7 ᠰᠠᠷ᠎ᠠ ᠶᠢᠨ 31 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠯᠢᠦ ᠬᠤ᠋ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 9 ᠳ᠋ᠤᠭᠡᠷ | ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠶᠡᠷᠦᠩᠬᠡᠶ ᠱᠦᠵᠢ ᠰᠢ ᠶᠢᠨ ᠫᠢᠩ ᠤᠨ | ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ | ᠪᠥᠬᠦ ᠤᠯᠤᠰ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠵᠡᠷᠭᠡ | ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠠᠮᠢ ᠠᠬᠤᠶ ᠣᠷᠴᠢᠨ ᠲᠣᠭᠤᠷᠢᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ | ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠬᠤᠳᠠ ᠶᠢᠨ ᠨᠠᠮ ᠤᠨ ᠬᠤᠷᠢᠶᠠᠨ ᠤ | ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠠᠢ ᠤᠶᠠᠯᠳᠤᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ ᠂ ︽ ᠲᠠᠪᠤᠨ ᠶᠡᠭᠡ | ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ | ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ | ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ ᠵᠠᠰᠠᠯᠲᠠ ᠶᠢ ᠪᠡᠶᠡᠯᠡᠭᠦᠯᠬᠦ ᠶᠢ | ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ | ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠬᠦᠨᠳᠦ ᠶᠡᠭᠡ ᠣᠨᠴᠠ ᠶᠡᠭᠡ ᠠᠳᠡᠯ ᠢ | ᠰᠡᠷᠭᠡᠶᠢᠯᠡᠨ ᠬᠤᠷᠢᠭᠯᠠᠬᠤ 10 ᠲᠠᠯ᠎ᠠ ᠶᠢᠨ ᠴᠢᠩᠭ᠎ᠠ ᠠᠷᠭ᠎ᠠ ᠬᠡᠮᠵᠢᠶ᠎ᠡ ᠶᠢ ᠴᠢᠩᠭ᠎ᠠ ᠵᠢᠷᠤᠮᠯᠠᠨ᠂ ᠭᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠵᠡᠷᠭᠡ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠭᠠᠮᠰᠢᠭ ᠤᠨ | ᠪᠠᠶᠢᠳᠠᠯ ᠲᠣᠬᠢᠶᠠᠯᠳᠤᠪᠠᠯ ᠲᠦᠷᠭᠡᠨ ᠬᠥᠳᠡᠯᠦᠯᠴᠡᠵᠦ᠂ ᠴᠠᠭ ᠲᠤᠬᠠᠢ ᠳᠤᠨᠢ ᠪᠣᠳᠠᠲᠠᠶᠢᠵᠢᠭᠤᠯᠬᠤ ᠶᠢ ᠪᠠᠲᠤᠯᠠᠵᠤ᠂ | ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ | ᠬᠡᠷᠡᠭᠲᠡᠢ᠃ ︽ᠳᠤᠯᠤᠭ᠎ᠠ ᠶᠢ ᠵᠠᠰᠠᠬᠤ︾ ᠪᠠᠷᠢᠮᠵᠢᠶ᠎ᠠ ᠶᠢ ᠳᠡᠭᠡᠭᠰᠢᠯᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠰᠠᠶᠢᠲᠤᠷ ᠠᠳᠬᠤᠵᠤ᠂ ᠵᠠᠮ ᠤᠨ ᠲᠣᠭᠤᠰᠣ ᠳᠡᠭᠳᠡᠬᠦ᠂ ᠣᠨᠳᠣᠣ ᠦᠨᠦᠷ ᠢ ᠵᠠᠰᠠᠬᠤ᠂ ᠴᠡᠪᠡᠷ ᠡᠨᠧᠷᠭᠢ ᠪᠠᠷ | ᠳᠤᠯᠠᠭᠠᠯᠠᠭ᠎ᠠ ᠬᠠᠩᠭᠠᠬᠤ ᠥᠭᠡᠷᠡᠴᠢᠯᠡᠯᠲᠡ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠠᠰᠠᠭᠤᠳᠠᠯ ᠤᠨ ᠳᠤᠲᠠᠭᠤᠳᠠᠯ ᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠲᠣᠳᠣᠷᠬᠠᠶᠢᠯᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ | ᠲᠠᠰᠤᠷᠠᠯᠲᠠ ᠦᠭᠡᠢ ᠪᠣᠳᠠᠲᠠᠶᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠨᠡᠨᠬᠦ | ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠴᠢᠨᠠᠷ ᠰᠠᠶᠢᠲᠠᠢ᠂ | ᠥᠨᠳᠥᠷ ᠲᠦᠪᠰᠢᠨ᠂ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ | ᠲᠤᠬᠢᠷᠠᠭᠤᠯᠬᠤ ᠶᠢ ᠪᠠᠷᠢᠮᠲᠠᠯᠠᠵᠤ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠲᠦᠷᠦᠯ ᠵᠦᠢᠯ ᠢ | ᠣᠷᠣᠭᠤᠯᠤᠨ ᠠᠪᠴᠢᠷᠠᠬᠤ ᠪᠠᠷ ᠭᠠᠷᠳᠠᠴᠠ ᠪᠣᠯᠭᠠᠵᠤ᠂ ︽ᠺᠣᠮᠫᠠᠨᠢ +︾ ᠵᠠᠭᠪᠤᠷ ᠢ ᠬᠡᠷᠡᠭᠵᠢᠭᠦᠯᠵᠦ᠂ ᠲᠣᠰᠬᠤᠨ ᠤ | ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠳᠦᠭᠡᠨ ᠪᠠᠶᠢᠭᠤᠯᠤᠯᠲᠠ᠂ ᠲᠦᠷᠦᠯ ᠵᠦᠢᠯ ᠤᠨ ᠨᠥᠭᠡᠴᠡ᠂ ᠵᠡᠭᠡᠯᠢ ᠭᠤᠳᠤᠮᠵᠢ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠵᠡᠷᠭᠡ ᠠᠵᠢᠯ ᠢ ᠵᠡᠷᠭᠡᠪᠡᠷ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |