ᠤᠳᠠ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠪᠠ
ᠨᠡᠶᠢᠲᠡᠯᠡᠭᠰᠡᠨ ᠴᠠᠭ᠄
2023/8/25
     ︽ᠲᠠᠪᠤᠨ ᠶᠡᠭᠡ ᠡᠭᠦᠷᠭᠡ︾ ᠶᠢᠨ ᠬᠠᠮᠢᠶ᠎ᠠ ᠪᠦᠬᠦᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠤᠳᠠ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ︽ᠴᠢᠪᠠᠭ᠎ᠠ ᠶᠢᠨ ᠮᠣᠳᠣᠨ ᠳᠤᠤᠷ᠎ᠠ︾ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠪᠠ᠃      ᠡᠯᠡᠰᠦᠨ ᠴᠢᠪᠠᠭ᠎ᠠ ᠶᠢᠨ ᠮᠣᠳᠣᠨ ᠤ ᠳᠣᠤᠷᠠᠬᠢ ᠲᠠᠷᠢᠶᠠᠯᠠᠩ ᠵᠢᠭᠤᠯᠴᠢᠯᠠᠯ ᠤᠨ ᠲᠥᠷᠥᠯ ᠵᠦᠢᠯ ᠨᠢ ᠤᠯᠠᠭᠠᠨᠨᠠᠭᠤᠷ ᠪᠠᠯᠭᠠᠰᠤᠨ ᠳᠤ ᠪᠠᠶᠢᠷᠢᠯᠠᠵᠤ᠂ ᠶᠡᠷᠦᠩᠬᠡᠶ ᠪᠠᠯᠠ ᠣᠷᠣᠭᠤᠯᠤᠯᠲᠠ ᠨᠢ 3000 ᠲᠦᠮᠡᠨ ᠲᠥᠭᠦᠷᠢᠭ ᠪᠠᠶᠢᠵᠤ᠂ ᠢᠨᠵᠧᠨᠧᠷᠢᠩ ᠤᠨ ᠶᠡᠷᠦᠩᠬᠡᠶ ᠡᠵᠡᠯᠡᠬᠦ ᠲᠠᠯᠠᠪᠠᠶ ᠨᠢ 800 ᠮᠥ ᠪᠠᠶᠢᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠬᠤᠸᠠᠷ ᠴᠡᠴᠡᠭ ᠤᠨ ᠬᠦᠷᠢᠶᠡᠯᠡᠩ᠂ ᠮᠧᠩ ᠴᠥᠩ ᠠᠮᠢᠲᠠᠨ ᠤ ᠬᠦᠷᠢᠶᠡᠯᠡᠩ᠂ ᠬᠥᠳᠡᠯᠭᠡᠬᠦ ᠬᠦᠴᠦᠨ ᠥᠬᠡᠶ ᠵᠤᠭ᠎ᠠ ᠴᠡᠩᠭᠡᠯ ᠤᠨ ᠬᠦᠷᠢᠶᠡᠯᠡᠩ᠂ ᠪᠠᠩ ᠺᠤᠸᠠᠢ ᠶᠠ ᠵᠠᠩ ᠦᠢᠯᠡ ᠶᠢᠨ ᠬᠦᠷᠢᠶᠡᠯᠡᠩ᠂ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠵᠢᠴᠢ ᠠᠷᠠᠳ ᠤᠨ ᠣᠷᠣᠨ ᠰᠠᠭᠤᠴᠠ᠂ ᠵᠢᠮᠢᠰ ᠲᠡᠭᠦᠬᠦ ᠬᠦᠷᠢᠶᠡᠯᠡᠩ ᠵᠡᠷᠭᠡ ᠪᠠᠭᠲᠠᠨ᠎ᠠ᠃      ᠤᠭ ᠲᠥᠰᠥᠯ ᠨᠢ ᠣᠳᠣ ᠪᠠᠷ ᠲᠥᠰᠥᠯ ᠤᠨ ᠲᠡᠭᠦᠰᠬᠡᠯ ᠤᠨ ᠱᠠᠲᠤᠨ ᠳᠤ ᠣᠷᠣᠭᠠᠳ ᠪᠠᠶᠢᠨ᠎ᠠ᠃ ᠮᠧᠩ ᠴᠥᠩ ᠴᠡᠩᠭᠡᠯ ᠤᠨ ᠬᠦᠷᠢᠶᠡᠯᠡᠩ ᠢ ᠨᠢᠭᠡᠨᠲᠡ ᠬᠤᠨᠢᠨ ᠲᠡᠮᠡᠭᠡ᠂ ᠲᠡᠷᠢᠭᠦᠯᠡᠭᠴᠢ ᠴᠡᠴᠡᠭ ᠤᠨ ᠪᠤᠭᠤ᠂ ᠲᠣᠭᠤᠰ ᠪᠤᠭᠤ᠂ ᠭᠠᠭ᠋ᠠᠶ᠂ ᠦᠨᠡᠭᠡ ᠵᠡᠷᠭᠡ 20 ᠭᠠᠷᠤᠢ ᠵᠦᠢᠯ ᠢ ᠣᠷᠣᠭᠤᠯᠤᠨ ᠠᠪᠴᠢᠷᠠᠪᠠ︔ ᠴᠡᠴᠡᠭ ᠤᠨ ᠬᠦᠷᠢᠶᠡᠯᠡᠩ ᠤᠨ ᠰᠠᠷ᠎ᠠ ᠤᠯᠠᠷᠢᠯ ᠢ ᠨᠢᠭᠡᠨᠲᠡ ᠪᠦᠬᠦᠨ ᠢ ᠲᠠᠷᠢᠵᠤ ᠳᠠᠭᠤᠰᠬᠠᠭᠰᠠᠨ ᠪᠥᠭᠡᠳ ᠬᠤᠸᠠᠷ ᠴᠡᠴᠡᠭ ᠤᠨ ᠫᠧᠩᠰᠡ ᠪᠠᠨ ᠬᠤᠶᠠᠷ ᠲᠦᠮᠡ ᠰᠢᠬᠠᠮ ᠫᠧᠩᠰᠡ ᠲᠠᠢ ᠪᠣᠯᠪᠠ︔ ᠰᠢᠷᠠᠵᠤ ᠬᠡᠪᠲᠡᠬᠦ ᠬᠤᠸᠠᠷᠠᠨ ᠪᠠᠶᠢᠭᠤᠯᠵᠤ᠂ ᠵᠤᠭᠠᠴᠠᠭᠰᠠᠳ ᠤᠨ ᠢᠳᠡᠭᠡᠨ ᠤᠮᠳᠠᠭᠠᠨ ᠤ ᠬᠡᠷᠡᠭᠴᠡᠭᠡ ᠶᠢ ᠬᠠᠩᠭᠠᠪᠠ︔ ᠬᠥᠳᠡᠯᠭᠡᠬᠦ ᠬᠦᠴᠦᠨ ᠦᠭᠡᠢ ᠵᠤᠭ᠎ᠠ ᠴᠡᠩᠭᠡᠯ ᠤᠨ ᠲᠠᠯᠠᠪᠠᠢ ᠶᠢ ᠶᠠᠭ ᠪᠠᠶᠢᠭᠤᠯᠵᠤ᠂ ᠵᠤᠭ᠎ᠠ ᠴᠡᠩᠭᠡᠯ ᠤᠨ ᠲᠦᠷᠦᠯ ᠵᠦᠢᠯ ᠨᠢ ᠠᠭᠤᠯᠠ ᠶᠢ ᠥᠩᠭᠡᠷᠡᠬᠦ ᠲᠡᠷᠭᠡ᠂ ᠺᠠᠷᠳᠢᠩ ᠲᠡᠷᠭᠡ ᠵᠡᠷᠭᠡ ᠣᠯᠠᠨ ᠵᠦᠢᠯ ᠤᠨ ᠰᠦᠯᠵᠢᠶᠡᠨ ᠤ ᠤᠯᠠᠭᠠᠨ ᠤ ᠵᠤᠭ᠎ᠠ ᠴᠡᠩᠭᠡᠯ ᠤᠨ ᠲᠦᠷᠦᠯ ᠵᠦᠢᠯ ᠢ ᠬᠠᠮᠤᠷᠴᠤ᠂ ᠬᠡᠦᠬᠡᠳ ᠢ ᠵᠤᠭ᠎ᠠ ᠴᠡᠩᠭᠡᠯ ᠤᠨ ᠳᠤᠮᠳᠠ ᠪᠠᠶᠢᠭᠠᠯᠢ ᠶᠢ ᠪᠡᠶᠡᠴᠢᠯᠡᠨ ᠣᠶᠢᠯᠠᠭᠠᠬᠤ ᠪᠠ ᠰᠤᠷᠤᠯᠴᠠᠭᠤᠯᠵᠤ᠂ ᠬᠠᠶᠢᠨ ᠰᠦᠪᠡᠭᠴᠢᠯᠡᠬᠦ ᠳᠤᠮᠳᠠ ᠪᠦᠲᠦᠭᠡᠯᠴᠢ ᠴᠢᠳᠠᠪᠤᠷᠢ᠂ ᠰᠡᠳᠬᠢᠨ ᠪᠤᠳᠤᠬᠤ ᠴᠢᠳᠠᠪᠤᠷᠢ ᠪᠠ ᠬᠠᠮᠲᠤᠷᠠᠨ ᠠᠵᠢᠯᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠲᠣᠰ ᠲᠥᠷᠥᠯ ᠵᠦᠢᠯ ᠢ 7 ᠰᠠᠷ᠎ᠠ ᠶᠢᠨ ᠳᠤᠮᠳᠠᠴᠢ ᠪᠠᠷ ᠠᠰᠢᠭᠯᠠᠯᠲᠠ ᠳᠤ ᠣᠷᠣᠭᠤᠯᠬᠤ ᠪᠠᠷ ᠵᠢᠱᠢᠵᠦ ᠪᠣᠶ᠃      ᠡᠯᠡᠰᠦᠨ ᠴᠢᠪᠠᠭ᠎ᠠ ᠶᠢᠨ ᠮᠣᠳᠣᠨ ᠳᠣᠤᠷᠠᠬᠢ ᠲᠥᠷᠥᠯ ᠵᠦᠢᠯ ᠨᠢ ᠡᠴᠢᠭᠡ ᠡᠬᠡ ᠦᠷ᠎ᠡ ᠬᠡᠤᠬᠡᠳ ᠤᠨ ᠲᠠᠷᠢᠶᠠᠯᠠᠩ ᠰᠣᠶᠣᠯ ᠵᠢᠭᠤᠯᠴᠢᠯᠠᠯ ᠢᠶᠠᠷ ᠭᠤᠤᠯ ᠰᠢᠵᠢᠮ ᠪᠣᠯᠭᠠᠵᠤ᠂ ᠲᠠᠷᠢᠶᠠᠯᠠᠩ᠂ ᠰᠣᠶᠣᠯ ᠵᠢᠭᠤᠯᠴᠢᠯᠠᠯ᠂ ᠰᠤᠳᠤᠯᠤᠨ ᠰᠤᠷᠤᠯᠴᠠᠬᠤ ᠵᠡᠷᠭᠡ ᠲᠥᠷᠥᠯ ᠵᠦᠢᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠪᠣᠶ ᠪᠣᠯᠭᠠᠪᠠ᠃ ᠤᠳᠠ ᠲᠣᠭᠤᠷᠢᠭ ᠤᠨ ︽ᠰᠢᠨ᠎ᠡ ᠵᠤᠭ᠎ᠠ ᠴᠡᠩᠭᠡᠯ︾ ᠤᠨ ᠪᠡᠶᠡᠴᠢᠯᠡᠨ ᠣᠶᠢᠯᠠᠭᠠᠬᠤ ᠵᠠᠭᠪᠤᠷ ᠢ ᠡᠬᠢᠯᠡᠭᠦᠯᠵᠦ᠂ ᠤᠳᠠ ᠲᠣᠭᠤᠷᠢᠭ ᠤᠨ ᠡᠴᠢᠭᠡ ᠡᠬᠡ ᠦᠷ᠎ᠡ ᠬᠡᠤᠬᠡᠳ ᠤᠨ ᠵᠢᠭᠤᠯᠴᠢᠯᠠᠯ ᠵᠤᠭ᠎ᠠ ᠴᠡᠩᠭᠡᠯ ᠤᠨ ᠲᠥᠷᠥᠯ ᠵᠦᠢᠯ ᠤᠨ ᠭᠤᠤᠯ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号