ᠤᠳᠠ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/25
     8 ᠰᠠᠷ᠎ᠠ ᠶᠢᠨ 23 ᠤ ᠡᠳᠦᠷ᠂ ᠤᠳᠠ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠵᠤ ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠠᠩᠬᠠᠳᠠᠭᠴᠢ ᠪᠥᠬᠦ ᠤᠯᠤᠰ ᠤᠨ ᠠᠮᠢ ᠠᠬᠤᠶ ᠶᠢᠨ ᠡᠳᠦᠷ ᠤᠨ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠤ᠂ ᠬᠡᠰᠡᠭ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠭᠰᠠᠨ ᠲᠥᠷᠥᠭᠳᠡᠯ ᠢᠶᠠᠨ ᠰᠣᠯᠢᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠵᠠᠩ ᠰᠢᠤ ᠴᠢᠩ ᠢ ᠤᠷᠢᠵᠤ ︽ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠪᠣᠶ ᠪᠣᠯᠭᠠᠶ᠎ᠠ—ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠶ᠎ᠠ︾ ᠭᠡᠬᠦ ᠰᠡᠳᠦᠪ ᠢᠶᠠᠷ ᠲᠤᠰᠬᠠᠶ ᠰᠡᠳᠦᠪᠲᠦ ᠵᠢᠯᠣᠭᠤᠳᠣᠯᠭ᠎ᠠ ᠬᠢᠯᠭᠡᠵᠦ ᠂ ᠥᠷᠨᠢᠭᠦᠯᠬᠦ ᠪᠠᠷ ᠪᠠᠶᠢᠭ᠎ᠠ ᠭᠤᠤᠯ ᠰᠡᠳᠦᠪᠲᠦ ᠬᠥᠮᠦᠵᠢᠯ ᠤᠨ ᠳᠤᠮᠳᠠ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠬᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ᠂ ᠵᠥᠪ ᠠᠵᠢᠯᠯᠠᠬᠤ ᠤᠳᠤᠷᠢᠳᠤᠮᠵᠢ ᠶᠢ ᠵᠠᠯᠠᠷᠠᠭᠤᠯᠬᠤ᠂ ᠠᠵᠢᠯᠯᠠᠬᠤ ᠬᠥᠳᠡᠯᠭᠡᠬᠦ ᠬᠦᠴᠦᠨ ᠢ ᠨᠡᠮᠡᠭᠳᠡᠭᠦᠯᠬᠦ᠂ ᠠᠵᠢᠯᠯᠠᠬᠤ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠬᠥᠮᠦᠵᠢᠭᠦᠯᠦᠨ ᠵᠢᠯᠣᠭᠤᠳᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠬᠤ ᠡᠬᠢᠯᠡᠯᠲᠡ ᠶᠢᠨ ᠵᠢᠯ ᠳᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠳᠠ ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠨᠠᠷᠢᠨ ᠬᠢᠨᠠᠮᠠᠭᠠᠢ ᠪᠡᠯᠡᠳᠬᠡᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠤᠨᠤᠯ ᠤᠨ ᠰᠤᠷᠤᠯᠴᠠᠯᠭ᠎ᠠ ᠶᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠪᠠᠲᠤᠯᠠᠵᠤ᠂ ᠪᠠᠶᠢᠴᠠᠭᠠᠨ ᠰᠤᠳᠤᠯᠤᠯᠲᠠ ᠬᠢᠬᠦ ᠳᠤ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠴᠢᠨᠠᠷ ᠰᠠᠶᠢᠲᠠᠢ ᠬᠥᠭᠵᠢᠯᠲᠡ ᠳᠤ ᠠᠮᠵᠢᠯᠲᠠ ᠪᠦᠲᠦᠮᠵᠢ ᠭᠠᠷᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠲᠡᠷᠡ ᠬᠡᠪ ᠢᠶᠠᠷ ᠨᠢ ᠰᠠᠶᠢᠲᠤᠷ ᠪᠡᠶᠡᠯᠡᠭᠦᠯᠵᠦ᠂ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠡᠯᠪᠡᠭ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ︽ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ︾ ᠡᠨᠡᠬᠦ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠶᠢ ᠲᠦᠷᠭᠡᠳᠬᠡᠵᠦ᠂ ᠪᠦᠬᠦ ᠲᠠᠯ᠎ᠠ ᠪᠠᠷ ᠠᠷᠪᠢᠯᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠨ ᠤᠳᠠ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠣᠳᠠᠲᠠᠢ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号