ᠶᠠᠨ ᠸᠧᠨ ᠯᠦᠩ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠤᠨ ︽ᠱᠠᠲᠤ ᠬᠤᠪᠢᠶᠠᠨ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠲᠣᠭᠠᠴᠢᠬᠤ + ᠤᠯᠤᠰ ᠲᠥᠷᠥ ᠶᠢᠨ ᠶᠠᠷᠢᠯᠴᠠᠭ᠎ᠠ︾ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/2
     8 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠤᠨ ︽ᠱᠠᠲᠤ ᠬᠤᠪᠢᠶᠠᠨ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠲᠣᠭᠠᠴᠢᠬᠤ + ᠤᠯᠤᠰ ᠲᠥᠷᠥ ᠶᠢᠨ ᠶᠠᠷᠢᠯᠴᠠᠭ᠎ᠠ︾ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠵᠣᠬᠢᠶᠠᠨ ᠪᠠᠶᠢᠭᠤᠯᠤᠯᠲᠠ︶ ᠶᠢᠨ ᠱᠦᠵᠢ ᠶᠢᠨ ᠲᠣᠭᠠᠴᠢᠯᠲᠠ ᠶᠢ ᠰᠣᠨᠣᠰᠤᠭᠰᠠᠨ ᠪᠥᠭᠡᠳ ᠤᠯᠤᠰ ᠲᠥᠷᠥ ᠶᠢᠨ ᠶᠠᠷᠢᠯᠴᠠᠭ᠎ᠠ ᠬᠢᠵᠡᠶ᠃ ᠲᠣᠭᠤᠷᠢᠭ ᠤᠨ ᠤᠳᠤᠷᠢᠳᠤᠯᠭ᠎ᠠ ᠶᠠᠨ ᠸᠧᠨ ᠵᠢᠶᠦ᠋ᠨ᠂ ᠨᠢᠦ ᠵᠢᠶᠠᠨ ᠬᠤᠸᠠ᠂ ᠰᠢᠤᠢ ᠢ ᠱᠤ᠋ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠶᠠᠨ ᠸᠧᠨ ᠵᠢᠶᠦ᠋ᠨ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠥᠪ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠲᠠᠰ ᠳᠠᠷᠠᠭᠠᠯᠠᠨ ᠬᠠᠷᠢᠭᠤᠴᠠᠯᠭ᠎ᠠ ᠪᠠᠨ ᠮᠡᠳᠡᠭᠦᠯᠪᠡ᠃      ᠲᠣᠭᠠᠴᠢᠯᠲᠠ ᠶᠢ ᠰᠣᠨᠣᠰᠤᠭᠰᠠᠨ ᠤ ᠲᠠᠷᠠᠭ᠎ᠠ᠂ ᠶᠠᠨ ᠸᠧᠨ ᠯᠦᠩ ᠶᠡᠷᠦᠩᠬᠡᠶᠢᠯᠡᠭᠰᠡᠨ ᠦᠨᠡᠯᠡᠯᠲᠡ ᠬᠢᠵᠦ᠂ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠭᠤᠣᠯ ᠰᠡᠳᠦᠪ ᠨᠢ ᠲᠥᠪᠯᠡᠷᠡᠯ ᠪᠢᠰᠢ᠂ ᠭᠤᠣᠯᠳᠠᠯᠭ᠎ᠠ ᠨᠢ ᠲᠤᠪᠤᠶᠢᠮ᠎ᠠ ᠪᠢᠰᠢ᠂ ᠴᠢᠬᠤᠯᠠᠴᠢᠯᠠᠭᠰᠠᠨ ᠬᠡᠮᠵᠢᠶ᠎ᠡ ᠨᠢ ᠬᠦᠷᠦᠯᠴᠡᠬᠦ ᠦᠭᠡᠢ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠰᠢᠭᠤᠳ ᠵᠢᠭᠠᠵᠤ ᠥᠭᠭᠦᠭᠰᠡᠨ ᠪᠥᠭᠡᠳ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠴᠠᠢ᠃ ᠲᠡᠷᠡ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ ᠪᠠᠶᠢᠬᠤ ᠪᠠ ᠨᠠᠮ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ︽ᠬᠤᠶᠠᠷ ᠲᠠᠯ᠎ᠠ︾ ᠶᠢᠨ ᠠᠰᠠᠭᠤᠳᠠᠯ ᠢ ᠦᠵᠡᠯ ᠰᠠᠨᠠᠭᠠᠨ ᠤ ᠲᠠᠯ᠎ᠠ ᠠᠴᠠ ᠰᠢᠢᠳᠪᠦᠷᠢᠯᠡᠵᠦ᠂ ᠶᠣᠰᠣ ᠲᠦᠷᠢᠮ ᠢ ᠲᠣᠳᠣᠷᠬᠠᠶᠢᠯᠠᠬᠤ᠂ ᠬᠤᠷᠢᠭ᠎ᠠ ᠱᠤᠭᠤᠮ ᠢ ᠰᠠᠬᠢᠬᠤ᠂ ᠰᠡᠷᠡᠮᠵᠢᠯᠡᠬᠦᠯᠬᠦ ᠲᠠᠯ᠎ᠠ ᠪᠠᠷ ︽ᠠᠵᠢᠯ ᠤᠨ ᠲᠠᠯ᠎ᠠ ᠪᠠᠷ ᠤᠳᠠᠭᠠᠨ ᠪᠦᠳᠦᠭᠦᠯᠢᠭ︾ ᠪᠠᠶᠢᠬᠤ ᠠᠰᠠᠭᠤᠳᠠᠯ ᠢ ᠰᠡᠷᠡᠮᠵᠢᠯᠡᠵᠦ᠂ ︽ᠶᠡᠷᠦᠩᠬᠡᠢ ᠨᠡᠭᠡᠭᠡᠯᠭᠡ︾ ᠶᠢᠨ ᠲᠠᠯ᠎ᠠ ᠠᠴᠠ ︽ᠲᠦᠷᠪᠡᠨ ᠰᠤᠷᠲᠠᠯ︾ ᠤᠨ ᠠᠰᠠᠭᠤᠳᠠᠯ ᠢ ᠰᠢᠢᠳᠪᠦᠷᠢᠯᠡᠵᠦ᠂ ᠲᠦᠷᠢᠮ ᠤᠨ ᠪᠠᠶᠢᠭᠤᠯᠤᠯᠲᠠ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠲᠠᠯ᠎ᠠ ᠠᠴᠠ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠡᠷᠴᠢᠮ ᠢ ᠴᠢᠩᠭᠠᠷᠠᠭᠤᠯᠬᠤ ᠠᠰᠠᠭᠤᠳᠠᠯ ᠢ ᠰᠢᠢᠳᠪᠦᠷᠢᠯᠡᠵᠦ᠂ ᠨᠠᠮ ᠢ ᠬᠠᠮᠢᠶᠠᠷᠴᠤ ᠨᠠᠮ ᠢ ᠵᠠᠰᠠᠬᠤ ᠴᠢᠳᠠᠪᠤᠷᠢ ᠶᠢᠨ ᠲᠦᠪᠰᠢᠨ ᠢ ᠨᠡᠩ ᠬᠦᠴᠦᠲᠡᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃      ᠶᠠᠨ ᠸᠧᠨ ᠯᠦᠩ ᠬᠡᠯᠡᠬᠦ ᠳᠡᠭᠡᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠂ ᠰᠤᠷᠲᠠᠯ ᠤᠨ ᠪᠠᠶᠢᠭᠤᠯᠤᠯᠲᠠ ᠵᠥᠪᠬᠡᠨ ᠶᠠᠪᠤᠭᠳᠠᠬᠤ ᠴᠠᠭ ᠪᠠᠶᠢᠨ᠎ᠠ᠃ ᠣᠳᠣᠬᠠᠨ ᠳᠤ᠂ ᠤᠳᠠ ᠲᠣᠭᠤᠷᠢᠭ ᠤᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠴᠢᠨᠠᠷ ᠰᠠᠶᠢᠲᠠᠢ ᠬᠥᠭᠵᠢᠭᠦᠯᠬᠦ ᠡᠭᠦᠷᠭᠡ ᠮᠠᠰᠢ ᠬᠦᠨᠳᠦ᠂ ᠬᠦᠴᠢᠷ ᠪᠡᠷᠬᠡᠰᠢᠶᠡᠯ ᠬᠠᠷᠰᠢ ᠰᠠᠭᠠᠳ ᠲᠠᠢ᠂ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠬᠤ ᠴᠠᠭ ᠦᠶ᠎ᠡ ᠪᠣᠯᠬᠤ ᠲᠤᠳᠤᠮ᠂ ᠤᠳᠤᠷᠢᠳᠬᠤ ᠪᠠᠭ ᠢ ᠠᠳᠬᠤᠵᠤ ᠡᠩᠨᠡᠭᠡ ᠶᠢ ᠳᠠᠭᠠᠭᠤᠯᠬᠤ ᠴᠢᠳᠠᠪᠤᠷᠢ ᠪᠠᠨ ᠤᠯᠠᠮ ᠳᠡᠭᠡᠭᠰᠢᠯᠡᠭᠦᠯᠵᠦ᠂ ᠲᠡᠮᠦᠷ ᠮᠡᠲᠦ ᠪᠠᠲᠤ ᠴᠢᠩᠭ᠎ᠠ ᠰᠠᠬᠢᠯᠭ᠎ᠠ ᠪᠠᠲᠤ ᠪᠠ ᠲᠡᠮᠦᠷ ᠮᠡᠲᠦ ᠡᠩᠨᠡᠭᠡ ᠪᠠᠷ ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ ᠪᠠ ᠲᠤᠯᠭᠠᠭᠤᠷᠢᠯᠠᠯ ᠢ ᠰᠠᠶᠢᠲᠤᠷ ᠬᠢᠵᠦ ᠪᠤᠢ᠃ ᠨᠢᠭᠡ ᠳᠤ᠂ ᠴᠢᠳᠠᠪᠤᠷᠢ ᠶᠢᠨ ᠭᠡᠯᠮᠡᠭᠳᠡᠯ ᠢ ᠬᠢᠵᠦ ᠪᠣᠯᠬᠤ ᠦᠭᠡᠢ᠂ ᠬᠡᠪᠲᠡᠵᠦ ᠮᠠᠭᠤ ᠠᠭᠠᠰᠢᠯᠠᠬᠤ ᠳᠤᠷ᠎ᠠ ᠦᠭᠡᠢ᠂ ᠲᠡᠮᠡᠴᠡᠯ ᠬᠠᠷᠢᠭᠤᠴᠠᠯᠭ᠎ᠠ ᠳᠤᠲᠠᠭᠳᠠᠵᠤ ᠪᠠᠶᠢᠭ᠎ᠠ ᠵᠣᠷᠢᠭ ᠦᠭᠡᠢ ᠵᠡᠷᠭᠡ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠤᠶᠠᠷ ᠲᠤ᠂ ᠨᠠᠮ ᠤᠨ ᠦᠭᠡ ᠶᠢ ᠶᠠᠷᠢᠬᠤ᠂ ᠨᠠᠮ ᠢᠶᠠᠨ ᠬᠠᠶᠢᠷᠠᠯᠠᠬᠤ᠂ ᠨᠠᠮ ᠢᠶᠠᠨ ᠬᠠᠮᠠᠭᠠᠯᠠᠬᠤ ᠤᠬᠠᠮᠰᠠᠷ ᠢ ᠬᠦᠴᠦᠯᠡᠨ ᠴᠢᠩᠭᠠᠳᠬᠠᠵᠤ᠂ ᠴᠠᠭ ᠢᠮᠠᠭᠲᠠ ᠡᠪ ᠬᠠᠮᠲᠤ ᠨᠠᠮ ᠤᠨ ᠭᠡᠰᠢᠭᠦᠨ ᠤ ᠬᠤᠪᠢ ᠪᠠᠷ ᠥᠪᠡᠷ ᠤᠨ ᠦᠭᠡ ᠶᠠᠷᠢᠶ᠎ᠠ ᠦᠢᠯᠡ ᠠᠵᠢᠯᠯᠠᠭ᠎ᠠ ᠪᠣᠯᠤᠨ ᠦᠢᠯᠡ ᠠᠵᠢᠯᠯᠠᠭ᠎ᠠ ᠶᠢᠨ ᠰᠤᠷᠲᠠᠯ ᠢᠶᠠᠨ ᠰᠡᠷᠡᠮᠵᠢᠯᠡᠭᠦᠯᠦᠨ ᠬᠢᠵᠠᠭᠠᠷᠯᠠᠨ᠎ᠠ᠃ ᠭᠤᠷᠪᠠ ᠳᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ ᠢᠲᠡᠭᠡᠯ ᠵᠣᠷᠢᠭ ᠪᠠ ᠡᠷᠴᠢᠮ ᠢᠶᠠᠨ ᠬᠦᠴᠦᠯᠡᠨ ᠴᠢᠩᠭᠠᠷᠠᠭᠤᠯᠵᠤ᠂ ᠠᠰᠠᠭᠤᠳᠠᠯ ᠢ ᠲᠠᠬᠢᠨ ᠠᠯᠳᠠᠭ᠎ᠠ ᠭᠠᠷᠭᠠᠬᠤ ᠦᠭᠡᠢ ᠪᠠᠶᠢᠵᠤ᠂ ᠠᠩᠬᠠᠷᠤᠨ ᠰᠢᠢᠳᠪᠦᠷᠢᠯᠡᠪᠡᠯ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠴᠢᠩᠭ᠎ᠠ ᠠᠳᠬᠤᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠪᠠᠷ ᠪᠠᠶᠢᠭ᠎ᠠ ᠭᠤᠣᠯ ᠰᠡᠳᠦᠪᠲᠦ ᠬᠥᠮᠦᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠤᠯᠤᠰ ᠲᠦᠷᠦ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠤᠨᠢᠨ ᠳᠡᠭᠡᠷ᠎ᠡ ᠨᠢ ᠬᠦᠴᠦᠯᠡᠬᠦ ᠶᠢ ᠴᠢᠬᠤᠯᠠᠴᠢᠯᠠᠵᠤ᠂ ᠪᠡᠶ᠎ᠡ ᠪᠠᠷ ᠢᠶᠠᠨ ᠬᠡᠪ ᠲᠦᠷᠢᠮ ᠪᠣᠯᠬᠤ ᠶᠢ ᠪᠠᠷᠢᠮᠲᠠᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠬᠦᠴᠦᠯᠡᠬᠦ ᠴᠡᠭ ᠪᠠ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠬᠠᠷᠠᠯᠲᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠳᠠᠲᠠᠢ ᠦᠷ᠎ᠡ ᠪᠦᠲᠦᠮᠵᠢ ᠪᠠᠷ ᠤᠳᠠ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号