ᠠᠮᠵᠢᠯᠲᠠ ᠪᠦᠲᠦᠮᠵᠢ ᠪᠠᠨ ᠢᠯᠡ ᠪᠣᠯᠭᠠᠵᠤ᠂ ᠠᠷᠭ᠎ᠠ ᠪᠣᠳᠣᠯᠭ᠎ᠠ ᠪᠠᠨ ᠦᠵᠡᠬᠦ  —  ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠰᠥᠩ ᠯᠢᠨ
ᠨᠡᠶᠢᠲᠡᠯᠡᠭᠰᠡᠨ ᠴᠠᠭ᠄
2023/3/2
     ᠨᠢᠭᠡ ᠬᠠᠷᠠᠯᠲᠠ ᠶᠢ ᠴᠢᠩᠭ᠎ᠠ ᠠᠩᠬᠠᠷᠴᠤ᠂ ᠬᠤᠶᠠᠷ ᠢ ᠳᠡᠭᠡᠭᠰᠢᠯᠡᠭᠦᠯᠵᠦ᠂ ᠳᠥᠷᠪᠡᠨ ᠵᠦᠢᠯ ᠤᠨ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠥᠷᠪᠡᠨ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠵᠦ᠂ ᠮᠠᠨ ᠤ ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠰᠦᠩ ᠯᠢᠨ      2022 ᠣᠨ ᠳᠤ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ  ᠨᠢᠭᠡ ᠳᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 66.88 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 77.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ ᠬᠤᠶᠠᠷ ᠲᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠬᠤᠲᠠ ᠶᠢᠨ ᠱᠠᠲᠤᠨ ᠳᠤ ᠣᠷᠣᠭᠤᠯᠤᠭᠰᠠᠨ 21 ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ 100% ᠳᠤ ᠬᠦᠷᠴᠦ᠂ ᠪᠦᠬᠦ ᠬᠤᠲᠠ ᠶᠢᠨ ᠨᠢᠭᠡᠳᠦᠭᠡᠷ ᠲᠤ ᠣᠷᠣᠪᠠ᠃ ᠭᠤᠷᠪᠠ ᠳᠤ᠂ ᠢᠳᠡᠪᠬᠢᠲᠡᠶ ᠪᠠᠷ ᠳᠡᠭᠡᠳᠦ ᠱᠠᠲᠤᠨ ᠠᠴᠠ ᠪᠠᠯᠠ ᠮᠥᠩᠭᠦ ᠣᠯᠵᠤ᠂ ᠪᠥᠬᠦ ᠲᠤᠭᠤᠷᠢᠭ ᠤᠨ ᠪᠠᠯᠠ ᠮᠥᠩᠭᠦ ᠤᠯᠬᠤ ᠬᠠᠷᠠᠯᠲᠠ ᠡᠭᠦᠷᠭᠡ ᠶᠢ ᠨᠠᠷᠢᠯᠢᠬᠵᠢᠭᠤᠯᠤᠨ ᠬᠤᠪᠢᠶᠠᠷᠢᠯᠠᠵᠤ᠂ ᠡᠯ᠎ᠡ ᠰᠠᠯᠠᠭ᠎ᠠ ᠮᠥᠴᠢᠷ ᠤᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠳᠤ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠨ᠂ ᠪᠥᠬᠦ ᠵᠢᠯ ᠳᠤ ᠡᠯ᠎ᠡ ᠰᠠᠯᠠᠭ᠎ᠠ ᠮᠥᠴᠢᠷ ᠤᠳ ᠨᠡᠶᠢᠲᠡ 3 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠤᠲᠠᠲᠠᠶᠢᠵᠢᠭᠤᠯᠪᠠ᠃ ᠳᠥᠷᠪᠡ ᠳᠤ᠂ ᠴᠢᠨᠠᠷ ᠰᠠᠶᠢᠲᠠᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠵᠤ᠂ ᠬᠤᠳᠠᠯᠳᠤᠭ᠎ᠠ ᠡᠷᠬᠢᠯᠡᠬᠦ ᠠᠯᠪᠠᠨ ᠭᠡᠷ ᠤᠨ ᠲᠡᠷᠢᠭᠦᠨ ᠪᠡᠯᠡᠳᠬᠡᠯ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠢᠨᠠᠨ ᠰᠢᠯᠭᠠᠵᠤ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠢᠪᠡ᠃ ᠲᠠᠪᠤ ᠳᠤ᠂ ᠡᠳ᠋ ᠪᠣᠳᠠᠰ ᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠬᠢᠵᠢᠭ ᠤᠨ ᠪᠠᠶᠢᠳᠠᠯ ᠪᠣᠯᠤᠨ ᠮᠠᠨ ᠤ ᠲᠤᠭᠤᠷᠢᠭ ᠤᠨ ᠡᠳ᠋ ᠪᠣᠳᠠᠰ ᠤᠨ ᠬᠡᠷᠡᠭᠴᠡᠭᠡ ᠱᠠᠭᠠᠷᠳᠠᠯᠭ᠎ᠠ ᠶᠢ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠡᠳ᠋ ᠪᠣᠳᠠᠰ ᠤᠨ ᠨᠥᠭᠡᠴᠡᠯᠡᠯᠲᠡ ᠶᠢᠨ ᠤᠷᠢᠳᠴᠢᠯᠠᠭᠤᠯᠬᠤ ᠬᠡᠮᠵᠢᠶ᠎ᠡ ᠶᠢ ᠰᠠᠶᠢᠲᠤᠷ ᠬᠢᠵᠦ᠂ ᠡᠳ᠋ ᠪᠣᠳᠠᠰ ᠤᠨ ᠬᠠᠩᠭᠠᠯᠭ᠎ᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ  ᠪᠠᠲᠤᠯᠠᠪᠠ᠃ ᠵᠢᠷᠭᠤᠭ᠎ᠠ ᠳᠤ᠂ ᠢᠲᠡᠭᠡᠮᠵᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠪᠠ᠃ ︽ᠢᠲᠡᠭᠡᠮᠵᠢᠲᠦ ᠵᠢᠭᠡᠯᠡᠯᠭᠡ︾ ᠶᠢ ᠳᠡᠯᠭᠡᠷᠡᠭᠦᠯᠬᠦ ᠪᠣᠭᠤᠮᠲᠠ ᠰᠢᠪᠲᠤᠯᠬᠤ ᠡᠭᠦᠷᠭᠡ ᠶᠢ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠬᠤᠲᠠ ᠶᠢᠨ ᠬᠡᠪᠴᠢᠶᠡᠨ ᠳᠤ ᠳᠠᠩᠰᠠᠯᠠᠨ ᠳᠡᠯᠭᠡᠷᠡᠭᠦᠯᠬᠦ ᠡᠭᠦᠷᠭᠡ ᠶᠢ ᠤᠷᠢᠳᠠᠪᠠᠷ ᠪᠡᠶᠡᠯᠡᠭᠦᠯᠪᠡ᠃      2023 ᠣᠨ ᠳᠤ ᠪᠢ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠪᠥᠬᠦ ᠺᠠᠳ᠋ᠷ ᠠᠵᠢᠯᠲᠠᠨ ᠢ ᠪᠦᠯᠬᠦᠮᠳᠡᠭᠦᠯᠦᠨ ᠳᠠᠭᠠᠭᠤᠯᠵᠤ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠤᠷ᠎ᠠ᠂ ︽ᠨᠢᠭᠡ ᠬᠠᠷᠠᠯᠲᠠ ᠶᠢ ᠠᠩᠬᠠᠷᠴᠤ᠂ ᠬᠤᠶᠠᠷ ᠢ ᠳᠡᠭᠡᠭᠰᠢᠯᠡᠭᠦᠯᠵᠦ᠂ ᠳᠥᠷᠪᠡᠨ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠥᠷᠪᠡᠨ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠵᠦ᠂ ᠮᠠᠨ ᠤ ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号