7 ᠰᠠᠷ᠎ᠠ ᠶᠢᠨ 4 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠤᠨ | ᠨᠠᠶᠢᠳᠠᠯᠭ᠎ᠠ ᠪᠠᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ | ᠬᠤ᠋ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | 89 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠶᠢ | ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠡᠪᠯᠡᠯ ᠤᠨ ᠲᠥᠪ | ᠬᠤᠷᠢᠶᠠᠨ ᠤ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠬᠦᠨ ᠲᠠᠢ ᠬᠠᠮᠲᠤ ᠪᠠᠷ ᠶᠠᠷᠢᠯᠴᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ | ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠂ ᠪᠥᠬᠦ ᠲᠤᠭᠤᠷᠢᠭ ᠤᠨ ᠡᠯ᠎ᠡ ᠱᠠᠲᠤᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠵᠠᠯᠠᠭᠤᠴᠤᠳ ᠢ ᠥᠷᠭᠡᠨ ᠢᠶᠠᠷ ᠳᠠᠶᠢᠴᠢᠯᠠᠵᠤ᠂ ︽ᠲᠠᠪᠤᠨ ᠶᠡᠭᠡ ᠡᠭᠦᠷᠭᠡ ︾ ᠶᠢ ᠠᠬᠢᠭᠤᠯᠬᠤ | ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠠᠯ᠎ᠠ ᠪᠠᠷ | ᠬᠤᠰᠢᠭᠤᠴᠢ ᠠᠩᠭᠢ ᠪᠣᠯᠬᠤ ᠪᠠᠷ ᠴᠢᠷᠮᠠᠶᠢᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠲᠤᠬᠠᠶᠢᠯᠠᠭᠰᠠᠨ ᠠᠵᠢᠯ ᠤᠨ | ᠭᠦᠨᠵᠡᠭᠡᠢ ᠠᠭᠤᠰᠤᠯᠴᠠᠬᠤ᠂ ᠬᠠᠷᠢᠯᠴᠠᠨ ᠠᠬᠢᠭᠤᠯᠬᠤ ᠶᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ᠂ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠪᠣᠯᠤᠨ | ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠰᠠᠶᠢᠲᠤᠷ ᠠᠳᠬᠤᠵᠤ᠂ ᠴᠢᠨᠠᠷ ᠰᠠᠶᠢᠲᠠᠢ | ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ | ᠤᠩᠰᠢᠬᠤ ᠠᠩᠭᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠳᠤᠮᠳᠠ ᠤᠳᠠ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠬᠠᠮᠢᠭ᠎ᠠ ᠠᠴᠠ | ᠰᠢᠪᠲᠤᠯᠤᠯᠲᠠ ᠭᠠᠷᠭᠠᠬᠤ᠂ ᠬᠡᠷᠬᠢᠨ ᠨᠡᠩ ᠰᠠᠶᠢᠲᠤᠷ ᠠᠬᠢᠭᠤᠯᠬᠤ᠂ ᠱᠠᠯᠠᠪᠳᠠᠨ ᠲᠦᠷᠭᠡᠨ ᠠᠵᠢᠯᠯᠠᠵᠤ᠂ ᠦᠨᠡᠨ | ᠪᠣᠳᠠᠲᠠᠶ ᠠᠵᠢᠯ ᠤᠨ ᠦᠷ᠎ᠡ ᠪᠦᠲᠦᠮᠵᠢ ᠪᠠᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠪᠠᠷ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠤᠲᠠ ᠶᠢᠨ ᠨᠠᠮ ᠤᠨ ᠬᠤᠷᠢᠶᠠᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠤᠰᠬᠠᠶ ᠲᠣᠭᠤᠷᠢᠨ ᠪᠠᠶᠢᠴᠠᠭᠠᠯᠲᠠ ᠪᠣᠯ ᠤᠳᠠ ᠲᠤᠭᠤᠷᠢᠭ ᠤᠨ | ᠪᠥᠬᠦ ᠲᠠᠯ᠎ᠠ ᠶᠢᠨ ︽ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ︾ ᠪᠠ ᠨᠠᠷᠢᠯᠢᠭ ᠣᠨᠣᠴᠠᠲᠠᠶ ᠪᠠᠷ ︽ᠰᠤᠳᠠᠯ | ᠪᠠᠷᠢᠵᠤ ᠣᠨᠣᠰᠢᠯᠠᠬᠤ︾ ᠶᠠᠪᠤᠳᠠᠯ ᠪᠣᠯᠤᠨ᠎ᠠ᠂ ᠪᠥᠬᠦ ᠲᠤᠭᠤᠷᠢᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠤᠯᠤᠰ ᠲᠥᠷᠥ ᠶᠢᠨ ᠲᠠᠯ᠎ᠠ ᠠᠴᠠ ᠡᠷᠡᠰ ᠰᠢᠢᠳᠪᠦᠷᠢᠯᠡᠵᠦ᠂ ᠪᠣᠭᠤᠮᠲᠠ ᠰᠢᠪᠲᠤᠯᠬᠤ ᠪᠠᠶᠢᠳᠠᠯ ᠢᠶᠠᠷ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠪᠠ ᠬᠤᠲᠠ ᠶᠢᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠶᠢᠨ | ᠠᠰᠠᠭᠤᠳᠠᠯ ᠢ ᠴᠡᠭ ᠲᠤᠬᠠᠶ ᠳᠤᠨᠢ ᠰᠠᠶᠢᠲᠤᠷ ᠰᠢᠢᠳᠪᠦᠷᠢᠯᠡᠵᠦ᠂ ᠲᠦᠢᠯᠪᠤᠷᠢᠲᠠᠶ ᠰᠠᠶᠢᠵᠢᠷᠠᠭᠤᠯᠬᠤ ᠬᠡᠷᠡᠭᠲᠡᠶ᠃ | ᠦᠨᠡᠨ ᠬᠦ ᠬᠠᠲᠠᠭᠤ ᠲᠠᠢ ᠨᠢ ᠬᠠᠯᠳᠠᠵᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ | ᠨᠢᠭᠡᠪᠦᠷᠢ ᠶᠢ ᠰᠢᠢᠳᠪᠦᠷᠢᠯᠡᠵᠦ᠂ ᠵᠦᠢᠯ ᠳᠠᠷᠠᠭᠠᠯᠠᠨ ᠲᠠᠩᠰᠠ ᠶᠢ ᠬᠠᠷᠭᠤᠭᠤᠯᠵᠤ ᠳ᠋ᠤᠭᠠᠷ ᠢ ᠨᠢ ᠬᠠᠰᠤᠵᠤ᠂ ᠴᠠᠭ | ᠬᠤᠭᠤᠴᠠᠭᠠᠨ ᠤ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠦᠩᠭᠡᠨ ᠲᠠᠯ᠎ᠠ ᠪᠠ ᠦᠨᠳᠦᠰᠦ ᠠᠴᠠ ᠨᠢ | ᠵᠠᠰᠠᠵᠤ᠂ ᠴᠡᠭ ᠠᠴᠠ ᠪᠦᠬᠦ ᠲᠠᠯ᠎ᠠ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ ᠵᠢᠭᠰᠠᠭᠠᠨ ᠪᠠᠶᠢᠴᠠᠭᠠᠵᠤ᠂ ᠡᠯ᠎ᠡ | ᠬᠦᠷᠢᠶ᠎ᠡ᠂ ᠡᠯ᠎ᠡ ᠲᠠᠯ᠎ᠠ᠂ ᠡᠯ᠎ᠡ ᠱᠠᠳᠤ ᠳᠠᠪᠬᠤᠷᠭ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠨᠢᠭᠡ | ᠴᠣᠭᠴᠠᠵᠢᠭᠤᠯᠤᠨ ᠴᠡᠭᠴᠡᠯᠡᠨ ᠰᠠᠶᠢᠵᠢᠷᠠᠭᠤᠯᠵᠤ᠂ ᠨᠢᠭᠡ ᠴᠣᠭᠴᠠᠵᠢᠭᠤᠯᠤᠨ ᠰᠢᠢᠳᠪᠦᠷᠢᠯᠡᠬᠦ ᠶᠢ ᠠᠬᠢᠭᠤᠯᠬᠤ | ᠬᠡᠷᠡᠭᠲᠡᠢ᠃ | |