ᠴᠢᠰᠤ ᠬᠠᠨᠳᠢᠪᠯᠠᠬᠤ ᠶᠢᠨ ᠰᠠᠶᠢᠨ ᠲᠠᠢ ᠲᠠᠯ᠎ᠠ
ᠨᠡᠶᠢᠲᠡᠯᠡᠭᠰᠡᠨ ᠴᠠᠭ᠄
2023/6/30
     1. ᠵᠢᠷᠦᠬᠡ ᠳᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠭᠦ ᠨᠣᠷᠮ᠎ᠠ ᠶᠢ ᠪᠠᠭᠠᠰᠬᠠᠨ᠎ᠠ᠃ ᠴᠢᠰᠤ ᠬᠠᠨᠳᠢᠪᠯᠠᠬᠤ ᠨᠢ ᠴᠢᠰᠣ ᠶᠢ ᠰᠢᠩᠭᠡᠷᠡᠭᠦᠯᠵᠦ᠂ ᠴᠢᠰᠣᠨ ᠤ ᠡᠷᠭᠢᠯᠳᠡ ᠶᠢᠨ ᠬᠤᠷᠳᠤᠴᠠ ᠶᠢ ᠲᠦᠷᠭᠡᠳᠭᠡᠨ᠂ ᠴᠢᠰᠤᠨ ᠤ ᠬᠦᠴᠢᠯᠳᠦ᠋ᠷᠦᠭᠴᠢ ᠲᠠᠮᠵᠢᠭᠤᠯᠬᠤ ᠪᠠ ᠰᠢᠮ᠎ᠡ ᠲᠡᠵᠢᠭᠡᠯ ᠤᠨ ᠪᠣᠳᠠᠰ ᠢ ᠳᠠᠮᠵᠢᠭᠤᠯᠬᠤ ᠴᠢᠳᠠᠪᠦᠷᠢ ᠶᠢ ᠳᠡᠭᠡᠭᠰᠢᠯᠡᠭᠦᠯᠵᠦ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠭᠦ ᠨᠤᠷᠮ᠎ᠠ ᠶᠢ ᠪᠠᠭᠠᠰᠬᠠᠨ᠎ᠠ᠃      2. ᠴᠢᠰᠤ ᠪᠦᠲᠦᠭᠡᠬᠦ ᠴᠢᠳᠠᠪᠦᠷᠢ ᠶᠢ ᠨᠡᠮᠡᠭᠳᠡᠭᠦᠯᠦᠨ᠎ᠡ᠃ ᠵᠣᠬᠢᠬᠤ ᠬᠡᠮᠵᠢᠶᠡᠨ ᠤ ᠴᠢᠰᠤ ᠬᠠᠨᠳᠢᠪᠯᠠᠬᠤ ᠨᠢ ᠴᠢᠰᠤᠨ ᠤ ᠡᠰ ᠤᠨ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ ᠴᠦᠮᠦᠭᠡ ᠳᠤ ᠰᠡᠳᠦᠯᠲᠡ ᠥᠭᠴᠦ ᠴᠢᠰᠤ ᠪᠦᠲᠦᠭᠡᠨ᠂ ᠴᠢᠰᠤᠨ ᠤ ᠰᠢᠨ᠎ᠡ ᠤᠯᠠᠭᠠᠨ ᠡᠰ ᠢ ᠪᠣᠢ ᠪᠣᠯᠭᠠᠵᠤ᠂ ᠴᠢᠰᠤ ᠪᠦᠲᠦᠭᠡᠬᠦ ᠴᠢᠳᠠᠪᠦᠷᠢ ᠶᠢ ᠨᠡᠮᠡᠭᠳᠡᠭᠦᠯᠦᠨ᠎ᠡ᠃      3. ᠴᠢᠰᠤᠨ ᠳᠠᠬᠢ ᠲᠡᠮᠦᠷ ᠤᠨ ᠥᠳᠬᠡᠴᠠ ᠶᠢ ᠪᠠᠭᠤᠷᠠᠭᠤᠯᠤᠨ᠎ᠠ᠃ ᠵᠣᠬᠢᠬᠤ ᠬᠡᠮᠵᠢᠶᠡᠨ ᠤ ᠴᠢᠰᠤ ᠬᠠᠨᠳᠢᠪᠯᠠᠬᠤ ᠨᠢ ᠪᠡᠶ᠎ᠡ ᠶᠢᠨ ᠴᠢᠰᠤᠨ ᠳᠣᠲᠣᠷᠠᠬᠢ ᠲᠡᠮᠦᠷ ᠤᠨ ᠥᠳᠬᠡᠴᠡ ᠶᠢ ᠪᠠᠭᠤᠷᠠᠭᠤᠯᠬᠤ ᠶᠢᠨ  ᠣᠯᠠᠮ ᠠᠴᠠ ᠲᠡᠮᠦᠷ ᠤᠨ ᠳᠣᠲᠣᠷ ᠡᠷᠬᠡᠲᠡᠨ ᠳᠤ ᠤᠴᠠᠷᠠᠭᠤᠯᠬᠤ ᠬᠤᠬᠢᠷᠠᠯ ᠢ ᠪᠠᠭᠠᠰᠬᠠᠨ᠎ᠠ᠃ ᠤᠴᠢᠷ ᠨᠢ ᠬᠡᠷᠪᠡ ᠣᠷᠭᠠᠨᠢᠭ ᠪᠡᠶ᠎ᠡ ᠶᠢᠨ ᠳᠣᠲᠣᠷᠠᠬᠢ ᠲᠡᠮᠦᠷ ᠤᠨ ᠥᠳᠭᠡᠴᠡ ᠨᠢ ᠬᠡᠲᠦᠷᠬᠡᠶ ᠶᠡᠭᠡ ᠪᠣᠯ ᠡᠯᠢᠭᠡ᠂ ᠵᠢᠷᠦᠬᠡ ᠵᠡᠷᠭᠡ ᠡᠷᠬᠡᠲᠡᠨ ᠳᠤ ᠬᠤᠷᠠᠵᠤ᠂ ᠡᠷᠬᠡᠲᠡᠨ ᠤ ᠳᠠᠷᠣᠭᠠᠰᠦ ᠶᠢ ᠬᠦᠨᠳᠦᠷᠡᠭᠦᠯᠵᠦ  ᠂  ᠪᠡᠶ᠎ᠡ  ᠮᠠᠬᠠᠪᠤᠳ  ᠤᠨ  ᠡᠷᠡᠭᠦᠯ  ᠮᠡᠨᠳᠦ  ᠶᠢ  ᠨᠦᠯᠦᠭᠡᠯᠡᠳᠡᠭ᠃      4. ᠰᠡᠳᠭᠢᠴᠡ ᠶᠢᠨ ᠡᠷᠡᠭᠦᠯ ᠮᠡᠨᠳᠦ ᠳᠤ ᠲᠤᠰᠠᠲᠠᠶ᠃ ᠴᠢᠰᠤ ᠬᠠᠨᠳᠢᠪᠯᠠᠬᠤ ᠨᠢ ᠮᠡᠳᠡᠷᠡᠯ — ᠪᠡᠶ᠎ᠡ ᠶᠢᠨ ᠰᠢᠩᠭᠡᠨ — ᠳᠣᠲᠣᠭᠠᠳᠤ ᠰᠢᠭᠦᠷᠡᠯ ᠤᠨ ᠰᠢᠰᠲ᠋ᠧᠮ ᠤᠨ ᠲᠣᠬᠢᠷᠠᠭᠤᠯᠤᠯᠲᠠ ᠳᠤ ᠲᠤᠰᠠᠲᠠᠶ᠂ ᠬᠦᠮᠦᠨ ᠤ ᠰᠡᠳᠬᠢᠴᠡ ᠶᠢᠨ ᠠᠵᠢᠯᠯᠠᠭ᠎ᠠ ᠶᠢ ᠰᠠᠶᠢᠵᠢᠷᠠᠭᠤᠯᠬᠤ ᠶᠢᠨ ᠣᠯᠠᠮ ᠠᠴᠠ ᠰᠡᠳᠭᠢᠴᠡ ᠶᠢᠨ ᠡᠷᠡᠭᠦᠯ ᠮᠡᠨᠳᠦ ᠳᠤ ᠲᠤᠰᠠᠲᠠᠶ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号