︽ᠤᠳᠠ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2021 ︱ 2025 ᠣᠨ︶︾ ᠶᠢ ᠳᠠᠷᠤᠮᠠᠯᠯᠠᠨ ᠶᠠᠪᠤᠭᠤᠯᠬᠤ ᠲᠤᠬᠠᠢ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/5/4
ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ ᠨᠢᠭᠡᠴᠡ ᠳᠤ᠄      ︽ᠤᠳᠠ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2021 ︱ 2025 ᠣᠨ︶︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃                                               2023 ᠣᠨ ᠤ 1 ᠰᠠᠷ᠎ᠠ ᠶᠢᠨ 17      ᠤᠳᠠ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠡᠷᠡᠭᠵᠢᠭᠦᠯᠬᠦ ᠲᠥᠯᠥᠪᠯᠡᠭᠡ   ︵2021-2025 ᠣᠨ︶      ᠡᠷᠡᠭᠦᠯ ᠡᠩᠬᠡ ᠳᠤᠮᠳᠠᠳᠤ ᠤᠯᠤᠰ ᠪᠣᠯᠣᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ︵2021 ︱ 2025 ᠣᠨ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2021 ︱ 2025 ᠣᠨ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠵᠢᠴᠢ ︽ᠦᠬᠠᠢ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2021 ︱ 2025 ᠣᠨ︶︾ ᠶᠢᠨ ᠶᠡᠷᠦᠩᠬᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠪᠥᠬᠦ ᠲᠤᠭᠤᠷᠢᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠲᠣᠰ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ᠨᠢᠭᠡ᠂ ᠶᠡᠷᠦᠩᠬᠡᠢ ᠱᠠᠭᠠᠷᠳᠠᠯᠭ᠎ᠠ︵ᠨᠢᠭᠡ︶ ᠵᠢᠯᠤᠭᠤᠳᠬᠤ ᠦᠵᠡᠯ ᠰᠠᠨᠠᠭ᠎ᠠᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ᠂ ᠣᠯᠠᠨ ᠲᠦᠮᠡᠨ ᠤ ᠪᠡᠶ᠎ᠡ ᠶᠢᠨ ᠲᠠᠮᠢᠷ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠠᠵᠢᠯ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠂ ᠨᠠᠩ ᠥᠨᠳᠥᠷ ᠬᠢᠷᠢ ᠲᠦᠪᠰᠢᠨ ᠪᠦᠬᠦᠢ᠂ ᠨᠠᠩ ᠴᠢᠨᠠᠷ ᠰᠠᠶᠢᠲᠠᠢ᠂ ᠨᠠᠩ ᠲᠥᠪ ᠭᠤᠣᠯᠴᠢ᠂ ᠨᠠᠩ ᠠᠮᠤᠷ ᠲᠦᠪᠰᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃︵ᠬᠤᠶᠠᠷ︶ ᠶᠡᠷᠦᠩᠬᠡᠢ ᠬᠠᠷᠠᠯᠲᠠ      ᠪᠥᠬᠦ ᠲᠤᠭᠤᠷᠢᠭ ᠤᠨ ᠠᠷᠠᠳ ᠲᠦᠮᠡᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠦᠵᠡᠯ ᠤᠬᠠᠮᠰᠠᠷ ᠤᠯᠠᠮ ᠨᠢᠭᠡ ᠠᠯᠬᠤᠮ ᠴᠢᠩᠭᠠᠷᠠᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠬᠥᠮᠥᠨ ᠤ ᠲᠤᠭ᠎ᠠ ᠢᠯᠡᠳᠲᠡ ᠨᠡᠮᠡᠭᠳᠡᠨ᠂ ᠪᠡᠶ᠎ᠡ ᠮᠠᠬᠠᠪᠤᠳ ᠤᠨ ᠬᠡᠪ ᠴᠢᠨᠠᠷ ᠢᠯᠡᠳᠲᠡ ᠳᠡᠭᠡᠭᠰᠢᠯᠡᠪᠡ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠲᠤᠭ᠎ᠠ ᠬᠡᠮᠵᠢᠶ᠎ᠡ ᠶᠢ ᠲᠣᠭᠲᠠᠭᠠᠭᠰᠠᠨ ᠪᠠᠷᠢᠮᠵᠢᠶ᠎ᠠ ᠳᠤ ᠬᠦᠷᠦᠭᠦᠯᠵᠦ᠂ ᠵᠢᠭᠠᠨ ᠵᠢᠯᠤᠭᠤᠳᠬᠤ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ᠂ ᠢᠯᠠᠩᠭᠤᠶ᠎ᠠ ᠬᠥᠯ ᠪᠥᠮᠪᠦᠭᠡ᠂ ᠥᠲᠥᠨ ᠪᠥᠮᠪᠦᠭᠡ᠂ ᠳᠤᠭᠤᠢ ᠲᠡᠷᠭᠡ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠪᠡᠶ᠎ᠡ ᠶᠢᠨ ᠲᠠᠮᠢᠷ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ᠎ᠠ᠃ ᠦᠬᠠᠢ ᠨᠠᠭᠤᠷ ᠢ ᠪᠦᠲᠦᠭᠡᠨ ᠪᠠᠶᠢᠭᠤᠯᠬᠤ᠂ ᠵᠤᠭᠠᠴᠠᠯ ᠢ ᠬᠥᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠰᠡᠯᠡᠭᠦᠴᠡᠯ ᠤᠨ ᠪᠡᠶ᠎ᠡ ᠶᠢᠨ ᠲᠠᠮᠢᠷ ᠤᠨ ᠣᠨᠣᠯᠵᠢᠬᠤᠨ ᠢ ᠳᠡᠭᠡᠭᠰᠢᠯᠡᠭᠦᠯᠦᠨ᠂ ᠭᠠᠵᠠᠷ ᠣᠷᠣᠨ ᠤ ᠣᠨᠴᠠᠯᠢᠭ ᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠢ ᠪᠣᠶ ᠪᠣᠯᠭᠠᠵᠤ᠂ ᠨᠥᠯᠥᠭᠡᠯᠡᠬᠦ ᠬᠦᠴᠦᠨ ᠲᠠᠢ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠢ ᠢᠳᠡᠭ ᠢᠳᠡᠭ ᠢᠶᠠᠷ ᠪᠣᠶ ᠪᠣᠯᠭᠠᠨ᠎ᠠ᠃ ᠠᠵᠤ ᠠᠬᠤᠢ ᠶᠢᠨ ᠬᠥᠭᠵᠢᠯᠲᠡ ᠯᠦᠭᠡ ᠬᠠᠷᠢᠯᠴᠠᠨ ᠵᠣᠬᠢᠴᠠᠯᠳᠤᠭᠰᠠᠨ᠂ ᠨᠡᠶᠢᠭᠡᠮ ᠤᠨ ᠬᠥᠭᠵᠢᠯᠲᠡ ᠯᠦᠭᠡ ᠬᠠᠷᠢᠯᠴᠠᠨ ᠵᠣᠬᠢᠴᠠᠯᠳᠤᠭᠰᠠᠨ᠂ ᠨᠡᠯᠢᠶᠡᠳ ᠲᠡᠭᠦᠯᠳᠡᠷᠵᠢᠭᠰᠡᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃      2025 ᠣᠨ ᠪᠣᠯᠬᠤ ᠳᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮᠵᠢ ᠶᠢ ᠨᠠᠩ ᠲᠡᠭᠦᠯᠳᠡᠷᠵᠢᠭᠦᠯᠵᠦ᠂ ᠠᠷᠠᠳ ᠣᠯᠠᠨ ᠤ ᠪᠡᠶ᠎ᠡ ᠴᠢᠭᠢᠷᠠᠭᠵᠢᠭᠤᠯᠬᠤ ᠦᠵᠡᠯ ᠤᠬᠠᠮᠰᠠᠷ ᠢ  ᠢᠯᠡᠳᠲᠡ  ᠳᠡᠭᠡᠭᠰᠢᠯᠡᠭᠦᠯᠦᠨ᠂ ᠪᠡᠶ᠎ᠡ ᠶᠢᠨ ᠲᠠᠮᠢᠷ ᠤᠨ ᠬᠥᠮᠥᠨ ᠠᠮᠠ ᠶᠢ ᠲᠠᠰᠤᠷᠠᠯᠲᠠ ᠦᠭᠡᠢ ᠥᠷᠭᠡᠳᠬᠡᠨ᠎ᠡ᠃  ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠬᠤ ᠦᠢᠯᠡᠴᠢᠯᠡᠭᠡ ᠶᠢᠨ ᠬᠠᠮᠤᠷᠬᠤ ᠬᠡᠪᠴᠢᠶ᠎ᠡ ᠶᠢ ᠨᠠᠩ ᠥᠷᠭᠡᠨ ᠳᠡᠯᠭᠡᠷ ᠪᠣᠯᠭᠠᠵᠤ᠂ ᠣᠯᠠᠨ ᠲᠦᠮᠡᠨ ᠤ ᠪᠡᠶ᠎ᠡ ᠮᠠᠬᠠᠪᠤᠳ ᠤᠨ ᠬᠡᠪ ᠪᠣᠯᠪᠠᠰᠤᠷᠠᠯ ᠪᠠ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ  ᠶᠢ ᠰᠣᠶᠣᠯ᠂  ᠵᠢᠭᠤᠯᠴᠢᠯᠠᠯ᠂  ᠡᠮ ᠡᠮᠨᠡᠯᠭᠡ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ ᠵᠡᠷᠭᠡ ᠨᠡᠶᠢᠭᠡᠮ ᠤᠨ ᠦᠢᠯᠡᠰ ᠲᠠᠢ  ᠠᠭᠤᠰᠤᠯᠴᠠᠭᠤᠯᠤᠨ ᠬᠥᠭᠵᠢᠭᠦᠯᠵᠦ᠂ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠢᠯᠡᠳᠲᠡ ᠨᠡᠮᠡᠭᠳᠡᠭᠦᠯᠦᠨ᠎ᠡ᠃  ᠪᠦᠬᠦ  ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠣᠷᠳᠣᠨ ᠤ  ᠲᠥᠬᠦᠭᠡᠷᠦᠮᠵᠢ  ᠶᠢ  ᠨᠡᠩ  ᠪᠦᠷᠢᠨ  ᠲᠡᠭᠦᠯᠳᠡᠷ  ᠪᠣᠯᠭᠠᠨ᠎ᠠ  ᠃      ᠪᠡᠶ᠎ᠡ ᠶᠢᠨ ᠲᠠᠮᠢᠷ ᠤᠨ ᠬᠥᠮᠥᠨ ᠠᠮᠠ ᠲᠠᠰᠤᠷᠠᠯᠲᠠ ᠦᠭᠡᠢ ᠥᠷᠭᠡᠳᠴᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠥᠨ ᠤ ᠲᠤᠭ᠎ᠠ ᠶᠢᠨ ᠬᠠᠷᠢᠴᠠᠯ 38.6% ᠳᠤ ᠬᠦᠷᠭᠡᠵᠦ᠂ ᠰᠤᠷᠤᠭᠴᠢᠳ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠡᠳᠦᠷ ᠪᠦᠷᠢ ᠨᠠᠭᠠᠲᠤ ᠵᠠᠬ᠎ᠠ ᠳᠠᠭᠠᠨ 1 ᠴᠠᠭ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠬᠥᠳᠡᠯᠭᠡᠭᠡᠨ ᠳᠤ ᠣᠷᠣᠯᠴᠠᠬᠤ ᠬᠡᠷᠡᠭᠲᠡᠢ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠪᠡᠶ᠎ᠡ ᠮᠠᠬᠠᠪᠤᠳ ᠨᠡᠶᠢᠳᠡᠮ ᠳᠡᠭᠡᠨ ᠴᠢᠩᠭᠠᠷᠠᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ︽ᠤᠯᠤᠰ ᠠᠷᠠᠳ ᠤᠨ ᠪᠡᠶ᠎ᠡ ᠮᠠᠬᠠᠪᠤᠳ ᠢ ᠬᠡᠮᠵᠢᠨ ᠲᠣᠭᠲᠠᠭᠠᠬᠤ ᠪᠠᠷᠢᠮᠵᠢᠶ᠎ᠠ︾ ᠳᠤ ᠬᠢᠷᠢ ᠲᠡᠩᠴᠡᠭᠰᠡᠨ ᠠᠴᠠ ᠳᠡᠭᠡᠭᠰᠢᠬᠢ ᠬᠥᠮᠥᠨ ᠤ ᠲᠤᠭ᠎ᠠ ᠶᠢᠨ ᠬᠠᠷᠢᠴᠠᠯ 91% ᠪᠣᠯᠭᠠᠨ᠎ᠠ᠃ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠬᠤ ᠬᠥᠮᠥᠨ ᠤ ᠲᠤᠭ᠎ᠠ ᠶᠢ ᠢᠯᠡᠳᠲᠡ ᠨᠡᠮᠡᠭᠳᠡᠭᠦᠯᠦᠨ᠎ᠡ᠃ ᠪᠥᠬᠦ ᠲᠤᠭᠤᠷᠢᠭ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠬᠥᠮᠥᠨ ᠤ ᠲᠤᠭ᠎ᠠ ᠶᠢ 500 ᠬᠥᠮᠥᠨ ᠠᠴᠠ ᠳᠡᠭᠡᠭᠰᠢ ᠳᠤ ᠬᠦᠷᠦᠭᠦᠯᠵᠦ᠂ ᠮᠢᠩᠭᠠᠨ ᠬᠥᠮᠥᠨ ᠪᠦᠷᠢ ᠳᠤ 4.1 ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠲᠠᠢ ᠪᠣᠯᠭᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠬᠤᠲᠠ ᠶᠢᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠪᠥᠭᠡᠳ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠬᠥᠮᠥᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠲᠠᠯᠠᠪᠠᠶ ᠶᠢ 2.6 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠯᠭᠠᠵᠤ᠂ ᠠᠷᠠᠳ ᠣᠯᠠᠨ ᠤ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠢ ᠭᠥᠷᠳᠡᠬᠦ ᠬᠥᠳᠡᠯᠭᠡᠭᠡᠨ ᠤ ᠷᠠᠳᠢᠦ᠋ᠰ ᠢ ᠪᠠᠭᠠᠰᠬᠠᠨ᠂ ︽ᠨᠢᠭᠡ ᠮᠥᠴᠡ ᠪᠡᠶ᠎ᠡ ᠴᠢᠭᠢᠷᠠᠭᠵᠢᠭᠤᠯᠬᠤ ᠬᠦᠷᠢᠶ᠎ᠡ︾ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ᠬᠤᠶᠠᠷ᠂ ᠦᠨᠳᠦᠰᠦᠨ ᠵᠠᠷᠴᠢᠮ︵ᠨᠢᠭᠡ︶ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠬᠠᠷᠢᠶᠠᠲᠤ ᠣᠷᠣᠨ ᠤ ᠠᠷᠠᠳ ᠲᠦᠮᠡᠨ ᠤ ᠴᠢᠨᠠᠷ ᠰᠠᠶᠢᠲᠠᠢ ᠠᠮᠢᠳᠤᠷᠠᠯ ᠢ ᠠᠬᠢᠭᠤᠯᠬᠤ ᠶᠢᠨ ᠡᠭᠦᠰᠬᠡᠯ ᠪᠠ ᠲᠡᠭᠦᠰᠬᠡᠯ ᠪᠣᠯᠭᠠᠨ᠎ᠠ᠃︵ᠬᠤᠶᠠᠷ︶ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠪᠡᠶ᠎ᠡ ᠶᠢᠨ ᠲᠠᠮᠢᠷ ᠤᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠨᠡᠨᠬᠦ ᠰᠢᠯᠢᠳᠡᠭᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠶᠢᠭᠡᠮ ᠤᠨ ᠠᠮᠢᠵᠢᠷᠠᠯ ᠤᠨ ᠬᠦᠴᠦᠨ ᠪᠠ ᠠᠵᠤ ᠠᠬᠤᠶᠢᠯᠠᠯ ᠤᠨ ᠬᠥᠳᠡᠯᠭᠡᠭᠦ ᠬᠦᠴᠦᠨ ᠢ ᠬᠥᠭᠵᠢᠭᠡᠵᠦ᠂ ᠬᠠᠮᠲᠤᠪᠠᠷ ᠪᠠᠶᠢᠭᠤᠯᠤᠨ ᠬᠠᠮᠲᠤᠪᠠᠷ ᠡᠳ᠋ᠯᠡᠵᠦ᠂ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠪᠡᠯᠡᠳᠬᠡᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠤ ᠦᠢᠯᠡᠰ ᠤᠨ ᠰᠢᠰᠲ᠋ᠧᠮᠵᠢ ᠶᠢ ᠪᠦᠷᠢᠨᠰᠢᠭᠦᠯᠦᠨ᠎ᠡ᠃︵ᠭᠤᠷᠪᠠ︶ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠠᠪᠴᠠᠩ ᠪᠣᠯᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠪᠡᠶ᠎ᠡ ᠶᠢᠨ ᠲᠠᠮᠢᠷ ᠤᠨ ᠠᠵᠤ ᠠᠬᠤᠶᠢᠯᠠᠯ ᠤᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠡᠷᠢᠭᠦᠨ ᠤ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠨ᠎ᠠ᠃︵ᠳᠥᠷᠪᠡ︶ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠨ᠎ᠠ᠃ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠡᠷᠡᠭᠦᠯ ᠪᠥᠭᠡᠳ ᠦᠷᠭᠦᠯᠵᠢᠯᠡᠨ ᠬᠥᠭᠵᠢᠬᠦ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠂ ᠤᠳᠠ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠳᠬᠦᠨ ᠤ ᠠᠮᠢ ᠠᠬᠤᠶᠢᠵᠢᠯᠲᠠ ᠶᠢ ᠠᠬᠢᠭᠤᠯᠵᠤ᠂ ᠤᠳᠠ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃︵ᠲᠠᠪᠤ︶ ᠣᠨᠴᠠᠯᠢᠭ ᠢ ᠪᠣᠶ ᠪᠣᠯᠭᠠᠬᠤ ᠶᠢ ᠪᠠᠷᠢᠮᠲᠠᠯᠠᠨ᠎ᠠ᠃ ︽ᠠᠭᠤᠯᠠ᠂ ᠤᠰᠤ᠂ ᠡᠯᠡᠰᠦ᠂ ᠬᠤᠲᠠ︾ ᠶᠢᠨ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠭᠠᠵᠠᠷ ᠣᠷᠣᠨ ᠤ ᠣᠨᠴᠠᠯᠢᠭ ᠪᠠ ᠠᠵᠤ ᠦᠢᠯᠡᠰ ᠤᠨ ᠣᠨᠴᠠᠯᠢᠭ ᠲᠠᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠳᠬᠦᠨ ᠪᠠ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠤᠬᠠᠭᠤᠯᠤᠨ ᠳᠡᠯᠭᠡᠷᠡᠭᠦᠯᠬᠦ ᠪᠠ ᠵᠠᠬ᠎ᠠ ᠳᠡᠯᠭᠡᠭᠦᠷ ᠢ ᠨᠡᠭᠡᠭᠡᠬᠦ ᠶᠢ ᠨᠡᠮᠡᠭᠳᠡᠭᠦᠯᠦᠨ᠂ ᠪᠡᠶ᠎ᠡ ᠶᠢᠨ ᠲᠠᠮᠢᠷ ᠵᠢᠭᠤᠯᠴᠢᠯᠠᠯ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠤᠳᠠ ᠲᠣᠭᠤᠷᠢᠭ ᠤᠨ ᠨᠥᠯᠥᠭᠡᠯᠡᠬᠦ ᠬᠦᠴᠦᠨ ᠪᠠ ᠠᠯᠳᠠᠷᠰᠢᠯ ᠢ ᠥᠷᠭᠡᠳᠬᠡᠨ᠎ᠡ᠃ᠭᠤᠷᠪᠠ᠂ ᠭᠤᠣᠯ ᠡᠭᠦᠷᠭᠡ︵ᠨᠢᠭᠡ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ1. ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠢᠭᠡᠳᠦᠯᠲᠡᠢ ᠲᠥᠯᠥᠪᠵᠢᠭᠦᠯᠦᠨ᠎ᠡ᠃ ᠵᠢᠭᠤᠯᠴᠢᠯᠠᠯ ᠤᠨ ᠦᠵᠡᠮᠵᠢᠲᠦ ᠣᠷᠣᠨ ᠪᠠ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠣᠬᠢᠷᠲᠤᠯ ᠦᠭᠡᠢ ᠣᠷᠣᠨ ᠵᠠᠢ ᠬᠢᠭᠡᠳ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠬᠤᠲᠠ ᠶᠢᠨ ᠰᠤᠯᠠ ᠪᠠᠶᠢᠭ᠎ᠠ ᠭᠠᠵᠠᠷ ᠰᠢᠷᠣᠢ ᠶᠢ ᠠᠮᠢᠳᠤᠯᠢᠭᠵᠢᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠰᠠᠶᠢᠲᠤᠷ ᠬᠡᠷᠡᠭᠯᠡᠵᠦ᠂ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠬᠦ ᠠᠷᠭ᠎ᠠ ᠮᠠᠶ᠋ᠢᠭ ᠢᠶᠠᠷ ᠭᠠᠵᠠᠷ ᠬᠠᠩᠭᠠᠬᠤ ᠶᠢ ᠵᠣᠷᠢᠭᠵᠢᠭᠤᠯᠤᠨ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠦᠯᠡᠳᠡᠭᠡᠯ ᠳᠠᠯᠳᠠ ᠬᠦᠴᠦᠨ ᠢ ᠭᠦᠢᠴᠡᠳ ᠠᠭᠤᠳᠠᠯᠵᠤ᠂ ᠨᠡᠶᠢᠭᠡᠮ ᠲᠣᠭᠤᠷᠢᠭ ᠲᠤ ᠣᠶᠢᠷᠠᠲᠤᠭᠰᠠᠨ᠂ ᠬᠡᠷᠡᠭᠯᠡᠬᠦ ᠳᠤ ᠲᠥᠬᠦᠮ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ ᠪᠡᠯᠡᠳᠬᠡᠮᠵᠢ ᠶᠢᠨ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ᠲᠦᠷᠦᠭᠦᠯᠡᠬᠦ ᠰᠠᠯᠠᠭ᠎ᠠ ᠮᠥᠴᠢᠷ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯᠬᠠᠮᠵᠢᠯᠴᠠᠬᠤ ᠰᠠᠯᠠᠭ᠎ᠠ ᠮᠥᠴᠢᠷ᠄ ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠵᠠᠮ ᠬᠠᠷᠢᠯᠴᠠᠭᠠᠨ ᠤ ᠲᠣᠪᠴᠢᠶ᠎ᠠ︶᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ2. ᠣᠯᠠᠨ ᠲᠦᠮᠡᠨ ᠤ ᠳᠡᠷᠭᠡᠳᠡᠬᠢ ᠪᠡᠶ᠎ᠡ ᠴᠢᠭᠢᠷᠠᠭᠵᠢᠭᠤᠯᠬᠤ ᠨᠥᠬᠦᠴᠡᠯ ᠢ ᠰᠠᠶᠢᠵᠢᠷᠠᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠪᠠ ᠨᠡᠶᠢᠭᠡᠮ ᠲᠣᠭᠤᠷᠢᠭ ᠨᠢ ᠤᠯᠤᠰ ᠤᠨ ᠲᠣᠭᠲᠠᠭᠠᠯ ᠶᠣᠰᠣᠭᠠᠷ᠂ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠣᠷᠣᠨ ᠰᠠᠭᠤᠴᠠ ᠶᠢᠨ ᠲᠣᠭᠤᠷᠢᠭ ᠤᠨ ᠭᠤᠣᠯ ᠴᠣᠭᠴᠠ ᠶᠢᠨ ᠪᠠᠷᠢᠯᠭ᠎ᠠ ᠯᠤᠭ᠎ᠠ ᠵᠡᠷᠭᠡ ᠳᠤᠨᠢ ᠵᠢᠷᠤᠭᠯᠠᠨ ᠲᠥᠯᠥᠪᠯᠡᠵᠦ᠂ ᠵᠡᠷᠭᠡ ᠳᠤᠨᠢ ᠪᠠᠷᠢᠯᠭ᠎ᠠ ᠪᠠᠷᠢᠵᠤ᠂ ᠵᠡᠷᠭᠡ ᠳᠤᠨᠢ ᠠᠰᠢᠭᠯᠠᠯᠲᠠ ᠳᠤ ᠣᠷᠣᠭᠤᠯᠬᠤ ᠬᠡᠷᠡᠭᠲᠡᠢ᠃ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠨᠢ ᠲᠥᠯᠦᠪᠵᠢᠭᠦᠯᠭᠡ ᠶᠢᠨ ᠱᠠᠭᠠᠷᠳᠠᠯᠭ᠎ᠠ ᠪᠤᠶᠤ ᠪᠦᠲᠦᠭᠡᠨ ᠪᠠᠶᠢᠭᠤᠯᠬᠤ ᠪᠠᠷᠢᠮᠵᠢᠶ᠎ᠠ ᠳᠤ ᠬᠦᠷᠦᠭᠰᠡᠨ ᠦᠭᠡᠢ ᠪᠠᠶᠢᠪᠠᠯ᠂ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠵᠢᠴᠢ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠲᠠᠢ ᠨᠢᠭᠲᠠ ᠤᠶᠠᠯᠳᠤᠭᠤᠯᠵᠤ᠂ ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ ᠪᠦᠲᠦᠭᠡᠨ ᠪᠠᠶᠢᠭᠤᠯᠬᠤ ᠬᠡᠷᠡᠭᠲᠡᠢ᠃ ᠬᠤᠲᠠ ᠶᠢᠨ ᠨᠡᠶᠢᠭᠡᠮ ᠲᠣᠭᠤᠷᠢᠭ ᠨᠢ ᠪᠠᠷᠢᠮᠵᠢᠶᠠᠲᠤ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠴᠡᠯ ᠢ ᠪᠦᠷᠢᠳᠦᠭᠦᠯᠦᠭᠰᠡᠨ ᠦᠭᠡᠢ ᠪᠠᠶᠢᠪᠠᠯ᠂ ᠬᠤᠳᠠᠯᠳᠤᠭ᠎ᠠ ᠂ ᠰᠣᠶᠣᠯ᠂ ᠵᠤᠭ᠎ᠠ ᠴᠡᠩᠭᠡᠯ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠪᠠ ᠥᠭᠡᠷᠡᠴᠢᠯᠡᠬᠦ ᠯᠦᠭᠡ ᠬᠠᠷᠢᠯᠴᠠᠨ ᠤᠶᠠᠯᠳᠤᠭᠤᠯᠵᠤ᠂ ᠪᠠᠷᠢᠮᠵᠢᠶᠠᠲᠤ ᠪᠤᠰᠤ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢ ᠠᠮᠢᠳᠤᠯᠢᠭ ᠢᠶᠠᠷ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃ ᠪᠡᠶ᠎ᠡ ᠶᠢᠨ ᠲᠠᠮᠢᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠤᠨ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠲᠠᠢ ᠤᠶᠠᠯᠳᠤᠭᠤᠯᠤᠨ ᠰᠡᠯᠡᠭᠦᠴᠡᠯ ᠪᠡᠶ᠎ᠡ ᠴᠢᠭᠢᠷᠠᠭᠵᠢᠭᠤᠯᠬᠤ ᠣᠷᠣᠨ᠂ ᠴᠢᠳᠠᠮᠵᠢᠲᠤ ᠣᠷᠣᠨ ᠤ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠᠬᠠᠮᠵᠢᠯᠴᠠᠬᠤ ᠰᠠᠯᠠᠭ᠎ᠠ ᠮᠥᠴᠢᠷ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠵᠠᠮ ᠬᠠᠷᠢᠯᠴᠠᠭᠠᠨ ᠤ ᠲᠣᠪᠴᠢᠶ᠎ᠠ︶᠂ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ3. ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠨᠡᠭᠡᠭᠡᠯᠲᠡᠲᠦ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠲᠠᠯᠠᠪᠠᠶ ᠣᠷᠳᠣᠨ ᠤ ᠰᠦᠢᠳᠬᠡᠯ ᠬᠤᠷᠢᠶᠠᠬᠤ ᠦᠭᠡᠶ ᠪᠤᠶᠤ ᠰᠦᠢᠳᠬᠡᠯ ᠪᠠᠭ᠎ᠠ ᠬᠤᠷᠢᠶᠠᠵᠤ ᠴᠢᠯᠥᠭᠡᠲᠡᠶ ᠲᠠᠯᠪᠢᠬᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠲᠠᠯᠠᠪᠠᠶ ᠣᠷᠳᠣᠨ ᠤ ᠵᠠᠯᠠᠭᠤᠴᠤᠳ ᠪᠠᠭᠠᠴᠤᠳ᠂ ᠨᠠᠰᠤᠲᠠᠶᠢᠴᠤᠳ᠂ ᠵᠡᠮᠳᠡᠭᠴᠦᠳ ᠲᠤ ᠴᠢᠯᠥᠭᠡᠲᠡᠶ ᠲᠠᠯᠪᠢᠬᠤ ᠡᠷᠴᠢᠮ ᠢ ᠴᠢᠩᠭᠠᠷᠠᠭᠤᠯᠤᠨ ᠂ ᠭᠠᠷᠠᠭ ᠪᠦᠷᠢ ᠶᠢᠨ ᠨᠡᠭᠡᠭᠡᠬᠦ ᠬᠤᠭᠤᠴᠠᠭ᠎ᠠ ᠶᠢ 35 ᠴᠠᠭ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ ᠪᠦᠬᠦ ᠵᠢᠯ ᠳᠤ 330 ᠡᠳᠦᠷ ᠠᠴᠠ ᠪᠠᠭ᠎ᠠ ᠪᠠᠶᠢᠵᠤ ᠪᠣᠯᠬᠤ ᠦᠭᠡᠢ᠃ ᠲᠠᠯᠠᠪᠠᠶ ᠣᠷᠳᠣᠨ ᠤ ᠡᠵᠡᠩᠨᠡᠯᠲᠡ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠯᠠᠪᠠᠶ ᠣᠷᠳᠣᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ︵ᠲᠦᠭᠰᠢᠭᠦᠷᠢ︶ ᠴᠢᠳᠠᠮᠵᠢ ᠶᠢ ᠬᠤᠪᠢᠷᠠᠭᠤᠯᠬᠤ ᠪᠡᠯᠡᠳᠬᠡᠯ ᠲᠥᠰᠦᠯ ᠢ ᠰᠠᠶᠢᠲᠤᠷ ᠬᠢᠵᠦ᠂ ᠲᠠᠯᠠᠪᠠᠶ ᠣᠷᠳᠣᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠᠬᠠᠮᠵᠢᠯᠴᠠᠬᠤ ᠰᠠᠯᠠᠭ᠎ᠠ ᠮᠥᠴᠢᠷ᠄ ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ︵ᠬᠤᠶᠠᠷ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃1. ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠠᠭᠤᠯᠭ᠎ᠠ ᠬᠡᠯᠪᠡᠷᠢ ᠶᠢ ᠪᠠᠶᠠᠯᠢᠭᠵᠢᠭᠤᠯᠤᠨ᠎ᠠ᠃ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠪᠠ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠶᠢ ᠲᠦᠮᠡᠨ ᠡᠷᠦᠬᠡ ᠳᠤ ᠣᠷᠣᠭᠤᠯᠬᠤ᠂ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠬᠤᠯᠪᠣᠭᠠᠲᠤ ᠤᠷᠤᠯᠳᠤᠭᠠᠨ ᠵᠡᠷᠭᠡ ᠰᠢᠷᠢᠰ ᠤᠷᠤᠯᠳᠤᠭᠠᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠮᠠᠯᠠᠰᠢᠶᠣᠨ᠂ ᠳᠤᠭᠤᠢ ᠲᠡᠷᠭᠡ᠂ ᠢᠳᠡᠷᠡᠭᠦᠨ ᠠᠯᠬᠤᠭ᠎ᠠ᠂ ᠰᠡᠯᠢᠭᠦᠷ ᠲᠤᠯᠤᠮ ᠵᠠᠪᠢ᠂ ᠥᠲᠥᠨ ᠪᠥᠮᠪᠦᠭᠡ᠂ ᠡᠯᠡᠰᠦᠨ ᠴᠥᠯ ᠤᠨ ᠬᠡᠭᠡᠷ᠎ᠡ ᠶᠢᠨ ᠤᠷᠤᠯᠳᠤᠭᠠᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠵᠡᠷᠭᠡ ᠤᠷᠤᠯᠳᠤᠭᠠᠨ ᠤ ᠠᠵᠢᠯᠯᠠᠭᠠᠨ ᠤ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠲᠠᠯᠠᠪᠠᠶ ᠶᠢᠨ ᠪᠥᠵᠢᠭ᠂ ᠪᠡᠶ᠎ᠡ ᠴᠢᠭᠢᠷᠠᠭᠵᠢᠭᠤᠯᠬᠤ ᠲᠠᠮᠢᠷ᠂ ᠨᠡᠷᠡᠬᠦᠢ ᠨᠢᠳᠤᠷᠭ᠎ᠠ᠂ ᠳᠤᠭᠤᠢ ᠲᠡᠷᠭᠡ ᠵᠢᠴᠢ ᠲᠡᠪᠡᠭ ᠪᠥᠮᠪᠦᠭᠡ ᠵᠡᠷᠭᠡ ᠣᠯᠠᠨ ᠲᠦᠮᠡᠨ ᠤ ᠰᠠᠭᠤᠷᠢ ᠪᠠᠷ ᠰᠠᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ᠂ ᠡᠮᠡᠭᠲᠡᠶᠢᠴᠦᠳ ᠬᠡᠦᠬᠡᠳ ᠤᠨ ᠪᠡᠶ᠎ᠡ ᠶᠢᠨ ᠲᠠᠮᠢᠷ᠂ ᠨᠠᠰᠤᠲᠠᠶᠢᠴᠤᠳ ᠤᠨ ᠪᠡᠶ᠎ᠡ ᠶᠢᠨ ᠲᠠᠮᠢᠷ᠂ ᠵᠡᠮᠳᠡᠭᠴᠦᠳ ᠤᠨ ᠪᠡᠶ᠎ᠡ ᠶᠢᠨ ᠲᠠᠮᠢᠷ ᠪᠣᠯᠤᠨ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠢᠳᠡᠪᠬᠢᠲᠡᠶ ᠪᠠᠷ ᠥᠷᠨᠢᠭᠦᠯᠦᠨ᠎ᠡ᠃ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠᠬᠠᠮᠵᠢᠯᠴᠠᠬᠤ ᠰᠠᠯᠠᠭ᠎ᠠ ᠮᠥᠴᠢᠷ᠄ ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ2. ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠠᠷᠠᠲᠤ ᠲᠥᠷᠥᠯ ᠲᠡᠮᠳᠡᠭᠲᠦ ᠤᠷᠤᠯᠳᠤᠭᠠᠨ ᠤ ᠠᠵᠢᠯᠯᠠᠭ᠎ᠠ ᠶᠢ ᠪᠣᠶ ᠪᠣᠯᠭᠠᠨ᠎ᠠ᠃ ︽ᠠᠭᠤᠯᠠ᠂ ᠤᠰᠤ᠂ ᠡᠯᠡᠰᠦ᠂ ᠬᠤᠲᠠ︾ ᠵᠡᠷᠭᠡ ᠪᠠᠶᠢᠭᠠᠯᠢ ᠶᠢᠨ ᠡᠬᠢ ᠪᠠᠶᠠᠯᠢᠭ ᠲᠤ ᠲᠦᠰᠢᠭᠯᠡᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ᠂ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠵᠡᠷᠭᠡ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾᠂ ᠨᠡᠶᠢᠭᠡᠮ ᠲᠣᠭᠤᠷᠢᠭ ᠤᠨ ᠣᠨᠴᠠᠯᠢᠭ ᠲᠠᠢ ᠪᠡᠶ᠎ᠡ ᠶᠢᠨ ᠲᠠᠮᠢᠷ ᠤᠨ ᠴᠤᠭᠯᠠᠭᠠᠨ ᠤ ᠰᠢᠷᠢᠰ ᠠᠵᠢᠯᠯᠠᠭ᠎ᠠ ᠶᠢ ᠡᠷᠭᠢᠯᠡᠨ᠎ᠡ᠃ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨ ᠤ  ᠤᠷᠤᠯᠳᠤᠭᠠᠨ  ᠤ  ᠠᠵᠢᠯᠯᠠᠭ᠎ᠠ  ᠳᠤ  ᠢᠳᠡᠪᠬᠢᠲᠡᠢ  ᠣᠷᠣᠯᠴᠠᠵᠤ  ᠂ ︽ᠭᠤᠷᠪᠠᠨ ᠲᠣᠮᠣ ᠪᠥᠮᠪᠦᠭᠡ︾᠂ ᠪᠡᠶ᠎ᠡ ᠴᠢᠭᠢᠷᠠᠭᠵᠢᠭᠤᠯᠤᠨ ᠭᠦᠶᠦᠬᠦ᠂ ᠪᠡᠶ᠎ᠡ ᠴᠢᠭᠢᠷᠠᠭᠵᠢᠭᠤᠯᠤᠨ ᠠᠯᠬᠤᠬᠤ ᠵᠡᠷᠭᠡ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠᠬᠠᠮᠵᠢᠯᠴᠠᠬᠤ ᠰᠠᠯᠠᠭ᠎ᠠ ᠮᠥᠴᠢᠷ᠄ ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ3. ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠡᠳᠡᠯᠭᠡ ᠪᠠ ᠪᠡᠶ᠎ᠡ ᠴᠢᠭᠢᠷᠠᠭᠵᠢᠭᠤᠯᠬᠤ ᠠᠷᠭ᠎ᠠ ᠶᠢ ᠳᠡᠯᠭᠡᠷᠡᠭᠦᠯᠦᠨ ᠲᠦᠭᠡᠮᠡᠯᠵᠢᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠬᠥᠮᠦᠵᠢᠯ ᠢ ᠭᠦᠨᠵᠡᠭᠡᠢ ᠥᠷᠨᠢᠭᠦᠯᠵᠦ ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠦᠨ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠠᠷᠭ᠎ᠠ ᠶᠢ ᠳᠡᠯᠭᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠦᠷ᠎ᠡ ᠪᠦᠲᠦᠮᠵᠢ ᠶᠢ ᠤᠬᠠᠭᠤᠯᠵᠤ᠂ ᠪᠡᠶ᠎ᠡ ᠶᠢᠨ ᠲᠠᠮᠢᠷ ᠤᠨ ᠰᠣᠶᠣᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠥᠬᠦ ᠨᠡᠶᠢᠭᠡᠮ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠴᠢᠨᠠᠷ ᠲᠠᠰ ᠢ ᠶᠡᠬᠡᠪᠡᠷ ᠳᠡᠭᠡᠭᠰᠢᠯᠡᠭᠦᠯᠦᠨ᠎ᠡ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ︽ᠦᠨᠳᠦᠰᠦᠨ ᠱᠠᠲᠤᠨ ᠳᠤ ᠬᠦᠷᠴᠦ ᠡᠷᠡᠭᠦᠯ ᠮᠡᠨᠳᠦ ᠶᠢ ᠬᠦᠷᠭᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠪᠠᠷ ᠳᠡᠯᠭᠡᠨ ᠦᠵᠡᠭᠦᠯᠬᠦ᠂ ᠳᠡᠯᠭᠡᠨ ᠦᠵᠡᠭᠦᠯᠵᠦ ᠲᠣᠭᠯᠠᠬᠤ᠂ ᠪᠡᠶ᠎ᠡ ᠴᠢᠭᠢᠷᠠᠭᠵᠢᠭᠤᠯᠬᠤ ᠮᠡᠷᠭᠡᠵᠢᠯ ᠴᠢᠳᠠᠪᠤᠷᠢ ᠶᠢ ᠤᠯᠠᠮᠵᠢᠯᠠᠬᠤ ᠠᠷᠭ᠎ᠠ ᠮᠠᠶ᠋ᠢᠭ ᠢ ᠤᠯᠠᠮᠵᠢᠯᠠᠨ᠎ᠠ︔ ᠣᠯᠠᠨ ᠲᠦᠮᠡᠨ ᠤ ︽ᠪᠡᠶ᠎ᠡ ᠴᠢᠭᠢᠷᠠᠭᠵᠢᠭᠤᠯᠵᠤ ᠴᠢᠳᠠᠬᠤ ᠥᠬᠡᠶ᠂ ᠪᠡᠶ᠎ᠡ ᠴᠢᠬᠢᠷᠠᠭᠵᠢᠭᠤᠯᠬᠤ ᠠᠴᠠ ᠠᠶᠤᠵᠦ᠂ ᠪᠠᠷᠢᠮᠲᠠᠯᠠᠬᠤ ᠳᠤ ᠬᠦᠴᠢᠷ︾ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠵᠠᠯᠠᠭᠤᠴᠤᠳ ᠤᠨ ᠪᠣᠯᠪᠠᠰᠤᠷᠠᠯ ᠤᠨ ᠰᠢᠰᠲ᠋ᠧᠮ ᠤᠨ ᠪᠠᠶᠢᠭᠤᠯᠤᠯᠲᠠ ᠶᠢᠨ ᠠᠯᠬᠤᠴᠠ ᠶᠢ ᠠᠬᠢᠭᠤᠯᠵᠤ᠂ ᠵᠠᠯᠠᠭᠤᠴᠤᠳ ᠪᠠᠭᠠᠴᠤᠳ ᠤᠨ  ᠡᠯᠧᠺᠲᠷᠣᠨ ᠪᠦᠲᠦᠭᠡᠭᠳᠡᠬᠦᠨ ᠳᠤ ᠲᠦᠰᠢᠭᠯᠡᠬᠦ᠂ ᠬᠥᠳᠡᠯᠭᠡᠭᠡᠨ ᠳᠤᠲᠠᠭᠳᠠᠬᠤ ᠵᠡᠷᠭᠡ ᠠᠰᠠᠭᠤᠳᠠᠯ ᠢ ᠰᠠᠶᠢᠵᠢᠷᠠᠭᠤᠯᠤᠨ᠎ᠠ᠃ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠨᠠᠰᠤᠲᠠᠨ ᠳᠤ ᠲᠣᠬᠢᠷᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠨᠠᠰᠤᠲᠠᠶᠢᠴᠤᠳ ᠲᠤ ᠲᠣᠬᠢᠷᠠᠬᠤ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠣᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠳᠤ ᠬᠠᠷᠰᠢ ᠰᠠᠭᠠᠳ ᠦᠭᠡᠶ ᠣᠷᠴᠢᠨ ᠲᠣᠭᠤᠷᠢᠨ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠡᠷᠡᠭᠦᠯᠵᠢᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠲᠠᠷᠢᠶᠠᠴᠢᠨ᠂ ᠡᠮᠡᠭᠲᠡᠶᠢᠴᠦᠳ ᠵᠡᠷᠭᠡ ᠬᠥᠮᠦᠰ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠥᠷᠨᠢᠯᠲᠡ ᠶᠢ ᠠᠬᠢᠭᠤᠯᠤᠨ᠎ᠠ᠃ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠᠬᠠᠮᠵᠢᠯᠴᠠᠬᠤ ᠰᠠᠯᠠᠭ᠎ᠠ ᠮᠥᠴᠢᠷ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ4. ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠪᠠ ᠠᠵᠢᠯᠲᠠᠨ ᠠᠵᠢᠯᠴᠢᠨ ᠤ ᠪᠡᠶ᠎ᠡ ᠵᠢᠨ‌‍ᠲ᠋ᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠪᠠᠶᠢᠷᠢᠯᠠᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠴᠠᠭ ᠪᠠ ᠬᠦᠴᠦᠯᠡᠴᠡ ᠶᠢ ᠪᠠᠲᠤᠯᠠᠵᠤ᠂ ᠰᠤᠷᠤᠭᠴᠢᠳ ᠲᠤ ᠨᠠᠰᠤᠨ ᠲᠤᠷᠰᠢᠲᠠ ᠠᠰᠢᠭ ᠬᠦᠷᠳᠡᠬᠦ 1-2 ᠵᠦᠢᠯ ᠤᠨ ᠪᠡᠶ᠎ᠡ ᠶᠢᠨ ᠲᠠᠮᠢᠷ ᠤᠨ ᠤᠷ᠎ᠠ ᠴᠢᠳᠠᠪᠤᠷᠢ ᠶᠢ ᠡᠵᠡᠮᠰᠢᠭᠦᠯᠵᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠳᠠᠳᠬᠠᠯ ᠲᠠᠢ ᠪᠣᠯᠭᠠᠵᠤ᠂ ᠰᠤᠷᠭᠠᠭᠤᠯᠢ ᠨᠤᠭᠤᠳ ᠵᠢᠯ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠪᠡᠶ᠎ᠡ ᠶᠢᠨ ᠲᠠᠮᠢᠷ ᠤᠨ ᠴᠤᠭᠯᠠᠭᠠᠨ ᠢ ᠥᠷᠨᠢᠭᠦᠯᠬᠦ ᠬᠡᠷᠡᠭᠲᠡᠢ᠃ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯᠤᠨ ᠡᠯ᠎ᠡ ᠲᠥᠷᠥᠯ ᠤᠨ ᠳᠠᠩ ᠵᠦᠢᠯ ᠤᠨ ᠤᠷᠤᠯᠳᠤᠭᠠᠨ ᠢ ᠢᠳᠡᠪᠬᠢᠲᠡᠢ ᠥᠷᠨᠢᠭᠦᠯᠬᠦ ᠬᠡᠷᠡᠭᠲᠡᠶ᠃ ᠰᠤᠷᠭᠠᠭᠤᠯᠢ ᠶᠢᠨ ᠣᠨᠴᠠᠯᠢᠭᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠬᠥᠭᠵᠢᠭᠦᠯᠵᠦ᠂ ᠤᠯᠠᠭᠠᠨ ᠨᠠᠭᠤᠷ ᠪᠠᠯᠭᠠᠰᠤ ᠶᠢᠨ ᠤᠰᠤᠨ ᠣᠷᠣᠨ ᠪᠣᠯᠤᠨ ᠡᠯᠡᠰᠦᠷᠬᠡᠭ ᠭᠠᠵᠠᠷ ᠢᠶᠠᠷ ᠲᠠᠪᠴᠠᠩ ᠪᠣᠯᠭᠠᠨ᠂ ᠵᠠᠯᠠᠭᠤᠴᠤᠳ ᠪᠠᠭᠠᠴᠤᠳ ᠤᠨ ᠤᠰᠤᠨ ᠳᠡᠭᠡᠷᠡᠬᠢ ᠬᠥᠳᠡᠯᠭᠡᠭᠡᠨ ᠪᠣᠯᠤᠨ ᠭᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠭᠡᠷ ᠤᠨ ᠭᠠᠳᠠᠨᠠᠬᠢ ᠣᠨᠴᠠᠯᠢᠭᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠬᠥᠭᠵᠢᠭᠦᠯᠬᠦ ᠬᠡᠷᠡᠭᠲᠡᠶ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠡᠯᠪᠡᠷᠢ ᠮᠠᠶ᠋ᠢᠭ ᠢᠶᠠᠷ ᠠᠳᠠᠯᠢ ᠪᠤᠰᠤ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠡᠯ᠎ᠡ ᠨᠢᠭᠡᠴᠡ ᠪᠠ ᠰᠠᠯᠠᠭ᠎ᠠ ᠮᠥᠴᠢᠷ ᠤᠳ ᠣᠨᠴᠠᠯᠢᠭ ᠲᠠᠢ᠂ ᠣᠷᠣᠯᠴᠠᠬᠤ ᠴᠢᠨᠠᠷ ᠢᠶᠠᠷ ᠴᠢᠩᠭ᠎ᠠ᠂ ᠴᠠᠭᠴᠢ ᠴᠢᠨᠠᠷ ᠢᠶᠠᠷ ᠣᠷᠳᠣ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠬᠤ ᠶᠢᠨ ᠬᠠᠮᠲᠤ ᠱᠠᠩᠨᠠᠬᠤ ᠬᠡᠷᠡᠭᠲᠡᠶ᠃ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠᠬᠠᠮᠵᠢᠯᠴᠠᠬᠤ ᠰᠠᠯᠠᠭ᠎ᠠ ᠮᠥᠴᠢᠷ᠄ ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ5. ᠨᠠᠰᠤᠲᠠᠶᠢᠴᠤᠳ ᠤᠨ ᠪᠡᠶ᠎ᠡ ᠶᠢᠨ ᠲᠠᠮᠢᠷ ᠪᠣᠯᠣᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠴᠢᠬᠤᠯᠠᠴᠢᠯᠠᠵᠤ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠳᠤ ᠲᠣᠬᠢᠷᠠᠬᠤ ᠵᠤᠭ᠎ᠠ ᠴᠡᠩᠭᠡᠯ ᠤᠨ ᠲᠥᠷᠥᠯ‌‍ᠲ᠋ᠤᠰᠬᠠᠢ ᠮᠡᠷᠭᠡᠵᠢᠯᠲᠡᠨ ᠢ ᠤᠷᠢᠵᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠢᠴᠢᠶᠡᠯ ᠤᠨ ᠲᠠᠩᠬᠢᠮ ᠤᠨ ᠠᠵᠢᠯᠯᠠᠭ᠎ᠠ ᠶᠢ ᠥᠷᠨᠢᠭᠦᠯᠵᠦ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ ᠪᠠᠷ ᠪᠡᠶ᠎ᠡ ᠮᠠᠬᠠᠪᠤᠳ ᠢᠶᠠᠨ ᠪᠣᠯᠪᠠᠰᠤᠷᠠᠭᠤᠯᠬᠤ ᠠᠷᠭ᠎ᠠ ᠶᠢ ᠤᠬᠠᠭᠤᠯᠵᠤ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠲᠣᠣᠷ‌ᠵᠡᠮᠳᠡᠭᠴᠦᠳ ᠤᠨ ᠪᠡᠶ᠎ᠡ ᠶᠢᠨ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠶᠢ ᠵᠣᠷᠢᠭᠵᠢᠭᠤᠯᠬᠤ ᠶᠢᠨ ᠬᠠᠮᠲᠤ ᠬᠠᠪᠰᠤᠷᠴᠤ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠪᠣᠯᠣᠨ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠠᠴᠠ ᠵᠡᠮᠳᠡᠭᠴᠦᠳ ᠤᠨ ᠪᠡᠶ᠎ᠡ ᠮᠠᠬᠠᠪᠤᠳ ᠢᠶᠠᠨ ᠳᠠᠪᠲᠠᠨ ᠪᠣᠯᠪᠠᠰᠤᠷᠠᠭᠤᠯᠬᠤ ᠶᠢ ᠵᠢᠭᠠᠨ ᠵᠢᠯᠤᠭᠤᠳᠴᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠲᠣᠬᠢᠷᠠᠮᠵᠢᠲᠠᠢ ᠠᠷᠭ᠎ᠠ ᠶᠢ ᠪᠠᠢᠭᠤᠯᠤᠨ᠎ᠠ᠃ ᠨᠠᠰᠤᠲᠠᠶᠢᠴᠤᠳ ᠪᠠ ᠵᠡᠮᠳᠡᠭᠴᠦᠳ ᠤᠨ ᠡᠷᠡᠭᠦᠯ ᠴᠢᠭᠢᠷᠠᠭ ᠠᠮᠢᠳᠤᠷᠠᠯ᠂ ᠪᠠᠶᠠᠷ ᠬᠥᠷ ᠲᠠᠢ ᠠᠮᠢᠳᠤᠷᠠᠬᠤ ᠶᠢ ᠬᠥᠲᠥᠯᠥᠨ ᠵᠢᠯᠣᠭᠤᠳᠤᠨ᠎ᠠ᠃ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠᠬᠠᠮᠵᠢᠯᠴᠠᠬᠤ ᠰᠠᠯᠠᠭ᠎ᠠ ᠮᠥᠴᠢᠷ᠄ ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠡᠮᠳᠡᠭᠴᠦᠳ ᠤᠨ ᠬᠤᠯᠪᠣᠭᠠᠲᠤ ᠬᠤᠷᠠᠯ6. ᠨᠡᠶᠢᠭᠡᠮ ᠤᠨ ᠬᠥᠯ ᠪᠥᠮᠪᠦᠭᠡ ᠶᠢᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠦᠨ᠎ᠡ᠃ ᠠᠵᠢᠯ ᠲᠥᠷᠥᠯ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠲᠠᠪᠤᠨ ᠬᠥᠮᠥᠨ ᠤ ᠳᠦᠷᠢᠮᠲᠦ ᠪᠠ ᠲᠤᠯᠤᠭᠠᠨ ᠬᠥᠮᠥᠨ ᠤ ᠳᠦᠷᠢᠮᠲᠦ ᠬᠥᠯ ᠪᠥᠮᠪᠦᠭᠡ᠂ ᠡᠯᠡᠰᠦᠨ ᠲᠠᠩ ᠤᠨ ᠬᠥᠯ ᠪᠥᠮᠪᠦᠭᠡ ᠵᠡᠷᠭᠡ ᠣᠯᠠᠨ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠢ ᠬᠥᠯ ᠪᠥᠮᠪᠦᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠬᠥᠯ ᠪᠥᠮᠪᠦᠭᠡ ᠶᠢ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠠᠭᠤᠯᠭ᠎ᠠ ᠳᠤ ᠣᠷᠣᠭᠤᠯᠵᠤ᠂ ᠰᠤᠷᠤᠯᠭ᠎ᠠ ᠶᠢᠨ ᠴᠠᠭ ᠤᠨ ᠬᠤᠪᠢ ᠶᠢᠨ ᠵᠢᠩ ᠢ ᠨᠡᠮᠡᠭᠳᠡᠭᠦᠯᠦᠨ᠎ᠡ᠃ ᠠᠩᠬ᠎ᠠ ᠳᠣᠮᠳᠠᠳᠤ᠂ ᠪᠠᠭ᠎ᠠ ᠰᠤᠷᠭᠠᠭᠤᠯᠢ ᠶᠢᠨ ᠭᠤᠷᠪᠠᠨ ᠱᠠᠲᠤᠨ ᠤ ᠬᠥᠯ ᠪᠥᠮᠪᠦᠭᠡ ᠶᠢᠨ ᠤᠷᠤᠯᠳᠤᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂     ᠬᠡᠦᠬᠡᠳ ᠤᠨ ᠴᠡᠴᠡᠷᠯᠢᠭ ᠢ ᠰᠣᠩᠭᠤᠨ ᠬᠥᠯ ᠪᠥᠮᠪᠦᠭᠡ ᠶᠢᠨ ᠰᠡᠩᠬᠡᠷᠡᠭᠦᠯᠬᠦ ᠬᠥᠮᠦᠵᠢᠭᠦᠯ ᠥᠷᠨᠢᠭᠦᠯᠦᠨ᠎ᠡ᠃ ᠬᠥᠯ ᠪᠥᠮᠪᠦᠭᠡ ᠶᠢᠨ ᠨᠡᠶᠢᠭᠡᠮᠯᠢᠭ ᠲᠤ ᠲᠦᠰᠢᠭᠯᠡᠨ ᠡᠯ᠎ᠡ ᠲᠥᠷᠥᠯ ᠤᠨ ᠬᠥᠯ ᠪᠥᠮᠪᠦᠭᠡ ᠶᠢᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠵᠦ᠂ ᠬᠥᠯ ᠪᠥᠮᠪᠦᠭᠡ ᠶᠢᠨ ᠺᠯᠦ᠋ᠪ ᠢ ᠶᠡᠬᠡᠪᠡᠷ ᠬᠥᠭᠵᠢᠭᠦᠯᠦᠨ᠂ ᠨᠡᠶᠢᠭᠡᠮ ᠤᠨ ᠬᠥᠯ ᠪᠥᠮᠪᠦᠭᠡ ᠪᠠ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠬᠥᠭᠵᠢᠭᠦᠯᠬᠦ ᠪᠠᠷ ᠳᠠᠮᠵᠢᠭᠤᠯᠤᠨ᠂ ᠬᠥᠯ ᠪᠥᠮᠪᠦᠭᠡ ᠶᠢᠨ ᠬᠥᠳᠡᠯᠭᠡᠭᠡᠨ ᠤ ᠣᠯᠠᠨ ᠲᠦᠮᠡᠨ ᠤ ᠰᠠᠭᠤᠷᠢ ᠶᠢ ᠲᠠᠯᠪᠢᠵᠤ᠂ ᠬᠥᠯ ᠪᠥᠮᠪᠦᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠨᠥᠭᠡᠴᠡᠯᠡᠨ᠎ᠡ᠃ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠᠬᠠᠮᠵᠢᠯᠴᠠᠬᠤ ᠰᠠᠯᠠᠭ᠎ᠠ ᠮᠥᠴᠢᠷ᠄ ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ7. ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠣᠶᠣᠯ ᠢ ᠲᠦᠭᠡᠮᠡᠯᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠵᠣᠬᠢᠶᠠᠨ ᠪᠦᠲᠦᠭᠡᠬᠦ ᠪᠠ ᠲᠠᠷᠬᠠᠭᠠᠬᠤ ᠡᠷᠴᠢᠮ ᠢ ᠴᠢᠩᠭᠠᠷᠠᠭᠤᠯᠤᠨ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠥᠯᠢᠭᠡᠷ ᠢ ᠰᠠᠶᠢᠲᠤᠷ ᠶᠠᠷᠢᠨ᠎ᠠ᠃ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠪᠠ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠢᠷᠢ ᠬᠡᠮᠵᠢᠶ᠎ᠡ ᠶᠢᠨ ᠵᠡᠷᠭᠡ ᠳᠡᠰ ᠤᠨ ᠪᠠᠷᠢᠮᠵᠢᠶ᠎ᠠ ᠶᠢᠨ ᠪᠠᠷᠢᠮᠵᠢᠶ᠎ᠠ ᠳᠤ ᠬᠦᠷᠦᠭᠰᠡᠳ ᠲᠤ ᠦᠨᠡᠮᠯᠡᠯ ᠣᠯᠭᠤᠵᠤ᠂ ᠱᠠᠩᠨᠠᠯ ᠢᠶᠠᠷ ᠡᠷᠡᠭᠦᠯ ᠴᠢᠭᠢᠷᠠᠭ ᠢ ᠠᠬᠢᠭᠤᠯᠬᠤ ᠤᠷᠮᠠᠰᠢᠭᠤᠯᠬᠤ ᠲᠣᠭᠲᠠᠴᠠ ᠶᠢ ᠥᠷᠨᠢᠭᠦᠯᠦᠨ᠎ᠡ᠃ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠᠬᠠᠮᠵᠢᠯᠴᠠᠬᠤ ᠰᠠᠯᠠᠭ᠎ᠠ ᠮᠥᠴᠢᠷ᠄ ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠤᠳᠤᠷᠢᠳᠤᠯᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠨ᠎ᠠ᠃ ︽ᠵᠠᠰᠠᠭ ᠤᠨ ᠣᠷᠳᠣᠨ ᠤᠳᠤᠷᠢᠳᠬᠤ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠦᠷᠦᠭᠦᠯᠡᠬᠦ᠂ ᠬᠠᠮᠢᠶ᠎ᠠ ᠪᠦᠬᠦᠢ ᠨᠢᠭᠡᠴᠡ ᠬᠠᠮᠵᠢᠯᠴᠠᠬᠤ᠂ ᠪᠦᠬᠦ ᠨᠡᠶᠢᠭᠡᠮ ᠢᠶᠠᠷ ᠢᠶᠠᠨ ᠣᠷᠣᠯᠴᠠᠬᠤ︾ ᠠᠵᠢᠯ ᠤᠨ ᠳᠦᠷᠢᠮ ᠢ ᠪᠠᠶᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠢ ᠬᠥᠭᠵᠢᠭᠦᠯᠬᠦ ᠶᠢ ᠴᠢᠬᠤᠯᠠ ᠪᠠᠶᠢᠷᠢᠨ ᠳᠤ ᠲᠠᠯᠪᠢᠵᠤ᠂ ᠪᠡᠶ᠎ᠡ ᠶᠢᠨ ᠲᠠᠮᠢᠷ ᠤᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠠᠯᠠᠭ᠎ᠠ ᠮᠥᠴᠢᠷ ᠤᠳ ᠬᠤᠯᠪᠤᠭᠠᠯᠠᠨ ᠬᠥᠳᠡᠯᠦᠯᠴᠡᠬᠦ᠂ ᠬᠠᠷᠢᠭᠤᠴᠠᠯᠭ᠎ᠠ ᠲᠣᠳᠣᠷᠬᠠᠢ᠂ ᠠᠵᠢᠯ ᠤᠨ ᠬᠤᠪᠢᠶᠠᠷᠢᠯᠠᠯ ᠲᠣᠳᠣᠷᠬᠠᠢ ᠂ ᠬᠠᠮᠲᠤ ᠪᠠᠷ ᠠᠳᠬᠤᠵᠤ ᠬᠠᠮᠲᠤ ᠪᠠᠷ ᠡᠵᠡᠩᠨᠡᠬᠦ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠲᠣᠭᠲᠠᠴᠠ ᠶᠢ ᠪᠣᠶ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠭᠦᠨᠵᠡᠭᠡᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠵᠤ᠂ ᠡᠷᠡᠭᠦᠯ ᠡᠩᠬᠡ ᠶᠢᠨ ᠤᠳᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ᠃︵ᠬᠤᠶᠠᠷ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠯᠤᠰ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ ᠵᠶ᠋ᠡᠨ‌‍ᠬᠡᠷᠡᠭᠵᠢᠭᠦᠯᠬᠦ ᠲᠥᠯᠥᠪᠯᠡᠭᠡ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠤᠨ᠎ᠠ︔ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ᠂ ᠲᠥᠷᠥᠯ ᠵᠦᠢᠯ ᠤᠨ ᠲᠠᠯ᠎ᠠ ᠪᠠᠷ ᠳᠡᠮᠵᠢᠯᠭᠡ ᠦᠵᠡᠭᠦᠯᠬᠦ ᠬᠡᠷᠡᠭᠲᠡᠢ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠷᠤᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠲᠣᠭᠲᠠᠴᠠ ᠶᠢ ᠪᠠᠶᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠵᠢᠭᠰᠠᠭᠠᠨ ᠣᠷᠣᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠳᠠᠬᠢ ᠣᠷᠤᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ︔ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ︔ ᠪᠡᠶ᠎ᠡ ᠶᠢᠨ ᠲᠠᠮᠢᠷ ᠤᠨ ᠬᠥᠭᠵᠢᠯᠲᠡ ᠶᠢ ᠬᠤᠲᠠ ᠬᠥᠳᠡᠭᠡ ᠶᠢᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ᠂ ᠪᠡᠶ᠎ᠡ ᠶᠢᠨ ᠲᠠᠮᠢᠷ ᠤᠨ ᠬᠥᠭᠵᠢᠯᠲᠡ ᠳᠤ ᠬᠡᠷᠡᠭᠰᠡᠬᠦ ᠭᠠᠵᠠᠷ ᠰᠢᠷᠣᠢ ᠶᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠪᠠ ᠣᠨ ᠤ ᠭᠠᠵᠠᠷ ᠰᠢᠷᠣᠢ ᠶᠢᠨ ᠲᠥᠯᠥᠪᠯᠡᠭᠡ ᠳᠤ ᠣᠷᠣᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢᠨ ᠭᠠᠵᠠᠷ ᠰᠢᠷᠣᠢ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠭᠠᠵᠠᠷ ᠰᠢᠷᠣᠢ ᠶᠢ ᠤᠷᠢᠳᠠᠪᠠᠷ ᠬᠡᠷᠡᠭᠯᠡᠬᠦ᠂ ᠤᠷᠢᠳᠠᠪᠠᠷ ᠬᠢᠨᠠᠨ ᠵᠥᠪᠰᠢᠶᠡᠷᠡᠬᠦ᠂ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠦᠢᠯᠡᠴᠢᠯᠡᠭᠡ ᠪᠠ ᠪᠠᠲᠤᠯᠠᠭ᠎ᠠ ᠶᠢᠨ ᠠᠵᠢᠯ ᠢ ᠬᠠᠮᠵᠢᠯᠴᠠᠨ ᠰᠠᠶᠢᠲᠤᠷ ᠬᠢᠨ᠎ᠡ᠃︵ᠭᠤᠷᠪᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ ᠵᠢᠴᠢ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠵᠡᠷᠭᠡ ᠶᠢᠨ ᠪᠡᠶ᠎ᠡ ᠴᠢᠭᠢᠷᠠᠭᠵᠢᠭᠤᠯᠬᠤ ᠲᠠᠯᠠᠪᠠᠶ ᠣᠷᠳᠣᠨ᠂ ᠤᠷᠤᠯᠳᠤᠭᠠᠨ ᠤ ᠠᠵᠢᠯᠯᠠᠭ᠎ᠠ᠂ ᠪᠡᠶ᠎ᠡ ᠴᠢᠭᠢᠷᠠᠭᠵᠢᠭᠤᠯᠬᠤ ᠲᠥᠷᠥᠯ ᠵᠦᠢᠯ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠡ ᠪᠠᠷ ᠨᠡᠶᠢᠲᠡᠯᠡᠬᠦ ᠶᠢ ᠭᠦᠢᠴᠡᠳ ᠪᠠᠳᠠᠷᠠᠭᠤᠯᠤᠨ᠎ᠠ᠃ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠪᠣᠯᠣᠨ ᠲᠣᠮᠣ ᠬᠡᠯᠪᠡᠷᠢ ᠶᠢᠨ ᠰᠣᠶᠣᠯ ᠲᠠᠮᠢᠷ ᠤᠨ ᠤᠷᠤᠯᠳᠤᠭᠠᠨ ᠤ ᠠᠵᠢᠯᠯᠠᠭᠠᠨ ᠤ ᠲᠠᠪᠴᠠᠩ ᠢ ᠠᠰᠢᠭᠯᠠᠵᠤ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠤᠬᠠᠭᠤᠯᠤᠨ ᠰᠠᠨᠠᠭᠠᠴᠢᠯᠠᠵᠤ᠂ ᠣᠯᠠᠨ ᠬᠡᠯᠪᠡᠷᠢ ᠮᠠᠶ᠋ᠢᠭ ᠤᠨ ᠪᠡᠶ᠎ᠡ ᠴᠢᠭᠢᠷᠠᠭᠵᠢᠭᠤᠯᠬᠤ ᠲᠥᠷᠥᠯ ᠵᠦᠢᠯ ᠤᠨ ᠳᠡᠯᠭᠡᠨ ᠦᠵᠡᠭᠦᠯᠬᠦ ᠠᠵᠢᠯᠯᠠᠭ᠎ᠠ᠂ ᠡᠷᠡᠭᠦᠯ ᠮᠡᠨᠳᠦ ᠶᠢᠨ ᠲᠠᠶᠢᠯᠤᠮᠵᠢ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠤᠬᠠᠭᠤᠯᠭ᠎ᠠ ᠶᠢᠨ ᠮᠠᠲ᠋ᠧᠷᠢᠶᠠᠯ ᠵᠡᠷᠭᠡ ᠶᠢ ᠢᠳᠡᠪᠬᠢᠲᠡᠢ ᠡᠷᠭᠢᠯᠡᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠪᠠ ︽ᠨᠠᠰᠤᠨ ᠲᠤᠷᠰᠢᠲᠠ ᠶᠢᠨ ᠪᠡᠶ᠎ᠡ ᠶᠢᠨ ᠲᠠᠮᠢᠷ︾ ᠤᠨ ᠬᠥᠮᠦᠵᠢᠯ ᠢ ᠲᠦᠭᠡᠮᠡᠯᠵᠢᠭᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠳᠡᠯᠭᠡᠷ ᠭᠦᠨ ᠭᠦᠨᠵᠡᠭᠡᠢ ᠥᠷᠨᠢᠭᠦᠯᠬᠦ ᠶᠢ ᠤᠯᠠᠮ ᠨᠢᠭᠡ ᠠᠯᠬᠤᠮ ᠠᠬᠢᠭᠤᠯᠤᠨ᠎ᠠ  ᠃
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号