯᠪᠡ᠃ ᠪᠢᠳᠡ ᠪᠣᠳᠠᠲᠤ ᠶᠠᠪᠤᠳᠠᠯ ᠢ ᠬᠦᠴᠦᠯᠡᠨ | ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠢ ᠬᠢᠵᠦ᠂ ᠠᠷᠠᠳ ᠤᠯᠠᠨ ᠢ ᠨᠡᠩ ᠤᠯᠠᠨ ᠬᠦᠷᠲᠡᠮᠵᠢ ᠶᠢᠨ | ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠢ ᠪᠣᠯᠭᠠᠬᠤ ᠪᠠᠷ ᠴᠢᠷᠮᠠᠶᠢᠨ᠎ᠠ︕ | ᠭᠤᠷᠪᠠ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠲᠡᠮᠦᠷ ᠳᠠᠪᠲᠠᠬᠤ ᠳᠤ ᠪᠠᠰᠠ ᠲᠣᠰ ᠪᠡᠶ᠎ᠡ ᠬᠠᠲᠠᠭᠤ ᠪᠠᠶᠢᠬᠤ ᠶᠢ ᠪᠠᠷᠢᠮᠲᠠᠯᠠᠵᠤ᠂ ︽ᠲᠠᠪᠤᠨ ᠴᠥᠭᠡᠨ ᠲᠣᠭᠠᠨ ᠤ | ᠳᠦᠷᠢ ᠲᠥᠷᠬᠦ︾ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠳᠣᠯᠤᠭ᠎ᠠ ᠶᠢ ᠲᠠᠶᠠᠭᠳᠠᠬᠤ︾ | ᠶᠢ ᠡᠷᠡᠰ ᠪᠡᠶᠡᠯᠡᠭᠦᠯᠵᠦ᠂ ︽ᠳᠣᠯᠣᠭᠠᠨ ᠵᠦᠢᠯ ᠤᠨ ᠤᠬᠠᠮᠰᠠᠷ︾ ᠢ ᠴᠢᠩᠭᠠᠳᠬᠠᠵᠤ᠂ ︽ᠡᠭᠦᠷᠭᠡ ᠴᠢᠳᠠᠪᠤᠷᠢ | ᠡᠭᠦᠷᠭᠡ ᠬᠠᠷᠢᠭᠤᠴᠠᠯᠭ᠎ᠠ ᠪᠠᠨ ᠰᠢᠯᠢᠳᠡᠭᠵᠢᠭᠦᠯᠵᠦ᠂ ᠠᠵᠢᠯ ᠤᠨ ᠴᠤᠪᠤᠷᠠᠯ ᠢᠶᠠᠨ ᠰᠢᠯᠢᠳᠡᠭᠵᠢᠭᠦᠯᠬᠦ︾ ᠲᠤᠰᠬᠠᠶ | ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠵᠢᠷᠤᠮᠵᠢᠭᠤᠯᠬᠤ᠂ ᠨᠠᠷᠢᠯᠢᠭ ᠪᠠᠭᠠᠰᠬᠠᠬᠤ᠂ ᠬᠤᠷᠳᠤᠴᠠ ᠶᠢ | ᠲᠦᠷᠭᠡᠳᠬᠡᠬᠦ︾ ᠶᠢ ᠪᠥᠬᠦ ᠲᠠᠯ᠎ᠠ ᠪᠠᠷ ᠠᠬᠢᠭᠤᠯᠵᠤ᠂ ︽ᠭᠤᠷᠪᠠ ᠢᠯᠡᠭᠦᠤ ᠭᠤᠷᠪᠠᠨ ᠴᠥᠭᠡᠨ ᠭᠤᠷᠪᠠᠨ ᠤᠳᠠᠭᠠᠨ︾ | ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠦᠨᠡᠨ ᠪᠣᠳᠠᠲᠠᠶ ᠠᠵᠢᠯᠯᠠᠭ᠎ᠠ ᠪᠠᠷ ᠣᠯᠠᠨ ᠲᠦᠮᠡᠨ ᠤ | ᠮᠠᠭᠲᠠᠭᠠᠯ ᠰᠠᠶᠢᠰᠢᠶᠠᠯ ᠢ ᠤᠯᠪᠠ᠃ | ᠵᠠᠰᠠᠭ ᠢ ᠴᠢᠩᠭ᠎ᠠ ᠴᠡᠭᠴᠡᠯᠡᠬᠦ ᠶᠢ ᠴᠢᠩᠭᠠᠳᠬᠠᠨ᠎ᠠ᠃ ᠢᠮᠠᠭᠲᠠ ᠤᠯᠤᠰ ᠲᠦᠷᠦ ᠶᠢᠨ ᠪᠠᠶᠢᠭᠤᠯᠤᠯᠲᠠ ᠪᠠᠷ | ᠶᠡᠷᠦᠩᠬᠡᠶᠢᠯᠡᠨ ᠵᠢᠯᠣᠭᠤᠳᠣᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠰᠠᠶᠢᠲᠤᠷ ᠬᠡᠷᠡᠭᠵᠢᠭᠦᠯᠵᠦ᠂ ︽ᠬᠤᠶᠠᠷ ᠢ ᠲᠣᠭᠲᠠᠭᠠᠬᠤ︾ ᠶᠢ ᠬᠠᠮᠠᠭᠠᠯᠠᠬᠤ᠂ ︽ᠬᠤᠶᠠᠷ ᠢ | ᠬᠠᠮᠠᠭᠠᠯᠠᠬᠤ︾ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ ᠬᠥᠭᠵᠢᠯᠲᠡ ᠶᠢ | ᠡᠷᠢᠯᠬᠢᠯᠡᠬᠦ᠂ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠤᠬᠠᠮᠰᠠᠷᠲᠤ | ᠠᠵᠢᠯᠯᠠᠭ᠎ᠠ ᠪᠠ ᠯᠠᠪᠳᠠᠭᠤᠨ ᠪᠠᠲᠤᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠭᠠᠵᠠᠷ ᠣᠷᠣᠨ ᠤ | ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠳᠤᠮᠳᠠ ᠰᠠᠨᠠᠭᠠᠴᠢᠯᠠᠭ᠎ᠠ ᠠᠴᠠ ᠪᠠᠨ ᠤᠳᠠ ᠲᠣᠭᠤᠷᠢᠭ ᠤᠨ | ᠡᠭᠦᠷᠭᠡᠯᠡᠯ ᠢ ᠢᠯᠡᠷᠡᠭᠦᠯᠵᠦ᠂ ᠪᠦᠬᠦ ᠬᠤᠲᠠ ᠶᠢᠨ ︽ᠭᠤᠷᠪᠠᠨ ᠥᠨᠳᠥᠷ︾ ᠶᠢᠨ ᠬᠠᠷᠠᠯᠲᠠ ᠶᠢ ᠪᠡᠶᠡᠯᠡᠭᠦᠯᠬᠦ ᠶᠢ | ᠠᠬᠢᠭᠤᠯᠬᠤ ᠲᠠᠯ᠎ᠠ ᠪᠠᠷ ᠤᠳᠠ ᠬᠤᠪᠢ ᠨᠡᠮᠡᠷᠢ ᠪᠠᠨ ᠦᠵᠡᠭᠦᠯᠵᠡᠶ᠃ | ᠬᠠᠤᠯᠢ ᠶᠤᠰᠤᠬᠠᠷ ᠵᠠᠰᠠᠭ ᠶᠠᠪᠤᠬᠤᠯᠬᠤ᠃ ᠬᠠᠤᠯᠢᠵᠢᠯ ᠤᠨ ᠰᠡᠳᠬᠢᠬᠦᠢ ᠪᠣᠯᠤᠨ ᠬᠠᠤᠯᠢᠵᠢᠯ ᠤᠨ ᠠᠷᠭ᠎ᠠ | ᠬᠡᠯᠪᠡᠷᠢ ᠶᠢ ᠴᠢᠳᠠᠮᠠᠭᠠᠢ ᠬᠡᠷᠡᠭᠯᠡᠨ ᠬᠥᠭᠵᠢᠯᠲᠡ ᠶᠢ ᠲᠥᠯᠥᠪᠵᠢᠭᠦᠯᠵᠦ᠂ ᠠᠰᠠᠭᠤᠳᠠᠯ ᠢ ᠰᠢᠢᠳᠪᠦᠷᠢᠯᠡᠬᠦ ᠳᠡᠭᠡᠨ | ᠴᠢᠳᠠᠮᠠᠭᠠᠢ ᠪᠠᠶᠢᠵᠤ᠂ ᠬᠠᠤᠯᠢᠵᠢᠯ ᠢ ᠦᠨᠡᠨᠬᠦ ᠴᠢᠩᠭ᠎ᠠ ᠬᠡᠷᠡᠭᠵᠢᠭᠦᠯᠵᠦ ᠪᠠᠶᠢᠭᠠᠳ ᠪᠣᠳᠠᠲᠠᠢ ᠠᠵᠢᠯ ᠨᠢᠭᠡᠪᠦᠷᠢ ᠳᠤ | ᠨᠡᠪᠴᠢᠭᠦᠯᠬᠦ ᠬᠡᠷᠡᠭᠲᠡᠢ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠤᠯᠢ ᠪᠠᠷ | ᠲᠣᠭᠲᠠᠭᠠᠭᠰᠠᠨ ᠵᠢᠷᠤᠮ ᠢ ᠡᠷᠡᠰ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠨᠣᠷᠮ᠎ᠠ ᠶᠢ 100% ᠳᠤ ᠬᠦᠷᠦᠭᠦᠯᠦᠨ᠎ᠡ᠃ | ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠢᠨᠠᠯᠳᠠ ᠶᠢ ᠬᠠᠤᠯᠢ ᠶᠤᠰᠤᠭᠠᠷ ᠬᠦᠯᠢᠶᠠᠨ ᠠᠪᠴᠤ᠂ ᠤᠯᠤᠰ | ᠲᠦᠷᠤ ᠶᠢᠨ ᠵᠦᠪᠯᠡᠯᠭᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠵᠤ᠂ ᠬᠢᠨᠠᠨ ᠪᠠᠶᠢᠴᠠᠭᠠᠬᠤ᠂ ᠬᠢᠨᠠᠨ ᠪᠤᠳᠤᠬᠤ | ᠪᠤᠯᠤᠨ ᠨᠠᠶᠢᠬᠡᠮ ᠤᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠠᠨ ᠠᠪᠴᠤ᠂ ᠡᠷᠭᠡ ᠶᠢ ᠢᠯᠡ ᠪᠠᠷ | ᠬᠡᠷᠡᠭᠵᠢᠭᠦᠯᠭᠦ ᠬᠡᠷᠡᠭᠳᠡᠢ᠃ | ᠪᠣᠳᠠᠲᠠᠢ ᠶᠢ ᠡᠷᠬᠢᠮᠯᠡᠵᠦ ᠠᠵᠢᠯᠴᠢ ᠬᠢᠴᠢᠶᠡᠩᠭᠦᠢ ᠵᠠᠰᠠᠭ ᠢ ᠡᠷᠬᠢᠮᠯᠡᠨ᠎ᠡ᠃ ᠬᠡᠷᠡᠭᠵᠢᠭᠦᠯᠬᠦ ᠳᠤ ᠴᠢᠳᠠᠮᠠᠭᠠᠢ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ | ᠲᠣᠭᠲᠠᠭᠰᠠᠨ ᠶᠠᠪᠤᠳᠠᠯ᠂ ᠪᠠᠶᠢᠷᠢᠯᠠᠭᠤᠯᠤᠭᠰᠠᠨ ᠠᠵᠢᠯ ᠳᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠪᠤᠰᠢᠭᠤᠬᠠᠨ | ᠬᠡᠯᠡᠪᠡᠯ ᠬᠡᠷᠡᠭᠵᠢᠭᠦᠯᠵᠦ᠂ ᠳᠠᠷᠦ᠋ᠢᠬᠠᠨ ᠭᠦᠢᠴᠡᠳᠬᠡᠵᠦ᠂ ᠴᠢᠩᠭ᠎ᠠ ᠠᠩᠬᠠᠷᠴᠤ᠂ ᠡᠴᠦᠰ ᠲᠤᠨᠢ ᠲᠤᠯᠲᠠᠯ᠎ᠠ | ᠠᠳᠬᠤᠬᠤ ᠬᠡᠷᠡᠭᠲᠡᠢ᠃ ︽ᠲᠠᠶᠢᠯᠬᠤ ᠰᠡᠳᠬᠢᠬᠦᠶ︾ ᠶᠢ ᠴᠢᠩᠭᠠᠳᠬᠠᠵᠤ᠂ ᠺᠠᠳ᠋ᠷᠴᠤᠳ ᠤᠨ ᠬᠡᠯᠪᠡᠷᠢ ᠪᠠᠨ | ᠬᠤᠪᠢᠷᠠᠭᠤᠯᠤᠨ ᠬᠥᠭᠵᠢᠭᠦᠯᠬᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠡᠯᠧᠮᠧᠨ᠋ᠲ ᠤᠨ ᠪᠠᠲᠤᠯᠠᠭ᠎ᠠ ᠶᠢᠨ | ᠲᠠᠯ᠎ᠠ ᠪᠠᠷ ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ ᠰᠡᠳᠦᠪ ᠢ ᠰᠢᠢᠳᠪᠦᠷᠢᠯᠡᠬᠦ ᠶᠢ ᠵᠣᠷᠢᠭᠵᠢᠭᠤᠯᠤᠨ᠎ᠠ | ᠃ ᠭᠤᠤᠯᠳᠠᠯᠭ᠎ᠠ ᠲᠠᠢ ᠡᠭᠦᠷᠭᠡ ᠶᠢ ᠲᠥᠷᠥᠯ ᠵᠦᠶ᠋ᠯᠵᠢᠭᠦᠯᠬᠦ᠂ ᠨᠠᠷᠢᠨ ᠲᠠᠩᠰᠠᠵᠢᠭᠤᠯᠬᠤ᠂ ᠬᠠᠷᠢᠭᠤᠴᠠᠬᠤ ᠶᠢ | ᠠᠬᠢᠭᠤᠯᠵᠤ᠂ ᠡᠬᠡ ᠲᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠵᠢᠷᠤᠭ ᠡᠯᠭᠦᠨ ᠪᠠᠶᠢᠯᠳᠤᠵᠤ᠂ | ᠲᠠᠩᠰᠠᠨ ᠠᠴᠠ ᠭᠠᠷᠭᠠᠨ ᠲᠠᠩᠰᠠ ᠲᠤᠰᠢᠶᠠᠬᠤ ᠶᠢ ᠬᠡᠷᠡᠭᠵᠢᠭᠦᠯᠵᠦ᠂ ᠨᠢᠭᠡ ᠱᠠᠲᠤ ᠨᠢ ᠨᠢᠭᠡ ᠱᠠᠲᠤ ᠳᠠᠭᠠᠨ ᠬᠢᠵᠦ᠂ | ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠤᠨ ᠬᠢᠬᠦ ᠬᠡᠷᠡᠭᠲᠡᠶ᠃ | ᠠᠷᠢᠭᠤᠨ ᠴᠢᠭᠡᠴᠢ ᠪᠠᠷ ᠵᠠᠰᠠᠭ ᠪᠠᠷᠢᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ | ᠠᠬᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠴᠢᠬᠤᠯᠠ | ᠠᠵᠢᠯ ᠤᠨ ᠪᠠᠶᠢᠷᠢ᠂ ᠵᠠᠩᠭᠢᠯᠠᠭ᠎ᠠ ᠶᠢᠨ ᠭᠤᠭᠴᠤᠭ᠎ᠠ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠰᠠᠶᠢᠲᠤᠷ | ᠠᠳᠬᠤᠨ᠎ᠠ᠃ ᠪᠤᠶ ᠪᠦᠬᠦᠢ ᠵᠠᠰᠠᠭ ᠤᠨ ᠣᠷᠳᠣᠨ ᠤ ᠪᠡᠯᠡ ᠣᠷᠣᠭᠤᠯᠤᠨ ᠪᠦᠲᠦᠭᠡᠨ ᠪᠠᠶᠢᠭᠤᠯᠬᠤ ᠪᠠᠷᠢᠯᠭ᠎ᠠ ᠶᠢᠨ | ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠ ᠪᠦᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠰᠠᠬᠢᠯᠭ᠎ᠠ ᠪᠠᠲᠤ ᠪᠠᠶᠢᠴᠠᠭᠠᠬᠤ᠂ ᠡᠳ᠋ ᠤᠨ ᠵᠠᠰᠠᠭ᠂ ᠬᠢᠨᠠᠨ ᠪᠣᠳᠣᠵᠤ ᠬᠢᠨᠠᠯᠲᠠ ᠲᠠᠯᠪᠢᠬᠤ ᠶᠢ ᠵᠡᠷᠭᠡ ᠳᠤᠨᠢ ᠳᠠᠭᠠᠵᠤ | ᠬᠢᠬᠦ ᠬᠡᠷᠡᠭᠲᠡᠶ᠃ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠰᠠᠶᠢᠲᠤᠷ ᠬᠡᠷᠡᠭᠵᠢᠭᠦᠯᠵᠦ᠂ ᠡᠩ ᠤᠨ ᠴᠢᠨᠠᠷᠲᠠᠶ | ᠵᠠᠷᠤᠯᠭ᠎ᠠ ᠶᠢ ᠡᠷᠡᠰ ᠪᠠᠭᠠᠰᠬᠠᠵᠤ᠂ ᠵᠠᠰᠠᠭ ᠤᠨ ᠣᠷᠳᠣᠨ ᠤ ︽ᠠᠷᠪᠢᠯᠠᠨ ᠭᠠᠮᠨᠠᠬᠤ︾ ᠪᠠᠷ ᠠᠵᠤ ᠠᠬᠤᠶᠢᠯᠠᠯ ᠤᠨ ︽ | ᠠᠭᠤᠵᠢᠭᠤ ᠠᠮᠢᠳᠤᠷᠠᠬᠤ︾᠂ ᠤᠯᠠᠨ ᠲᠦᠮᠡᠨ ᠤ ︽ᠰᠠᠶᠢᠨ ᠠᠮᠢᠳᠤᠷᠠᠯ︾ ᠢ ᠰᠣᠯᠢᠵᠤ ᠠᠪᠤᠨ᠎ᠠ᠃ | ᠲᠥᠯᠥᠭᠡᠯᠡᠭᠴᠢᠳ ᠡ︕ ᠵᠠᠮ ᠬᠤᠯᠠ ᠪᠣᠯᠪᠠᠴᠤ ᠶᠠᠪᠤᠬᠤ ᠨᠢ ᠣᠷᠣᠱᠢᠨᠠ᠂ ᠶᠠᠪᠤᠳᠠᠯ ᠨᠢ ᠬᠦᠴᠢᠷᠲᠡᠢ | ᠪᠣᠯᠪᠠᠴᠤ ᠬᠢᠬᠦ ᠨᠢ ᠵᠠᠪᠠᠯ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ | ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠳᠣᠣᠷ᠎ᠠ᠂ ᠰᠢᠷᠭᠠᠭᠤ | ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠣᠳᠣᠬᠢᠴᠢᠯᠠᠭᠰᠠᠨ ᠤᠳᠠ ᠶᠢᠨ ᠪᠦᠳᠦᠭᠡᠨ | ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | ᠨᠡᠷ᠎ᠡ ᠦᠭᠡᠰ ᠤᠨ ᠲᠠᠶᠢᠯᠪᠤᠷᠢ | ︽ᠲᠠᠪᠤᠨ ᠶᠡᠭᠡ ᠪᠠᠷ ᠰᠠᠭᠤᠷᠢ ᠠᠴᠠ ᠨᠢ ᠡᠭᠦᠰᠬᠦ︾ ᠠᠵᠢᠯᠯᠠᠭ᠎ᠠ ᠪᠣᠯ᠄ ᠬᠢᠨᠠᠨ ᠵᠥᠪᠰᠢᠶᠡᠷᠡᠬᠦ ᠶᠢ ᠬᠦᠯᠢᠶᠡᠬᠦ | ᠲᠥᠷᠥᠯ ᠵᠦᠢᠯ᠂ ᠰᠤᠯᠠ ᠪᠠᠶᠢᠬᠤ ᠭᠠᠵᠠᠷ ᠰᠢᠷᠣᠶ᠂ ᠲᠤᠨᠳᠠᠰᠤᠵᠢᠭᠤᠯᠬᠤ ᠪᠡᠯᠡ ᠮᠥᠩᠭᠦ᠂ ︽ᠬᠠᠭᠠᠰ ᠬᠡᠷᠡᠭᠯᠡᠯᠲᠡ︾ | ᠶᠢᠨ ᠢᠨᠵᠧᠨᠧᠷᠢᠩ᠂ ᠨᠡᠭᠡᠭᠡᠯᠲᠡ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢᠨ ᠶᠡᠭᠡ | ᠡᠬᠢᠯᠡᠯᠲᠡ ᠶᠢᠨ ᠠᠵᠢᠯᠯᠠᠭ᠎ᠠ ᠶᠢ ᠵᠢᠭᠠᠵᠤ ᠪᠠᠶᠢᠨ᠎ᠠ᠃ | ︽ᠵᠢᠵᠢᠭ ᠲᠣᠮᠣ ᠬᠥᠮᠦᠨ︾ ᠠᠵᠤ ᠠᠬᠤᠶᠢᠯᠠᠯ᠄ ᠵᠠᠬ᠎ᠠ ᠳᠡᠯᠭᠡᠭᠦᠷ ᠢ ᠨᠠᠷᠢᠨ ᠬᠤᠪᠢᠶᠠᠬᠤ᠂ ᠰᠢᠨ᠎ᠡ ᠶᠢ ᠡᠭᠦᠳᠬᠦ | ᠴᠢᠳᠠᠪᠤᠷᠢ ᠪᠠᠷ ᠴᠢᠩᠭ᠎ᠠ᠂ ᠵᠠᠬ᠎ᠠ ᠳᠡᠯᠭᠡᠭᠦᠷ ᠢ ᠡᠵᠡᠯᠡᠬᠦ ᠨᠣᠷᠮ᠎ᠠ ᠪᠠᠷ ᠥᠨᠳᠥᠷ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠢ ᠡᠵᠡᠮᠰᠢᠭᠰᠡᠨ᠂ ᠶᠠᠰᠤ ᠴᠢᠨᠠᠷ ᠦᠷ᠎ᠡ ᠠᠰᠢᠭ ᠢᠶᠠᠷ ᠰᠢᠯᠢᠳᠡᠭ ᠳᠠᠭᠠᠭᠤᠯᠤᠭᠴᠢ ᠠᠵᠤ ᠠᠬᠤᠶᠢᠯᠠᠯ ᠢ | ᠵᠢᠭᠠᠵᠤ ᠪᠠᠶᠢᠨ᠎ᠠ᠃ | ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ᠄ ︽ᠲᠤᠰᠬᠠᠶᠢᠵᠢᠭᠰᠠᠨ᠂ ᠨᠠᠷᠢᠯᠢᠭᠵᠢᠭᠰᠠᠨ᠂ | ᠣᠨᠴᠠᠯᠢᠬᠵᠢᠭᠰᠠᠨ᠂ ᠰᠢᠨ᠎ᠡ ᠰᠣᠳᠣᠴᠢᠯᠠᠭᠰᠠᠨ︾ ᠣᠨᠴᠠᠯᠢᠭ ᠪᠦᠬᠦᠢ ᠳᠤᠮᠳᠠ ᠵᠢᠵᠢᠭ ᠠᠵᠤ ᠠᠬᠤᠶᠢᠯᠠᠯ ᠢ ᠵᠢᠭᠠᠵᠤ | ᠪᠠᠶᠢᠨ᠎ᠠ᠃ | ᠭᠤᠷᠪᠠᠨ ᠣᠷᠣᠨ ᠪᠦᠰᠡ ᠭᠤᠷᠪᠠᠨ ᠱᠤᠭᠤᠮ ᠭᠡᠳᠡᠭ ᠨᠢ ᠬᠤᠲᠠ ᠪᠠᠯᠭᠠᠰᠤᠨ ᠤ ᠣᠷᠣᠨ ᠵᠠᠶ᠂ ᠲᠠᠷᠢᠶᠠᠯᠠᠩ ᠤᠨ | ᠣᠷᠣᠨ ᠵᠠᠶ᠂ ᠠᠮᠢ ᠠᠬᠤᠶ ᠶᠢᠨ ᠣᠷᠣᠨ ᠵᠠᠶ ᠭᠤᠷᠪᠠᠨ ᠵᠦᠢᠯ ᠤᠨ ᠲᠥᠷᠥᠯ ᠬᠡᠯᠪᠡᠷᠢ ᠶᠢᠨ ᠣᠷᠣᠨ ᠵᠠᠶ ᠶᠢ ᠵᠢᠭᠠᠵᠤ | ᠪᠣᠶ᠂ ᠲᠣᠰ ᠲᠣᠰ ᠵᠠᠭᠠᠭᠯᠠᠨ ᠲᠣᠭᠲᠠᠭᠠᠭᠰᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠬᠢᠵᠠᠭᠠᠷᠯᠠᠬᠤ ᠱᠤᠭᠤᠮ ᠲᠠᠢ ᠲᠣᠬᠢᠷᠠᠯᠴᠠᠭᠤᠯᠤᠨ᠎ᠠ᠃ | ᠭᠤᠷᠪᠠᠨ ᠱᠤᠭᠤᠮ ᠨᠢᠭᠡ ᠬᠠᠭᠤᠳᠠᠰᠤ᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ | ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠬᠢᠵᠠᠭᠠᠷ ᠱᠤᠭᠤᠮ ᠪᠠ | ᠠᠮᠢ ᠠᠬᠤᠶ ᠶᠢᠨ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠨᠠᠷᠢᠨ ᠬᠠᠭᠤᠳᠠᠰᠤ ᠶᠢ ᠵᠢᠭᠠᠵᠤ ᠪᠣᠶ᠃ | ᠤᠰᠤ ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ | ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠵᠢᠭᠠᠵᠤ ᠪᠠᠶᠢᠨ᠎ᠠ᠃ | ︽ᠳᠥᠷᠪᠡᠨ ᠲᠣᠭᠤᠷᠢᠭ︾ ᠤᠨ ᠤᠰᠤ ᠠᠷᠪᠢᠯᠠᠬᠤ ᠠᠵᠢᠯᠯᠠᠭ᠎ᠠ ᠭᠡᠳᠡᠭ ᠨᠢ ᠬᠤᠲᠠ ᠲᠣᠭᠤᠷᠢᠭ᠂ ᠲᠠᠷᠢᠶᠠᠯᠠᠬᠤ | ᠣᠷᠣᠨ᠂ ᠬᠦᠷᠢᠶᠡᠯᠡᠩ ᠲᠣᠭᠤᠷᠢᠭ᠂ ᠠᠭᠤᠷᠬᠠᠢ ᠶᠢᠨ ᠣᠷᠣᠨ ᠳᠤ ᠥᠷᠨᠢᠭᠦᠯᠦᠭᠰᠡᠨ ᠤᠰᠤ ᠠᠷᠪᠢᠯᠠᠵᠤ ᠤᠰᠤ ᠶᠢ | ᠡᠵᠡᠮᠳᠡᠬᠦ ᠠᠵᠢᠯᠯᠠᠭ᠎ᠠ ᠶᠢ ᠵᠢᠭᠠᠵᠤ ᠪᠣᠶ᠃ | ᠠᠵᠤ ᠦᠢᠯᠡᠳᠪᠦᠷᠢ ᠶᠢᠨ ᠲᠥᠷᠥᠯ ᠵᠦᠢᠯ ᠤᠨ ︽ᠪᠠᠷᠢᠮᠵᠢᠶᠠᠲᠤ ᠭᠠᠵᠠᠷ︾ ᠭᠡᠳᠡᠭ ᠨᠢ ᠬᠤᠲᠠ ᠪᠠᠯᠭᠠᠰᠤ ᠶᠢᠨ | ᠨᠡᠭᠡᠭᠡᠨ ᠬᠥᠭᠵᠢᠭᠦᠯᠦᠯᠲᠡ ᠶᠢᠨ ᠵᠠᠭᠠᠭ ᠳᠣᠲᠣᠷ᠎ᠠ ᠭᠠᠵᠠᠷ ᠬᠠᠩᠭᠠᠬᠤ ᠨᠥᠬᠦᠴᠡᠯ ᠢ ᠪᠦᠷᠢᠯᠳᠦᠭᠦᠯᠦᠭᠰᠡᠨ ᠣᠷᠣᠨ | ᠪᠦᠰᠡ ᠪᠣᠯᠣᠨ᠎ᠠ᠂ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠳᠤ ᠣᠷᠣᠨ ᠪᠦᠰᠡ ᠶᠢᠨ | ᠦᠨᠡᠯᠡᠨ ᠵᠢᠱᠢᠯᠲᠡ ᠶᠢ ᠤᠷᠢᠳᠠᠪᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠡᠷᠴᠢᠮ᠂ ᠡᠵᠡᠯᠡᠬᠦᠨ ᠤ ᠨᠣᠷᠮ᠎ᠠ᠂ ᠮᠦ ᠪᠦᠷᠢ ᠶᠢᠨ ᠳᠤᠮᠳᠠᠴᠢ ᠭᠠᠶᠢᠯᠢ ᠲᠠᠲᠠᠪᠤᠷᠢ᠂ ᠨᠢᠭᠡᠴᠢ | ᠡᠨᠧᠷᠭᠢ ᠶᠢᠨ ᠬᠤᠷᠣᠭᠳᠠᠯ ᠤᠨ ᠪᠠᠷᠢᠮᠵᠢᠶ᠎ᠠ ᠪᠠ ᠣᠷᠴᠢᠨ ᠲᠣᠭᠤᠷᠢᠨ ᠳᠤ ᠦᠵᠡᠭᠦᠯᠬᠦ ᠦᠨᠡᠯᠡᠯᠲᠡ ᠶᠢᠨ ᠪᠠᠷᠢᠮᠵᠢᠶ᠎ᠠ | ᠵᠡᠷᠭᠡ ᠬᠢᠵᠠᠭᠠᠷᠯᠠᠬᠤ ᠭᠦᠢᠴᠡᠳᠬᠡᠯ ᠲᠤᠭ᠎ᠠ ᠲᠣᠭᠲᠠᠭᠠᠬᠤ ᠶᠢᠨ ᠬᠠᠮᠲᠤ ᠲᠥᠷᠥᠯ ᠵᠦᠢᠯ ᠢ ᠡᠬᠢᠯᠡᠭᠦᠯᠬᠦ ᠳᠤ ᠴᠢᠬᠤᠯᠠ | ᠪᠦᠬᠦᠢ ᠤᠰᠤ ᠨᠡᠪᠲᠡᠷᠡᠭᠦᠯᠬᠦ᠂ ᠴᠠᠬᠢᠯᠭᠠᠨ ᠨᠡᠪᠲᠡᠷᠡᠭᠦᠯᠬᠦ᠂ ᠵᠠᠮ ᠨᠡᠪᠲᠡᠷᠡᠭᠦᠯᠬᠦ᠂ ᠭᠠᠵᠠᠷ ᠰᠢᠷᠣᠢ ᠶᠢ ᠲᠡᠭᠰᠢᠯᠡᠬᠦ | ᠵᠡᠷᠭᠡ ᠦᠨᠳᠦᠰᠦᠨ ᠨᠥᠬᠦᠴᠡᠯ ᠢ ᠬᠤᠳᠠᠯᠳᠤᠵᠤ ᠪᠣᠯᠬᠤ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠵᠢᠭᠠᠵᠤ ᠪᠣᠢ᠃ | ︽1+N︾ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ᠄ ᠡᠨᠡ ᠨᠢ ᠠᠷᠠᠳ ᠤᠨ | ᠡᠮᠨᠡᠯᠭᠡ ᠶᠢᠨ ᠬᠤᠷᠢᠶ᠎ᠠ ᠪᠠᠷ ᠲᠥᠪ ᠪᠣᠯᠭᠠᠵᠤ᠂ 5 ᠭᠠᠴᠠᠭ᠎ᠠ ᠶᠢ ᠴᠥᠷᠬᠡᠯᠡᠭᠦᠯᠵᠦ ᠪᠠᠶᠢᠨ᠎ᠠ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠡᠷᠡᠭᠦᠯ ᠬᠠᠮᠠᠭᠠᠯᠠᠯ ᠤᠨ ᠬᠤᠷᠢᠶ᠎ᠠ | ︶᠂ ᠡᠯ᠎ᠡ ᠠᠷᠠᠳ ᠤᠨ ᠡᠵᠡᠩᠨᠡᠯᠲᠡ ᠶᠢᠨ ᠡᠮᠴᠢᠯᠡᠭᠡᠨ ᠤ ᠪᠠᠶᠢᠭᠤᠯᠤᠮᠵᠢ ᠨᠤᠭᠤᠳ ᠣᠷᠣᠨ ᠪᠦᠰᠡ ᠶᠢᠨ ᠡᠮᠴᠢᠯᠡᠭᠡᠨ ᠤ | ᠪᠦᠯᠦᠭᠯᠡᠯ ᠢ ᠵᠣᠬᠢᠶᠠᠨ ᠪᠠᠶᠢᠭᠤᠯᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ | ᠠᠬᠢᠭᠤᠯᠤᠨ᠂ ᠳᠡᠭᠡᠳᠦ ᠳᠣᠤᠷᠠᠳᠤ ᠱᠠᠲᠤ ᠪᠠᠷ ᠢᠶᠠᠨ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ᠂ ᠦᠢᠯᠡᠴᠢᠯᠡᠬᠦ | ᠴᠢᠳᠠᠪᠤᠷᠢ ᠶᠢ ᠳᠡᠭᠡᠭᠰᠢᠯᠡᠭᠦᠯᠬᠦ ᠶᠢ ᠪᠡᠶᠡᠯᠡᠭᠦᠯᠬᠦ ᠬᠡᠷᠡᠭᠲᠡᠢ᠃ | ᠲᠠᠪᠤᠨ ᠬᠤᠷᠰᠢᠶ᠎ᠠ ᠬᠠᠮᠲᠤᠷᠠᠨ ᠬᠥᠳᠡᠯᠦᠯᠴᠡᠬᠦ᠄ ᠨᠡᠶᠢᠭᠡᠮ ᠲᠣᠭᠤᠷᠢᠭ ᠬᠢᠭᠡᠳ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠨᠡᠶᠢᠭᠡᠮ ᠤᠨ ᠠᠵᠢᠯ ᠤᠨ ᠴᠢᠳᠠᠪᠤᠷᠢᠲᠠᠨ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ | ᠠᠵᠢᠯᠯᠠᠭᠴᠢ᠂ ᠨᠡᠶᠢᠭᠡᠮ ᠤᠨ ᠨᠢᠭᠦᠯᠡᠰᠦᠩᠭᠦᠶ ᠶᠢᠨ ᠡᠬᠢ ᠪᠠᠶᠠᠯᠢᠭ ᠤᠨ ᠬᠤᠯᠪᠣᠭᠠᠯᠠᠨ ᠬᠥᠳᠡᠯᠦᠯᠴᠡᠬᠦ | ᠦᠢᠯᠡᠴᠢᠯᠡᠭᠡᠨ ᠤ ᠲᠣᠭᠲᠠᠴᠠ ᠶᠢ ᠵᠢᠭᠠᠵᠤ ᠪᠣᠶ᠃ | ᠭᠤᠷᠪᠠ ᠢᠯᠡᠭᠦᠦ ᠭᠤᠷᠪᠠᠨ ᠴᠥᠭᠡᠨ ᠭᠤᠷᠪᠠᠨ ᠤᠳᠠᠭ᠎ᠠ ᠴᠥᠭᠡᠨ᠂ ᠬᠤᠷᠠᠯ ᠣᠯᠠᠨ᠂ ᠠᠵᠢᠯᠯᠠᠭ᠎ᠠ ᠣᠯᠠᠨ᠂ | ᠭᠠᠳᠠᠭᠰᠢ ᠭᠠᠷᠬᠤ ᠠᠷᠪᠢᠨ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠴᠡ | ᠴᠥᠭᠡᠨ᠂ ᠪᠣᠳᠠᠲᠠᠶ ᠠᠰᠠᠭᠤᠳᠠᠯ ᠢ ᠰᠢᠶ᠋ᠳᠪᠦᠷᠢᠯᠡᠬᠦ ᠪᠠᠷ ᠴᠥᠭᠡᠨ᠂ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ | ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ ᠵᠢᠭᠠᠵᠤ ᠪᠤᠶ᠃ | ᠲᠠᠪᠤᠨ ᠶᠡᠭᠡ ᠡᠭᠦᠷᠭᠡ᠄ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠤᠯᠤᠰ ᠤᠨ ᠴᠢᠬᠤᠯᠠ ᠡᠨᠧᠷᠭᠢ ᠪᠠ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠶᠢ ᠵᠢᠭᠠᠵᠤ ᠪᠠᠶᠢᠨ᠎ᠠ᠃ | ᠡᠭᠦᠯᠡᠨ ᠳᠡᠭᠡᠷ᠎ᠡ ᠠᠴᠠ ᠭᠠᠷᠴᠤ ᠲᠤᠭ᠎ᠠ ᠪᠠᠷᠢᠮᠲᠠ ᠶᠢ ᠬᠡᠷᠡᠭᠯᠡᠨ ᠣᠶᠤᠨ ᠣᠯᠭᠤᠨ᠎ᠠ᠄ ᠡᠭᠦᠯᠡᠨ ᠲᠠᠪᠴᠠᠩ ᠳᠤ | ᠣᠷᠣᠭᠤᠯᠬᠤ ᠭᠡᠳᠡᠭ ᠨᠢ ᠲᠦᠭᠡᠮᠡᠯ ᠬᠠᠷᠠᠭᠠᠯᠵᠠᠯ ᠤᠨ ᠬᠡᠯᠪᠡᠷᠢ ᠶᠢᠨ ᠡᠭᠦᠯᠡᠨ ᠤᠶᠢᠯᠡᠴᠢᠯᠡᠭᠡ ᠶᠢ ᠳᠡᠮᠵᠢᠬᠦ ᠲᠥᠷᠥ ᠶᠢᠨ | ᠪᠣᠳᠣᠯᠭ᠎ᠠ ᠶᠢ ᠰᠦᠪᠡᠭᠴᠢᠯᠡᠨ ᠬᠡᠷᠡᠭᠵᠢᠭᠦᠯᠬᠦ ᠶᠢ ᠵᠢᠭᠠᠵᠤ ᠪᠣᠶ︔ ᠬᠡᠷᠡᠭᠯᠡᠬᠦ ᠲᠤᠭ᠎ᠠ ᠭᠡᠳᠡᠭ ᠨᠢ ᠨᠠᠩ ᠭᠦᠨ | ᠳᠠᠪᠬᠤᠷᠭ᠎ᠠ ᠳᠤ ᠲᠣᠮᠣ ᠳ᠋ᠠᠶᠢᠲ᠋ᠠ ᠶᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠬᠤ ᠶᠢ ᠵᠢᠭᠠᠵᠤ ᠪᠠᠶᠢᠨ᠎ᠠ︔ | ᠮᠡᠳᠡᠯᠭᠡ ᠣᠯᠭᠤᠬᠤ ᠭᠡᠳᠡᠭ ᠨᠢ ᠠᠵᠤ ᠠᠬᠤᠶᠢᠯᠠᠯ ᠢ ᠤᠶᠤᠨᠴᠢᠯᠠᠨ ᠥᠭᠡᠷᠡᠴᠢᠯᠡᠬᠦ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠢᠯᠠᠩᠭᠤᠶ᠎ᠠ ᠵᠣᠬᠢᠶᠠᠮᠠᠯ ᠣᠶᠤᠨ ᠴᠢᠳᠠᠪᠤᠷᠢ ᠪᠠ ᠪᠣᠳᠠᠲᠤ ᠴᠣᠭᠴᠠ ᠶᠢᠨ ᠠᠵᠤ ᠠᠬᠤᠶ ᠶᠢᠨ | ᠭᠦᠨᠵᠡᠭᠡᠶ ᠠᠭᠤᠰᠤᠯᠴᠠᠯ ᠢ ᠠᠬᠢᠭᠤᠯᠬᠤ ᠬᠡᠷᠡᠭᠲᠡᠶ᠃ | ︽ᠪᠢ ᠬᠥᠮᠦᠨ ᠲᠠᠢ ᠠᠳᠠᠯᠢ ᠦᠭᠡᠢ︾ ᠭᠡᠬᠦ ᠪᠣᠳᠣᠯ ᠢ ᠲᠠᠶᠠᠭᠳᠠᠵᠤ᠂ ︽ᠬᠥᠭᠵᠢᠯᠲᠡ ᠨᠢ ᠬᠡᠲᠦᠷᠬᠡᠢ | ᠪᠠᠴᠢᠮᠳᠠᠬᠤ ᠬᠡᠷᠡᠭ ᠦᠭᠡᠢ︾ ᠭᠡᠬᠦ ᠤᠬᠠᠮᠰᠠᠷ ᠢ ᠲᠠᠶᠠᠭᠳᠠᠵᠤ᠂ ︽ᠶᠠᠪᠤᠴᠠ ᠶᠢ ᠴᠢᠬᠤᠯᠠᠴᠢᠯᠠᠵᠤ ᠦᠷ᠎ᠡ ᠳ᠋ᠦᠩ ᠢ | ᠴᠢᠬᠤᠯᠠᠴᠢᠯᠠᠬᠤ ᠦᠭᠡᠢ︾᠂ ︽ᠨᠢᠳᠦᠨ ᠡᠮᠦᠨᠡᠬᠢ ᠠᠯᠤᠰ ᠬᠡᠳᠦ ᠶᠢ ᠦᠵᠡᠬᠦ ᠦᠭᠡᠢ︾ ᠭᠡᠬᠦ ᠰᠡᠳᠭᠢᠴᠡ᠂ ︽ | ᠨᠢᠳᠦᠨ ᠡᠮᠦᠨᠡᠬᠢ ᠠᠯᠤᠰ ᠬᠡᠳᠦ ᠶᠢ ᠦᠵᠡᠬᠦ ᠦᠭᠡᠢ︾ ᠰᠡᠳᠭᠢᠴᠡ᠂ ︽ᠨᠠᠷᠢᠨ ᠵᠦᠢᠯ ᠢ ᠶᠠᠷᠢᠬᠤ ᠦᠭᠡᠢ᠂ ᠪᠠᠷᠤᠭ | ᠪᠣᠯᠬᠤ︾ ᠰᠡᠳᠭᠢᠯᠭᠡ᠂ ︽ᠦᠢᠯᠡᠳᠪᠦᠷᠢᠯᠡᠯ ᠢ ᠴᠢᠬᠤᠯᠠᠴᠢᠯᠠᠵᠤ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠶᠢ | ᠲᠠᠶᠠᠭᠳᠠᠵᠤ ᠪᠠᠢᠨ᠎ᠠ᠃ | ᠲᠤᠯᠤᠭᠠᠨ ᠵᠦᠢᠯ ᠤᠨ ᠤᠬᠠᠮᠰᠠᠷ ᠭᠡᠪᠡᠯ᠄ ᠬᠥᠭᠵᠢᠯᠲᠡ ᠶᠢᠨ ᠤᠬᠠᠮᠰᠠᠷ᠂ ᠠᠵᠠ ᠲᠣᠬᠢᠶᠠᠯ ᠤᠨ ᠤᠬᠠᠮᠰᠠᠷ᠂ | ᠦᠷ᠎ᠡ ᠪᠦᠲᠦᠭᠡᠯ ᠤᠨ ᠤᠬᠠᠮᠰᠠᠷ᠂ ᠰᠢᠨ᠎ᠡ ᠶᠢ ᠡᠭᠦᠳᠬᠦ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠨᠠᠷᠢᠨ | ᠵᠦᠢᠯᠡᠰ ᠤᠨ ᠤᠬᠠᠮᠰᠠᠷ᠂ ᠵᠠᠬ᠎ᠠ ᠳᠡᠯᠭᠡᠭᠦᠷ ᠤᠨ ᠤᠬᠠᠮᠰᠠᠷ ᠢ ᠵᠢᠭᠠᠵᠤ ᠪᠠᠶᠢᠨ᠎ᠠ᠃ |