ᠡᠪ ᠬᠠᠮᠲᠤ ᠵᠠᠯᠠᠭᠤᠴᠤᠳ ᠤᠨ ᠡᠪᠯᠡᠯ ᠤᠨ ᠤᠳᠠ ᠲᠣᠭᠤᠷᠢᠭ ᠤᠨ ᠠᠷᠪᠠᠨ ᠭᠤᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2023/7/31
     7 ᠰᠠᠷ᠎ᠠ ᠶᠢᠨ 25 ᠤ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠤᠳᠠ ᠲᠣᠭᠤᠷᠢᠭ ᠤᠨ ᠠᠷᠪᠠᠨ ᠭᠤᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠡᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠴᠧᠨ ᠸᠧᠨ ᠵᠦᠩ᠂ ᠭᠤᠤ ᠲᠢᠶᠧ ᠨᠠᠨ ᠵᠡᠷᠭᠡ ᠲᠣᠭᠤᠷᠢᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠡᠪᠯᠡᠯ ᠤᠨ ᠬᠤᠷᠢᠶᠠᠨ ᠤ ᠳᠡᠳ᠋ ᠱᠦᠵᠢ ᠳ᠋ᠦᠩ ᠭᠤᠸᠠᠨ ᠬᠤᠸᠠ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠶᠠᠷᠢᠶ᠎ᠠ ᠲᠠᠯᠪᠢᠪᠠ᠃
     ᠶᠠᠨ ᠸᠧᠨ ᠯᠦᠩ ᠲᠤᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠬᠤᠲᠠ ᠶᠢᠨ ᠡᠪᠯᠡᠯ ᠤᠨ ᠬᠤᠷᠢᠶ᠎ᠠ ᠶᠢᠨ ᠣᠷᠳᠣ ᠬᠤᠭᠤᠴᠠᠭᠠᠨ ᠤ ᠲᠤᠷᠰᠢ ᠤᠳᠠ ᠲᠣᠭᠤᠷᠢᠭ ᠤᠨ ᠵᠠᠯᠠᠭᠤᠴᠤᠳ ᠤᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠦ᠂ ᠪᠥᠬᠦ ᠲᠤᠭᠤᠷᠢᠭ ᠤᠨ ᠦᠨᠳᠦᠰᠦᠲᠡᠨ ᠨᠦᠭᠦᠳ ᠤᠨ ᠵᠠᠯᠠᠭᠤᠴᠤᠳ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠪᠠ ᠥᠷᠭᠡᠨ ᠣᠯᠠᠨ ᠵᠠᠯᠠᠭᠤᠴᠤᠳ ᠪᠠᠭᠠᠴᠤᠳ ᠤᠨ ᠠᠵᠢᠯᠲᠠᠳ ᠲᠤ ᠮᠡᠨᠳᠦᠴᠢᠯᠡᠯ ᠳᠡᠪᠰᠢᠭᠦᠯᠵᠦ᠂ ᠠᠷᠪᠠᠨ ᠬᠤᠶᠠᠳᠤᠭᠠᠷ ᠤᠳᠠᠭᠠᠨ ᠤ ᠡᠪᠯᠡᠯ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢᠬᠢ ᠤᠳᠠ ᠲᠣᠭᠤᠷᠢᠭ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠣᠯᠤᠭᠰᠠᠨ ᠠᠮᠵᠢᠯᠲᠠ ᠶᠢ ᠨᠤᠲᠠᠯᠠᠪᠠ᠃
     ᠶᠠᠨ ᠸᠧᠨ ᠯᠦᠩ ᠬᠡᠯᠡᠬᠦ ᠳᠡᠭᠡᠨ᠂ ᠵᠠᠯᠠᠭᠤᠴᠤᠳ ᠤᠨ ᠠᠵᠢᠯ ᠪᠣᠯ ᠨᠠᠮ ᠤᠨ ᠠᠵᠢᠯ ᠤᠨ ᠳᠤᠮᠳᠠᠬᠢ ᠨᠢᠭᠡ ᠵᠦᠢᠯ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠵᠢᠯ ᠮᠥᠨ᠂ ᠪᠦᠬᠦ ᠲᠤᠭᠤᠷᠢᠭ ᠤᠨ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠵᠠᠯᠠᠭᠤᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠦᠨᠡᠨᠬᠦ ᠴᠢᠩᠭᠠᠳᠬᠠᠵᠤ᠂ ᠵᠠᠯᠠᠭᠤᠴᠤᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠥᠷᠭᠡᠨ ᠣᠯᠠᠨ ᠵᠠᠯᠠᠭᠤᠴᠤᠳ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠩ ᠰᠡᠳᠬᠢᠯ ᠤᠨ ᠨᠠᠶᠢᠳᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ︽ᠲᠠᠯ᠎ᠠ ᠨᠤᠲᠤᠭ ᠤᠨ ᠬᠥᠪᠡᠭᠦᠳ ᠥᠬᠢᠳ ᠤᠨ ᠰᠡᠳᠬᠢᠯ ᠨᠠᠮ ᠢᠶᠠᠨ ᠲᠠᠭᠠᠨ ᠤᠷᠤᠭᠰᠢᠯᠠᠬᠤ︾  ᠬᠤᠪᠢᠰᠬᠠᠯᠲᠤ  ᠤᠳᠤᠮᠰᠢᠯ  ᠢ   ᠤᠯᠠᠮᠵᠢᠯᠠᠵᠤ  ᠂  ︽ᠰᠡᠳᠬᠢᠯ ᠰᠠᠨᠠᠭ᠎ᠠ ᠪᠠᠨ ᠦᠯᠦ ᠤᠮᠠᠷᠲᠠᠨ᠎ᠠ︾ ᠭᠡᠬᠦ ᠰᠦᠷ ᠵᠢᠪᠬᠤᠭ᠎ᠠ ᠲᠠᠢ ᠲᠥᠪ ᠰᠤᠷᠲᠠᠯ ᠢ ᠪᠤᠢ ᠪᠣᠯᠭᠠᠵᠤ᠂ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠬᠦ ᠡᠷᠬᠢᠮ  ᠳᠡᠭᠡᠳᠦ  ᠵᠠᠯᠠᠭᠤᠴᠤᠳ  ᠪᠣᠯᠬᠤ  ᠪᠠᠷ  ᠴᠢᠷᠮᠠᠶᠢᠵᠤ  ᠂  ︽ᠰᠠᠯᠬᠢ ᠪᠣᠷᠣᠭᠠᠨ ᠢ ᠦᠯᠦ ᠬᠥᠳᠡᠯᠭᠡᠬᠦ︾ ᠴᠤᠭ ᠵᠢᠪᠬᠤᠭ᠎ᠠ ᠶᠢ ᠪᠠᠳᠠᠷᠠᠭᠤᠯᠵᠤ᠂ ᠲᠡᠰᠪᠦᠷᠢ ᠬᠠᠲᠠᠭᠤᠵᠢᠯᠲᠠᠢ ᠲᠡᠮᠡᠴᠡᠬᠦ ᠵᠢᠳᠬᠦᠯ ᠴᠢᠷᠮᠠᠶᠢᠯᠭ᠎ᠠ ᠲᠠᠢ ᠵᠠᠯᠠᠭᠤᠴᠤᠳ ᠪᠣᠯᠬᠤ ᠪᠠᠷ ᠴᠢᠷᠮᠠᠶᠢᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ ᠠᠶᠠᠨ ᠳᠤ ᠨᠡᠩ ᠭᠤᠶᠢᠳᠠ ᠰᠠᠶᠢᠬᠠᠨ ᠵᠠᠯᠠᠭᠤ ᠨᠠᠰᠤᠨ ᠤ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号