ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 8 ᠰᠠᠷ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/1
     7 ᠰᠠᠷ᠎ᠠ ᠶᠢᠨ 31 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠬᠤ᠋ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 8 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠳᠥᠯᠭᠢᠨ ᠠᠬᠢᠭᠤᠯᠤᠶ᠎ᠠ︾᠂ ︽ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭᠠᠨ ᠤ ᠵᠧᠵᠢᠶᠠᠩ ᠤᠨ ᠡᠬᠢ ᠡᠭᠦᠰᠦᠯ ᠤᠨ ᠰᠤᠳᠤᠯᠤᠯ ᠪᠠ ᠦᠢᠯᠡᠳᠦᠯᠭᠡ ︽ᠮᠢᠩᠭᠠᠨ ᠲᠦᠮᠡᠨ ᠢᠨᠵᠧᠨᠧᠷᠢᠩ︾ ᠢ ᠬᠡᠷᠡᠭᠵᠢᠭᠦᠯᠦᠭᠰᠡᠨ 20 ᠵᠢᠯ ᠤᠨ ᠲᠤᠷᠰᠢᠯᠭ᠎ᠠ ᠶᠢᠨ ᠰᠡᠩᠬᠡᠷᠡᠭᠦᠯᠦᠯ︾ ᠢ  ᠲᠤᠰᠬᠠᠶ  ᠰᠡᠳᠦᠪ  ᠢᠶᠠᠷ  ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢᠨ ᠲᠣᠭᠤᠷᠢᠨ ᠳᠤ ᠵᠧᠵᠢᠶᠠᠩ ᠤᠨ ︽ᠮᠢᠩᠭᠠᠨ ᠲᠦᠮᠡᠨ ᠢᠨᠵᠧᠨᠧᠷᠢᠩ︾ ᠢ ᠪᠥᠲᠥᠭᠡᠨ ᠪᠠᠶᠢᠭᠤᠯᠵᠤ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠭᠢᠯᠡᠬᠦ ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠲᠤᠷᠰᠢᠯᠭ᠎ᠠ ᠠᠷᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠯᠢᠦ ᠬᠤ᠋ ᠬᠡᠯᠡᠭᠰᠡᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠦ ᠮᠤᠵᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ ᠰᠧᠴᠤᠸᠠᠨ ᠪᠣᠯᠤᠨ ᠱᠠᠨᠰᠢ ᠶᠢᠨ ᠬᠢᠲᠠᠳ ᠳᠤᠮᠳᠠ ᠰᠢᠨᠵᠢᠯᠡᠨ ᠪᠠᠶᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠶᠢᠯᠠᠭᠠᠨ ᠡᠵᠡᠮᠰᠢᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠬᠦ᠂ ᠮᠡᠳᠡᠬᠦ ᠢᠲᠡᠭᠡᠬᠦ ᠬᠢᠬᠦ ᠶᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ ᠤᠳᠠ ᠲᠤᠭᠤᠷᠢᠭ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠠᠰᠠᠭᠤᠳᠠᠯ ᠢ ᠰᠢᠢᠳᠪᠦᠷᠢᠯᠡᠬᠦ ᠳᠤᠮᠳᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ  ᠶᠢ  ᠠᠬᠢᠭᠤᠯᠬᠤ  ᠬᠡᠷᠡᠭᠲᠡᠢ  ᠃ ᠰᠢ  ᠶᠢᠨ  ᠫᠢᠩ  ᠶᠡᠷᠦᠩᠬᠡᠢ  ᠱᠦᠵᠢ  ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠰᠠᠨᠠᠭᠠᠴᠢᠯᠠᠭ᠎ᠠ ᠠᠴᠠ ᠪᠠᠨ ᠰᠢᠨ᠎ᠡ ᠪᠠᠶᠢᠳᠠᠯ ᠳᠤ ᠵᠣᠬᠢᠴᠠᠵᠤ᠂ ᠰᠢᠨ᠎ᠡ ᠠᠰᠠᠭᠤᠳᠠᠯ ᠢ ᠰᠢᠢᠳᠪᠦᠷᠢᠯᠡᠵᠦ᠂  ᠵᠥᠪ  ᠵᠠᠷᠴᠢᠮ  ᠢ  ᠡᠵᠡᠮᠳᠡᠵᠦ᠂ ᠰᠢᠨᠵᠢᠯᠡᠬᠦ  ᠤᠬᠠᠭᠠᠨᠴᠢ  ᠠᠷᠭ᠎ᠠ  ᠶᠢ  ᠬᠡᠷᠡᠭᠯᠡᠵᠦ  ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠢᠮᠠᠭᠲᠠ ᠠᠷᠠᠳ ᠲᠦᠮᠡᠨ ᠢ ᠳᠡᠭᠡᠳᠦᠯᠡᠬᠦ ᠦᠢᠯᠡᠴᠢᠯᠡᠭᠡᠨ ᠤ ᠣᠶᠢᠯᠠᠭᠠᠭᠳᠠᠬᠤᠨ ᠢ ᠬᠡᠷᠡᠭᠵᠢᠭᠦᠯᠵᠦ᠂ ᠪᠠᠶᠢᠴᠠᠭᠠᠨ ᠰᠤᠳᠤᠯᠤᠯᠲᠠ  ᠬᠢᠬᠦ  ᠡᠨᠡ  ᠬᠦ  ︽ᠤᠯᠠᠮᠵᠢᠯᠠᠯᠳᠤ ᠡᠷᠳᠡᠨᠢ︾ ᠶᠢ ᠰᠠᠶᠢᠲᠤᠷ ᠰᠠᠬᠢᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠦᠬᠠᠶ ᠬᠤᠲᠠ ᠶᠢᠨ ᠨᠠᠮ ᠤᠨ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠲᠠᠷᠢᠶᠠᠯᠠᠬᠤ ᠣᠷᠣᠨ ᠤ ᠤᠨᠴᠠᠯᠢᠬᠳᠤ ᠠᠵᠤ ᠦᠢᠯᠡᠰ ᠪᠣᠯᠤᠨ ᠬᠥᠳᠡᠭᠡ ᠲᠣᠰᠬᠤᠨ ᠤ ᠵᠤᠭᠠᠴᠠᠯ ᠤᠨ ᠲᠦᠷᠦᠯ ᠲᠡᠮᠳᠡᠭ ᠤᠨ ᠰᠠᠭᠤᠷᠢ ᠥᠩᠭᠡ ᠶᠢ ᠲᠠᠰᠤᠷᠠᠯᠲᠠ ᠦᠭᠡᠢ ᠭᠡᠷᠡᠯᠳᠦᠬᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠲᠣᠭᠤᠷᠢᠭ ᠢ ᠬᠦᠴᠦᠯᠡᠨ ᠪᠠᠶᠢᠭᠤᠯᠬᠤ ᠬᠡᠷᠡᠭᠳᠡᠢ ᠬᠡᠵᠡᠢ᠃      ᠬᠤᠷᠠᠯ ᠳᠡᠭᠡᠷ᠎ᠡ᠂ ᠦ᠋ ᠪᠢᠩ ᠶᠦᠨ᠂ ᠬᠠᠨ ᠵᠢᠶᠠᠨ ᠬᠤᠸᠠ ᠰᠠᠨᠠᠯ ᠢᠶᠠᠨ ᠰᠣᠯᠢᠯᠴᠠᠬᠤ ᠦᠭᠡ ᠬᠡᠯᠡᠪᠡ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号