ᠵᠠᠯᠠᠭᠤ ᠬᠡᠪ ᠢᠶᠠᠨ ᠪᠠᠷᠢᠮᠲᠠᠯᠠᠬᠤ ᠶᠢᠨ ᠲᠤᠯᠠᠳᠠ
ᠨᠡᠶᠢᠲᠡᠯᠡᠭᠰᠡᠨ ᠴᠠᠭ᠄
2023/7/13
    1. ᠥᠲᠡᠯᠦᠨ ᠥᠲᠡᠯᠲᠡᠯ᠎ᠡ ᠪᠠᠨ ᠰᠢᠨ᠎ᠡ ᠵᠦᠢᠯ ᠢ ᠰᠣᠷᠣᠯᠴᠠᠵᠦ ᠪᠠᠶᠢᠬᠤ ᠬᠡᠷᠡᠭᠲᠡᠢ᠃ ᠬᠥᠮᠥᠨ ᠨᠠᠰᠣᠨ ᠲᠤᠷᠰᠢᠲᠠ ᠰᠤᠷᠴᠤ ᠰᠤᠳᠤᠯᠵᠤ ᠪᠠᠶᠢᠬᠤ ᠪᠣᠯ ᠮᠠᠰᠢ ᠴᠢᠬᠤᠯᠠ ᠶᠤᠮ᠃ ᠰᠢᠨ᠎ᠡ ᠨᠢᠭᠡᠨ ᠬᠥᠭᠵᠢᠮ᠂ ᠨᠢᠭᠡ ᠳᠦᠷᠦᠯ ᠤᠨ ᠬᠡᠯᠡ᠂ ᠡᠰᠡᠬᠦᠯ᠎ᠡ ᠰᠢᠨ᠎ᠡ ᠬᠤᠭᠤᠯᠠ ᠪᠤᠳᠠᠭ᠎ᠠ ᠬᠢᠵᠦ ᠰᠤᠷᠴᠤ ᠣᠷᠣᠯᠳᠣᠵᠦ ᠪᠠᠶᠢᠭᠠᠷᠠᠢ᠃      2. ᠬᠠᠭᠤᠴᠢᠨ ᠳᠠᠳᠬᠠᠯ ᠪᠠ ᠥᠪᠡᠷ ᠤᠨ ᠢᠶᠠᠨ ᠲᠤᠷᠰᠢᠯᠭ᠎ᠠ ᠪᠠᠨ ᠯᠡ ᠮᠥᠷᠳᠡᠬᠦ ᠪᠢᠰᠢ᠂ ᠬᠠᠷᠢᠨ ᠰᠢᠨ᠎ᠡ ᠵᠦᠢᠯ ᠢ ᠪᠠᠶᠢᠩᠭᠤ ᠰᠣᠨᠢᠷᠬᠠᠵᠤ ᠤᠷᠤᠯᠳᠣᠵᠦ ᠪᠠᠶᠢᠬᠤ ᠪᠣᠯ ᠵᠠᠯᠠᠭᠤ ᠨᠠᠰᠤᠨ ᠤ ᠬᠥᠭᠡᠭᠡᠴᠡᠯᠳᠦᠯ ᠶᠤᠮ᠃          3.ᠢᠯᠡᠭᠦᠬᠡᠨ ᠬᠥᠳᠡᠯᠵᠦ ᠪᠠᠢ᠃ ᠬᠥᠮᠥᠨ ᠬᠥᠭᠰᠢᠷᠡᠵᠦ ᠪᠢᠰᠢ ᠬᠥᠰᠢᠵᠦ ᠦᠬᠦᠳᠡᠭ ᠭᠡᠰᠡᠨ ᠦᠭᠡ  ᠪᠠᠶᠢᠳᠠᠭ  ᠃  ᠥᠲᠡᠯᠬᠦ  ᠠᠴᠠ ᠰᠡᠷᠭᠡᠶᠢᠯᠡᠬᠦ ᠳᠤ ᠪᠡᠶ᠎ᠡ ᠲᠠᠮᠢᠷ ᠤᠨ ᠪᠣᠯᠪᠠᠰᠤᠷᠠᠯ ᠶᠡᠭᠡ ᠴᠢᠬᠤᠯᠠ᠃      4. ᠪᠦᠭᠦ ᠶᠠᠪᠤᠳᠠᠯ ᠢ ᠵᠥᠪ ᠲᠠᠯ᠎ᠠ ᠠᠴᠠ ᠨᠢ ᠰᠡᠳᠬᠢᠵᠦ ᠰᠣᠷ᠃ ᠠᠮᠢᠳᠤᠷᠠᠯ ᠳᠤ ᠰᠡᠳᠬᠢᠯ ᠰᠠᠨᠠᠭ᠎ᠠ ᠪᠤᠬᠢᠨᠢᠳᠤᠭᠤᠯᠬᠤ ᠶᠠᠪᠤᠳᠠᠯ ᠲᠣᠬᠢᠶᠠᠯᠳᠤᠬᠤ ᠨᠢ ᠵᠠᠶᠢᠯᠠᠰᠢ ᠦᠭᠡᠢ᠃ ᠬᠠᠷᠢᠨ ᠪᠣᠯᠵᠤ ᠥᠩᠭᠡᠷᠡᠭᠰᠡᠨ ᠶᠠᠪᠤᠳᠠᠯ ᠢ ᠥᠭᠡᠷᠡᠴᠢᠯᠡᠵᠦ ᠦᠯᠦ ᠴᠢᠳᠠᠪᠠᠴᠤ ᠡᠭᠦᠨ ᠳᠤ ᠶᠠᠭᠠᠬᠢᠵᠤ ᠬᠠᠨᠳᠤᠬᠤ ᠪᠤᠢ ᠭᠡᠳᠡᠭ ᠨᠢ ᠴᠢᠬᠤᠯᠠ ᠶᠤᠮ᠃ ᠠᠮᠢᠳᠤᠷᠠᠯ ᠶᠠᠭ ᠲᠣᠯᠢ ᠰᠢᠭ᠋᠂ ᠥᠭᠡᠳᠡ ᠠᠴᠠ ᠨᠢ ᠬᠠᠷᠠᠭᠠᠳ ᠮᠦᠰᠢᠶᠡᠬᠦ ᠳᠤ ᠲᠡᠷᠡ ᠮᠥᠨ ᠢᠨᠢᠶᠡᠮᠰᠦᠭᠯᠡᠨ᠎ᠡ᠃ ᠥᠭᠡᠳᠡ ᠦᠭᠡᠢ ᠲᠡᠰᠢ ᠨᠢ ᠪᠤᠳᠤᠭᠠᠳ ᠪᠠᠶᠢᠪᠠᠯ ᠪᠤᠯᠬᠤ ᠦᠭᠡᠢ ᠪᠦᠲᠦᠬᠦ ᠦᠭᠡᠢ ᠶᠠᠪᠤᠳᠠᠯ ᠣᠷᠢᠶᠠᠬᠤ ᠭᠡᠳ ᠯᠠ ᠪᠠᠶᠢᠳᠠᠭ᠃      5. ᠥᠪᠡᠷ ᠤᠨ ᠳᠤᠷ᠎ᠠ ᠰᠣᠨᠢᠷᠬᠠᠯ ᠲᠠᠢ ᠪᠠᠶᠢᠬᠤ ᠬᠡᠷᠡᠭᠲᠡᠢ᠃ ᠵᠠᠯᠠᠭᠤᠴᠤᠳ ᠶᠠᠳᠠᠵᠤ ᠨᠢᠭᠡ ᠵᠦᠢᠯ ᠳᠤ ᠳᠤᠷᠠᠲᠠᠢ ᠪᠠᠶᠢᠬᠤ ᠨᠢ ᠠᠮᠢᠳᠤᠷᠠᠯ ᠢ ᠤᠳᠬ᠎ᠠ ᠠᠭᠤᠯᠭ᠎ᠠ ᠲᠠᠢ ᠪᠤᠯᠭᠠᠬᠤ ᠳᠤ ᠲᠤᠰᠠ ᠪᠤᠯᠳᠠᠭ᠃
 
ᠢᠷᠡᠯᠲᠡ᠄ ᠬᠥᠯᠥᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号