ᠵᠠᠩ ᠵᠢᠶᠠᠨ ᠭᠦᠸᠧ ᠪᠣᠯ ᠪᠢᠨᠬᠠᠢ ᠵᠡᠭᠡᠯᠢ ᠭᠤᠳᠤᠮᠵᠢ ᠶᠢᠨ ᠪᠦᠯᠬᠦᠮᠳᠡᠯ ᠬᠤᠶᠢᠲᠤ ᠵᠠᠮ ᠤᠨ ᠨᠡᠶᠢᠭᠡᠮ | ᠲᠣᠭᠤᠷᠢᠭ ᠤᠨ ᠰᠢᠨ ᠫᠢᠩ ᠰᠠᠭᠤᠭᠠᠯᠢ ᠲᠣᠭᠤᠷᠢᠭ ᠤᠨ ᠨᠠᠮ ᠤᠨ ᠡᠭᠦᠷ ᠤᠨ ᠨᠢᠭᠡᠨ ᠠᠬᠠᠮᠠᠳ ᠨᠠᠮ ᠤᠨ ᠭᠡᠰᠢᠭᠦᠨ᠂ | 65 ᠨᠠᠰᠤᠲᠠᠶ ᠲᠡᠷᠡ ᠮᠥᠨ ᠯᠡ ᠨᠠᠮ ᠤᠨ ᠭᠡᠰᠢᠭᠦᠨ ᠤ ︽ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ︾ ᠪᠠᠷ | ᠥᠪᠡᠷ ᠤᠨ ᠦᠢᠯᠡ ᠠᠵᠢᠯᠯᠠᠭ᠎ᠠ ᠪᠠᠨ ᠵᠢᠷᠤᠮᠵᠢᠭᠤᠯᠵᠤ᠂ ᠨᠡᠶᠢᠭᠡᠮ ᠲᠣᠭᠤᠷᠢᠭ ᠤᠨ ᠠᠵᠢᠯ ᠢ ᠲᠡᠮᠵᠢᠵᠤ᠂ ᠲᠡᠭᠦᠨ ᠳᠤ | ᠣᠷᠣᠯᠴᠠᠵᠤ᠂ ᠴᠢᠳᠠᠯ ᠬᠢᠷᠢ ᠪᠠᠷ ᠢᠶᠠᠨ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠳᠤ ᠬᠦᠴᠦ ᠨᠡᠮᠡᠵᠦ᠂ | ᠦᠯᠡᠳᠡᠪᠦᠷᠢ ᠢᠯᠴᠢ ᠪᠠᠨ ᠢᠳᠡᠪᠬᠢᠲᠡᠢ ᠪᠠᠳᠠᠷᠠᠭᠤᠯᠵᠤ᠂ ᠥᠲᠡᠯᠦᠭᠡ ᠨᠠᠰᠤᠨ ᠳᠠᠭᠠᠨ ᠵᠢᠳᠬᠦᠯ ᠴᠢᠷᠮᠠᠶᠢᠯᠭ᠎ᠠ | ᠭᠠᠷᠭᠠᠵᠤ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠶᠢ ᠲᠠᠶᠢᠯᠪᠤᠷᠢᠯᠠᠪᠠ᠃ | | ᠰᠠᠭᠤᠭᠠᠯᠢ ᠠᠷᠠᠳ ᠤᠨ ᠲᠤᠭᠤᠷᠢᠭ ᠤᠨ ︽ᠤᠴᠢᠷ ᠪᠦᠬᠦᠨ ᠳᠤ ᠨᠡᠪᠲᠡᠷᠡᠬᠦ︾ | ᠮᠠᠷᠭᠠᠰᠢ ᠰᠠᠭᠤᠭᠠᠯᠢ ᠠᠷᠠᠳ ᠤᠨ ᠲᠣᠭᠤᠷᠢᠭ ᠤᠰᠤ ᠵᠣᠭᠰᠤᠵᠣ᠂ ᠨᠥᠭᠦᠭᠡᠳᠦᠷ ᠰᠠᠭᠤᠭᠠᠯᠢ ᠠᠷᠠᠳ ᠤᠨ | ᠲᠣᠭᠤᠷᠢᠭ ᠰᠢᠲᠠᠮᠠᠬᠠᠶ ᠬᠡᠢ ᠵᠣᠭᠰᠣᠬᠤ᠂ ᠳᠤᠯᠠᠭᠠᠯᠠᠭ᠎ᠠ ᠶᠢᠨ ᠵᠠᠷᠤᠳᠠᠯ ᠤᠨ ᠨᠥᠬᠦᠪᠥᠷᠢ ᠬᠡᠳᠦᠶ ᠴᠠᠭ ᠬᠦᠷᠴᠦ | ᠢᠷᠡᠬᠦ᠂ ᠡᠶᠢᠮᠦᠷᠬᠦᠦ ᠮᠡᠳᠡᠭᠡ ᠵᠠᠩᠭᠢ ᠵᠠᠩ ᠵᠢᠶᠠᠨ ᠭᠦᠸᠧ ᠶᠡᠷᠦ ᠨᠢ ᠮᠡᠳᠡᠵᠦ ᠲᠡᠷᠡ ᠳᠠᠷᠤᠶ ᠳᠤᠨᠢ ᠰᠠᠭᠤᠭᠠᠯᠢ | ᠠᠷᠠᠳ ᠤᠨ ᠲᠣᠭᠤᠷᠢᠭ ᠤᠨ ᠰᠦᠷᠦᠭᠵᠢᠯ ᠳᠤ ᠬᠦᠷᠭᠡᠵᠦ ᠣᠯᠠᠨ ᠳᠤ ᠬᠤᠪᠢᠶᠠᠯᠴᠠᠭᠤᠯᠳᠠᠭ᠂ ᠲᠡᠷᠡ ᠥᠪᠡᠷ ᠤᠨ | ᠭᠠᠷ ᠤᠲᠠᠰᠤᠨ ᠤ ᠨᠣᠮᠧᠷ ᠢᠶᠠᠨ ᠰᠠᠭᠤᠭᠠᠯᠢ ᠠᠷᠠᠳ ᠤᠨ ᠲᠣᠭᠤᠷᠢᠭ ᠤᠨ ᠬᠥᠷᠰᠢ ᠵᠡᠷᠭᠡᠯᠡᠳᠡᠭᠡ ᠳᠤ ᠦᠯᠡᠳᠡᠭᠡᠵᠦ᠂ | ᠬᠡᠨ ᠰᠡᠵᠢᠭ ᠲᠠᠢ ᠪᠣᠯ ᠲᠡᠭᠦᠨ ᠢ ᠬᠡᠵᠢᠶ᠎ᠡ ᠴᠦ ᠪᠦᠷ ᠡᠷᠢᠵᠦ ᠣᠯᠳᠠᠭ᠂ ᠲᠡᠭᠦᠨ ᠢ ᠰᠠᠭᠤᠭᠠᠯᠢ ᠠᠷᠠᠳ ᠤᠨ | ᠲᠣᠭᠤᠷᠢᠭ ᠤᠨ ︽ᠪᠦᠬᠦᠠ ᠢ ᠮᠡᠳᠡᠭᠴᠢ︾ ᠭᠡᠵᠦ ᠨᠡᠷᠡᠯᠡᠪᠡ᠃ | | ᠰᠠᠭᠤᠭᠠᠯᠢ ᠠᠷᠠᠳ ᠤᠨ ᠲᠣᠭᠤᠷᠢᠭ ᠤᠨ ︽ᠬᠠᠯᠠᠭᠤᠨ ᠰᠡᠳᠬᠢᠯᠲᠦ ᠬᠥᠮᠦᠨ︾ | ᠪᠦᠯᠬᠦᠮᠳᠡᠯ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠰᠢᠨ ᠶᠤᠸᠠᠨ ᠰᠠᠭᠤᠭᠠᠯᠢ ᠲᠣᠭᠤᠷᠢᠭ ᠤᠨ | ᠨᠠᠮ ᠤᠨ ᠡᠭᠦᠷ ᠤᠨ ᠪᠦᠷᠢᠯᠳᠦᠬᠦᠨ ᠪᠣᠯᠤᠭᠰᠠᠨ ᠤ ᠬᠤᠪᠢ ᠳᠤ᠂ ᠵᠠᠩ ᠵᠢᠶᠠᠨ ᠭᠦᠸᠧ ᠬᠡᠬᠦᠳᠡᠭ ᠳᠦᠭᠦᠷᠡᠩ | ᠬᠠᠯᠠᠭᠤᠨ ᠰᠡᠳᠬᠢᠯᠭᠡ ᠪᠠᠨ ᠪᠦᠬᠦᠨ ᠢ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠰᠠᠶᠢᠨ ᠳᠤᠷ᠎ᠠ ᠶᠢᠨ | ᠦᠢᠯᠡᠴᠢᠯᠡᠭᠡ ᠳᠤ ᠣᠷᠣᠭᠤᠯᠵᠤ᠂ ᠦᠷᠭᠦᠯᠵᠢ ᠰᠠᠭᠤᠭᠠᠯᠢ ᠠᠷᠠᠳ ᠤᠨ ᠭᠡᠷ ᠲᠤ ᠬᠦᠷᠴᠦ ᠰᠤᠷᠪᠤᠯᠵᠢᠯᠠᠵᠤ᠂ | ᠲᠡᠳᠡᠨ ᠤ ᠬᠡᠷᠡᠭᠴᠡᠭᠡ ᠶᠢ ᠣᠶᠢᠯᠠᠭᠠᠵᠤ᠂ ᠰᠠᠭᠤᠭᠠᠯᠢ ᠠᠷᠠᠳ ᠲᠠᠢ ︽ᠨᠢᠭᠡ ᠬᠡᠰᠡᠭ ᠪᠣᠯᠭᠠᠬᠤ︾ ᠶᠢ ᠪᠡᠶᠡᠯᠡᠭᠦᠯᠵᠦ᠂ | ᠰᠠᠭᠤᠭᠠᠯᠢ ᠠᠷᠠᠳ ᠲᠤ ᠡᠯ᠎ᠡ ᠵᠦᠢᠯ ᠤᠨ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠬᠦᠷᠢᠶᠡᠯᠡᠯ ᠢ | ᠶᠡᠬᠡᠳᠡ ᠣᠯᠵᠠᠶ᠃ ᠣᠳᠣᠬᠠᠨ ᠳᠤ᠂ ᠰᠢᠨ᠎ᠡ ᠴᠡᠴᠡᠷᠯᠢᠭ ᠤᠨ ᠲᠣᠭᠤᠷᠢᠭ ᠲᠤ ᠵᠠᠩ ᠵᠢᠶᠠᠨ ᠭᠦᠸᠧ ᠶᠢ | ᠳᠤᠷᠠᠳᠤᠮᠠᠭᠴᠠ ᠬᠥᠷᠰᠢ ᠵᠡᠷᠭᠡᠯᠡᠳᠡᠭᠡ ᠶᠢᠨ ᠬᠢᠨ ᠮᠡᠳᠡᠬᠦ ᠦᠭᠡᠢ ᠬᠥᠮᠥᠨ ᠦᠭᠡᠢ᠂ ᠲᠡᠭᠦᠨ ᠢ ᠡᠷᠢᠵᠦ | ᠬᠠᠪᠰᠤᠷᠬᠤ ᠪᠠᠷ ᠢᠷᠡᠬᠦ ᠳᠤᠷᠠᠲᠠᠢ ᠪᠠᠶᠢᠳᠠᠭ᠃ ᠬᠥᠷᠰᠢ ᠵᠡᠷᠭᠡᠯᠡᠳᠡᠭᠡ ᠶᠢᠨ ᠡᠶ᠎ᠡ ᠵᠣᠬᠢᠴᠠᠯ ᠢ ᠠᠬᠢᠭᠤᠯᠵᠤ᠂ | ᠰᠠᠭᠤᠭᠠᠯᠢ ᠠᠷᠠᠳ ᠤᠨ ᠬᠤᠭᠤᠷᠣᠨᠳᠣᠬᠢ ᠰᠣᠯᠢᠯᠴᠠᠭ᠎ᠠ ᠶᠢ ᠴᠢᠩᠭᠠᠳᠬᠠᠬᠤ ᠶᠢᠨ ᠲᠥᠯᠥᠭᠡ᠂ ᠵᠠᠩ ᠵᠢᠶᠠᠨ ᠭᠦᠸᠧ | ᠦᠷᠭᠦᠯᠵᠢ ᠨᠡᠶᠢᠭᠡᠮ ᠲᠣᠭᠤᠷᠢᠭ ᠤᠨ ᠠᠵᠢᠯᠲᠠᠳ ᠲᠠᠢ ᠵᠥᠪᠳᠡᠯᠴᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠡᠯ᠎ᠡ | ᠵᠦᠢᠯ ᠤᠨ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ᠂ ᠤᠨᠤᠯ ᠤᠨ ᠮᠡᠳᠡᠯᠭᠡ ᠶᠢᠨ ᠰᠤᠷᠤᠯᠴᠠᠯᠭ᠎ᠠ ᠵᠢᠴᠢ | ᠠᠷᠠᠳ ᠲᠤ ᠠᠰᠢᠭ ᠬᠦᠷᠲᠡᠭᠡᠬᠦ ᠲᠠᠶᠢᠯᠤᠮᠵᠢ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠭᠤᠭᠠᠯᠢ ᠠᠷᠠᠳ ᠢ | ᠳᠠᠭᠠᠭᠤᠯᠤᠨ ᠣᠷᠣᠯᠴᠠᠭᠤᠯᠵᠤ᠂ ᠤᠯᠠᠨ ᠢ ᠨᠡᠩ ᠤᠯᠠᠨ ᠰᠣᠩᠭᠤᠯᠲᠠ ᠪᠠᠷ ᠰᠤᠯᠠ ᠰᠡᠯᠡᠭᠦᠦ ᠴᠠᠭ ᠢᠶᠠᠨ | ᠪᠠᠶᠠᠯᠢᠭᠵᠢᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠦᠴᠦᠲᠡᠢ ᠳᠡᠮᠵᠢᠯᠭᠡ ᠶᠢ ᠣᠯᠵᠠᠢ᠃ | | ᠰᠠᠭᠤᠭᠠᠯᠢ ᠲᠤᠭᠤᠷᠢᠭ ᠤᠨ ︽ᠰᠠᠶᠢᠨ ᠴᠢᠳᠠᠪᠤᠷᠢᠳᠠᠨ︾ | ᠪᠣᠯᠪᠠᠰᠤᠨ ᠬᠤᠳᠠ ᠶᠢ ᠡᠭᠦᠳᠦᠨ ᠪᠠᠶᠢᠭᠤᠯᠵᠤ ᠤᠯᠠᠨ ᠲᠦᠮᠡᠨ ᠳᠤ ᠠᠰᠢᠭ ᠬᠦᠷᠲᠡᠭᠡᠵᠦ᠂ ᠵᠠᠩ ᠵᠢᠶᠠᠨ | ᠭᠦᠸᠧ ᠠᠬᠠᠮᠠᠳ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠨᠢᠭᠡᠨ ᠥᠮᠴᠢᠲᠡᠨ ᠤ ᠰᠣᠩᠭᠤᠨ ᠭᠠᠷᠭᠠᠭᠰᠠᠨ | ᠥᠮᠴᠢᠲᠡᠨ ᠤ ᠵᠥᠪᠯᠡᠯ ᠤᠨ ᠡᠷᠬᠢᠯᠡᠭᠴᠢ ᠪᠣᠯᠤᠭᠰᠠᠨ ᠤ ᠬᠤᠪᠢ ᠳᠤ᠂ ᠲᠡᠷᠡ ᠲᠤᠰ ᠶᠠᠪᠤᠳᠠᠯ ᠤᠨ ᠴᠢᠬᠤᠯᠠ ᠶᠡᠭᠡ | ᠠᠴᠢ ᠬᠤᠯᠪᠣᠭᠳᠠᠯ ᠢ ᠭᠦᠨᠵᠡᠭᠡᠢ ᠣᠶᠢᠯᠠᠭᠠᠪᠠ᠃ ᠵᠢᠵᠢᠭ ᠲᠣᠭᠤᠷᠢᠭ ᠤᠨ ᠨᠣᠭᠤᠭᠠᠷᠠᠭᠤᠯᠤᠯᠲᠠ ᠶᠢᠨ ᠲᠠᠯ᠎ᠠ ᠪᠠᠷ | ᠪᠠᠭ᠎ᠠ ᠠᠴᠠ ᠨᠢᠭᠡ ᠴᠡᠴᠡᠭ ᠨᠢᠭᠡ ᠡᠪᠡᠰᠦ ᠲᠠᠷᠢᠬᠤ ᠬᠦᠷᠲᠡᠯ᠎ᠡ᠂ ᠶᠡᠭᠡ ᠠᠴᠠ ᠬᠠᠲᠠᠭᠤ ᠲᠣᠨᠤᠭ ᠲᠥᠬᠦᠭᠡᠷᠦᠮᠵᠢ ᠶᠢ | ᠠᠮᠤᠷ ᠲᠦᠪᠰᠢᠨ ᠢᠶᠠᠷ ᠭᠤᠶᠣᠯᠠᠬᠤ ᠠᠰᠠᠭᠤᠳᠠᠯ ᠬᠦᠷᠲᠡᠯ᠎ᠡ᠂ ᠵᠠᠩ ᠵᠢᠶᠠᠨ ᠭᠦᠸᠧ ᠴᠥᠮ ᠳᠠᠭᠠᠭᠠᠴᠢᠯᠠᠨ | ᠬᠤᠯᠪᠣᠭᠠᠯᠠᠵᠤ ᠬᠠᠮᠲᠤᠪᠠᠷ ᠪᠠᠶᠢᠭᠤᠯᠬᠤ ᠨᠢᠭᠡᠴᠡ ᠳᠤ ᠨᠢᠭᠡ ᠨᠢᠭᠡ ᠪᠠᠷ ᠵᠠᠳᠠᠯᠤᠯᠲᠠ ᠬᠢᠬᠦ ᠶᠢᠨ ᠬᠠᠮᠲᠤ ᠴᠠᠭ | ᠲᠤᠬᠠᠢ ᠳᠤᠨᠢ ᠮᠡᠳᠡᠭᠦᠯᠵᠦ᠂ ᠳᠠᠷᠠᠭᠠᠴᠢ ᠶᠢᠨ ᠠᠯᠬᠤᠮ ᠤᠨ ᠲᠥᠯᠥᠪᠵᠢᠭᠦᠯᠭᠡ ᠪᠠ ᠴᠡᠭᠴᠡᠯᠡᠨ ᠰᠠᠶᠢᠵᠢᠷᠠᠭᠤᠯᠬᠤ | ᠲᠤᠬᠠᠢ ᠰᠤᠳᠤᠯᠤᠨ ᠶᠠᠷᠢᠯᠴᠠᠪᠠ᠃ ᠵᠢᠱᠢᠶᠡᠯᠡᠪᠡᠯ ᠰᠢᠨ ᠫᠢᠩ ᠰᠠᠭᠤᠭᠠᠯᠢ ᠲᠣᠭᠤᠷᠢᠭ ᠤᠨ 2 ᠳ᠋ᠤᠭᠠᠷ ᠠᠰᠠᠷ ᠤᠨ | ᠡᠭᠦᠳᠡᠨ ᠡᠮᠦᠨᠡᠬᠢ ᠭᠠᠵᠠᠷ ᠰᠢᠷᠣᠶ ᠨᠢ ᠢᠯᠡ ᠭᠠᠷᠤᠭᠰᠠᠨ ᠲᠠᠯᠠᠪᠠᠶ ᠨᠡᠯᠢᠶᠡᠳ ᠶᠡᠭᠡ᠂ ᠰᠠᠯᠬᠢ ᠪᠣᠷᠣᠭᠠᠨ ᠣᠷᠣᠬᠤ | ᠪᠦᠷᠢ ᠵᠠᠮ ᠳᠡᠭᠡᠷ᠎ᠡ ᠬᠤᠭ ᠨᠣᠪᠰᠢ ᠵᠢᠴᠢ ᠰᠢᠪᠠᠷ ᠰᠢᠪᠠᠷ ᠪᠠᠶᠢᠵᠤ᠂ ᠰᠠᠭᠤᠭᠠᠯᠢ ᠠᠷᠠᠳ ᠤᠨ ᠠᠮᠢᠳᠤᠷᠠᠯ ᠳᠤ | ᠲᠦᠢᠯ ᠤᠨ ᠳᠥᠭᠦᠮ ᠦᠭᠡᠢ ᠪᠣᠯᠵᠤ᠂ ᠪᠦᠬᠦ᠋ᠢᠯᠡ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠴᠥᠮ | ᠨᠥᠯᠥᠭᠡᠯᠡᠭᠳᠡᠪᠡ᠃ ᠵᠠᠩ ᠵᠢᠶᠠᠨ ᠭᠦᠸᠧ ᠨᠥᠬᠦᠷ ᠲᠤᠰ ᠠᠰᠠᠭᠤᠳᠠᠯ ᠢ ᠣᠯᠵᠤ ᠮᠡᠳᠡᠭᠰᠡᠨ ᠤ ᠳᠠᠷᠠᠭ᠎ᠠ᠂ | ᠳᠠᠭᠠᠭᠠᠴᠢᠯᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ ᠨᠢᠭᠡᠴᠡ ᠶᠢᠨ ᠬᠠᠮᠢᠶ᠎ᠠ ᠪᠦᠬᠦᠢ ᠬᠥᠮᠦᠰ ᠲᠠᠢ ᠢᠳᠡᠪᠬᠢᠲᠡᠢ | ᠬᠠᠷᠢᠯᠴᠠᠬᠤ ᠶᠢᠨ ᠬᠠᠮᠲᠤ ᠰᠠᠭᠤᠭᠠᠯᠢ ᠠᠷᠠᠳ ᠤᠨ ᠰᠠᠨᠠᠯ ᠢ ᠬᠤᠷᠢᠶᠠᠵᠤ᠂ ᠡᠨᠡ ᠬᠦ ᠠᠰᠠᠭᠤᠳᠠᠯ ᠢ ᠬᠡᠷᠬᠢᠨ | ᠴᠡᠭᠴᠡᠯᠡᠨ ᠰᠠᠶᠢᠵᠢᠷᠠᠭᠤᠯᠬᠤ ᠲᠤᠬᠠᠢ ᠰᠤᠳᠤᠯᠵᠤ᠂ ᠬᠠᠮᠤᠭ ᠡᠴᠦᠰ ᠲᠤ ᠤᠯᠠᠨ ᠢᠶᠠᠷ ᠢᠶᠠᠨ ᠬᠠᠮᠲᠤ ᠶᠢᠨ | ᠲᠠᠨᠢᠯᠲᠠ ᠲᠠᠢ ᠪᠤᠯᠵᠤ᠂ ᠵᠠᠮ ᠤᠨ ᠭᠠᠳᠠᠷᠭᠤ ᠶᠢ ᠬᠠᠲᠠᠭᠤᠷᠠᠭᠤᠯᠬᠤ᠂ ᠲᠡᠷᠭᠡ ᠵᠣᠭᠰᠣᠭᠠᠬᠤ ᠱᠤᠭᠤᠮ ᠢ | ᠲᠥᠯᠥᠪᠵᠢᠭᠦᠯᠬᠦ ᠪᠠᠷ ᠳᠠᠮᠵᠢᠭᠤᠯᠵᠤ᠂ ᠪᠣᠬᠢᠷᠲᠤᠯ ᠤᠨ ᠠᠰᠠᠭᠤᠳᠠᠯ ᠢ ᠰᠢᠢᠳᠪᠦᠷᠢᠯᠡᠬᠦ ᠮᠥᠷᠲᠡᠭᠡᠨ ᠪᠠᠰᠠ ᠲᠡᠷᠭᠡ | ᠵᠣᠭᠰᠣᠭᠠᠬᠤ ᠠᠰᠠᠭᠤᠳᠠᠯ ᠢ ᠴᠤ ᠰᠢᠢᠳᠪᠦᠷᠢᠯᠡᠪᠡ᠃ ᠡᠨᠡ ᠬᠦ ᠶᠠᠪᠤᠳᠠᠯ ᠳᠤ ᠰᠠᠭᠤᠭᠠᠯᠢ ᠠᠷᠠᠳ ᠤᠨ ᠬᠠᠮᠲᠤ ᠶᠢᠨ | ᠰᠠᠶᠢᠨ ᠦᠨᠡᠯᠡᠯᠲᠡ ᠶᠢ ᠣᠯᠤᠭᠰᠠᠨ ᠪᠥᠭᠡᠳ ᠬᠤᠳᠠ ᠶᠢ ᠪᠠᠶᠢᠭᠤᠯᠬᠤ ᠨᠢ ᠤᠯᠠᠨ ᠳᠤ ᠦᠨᠡᠨ ᠪᠣᠳᠠᠲᠠᠢ ᠠᠰᠢᠭ | ᠬᠦᠷᠲᠡᠭᠡᠬᠦ ᠶᠢ ᠰᠠᠭᠤᠭᠠᠯᠢ ᠠᠷᠠᠳ ᠲᠤ ᠮᠡᠳᠡᠭᠦᠯᠵᠡᠢ᠃ | | ᠬᠢᠵᠢᠭ ᠲᠠᠢ ᠲᠡᠮᠡᠴᠡᠬᠦ ︽ᠡᠭᠦᠳᠡ ᠰᠠᠬᠢᠭᠴᠢ︾ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠬᠤᠭᠤᠴᠠᠭᠠᠨ ᠳᠤ᠂ ᠵᠠᠩ ᠵᠢᠶᠠᠨ | ᠭᠦᠸᠧ ᠨᠡᠶᠢᠭᠡᠮ ᠲᠣᠭᠤᠷᠢᠭ ᠤᠨ ᠨᠢᠭᠡᠳᠦᠭᠡᠷ ᠹᠷᠣᠨᠲ ᠤᠨ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ | ᠣᠷᠣᠯᠴᠠᠵᠤ᠂ ︽ᠬᠢᠵᠢᠭ ᠲᠠᠢ ᠲᠡᠮᠡᠴᠡᠬᠦ︾ ᠤᠬᠠᠭᠤᠯᠤᠭᠴᠢ᠂ ᠦᠢᠯᠡᠳᠦᠯᠭᠡᠵᠢᠭᠦᠯᠦᠭᠴᠢ ᠪᠠ ᠵᠢᠱᠢᠶ᠎ᠡ | ᠦᠵᠡᠭᠦᠯᠦᠭᠴᠢ ᠪᠣᠯᠪᠠ᠃ ᠲᠡᠷᠡ ᠰᠢᠨ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠳᠠᠬᠢ | ᠬᠢᠵᠢᠭ ᠤᠨ ᠪᠠᠶᠢᠳᠠᠯ ᠤᠨ ᠨᠢᠭᠡᠳᠦᠭᠡᠷ ᠹᠷᠣᠨᠲ ᠲᠤ᠂ ᠣᠷᠣᠵᠤ ᠭᠠᠷᠬᠤ ᠬᠥᠮᠦᠰ ᠲᠤ ᠮᠡᠳᠡᠭᠡ ᠵᠠᠩᠭᠢ ᠶᠢ ᠳᠡᠩᠰᠡᠯᠡᠨ | ᠲᠡᠮᠳᠡᠭᠯᠡᠵᠦ᠂ ᠪᠡᠶ᠎ᠡ ᠶᠢᠨ ᠳᠤᠯᠠᠭᠠᠨ ᠢ ᠬᠡᠮᠵᠢᠨ᠂ ᠬᠢᠵᠢᠭ ᠢ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂ ᠨᠡᠶᠢᠭᠡᠮ | ᠲᠣᠭᠤᠷᠢᠭ ᠤᠨ ᠠᠵᠢᠯᠲᠠᠳ ᠢ ᠬᠠᠪᠰᠤᠷᠤᠨ ᠭᠠᠳᠠᠨ᠎ᠠ ᠠᠴᠠ ᠢᠷᠡᠭᠰᠡᠨ ᠬᠥᠮᠦᠰ ᠢ ᠨᠢᠭᠡᠳ ᠨᠢᠭᠡ ᠪᠠᠷ ᠵᠢᠭᠰᠠᠭᠠᠨ | ᠪᠠᠶᠢᠴᠠᠭᠠᠵᠤ᠂ ᠳᠡᠩᠰᠡᠯᠡᠨ ᠲᠡᠮᠳᠡᠭᠯᠡᠪᠡ᠃ ᠵᠠᠷᠢᠮ ᠬᠠᠮᠵᠢᠯᠴᠠᠬᠤ ᠦᠭᠡᠢ ᠰᠠᠭᠤᠭᠠᠯᠢ ᠠᠷᠠᠳ ᠲᠤ ᠵᠠᠩ ᠵᠢᠶᠠᠨ | ᠭᠦᠸᠧ ᠶᠡᠷᠦ ᠨᠢ ᠲᠠᠶᠢᠯᠪᠤᠷᠢᠯᠠᠬᠤ ᠠᠵᠢᠯ ᠢ ᠬᠦᠯᠢᠴᠡᠩᠭᠦᠢ ᠪᠠᠷ ᠰᠠᠶᠢᠲᠤᠷ ᠬᠢᠵᠦ᠂ ᠥᠪᠡᠷ ᠢ ᠪᠠᠨ ᠬᠠᠮᠠᠭᠠᠯᠠᠬᠤ | ᠠᠵᠢᠯ ᠢ ᠴᠢᠩᠭᠠᠳᠬᠠᠬᠤ ᠶᠢ ᠰᠠᠨᠠᠭᠤᠯᠪᠠ᠃ ᠰᠠᠭᠤᠭᠠᠯᠢ ᠠᠷᠠᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠲᠡᠷᠡ | ᠪᠠᠰᠠ ᠴᠠᠭ ᠲᠤᠬᠠᠶ ᠳᠤᠨᠢ ᠨᠡᠶᠢᠭᠡᠮ ᠲᠣᠭᠤᠷᠢᠭ ᠤᠨ ᠠᠵᠢᠯᠲᠠᠨ ᠳᠤ ᠬᠠᠷᠢᠭᠤ ᠲᠤᠰᠬᠠᠨ᠎ᠠ᠃ | 2022 ᠣᠨ ᠳᠤ᠂ ᠵᠠᠩ ᠵᠢᠶᠠᠨ ᠭᠦᠸᠧ ︽ᠤᠳᠠ ᠶᠢᠨ ᠳᠡᠷᠭᠡᠳᠡᠬᠢ ᠰᠠᠶᠢᠨ ᠬᠥᠮᠦᠨ︾ ᠤ ᠢᠷᠠᠭᠤ | ᠠᠯᠳᠠᠷ ᠢ ᠬᠦᠷᠳᠡᠵᠦ᠂ ᠲᠡᠷᠡ ᠪᠣᠷᠣᠭᠵᠢᠭᠤᠨ ᠠᠵᠢᠯᠯᠠᠭ᠎ᠠ ᠪᠣᠯᠤᠨ ᠠᠴᠢ ᠬᠠᠷᠢᠭᠤᠯᠠᠬᠤ ᠶᠢ ᠪᠤᠳᠤᠬᠤ ᠦᠭᠡᠢ ᠬᠤᠪᠢ | ᠨᠡᠮᠡᠷᠢ ᠪᠠᠷ ᠨᠡᠶᠢᠭᠡᠮ ᠲᠣᠭᠤᠷᠢᠭ ᠲᠤ ᠢᠳᠡᠪᠬᠢ ᠬᠦᠴᠦᠨ ᠪᠣᠯᠤᠨ ᠬᠠᠶᠢᠷ᠎ᠠ ᠬᠠᠯᠠᠮᠵᠢ ᠶᠢ ᠤᠯᠠᠮᠵᠢᠯᠠᠵᠤ᠂ ᠬᠠᠶᠢᠷ᠎ᠠ | ᠰᠡᠳᠬᠢᠯᠭᠡ᠂ ᠬᠠᠯᠠᠭᠤᠨ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠷ ᠤᠳᠠ ᠶᠢᠨ ᠦᠯᠢᠭᠡᠷ ᠳᠠᠭᠤᠷᠢᠶᠠᠯ ᠤᠨ | ᠬᠦᠴᠦᠨ ᠢ ᠲᠠᠶᠢᠯᠪᠤᠷᠢᠯᠠᠪᠠ᠃ | |