4 ᠰᠠᠷ᠎ᠠ ᠶᠢᠨ 15 ᠤ ᠡᠳᠦᠷ ᠠᠴᠠ 21 ᠤ ᠡᠳᠦᠷ ᠪᠤᠯ 29 ᠳ᠋ᠤᠭᠡᠷ ᠬᠤᠭᠤᠴᠠᠭᠠᠨ ᠤ ︽ᠪᠥᠬᠦ | ᠤᠯᠤᠰ ᠤᠨ ᠬᠠᠪᠤᠳᠠᠷ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷᠠᠭ︾ ᠪᠤᠯᠤᠨ᠎ᠠ᠃ ᠤᠯᠤᠰ ᠤᠨ ᠥᠮᠡᠨ | ᠡᠪᠡᠳᠴᠢᠨ ᠤ ᠲᠥᠪ ᠤᠨ ᠨᠡᠶᠢᠳᠡᠯᠡᠭᠰᠡᠨ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ | ᠪᠠᠮᠪᠠᠢ ᠪᠤᠯᠴᠢᠷᠬᠠᠢ ᠶᠢᠨ ᠥᠮᠡᠨ ᠨᠢ ᠨᠢᠭᠡᠨᠲᠡ ᠡᠮᠡᠭᠲᠡᠢᠴᠤᠳ ᠤᠨ ᠨᠡᠷᠪᠡᠭᠳᠡᠬᠦ ᠬᠤᠣᠷᠲᠤ ᠬᠠᠪᠤᠳᠠᠷ ᠤᠨ | ᠭᠤᠷᠪᠠᠳᠤᠭᠠᠷ ᠲᠤ ᠵᠢᠭᠰᠠᠭᠠᠬᠳᠠᠬᠰᠠᠨ ᠪᠠᠶᠢᠨ᠎ᠠ᠃ | ᠲᠤᠭ᠎ᠠ ᠪᠠᠷᠢᠮᠲᠠ ᠠᠴᠠ ᠦᠵᠡᠪᠡᠯ᠂ ᠮᠠᠨ ᠤ ᠤᠯᠤᠰ ᠤᠨ ᠪᠠᠮᠪᠠᠢ ᠪᠣᠯᠴᠢᠷᠬᠠᠢ ᠶᠢᠨ ᠥᠮᠡᠨ ᠳᠤ | ᠨᠡᠷᠪᠡᠭᠳᠡᠭᠰᠡᠳ ᠤᠨ 5 ᠵᠢᠯ ᠤᠨ ᠠᠮᠢᠳᠤᠷᠠᠬᠤ ᠨᠣᠷᠮ᠎ᠠ ᠨᠢ ᠳᠡᠭᠡᠷ᠎ᠡ ᠵᠠᠭᠤᠨ ᠤ ᠶᠡᠷᠡᠭᠡᠳ ᠣᠨ ᠳᠤ 67.5% | ᠪᠠᠶᠢᠭᠰᠠᠨ ᠠᠴᠠ ᠪᠠᠨ 2015 ᠣᠨ ᠪᠤᠯᠬᠤ ᠳᠤ 84.3% ᠪᠣᠯᠣᠨ ᠳᠡᠭᠡᠭᠰᠢᠯᠡᠵᠦ᠂ ᠠᠮᠢᠳᠤᠷᠠᠬᠤ ᠨᠣᠷᠮ᠎ᠠ ᠨᠢ | ᠬᠠᠮᠤᠭ ᠤᠨ ᠢᠯᠡᠷᠬᠡᠢ ᠳᠡᠭᠡᠭᠰᠢᠯᠡᠭᠰᠡᠨ ᠬᠤᠣᠷᠲᠤ ᠬᠠᠪᠤᠳᠠᠷ ᠤᠨ ᠨᠢᠭᠡ ᠪᠣᠯᠵᠠᠢ᠃ ᠳᠦᠷᠢᠮᠵᠢᠭᠰᠡᠨ ᠡᠮᠴᠢᠯᠡᠭᠡ ᠪᠠᠷ | ᠳᠡᠮᠵᠢᠨ᠂ ᠠᠩᠬᠠᠨ ᠤ ᠬᠤᠭᠤᠴᠠᠭᠠᠨ ᠤ ᠪᠠᠮᠪᠠᠢ ᠪᠤᠯᠴᠢᠷᠬᠠᠢ ᠶᠢᠨ ᠥᠮᠡᠨ ᠤ ᠡᠳᠡᠭᠡᠷᠡᠯᠲᠡ ᠶᠢᠨ ᠨᠣᠷᠮ᠎ᠠ ᠨᠢ | 90% ᠠᠴᠠ ᠳᠡᠭᠡᠭᠰᠢ ᠳᠤ ᠬᠦᠷᠪᠡ᠃ | ᠪᠠᠮᠪᠠᠢ ᠪᠤᠯᠴᠢᠷᠬᠠᠢ ᠶᠢᠨ ᠥᠮᠡᠨ ᠢ ᠬᠡᠷᠬᠢᠨ ᠰᠡᠷᠭᠡᠶᠢᠯᠡᠬᠦ ᠪᠣᠶ︖ | ᠲᠤᠰᠬᠠᠢ ᠮᠡᠷᠭᠡᠵᠢᠯᠲᠡᠨ ᠤ ᠰᠠᠨᠠᠭᠤᠯᠤᠭᠰᠠᠨ ᠢᠶᠠᠷ᠄ | ᠨᠢᠭᠡ ᠳᠤ᠂ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠬᠡᠷᠡᠭᠲᠡᠢ᠃ ᠢᠯᠠᠩᠭᠤᠶ᠎ᠠ | ᠲᠦᠷᠦᠯ ᠤᠬᠰᠠᠭ᠎ᠠ ᠶᠢᠨ ᠲᠡᠦᠬᠡ ᠲᠠᠢ ᠬᠥᠮᠥᠰ 6 ᠰᠠᠷ᠎ᠠ ᠳᠤ ᠨᠢᠭᠡ ᠤᠳᠠᠭ᠎ᠠ ᠪᠠᠮᠪᠠᠢ ᠪᠤᠯᠴᠢᠷᠬᠠᠢ ᠶᠢᠨ ᠴᠢᠳᠠᠮᠵᠢ | ᠪᠠ ᠪᠠᠮᠪᠠᠢ ᠪᠣᠯᠴᠢᠷᠬᠠᠢ ᠶᠢᠨ ᠬᠡᠲᠦ ᠳᠣᠯᠭᠢᠶᠠᠨ ᠢ ᠪᠠᠶᠢᠴᠠᠭᠠᠬᠤ ᠬᠡᠷᠡᠭᠳᠡᠢ᠃ | ᠬᠤᠶᠠᠷ ᠲᠤ᠂ ᠡᠷᠡᠭᠦᠯ ᠰᠠᠷᠠᠭᠤᠯ ᠠᠮᠢᠳᠤᠷᠠᠯ ᠤᠨ ᠲᠠᠳᠬᠠᠯ ᠲᠠᠢ ᠪᠤᠯᠵᠦ᠂ ᠰᠡᠳᠬᠢᠯ ᠰᠠᠨᠠᠭ᠎ᠠ ᠲᠣᠭᠲᠠᠭᠤᠨ᠂ | ᠨᠤᠶᠢᠷ ᠭᠦᠢᠴᠡᠳ ᠪᠠᠶᠢᠬᠤ ᠶᠢ ᠪᠠᠲᠤᠯᠠᠵᠤ᠂ ᠵᠣᠬᠢᠬᠤ ᠬᠡᠮᠵᠢᠶᠡᠨ ᠤ ᠪᠡᠶ᠎ᠠ ᠶᠢᠨ ᠬᠥᠳᠡᠯᠭᠡᠭᠡᠨ ᠬᠢᠵᠦ᠂ ᠢᠳᠡᠭᠡᠨ | ᠣᠮᠳᠠᠭᠠᠨ ᠢᠶᠠᠨ ᠵᠣᠬᠢᠰᠲᠠᠢ ᠪᠠᠶᠢᠯᠭᠠᠵᠦ᠂ ᠡᠭᠡᠯᠢᠯᠡᠭᠡ ᠶᠢᠨ ᠴᠢᠳᠠᠪᠤᠷᠢ ᠪᠠᠨ ᠨᠡᠮᠡᠭᠳᠡᠭᠦᠯᠦᠨ᠂ ᠮᠠᠷᠢᠶᠠᠯᠠᠬᠤ ᠠᠴᠠ | ᠵᠠᠶᠢᠯᠠᠰᠬᠢᠬᠤ ᠬᠡᠷᠡᠭᠲᠡᠢ᠃ | ᠭᠤᠷᠪᠠ ᠳᠤ᠂ ᠬᠡᠦᠭᠡᠳ ᠤᠳ X ᠰᠠᠴᠤᠷᠠᠭ ᠤᠨ ᠲᠤᠰᠤᠯᠲᠠ ᠶᠢ ᠳᠠᠬᠢᠨ ᠳᠠᠪᠲᠠᠨ ᠬᠦᠯᠢᠶᠡᠨ ᠠᠪᠬᠤ ᠠᠴᠠ | ᠠᠯᠢ ᠴᠢᠳᠠᠬᠤ ᠪᠠᠷ ᠵᠠᠶᠢᠯᠠᠰᠬᠢᠵᠦ᠂ ᠬᠥᠮᠥᠨ ᠪᠦᠬᠦᠨ X ᠰᠠᠴᠤᠷᠠᠭ ᠤᠨ ᠲᠤᠰᠤᠯᠲᠠ ᠶᠢ ᠬᠦᠯᠢᠶᠡᠨ ᠠᠪᠬᠤ ᠳᠠᠭᠠᠨ | ᠰᠠᠴᠤᠷᠠᠭ ᠢ ᠰᠡᠷᠭᠡᠶᠢᠯᠡᠬᠦ ᠬᠠᠮᠠᠭᠠᠯᠠᠯᠲᠠ ᠶᠢᠨ ᠪᠠᠭᠠᠵᠢ ᠵᠡᠭᠦᠬᠦ ᠬᠡᠷᠡᠭᠲᠠᠢ᠃ |