2022 ᠣᠨ ᠳᠤ᠂ ᠤᠳᠠ ᠲᠣᠭᠤᠷᠢᠭ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠲᠥᠪ ᠤᠨ ᠪᠦᠬᠦ | ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠲᠤᠬᠢᠷᠠᠭᠤᠯᠤᠯᠳᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ | ᠂ ᠪᠣᠳᠠᠲᠠᠢ ᠶᠢ ᠡᠷᠬᠢᠮᠯᠡᠨ ᠠᠵᠢᠯ ᠬᠢᠵᠦ᠂ ᠬᠠᠤᠯᠢᠵᠢᠯ ᠤᠨ ᠤᠳᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠪᠠ᠃ | ᠨᠢᠭᠡ᠂ ᠠᠵᠢᠯ ᠢᠶᠠᠨ ᠦᠷᠨᠢᠬᠦᠯᠦᠭᠰᠡᠨ ᠪᠠᠶᠢᠳᠠᠯ | ︵ᠨᠢᠭᠡ︶ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ | ᠤᠳᠤᠷᠢᠳᠬᠤ ᠺᠠᠳ᠋ᠷᠴᠤᠳ ᠤᠨ ᠬᠠᠤᠯᠢᠵᠢᠯ ᠤᠨ ᠰᠡᠳᠬᠢᠬᠦᠢ ᠶᠢ ᠴᠢᠩᠭᠠᠳᠬᠠᠪᠠ | ᠨᠢᠭᠡ ᠳᠤ᠂ 2022 ᠣᠨ ᠤ ᠺᠠᠳ᠋ᠷ ᠤᠨ ᠪᠣᠯᠪᠠᠰᠤᠷᠠᠯ ᠤᠨ ᠲᠥᠯᠥᠪᠯᠡᠭᠡ ᠶᠢ ᠲᠣᠭᠲᠠᠭᠠᠨ᠎ᠠ᠃ ᠤᠳᠤᠷᠢᠳᠬᠤ | ᠺᠠᠳ᠋ᠷ ᠤᠨ ᠬᠠᠤᠯᠢ ᠰᠤᠷᠴᠤ ᠬᠠᠤᠯᠢ ᠬᠡᠷᠡᠭᠯᠡᠬᠦ ᠳᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠰᠢ ᠶᠢᠨ | ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠠᠭᠤᠯᠭ᠎ᠠ ᠶᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠣᠨᠣᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠠᠭᠤᠯᠭ᠎ᠠ ᠳᠤ | ᠣᠷᠣᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠺᠠᠳ᠋ᠷ ᠤᠨ ᠬᠥᠮᠦᠵᠢᠯ | ᠪᠣᠯᠪᠠᠰᠤᠷᠠᠭᠤᠯᠤᠯ ᠤᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂ ᠣᠯᠠᠨ ᠪᠦᠯᠦᠭ ᠤᠳᠠᠭ᠎ᠠ᠂ ᠪᠦᠬᠦᠨ ᠢ | ᠬᠠᠮᠤᠷᠤᠭᠰᠠᠨ ᠪᠥᠬᠦ ᠲᠤᠭᠤᠷᠢᠭ ᠤᠨ ᠨᠠᠮ ᠵᠠᠰᠠᠭ ᠤᠨ ᠪᠠᠶᠢᠭᠤᠯᠭ᠎ᠠ᠂ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠵᠣᠬᠢᠶᠠᠨ ᠪᠠᠶᠢᠭᠤᠯᠤᠨ ᠰᠤᠷᠤᠯᠴᠠᠯᠭ᠎ᠠ | ᠪᠣᠯᠪᠠᠰᠤᠷᠠᠭᠤᠯᠤᠯ ᠥᠷᠨᠢᠭᠦᠯᠵᠦ᠂ ᠡᠯ᠎ᠡ ᠲᠥᠷᠥᠯ ᠤᠨ ᠪᠣᠯᠪᠠᠰᠤᠷᠠᠯ ᠤᠨ ᠠᠩᠭᠢ ᠶᠢ ᠨᠡᠶᠢᠲᠡ 6 ᠬᠤᠭᠤᠴᠠᠭ᠎ᠠ | ᠡᠷᠬᠢᠯᠡᠵᠦ᠂ ᠰᠤᠷᠤᠯᠴᠠᠯᠭ᠎ᠠ ᠳᠤ ᠣᠷᠣᠯᠴᠠᠭᠰᠠᠨ ᠬᠥᠮᠦᠨ ᠤᠳᠠᠭ᠎ᠠ 500 ᠭᠠᠷᠤᠶ ᠬᠥᠮᠦᠨ ᠤᠳᠠᠭ᠎ᠠ ᠣᠷᠣᠯᠴᠠᠪᠠ᠃ | ᠬᠤᠶᠠᠷ ᠲᠤ᠂ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠲᠡᠭᠦᠯᠳᠡᠷᠵᠢᠭᠦᠯᠦᠨ᠎ᠡ᠃ ︽ᠤᠳᠠ ᠲᠣᠭᠤᠷᠢᠭ ᠤᠨ ︿ᠰᠢᠨ᠎ᠡ ᠴᠠᠭ ᠦᠶ᠎ᠡ ᠶᠢᠨ ᠬᠠᠤᠯᠢ ᠪᠠᠷ ᠵᠠᠰᠠᠬᠤ | ᠴᠢᠳᠠᠪᠤᠷᠢᠲᠠᠨ ᠢ ᠬᠥᠮᠦᠵᠢᠭᠦᠯᠬᠦ ᠲᠥᠯᠥᠪᠵᠢᠭᠦᠯᠭᠡ ︵2021 - 2025 ᠣᠨ︶﹀ ᠶᠢ ᠲᠤᠤᠱᠯᠠᠭᠤᠯᠬᠤ | ᠠᠵᠢᠯ ᠤᠨ ᠡᠬᠡ ᠲᠠᠩᠰᠠ︾ ᠶᠢ ᠲᠣᠭᠲᠠᠭᠠᠨ ᠲᠠᠷᠬᠠᠭᠠᠵᠤ᠂ ᠰᠠᠷ᠎ᠠ ᠪᠦᠷᠢ ᠡᠯ᠎ᠡ ᠪᠦᠷᠢᠯᠳᠦᠬᠦᠨ ᠨᠢᠭᠡᠴᠡ ᠶᠢᠨ | ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠴᠠᠭ ᠲᠤᠬᠠᠢ ᠳᠤᠨᠢ ᠲᠤᠬᠢᠷᠠᠭᠤᠯᠵᠤ᠂ ᠬᠠᠤᠯᠢ ᠪᠠᠷ ᠵᠠᠰᠠᠬᠤ | ᠴᠢᠳᠠᠪᠤᠷᠢᠲᠠᠨ ᠢ ᠰᠢᠯᠢᠨ ᠰᠣᠩᠭᠤᠬᠤ᠂ ᠲᠣᠮᠢᠯᠠᠨ ᠬᠡᠷᠡᠭᠯᠡᠬᠦ᠂ ᠳᠡᠭᠡᠭᠰᠢᠯᠡᠭᠦᠯᠬᠦ᠂ ᠰᠣᠯᠢᠯᠴᠠᠬᠤ ᠲᠦᠷᠢᠮ ᠢ | ᠲᠡᠭᠦᠯᠳᠡᠷᠵᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠥᠨᠳᠥᠷ ᠲᠦᠪᠰᠢᠨ ᠪᠦᠬᠦᠢ ᠨᠢᠭᠡ ᠪᠦᠯᠦᠭ ᠬᠠᠤᠯᠢᠵᠢᠯ ᠤᠨ | ᠡᠩᠨᠡᠭᠡ ᠶᠢ ᠦᠨᠡᠨᠬᠦ ᠪᠤᠢ ᠪᠣᠯᠭᠠᠨ᠎ᠠ᠃ | ︵ᠬᠤᠶᠠᠷ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠢᠭᠤᠯᠤᠯᠲᠠ ᠶᠢ ᠲᠦᠷᠭᠡᠳᠭᠡᠨ ᠠᠬᠢᠭᠤᠯᠵᠤ᠂ | ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠪᠠᠨ ᠬᠦᠴᠦᠯᠡᠨ ᠳᠡᠭᠡᠭᠰᠢᠯᠡᠭᠦᠯᠪᠡ | ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠢ ᠨᠢᠭᠡ ᠴᠣᠭᠴᠠᠵᠢᠭᠤᠯᠤᠨ | ᠪᠠᠶᠢᠭᠤᠯᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠲᠥᠷᠥ ᠪᠠᠷᠢᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠬᠠᠮᠲᠤᠪᠠᠷ ᠲᠦᠯᠬᠢᠨ ᠠᠬᠢᠭᠤᠯᠤᠨ᠎ᠠ᠃ ᠨᠢᠭᠡ ᠳᠤ᠂ ︽ᠦᠬᠠᠶ ᠬᠤᠲᠠ ᠶᠢᠨ ︿ᠬᠠᠤᠯᠢ ᠪᠠᠷ ᠵᠠᠰᠠᠬᠤ ᠳᠤᠮᠳᠠᠳᠤ | ᠤᠯᠤᠰ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ︵2020 - 2025 ᠣᠨ︶﹀ ᠶᠢ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ︾᠂ ︽ᠦᠬᠠᠶ ᠬᠤᠲᠠ ᠶᠢᠨ ᠬᠠᠤᠯᠢ ᠪᠠᠷ ᠵᠠᠰᠠᠬᠤ ᠨᠡᠶᠢᠭᠡᠮ ᠤᠨ | ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵2020 - 2025 ᠣᠨ︶︾᠂ ︽ᠦᠬᠠᠶ ᠬᠤᠲᠠ ᠶᠢᠨ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵2021 - 2025 | ᠣᠨ︶︾ ᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠦᠬᠠᠶ ᠬᠤᠲᠠ ᠶᠢᠨ ᠨᠢᠭᠡ ᠠᠷᠭ᠎ᠠ | ᠬᠡᠮᠵᠢᠶ᠎ᠡ ᠬᠤᠶᠠᠷ ᠲᠠᠯ᠎ᠠ ᠶᠢᠨ ᠬᠡᠷᠡᠭ ᠤᠨ ᠶᠣᠰᠣᠭᠠᠷ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ | ︽ᠤᠳᠠ ᠲᠣᠭᠤᠷᠢᠭ ᠤᠨ ︿ᠦᠬᠠᠶ ᠬᠤᠲᠠ ᠶᠢᠨ ︿ᠦᠬᠠᠶ ᠬᠤᠲᠠ ᠶᠢᠨ ᠬᠠᠤᠯᠢ ᠪᠠᠷ ᠵᠠᠰᠠᠬᠤ ᠳᠤᠮᠳᠠᠳᠤ | ᠤᠯᠤᠰ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ︵2020 - 2025 ᠣᠨ︶﹀ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠡᠬᠡ ᠲᠠᠩᠰᠠ︾᠂ ︽ᠤᠳᠠ | ᠲᠣᠭᠤᠷᠢᠭ ᠤᠨ ︿ᠦᠬᠠᠶ ᠬᠤᠲᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠬᠡᠷᠡᠭᠵᠢᠭᠦᠯᠬᠦ ᠲᠥᠰᠦᠯ ︵2020 - 2025 ᠣᠨ︶﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠭᠦᠷᠭᠡ ᠶᠢᠨ | ᠠᠵᠢᠯ ᠤᠨ ᠬᠤᠪᠢᠶᠠᠷᠢᠯᠠᠯ ᠤᠨ ᠡᠬᠡ ᠲᠠᠩᠰᠠ︾᠂ ︽ᠤᠳᠠ ᠲᠣᠭᠤᠷᠢᠭ ᠤᠨ ︿ᠦᠬᠠᠶ ᠬᠤᠲᠠ ᠶᠢᠨ ᠬᠠᠤᠯᠢ ᠪᠠᠷ | ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵2020 - 2025 ᠣᠨ︶﹀ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠡᠬᠡ ᠲᠠᠩᠰᠠ︾ ᠶᠢ | ᠲᠣᠭᠲᠠᠭᠠᠨ ᠲᠠᠷᠬᠠᠭᠠᠵᠤ᠂ ᠡᠯ᠎ᠡ ᠵᠦᠢᠯ ᠤᠨ ᠡᠭᠦᠷᠭᠡ ᠶᠢ ᠨᠠᠷᠢᠯᠢᠬᠵᠢᠭᠤᠯᠤᠨ ᠬᠤᠪᠢᠶᠠᠷᠢᠯᠠᠵᠤ᠂ ᠬᠠᠷᠢᠭᠤᠴᠠᠯᠭᠠᠲᠤ | ᠰᠠᠯᠠᠭ᠎ᠠ ᠮᠥᠴᠢᠷ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠨᠠᠷᠢᠨ ᠨᠢᠮᠪᠠᠶ᠂ ᠦᠨᠡᠨ ᠬᠦ | ᠶᠠᠪᠤᠭᠳᠠᠭᠤᠰᠢᠲᠠᠶ ︽ᠴᠠᠭ ᠤᠨ ᠬᠦᠰᠦᠨᠦᠭᠲᠦ︾ ︽ᠵᠠᠮ ᠱᠤᠭᠤᠮ ᠤᠨ ᠵᠢᠷᠤᠭ︾ ︽ᠪᠠᠷᠢᠯᠭ᠎ᠠ ᠶᠢᠨ ᠵᠢᠷᠤᠭ︾ ᠢ | ᠪᠦᠷᠢᠯᠳᠦᠭᠦᠯᠪᠡ᠃ ᠬᠤᠶᠠᠷ ᠲᠤ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ | ᠵᠥᠪᠯᠡᠭᠴᠢ ᠶᠢᠨ ᠪᠦᠯᠬᠦᠮ ᠤᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ᠃ ᠮᠠᠨ ᠤ ᠲᠤᠭᠤᠷᠢᠭ ᠤᠨ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠵᠥᠪᠯᠡᠭᠴᠢ ᠶᠢᠨ ᠡᠩᠨᠡᠭᠡ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ ᠲᠡᠭᠦᠯᠳᠡᠷᠵᠢᠭᠦᠯᠵᠦ᠂ ᠨᠢᠭᠡ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠢ ᠵᠠᠰᠠᠭ ᠤᠨ ᠣᠷᠳᠣᠨ ᠤ | ᠬᠠᠤᠯᠢ ᠴᠠᠭᠠᠵᠠ ᠶᠢᠨ ᠵᠥᠪᠯᠡᠭᠴᠢ ᠪᠠᠷ ᠤᠷᠢᠬᠤ ᠠᠴᠠ ᠭᠠᠳᠠᠨ᠎ᠠ᠂ ᠪᠠᠰᠠ ᠤᠤᠯ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠥᠪᠯᠡᠭᠴᠢ ᠶᠢᠨ ᠪᠦᠯᠬᠦᠮ ᠢ ᠲᠡᠭᠦᠯᠳᠡᠷᠵᠢᠭᠦᠯᠦᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ | ᠬᠠᠤᠯᠢ ᠴᠠᠭᠠᠵᠠ ᠶᠢᠨ ᠵᠥᠪᠯᠡᠭᠴᠢ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠣᠯᠴᠠᠬᠤ | ᠬᠡᠷᠡᠭ ᠤᠨ ᠡᠮᠦᠨᠡᠬᠢ ᠨᠤᠲᠠᠯᠠᠯᠲᠠ ᠬᠢᠵᠦ ᠯᠠᠪᠯᠠᠬᠤ ᠤᠶᠢᠯᠡᠳᠤᠯ ᠢ ᠤᠯᠠᠮ ᠨᠢᠭᠡ ᠠᠯᠬᠤᠮ ᠴᠢᠩᠭᠠᠳᠬᠠᠪᠠ᠃ 2022 | ᠣᠨ ᠤ ᠲᠤᠭᠤᠷᠢᠭ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠵᠠᠰᠠᠭ ᠤᠨ ᠣᠷᠳᠣᠨ ᠤ ᠠᠯᠪᠠᠨ | ᠬᠡᠷ ᠠᠴᠠ ᠲᠤᠰᠢᠶᠠᠭᠰᠠᠨ ᠪᠢᠴᠢᠭ ᠮᠠᠲ᠋ᠧᠷᠢᠶᠠᠯ᠂ ᠬᠡᠯᠡᠯᠴᠡᠭᠡᠷ ᠵᠡᠷᠭᠡ 22 ᠬᠤᠪᠢ ᠬᠢᠨᠠᠨ ᠪᠠᠶᠢᠴᠠᠭᠠᠪᠠ᠃ | ᠭᠤᠷᠪᠠ ᠳᠤ᠂ 2022 ᠣᠨ ᠤ ᠪᠦᠬᠦ ᠲᠤᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ | ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠵᠢᠯ ᠤᠨ | ᠳᠣᠲᠣᠷ᠎ᠠ 2 ᠤᠳᠠᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠬᠡᠷᠡᠭ ᠤᠨ ᠡᠪᠬᠡᠮᠡᠯ ᠢ ᠦᠨᠡᠯᠡᠨ | ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠨᠡᠶᠢᠲᠡ 135 ᠡᠪᠬᠡᠮᠡᠯ ᠢ ᠦᠨᠡᠯᠡᠨ ᠪᠠᠶᠢᠴᠠᠭᠠᠵᠤ᠂ ᠦᠨᠡᠯᠡᠨ | ᠪᠠᠶᠢᠴᠠᠭᠠᠭᠰᠠᠨ ᠦᠷ᠎ᠡ ᠳ᠋ᠦᠩ ᠢ ᠵᠠᠷᠯᠠᠨ ᠮᠡᠳᠡᠭᠳᠡᠬᠦ ᠬᠡᠯᠪᠡᠷᠢ ᠪᠠᠷ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠲᠤ ᠪᠠᠭᠤᠯᠭᠠᠵᠤ᠂ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠵᠠᠰᠠᠭ | ᠵᠠᠬᠢᠷᠭᠠᠨ ᠢᠶᠠᠷ ᠰᠢᠳᠬᠡᠨ ᠲᠣᠷᠭᠠᠭᠰᠠᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠵᠠᠶ᠃ ᠲᠦᠷᠪᠡ ᠳᠤ | ᠵᠢᠭᠤᠷᠠᠯᠳᠤᠭᠠᠨ ᠢ ᠬᠠᠤᠯᠢ ᠶᠣᠰᠣᠭᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠲᠣᠬᠢᠷᠠᠭᠤᠯᠤᠨ | ᠲᠣᠭᠲᠠᠭᠠᠬᠤ︾ ᠬᠠᠷᠢᠶ᠎ᠠ ᠭᠠᠵᠠᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠠᠯᠭᠠᠰᠤ ︵ᠵᠡᠭᠡᠯᠢ ᠭᠤᠳᠤᠮᠵᠢ︶ | ᠂ ᠨᠡᠶᠢᠭᠡᠮ ᠲᠣᠭᠤᠷᠢᠭ ᠤᠨ 30 ᠠᠷᠠᠳ ᠤᠨ ᠡᠶᠡᠳᠡᠭᠦᠯᠬᠦ ᠵᠥᠪᠯᠡᠯ ᠪᠠ 13 ᠠᠵᠢᠯ ᠲᠥᠷᠥᠯ ᠤᠨ ᠴᠢᠨᠠᠷᠲᠠᠶ | ᠠᠷᠠᠳ ᠤᠨ ᠡᠶᠡᠳᠡᠭᠦᠯᠬᠦ ᠵᠥᠪᠯᠡᠯ ᠤᠨ ᠬᠦᠴᠦᠨ ᠢ ᠳᠠᠶᠢᠴᠢᠯᠠᠵᠤ᠂ ᠵᠥᠷᠢᠴᠡᠯ ᠵᠢᠭᠤᠷᠠᠯᠳᠤᠭᠠᠨ ᠢ ᠨᠡᠶᠢᠲᠡ 2273 | ᠬᠤᠪᠢ ᠡᠶᠡᠳᠡᠭᠦᠯᠵᠦ᠂ ᠡᠶᠡᠳᠡᠭᠦᠯᠭᠡ ᠶᠢᠨ ᠨᠣᠷᠮ᠎ᠠ ᠶᠢ 100% ᠳᠤ ᠬᠦᠷᠦᠭᠦᠯᠵᠦ᠂ ᠠᠮᠵᠢᠯᠲᠠ ᠣᠯᠤᠭᠰᠠᠨ | ᠨᠣᠷᠮ᠎ᠠ ᠨᠢ 98% ᠠᠴᠠ ᠳᠡᠭᠡᠭᠰᠢ ᠳᠤ ᠬᠦᠷᠴᠡᠶ᠃ ᠭᠤᠷᠪᠠᠨ ᠱᠠᠲᠤᠨ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ | ᠪᠠᠶᠢᠴᠠᠭᠠᠵᠤ ᠠᠷᠢᠯᠭᠠᠬᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠣᠲᠣ ᠪᠣᠯᠲᠠᠯ᠎ᠠ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢᠨ ᠲᠣᠭᠲᠠᠮᠠᠯ ᠬᠤᠷᠠᠯ ᠢ ᠨᠡᠶᠢᠲᠡ 104 | ᠬᠤᠭᠤᠴᠠᠭ᠎ᠠ ᠬᠤᠷᠠᠯᠳᠤᠭᠤᠯᠵᠤ᠂ ᠡᠯ᠎ᠡ ᠲᠥᠷᠥᠯ ᠤᠨ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ 285 ᠬᠤᠪᠢ | ᠴᠤᠭᠯᠠᠭᠤᠯᠵᠤ᠂ 285 ᠬᠤᠪᠢ ᠶᠢ ᠨᠢ ᠵᠣᠬᠢᠴᠠᠭᠤᠯᠤᠨ ᠰᠢᠢᠳᠪᠦᠷᠢᠯᠡᠵᠦ᠂ ᠵᠣᠬᠢᠴᠠᠭᠤᠯᠤᠨ ᠰᠢᠢᠳᠪᠦᠷᠢᠯᠡᠭᠰᠡᠨ | ᠨᠣᠷᠮ᠎ᠠ ᠶᠢ 100 % ᠳᠤ ᠬᠦᠷᠦᠭᠦᠯᠵᠦ᠂ ︽ᠪᠠᠭ᠎ᠠ ᠶᠠᠪᠤᠳᠠᠯ ᠢ ᠨᠡᠶᠢᠭᠡᠮ ᠲᠣᠭᠤᠷᠢᠭ ᠠᠴᠠ ᠭᠠᠷᠭᠠᠬᠤ ᠥᠬᠡᠶ᠂ | ᠶᠡᠭᠡ ᠶᠠᠪᠤᠳᠠᠯ ᠢ ᠪᠠᠯᠭᠠᠰᠤ ︵ᠵᠡᠭᠡᠯᠢ ᠭᠤᠳᠤᠮᠵᠢ︶ ᠠᠴᠠ ᠭᠠᠷᠭᠠᠬᠤ ᠥᠬᠡᠶ᠂ ᠵᠥᠷᠢᠴᠡᠯ ᠢ ᠳᠡᠭᠡᠭᠰᠢ ᠲᠤᠰᠢᠶᠠᠬᠤ | ᠥᠬᠡᠶ︾ ᠪᠠᠶᠢᠬᠤ ᠶᠢ ᠦᠨᠡᠨᠬᠦ ᠪᠠᠲᠤᠯᠠᠪᠠ᠃ ᠲᠠᠪᠤ ᠳᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠬᠠᠤᠯᠢ ᠶᠣᠰᠣᠭᠠᠷ | ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ | ᠬᠦᠯᠢᠶᠡᠭᠰᠡᠨ ᠪᠠᠶᠢᠳᠠᠯ ᠢ ᠮᠡᠳᠡᠭᠳᠡᠬᠦ ᠲᠣᠭᠲᠠᠴᠠ ᠶᠢ ᠪᠠᠶᠢᠭᠤᠯᠵᠤ᠂ ᠠᠷᠠᠳ ᠤᠨ ᠰᠢᠭᠦᠬᠦ ᠬᠤᠷᠢᠶᠠᠨ ᠤ ᠵᠠᠰᠠᠭ | ᠵᠠᠬᠢᠷᠭᠠᠨ ᠤ ᠬᠡᠷᠡᠭ ᠢ ᠬᠠᠤᠯᠢ ᠶᠣᠰᠣᠭᠠᠷ ᠬᠦᠯᠢᠶᠡᠨ ᠠᠪᠬᠤ ᠪᠠ ᠰᠢᠭᠦᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ | ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ︽ᠰᠠᠨᠠᠭᠤᠯᠭ᠎ᠠ︾ ᠶᠢᠨ 9 ᠬᠤᠪᠢ ᠨᠡᠶᠢᠲᠡᠯᠡᠵᠦ᠂ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠴᠥᠮ ᠱᠠᠭᠠᠷᠳᠠᠯᠭ᠎ᠠ ᠶᠣᠰᠣᠭᠠᠷ ᠰᠢᠭᠦᠯᠲᠡ ᠳᠤ ᠣᠷᠣᠯᠴᠠᠵᠤ | ᠵᠠᠷᠭᠤ ᠬᠦᠯᠢᠶᠡᠬᠦ᠂ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠣᠷᠮ᠎ᠠ ᠨᠢ 100% ᠳᠤ ᠬᠦᠷᠪᠡ᠃ | 2022 ᠣᠨ ᠳᠤ ᠨᠡᠶᠢᠲᠡ 9 ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠬᠦᠯᠢᠶᠡᠨ ᠠᠪᠴᠤ᠂ 8 ᠬᠡᠷᠡᠭ ᠢ | ᠰᠢᠭᠦᠨ ᠳᠠᠭᠤᠰᠬᠠᠵᠤ᠂ 1 ᠬᠡᠷᠡᠭ ᠢ ᠶᠠᠭ ᠰᠢᠭᠦᠨ ᠰᠢᠢᠳᠪᠦᠷᠢᠯᠡᠵᠦ ᠪᠠᠶᠢᠨ᠎ᠠ᠃ 9 ᠶᠢ ᠨᠢ ᠳᠠᠬᠢᠨ ᠵᠥᠪᠯᠡᠬᠦ | ᠬᠡᠷᠡᠭ ᠲᠤ 2 ᠬᠤᠪᠢ ᠶᠢ ᠨᠢ ᠬᠡᠪ ᠢᠶᠠᠷ ᠪᠠᠶᠢᠯᠭᠠᠵᠤ᠂ 2 ᠬᠤᠪᠢ ᠶᠢ ᠨᠢ ᠬᠦᠴᠦᠨ ᠦᠭᠡᠢ ᠪᠣᠯᠭᠠᠨ᠂ ᠬᠡᠷᠡᠭ ᠢ | ᠰᠢᠢᠳᠪᠦᠷᠢᠯᠡᠵᠦ ᠳᠠᠭᠤᠰᠬᠠᠬᠤ ᠳᠠᠭᠠᠨ ᠭᠤᠶᠤᠴᠢᠯᠠᠭᠳᠠᠭᠴᠢ ᠠᠴᠠ ᠰᠠᠨᠠᠭᠠᠴᠢᠯᠠᠭ᠎ᠠ ᠠᠴᠠ ᠪᠠᠨ ᠪᠤᠷᠤᠭᠤ ᠪᠠᠨ | ᠵᠠᠯᠠᠷᠠᠭᠤᠯᠤᠭᠰᠠᠨ᠂ ᠡᠶᠡᠳᠡᠭᠦᠯᠦᠨ ᠡᠶᠡᠳᠡᠭᠦᠯᠬᠦ ᠵᠡᠷᠭᠡ ᠳᠠᠮ ᠪᠤᠷᠤᠭᠤ ᠶᠢ ᠵᠠᠯᠠᠷᠠᠭᠤᠯᠤᠭᠰᠠᠨ 4 ᠬᠡᠷᠡᠭ 4 ᠬᠤᠪᠢ | ᠪᠠᠶᠢᠨ᠎ᠠ᠃ ᠵᠢᠷᠭᠤᠭ᠎ᠠ ᠳᠤ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠬᠡᠷᠡᠭ ᠰᠢᠢᠳᠪᠦᠷᠢᠯᠡᠬᠦ ᠶᠠᠪᠤᠴᠠ ᠶᠢ ᠤᠯᠠᠮ | ᠨᠢᠭᠡ ᠠᠯᠬᠤᠮ ᠰᠢᠯᠢᠳᠡᠭᠵᠢᠭᠦᠯᠦᠨ᠎ᠡ᠃ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ ᠢ | ᠡᠬᠢᠯᠡᠨ ᠬᠡᠷᠡᠭᠯᠡᠵᠦ᠂ ︽ᠤᠳᠠ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠥᠷᠪᠡᠨ ᠲᠥᠷᠥᠯ ᠤᠨ ᠬᠡᠷᠡᠭ ᠢ | ᠬᠢᠨᠠᠨ ᠬᠠᠮᠢᠶᠠᠷᠬᠤ ᠠᠷᠭ᠎ᠠ︾ ᠵᠡᠷᠭᠡ ᠲᠦᠷᠢᠮ ᠢ ᠲᠣᠭᠲᠠᠭᠠᠵᠤ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠢᠯᠡ | ᠲᠣᠳᠣ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | ︵ᠭᠤᠷᠪᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠭᠦᠢᠴᠡᠳ | ᠪᠠᠳᠠᠷᠠᠭᠤᠯᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ | ᠨᠢᠭᠡ ᠳᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠡᠮᠬᠢ ᠵᠢᠷᠤᠮ ᠲᠠᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ ᠃ | ︽ᠤᠳᠠ ᠲᠣᠭᠤᠷᠢᠭ ᠤᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ | ᠬᠡᠷᠡᠭᠵᠢᠭᠦᠯᠬᠦ ᠰᠠᠨᠠᠯ︾ ᠵᠢᠴᠢ ︽2022 ᠣᠨ ᠤ ᠤᠳᠠ ᠲᠣᠭᠤᠷᠢᠭ ᠤᠨ ︿ᠢᠲᠡᠭᠡᠮᠵᠢ ᠶᠢᠨ ᠪᠠᠶᠢᠭᠤᠯᠤᠯᠲᠠ ᠶᠢᠨ | ᠲᠦᠮᠡᠨ ᠭᠠᠵᠠᠷ ᠤᠨ ᠠᠶᠠᠯᠠᠯ﹀ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ᠢ | ᠲᠣᠭᠲᠠᠭᠠᠨ ᠲᠠᠷᠬᠠᠭᠠᠵᠤ᠂ ᠪᠦᠬᠦ ᠲᠤᠭᠤᠷᠢᠭ ᠤᠨ ᠬᠡᠪᠴᠢᠶᠡᠨ ᠳᠠᠬᠢ ᠢᠲᠡᠭᠡᠮᠵᠢ ᠶᠢᠨ ᠢᠯᠡ ᠠᠮᠠᠯᠠᠯᠲᠠ ᠶᠢᠨ | ᠠᠵᠢᠯᠯᠠᠭ᠎ᠠ ᠶᠢ ᠪᠡᠶᠡᠯᠡᠭᠦᠯᠪᠡ᠃ ᠤᠳᠠ ᠲᠣᠭᠤᠷᠢᠭ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ︽ᠬᠤᠶᠠᠷ ᠢ ᠢᠯᠡ ᠨᠡᠶᠢᠲᠡᠯᠡᠬᠦ︾ ᠲᠤᠰᠬᠠᠶ | ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠵᠤ᠂ ᠪᠥᠬᠦ ᠤᠯᠤᠰ ᠤᠨ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠪᠠ᠃ ᠢᠲᠡᠭᠡᠯ ᠳᠤ ᠲᠦᠰᠢᠭᠯᠡᠨ ᠦᠬᠠᠶ ᠳᠤ | ᠲᠦᠰᠢᠭᠯᠡᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠢᠲᠡᠭᠡᠮᠵᠢ ᠶᠢᠨ ᠮᠡᠳᠡᠭᠡ ᠵᠠᠩᠭᠢ ᠶᠢ ︽ᠣᠷᠣᠭᠤᠯᠪᠠᠰᠤ | ᠵᠣᠬᠢᠬᠤ ᠶᠢ ᠨᠢ ᠪᠦᠬᠦᠨ ᠢ ᠪᠤᠴᠠᠭᠠᠬᠤ︾ ᠶᠢ ᠪᠡᠶᠡᠯᠡᠭᠦᠯᠵᠦ᠂ ᠡᠯ᠎ᠡ ᠰᠠᠯᠠᠭ᠎ᠠ ᠮᠥᠴᠢᠷ ᠪᠣᠯᠤᠨ ᠨᠢᠭᠡᠴᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂ ᠣᠳᠣ | ᠪᠣᠯᠲᠠᠯ᠎ᠠ᠂ ᠨᠡᠶᠢᠲᠡ 288863 ᠵᠤᠷᠪᠤᠰ ᠢᠲᠡᠭᠡᠮᠵᠢ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠪᠡ᠃ | ᠬᠤᠶᠠᠷ ᠲᠤ᠂ ᠪᠠᠭᠤᠯᠭᠠᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ︽ᠤᠳᠠ ᠲᠣᠭᠤᠷᠢᠭ ᠤᠨ 2022 ᠣᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠠᠵᠢᠯ ᠤᠨ ᠭᠤᠣᠯᠳᠠᠯᠭ᠎ᠠ︾ ᠶᠢ ᠲᠣᠭᠲᠠᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | 43 ᠵᠦᠢᠯ ᠤᠨ ᠴᠢᠬᠤᠯᠠ ᠠᠷᠭ᠎ᠠ ᠬᠡᠮᠵᠢᠶ᠎ᠡ ᠶᠢ ᠲᠣᠳᠣᠷᠬᠠᠶᠢᠯᠠᠭᠰᠠᠨ ᠪᠥᠭᠡᠳ ᠭᠠᠵᠠᠷ ᠣᠷᠣᠨ ᠤ ᠪᠣᠳᠠᠲᠠᠢ ᠲᠠᠢ | ᠤᠶᠠᠯᠳᠤᠭᠤᠯᠤᠨ ︽ᠤᠳᠠ ᠲᠣᠭᠤᠷᠢᠭ ᠤᠨ ᠦᠬᠠᠢ ᠬᠤᠳᠠ ᠶᠢᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢᠶᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯᠯᠠᠭ᠎ᠠ ᠶᠢᠨ ᠲᠥᠰᠦᠯ ᠤᠨ | ᠡᠬᠡ ᠳᠠᠩᠰᠠ ︵ᠲᠦᠷ ᠬᠡᠷᠡᠭᠵᠢᠭᠦᠯᠬᠦ︶︾ ᠶᠢ ᠲᠣᠭᠲᠠᠭᠠᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠤᠯᠠᠮ | ᠴᠢᠨᠠᠭᠰᠢᠳᠠ ᠲᠣᠳᠣᠷᠬᠠᠶᠢᠯᠠᠵᠤ᠂ ᠡᠭᠦᠷᠭᠡ ᠬᠠᠷᠠᠯᠲᠠ ᠪᠠᠨ ᠨᠠᠷᠢᠯᠢᠬᠵᠢᠭᠤᠯᠪᠠ᠃ ︽ᠲᠠᠪᠤ ᠶᠢ ᠪᠠᠭᠠᠰᠬᠠᠵᠤ | ᠭᠤᠷᠪᠠ ᠶᠢ ᠬᠠᠮᠤᠭ ᠤᠨ ᠶᠡᠭᠡ ᠪᠠᠷ ᠨᠡᠮᠡᠭᠳᠡᠭᠦᠯᠬᠦ︾ ᠶᠢ ᠦᠷᠭᠦᠯᠵᠢᠯᠡᠨ ᠰᠢᠯᠢᠳᠡᠭᠵᠢᠭᠦᠯᠵᠦ᠂ ᠴᠤᠪᠤᠷᠠᠯ ᠢ | ᠳᠥᠭᠦᠮᠴᠢᠯᠡᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠢᠯᠡᠴᠢᠯᠡᠭᠡ ᠶᠢ ᠴᠢᠩᠭᠠᠳᠬᠠᠬᠤ ᠲᠠᠯ᠎ᠠ ᠪᠠᠷ ᠳᠠᠯᠳᠠ | ᠬᠦᠴᠦᠨ ᠢ ᠠᠭᠤᠳᠠᠯᠤᠨ᠂ 2022 ᠣᠨ ᠳᠤ ᠨᠢᠳᠤᠨᠤᠨ ᠤ ᠭᠤᠭᠴᠤᠭ᠎ᠠ ᠶᠢ ᠪᠠᠭᠠᠰᠬᠠᠬᠤ᠂ ᠴᠠᠭ ᠢ ᠪᠠᠭᠠᠰᠬᠠᠬᠤ᠂ | ᠮᠠᠲ᠋ᠧᠷᠢᠶᠠᠯ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ ᠨᠣᠷᠮ᠎ᠠ ᠶᠢ ᠲᠣᠰ ᠲᠣᠰ 14%᠂ 82%᠂ 34%᠂ | 64% ᠪᠠᠶᠢᠬᠤ ᠰᠠᠭᠤᠷᠢᠨ ᠳᠡᠭᠡᠷ᠎ᠡ᠂ ᠰᠠᠯᠠᠭ᠎ᠠ ᠮᠥᠴᠢᠷ ᠢᠶᠠᠷ ᠨᠢᠭᠡᠴᠢ ᠪᠣᠯᠭᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠬᠦᠴᠦᠨ ᠴᠢᠳᠠᠪᠤᠷᠢ ᠶᠢ ᠰᠢᠯᠢᠳᠡᠭᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ | ᠵᠡᠷᠭᠡ ᠪᠠᠷ ᠥᠷᠨᠢᠭᠦᠯᠵᠦ᠂ ᠣᠳᠣᠬᠠᠨ ᠳᠤ ᠨᠢᠭᠡᠨᠲᠡ 15 ᠰᠠᠯᠠᠭ᠎ᠠ ᠮᠥᠴᠢᠷ ᠤᠨ 831 ᠵᠦᠢᠯᠡᠰ ᠢ ᠡᠮᠬᠢᠯᠡᠨ | ᠳᠢᠭᠯᠡᠵᠦ᠂ ᠰᠢᠯᠢᠳᠡᠭᠵᠢᠭᠦᠯᠬᠦ ᠠᠵᠢᠯ ᠢ ᠪᠡᠶᠡᠯᠡᠭᠦᠯᠵᠦ ᠪᠠᠶᠢᠨ᠎ᠠ᠃ ᠲᠤᠭ᠎ᠠ ᠪᠠᠷᠢᠮᠲᠠ ᠳᠤ ᠠᠩᠬᠠᠷᠤᠯ ᠢᠶᠠᠨ | ᠲᠥᠪᠯᠡᠷᠡᠭᠦᠯᠦᠨ ︽ᠨᠢᠭᠡ ᠰᠦᠯᠵᠢᠶ᠎ᠡ ᠪᠠᠷ ᠭᠦᠢᠴᠡᠳᠬᠡᠬᠦ︾᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ | ︽ᠪᠥᠬᠦ ᠬᠤᠲᠠ ᠳᠤ ᠨᠡᠶᠢᠳᠡᠮ ᠭᠦᠢᠴᠡᠳᠬᠡᠬᠦ︾ ᠥᠭᠡᠷᠡᠴᠢᠯᠡᠯᠲᠡ ᠶᠢ ᠥᠷᠨᠢᠭᠦᠯᠵᠦ᠂ ︽ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠬᠡᠬᠦ︾ ᠵᠦᠢᠯᠡᠰ ᠢ 789 ᠪᠣᠶ ᠪᠣᠯᠭᠠᠵᠤ᠂ ︽ ᠪᠥᠬᠦ ᠶᠠᠪᠤᠴᠠ ᠶᠢ ᠰ᠊ ᠦ᠋ᠯᠵᠢᠶᠡ ᠪᠠᠷ | ᠭᠦᠢᠴᠡᠳᠬᠡᠬᠦ ︾ ᠵᠦᠢᠯᠡᠰ ᠢ 771 ᠪᠦᠷᠢᠯᠳᠦᠭᠦᠯᠪᠡ᠃ | ︵ᠳᠥᠷᠪᠡ︶ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠠᠷᠠᠳ ᠢᠷᠭᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠪᠡ | ︽ᠢᠨᠲ᠋ᠧᠷ ᠰᠦᠯᠵᠢᠶ᠎ᠡ︾ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃ ᠨᠢᠭᠡ ᠳᠤ᠂ ︽ᠨᠠᠢᠮᠠᠳᠤᠭᠠᠷ ᠲᠠᠪᠤᠨ ᠵᠢᠯ︾ ᠤᠨ | ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠡᠬᠢᠯᠡᠭᠦᠯᠬᠦ ᠠᠵᠢᠯ ᠢ ᠰᠠᠶᠢᠲᠤᠷ ᠬᠢᠨ᠎ᠡ᠃ ︽ᠦᠬᠠᠶ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︿ᠬᠤᠲᠠ ᠶᠢᠨ ᠨᠠᠮ ᠤᠨ ᠬᠤᠷᠢᠶᠠᠨ ᠤ | ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ | ᠥᠷᠨᠢᠭᠦᠯᠬᠦ ᠲᠤᠬᠠᠶ ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ︵2021 - 2025 ᠣᠨ︶﹀ ᠶᠢ | ᠤᠯᠠᠮᠵᠢᠯᠠᠨ ᠲᠠᠷᠬᠠᠭᠠᠬᠤ ᠮᠡᠳᠡᠭᠳᠡᠯ︾ ︵ᠤᠯᠠᠭᠠᠨᠴᠠᠪ ᠨᠠᠮ ᠲᠠᠷᠬᠠᠭᠠᠭᠰᠠᠨ ︹ 2 0 2 1︺ 2 3 ᠳ᠋ᠤᠭᠠᠷ | ᠲᠣᠭᠠᠲᠤ ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠳᠠ ᠲᠣᠭᠤᠷᠢᠭ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ ᠂ ︽ᠤᠳᠠ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠤᠯᠢ | ᠴᠠᠭᠠᠵᠠ ᠶᠢᠨ ᠲᠣᠪᠴᠢᠶ᠎ᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠶ ᠨᠠᠢᠮᠠᠳᠤᠭᠠᠷ | ᠲᠠᠪᠤᠨ ᠵᠢᠯ ᠤᠨ ᠲᠥᠯᠥᠪᠵᠢᠭᠦᠯᠭᠡ ︵2021 - 2025 ᠣᠨ︶﹀ ᠶᠢ ᠤᠯᠠᠮᠵᠢᠯᠠᠨ ᠲᠠᠷᠬᠠᠭᠠᠬᠤ ᠮᠡᠳᠡᠭᠳᠡᠯ︾ ᠢ | ᠳᠠᠷᠤᠮᠠᠯᠯᠠᠨ ᠲᠠᠷᠬᠠᠭᠠᠪᠠ᠃ ᠬᠤᠶᠠᠷ ᠲᠤ᠂ ᠰᠠᠯᠠᠭ᠎ᠠ ᠮᠥᠴᠢᠷ ᠤᠨ ᠬᠠᠤᠯᠢ ᠲᠦᠭᠡᠮᠡᠯᠵᠢᠭᠦᠯᠬᠦ ᠠᠵᠢᠯ ᠤᠨ ᠡᠭᠦᠷᠭᠡ | ᠬᠠᠷᠢᠭᠤᠴᠠᠯᠭ᠎ᠠ ᠶᠢ ᠪᠠᠶᠢᠭᠤᠯᠤᠨ᠎ᠠ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ | ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︽ᠬᠡᠨ ᠬᠠᠤᠯᠢ ᠬᠡᠷᠡᠭᠵᠢᠭᠦᠯᠪᠡᠯ ᠬᠡᠨ | ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠲᠣᠬᠢᠷᠠᠭᠤᠯᠬᠤ ᠲᠤᠬᠠᠶ ᠮᠡᠳᠡᠭᠳᠡᠯ︾ ᠢ ᠲᠣᠭᠲᠠᠭᠠᠨ ᠲᠠᠷᠬᠠᠭᠠᠵᠤ᠂ ᠪᠥᠬᠦ ᠲᠤᠭᠤᠷᠢᠭ ᠤᠨ ᠡᠯ᠎ᠡ | ᠨᠢᠭᠡᠴᠡ ᠶᠢᠨ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠥᠷᠭᠡᠳᠬᠡᠨ᠂ ᠦᠨᠳᠦᠰᠦᠨ ᠱᠠᠲᠤ ᠳᠠᠰᠢ | ᠥᠷᠭᠡᠳᠬᠡᠵᠦ᠂ ᠬᠠᠤᠯᠢ ᠪᠠᠷ ᠵᠠᠰᠠᠬᠤ ᠦᠵᠡᠯᠲᠡ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠠᠬᠢᠭᠤᠯᠪᠠ᠃ ᠭᠤᠷᠪᠠ ᠳᠤ | ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠪᠠᠷ ᠵᠠᠰᠠᠬᠤ ᠲᠠᠶᠢᠯᠤᠮᠵᠢ᠂ ᠬᠠᠤᠯᠢ | ᠲᠦᠭᠡᠮᠡᠯᠵᠢᠭᠦᠯᠬᠦ ᠤᠬᠠᠭᠤᠯᠭ᠎ᠠ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠪᠠᠷ ᠭᠤᠤᠯ ᠠᠴᠢᠶᠠᠯᠠᠪᠤᠷᠢ ᠪᠣᠯᠭᠠᠵᠤ᠂ | ᠬᠠᠮᠢᠶ᠎ᠠ ᠪᠥᠬᠦᠶ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃ ᠣᠲᠣ ᠪᠣᠯᠲᠠᠯ᠎ᠠ᠂ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ 38 | ᠤᠳᠠᠭ᠎ᠠ ᠭᠤᠤᠯᠳᠠᠯᠭ᠎ᠠ ᠲᠠᠢ ᠥᠷᠨᠢᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠤᠨ ᠲᠠᠶᠢᠯᠪᠤᠷᠢᠯᠠᠯᠲᠠ ᠶᠢ 5 ᠤᠳᠠᠭ᠎ᠠ ᠬᠢᠵᠦ᠂ ︽ᠬᠠᠤᠯᠢ ᠶᠢ ᠠᠵᠤ ᠠᠬᠤᠶᠢᠯᠠᠯ ᠳᠤ ᠬᠦᠷᠭᠡᠬᠦ︾ | ᠤᠬᠠᠭᠤᠯᠭ᠎ᠠ ᠶᠢᠨ ᠠᠵᠢᠯᠯᠠᠭ᠎ᠠ ᠶᠢ 5 ᠤᠳᠠᠭ᠎ᠠ ᠥᠷᠨᠢᠭᠦᠯᠵᠦ᠂ 5 ᠤᠳᠠᠭ᠎ᠠ ᠬᠠᠤᠯᠢ ᠪᠠᠷ ᠵᠠᠰᠠᠬᠤ | ᠪᠣᠯᠪᠠᠰᠤᠷᠠᠭᠤᠯᠤᠯ ᠢ 5 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ 5500 ᠭᠠᠷᠤᠶ ᠳᠡᠪᠲᠡᠷ | ᠤᠬᠠᠭᠤᠯᠭ᠎ᠠ ᠶᠢᠨ ᠳᠡᠪᠲᠡᠷ ᠲᠠᠷᠬᠠᠭᠠᠵᠤ᠂ 1800 ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ ᠬᠠᠤᠯᠢ ᠪᠠᠷ | ᠵᠠᠰᠠᠬᠤ ᠤᠳᠠ ᠶᠢᠨ ᠪᠠᠶᠢᠭᠤᠯᠤᠯᠲᠠ ᠶᠢ ᠬᠦᠴᠦᠲᠡᠶ ᠳᠥᠯᠭᠢᠨ ᠠᠬᠢᠭᠤᠯᠵᠤ᠂ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠤᠨ ᠬᠡᠪᠴᠢᠶ᠎ᠡ ᠶᠢ ᠥᠷᠭᠡᠳᠬᠡᠨ᠂ ᠬᠠᠤᠯᠢ ᠲᠦᠭᠡᠮᠡᠯᠵᠢᠭᠦᠯᠬᠦ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ | ︵ᠲᠠᠪᠤ︶ ᠭᠤᠣᠯᠳᠠᠯᠭ᠎ᠠ ᠲᠠᠢ ᠡᠬᠦᠷᠬᠡ ᠶᠢᠨ ᠲᠣᠭᠤᠷᠢᠨ ᠳᠤ ᠨᠠᠶᠢᠳᠠᠪᠣᠷᠢᠵᠢᠭᠤᠯᠬᠤ ᠶᠢ ᠠᠳᠬᠤᠵᠣ᠂ | ᠱᠠᠯᠠᠪᠳᠠᠭᠤᠯᠣᠨ ᠪᠠᠶᠢᠴᠠᠭᠠᠬᠤ ᠠᠰᠠᠭᠤᠳᠠᠯ ᠲᠠᠢ ᠨᠢᠭᠳᠠ ᠤᠶᠠᠯᠳᠤᠭᠤᠯᠤᠨ ᠴᠡᠭᠴᠡᠯᠡᠨ ᠵᠠᠰᠠᠬᠤ ᠶᠢ ᠠᠳᠬᠤᠨ᠎ᠠ᠃ | ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ | ᠵᠠᠰᠠᠬᠤ ᠬᠤᠷᠢᠶᠠᠨ ᠤ ᠠᠯᠪᠠᠨ ᠭᠡᠷ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠮᠠᠨ ᠤ | ᠲᠤᠭᠤᠷᠢᠭ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ | ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠨᠠᠷᠢᠨ ᠳᠠᠩᠰᠠ ᠲᠠᠢ ᠬᠠᠷᠢᠴᠠᠭᠤᠯᠤᠨ ᠂ | ︽ᠤᠳᠠ ᠲᠣᠭᠤᠷᠢᠭ ᠤᠨ ᠥᠪᠡᠷᠲᠡᠭᠡᠨ 6 ᠳ᠋ᠤᠭᠠᠷ ᠰᠠᠷ᠎ᠠ ᠶᠢᠨ 15 ᠤ ᠡᠳᠦᠷ ᠬᠤᠲᠠ ᠶᠢᠨ ᠨᠠᠮ ᠤᠨ ᠬᠤᠷᠢᠶ᠎ᠠ ᠶᠢᠨ | ᠪᠥᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠠᠯᠪᠠᠨ ᠬᠡᠷ ᠠᠴᠠ ᠮᠠᠨ ᠤ ᠲᠤᠭᠤᠷᠢᠭ ᠤᠨ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠯᠭᠠᠨ ᠬᠤᠷᠢᠶᠠᠵᠤ᠂ ᠮᠠᠨ ᠤ ᠲᠤᠭᠤᠷᠢᠭ ᠤᠨ ᠲᠠᠨᠢᠵᠤ | ᠠᠪᠤᠭᠰᠠᠨ 5 ᠲᠠᠯ᠎ᠠ ᠶᠢᠨ 27 ᠵᠦᠢᠯ ᠤᠨ ᠪᠣᠳᠠᠲᠠᠶ ᠠᠰᠠᠭᠤᠳᠠᠯ 78 ᠵᠦᠢᠯ ᠤᠨ ᠪᠣᠳᠠᠲᠠᠶ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠥᠮ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ | ᠬᠤᠶᠠᠷ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ | ᠬᠡᠳᠦ᠋ᠢᠪᠡᠷ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠡᠯ᠎ᠡ | ᠵᠦᠢᠯ ᠤᠨ ᠠᠵᠢᠯ ᠳᠤ ᠢᠳᠡᠪᠬᠢᠲᠡᠶ ᠦᠷ᠎ᠡ ᠪᠦᠲᠦᠮᠵᠢ ᠣᠯᠤᠭᠰᠠᠨ ᠪᠣᠯᠪᠠᠴᠤ ᠪᠠᠰᠠ ᠵᠣᠬᠢᠬᠤ ᠵᠥᠷᠢᠶ᠎ᠡ ᠪᠠ | ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠨ᠎ᠠ᠃ ᠨᠢᠭᠡ ᠳᠤ᠂ ᠬᠠᠤᠯᠢᠵᠢᠯ ᠤᠨ ᠰᠡᠳᠬᠢᠬᠦᠢ ᠪᠣᠯᠤᠨ ᠬᠠᠤᠯᠢᠵᠢᠯ ᠤᠨ | ᠠᠷᠭ᠎ᠠ ᠬᠡᠯᠪᠡᠷᠢ ᠪᠠᠷ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠣᠯᠤᠨ ᠴᠢᠳᠠᠪᠤᠷᠢ ᠪᠠᠨ ᠳᠡᠭᠡᠭᠰᠢᠯᠡᠭᠦᠯᠬᠦ | ᠴᠢᠬᠤᠯᠠᠲᠠᠢ ᠪᠠᠶᠢᠨ᠎ᠠ᠃ ᠬᠤᠶᠠᠷ ᠲᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠦᠬᠦᠯᠢ | ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠭᠤᠷᠪᠠ ᠳᠤ᠂ ᠬᠠᠤᠯᠢ ᠪᠠᠷ ᠵᠠᠰᠠᠬᠤ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠪᠠᠰᠠ ᠳᠡᠭᠡᠭᠰᠢᠯᠡᠭᠦᠯᠬᠦ | ᠴᠢᠬᠤᠯᠠᠲᠠᠢ᠃ ᠳᠥᠷᠪᠡ ᠳᠤ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠭ᠎ᠠ ᠭᠦᠢᠴᠡᠳ ᠪᠤᠰᠤ᠂ ᠴᠢᠳᠠᠪᠤᠷᠢ ᠴᠢᠩᠭ᠎ᠠ | ᠪᠤᠰᠤ ᠠᠰᠠᠭᠤᠳᠠᠯ ᠮᠥᠨ ᠬᠦ ᠣᠷᠣᠰᠢᠵᠤ᠂ ᠣᠨᠴᠠ ᠵᠠᠷᠢᠮ ᠬᠠᠤᠯᠢ ᠬᠡᠷᠡᠭᠵᠢᠭᠦᠯᠬᠦ ᠠᠵᠢᠯ ᠢ ᠵᠢᠷᠤᠮᠵᠢᠭᠤᠨ ᠪᠤᠰᠤ | ᠪᠠᠶᠢᠨ᠎ᠠ᠃ ᠲᠠᠪᠤ ᠳᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠨᠳᠤᠯᠭᠠᠲᠤ ᠴᠢᠨᠠᠷ ᠪᠠ | ᠪᠣᠳᠠᠲᠤ ᠦᠷ᠎ᠡ ᠪᠦᠳᠦᠮᠵᠢᠳᠤ ᠴᠢᠨᠠᠷ ᠢ ᠪᠠᠰᠠ ᠪᠣᠳᠠᠲᠠᠶᠢᠵᠢᠭᠤᠯᠤᠭᠰᠠᠨ ᠦᠭᠡᠢ᠃ | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃ ᠨᠢᠭᠡ ᠳᠤ᠂ ᠡᠯ᠎ᠡ | ᠰᠠᠯᠠᠭ᠎ᠠ ᠮᠥᠴᠢᠷ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ | ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠶᠢ ᠦᠷᠭᠦᠯᠵᠢᠯᠡᠨ | ᠰᠢᠮᠳᠠᠭᠤᠯᠬᠤ ᠬᠡᠷᠡᠭᠲᠡᠢ᠃ ᠬᠤᠶᠠᠷ ᠲᠤ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠠᠵᠤ ᠠᠬᠤᠶᠢᠯᠠᠯ ᠪᠣᠯᠤᠨ | ᠤᠯᠠᠨ ᠲᠦᠮᠡᠨ ᠤ ᠠᠩᠬᠠᠷᠴᠤ ᠪᠠᠶᠢᠭ᠎ᠠ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠠᠷᠠᠳ ᠲᠤ ᠲᠦᠬᠦᠮ ᠦᠵᠡᠭᠦᠯᠬᠦ ᠶᠢ ᠭᠦᠨᠵᠡᠭᠡᠢ ᠠᠬᠢᠭᠤᠯᠵᠤ᠂ ᠭᠠᠵᠠᠷ ᠣᠷᠣᠨ ᠤ | ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ︽ᠭᠤᠷᠪᠠᠨ | ᠵᠦᠢᠯ ᠤᠨ ᠳᠦᠷᠢᠮ︾ ᠢ ᠲᠦᠯᠬᠢᠨ ᠠᠬᠢᠭᠤᠯᠵᠤ᠂ ᠢᠳᠡᠭᠡᠨ ᠪᠠ ᠡᠮ ᠤᠨ ᠵᠦᠢᠯ᠂ ᠤᠯᠠᠨ ᠨᠡᠶᠢᠲᠡ ᠶᠢᠨ ᠠᠮᠤᠷ | ᠲᠦᠪᠰᠢᠨ᠂ ᠣᠷᠴᠢᠨ ᠲᠣᠭᠤᠷᠢᠨ ᠤ ᠪᠣᠬᠢᠷᠲᠤᠯ᠂ ᠡᠮ ᠡᠮᠨᠡᠯᠭᠡ ᠡᠷᠡᠭᠦᠯ ᠬᠠᠮᠠᠭᠠᠯᠠᠯ᠂ ᠬᠥᠳᠡᠯᠮᠦᠷᠢ ᠶᠢᠨ ᠪᠠᠲᠤᠯᠠᠭ᠎ᠠ | ᠵᠡᠷᠭᠡ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠬᠦᠷᠢᠶᠡᠨ ᠳᠤ ᠬᠠᠤᠯᠢ | ᠬᠡᠷᠡᠭᠵᠢᠭᠦᠯᠵᠦ ᠬᠢᠨᠠᠯᠲᠠ ᠲᠠᠯᠪᠢᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠷᠠᠳ ᠤᠯᠠᠨ ᠤ | ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ | ᠴᠢᠩᠭᠠᠳᠬᠠᠨ᠎ᠠ᠃ ᠭᠤᠷᠪᠠ ᠳᠤ ᠡᠩᠨᠡᠭᠡᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ | ᠬᠡᠷᠡᠭᠵᠢᠭᠦᠯᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠴᠠᠭᠠᠵᠠ ᠶᠢᠨ | ᠦᠢᠯᠡᠴᠢᠯᠡᠭᠡᠨ ᠬᠢᠬᠦ ᠵᠡᠷᠭᠡ ᠠᠵᠢᠯ ᠤᠨ ᠬᠡᠷᠡᠭᠴᠡᠭᠡ ᠶᠢ ᠪᠣᠳᠣᠯᠬᠢᠯᠠᠵᠤ᠂ ᠬᠠᠤᠯᠢ ᠪᠠᠷ ᠵᠠᠰᠠᠬᠤ ᠴᠢᠳᠠᠪᠤᠷᠢᠲᠠᠨ ᠢ | ᠰᠢᠯᠢᠨ ᠳᠡᠪᠰᠢᠭᠦᠯᠬᠦ᠂ ᠬᠥᠮᠦᠵᠢᠭᠦᠯᠬᠦ᠂ ᠬᠡᠷᠡᠭᠯᠡᠬᠦ᠂ ᠰᠣᠯᠢᠯᠴᠠᠬᠤ᠂ ᠨᠥᠭᠡᠴᠡᠯᠡᠬᠦ ᠲᠣᠭᠲᠠᠴᠠ ᠶᠢ ᠲᠠᠰᠤᠷᠠᠯᠲᠠ | ᠤᠢᠭᠡᠢ ᠲᠡᠭᠦᠯᠳᠡᠷᠵᠢᠭᠦᠯᠬᠦ ᠪᠠ ᠰᠢᠨ᠎ᠡ ᠪᠠᠷ ᠡᠭᠦᠳᠬᠦ ᠬᠡᠷᠡᠭᠲᠡᠶ᠃ ᠲᠦᠷᠪᠡ ᠳᠤ᠂ ᠪᠦᠬᠦ ᠠᠷᠠᠳ ᠢᠶᠠᠷ ᠢᠶᠠᠨ | ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠢ ᠬᠦᠳᠦᠯᠦᠨ | ᠵᠢᠯᠣᠭᠤᠳᠴᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠬᠠᠤᠯᠢ ᠬᠡᠷᠡᠭᠵᠢᠭᠦᠯᠬᠦ᠂ | ᠬᠠᠤᠯᠢ ᠴᠠᠭᠠᠵᠠ ᠪᠠ ᠬᠠᠤᠯᠢ ᠴᠠᠭᠠᠵᠠ ᠶᠢᠨ ᠦᠢᠯᠡᠴᠢᠯᠡᠭᠡᠨ ᠤ ᠪᠦᠬᠦ ᠶᠠᠪᠤᠴᠠ ᠳᠤ ᠠᠭᠤᠰᠬᠠᠵᠤ᠂ ᠬᠠᠤᠯᠢᠵᠢᠯ ᠤᠨ | ᠦᠢᠯᠡᠳᠦᠯᠭᠡ ᠯᠦᠭᠡ ᠭᠦᠨᠵᠡᠭᠡᠢ ᠠᠭᠤᠰᠤᠯᠴᠠᠭᠤᠯᠬᠤ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠵᠦ ᠬᠡᠷᠡᠭ | ᠰᠢᠢᠳᠪᠦᠷᠢᠯᠡᠬᠦ ᠪᠦᠬᠦ ᠠᠵᠢᠯᠳᠠᠨ ᠤ ᠬᠠᠤᠯᠢ ᠲᠦᠭᠡᠮᠡᠯᠵᠢᠭᠦᠯᠬᠦ᠂ ᠪᠦᠬᠦ ᠶᠠᠪᠤᠴᠠ ᠳᠤ ᠬᠠᠤᠯᠢ ᠲᠦᠭᠡᠮᠡᠯᠵᠢᠭᠦᠯᠬᠦ ᠶᠢ | ᠪᠡᠶᠡᠯᠡᠭᠦᠯᠦᠨ᠎ᠡ᠃ | |