ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠤᠳᠠ ᠲᠣᠭᠤᠷᠢᠭ ᠤᠨ ᠠᠮᠢᠲᠠᠨ ᠤ | ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠡᠷᠦᠩᠬᠡᠶᠢᠯᠡᠭᠰᠡᠨ ᠥᠭᠡᠷᠡᠴᠢᠯᠡᠯᠲᠡ ᠵᠢᠴᠢ ᠵᠠᠰᠠᠭ ᠤᠨ ᠣᠷᠳᠣᠨ | ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠤᠳᠠᠯᠳᠤᠨ ᠠᠪᠬᠤ ᠬᠡᠷᠡᠭᠵᠢᠭᠦᠯᠬᠦ ᠲᠥᠰᠦᠯ︾ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠤᠳᠠ ᠵᠠᠰᠠᠭ ᠲᠠᠷᠬᠠᠭᠠᠭᠰᠠᠨ ︹2020︺ 29 ᠳ᠋ᠤᠭᠡᠷ ᠲᠣᠭᠠᠲᠤ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ᠄ | ︽ᠤᠳᠠ ᠲᠣᠭᠤᠷᠢᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠡᠷᠦᠩᠬᠡᠶᠢᠯᠡᠭᠰᠡᠨ | ᠥᠭᠡᠷᠡᠴᠢᠯᠡᠯᠲᠡ ᠵᠢᠴᠢ ᠵᠠᠰᠠᠭ ᠤᠨ ᠣᠷᠳᠣᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠤᠳᠠᠯᠳᠤᠨ | ᠠᠪᠬᠤ ᠶᠢᠨ ᠬᠡᠷᠡᠭᠵᠢᠭᠦᠯᠬᠦ ᠲᠥᠰᠦᠯ︾ ᠢ ᠨᠢᠭᠡᠨᠲᠡ ᠲᠤᠭᠤᠷᠢᠭ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2022 ᠣᠨ ᠤ 11 ᠰᠠᠷ᠎ᠠ ᠶᠢᠨ 10 ᠤ ᠡᠳᠦᠷ | ᠤᠳᠠ ᠲᠣᠭᠤᠷᠢᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠡᠷᠦᠩᠬᠡᠶᠢᠯᠡᠭᠰᠡᠨ | ᠥᠭᠡᠷᠡᠴᠢᠯᠡᠯᠲᠡ ᠵᠢᠴᠢ ᠵᠠᠰᠠᠭ ᠤᠨ ᠣᠷᠳᠣᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠤᠳᠠᠯᠳᠤᠨ | ᠠᠪᠬᠤ ᠬᠡᠷᠡᠭᠵᠢᠭᠦᠯᠬᠦ ᠲᠥᠰᠦᠯ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ︾ | ︵ᠥᠪᠥᠷ ᠵᠠᠰᠠᠭ ᠲᠠᠷᠬᠠᠭᠠᠭᠰᠠᠨ ︹2022︺ 8 ᠳ᠋ᠤᠭᠠᠷ ᠲᠣᠭᠠᠲᠤ︶᠂ ︽︿ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠶᠠᠪᠤᠭᠤᠯᠬᠤ | ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠡᠮᠨᠡᠯᠭᠡ ᠲᠠᠷᠬᠠᠭᠠᠭᠰᠠᠨ ︹2021︺ 4 4 1 ᠳ᠋ᠤᠭᠡᠷ | ᠲᠣᠭᠠᠲᠤ ︶ ᠵᠢᠴᠢ ︽ᠦᠬᠠᠶ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ︵ᠦᠬᠠᠶ ᠵᠠᠰᠠᠭ ᠲᠠᠷᠬᠠᠭᠠᠭᠰᠠᠨ | ︹2022︺ 17 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ | ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ | ᠲᠣᠭᠲᠠᠭᠠᠯ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ︽ᠢᠳᠡᠪᠬᠢᠲᠡᠶ ᠪᠠᠷ ᠰᠡᠷᠭᠡᠶᠢᠯᠡᠬᠦ᠂ ᠰᠠᠨᠠᠭᠠᠴᠢᠯᠠᠭ᠎ᠠ ᠠᠴᠠ ᠪᠠᠨ ᠵᠠᠰᠠᠬᠤ᠂ ᠬᠥᠮᠦᠨ ᠤ ᠡᠪᠡᠳᠴᠢᠨ | ᠡᠮᠭᠡᠭ ᠢ ᠰᠡᠷᠭᠡᠶᠢᠯᠡᠬᠦ᠂ ᠪᠣᠭᠤᠮᠲᠠ ᠶᠢ ᠤᠷᠤᠭᠰᠢ ᠰᠢᠯᠵᠢᠭᠦᠯᠬᠦ︾ ᠠᠵᠢᠯ ᠤᠨ ᠰᠡᠳᠬᠢᠮᠵᠢ ᠶᠣᠰᠣᠭᠠᠷ᠂ ᠡᠯ᠎ᠡ | ᠲᠥᠷᠥᠯ ᠤᠨ ᠮᠠᠯ ᠡᠮᠨᠡᠯᠭᠡ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠢᠳᠡᠪᠬᠢᠲᠡᠶ ᠪᠠᠷ ᠬᠥᠲᠥᠯᠥᠨ | ᠵᠢᠯᠣᠭᠤᠳᠴᠤ ᠪᠤᠵᠠᠭᠠᠶᠢᠷᠠᠭᠤᠯᠤᠨ᠂ ᠭᠤᠤᠯ ᠴᠣᠭᠴᠠ ᠣᠯᠠᠨ ᠡᠰᠢᠵᠢᠭᠰᠡᠨ᠂ ᠬᠠᠩᠭᠠᠯᠭ᠎ᠠ ᠭᠦᠢᠴᠡᠳ᠂ | ᠦᠢᠯᠡᠴᠢᠯᠡᠭᠡᠨ ᠤ ᠲᠤᠰᠬᠠᠶ ᠮᠡᠷᠭᠡᠵᠢᠯ ᠲᠠᠢ᠂ ᠲᠣᠭᠲᠠᠴᠠ ᠠᠮᠢᠳᠤᠯᠢᠭ ᠰᠢᠨ᠎ᠡ ᠬᠡᠯᠪᠡᠷᠢ ᠶᠢᠨ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠯ ᠠᠵᠤ ᠠᠬᠤᠶ ᠶᠢᠨ ᠦᠢᠯᠡᠳᠪᠦᠷᠢᠯᠡᠯ ᠤᠨ | ᠬᠥᠭᠵᠢᠯᠲᠡ ᠶᠢᠨ ᠠᠮᠤᠷ ᠲᠦᠪᠰᠢᠨ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ᠂ ᠨᠡᠶᠢᠭᠡᠮ | ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠪᠣᠯᠤᠨ ᠠᠮᠢ ᠠᠬᠤᠶ ᠶᠢᠨ ᠣᠷᠴᠢᠨ ᠲᠣᠭᠤᠷᠢᠨ ᠤ ᠠᠮᠤᠷ | ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ | ᠬᠤᠶᠠᠷ᠂ ᠡᠭᠦᠷᠭᠡ ᠶᠢᠨ ᠬᠠᠷᠠᠯᠲᠠ | ᠥᠨᠳᠥᠷ ᠦᠷ᠎ᠡ ᠪᠦᠲᠦᠮᠵᠢᠲᠡᠶ᠂ ᠲᠤᠰᠬᠠᠶ ᠮᠡᠷᠭᠡᠵᠢᠯ ᠤᠨ᠂ ᠲᠣᠭᠲᠠᠭᠤᠨ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠵᠠᠰᠠᠭ ᠤᠨ ᠣᠷᠳᠣᠨ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠢ ᠪᠦᠬᠦ ᠲᠠᠯ᠎ᠠ ᠪᠠᠷ ᠬᠤᠳᠠᠯᠳᠤᠨ ᠠᠪᠬᠤ ᠶᠢ ᠥᠷᠨᠢᠭᠦᠯᠵᠦ᠂ ᠠᠮᠢᠲᠠᠨ ᠤ ᠬᠢᠵᠢᠭ | ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠲᠡᠵᠢᠭᠡᠪᠦᠷᠢ ᠶᠢᠨ | ᠦᠢᠯᠡᠰ ᠤᠨ ᠬᠢᠵᠢᠭ ᠡᠪᠡᠳᠴᠢᠨ ᠤ ᠠᠵᠤ ᠠᠬᠤᠶ ᠶᠢᠨ ᠬᠤᠬᠢᠷᠠᠯ ᠢ ᠪᠠᠭᠠᠰᠬᠠᠬᠤ ᠬᠡᠷᠡᠭᠲᠡᠶ᠃ | ᠭᠤᠷᠪᠠ᠂ ᠦᠨᠳᠦᠰᠦᠨ ᠵᠠᠷᠴᠢᠮ | ︵ᠨᠢᠭᠡ︶ ᠢᠯᠡ ᠲᠣᠳᠣ ᠪᠠᠢᠵᠤ ᠰᠢᠯᠢᠳᠡᠭ ᠢ ᠰᠤᠩᠭᠤᠨ᠎ᠠ᠃ ᠵᠠᠰᠠᠭ ᠤᠨ ᠣᠷᠳᠣᠨ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡ ᠬᠤᠳᠠᠯᠳᠤᠨ ᠠᠪᠬᠤ ᠳᠦᠷᠢᠮ ᠤᠨ ᠪᠠᠶᠢᠭᠤᠯᠤᠯᠲᠠ ᠶᠢ ᠬᠠᠤᠯᠢ ᠲᠣᠭᠲᠠᠭᠠᠯ | ᠶᠣᠰᠣᠭᠠᠷ ᠴᠢᠩᠭᠠᠳᠬᠠᠨ᠂ ᠳᠦᠷᠢᠮ ᠤᠨ ᠵᠢᠷᠤᠮᠵᠢᠯ ᠲᠠᠢ᠂ ᠨᠢᠭᠡᠳᠦᠯᠲᠡᠶ᠂ ᠡᠷᠬᠡ ᠲᠡᠭᠰᠢ᠂ ᠢᠯᠡ ᠪᠠᠶᠢᠬᠤ ᠶᠢ | ᠦᠨᠡᠨᠬᠦ ᠪᠠᠲᠤᠯᠠᠵᠤ᠂ ᠵᠠᠰᠠᠭ ᠤᠨ ᠣᠷᠳᠣᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠬᠤᠳᠠᠯᠳᠤᠨ | ᠠᠪᠬᠤ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠡᠪᠴᠢᠶᠡᠨ ᠳᠤ ᠣᠷᠣᠭᠤᠯᠤᠨ᠂ ᠦᠢᠯᠡᠴᠢᠯᠡᠭᠡᠨ | ᠬᠤᠳᠠᠯᠳᠤᠨ ᠠᠪᠬᠤ ᠪᠣᠳᠠᠲᠠᠶ ᠲᠥᠷᠥᠯ ᠵᠦᠢᠯ ᠪᠣᠯᠤᠨ ᠠᠭᠤᠯᠭ᠎ᠠ ᠶᠢ ᠢᠯᠡ ᠪᠣᠯᠭᠠᠵᠤ᠂ ᠥᠷᠢᠰᠥᠯᠳᠦᠬᠦ ᠴᠢᠨᠠᠷᠲᠠᠶ | ᠠᠷᠭ᠎ᠠ ᠮᠠᠶ᠋ᠢᠭ ᠢᠶᠠᠷ ᠭᠤᠤᠯ ᠪᠣᠯᠭᠠᠨ ᠰᠢᠯᠢᠳᠡᠭ ᠢ ᠨᠢ ᠰᠣᠩᠭᠤᠵᠤ ᠦᠢᠯᠡᠴᠢᠯᠡᠭᠡᠨ ᠢ ᠬᠠᠩᠭᠠᠭᠴᠢ ᠡᠲᠡᠭᠡᠳ ᠲᠤ | ᠬᠠᠩᠭᠠᠬᠤ ᠬᠡᠷᠡᠭᠲᠡᠶ᠃ | ︵ᠬᠤᠶᠠᠷ︶ ᠲᠦᠰᠦᠪ ᠢ ᠴᠢᠩᠭᠠᠳᠬᠠᠵᠤ᠂ ᠡᠷᠬᠡ ᠬᠠᠷᠢᠭᠤᠴᠠᠯᠭ᠎ᠠ ᠶᠢ ᠲᠤᠳᠤᠷᠬᠠᠢ ᠪᠤᠯᠭᠠᠨ᠎ᠠ᠃ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠬᠤᠳᠠᠯᠳᠤᠨ ᠠᠪᠬᠤ ᠵᠠᠷᠤᠳᠠᠯ ᠢ ᠡᠳ᠋ ᠤᠨ ᠵᠠᠰᠠᠭ ᠤᠨ ᠲᠥᠰᠦᠪ ᠤᠨ | ᠬᠠᠮᠢᠶᠠᠷᠤᠯᠲᠠ ᠳᠤ ᠣᠷᠣᠭᠤᠯᠵᠤ᠂ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠨᠠᠶᠢᠳᠠᠪᠤᠷᠢᠵᠢᠭᠤᠯᠬᠤ | ᠬᠡᠷᠡᠭᠲᠡᠶ᠃ ᠡᠭᠦᠨ ᠤ ᠬᠠᠮᠲᠤ᠂ ᠦᠢᠯᠡᠴᠢᠯᠡᠭᠡ ᠬᠤᠳᠠᠯᠳᠤᠨ ᠠᠪᠬᠤ ᠡᠲᠡᠭᠡᠳ᠂ ᠦᠢᠯᠡᠴᠢᠯᠡᠭᠡ ᠬᠤᠳᠠᠯᠳᠤᠨ ᠠᠪᠬᠤ | ᠲᠠᠯ᠎ᠠ ᠳᠤ ᠬᠠᠩᠭᠠᠬᠤ ᠲᠠᠯ᠎ᠠ ᠶᠢᠨ ᠡᠷᠬᠡ ᠠᠰᠢᠭ ᠪᠣᠯᠤᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ | ︵ᠭᠤᠷᠪᠠ︶ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠮᠵᠢᠯᠲᠠ ᠪᠦᠲᠦᠮᠵᠢ ᠶᠢ ᠴᠢᠬᠤᠯᠠᠴᠢᠯᠠᠬᠤ | ᠬᠡᠷᠡᠭᠲᠡᠶ᠃ ᠵᠠᠰᠠᠭ ᠤᠨ ᠣᠷᠳᠣᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠬᠤᠳᠠᠯᠳᠤᠨ ᠠᠪᠬᠤ | ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠰᠢᠰᠲ᠋ᠧᠮᠵᠢ ᠶᠢ ᠪᠠᠶᠢᠭᠤᠯᠵᠤ᠂ ᠰᠢᠯᠭᠠᠨ ᠠᠪᠬᠤ ᠪᠠᠷᠢᠮᠵᠢᠶ᠎ᠠ ᠶᠢ | ᠰᠤᠳᠤᠯᠤᠨ ᠨᠠᠷᠢᠯᠢᠭᠵᠢᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠰᠢᠯᠭᠠᠨ ᠬᠢᠨᠠᠬᠤ ᠶᠢ | ᠴᠢᠩᠭᠠᠷᠠᠭᠤᠯᠤᠨ᠎ᠠ᠃ ᠬᠦᠯᠢᠶᠡᠨ ᠠᠪᠬᠤ ᠲᠠᠯ᠎ᠠ ᠶᠢᠨ ᠬᠢᠨ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ | ᠦᠢᠯᠡᠴᠢᠯᠡᠭᠡᠨ ᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠦᠨᠡᠨᠬᠦ ᠪᠠᠲᠤᠯᠠᠬᠤ ᠶᠢᠨ ᠬᠠᠮᠲᠤ | ᠬᠤᠳᠠᠯᠳᠤᠨ ᠠᠪᠬᠤ ᠭᠤᠤᠯ ᠴᠣᠭᠴᠠ᠂ ᠦᠢᠯᠡᠴᠢᠯᠡᠭᠳᠡᠬᠦ ᠡᠲᠡᠭᠡᠳ ᠵᠢᠴᠢ ᠭᠤᠷᠪᠠᠳᠠᠬᠢ ᠡᠲᠡᠭᠡᠳ ᠢᠶᠠᠷ | ᠪᠦᠷᠢᠯᠳᠦᠭᠰᠡᠨ ᠶᠡᠷᠦᠩᠬᠡᠶᠢᠯᠡᠭᠰᠡᠨ ᠴᠢᠨᠠᠷᠲᠠᠶ ᠬᠢᠨᠠᠨ ᠲᠣᠭᠲᠠᠭᠠᠬᠤ ᠲᠣᠭᠲᠠᠴᠠ ᠶᠢ ᠠᠯᠬᠤᠮ ᠠᠯᠬᠤᠮ ᠢᠶᠠᠷ | ᠪᠠᠶᠢᠭᠤᠯᠬᠤ ᠬᠡᠷᠡᠭᠲᠡᠶ᠃ | ᠳᠥᠷᠪᠡ᠂ ᠵᠤᠬᠢᠶᠡᠨ ᠪᠠᠢᠭᠤᠯᠥᠯᠳᠡ ᠶᠢᠨ ᠪᠠᠳᠣᠯᠠᠭ᠎ᠠ | ︵ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ ᠮᠠᠨ ᠤ ᠲᠤᠭᠤᠷᠢᠭ ᠤᠨ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠡᠷᠦᠩᠬᠡᠶᠢᠯᠡᠭᠰᠡᠨ ᠥᠭᠡᠷᠡᠴᠢᠯᠡᠯᠲᠡ ᠵᠢᠴᠢ ᠵᠠᠰᠠᠭ ᠤᠨ | ᠣᠷᠳᠣᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠬᠤᠳᠠᠯᠳᠤᠨ ᠠᠪᠬᠤ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠤᠳᠠ | ᠲᠣᠭᠤᠷᠢᠭ ᠤᠨ ᠵᠠᠰᠠᠭ ᠤᠨ ᠣᠷᠳᠣᠨ ᠤᠳᠠ ᠲᠣᠭᠤᠷᠢᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠶᠡᠷᠦᠩᠬᠡᠶᠢᠯᠡᠭᠰᠡᠨ ᠥᠭᠡᠷᠡᠴᠢᠯᠡᠯᠲᠡ ᠵᠢᠴᠢ ᠵᠠᠰᠠᠭ ᠤᠨ ᠣᠷᠳᠣᠨ ᠮᠠᠯ ᠤᠨ ᠡᠮᠴᠢ ᠶᠢᠨ ᠨᠡᠶᠢᠭᠡᠮᠴᠢᠯᠡᠭᠰᠡᠨ | ᠦᠢᠯᠡᠴᠢᠯᠡᠭᠡ ᠬᠤᠳᠠᠯᠳᠤᠨ ᠠᠪᠬᠤ ᠤᠳᠤᠷᠢᠳᠬᠤ ᠳᠤᠭᠤᠶᠢᠯᠠᠩ ︵ᠳᠣᠷᠣᠭᠰᠢ ︽ᠤᠳᠤᠷᠢᠳᠬᠤ ᠳᠤᠭᠤᠶᠢᠯᠠᠩ︾ | ᠭᠡᠵᠦ ᠲᠣᠪᠴᠢᠯᠠᠨ᠎ᠠ︶ ᠢ ᠪᠠᠶᠢᠭᠤᠯᠬᠤ ᠪᠠᠷ ᠲᠣᠭᠲᠠᠪᠠ᠃︶︾ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢ | ᠳᠣᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠯᠢᠦ ᠮᠧᠩ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠸᠠᠩ ᠵᠢᠶ ᠴᠢᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ | ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ | ᠵᠣᠬᠢᠶᠠᠨ ᠪᠠᠶᠢᠭᠤᠯᠬᠤ ᠭᠡᠰᠢᠭᠦᠨ᠄ ᠰᠢᠶᠠ ᠱᠢ ᠶᠠᠩ ᠤᠯᠠᠭᠠᠨᠨᠠᠭᠤᠷ ᠪᠠᠯᠭᠠᠰᠤᠨ ᠤ ᠳᠠᠷᠤᠭ᠎ᠠ | ᠺᠠᠩ ᠵᠢᠶᠧ ᠪᠠᠶᠠᠨᠰᠠᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠰᠤ᠋ ᠶᠤᠸᠠᠨ ᠶᠤᠸᠠᠨ ᠰᠢᠨ ᠳ᠋ᠡ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠪᠠᠶ ᠯᠦᠩ ᠪᠢᠨ ᠬᠠᠶ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠴᠧᠨ ᠴᠢᠦ ᠰᠢᠶᠠ ᠡᠤ ᠬᠤ᠋ ᠱᠠᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠠᠨ ᠬᠠᠢ ᠬᠤᠸᠠ ᠯᠢᠶᠠᠩ ᠵᠢᠶᠠ ᠭᠸᠤ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠯᠢᠦ ᠵᠢᠩ ᠶᠣᠣ ᠰᠤᠬᠠᠶᠢᠲᠤ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠰᠣ᠋ ᠶᠠᠨ ᠫᠢᠩ ᠰᠠᠨ ᠳ᠋ᠤᠤ ᠺᠠᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠬᠤ᠋ ᠲᠢᠶᠠᠨ ᠸᠧᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠵᠠᠩ ᠴᠢᠩ ᠱᠧᠩ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶᠠᠨ ᠤ ᠳᠠᠷᠤᠭ᠎ᠠ | ᠶᠢᠨ ᠵᠢᠶᠠᠨ ᠲᠣᠭᠤᠷᠢᠭ ᠤᠨ ᠮᠠᠯ ᠠᠵᠤ ᠠᠬᠤᠶ ᠮᠠᠯ ᠡᠮᠨᠡᠯᠭᠡ ᠶᠢᠨ ᠲᠥᠪ ᠤᠨ ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠤᠭᠤᠷᠢᠭ ᠤᠨ ᠮᠠᠯ | ᠠᠵᠤ ᠠᠬᠤᠶ ᠮᠠᠯ ᠡᠮᠨᠡᠯᠭᠡ ᠶᠢᠨ ᠲᠥᠪ ᠲᠤ ᠪᠠᠶᠢᠷᠢᠯᠠᠭᠤᠯᠤᠨ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠶᠢᠨ | ᠵᠢᠶᠠᠨ ᠨᠥᠬᠦᠷ ᠬᠠᠪᠰᠤᠷᠭᠠᠨ ᠬᠠᠷᠢᠭᠤᠴᠠᠵᠤ᠂ ᠠᠯᠪᠠᠨ ᠭᠡᠷ ᠤᠨ ᠡᠳᠦᠷ ᠲᠤᠲᠤᠮ ᠤᠨ ᠬᠡᠷᠡᠭ ᠶᠠᠪᠤᠳᠠᠯ ᠢ | ᠵᠣᠬᠢᠴᠠᠭᠤᠯᠬᠤ ᠪᠠ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠠᠵᠢᠯ ᠢ ᠪᠣᠳᠠᠲᠠᠶ ᠬᠠᠷᠢᠭᠤᠴᠠᠨ᠎ᠠ᠃ | ᠬᠤᠶᠢᠰᠢᠳᠠ᠂ ᠲᠤᠭᠤᠷᠢᠭ ᠤᠨ ᠱᠠᠲᠤᠨ ᠤ ᠤᠳᠤᠷᠢᠳᠤᠯᠭ᠎ᠠ ᠠᠴᠠ ᠭᠠᠳᠠᠨ᠎ᠠ᠂ ᠤᠳᠤᠷᠢᠳᠬᠤ ᠳᠤᠭᠤᠶᠢᠯᠠᠩ ᠤᠨ | ᠪᠤᠰᠤᠳ ᠪᠦᠷᠢᠯᠳᠦᠬᠦᠨ ᠬᠡᠷᠪᠡ ᠬᠤᠪᠢᠷᠠᠯᠲᠠ ᠭᠠᠷᠪᠠᠯ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠥᠪᠡᠷᠲᠡᠭᠡᠨ | ᠲᠣᠬᠢᠷᠠᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠰ ᠲᠤᠨᠢ ᠪᠢᠴᠢᠭ ᠮᠠᠲ᠋ᠧᠷᠢᠶᠠᠯ | ᠶᠠᠪᠤᠭᠤᠯᠬᠤ ᠦᠭᠡᠶ᠃ | ︵ᠬᠤᠶᠠᠷ︶ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠎ᠠ᠃ ᠪᠠᠯᠭᠠᠰᠤ᠂ ᠡᠯ᠎ᠡ ᠬᠡᠷᠡᠭ | ᠡᠷᠬᠢᠯᠡᠬᠦ ᠭᠠᠵᠠᠷ ᠤᠨ ᠬᠢᠵᠢᠭ ᠰᠡᠷᠭᠡᠶᠢᠯᠡᠭᠴᠢ ᠶᠢᠨ ᠦᠨᠳᠦᠰᠦᠨ ᠱᠠᠲᠤᠨ ᠤ ᠬᠢᠵᠢᠭ ᠰᠡᠷᠭᠡᠶᠢᠯᠡᠬᠦ ᠠᠵᠢᠯ ᠳᠠᠬᠢ | ᠦᠢᠯᠡᠳᠦᠯ ᠢ ᠭᠦᠢᠴᠡᠳ ᠪᠠᠳᠠᠷᠠᠭᠤᠯᠵᠤ᠂ ᠣᠳᠣ ᠪᠠᠶᠢᠭ᠎ᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠮᠢᠲᠠᠨ ᠤ | ᠬᠢᠵᠢᠭ ᠰᠡᠷᠭᠡᠶᠢᠯᠡᠬᠦ ᠮᠡᠷᠭᠡᠵᠢᠯ ᠤᠨ ᠦᠢᠯᠡᠴᠢᠯᠡᠭᠡᠨ ᠤ ᠺᠣᠮᠫᠠᠨᠢ ᠡᠭᠦᠳᠦᠨ ᠪᠠᠶᠢᠭᠤᠯᠬᠤ ᠶᠢ ᠲᠡᠳᠬᠦᠵᠦ᠂ ᠰᠢᠨ᠎ᠡ | ᠬᠡᠯᠪᠡᠷᠢ ᠶᠢᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ | ᠬᠠᠩᠭᠠᠯᠭ᠎ᠠ ᠭᠦᠢᠴᠡᠳ᠂ ᠠᠮᠢᠳᠤᠯᠢᠭ ᠪᠥᠭᠡᠳ ᠣᠯᠠᠨ ᠶᠠᠩᠵᠤ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠬᠠᠩᠭᠠᠬᠤ | ᠬᠡᠷᠡᠭᠲᠡᠶ᠃ | ︵ᠭᠤᠷᠪᠠ︶ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ᠃ ᠲᠤᠭᠤᠷᠢᠭ ᠤᠨ ᠮᠠᠯ ᠠᠵᠤ ᠠᠬᠤᠶ ᠮᠠᠯ | ᠡᠮᠨᠡᠯᠭᠡ ᠶᠢᠨ ᠲᠥᠪ ᠨᠢ ᠠᠮᠢᠲᠠᠨ ᠤ ᠬᠢᠵᠢᠭ ᠰᠡᠷᠭᠡᠶᠢᠯᠡᠬᠦ ᠦᠢᠯᠡᠴᠢᠯᠡᠭᠡᠨ ᠤ ᠠᠵᠢᠯ ᠤᠨ ᠪᠦᠬᠦ ᠶᠠᠪᠤᠴᠠ ᠳᠤ ᠬᠢᠨᠠᠯᠲᠠ | ᠲᠠᠯᠪᠢᠬᠤ ᠪᠠ ᠵᠢᠯᠣᠭᠤᠳᠬᠤ ᠶᠢ ᠬᠠᠷᠢᠭᠤᠴᠠᠵᠤ᠂ ᠲᠥᠰᠦᠯ ᠤᠨ ᠶᠣᠰᠣᠭᠠᠷ ᠬᠢᠨᠠᠨ ᠰᠢᠯᠭᠠᠵᠤ ᠰᠢᠯᠭᠠᠨ ᠠᠪᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠡᠭᠦᠨ ᠤ ᠬᠠᠮᠲᠤ ᠬᠠᠪᠤᠷ᠂ ᠨᠠᠮᠤᠷ ᠬᠤᠶᠠᠷ ᠤᠯᠠᠷᠢᠯ ᠳᠤ | ᠲᠥᠪᠯᠡᠷᠡᠭᠦᠯᠦᠨ ᠦᠯᠦ ᠬᠠᠯᠳᠠᠭᠠᠬᠤ ᠠᠵᠢᠯ ᠳᠠᠭᠤᠰᠤᠭᠰᠠᠨ ᠤ ᠳᠠᠷᠠᠭ᠎ᠠ ᠲᠣᠭᠤᠷᠢᠭ ᠤᠨ ᠮᠠᠯ ᠠᠵᠤ ᠠᠬᠤᠶ ᠮᠠᠯ | ᠡᠮᠨᠡᠯᠭᠡ ᠶᠢᠨ ᠲᠥᠪ ᠲᠦᠷᠦᠭᠦᠯᠡᠨ ᠬᠢᠵᠦ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ | ᠲᠣᠪᠴᠢᠶ᠎ᠠ᠂ ᠤᠯᠠᠭᠠᠨᠨᠠᠭᠤᠷ ᠪᠠᠯᠭᠠᠰᠤ᠂ ᠡᠯ᠎ᠡ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠰᠢᠯᠭᠠᠨ ᠠᠪᠬᠤ | ᠳᠤᠭᠤᠶᠢᠯᠠᠩ ᠪᠠᠶᠢᠭᠤᠯᠵᠤ ᠰᠢᠯᠭᠠᠨ ᠬᠤᠷᠢᠶᠠᠵᠤ ᠠᠪᠬᠤ ᠠᠵᠢᠯ ᠢ ᠥᠷᠨᠢᠭᠦᠯᠬᠦ ᠬᠡᠷᠡᠭᠲᠡᠶ᠃ ᠨᠢᠭᠡ ᠳᠤ᠂ ᠬᠤᠳᠠᠯᠳᠤᠨ | ᠠᠪᠬᠤ ᠶᠢ ᠬᠡᠷᠡᠭᠵᠢᠭᠦᠯᠬᠦ ᠠᠴᠠ ᠡᠮᠦᠨ᠎ᠡ᠂ ᠦᠢᠯᠡᠴᠢᠯᠡᠭᠡ ᠬᠤᠳᠠᠯᠳᠤᠨ ᠠᠪᠬᠤ ᠠᠮᠵᠢᠯᠲᠠ ᠪᠦᠲᠦᠮᠵᠢ ᠶᠢᠨ | ᠬᠠᠷᠠᠯᠲᠠ ᠶᠢ ᠬᠢᠨᠠᠮᠠᠭᠠᠶ ᠲᠣᠭᠲᠠᠭᠠᠵᠤ᠂ ᠬᠢᠨᠠᠨ ᠰᠢᠯᠭᠠᠬᠤ ᠭᠦᠢᠴᠡᠳᠭᠡᠯ ᠲᠤᠭ᠎ᠠ ᠶᠢ ᠨᠠᠷᠢᠯᠢᠭᠵᠢᠭᠤᠯᠤᠨ | ᠬᠡᠮᠵᠢᠶᠡᠵᠢᠭᠦᠯᠦᠨᠡ᠃ ᠬᠤᠶᠠᠷ ᠲᠤ ᠬᠡᠷᠡᠭᠵᠢᠭᠦᠯᠬᠦ ᠶᠠᠪᠤᠴᠠ ᠳᠤ᠂ ᠦᠢᠯᠡᠴᠢᠯᠡᠭᠡ ᠬᠤᠳᠠᠯᠳᠤᠨ ᠠᠪᠤᠭᠰᠠᠨ ᠵᠢᠩᠬᠢᠨᠢ | ᠴᠠᠭ ᠤᠨ ᠠᠮᠵᠢᠯᠲᠠ ᠪᠦᠲᠦᠮᠵᠢ ᠶᠢ ᠮᠥᠷᠳᠡᠨ ᠳᠠᠭᠠᠨ᠎ᠠ᠃ ᠭᠤᠷᠪᠠ ᠳᠤ᠂ ᠬᠡᠷᠡᠭᠵᠢᠭᠦᠯᠵᠦ ᠳᠠᠭᠤᠰᠤᠭᠰᠠᠨ ᠤ | ᠳᠠᠷᠠᠭ᠎ᠠ᠂ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠬᠡᠮᠵᠢᠶ᠎ᠡ᠂ ᠪᠠᠯᠠ ᠮᠥᠩᠭᠦ ᠶᠢᠨ | ᠬᠡᠷᠡᠭᠯᠡᠯᠲᠡ᠂ ᠦᠢᠯᠡᠴᠢᠯᠡᠭᠡᠨ ᠤ ᠶᠠᠰᠤ ᠴᠢᠨᠠᠷ᠂ ᠬᠠᠮᠵᠢᠯᠴᠠᠭᠰᠠᠨ ᠪᠠᠶᠢᠳᠠᠯ ᠵᠡᠷᠭᠡ ᠪᠠᠶᠢᠳᠠᠯ ᠳᠤ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠦᠨᠡᠯᠡᠨ ᠵᠢᠱᠢᠯᠲᠡ ᠬᠢᠬᠦ ᠬᠡᠷᠡᠭᠲᠡᠶ᠃ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠵᠤ ᠦᠨᠡᠯᠡᠨ ᠵᠢᠱᠢᠭᠰᠡᠨ ᠦᠷ᠎ᠡ ᠳ᠋ᠦᠩ ᠢ ᠡᠳ᠋ ᠤᠨ ᠵᠠᠰᠠᠭ ᠤᠨ ᠦᠢᠯᠡᠴᠢᠯᠡᠭᠡᠨ | ᠬᠤᠳᠠᠯᠳᠤᠨ ᠠᠪᠬᠤ ᠪᠡᠯᠡ ᠮᠥᠩᠭᠦ ᠶᠢᠨ ᠴᠢᠬᠤᠯᠠ ᠦᠨᠳᠦᠰᠦᠯᠡᠯ ᠪᠣᠯᠭᠠᠨ᠎ᠠ᠃ | ᠲᠠᠪᠤ᠂ ᠭᠤᠤᠯ ᠡᠭᠦᠷᠭᠡ ᠵᠢᠴᠢ ᠠᠵᠢᠯ ᠤᠨ ᠠᠷᠭ᠎ᠠ ᠬᠡᠮᠵᠢᠶ᠎ᠡ | ︵ᠨᠢᠭᠡ︶ ᠮᠠᠯ ᠡᠮᠨᠡᠯᠭᠡ ᠶᠢᠨ ᠠᠵᠢᠯ ᠤᠨ ᠰᠢᠨ᠎ᠡ ᠵᠠᠭᠪᠤᠷ ᠢ ᠰᠣᠳᠤᠯᠤᠨ ᠰᠦᠪᠡᠭᠴᠢᠯᠡᠵᠦ᠂ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠦᠭᠵᠢᠯᠲᠡ ᠶᠢ ᠲᠦᠯᠬᠢᠨ ᠠᠬᠢᠭᠤᠯᠤᠨ᠎ᠠ | ᠮᠠᠨ ᠤ ᠲᠤᠭᠤᠷᠢᠭ ᠤᠨ ᠮᠠᠯ ᠵᠢᠭᠦᠷᠲᠡᠨ ᠤ ᠲᠡᠵᠢᠭᠡᠨ ᠦᠷᠡᠵᠢᠭᠦᠯᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠲᠤᠭᠤᠷᠢᠭ ᠤᠨ ᠮᠠᠯ ᠠᠵᠤ ᠠᠬᠤᠶ ᠮᠠᠯ ᠡᠮᠨᠡᠯᠭᠡ ᠶᠢᠨ ᠲᠥᠪ ᠨᠢ ᠬᠤᠳᠠᠯᠳᠤᠨ ᠠᠪᠬᠤ ᠭᠤᠤᠯ ᠴᠣᠭᠴᠠ | ᠪᠣᠯᠤᠭᠰᠠᠨ ᠤ ᠬᠤᠪᠢ ᠳᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠬᠠᠷᠠᠯᠲᠠᠲᠤ ᠡᠭᠦᠷᠭᠡ ᠶᠢ ᠬᠠᠷᠢᠭᠤᠴᠠᠨ | ᠲᠣᠭᠲᠠᠭᠠᠵᠤ᠂ ᠦᠢᠯᠡᠴᠢᠯᠡᠭᠡᠨ ᠤ ᠵᠥᠪᠯᠡᠯᠴᠡᠭᠡᠷ ᠲᠣᠭᠲᠠᠵᠤ᠂ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ | ᠲᠣᠳᠣᠷᠬᠠᠶᠢᠯᠠᠨ᠂ ᠦᠢᠯᠡᠴᠢᠯᠡᠭᠡᠨ ᠤ ᠲᠥᠷᠥᠯ ᠵᠦᠢᠯ ᠤᠨ ᠲᠤᠭ᠎ᠠ ᠬᠡᠮᠵᠢᠶ᠎ᠡ᠂ ᠶᠠᠰᠤ ᠴᠢᠨᠠᠷ ᠪᠠ ᠪᠠᠯᠠ ᠮᠥᠩᠭᠦ | ᠬᠡᠷᠡᠭᠯᠡᠭᠰᠡᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠦᠨᠡᠯᠡᠬᠦ ᠶᠢᠨ ᠬᠠᠮᠲᠤ ᠨᠡᠶᠢᠭᠡᠮ ᠤᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ︔ ᠠᠳᠠᠯᠢ ᠨᠥᠬᠦᠴᠡᠯ ᠤᠨ ᠳᠣᠤᠷ᠎ᠠ ᠮᠠᠨ ᠤ ᠲᠤᠭᠤᠷᠢᠭ ᠤᠨ ᠣᠳᠣ ᠪᠠᠶᠢᠭ᠎ᠠ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠦᠢᠯᠡᠴᠢᠯᠡᠭᠡᠨ ᠤ ᠠᠵᠤ ᠠᠬᠤᠶᠢᠯᠠᠯ ᠤᠨ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡ ᠶᠢ ᠳᠠᠭᠠᠭᠠᠨ ᠠᠪᠬᠤ ᠠᠵᠢᠯ︔ ᠮᠠᠯ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡ ᠶᠢ ᠳᠠᠭᠠᠭᠠᠨ ᠠᠪᠬᠤ ᠠᠵᠤ ᠠᠬᠤᠶᠢᠯᠠᠯ ᠨᠢ ᠭᠤᠣᠯᠳᠠᠭᠤ ᠠᠮᠢᠲᠠᠨ ᠤ ᠬᠢᠵᠢᠭ ᠡᠪᠡᠳᠴᠢᠨ᠂ | ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠠᠷᠢᠭᠤᠳᠬᠠᠵᠤ ᠡᠬᠢ ᠶᠢ ᠨᠢ | ᠤᠰᠠᠳᠬᠠᠬᠤ᠂ ᠥᠯᠢᠭᠡᠷ ᠡᠳ᠋ ᠴᠤᠭᠯᠠᠭᠤᠯᠬᠤ ᠶᠢ ᠬᠠᠷᠢᠭᠤᠴᠠᠵᠤ᠂ ᠠᠮᠢᠲᠠᠨ ᠤ ᠭᠠᠷᠤᠯᠲᠠ ᠶᠢᠨ ᠣᠷᠣᠨ ᠤ ᠬᠢᠵᠢᠭ | ᠪᠠᠶᠢᠴᠠᠭᠠᠬᠤ ᠠᠵᠢᠯ ᠢ ᠬᠠᠮᠵᠢᠨ ᠰᠠᠶᠢᠲᠤᠷ ᠬᠢᠬᠦ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠮᠠᠯ ᠠᠵᠤ ᠠᠬᠤᠶ ᠮᠠᠯ ᠡᠮᠨᠡᠯᠭᠡ ᠶᠢᠨ ᠲᠥᠪ᠂ ᠤᠯᠠᠭᠠᠨᠨᠠᠭᠤᠷ | ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ︶ | ︵ᠬᠤᠶᠠᠷ︶ ᠬᠠᠷᠢᠭᠤᠴᠠᠯᠭ᠎ᠠ ᠲᠣᠭᠲᠠᠭᠠᠨ ᠠᠵᠢᠯ ᠤᠨ ᠪᠠᠶᠢᠷᠢ ᠲᠣᠭᠲᠠᠭᠠᠬᠤ ᠶᠢ ᠬᠡᠷᠡᠭᠵᠢᠭᠦᠯᠵᠦ᠂ | ᠦᠨᠳᠦᠰᠦᠨ ᠱᠠᠲᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ | ᠲᠡᠭᠦᠯᠳᠡᠷᠵᠢᠭᠦᠯᠦᠨ᠎ᠡ | ᠮᠠᠨ ᠤ ᠲᠤᠭᠤᠷᠢᠭ ᠤᠨ ᠮᠠᠯ ᠵᠢᠭᠦᠷᠲᠡᠨ ᠲᠡᠵᠢᠭᠡᠨ ᠦᠷᠡᠵᠢᠭᠦᠯᠵᠦ ᠪᠠᠶᠢᠭ᠎ᠠ ᠲᠤᠭ᠎ᠠ ᠬᠡᠮᠵᠢᠶ᠎ᠡ᠂ ᠲᠡᠵᠢᠭᠡᠨ | ᠦᠷᠡᠵᠢᠭᠦᠯᠬᠦ ᠨᠢᠭᠲᠠᠴᠠ᠂ ᠰᠡᠷᠭᠡᠶᠢᠯᠡᠨ ᠡᠵᠡᠮᠳᠡᠬᠦ ᠣᠷᠣᠨ ᠪᠦᠰᠡ ᠶᠢᠨ ᠲᠠᠯᠠᠪᠠᠶ ᠵᠡᠷᠭᠡ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠵᠤ᠂ ᠦᠨᠳᠦᠰᠦᠨ ᠱᠠᠲᠤᠨ ᠤ ᠠᠵᠢᠯ ᠤᠨ ᠬᠦᠴᠦᠨ ᠢ ᠨᠢᠭᠡᠳᠦᠯᠲᠡᠶ ᠲᠥᠯᠥᠪᠯᠡᠨ | ᠲᠣᠬᠢᠷᠠᠭᠤᠯᠵᠤ᠂ ᠮᠠᠨ ᠤ ᠲᠤᠭᠤᠷᠢᠭ ᠤᠨ ᠣᠳᠣ ᠪᠠᠶᠢᠭ᠎ᠠ 6 ᠠᠮᠢᠲᠠᠨ ᠤ ᠬᠢᠵᠢᠭ ᠰᠡᠷᠭᠡᠶᠢᠯᠡᠬᠦ ᠲᠤᠰᠬᠠᠶ | ᠮᠡᠷᠭᠡᠵᠢᠯ ᠤᠨ ᠠᠵᠢᠯᠲᠠᠨ ᠢ ᠪᠠᠯᠭᠠᠰᠤ᠂ ᠡᠯ᠎ᠡ ᠬᠡᠷᠡᠭ ᠡᠷᠬᠢᠯᠡᠬᠦ ᠭᠠᠵᠠᠷ ᠲᠤ ᠬᠤᠪᠢᠶᠠᠨ ᠲᠣᠮᠢᠯᠠᠵᠤ᠂ ᠠᠮᠢᠲᠠᠨ ᠤ | ᠬᠢᠵᠢᠭ ᠡᠪᠡᠳᠴᠢᠨ ᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ᠂ ᠲᠡᠵᠢᠭᠡᠨ ᠦᠷᠡᠵᠢᠭᠦᠯᠦᠭᠰᠡᠨ | ᠲᠤᠭ᠎ᠠ ᠪᠠᠷᠢᠮᠲᠠ ᠶᠢᠨ ᠪᠠᠶᠢᠳᠠᠯ ᠢ ᠣᠶᠢᠯᠠᠭᠠᠵᠤ ᠪᠠᠶᠢᠭᠠᠳ ᠳᠡᠭᠡᠭᠰᠢ ᠮᠡᠳᠡᠭᠦᠯᠬᠦ᠂ ᠪᠦᠷᠢᠳᠬᠡᠬᠦ᠂ ᠣᠷᠣᠭᠤᠯᠵᠤ | ᠣᠷᠣᠭᠤᠯᠬᠤ᠂ ᠮᠠᠯ ᠠᠵᠤ ᠠᠬᠤᠶ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠬᠠᠷᠢᠭᠤᠴᠠᠵᠤ | ᠂ ᠠᠮᠢᠲᠠᠨ ᠤ ᠬᠢᠵᠢᠭ ᠤᠨ ᠪᠠᠶᠢᠳᠠᠯ ᠤᠨ ᠬᠠᠮᠤᠭ ᠤᠨ ᠰᠢᠨ᠎ᠡ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠮᠠᠯ ᠠᠵᠤ ᠠᠬᠤᠶ ᠮᠠᠯ ᠡᠮᠨᠡᠯᠭᠡ ᠶᠢᠨ ᠲᠥᠪ᠂ ᠤᠯᠠᠭᠠᠨᠨᠠᠭᠤᠷ | ᠪᠠᠯᠭᠠᠰᠤ᠂ ᠡᠯ᠎ᠡ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | ︵ᠭᠤᠷᠪᠠ︶ ᠵᠣᠬᠢᠴᠠᠭᠤᠯᠤᠨ ᠬᠠᠮᠲᠤᠷᠠᠨ ᠦᠢᠯᠡᠳᠦᠯᠴᠡᠬᠦ ᠶᠢ ᠴᠢᠩᠭᠠᠳᠬᠠᠵᠦ᠂ ᠠᠯ ᠡᠮᠨᠡᠯᠭᠡ ᠶᠢᠨ | ᠨᠡᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠲᠣᠭᠲᠠᠴᠠ ᠶᠢ ᠪᠠᠢᠭᠤᠯᠤᠨ᠎ᠠ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠵᠠᠰᠠᠭ ᠤᠨ ᠣᠷᠳᠣᠨ ᠠᠮᠢᠲᠠᠨ ᠤ ᠬᠢᠵᠢᠭ ᠰᠡᠷᠭᠡᠶᠢᠯᠡᠬᠦ | ᠦᠢᠯᠡᠴᠢᠯᠡᠭᠡ ᠬᠤᠳᠠᠯᠳᠤᠨ ᠠᠪᠬᠤ ᠵᠠᠷᠤᠳᠠᠯ ᠢ ᠲᠤᠭ᠎ᠠ ᠶᠣᠰᠣᠭᠠᠷ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ | ᠂ ᠬᠢᠵᠢᠭ ᠰᠡᠷᠭᠡᠶᠢᠯᠡᠬᠦ ᠠᠵᠢᠯ ᠤᠨ ᠬᠡᠪ ᠢᠶᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠤᠭᠤᠷᠢᠭ ᠤᠨ | ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠠᠴᠠ ᠦᠢᠯᠡᠴᠢᠯᠡᠭᠡᠨ ᠤ ᠺᠣᠮᠫᠠᠨᠢ ᠶᠢᠨ ᠬᠢᠷᠢ | ᠬᠡᠮ ᠵᠢᠴᠢ ᠬᠠᠮᠢᠶ᠎ᠠ ᠪᠦᠬᠦᠢ ᠨᠥᠬᠦᠴᠡᠯ ᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠪᠡᠯᠡ ᠮᠥᠩᠭᠦ ᠶᠢ ᠴᠠᠭ | ᠲᠤᠬᠠᠶ ᠳᠤᠨᠢ ᠭᠤᠶᠤᠴᠢᠯᠠᠬᠤ ᠶᠢᠨ ᠬᠠᠮᠲᠤ ᠳᠣᠷᠣᠭᠰᠢ ᠪᠠᠭᠤᠯᠭᠠᠵᠤ᠂ ᠬᠢᠨᠠᠨ ᠰᠢᠯᠭᠠᠵᠤ ᠰᠢᠯᠭᠠᠨ ᠠᠪᠬᠤ ᠶᠢ | ᠵᠣᠬᠢᠶᠠᠨ ᠪᠠᠶᠢᠭᠤᠯᠤᠨ᠎ᠠ᠃ ᠲᠣᠭᠤᠷᠢᠭ ᠤᠨ ᠮᠠᠯ ᠠᠵᠤ ᠠᠬᠤᠶ ᠮᠠᠯ ᠡᠮᠨᠡᠯᠭᠡ ᠶᠢᠨ ᠲᠥᠪ ᠨᠢ ᠡᠭᠦᠷᠭᠡ ᠶᠢ | ᠪᠠᠭᠤᠯᠭᠠᠬᠤ᠂ ᠸᠠᠺᠼᠢᠨ ᠢ ᠲᠣᠬᠢᠷᠠᠭᠤᠯᠤᠨ ᠬᠦᠷᠭᠡᠬᠦ᠂ ᠡᠰᠡᠷᠭᠦ ᠴᠣᠭᠴᠠ ᠶᠢᠨ ᠦᠷ᠎ᠡ ᠪᠦᠲᠦᠮᠵᠢ ᠶᠢ ᠦᠨᠡᠯᠡᠨ | ᠵᠢᠱᠢᠬᠦ ᠵᠡᠷᠭᠡ ᠶᠢ ᠬᠠᠷᠢᠭᠤᠴᠠᠵᠤ᠂ ᠦᠯᠦ ᠬᠠᠯᠳᠠᠭᠠᠬᠤ᠂ ᠠᠯᠠᠵᠤ ᠨᠢᠲᠤᠯᠬᠤ ᠂ ᠠᠷᠢᠭᠤᠳᠬᠠᠬᠤ᠂ ᠬᠤᠣᠷ | ᠦᠭᠡᠶᠢᠵᠢᠬᠦᠯᠦᠨ ᠰᠢᠢᠳᠪᠦᠷᠢᠯᠡᠬᠦ ᠵᠡᠷᠭᠡ ᠠᠵᠢᠯ ᠳᠤ ᠬᠢᠨᠠᠯᠲᠠ ᠲᠠᠯᠪᠢᠨ ᠵᠢᠯᠣᠭᠤᠳᠴᠤ ᠂ ᠬᠢᠵᠢᠭ ᠤᠨ ᠪᠠᠶᠢᠳᠠᠯ ᠢ | ᠬᠢᠨᠠᠨ ᠬᠡᠮᠵᠢᠬᠦ ᠪᠠ ᠦᠯᠦ ᠬᠠᠯᠳᠠᠭᠠᠬᠤ ᠳᠠᠭᠠᠯᠲᠠ ᠲᠤᠰᠬᠠᠯ ᠢ ᠴᠠᠭ ᠲᠤᠬᠠᠶ ᠳᠤᠨᠢ ᠬᠤᠷᠢᠶᠠᠩᠭᠤᠶᠢᠯᠠᠵᠤ | ᠳᠡᠭᠡᠭᠰᠢ ᠮᠡᠳᠡᠭᠦᠯᠬᠦ ᠬᠡᠷᠡᠭᠲᠡᠶ ᠃ ︵ ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠮᠠᠯ ᠠᠵᠤ ᠠᠬᠤᠶ ᠮᠠᠯ | ᠡᠮᠨᠡᠯᠭᠡ ᠶᠢᠨ ᠲᠥᠪ︶ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠴᠢᠩᠭᠠᠳᠬᠠᠨ᠎ᠠ᠃ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠨ᠂ ᠬᠤᠪᠢᠳᠠᠨ ᠬᠠᠮᠢᠶᠠᠷᠴᠤ | ᠪᠦᠬᠦᠢ ᠤᠳᠤᠷᠢᠳᠤᠯᠭ᠎ᠠ ᠪᠣᠳᠠᠲᠠᠶ ᠠᠳᠬᠤᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠳ | ᠰᠠᠨᠠᠭᠠᠴᠢᠯᠠᠭ᠎ᠠ ᠠᠴᠠ ᠪᠠᠨ ᠠᠳᠬᠤᠵᠤ᠂ ᠴᠤᠭᠠᠷ ᠠᠳᠬᠤᠨ ᠬᠠᠮᠲᠤᠪᠠᠷ ᠬᠠᠮᠢᠶᠠᠷᠬᠤ᠂ ᠵᠣᠬᠢᠴᠠᠩᠭᠤᠶ ᠪᠠᠷ ᠲᠦᠯᠬᠢᠨ | ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ᠃ | ︵ᠬᠤᠶᠠᠷ︶ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠲᠣᠭᠤᠷᠢᠭ ᠤᠨ ᠮᠠᠯ ᠠᠵᠤ ᠠᠬᠤᠶ ᠮᠠᠯ | ᠡᠮᠨᠡᠯᠭᠡ ᠶᠢᠨ ᠲᠥᠪ ᠨᠢ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠨ᠂ ᠵᠠᠰᠠᠭ ᠤᠨ ᠣᠷᠳᠣᠨ | ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠬᠤᠳᠠᠯᠳᠤᠨ ᠠᠪᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠠᠵᠢᠯ ᠤᠨ ᠪᠠᠶᠢᠷᠢ ᠲᠣᠭᠲᠠᠭᠠᠨ ᠬᠠᠷᠢᠭᠤᠴᠠᠯᠭ᠎ᠠ ᠡᠭᠦᠷᠭᠡᠯᠡᠭᠴᠢ ᠶᠢ ᠲᠣᠭᠲᠠᠭᠠᠬᠤ ᠶᠢ ᠬᠡᠷᠡᠭᠵᠢᠭᠦᠯᠬᠦ ᠬᠡᠷᠡᠭᠲᠡᠶ᠃ | ᠡᠭᠦᠨ ᠤ ᠬᠠᠮᠲᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠳ ᠠᠮᠢᠲᠠᠨ ᠤ ᠡᠯ᠎ᠡ | ᠲᠥᠷᠥᠯ ᠤᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠣᠯᠪᠠᠰᠤᠷᠠᠭᠤᠯᠤᠯ᠂ ᠲᠤᠷᠰᠢᠯᠭ᠎ᠠ ᠰᠣᠯᠢᠯᠴᠠᠬᠤ | ᠵᠡᠷᠭᠡ ᠠᠵᠢᠯᠯᠠᠭ᠎ᠠ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠠᠵᠢᠯᠲᠠᠨ ᠤ ᠲᠤᠬᠠᠶᠢᠯᠠᠭᠰᠠᠨ ᠠᠵᠢᠯ ᠤᠨ | ᠴᠢᠳᠠᠪᠤᠷᠢ ᠪᠣᠯᠤᠨ ᠬᠢᠷᠢ ᠬᠡᠮᠵᠢᠶ᠎ᠡ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ | ︵ᠭᠤᠷᠪᠠ︶ ᠵᠤᠭᠢᠴᠠᠭᠤᠯᠤᠨ ᠠᠬᠢᠭᠤᠯᠬᠤ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠣᠨ ᠤ ᠭᠤᠤᠯᠳᠠᠯᠭ᠎ᠠ ᠲᠠᠢ | ᠠᠵᠢᠯ ᠳᠠᠭᠠᠨ ᠣᠷᠣᠭᠤᠯᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠵᠣᠬᠢᠴᠠᠭᠤᠯᠤᠨ | ᠬᠠᠮᠵᠢᠯᠴᠠᠬᠤ ᠪᠠᠨ ᠴᠢᠩᠭᠠᠷᠠᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ | ᠬᠡᠷᠡᠭᠲᠡᠶ᠃ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠤᠯᠠᠭᠠᠨ | ᠨᠠᠭᠤᠷ ᠪᠠᠯᠭᠠᠰᠤ᠂ ᠡᠯ᠎ᠡ ᠬᠡᠷᠡᠭ ᠡᠷᠬᠢᠯᠡᠬᠦ ᠭᠠᠵᠠᠷ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ | ᠠᠵᠢᠯ ᠤᠨ ᠨᠠᠶᠢᠳᠠᠪᠤᠷᠢᠵᠢᠭᠤᠯᠤᠯᠲᠠ ᠨᠢ ᠬᠦᠴᠦᠨ ᠥᠬᠡᠶ ᠪᠥᠭᠡᠳ ᠬᠦᠨᠳᠦ ᠨᠣᠴᠢᠲᠠᠶ ᠨᠥᠯᠥᠭᠡ ᠭᠠᠷᠭᠠᠭᠰᠠᠨ | ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠨᠢᠭᠡᠴᠡ ᠪᠣᠯᠤᠨ ᠠᠵᠢᠯᠲᠠᠨ ᠤ ᠬᠠᠷᠢᠭᠤᠴᠠᠯᠭ᠎ᠠ ᠶᠢ | ᠨᠡᠬᠡᠮᠵᠢᠯᠡᠨ᠎ᠡ᠃ | ᠳᠠᠭᠠᠯᠳᠤᠭᠤᠯᠤᠯ᠄ 1. ᠵᠠᠰᠠᠭ ᠤᠨ ᠣᠷᠳᠣᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ | ᠬᠤᠳᠠᠯᠳᠤᠨ ᠠᠪᠬᠤ ᠶᠢᠨ ᠬᠡᠷᠡᠭᠵᠢᠭᠦᠯᠬᠦ ᠨᠠᠷᠢᠨ ᠳᠦᠷᠢᠮ | ᠨᠢᠭᠡ᠂ ᠬᠤᠳᠠᠯᠳᠤᠨ ᠠᠪᠬᠤ ᠭᠤᠤᠯ ᠴᠣᠭᠴᠠ ᠪᠠ ᠳᠠᠭᠠᠭᠠᠨ ᠠᠪᠬᠤ ᠭᠤᠤᠯ ᠴᠣᠭᠴᠠ | ︵ᠨᠢᠭᠡ︶ ᠬᠤᠳᠠᠯᠳᠤᠨ ᠠᠪᠬᠤ ᠭᠤᠤᠯ ᠴᠣᠭᠴᠠ᠄ ᠤᠳᠠ ᠲᠣᠭᠤᠷᠢᠭ ᠤᠨ ᠮᠠᠯ ᠠᠵᠤ ᠠᠬᠤᠶ ᠮᠠᠯ | ᠡᠮᠨᠡᠯᠭᠡ ᠶᠢᠨ ᠲᠥᠪ | ︵ᠬᠤᠶᠠᠷ︶ ᠳᠠᠭᠠᠭᠠᠨ ᠠᠪᠬᠤ ᠭᠤᠤᠯ ᠴᠣᠭᠴᠠ᠄ ᠬᠠᠤᠯᠢ ᠶᠣᠰᠣᠭᠠᠷ ᠪᠠᠶᠢᠭᠤᠯᠤᠭᠰᠠᠨ ᠠᠮᠢᠲᠠᠨ ᠤ ᠬᠢᠵᠢᠭ | ᠰᠡᠷᠭᠡᠶᠢᠯᠡᠬᠦ ᠮᠡᠷᠭᠡᠵᠢᠯ ᠤᠨ ᠦᠢᠯᠡᠴᠢᠯᠡᠭᠡᠨ ᠤ ᠺᠣᠮᠫᠠᠨᠢ | ︵ᠭᠤᠷᠪᠠ︶ ᠳᠠᠭᠠᠭᠠᠨ ᠠᠪᠬᠤ ᠭᠤᠤᠯ ᠴᠣᠭᠴᠠ ᠶᠢᠨ ᠪᠦᠷᠢᠳᠦᠭᠦᠯᠦᠭᠰᠡᠨ ᠨᠥᠬᠦᠴᠡᠯ᠄ | 1. ᠬᠠᠤᠯᠢ ᠶᠣᠰᠣᠭᠠᠷ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠵᠤ᠂ | ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠵᠦ ᠴᠢᠳᠠᠬᠤ ᠬᠡᠷᠡᠭᠲᠡᠶ᠃ | 2. ᠮᠠᠯ ᠡᠮᠨᠡᠯᠭᠡ ᠶᠢᠨ ᠦᠢᠯᠡᠴᠢᠯᠡᠭᠡᠨ ᠤ ᠴᠢᠳᠠᠮᠵᠢ ᠲᠠᠢ ᠪᠠᠶᠢᠵᠤ᠂ ᠳᠣᠲᠣᠭᠠᠳᠤ ᠬᠠᠮᠢᠶᠠᠷᠤᠯᠲᠠ ᠪᠣᠯᠤᠨ | ᠬᠢᠨᠠᠯᠲᠠ ᠲᠠᠯᠪᠢᠯᠲᠠ ᠶᠢᠨ ᠳᠦᠷᠢᠮ ᠲᠡᠭᠦᠯᠳᠡᠷ ᠪᠠᠶᠢᠬᠤ ᠬᠡᠷᠡᠭᠲᠡᠶ᠃ | 3. ᠪᠡᠶ᠎ᠡ ᠪᠠᠨ ᠳᠠᠭᠠᠭᠠᠭᠰᠠᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠨᠢᠭᠲᠠᠯᠠᠨ ᠪᠣᠳᠣᠯᠲᠠ ᠶᠢᠨ | ᠲᠣᠭᠠᠴᠠᠭ᠎ᠠ ᠬᠢᠬᠦ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠠᠢ᠃ | 4. ᠮᠠᠯ ᠡᠮᠨᠡᠯᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠬᠠᠩᠭᠠᠬᠤ ᠳᠤ ᠵᠠᠪᠠᠯ ᠬᠡᠷᠡᠭᠰᠡᠬᠦ ᠪᠡᠯᠡᠳᠬᠡᠮᠵᠢ᠂ | ᠠᠵᠢᠯᠲᠠᠨ ᠪᠠ ᠲᠤᠰᠬᠠᠶ ᠮᠡᠷᠭᠡᠵᠢᠯ ᠤᠨ ᠴᠢᠳᠠᠪᠤᠷᠢ ᠪᠠᠶᠢᠬᠤ ᠬᠡᠷᠡᠭᠲᠡᠶ᠃ | 5. ᠭᠠᠶᠢᠯᠢ ᠲᠠᠲᠠᠪᠤᠷᠢ ᠲᠤᠰᠢᠶᠠᠬᠤ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠲᠤᠰᠢᠶᠠᠭᠰᠠᠨ ᠰᠠᠶᠢᠨ | ᠰᠠᠶᠢᠬᠠᠨ ᠲᠡᠮᠳᠡᠭᠯᠡᠯ ᠲᠠᠢ ᠪᠠᠶᠢᠬᠤ ᠬᠡᠷᠡᠭᠲᠡᠶ᠃ | 6. ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨ᠎ᠡ | ᠬᠠᠤᠯᠢ ᠰᠠᠬᠢᠯᠭ᠎ᠠ ᠠᠴᠠ ᠬᠦᠨᠳᠦ ᠶᠡᠭᠡ ᠦᠢᠯᠡ ᠠᠵᠢᠯᠯᠠᠭ᠎ᠠ ᠦᠭᠡᠶ᠂ ᠣᠨ ᠤ ᠪᠠᠶᠢᠴᠠᠭᠠᠯᠲᠠ᠂ ᠬᠢᠷᠢ ᠴᠢᠳᠠᠮᠵᠢ ᠶᠢ | ᠬᠢᠨᠠᠨ ᠪᠠᠶᠢᠴᠠᠭᠠᠬᠤ ᠪᠠᠷ ᠳᠠᠮᠵᠢᠨ ᠬᠢᠷᠢ ᠲᠡᠩᠴᠡᠵᠦ᠂ ᠨᠡᠶᠢᠭᠡᠮ ᠤᠨ ᠢᠲᠡᠭᠡᠯ ᠬᠦᠨᠳᠦ ᠪᠠ ᠬᠤᠳᠠᠯᠳᠤᠭᠠᠨ ᠤ | ᠢᠲᠡᠭᠡᠯ ᠬᠦᠨᠳᠦ ᠰᠠᠶᠢᠨ ᠪᠠᠶᠢᠵᠤ᠂ ᠪᠦᠬᠦ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠨᠡᠶᠢᠲᠡ ᠳᠤ ᠵᠠᠷᠯᠠᠬᠤ | ᠰᠢᠰᠲ᠋ᠧᠮ ᠳᠤ ᠮᠠᠭᠤ ᠲᠡᠮᠳᠡᠭᠯᠡᠯ ᠦᠭᠡᠶ ᠪᠠᠶᠢᠬᠤ ᠬᠡᠷᠡᠭᠲᠡᠶ᠃ | 7. ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠵᠢᠴᠢ ᠦᠢᠯᠡᠴᠢᠯᠡᠭᠡᠨ ᠬᠤᠳᠠᠯᠳᠤᠨ ᠠᠪᠬᠤ | ᠲᠥᠷᠥᠯ ᠵᠦᠢᠯ ᠤᠨ ᠱᠠᠭᠠᠷᠳᠠᠯᠭ᠎ᠠ ᠶᠢᠨ ᠪᠤᠰᠤᠳ ᠨᠥᠬᠦᠴᠡᠯ | ︵ᠳᠥᠷᠪᠡ︶ ᠬᠤᠳᠠᠯᠳᠤᠨ ᠠᠪᠬᠤ ᠠᠷᠭ᠎ᠠ ᠮᠠᠶ᠋ᠢᠭ᠄ ᠵᠠᠰᠠᠭ ᠤᠨ ᠣᠷᠳᠣᠨ ᠳᠠᠭᠠᠭᠠᠴᠢᠯᠠᠯᠲᠠ ᠵᠠᠷᠯᠠᠬᠤ | ᠠᠷᠭ᠎ᠠ ᠮᠠᠶ᠋ᠢᠭ ᠢᠶᠠᠷ ᠳᠠᠮᠵᠢᠨ ᠳᠠᠭᠠᠭᠠᠨ ᠠᠪᠬᠤ ᠭᠤᠤᠯ ᠴᠣᠭᠴᠠ ᠶᠢ ᠲᠣᠭᠲᠠᠭᠠᠵᠤ᠂ ᠮᠠᠨ ᠤ ᠣᠷᠣᠨ ᠤ ᠣᠳᠣ | ᠪᠠᠶᠢᠭ᠎ᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠦᠢᠯᠡᠴᠢᠯᠡᠭᠡᠨ ᠤ ᠠᠵᠤ ᠠᠬᠤᠶᠢᠯᠠᠯ ᠨᠢ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ | ᠬᠤᠶᠠᠷ᠂ ᠬᠤᠳᠠᠯᠳᠤᠨ ᠠᠪᠬᠤ ᠠᠭᠤᠯᠭ᠎ᠠ | ︵ᠨᠢᠭᠡ︶ ᠰᠢᠯᠦᠬᠡᠶ ᠡᠪᠡᠳᠴᠢᠨ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ | ᠲᠠᠭᠰᠢᠭᠤᠷ᠂ ᠬᠡᠪᠢᠭᠴᠢ ᠪᠠᠭ᠎ᠠ ᠮᠠᠯ ᠤᠨ ᠬᠢᠵᠢᠭ᠂ ᠭᠠᠭ᠋ᠠᠶ ᠶᠢᠨ ᠬᠢᠵᠢᠭ᠂ ᠭᠠᠭ᠋ᠠᠶ ᠶᠢᠨ ᠬᠥᠬᠡ ᠴᠢᠬᠢ ᠶᠢᠨ | ᠡᠪᠡᠳᠴᠢᠨ ᠵᠡᠷᠭᠡ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠳᠤ ᠠᠯᠪᠠᠳᠠᠯᠭ᠎ᠠ ᠪᠠᠷ ᠦᠯᠦ ᠬᠠᠯᠳᠠᠭᠠᠬᠤ | ᠲᠠᠷᠢᠯᠭ᠎ᠠ ᠬᠢᠬᠦ ᠠᠵᠢᠯ ᠬᠢᠬᠦ ᠬᠡᠷᠡᠭᠲᠡᠶ᠃ ᠵᠢᠯ ᠪᠦᠷᠢ ᠶᠢᠨ ᠬᠠᠪᠤᠷ᠂ ᠨᠠᠮᠤᠷ ᠬᠤᠶᠠᠷ ᠤᠳᠠᠭᠠᠨ ᠤ ᠦᠯᠦ | ᠬᠠᠯᠳᠠᠭᠠᠯᠲᠠ ᠶᠢ ᠴᠠᠭ ᠬᠤᠭᠤᠴᠠᠭ᠎ᠠ ᠶᠣᠰᠣᠭᠠᠷ ᠴᠢᠨᠠᠷ ᠰᠠᠶᠢᠲᠠᠶ ᠪᠡᠶᠡᠯᠡᠭᠦᠯᠵᠦ᠂ ᠠᠮᠢᠲᠠᠨ ᠤ ᠬᠦᠨᠳᠦ ᠶᠡᠭᠡ ᠬᠢᠵᠢᠭ | ᠡᠪᠡᠳᠴᠢᠨ ᠤ ᠦᠯᠦ ᠬᠠᠯᠳᠠᠭᠠᠬᠤ ᠨᠢᠭᠲᠠᠴᠠ ᠶᠢ 90% ᠠᠴᠠ ᠳᠡᠭᠡᠭᠰᠢ ᠳᠤ ᠬᠦᠷᠦᠭᠦᠯᠵᠦ᠂ ᠮᠠᠯ ᠵᠢᠭᠦᠷᠲᠡᠨ ᠤ | ᠦᠯᠦ ᠬᠠᠯᠳᠠᠭᠠᠯᠲᠠ ᠶᠢᠨ ᠨᠣᠷᠮ᠎ᠠ ᠶᠢ 100% ᠳᠤ ᠬᠦᠷᠦᠭᠦᠯᠵᠦ᠂ ᠦᠯᠦ ᠬᠠᠯᠳᠠᠭᠠᠯᠲᠠ ᠶᠢᠨ ᠡᠰᠡᠷᠭᠦ | ᠴᠣᠭᠴᠠ ᠶᠢᠨ ᠦᠨ᠎ᠡ ᠶᠢᠨ ᠪᠠᠶᠢᠴᠠᠭᠠᠨ ᠬᠡᠮᠵᠢᠯᠲᠡ ᠶᠢᠨ ᠬᠢᠷᠢ ᠲᠡᠩᠴᠡᠭᠰᠡᠨ ᠨᠣᠷᠮ᠎ᠠ ᠶᠢ 70% ᠠᠴᠠ ᠳᠡᠭᠡᠭᠰᠢ ᠳᠤ | ᠬᠦᠷᠦᠭᠦᠯᠬᠦ ᠬᠡᠷᠡᠭᠲᠡᠶ᠃ ᠪᠤᠰᠤᠳ ᠡᠩ ᠤᠨ ᠠᠮᠢᠲᠠᠨ ᠤ ᠬᠢᠵᠢᠭ ᠦᠯᠦ ᠬᠠᠯᠳᠠᠭᠠᠬᠤ ᠲᠠᠷᠢᠯᠭ᠎ᠠ ᠨᠢ ᠳᠡᠭᠡᠳᠦ | ᠱᠠᠲᠤᠨ ᠤ ᠱᠠᠭᠠᠷᠳᠠᠯᠭ᠎ᠠ ᠳᠤ ᠬᠦᠷᠦᠭᠰᠡᠨ ᠪᠠᠶᠢᠬᠤ ᠬᠡᠷᠡᠭᠲᠡᠶ᠃ ᠮᠠᠯ ᠵᠢᠭᠦᠷᠲᠡᠨ ᠤ ᠠᠯᠪᠠᠳᠠᠯᠭ᠎ᠠ ᠪᠠᠷ ᠥᠯᠥ | ᠬᠠᠯᠳᠠᠭᠠᠬᠤ ᠳᠠᠩᠰᠠ ᠡᠪᠬᠡᠮᠡᠯ ᠪᠠᠶᠢᠭᠤᠯᠬᠤ ᠨᠣᠷᠮ᠎ᠠ ᠶᠢ 100% ᠳᠤ ᠬᠦᠷᠭᠡᠵᠦ᠂ ᠬᠠᠷᠢᠶ᠎ᠠ ᠣᠷᠣᠨ ᠤ ᠳᠣᠲᠣᠷᠠᠬᠢ | ᠰᠢᠨ᠎ᠡ ᠪᠠᠷ ᠨᠥᠬᠦᠬᠦ᠂ ᠭᠤᠭᠤᠵᠢᠭᠳᠠᠭᠤᠯᠬᠤ ᠦᠭᠡᠢ ᠵᠡᠷᠭᠡ ᠠᠮᠢᠲᠠᠨ ᠢ ᠴᠠᠭ ᠲᠤᠬᠠᠶ ᠳᠤᠨᠢ ᠨᠥᠬᠦᠨ | ᠭᠡᠯᠳᠦᠷᠢᠭᠦᠯᠬᠦ ᠶᠢᠨ ᠬᠠᠮᠲᠤ ᠦᠯᠦ ᠬᠠᠯᠳᠠᠭᠠᠬᠤ ᠳᠠᠩᠰᠠ ᠡᠪᠬᠡᠮᠡᠯ ᠢ ᠪᠦᠷᠢᠨ ᠪᠠᠶᠢᠭᠤᠯᠬᠤ ᠬᠡᠷᠡᠭᠲᠡᠶ᠃ | ︵ᠬᠤᠶᠠᠷ︶ ᠭᠡᠨᠡᠳᠲᠡ ᠡᠭᠦᠰᠦᠭᠰᠡᠨ ᠠᠮᠢᠲᠠᠨ ᠤ ᠬᠦᠨᠳᠦ ᠶᠡᠭᠡ ᠬᠢᠵᠢᠭ ᠤᠨ ᠪᠠᠴᠢᠮ ᠪᠠᠶᠢᠳᠠᠯ ᠢ ᠠᠷᠭᠠᠴᠠᠵᠤ | ᠰᠢᠢᠳᠪᠦᠷᠢᠯᠡᠬᠦ ᠠᠵᠢᠯ ︵ᠠᠯᠠᠬᠤ᠂ ᠠᠷᠢᠭᠤᠳᠬᠠᠬᠤ᠂ ᠪᠢᠲᠡᠭᠦᠮᠵᠢᠯᠡᠬᠦ᠂ ᠬᠤᠣᠷ ᠦᠭᠡᠶᠢᠵᠢᠬᠦᠯᠦᠨ ᠰᠢᠢᠳᠪᠦᠷᠢᠯᠡᠬᠦ | ᠵᠡᠷᠭᠡ︶ ᠬᠡᠷᠪᠡ ᠠᠮᠢᠲᠠᠨ ᠤ ᠬᠢᠵᠢᠭ ᠤᠨ ᠪᠠᠶᠢᠳᠠᠯ ᠭᠠᠷᠤᠭᠰᠠᠨ ᠦᠶ᠎ᠡ ᠳᠤ ᠲᠠᠷᠢᠶᠠᠯᠠᠩ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠤᠷ᠎ᠠ ᠡᠪᠡᠳᠴᠢᠨ ᠲᠠᠢ ᠮᠠᠯ ᠠᠯᠠᠵᠤ ᠨᠢᠲᠤᠯᠬᠤ᠂ | ᠠᠷᠢᠭᠤᠳᠬᠠᠬᠤ᠂ ᠪᠢᠲᠡᠭᠦᠮᠵᠢᠯᠡᠬᠦ᠂ ᠬᠤᠤᠷ ᠥᠬᠡᠶᠢᠳᠡᠭᠦᠯᠦᠨ ᠰᠢᠢᠳᠪᠦᠷᠢᠯᠡᠬᠦ ᠵᠡᠷᠭᠡ ᠬᠢᠵᠢᠭ ᠡᠪᠡᠳᠴᠢᠨ ᠢ | ᠰᠢᠢᠳᠪᠦᠷᠢᠯᠡᠬᠦ ᠠᠵᠢᠯ ᠢ ᠬᠢᠬᠦ ᠬᠡᠷᠡᠭᠲᠡᠶ᠃ | ︵ᠭᠤᠷᠪᠠ︶ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠠᠵᠢᠯ ᠤᠨ ᠵᠠᠭᠪᠤᠷ ᠴᠤᠭᠯᠠᠭᠤᠯᠬᠤ ᠬᠡᠷᠡᠭᠲᠡᠶ | ᠃ ᠵᠢᠯ ᠪᠦᠷᠢ ᠶᠢᠨ ᠳᠡᠭᠡᠳᠦ ᠱᠠᠲᠤᠨ ᠠᠴᠠ ᠪᠠᠭᠤᠯᠭᠠᠭᠰᠠᠨ ᠡᠭᠦᠷᠭᠡ ᠶᠢᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠥᠬᠦᠶ | ᠥᠯᠢᠭᠡᠷ ᠡᠳ᠋ ᠴᠤᠭᠯᠠᠭᠤᠯᠬᠤ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠬᠡᠷᠡᠭᠲᠡᠶ᠃ | ︵ᠳᠥᠷᠪᠡ︶ ᠬᠠᠷᠢᠶ᠎ᠠ ᠣᠷᠣᠨ ᠤ ᠳᠣᠲᠣᠷᠠᠬᠢ ᠠᠷᠢᠭᠤᠳᠬᠠᠯ ᠤᠨ ᠡᠬᠢ ᠰᠤᠷᠪᠤᠯᠵᠢ ᠶᠢ ᠤᠰᠠᠳᠬᠠᠬᠤ ᠠᠵᠢᠯ | ᠃ ᠠᠷᠢᠭᠤᠳᠬᠠᠯ ᠤᠨ ᠡᠬᠢ ᠰᠤᠷᠪᠤᠯᠵᠢ ᠶᠢ ᠤᠰᠠᠳᠬᠠᠬᠤ ᠠᠵᠢᠯ ᠢ ᠪᠠᠯᠭᠠᠰᠤ᠂ ᠡᠯ᠎ᠡ ᠬᠡᠷᠡᠭ ᠡᠷᠬᠢᠯᠡᠬᠦ ᠭᠠᠵᠠᠷ ᠤᠨ | ᠡᠯ᠎ᠡ ᠲᠡᠵᠢᠭᠡᠨ ᠦᠷᠡᠵᠢᠭᠦᠯᠬᠦ ᠡᠷᠦᠬᠡ ᠳᠤ ᠪᠦᠷᠬᠦᠭᠦᠯᠵᠦ᠂ ᠠᠷᠢᠭᠤᠳᠬᠠᠭᠰᠠᠨ ᠦᠷ᠎ᠡ ᠪᠦᠲᠦᠮᠵᠢ ᠨᠢ ᠪᠠᠷᠢᠮᠵᠢᠶ᠎ᠠ ᠳᠤ | ᠨᠡᠶᠢᠴᠡᠭᠰᠡᠨ ᠪᠠᠶᠢᠬᠤ ᠬᠡᠷᠡᠭᠲᠡᠶ᠃ | ︵ᠲᠠᠪᠤ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ | ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ | ᠬᠠᠷᠢᠭᠤᠴᠠᠨ᠎ᠠ᠃ ᠲᠡᠵᠢᠭᠡᠨ ᠦᠷᠡᠵᠢᠭᠦᠯᠬᠦ ᠡᠷᠦᠬᠡ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠵᠠᠷᠯᠠᠯ | ᠨᠠᠭᠠᠬᠤ᠂ ᠵᠠᠭᠤᠴᠢᠯᠠᠭᠤᠷ ᠤᠨ ᠮᠡᠳᠡᠭᠡ ᠵᠠᠩᠭᠢ ᠨᠡᠶᠢᠲᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠤᠬᠠᠭᠤᠯᠭ᠎ᠠ ᠶᠢᠨ ᠠᠵᠢᠯ ᠬᠢᠨ᠎ᠠ᠃ | ︵ᠵᠢᠷᠭᠤᠭ᠎ᠠ︶ ᠲᠤᠭᠤᠷᠢᠭ ᠤᠨ ᠮᠠᠯ ᠠᠵᠤ ᠠᠬᠤᠶ ᠮᠠᠯ ᠡᠮᠨᠡᠯᠭᠡ ᠶᠢᠨ ᠲᠥᠪ ᠢ ᠬᠠᠪᠰᠤᠷᠤᠨ ᠠᠮᠢᠲᠠᠨ ᠤ | ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ︵ᠳᠣᠯᠤᠭ᠎ᠠ︶ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠲᠣᠬᠢᠷᠠᠭᠤᠯᠤᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠭᠡᠨ᠎ᠡ᠃ | ᠭᠤᠷᠪᠠ᠂ ᠪᠠᠯᠠ ᠮᠥᠩᠭᠦ ᠶᠢᠨ ᠢᠷᠡᠯᠲᠡ | ᠨᠢᠭᠡ ᠳᠤ ᠲᠥᠪ ᠤᠨ ᠦᠨᠳᠦᠰᠦᠨ ᠱᠠᠲᠤᠨ ᠤ ᠠᠮᠢᠲᠠᠨ ᠤ ᠬᠢᠵᠢᠭ ᠰᠡᠷᠭᠡᠶᠢᠯᠡᠬᠦ ᠠᠵᠢᠯ ᠤᠨ ᠨᠥᠬᠦᠪᠥᠷᠢ ᠶᠢᠨ | ᠵᠠᠷᠤᠳᠠᠯ︔ ᠬᠤᠶᠠᠷ ᠲᠤ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠡᠳ᠋ ᠤᠨ ᠵᠠᠰᠠᠭ ᠤᠨ | ᠲᠣᠬᠢᠷᠠᠭᠤᠯᠤᠭᠰᠠᠨ ᠦᠨᠳᠦᠰᠦᠨ ᠱᠠᠲᠤᠨ ᠤ ᠠᠮᠢᠲᠠᠨ ᠤ ᠬᠢᠵᠢᠭ ᠰᠡᠷᠭᠡᠶᠢᠯᠡᠬᠦ ᠠᠵᠢᠯ ᠤᠨ ᠨᠥᠬᠦᠪᠥᠷᠢ ᠶᠢᠨ ᠵᠠᠷᠤᠳᠠᠯ | ︔ ᠲᠥᠪ ᠪᠠ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠨᠥᠬᠦᠪᠥᠷᠢ ᠶᠢᠨ ᠵᠠᠷᠤᠳᠠᠯ ᠢ ᠭᠠᠷᠭᠠᠪᠠᠯ᠂ | ᠪᠤᠰᠤᠳ ᠬᠡᠰᠡᠭ ᠢ ᠲᠤᠭᠤᠷᠢᠭ ᠤᠨ ᠱᠠᠲᠤᠨ ᠤ ᠡᠳ᠋ ᠤᠨ ᠵᠠᠰᠠᠭ ᠠᠴᠠ ᠭᠦᠢᠴᠡᠳ ᠨᠥᠬᠦᠪᠥᠷᠢᠯᠡᠨ᠎ᠡ︔ ᠳᠥᠷᠪᠡ ᠳᠤ | ᠂ ᠲᠡᠵᠢᠭᠡᠨ ᠦᠷᠡᠵᠢᠭᠦᠯᠬᠦ ᠲᠤᠭ᠎ᠠ ᠬᠡᠮᠵᠢᠶ᠎ᠡ ᠶᠢᠨ ᠬᠤᠪᠢᠷᠠᠯᠲᠠ ᠠᠴᠠ ᠪᠣᠯᠵᠤ ᠲᠣᠬᠢᠷᠠᠭᠤᠯᠤᠭᠰᠠᠨ ᠦᠢᠯᠡᠴᠢᠯᠡᠭᠡᠨ ᠤ | ᠬᠤᠳᠠᠯᠳᠤᠨ ᠠᠪᠬᠤ ᠵᠠᠷᠤᠳᠠᠯ ᠨᠢ ᠲᠤᠭᠤᠷᠢᠭ ᠤᠨ ᠮᠠᠯ ᠠᠵᠤ ᠠᠬᠤᠶ ᠮᠠᠯ ᠡᠮᠨᠡᠯᠭᠡ ᠶᠢᠨ ᠲᠥᠪ ᠪᠠ ᠲᠤᠭᠤᠷᠢᠭ ᠤᠨ | ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠠᠴᠠ ᠪᠣᠳᠠᠲᠤ ᠪᠠᠶᠢᠳᠠᠯ ᠢᠶᠠᠨ ᠦᠨᠳᠦᠰᠦᠯᠡᠨ | ᠲᠣᠭᠠᠴᠠᠭ᠎ᠠ ᠬᠢᠭᠰᠡᠨ ᠤ ᠳᠠᠷᠠᠭ᠎ᠠ᠂ ᠲᠤᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ ᠰᠤᠳᠤᠯᠤᠭᠤᠯᠤᠨ | ᠬᠠᠷᠭᠤᠭᠤᠯᠤᠭᠰᠠᠨ ᠤ ᠳᠠᠷᠠᠭ᠎ᠠ ᠰᠠᠯᠭᠠᠨ ᠥᠭᠬᠦ ᠬᠡᠷᠡᠭᠲᠡᠶ᠃ | ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠰᠢᠯᠭᠠᠨ ᠬᠤᠷᠢᠶᠠᠵᠤ ᠬᠤᠪᠢ ᠲᠣᠭᠲᠠᠭᠠᠬᠤ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ ᠬᠡᠷᠡᠭᠲᠡᠶ | ᠃ ᠲᠣᠭᠤᠷᠢᠭ ᠤᠨ ᠮᠠᠯ ᠠᠵᠤ ᠠᠬᠤᠶ ᠮᠠᠯ ᠡᠮᠨᠡᠯᠭᠡ ᠶᠢᠨ ᠲᠥᠪ ᠠᠴᠠ ᠣᠨ ᠤ ᠰᠢᠯᠭᠠᠨ ᠬᠤᠷᠢᠶᠠᠵᠤ ᠬᠤᠪᠢ | ᠲᠣᠭᠲᠠᠭᠠᠬᠤ ᠬᠦᠰᠦᠨᠦᠭᠲᠦ ᠶᠢ ᠨᠠᠶᠢᠷᠠᠭᠤᠯᠤᠨ ᠵᠣᠬᠢᠶᠠᠵᠤ᠂ ᠦᠢᠯᠡᠴᠢᠯᠡᠭᠡ ᠬᠤᠳᠠᠯᠳᠤᠨ ᠠᠪᠬᠤ ᠲᠥᠷᠥᠯ ᠵᠦᠢᠯ᠂ | ᠠᠭᠤᠯᠭ᠎ᠠ᠂ ᠪᠠᠷᠢᠮᠵᠢᠶ᠎ᠠ ᠪᠠ ᠬᠠᠮᠢᠶ᠎ᠠ ᠪᠦᠬᠦᠢ ᠱᠠᠭᠠᠷᠳᠠᠯᠭ᠎ᠠ᠂ ᠦᠨᠡᠯᠡᠬᠦ ᠠᠷᠭ᠎ᠠ ᠵᠢᠴᠢ ᠳᠠᠭᠠᠭᠠᠨ ᠠᠪᠬᠤ ᠭᠤᠤᠯ | ᠴᠣᠭᠴᠠ ᠶᠢᠨ ᠨᠥᠬᠦᠴᠡᠯ ᠵᠡᠷᠭᠡ ᠶᠢ ᠲᠣᠳᠣᠷᠬᠠᠶᠢᠯᠠᠬᠤ ᠶᠢᠨ ᠬᠠᠮᠲᠤ ᠬᠤᠪᠢ ᠲᠣᠭᠲᠠᠭᠠᠬᠤ ᠬᠦᠰᠦᠨᠦᠭᠲᠦ ᠪᠠᠨ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | ︵ᠬᠤᠶᠠᠷ︶ ᠬᠤᠳᠠᠯᠳᠤᠨ ᠠᠪᠤᠭᠰᠠᠨ ᠮᠡᠳᠡᠭᠡ ᠵᠠᠩᠭᠢ ᠶᠢ ᠢᠯᠡ ᠨᠡᠶᠢᠲᠡᠯᠡᠨ᠎ᠡ᠃ ᠦᠢᠯᠡᠴᠢᠯᠡᠭᠡᠨ ᠤ ᠲᠥᠷᠥᠯ | ᠵᠦᠢᠯ ᠬᠤᠳᠠᠯᠳᠤᠨ ᠠᠪᠬᠤ ᠲᠥᠰᠦᠪ ᠤᠨ ᠪᠡᠯᠡ ᠮᠥᠩᠭᠦ ᠶᠢᠨ ᠭᠤᠤᠯ ᠠᠭᠤᠯᠭ᠎ᠠ᠂ ᠳᠠᠭᠠᠭᠠᠨ ᠠᠪᠬᠤ ᠪᠠᠷᠢᠮᠵᠢᠶ᠎ᠠ᠂ | ᠳᠠᠭᠠᠭᠠᠨ ᠠᠪᠬᠤ ᠭᠤᠤᠯ ᠴᠣᠭᠴᠠ᠂ ᠬᠠᠷᠠᠯᠲᠠ ᠶᠢᠨ ᠱᠠᠭᠠᠷᠳᠠᠯᠭ᠎ᠠ ᠵᠡᠷᠭᠡ ᠮᠡᠳᠡᠭᠡ ᠵᠠᠩᠭᠢ ᠶᠢ ᠨᠡᠶᠢᠭᠡᠮ ᠨᠡᠶᠢᠲᠡ ᠳᠤ | ᠢᠯᠡ ᠨᠡᠶᠢᠲᠡᠯᠡᠵᠦ᠂ ᠢᠯᠡ ᠨᠡᠶᠢᠲᠡᠯᠡᠬᠦ ᠴᠠᠭ ᠬᠤᠭᠤᠴᠠᠭ᠎ᠠ ᠨᠢ 7 ᠠᠵᠢᠯᠯᠠᠬᠤ ᠡᠳᠦᠷ ᠪᠣᠯᠤᠨ᠎ᠠ᠃ | ︵ᠭᠤᠷᠪᠠ︶ ᠳᠠᠭᠠᠭᠠᠨ ᠠᠪᠬᠤ ᠭᠤᠤᠯ ᠴᠣᠭᠴᠠ ᠶᠢ ᠲᠣᠭᠲᠠᠭᠠᠬᠤ ᠬᠡᠷᠡᠭᠲᠡᠶ᠃ ᠮᠠᠨ ᠤ ᠲᠤᠭᠤᠷᠢᠭ ᠤᠨ | ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢᠨ ᠪᠠᠶᠢᠭᠤᠯᠤᠯᠲᠠ ᠳᠤ ᠠᠰᠢᠭ ᠲᠠᠢ᠂ ᠳᠠᠭᠠᠭᠠᠨ ᠠᠪᠬᠤ ᠭᠤᠤᠯ ᠴᠣᠭᠴᠠ ᠶᠢᠨ ᠨᠥᠬᠦᠴᠡᠯ ᠳᠤ | ᠨᠡᠶᠢᠴᠡᠬᠦ ᠠᠮᠢᠲᠠᠨ ᠤ ᠬᠢᠵᠢᠭ ᠰᠡᠷᠭᠡᠶᠢᠯᠡᠬᠦ ᠮᠡᠷᠭᠡᠵᠢᠯ ᠤᠨ ᠠᠵᠤ ᠠᠬᠤᠶᠢᠯᠠᠯ ᠪᠦᠬᠦᠨ ᠴᠥᠮ ᠨᠡᠷ᠎ᠡ ᠮᠡᠳᠡᠭᠦᠯᠵᠦ | ᠪᠣᠯᠵᠤ᠂ ᠵᠠᠷᠴᠢᠮ ᠳᠡᠭᠡᠷ᠎ᠡ ᠪᠠᠨ ᠳᠠᠩ ᠭᠠᠭᠴᠠ ᠢᠷᠡᠯᠲᠡ ᠶᠢᠨ ᠠᠷᠭ᠎ᠠ ᠮᠠᠶ᠋ᠢᠭ ᠢ ᠠᠪᠴᠤ ᠪᠠᠶᠢᠭᠠᠳ ᠳᠠᠭᠠᠭᠠᠨ | ᠠᠪᠬᠤ ᠦᠢᠯᠡᠴᠢᠯᠡᠭᠡᠨ ᠤ ᠭᠤᠤᠯ ᠴᠣᠭᠴᠠ ᠶᠢ ᠲᠣᠭᠲᠠᠭᠠᠬᠤ ᠶᠢᠨ ᠬᠠᠮᠲᠤ ᠣᠷᠣᠨ ᠤ ᠡᠳ᠋ ᠤᠨ ᠵᠠᠰᠠᠭ ᠤᠨ | ᠲᠣᠪᠴᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃ | ︵ᠳᠥᠷᠪᠡ︶ ᠬᠤᠳᠠᠯᠳᠤᠨ ᠠᠪᠬᠤ ᠭᠡᠷ᠎ᠡ ᠲᠣᠭᠲᠠᠭᠠᠨ᠎ᠠ᠃ ᠲᠤᠭᠤᠷᠢᠭ ᠤᠨ ᠮᠠᠯ ᠠᠵᠤ ᠠᠬᠤᠶ ᠮᠠᠯ | ᠡᠮᠨᠡᠯᠭᠡ ᠶᠢᠨ ᠲᠥᠪ ᠨᠢ ᠳᠠᠭᠠᠭᠠᠨ ᠠᠪᠬᠤ ᠭᠤᠤᠯ ᠴᠣᠭᠴᠠ ᠯᠤᠭ᠎ᠠ ᠦᠢᠯᠡᠴᠢᠯᠡᠭᠡᠨ ᠬᠤᠳᠠᠯᠳᠤᠨ ᠠᠪᠬᠤ ᠭᠡᠷ᠎ᠡ | ᠲᠣᠭᠲᠠᠬᠤ ︵ᠲᠠᠪᠤᠨ ᠵᠢᠯ ᠳᠤ ᠨᠢᠭᠡ ᠭᠡᠷ᠎ᠡ ᠲᠣᠭᠲᠠᠬᠤ︶︶ ᠦᠢᠯᠡᠴᠢᠯᠡᠭᠡ ᠬᠤᠳᠠᠯᠳᠤᠨ ᠠᠪᠬᠤ ᠬᠡᠪᠴᠢᠶ᠎ᠡ᠂ | ᠵᠣᠭᠤᠰ ᠤᠨ ᠲᠤᠭ᠎ᠠ᠂ ᠠᠭᠤᠯᠭ᠎ᠠ᠂ ᠲᠤᠭ᠎ᠠ ᠬᠡᠮᠵᠢᠶ᠎ᠡ᠂ ᠶᠠᠰᠤ ᠴᠢᠨᠠᠷ ᠤᠨ ᠱᠠᠭᠠᠷᠳᠠᠯᠭ᠎ᠠ ᠪᠠ ᠦᠢᠯᠡᠴᠢᠯᠡᠬᠦ | ᠬᠤᠭᠤᠴᠠᠭ᠎ᠠ᠂ ᠪᠡᠯᠡ ᠮᠥᠩᠭᠦ ᠥᠭᠬᠦ ᠠᠷᠭ᠎ᠠ ᠮᠠᠶ᠋ᠢᠭ᠂ ᠬᠤᠶᠠᠷ ᠲᠠᠯ᠎ᠠ ᠶᠢᠨ ᠡᠷᠬᠡ ᠠᠰᠢᠭ ᠡᠭᠦᠷᠭᠡ ᠵᠢᠴᠢ | ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠵᠡᠷᠭᠡ ᠶᠢ ᠲᠣᠳᠣᠷᠬᠠᠶᠢᠯᠠᠨ᠎ᠠ᠃ | ︵ᠲᠠᠪᠤ︶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠦᠢᠯᠡᠴᠢᠯᠡᠭᠡ ᠬᠠᠩᠭᠠᠬᠤ ᠭᠤᠤᠯ ᠴᠣᠭᠴᠠ ᠨᠢ ᠭᠡᠷ᠎ᠡ | ᠲᠣᠭᠲᠠᠬᠤ ᠶᠢ ᠴᠢᠩᠭ᠎ᠠ ᠬᠡᠷᠡᠭᠵᠢᠭᠦᠯᠵᠦ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡᠨ ᠤ | ᠲᠤᠭ᠎ᠠ ᠬᠡᠮᠵᠢᠶ᠎ᠡ᠂ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠪᠠᠲᠤᠯᠠᠵᠤ᠂ ᠲᠤᠬᠠᠶᠢᠯᠠᠭᠰᠠᠨ ᠠᠵᠢᠯ ᠤᠨ | ᠵᠢᠯᠣᠭᠤᠳᠬᠤ ᠰᠠᠯᠠᠭ᠎ᠠ ᠮᠥᠴᠢᠷ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠨᠡᠶᠢᠭᠡᠮ ᠤᠨ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠭᠡᠷ᠎ᠡ ᠳᠤ ᠪᠣᠯᠵᠣᠨ ᠲᠣᠭᠲᠠᠭᠰᠠᠨ ᠦᠢᠯᠡᠴᠢᠯᠡᠭᠡᠨ ᠤ | ᠵᠦᠢᠯᠡᠰ ᠢ ᠪᠡᠶᠡᠯᠡᠭᠦᠯᠦᠭᠰᠡᠨ ᠤ ᠳᠠᠷᠠᠭ᠎ᠠ᠂ ᠴᠠᠭ ᠲᠤᠬᠠᠶ ᠳᠤᠨᠢ ᠰᠢᠯᠭᠠᠨ ᠠᠪᠬᠤ ᠪᠠᠷ ᠭᠤᠶᠤᠴᠢᠯᠠᠬᠤ ᠬᠡᠷᠡᠭᠲᠡᠶ᠃ | ᠲᠠᠪᠤ᠂ ᠬᠢᠨᠠᠨ ᠰᠢᠯᠭᠠᠵᠤ ᠰᠢᠯᠭᠠᠨ ᠠᠪᠬᠤ | ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ ᠰᠢᠯᠭᠠᠨ ᠠᠪᠬᠤ ᠠᠵᠢᠯ ᠢ ᠵᠢᠯ ᠪᠦᠷᠢ ᠬᠤᠶᠠᠷ | ᠤᠳᠠᠭ᠎ᠠ ᠬᠤᠪᠢᠶᠠᠵᠤ ᠶᠠᠪᠤᠭᠳᠠᠭᠤᠯᠤᠨ᠎ᠠ᠃ ᠰᠢᠯᠭᠠᠨ ᠠᠪᠬᠤ ᠭᠤᠶᠤᠴᠢᠯᠠᠯ ᠢ ᠣᠯᠤᠭᠰᠠᠨ 5 ᠠᠵᠢᠯᠯᠠᠬᠤ ᠡᠳᠦᠷ ᠤᠨ | ᠳᠣᠲᠣᠷ᠎ᠠ᠂ ᠲᠣᠭᠤᠷᠢᠭ ᠤᠨ ᠮᠠᠯ ᠠᠵᠤ ᠠᠬᠤᠶ ᠮᠠᠯ ᠡᠮᠨᠡᠯᠭᠡ ᠶᠢᠨ ᠲᠥᠪ ᠢᠶᠠᠷ ᠲᠦᠷᠦᠭᠦᠯᠡᠭᠦᠯᠦᠨ᠂ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠤᠯᠠᠭᠠᠨ ᠨᠠᠭᠤᠷ ᠪᠠᠯᠭᠠᠰᠤ᠂ ᠡᠯ᠎ᠡ ᠬᠡᠷᠡᠭ | ᠡᠷᠬᠢᠯᠡᠬᠦ ᠭᠠᠵᠠᠷ ᠲᠠᠢ ᠬᠤᠯᠪᠣᠭᠠᠯᠠᠵᠤ ᠰᠢᠯᠭᠠᠨ ᠠᠪᠬᠤ ᠳᠤᠭᠤᠶᠢᠯᠠᠩ ᠪᠠᠶᠢᠭᠤᠯᠤᠨ᠎ᠠ︔ ᠲᠠᠩᠰᠠ ᠡᠪᠬᠡᠮᠡᠯ ᠤᠨ | ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠡᠷᠦᠬᠡ ᠳᠤ ᠬᠦᠷᠴᠦ ᠰᠤᠭᠤᠴᠢᠨ ᠪᠠᠶᠢᠴᠠᠭᠠᠬᠤ᠂ | ᠡᠭᠡᠯᠢᠯᠡᠭᠡ ᠶᠢᠨ ᠡᠰᠡᠷᠭᠦᠴᠡᠭᠴᠢ ᠶᠢᠨ ᠬᠢᠷᠢ ᠬᠡᠮᠵᠢᠶ᠎ᠡ ᠶᠢ ᠪᠠᠶᠢᠴᠠᠭᠠᠨ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠬᠢᠨᠠᠨ ᠰᠢᠯᠭᠠᠵᠤ ᠰᠢᠯᠭᠠᠨ ᠠᠪᠤᠨ᠎ᠠ᠃ ᠰᠢᠯᠭᠠᠨ ᠬᠤᠷᠢᠶᠠᠭᠰᠠᠨ ᠤ ᠳᠠᠷᠠᠭ᠎ᠠ᠂ ︽ᠤᠳᠠ | ᠲᠣᠭᠤᠷᠢᠭ ᠤᠨ ᠵᠠᠰᠠᠭ ᠤᠨ ᠣᠷᠳᠣᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠬᠤᠳᠠᠯᠳᠤᠨ ᠠᠪᠴᠤ | ᠰᠢᠯᠭᠠᠨ ᠠᠪᠬᠤ ᠬᠤᠪᠢ ᠲᠣᠭᠲᠠᠭᠠᠬᠤ ᠬᠦᠰᠦᠨᠦᠭᠲᠦ︾ ᠶᠢ ᠪᠣᠶ ᠪᠣᠯᠭᠠᠵᠤ᠂ ᠲᠠᠩᠰᠠ ᠡᠪᠬᠡᠮᠡᠯ ᠦᠯᠡᠳᠡᠭᠡᠨ | ᠬᠠᠳᠠᠭᠠᠯᠠᠪᠠ᠃ ᠰᠢᠯᠭᠠᠨ ᠦᠨᠡᠯᠡᠬᠦ ᠳᠤ ᠵᠠᠭᠤᠨ ᠤ ᠬᠤᠪᠢ ᠶᠢᠨ ᠳᠦᠷᠢᠮ ᠢᠶᠠᠷ ᠬᠤᠪᠢ ᠪᠣᠳᠣᠪᠠᠯ᠂ ᠶᠡᠷᠦᠩᠬᠡᠢ | ᠣᠯᠤᠭᠰᠠᠨ ᠬᠤᠪᠢ ᠨᠢ 70 ᠬᠤᠪᠢ ᠠᠴᠠ ᠳᠡᠭᠡᠭᠰᠢ ︵70 ᠬᠤᠪᠢ ᠪᠠᠭᠲᠠᠨ᠎ᠠ︶ ᠶᠢᠨ ᠦᠢᠯᠡᠴᠢᠯᠡᠭᠡᠨ ᠤ ᠪᠡᠯᠡ | ᠮᠥᠩᠭᠦ ᠥᠭᠬᠦ ᠬᠠᠷᠢᠴᠠᠯ ᠨᠢ 100 ᠬᠤᠪᠢ ᠠᠴᠠ ᠳᠣᠷᠣᠭᠰᠢ︔ ᠶᠡᠷᠦᠩᠬᠡᠶᠢᠯᠡᠭᠰᠡᠨ ᠣᠯᠤᠭᠰᠠᠨ ᠬᠤᠪᠢ ᠨᠢ 70 | ᠬᠤᠪᠢ ᠠᠴᠠ ᠳᠣᠷᠣᠭᠰᠢ ᠪᠣᠯ ᠬᠢᠷᠢ ᠲᠡᠩᠴᠡᠬᠦ ᠦᠭᠡᠢ ᠪᠣᠯᠤᠨ᠎ᠠ᠂ ᠠᠵᠢᠯ ᠢᠶᠠᠨ ᠪᠡᠶᠡᠯᠡᠭᠦᠯᠦᠭᠰᠡᠨ ᠦᠭᠡᠢ | ᠬᠡᠮᠵᠢᠶ᠎ᠡ ᠪᠠᠷ ᠵᠣᠬᠢᠬᠤ ᠬᠠᠷᠢᠴᠠᠯ ᠤᠨ ᠪᠡᠯᠡ ᠮᠥᠩᠭᠦ ᠶᠢ ᠬᠠᠰᠤᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ | ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠦᠭᠡᠢ ᠪᠤᠶᠤ | ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠦᠭᠡᠢ ᠪᠣᠯ ᠮᠥᠨ ᠬᠦ ᠬᠢᠷᠢ ᠲᠡᠩᠴᠡᠭᠰᠡᠨ ᠦᠭᠡᠢ ᠪᠠᠶᠢᠪᠠᠯ᠂ | ᠪᠡᠯᠡ ᠮᠥᠩᠭᠦ ᠶᠢ ᠰᠠᠭᠤᠯᠭᠠᠵᠤ ᠪᠣᠯᠬᠤ ᠦᠭᠡᠢ︔ ᠦᠷᠭᠦᠯᠵᠢᠯᠡᠨ ᠬᠤᠶᠠᠷ ᠤᠳᠠᠭ᠎ᠠ ᠰᠢᠯᠭᠠᠨ ᠬᠢᠨᠠᠵᠤ ᠰᠢᠯᠭᠠᠨ | ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠭᠡᠷ᠎ᠡ ᠶᠢ ᠬᠦᠴᠦᠨ ᠦᠭᠡᠢ ᠪᠣᠯᠭᠠᠵᠤ ᠳᠠᠬᠢᠨ ᠳᠠᠭᠠᠭᠠᠴᠢᠯᠠᠯᠲᠠ | ᠵᠠᠷᠯᠠᠬᠤ ᠪᠤᠯᠤᠨ᠎ᠠ᠃ | |