ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠤᠳᠠ ᠲᠣᠭᠤᠷᠢᠭ ᠤᠨ ᠬᠡᠰᠡᠭ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠪᠠᠶᠢᠷᠢᠯᠠᠭᠤᠯᠤᠯᠲᠠ ᠶᠢ ᠲᠣᠬᠢᠷᠠᠭᠤᠯᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/9/14
     ᠬᠤᠲᠠ ᠶᠢᠨ ᠵᠠᠰᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠨᠡᠶᠢᠭᠡᠮ ᠲᠣᠭᠤᠷᠢᠭ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠵᠢᠷᠤᠮᠵᠢᠭᠤᠯᠬᠤ ᠶᠢᠨ ᠲᠥᠯᠥᠭᠡ᠂ ︽ᠨᠠᠮ ᠤᠨ ᠪᠠᠶᠢᠭᠤᠯᠤᠯᠲᠠ ᠶᠢ ᠭᠦᠨᠵᠡᠭᠡᠶ ᠬᠡᠷᠡᠭᠵᠢᠭᠦᠯᠵᠦ ᠦᠨᠳᠦᠰᠦᠨ ᠱᠠᠲᠤᠨ ᠤ ᠵᠠᠰᠠᠯᠲᠠ ᠶᠢᠨ ︿ᠵᠢᠷᠭᠤᠭᠠᠨ ᠶᠡᠭᠡ ᠢᠨᠵᠧᠨᠧᠷᠢᠩ﹀ ᠢ ᠬᠥᠲᠥᠯᠥᠨ ᠳᠠᠭᠠᠭᠤᠯᠬᠤ ᠲᠤᠬᠠᠶ ᠬᠡᠷᠡᠭᠵᠢᠭᠦᠯᠬᠦ ᠲᠥᠰᠦᠯ︾ ᠳᠠᠬᠢ ︽ᠵᠡᠭᠡᠯᠢ ᠭᠤᠳᠤᠮᠵᠢ  ᠨᠡᠶᠢᠭᠡᠮ  ᠲᠣᠭᠤᠷᠢᠭ  ᠤᠨ  ᠬᠡᠪᠴᠢᠶ᠎ᠡ  ᠶᠢ  ᠰᠢᠯᠢᠳᠡᠭᠵᠢᠭᠦᠯᠦᠨ  ᠲᠣᠬᠢᠷᠠᠭᠤᠯᠬᠤ  ︾  ᠱᠠᠭᠠᠷᠳᠠᠯᠭ᠎ᠠ ᠶᠣᠰᠣᠭᠠᠷ᠂ ᠤᠳᠠ ᠲᠣᠭᠤᠷᠢᠭ ᠤᠨ ᠡᠤ ᠬᠤ᠋ ᠱᠠᠨ ᠬᠡᠷᠡᠭ ᠡᠷᠬᠢᠯᠡᠬᠦ ᠭᠠᠵᠠᠷ ᠤᠨ ᠣᠷᠣᠨ ᠪᠦᠰᠡ ᠶᠢᠨ ᠲᠠᠲᠠᠪᠤᠷᠢᠯᠠᠨ ᠨᠡᠭᠦᠯᠭᠡᠬᠦ ᠠᠵᠢᠯ ᠤᠨ ᠠᠬᠢᠴᠠ ᠲᠠᠢ ᠤᠶᠠᠯᠳᠤᠭᠤᠯᠤᠨ᠂ ᠣᠨᠴᠠᠭᠠᠶᠢᠯᠠᠨ ᠠᠵᠢᠯ ᠤᠨ ᠲᠥᠰᠦᠯ ᠢ ᠲᠣᠭᠲᠠᠭᠠᠪᠠ᠃ᠨᠢᠭᠡ᠂ ᠦᠨᠳᠦᠰᠦᠨ ᠪᠠᠶᠢᠳᠠᠯ      ᠤᠳᠠ ᠲᠣᠭᠤᠷᠢᠭ ᠲᠤ ᠨᠡᠶᠢᠲᠡ 1 ᠪᠠᠯᠭᠠᠰᠤ᠂ 7 ᠵᠡᠭᠡᠯᠢ ᠭᠤᠳᠤᠮᠵᠢ ᠲᠠᠢ᠂ ᠳᠣᠣᠷ᠎ᠠ ᠨᠢ 1 ᠲᠣᠰᠬᠤᠨ᠂ 21 ᠨᠡᠶᠢᠭᠡᠮ ᠲᠣᠭᠤᠷᠢᠭ ᠲᠠᠢ᠃ ᠡᠭᠦᠨ ᠳᠤ ᠲᠣᠬᠢᠷᠠᠭᠤᠯᠤᠯᠲᠠ ᠳᠤ ᠬᠤᠯᠪᠣᠭᠳᠠᠭᠰᠠᠨ ᠵᠡᠭᠡᠯᠢ ᠭᠤᠳᠤᠮᠵᠢ ᠳᠤ ᠡᠦ ᠬᠤ᠋ ᠱᠠᠨ ᠬᠡᠷᠡᠭ ᠡᠷᠬᠢᠯᠡᠬᠦ ᠭᠠᠵᠠᠷ᠂ ᠪᠠᠶᠠᠨᠰᠠᠶᠢᠨ ᠬᠡᠷᠡᠭ ᠡᠷᠬᠢᠯᠡᠬᠦ ᠭᠠᠵᠠᠷ ᠪᠠ  ᠪᠢᠨᠬᠠᠢ ᠬᠡᠷᠡᠭ ᠡᠷᠬᠢᠯᠡᠬᠦ ᠭᠠᠵᠠᠷ ᠵᠡᠷᠭᠡ ᠪᠤᠢ᠃ ᠡᠦ ᠬᠤ᠋ ᠱᠠᠨ ᠤ ᠬᠡᠷᠡᠭ ᠡᠷᠬᠢᠯᠡᠬᠦ ᠭᠠᠵᠠᠷ ᠤᠨ ᠳᠣᠣᠷ᠎ᠠ ᠲᠡᠮᠦᠷ ᠵᠠᠮ ᠤᠨ ᠪᠠᠷᠠᠭᠤᠨᠳᠠᠬᠢ ᠢᠦᠢ ᠬᠤᠩ ᠬᠤᠶᠠᠷ ᠨᠡᠶᠢᠭᠡᠮ ᠲᠣᠭᠤᠷᠢᠭ ᠲᠤ ᠬᠠᠷᠢᠶᠠᠯᠠᠭᠳᠠᠵᠤ᠂ ᠬᠠᠷᠢᠶ᠎ᠠ ᠣᠷᠣᠨ ᠨᠢ 2821 ᠡᠷᠦᠬᠡ ᠶᠢ ᠲᠠᠲᠠᠪᠤᠷᠢᠯᠠᠨ ᠨᠡᠭᠦᠯᠭᠡᠬᠦ ᠳᠤ ᠬᠤᠯᠪᠣᠭᠳᠠᠵᠤ᠂ ᠣᠳᠣᠬᠠᠨ ᠳᠤ ᠨᠢᠭᠡᠨᠲᠡ 2628 ᠡᠷᠦᠬᠡ ᠶᠢ ᠵᠥᠪᠳᠡᠯᠴᠡᠭᠡᠷ ᠢᠶᠠᠷ ᠨᠡᠭᠦᠯᠭᠡᠵᠦ᠂ ᠵᠢᠱᠢᠯᠲᠡ ᠪᠠᠷ ᠰᠢᠨᠳᠠ ᠬᠡᠷᠡᠭ ᠡᠷᠬᠢᠯᠡᠬᠦ ᠭᠠᠵᠠᠷ ᠤᠨ ᠴᠠᠩ ᠳ᠋ᠠ ᠨᠡᠶᠢᠭᠡᠮ ᠲᠣᠭᠤᠷᠢᠭ ᠤᠨ ᠶᠢᠨ ᠬᠤ᠋ ᠪᠠᠭ᠎ᠠ ᠲᠣᠭᠤᠷᠢᠭ ︵900 ᠢᠵᠢ︶᠂ ᠠᠢ ᠮᠢᠨ ᠨᠡᠶᠢᠭᠡᠮ ᠲᠣᠭᠤᠷᠢᠭ ᠤᠨ ᠵᠢᠶᠠ ᠮᠢᠩ ᠶᠠ ᠶᠤᠸᠠᠨ ︵490 ᠢᠵᠢ︶᠂ ᠪᠠᠶᠠᠨᠰᠠᠶᠢᠨ ᠬᠡᠷᠡᠭ ᠡᠷᠬᠢᠯᠡᠬᠦ ᠭᠠᠵᠠᠷ ᠤᠨ ᠰᠢᠶᠠᠨ ᠹᠧᠩ ᠨᠡᠶᠢᠭᠡᠮ ᠲᠣᠭᠤᠷᠢᠭ ᠶᠢᠨ ᠷᠦᠢ ᠪᠠᠭ᠎ᠠ ᠲᠣᠭᠤᠷᠢᠭ ︵560 ᠢᠵᠢ︶ ᠳᠤ ᠲᠥᠪᠯᠡᠷᠡᠭᠦᠯᠦᠨ ᠲᠥᠪᠬᠢᠨᠡᠭᠦᠯᠬᠦ ᠪᠠᠷ ᠵᠢᠱᠢᠵᠦ ᠪᠠᠶᠢᠨ᠎ᠠ᠃ᠬᠤᠶᠠᠷ᠂ ᠲᠣᠬᠢᠷᠠᠭᠤᠯᠬᠤ ᠵᠠᠷᠴᠢᠮ      ︵ᠨᠢᠭᠡ︶ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠨ᠂ ᠬᠠᠮᠢᠶᠠᠷᠬᠤ ᠳᠤ ᠳᠥᠭᠦᠮ ᠦᠵᠡᠭᠦᠯᠦᠨ᠎ᠡ᠃ ᠣᠳᠣ ᠶᠢᠨ ᠪᠠᠶᠢᠭ᠎ᠠ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠢ ᠪᠠᠲᠤᠯᠠᠬᠤ︶ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠤ ᠲᠤᠰᠢᠶᠠᠯ ᠤᠨ ᠲᠤᠭ᠎ᠠ ᠶᠢᠨ ᠶᠡᠷᠦᠩᠬᠡᠶ ᠬᠡᠮᠵᠢᠶ᠎ᠡ᠂ ᠨᠡᠷᠡᠶᠢᠳᠦᠯ ᠨᠢ ᠬᠤᠪᠢᠷᠠᠬᠤ ᠥᠬᠡᠶ ᠪᠠᠶᠢᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠣᠷᠣᠨ ᠪᠠᠶᠢᠷᠢ ᠨᠢ ᠬᠥᠷᠰᠢ ᠵᠡᠷᠭᠡᠯᠡᠳᠡᠭᠡ ᠪᠠᠶᠢᠬᠤ ᠵᠠᠷᠴᠢᠮ ᠢ ᠳᠣᠪᠤᠶᠢᠯᠭᠠᠨ᠂ ᠪᠠᠭ᠎ᠠ ᠲᠣᠬᠢᠷᠠᠭᠤᠯᠤᠯᠲᠠ ᠬᠢᠵᠦ ᠶᠡᠬᠡᠪᠡᠷ ᠲᠣᠭᠲᠠᠭᠤᠨ ᠪᠠᠶᠢᠯᠭᠠᠬᠤ ᠰᠠᠭᠤᠷᠢᠨ ᠳᠡᠭᠡᠷ᠎ᠡ᠂ ᠨᠡᠶᠢᠭᠡᠮ ᠲᠣᠭᠤᠷᠢᠭ ᠤᠨ ᠪᠦᠬᠦᠯᠢ ᠴᠣᠭᠴᠠ ᠪᠠᠷ ᠬᠤᠪᠢᠶᠠᠷᠢᠯᠠᠬᠤ ᠪᠠ ᠵᠠᠮ ᠢᠶᠠᠷ ᠵᠠᠭᠠᠭ ᠪᠣᠯᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠲᠣᠬᠢᠷᠠᠭᠤᠯᠤᠯᠲᠠ ᠬᠢᠨ᠎ᠠ᠃      ︵ᠬᠤᠶᠠᠷ︶ ᠨᠢᠭᠡᠳᠦᠯᠲᠡᠢ ᠲᠥᠯᠥᠪᠯᠡᠨ ᠨᠡᠶᠢᠲᠡ ᠳᠤ ᠨᠢ ᠬᠠᠷᠠᠭᠠᠯᠵᠠᠬᠤ᠂ ᠶᠡᠷᠦᠩᠬᠡᠶᠢᠯᠡᠨ ᠲᠡᠩᠴᠡᠭᠦᠯᠬᠦ ᠶᠢ ᠪᠠᠷᠢᠮᠲᠠᠯᠠᠨ᠎ᠠ᠃ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠰᠢᠨ᠎ᠡ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠰᠠᠭᠤᠭᠠᠯᠢ ᠠᠷᠠᠳ ᠤᠨ ᠮᠡᠳᠡᠷᠡᠨ ᠵᠥᠪᠰᠢᠶᠡᠷᠡᠬᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠪᠠ ᠬᠥᠮᠦᠨ ᠠᠮᠠ ᠶᠢᠨ ᠬᠡᠪᠴᠢᠶ᠎ᠡ ᠵᠡᠷᠭᠡ ᠬᠦᠴᠦᠨ ᠵᠦᠢᠯ ᠢ ᠬᠠᠮᠲᠤ ᠳᠤᠨᠢ ᠬᠠᠷᠠᠭᠠᠯᠵᠠᠵᠤ᠂ ᠵᠦᠭᠰᠢᠷᠡᠭᠦᠯᠦᠨ ᠨᠡᠶᠢᠯᠡᠭᠦᠯᠵᠦ᠂ ᠰᠢᠯᠢᠳᠡᠭᠵᠢᠭᠦᠯᠦᠨ ᠲᠣᠬᠢᠷᠠᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ ᠬᠡᠷᠡᠭᠲᠡᠶ᠃      ︵ᠭᠤᠷᠪᠠ︶ ᠬᠠᠤᠯᠢ ᠶᠣᠰᠣᠭᠠᠷ ᠡᠮᠬᠢ ᠵᠢᠷᠤᠮ ᠲᠠᠢ᠂ ᠯᠠᠪᠳᠠᠭᠤᠨ ᠢᠶᠠᠷ ᠠᠬᠢᠭᠤᠯᠬᠤ ᠶᠢ ᠪᠠᠷᠢᠮᠲᠠᠯᠠᠬᠤ ᠬᠡᠷᠡᠭᠲᠡᠶ᠃ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢ ᠴᠢᠩᠳᠠᠯᠠᠵᠤ᠂ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠩᠭᠠᠳᠬᠠᠵᠤ᠂ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ᠭᠤᠷᠪᠠ᠂ ᠲᠣᠬᠢᠷᠠᠭᠤᠯᠤᠯᠲᠠ ᠬᠢᠬᠦ ᠰᠠᠨᠠᠭᠤᠯᠭ᠎ᠠ      ᠡᠮᠦᠨᠡᠬᠢ ᠬᠤᠭᠤᠴᠠᠭᠠᠨ ᠤ ᠭᠦᠨᠵᠡᠭᠡᠶ ᠪᠠᠶᠢᠴᠠᠭᠠᠨ ᠰᠤᠳᠤᠯᠤᠯᠲᠠ ᠵᠢᠴᠢ ᠣᠯᠠᠨ ᠤᠳᠠᠭ᠎ᠠ ᠶᠠᠷᠢᠯᠴᠠᠨ ᠰᠣᠯᠢᠯᠴᠠᠬᠤ᠂ ᠰᠠᠨᠠᠯ ᠬᠤᠷᠢᠶᠠᠬᠤ ᠪᠠᠷ ᠳᠠᠮᠵᠢᠭᠤᠯᠤᠨ᠂ ᠡᠯ᠎ᠡ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ ᠣᠷᠣᠨ ᠪᠠᠶᠢᠷᠢ᠂ ᠰᠠᠭᠤᠭᠠᠯᠢ ᠠᠷᠠᠳ ᠤᠨ ᠲᠠᠷᠬᠠᠯᠲᠠ᠂ ᠵᠡᠭᠡᠯᠢ ᠭᠤᠳᠤᠮᠵᠢ ᠶᠢᠨ ᠬᠤᠪᠢᠶᠠᠷᠢᠯᠠᠯ ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠦ᠋ ᠬᠤ᠋ ᠱᠠᠨ ᠬᠡᠷᠡᠭ ᠡᠷᠬᠢᠯᠡᠬᠦ ᠭᠠᠵᠠᠷ ︵ᠲᠡᠮᠦᠷ ᠵᠠᠮ ᠤᠨ ᠪᠠᠷᠠᠭᠤᠨᠳᠠᠬᠢ ᠨᠡᠶᠢᠭᠡᠮ ᠲᠣᠭᠤᠷᠢᠭ᠂ ᠢᠦᠶ ᠬᠤᠩ ᠨᠡᠶᠢᠭᠡᠮ ᠲᠣᠭᠤᠷᠢᠭ︶᠂ ᠪᠢᠨᠬᠠᠢ ᠬᠡᠷᠡᠭ ᠡᠷᠬᠢᠯᠡᠬᠦ ᠭᠠᠵᠠᠷ ︵ᠪᠢᠨᠬᠠᠢ ᠨᠡᠶᠢᠭᠡᠮ ᠲᠣᠭᠤᠷᠢᠭ᠂ ᠪᠦᠯᠬᠦᠮᠳᠡᠯ ᠬᠤᠶᠢᠲᠤ ᠵᠠᠮ ᠤᠨ ᠨᠡᠶᠢᠭᠡᠮ ᠲᠣᠭᠤᠷᠢᠭ᠂ ᠱᠧᠩᠯᠢ ᠨᠡᠶᠢᠭᠡᠮ ᠲᠣᠭᠤᠷᠢᠭ︶᠂ ᠪᠠᠶᠠᠨᠰᠠᠶᠢᠨ ᠬᠡᠷᠡᠭ ᠡᠷᠬᠢᠯᠡᠬᠦ ᠭᠠᠵᠠᠷ ︵ᠰᠢᠶᠠᠨ ᠹᠧᠩ ᠨᠡᠶᠢᠭᠡᠮ ᠲᠣᠭᠤᠷᠢᠭ᠂ ᠵᠣᠯ ᠵᠢᠷᠭᠠᠯᠲᠤ ᠨᠡᠶᠢᠭᠡᠮ ᠲᠣᠭᠤᠷᠢᠭ᠂ ᠪᠦᠯᠬᠦᠮᠳᠡᠯ ᠨᠡᠶᠢᠭᠡᠮ ᠲᠣᠭᠤᠷᠢᠭ  ︶  ᠲᠤ  ᠬᠤᠪᠢᠶᠠᠷᠢᠯᠠᠨ  ᠲᠣᠬᠢᠷᠠᠭᠤᠯᠤᠯᠲᠠ  ᠬᠢᠬᠦ  ᠪᠠᠷ  ᠲᠥᠯᠥᠪᠯᠡᠵᠦ  ᠂  ᠪᠤᠰᠤᠳ  ᠪᠠᠯᠭᠠᠰᠤ ︵ ᠵᠡᠭᠡᠯᠢ  ᠭᠤᠳᠤᠮᠵᠢ  ︶᠂ ᠲᠣᠰᠬᠤᠨ ︵ᠨᠡᠶᠢᠭᠡᠮ ᠲᠣᠭᠤᠷᠢᠭ︶ ᠳᠤ ᠲᠣᠬᠢᠷᠠᠭᠤᠯᠤᠯᠲᠠ ᠬᠢᠬᠦ ᠥᠬᠡᠶ᠃ᠪᠣᠳᠠᠲᠠᠶ ᠪᠠᠷ ᠬᠡᠯᠡᠪᠡᠯ ᠳᠣᠣᠷᠠᠬᠢ ᠮᠡᠲᠦ᠄      ︵ᠨᠢᠭᠡ︶ ᠡᠤ ᠬᠤ᠋ ᠱᠠᠨ ᠬᠡᠷᠡᠭ ᠡᠷᠬᠢᠯᠡᠬᠦ ᠭᠠᠵᠠᠷ ᠤᠨ ᠬᠠᠷᠢᠶᠠᠯᠠᠯ ᠤᠨ ᠣᠷᠣᠨ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ      ᠦ᠋ ᠬᠣ᠋ ᠱᠠᠨ ᠬᠡᠷᠡᠭ ᠡᠷᠬᠢᠯᠡᠬᠦ ᠭᠠᠵᠠᠷ ᠤᠨ ᠲᠢᠶᠧ ᠰᠢ ᠨᠡᠶᠢᠭᠡᠮ ᠲᠣᠭᠤᠷᠢᠭ᠂ ᠢᠦᠢ ᠬᠤᠩ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠦᠯᠡᠳᠡᠭᠡᠵᠦ᠂ ᠪᠢᠨ ᠬᠠᠢ ᠬᠡᠷᠡᠭ ᠡᠷᠬᠢᠯᠡᠬᠦ ᠭᠠᠵᠠᠷ ᠤᠨ ᠱᠧᠩ ᠯᠢ ᠨᠡᠶᠢᠭᠡᠮ ᠲᠣᠭᠤᠷᠢᠭ ᠢ ᠪᠦᠬᠦ ᠴᠠᠷᠠᠭ᠎ᠠ ᠪᠠᠷ ᠲᠡᠮᠦᠷ ᠵᠠᠮ ᠤᠨ ᠪᠠᠷᠠᠭᠤᠨᠳᠡᠬᠢ ᠨᠡᠶᠢᠭᠡᠮ ᠲᠣᠭᠤᠷᠢᠭ ᠲᠤ ᠬᠠᠷᠢᠶᠠᠯᠠᠭᠤᠯᠵᠤ᠂ ᠨᠡᠶᠢᠭᠡᠮ ᠲᠣᠭᠤᠷᠢᠭ ᠤᠨ ᠨᠡᠷᠡᠶᠢᠳᠦᠯ ᠢ ᠰᠢᠨ ᠶᠤᠸᠠᠢ ᠨᠡᠶᠢᠭᠡᠮ ᠲᠣᠭᠤᠷᠢᠭ ᠭᠡᠵᠦ ᠬᠠᠯᠠᠨ᠂ ᠪᠠᠶᠠᠨᠰᠠᠶᠢᠨ ᠬᠡᠷᠡᠭ ᠡᠷᠬᠢᠯᠡᠬᠦ ᠭᠠᠵᠠᠷ ᠤᠨ ᠰᠢᠶᠠᠨ ᠹᠧᠩ ᠨᠡᠶᠢᠭᠡᠮ ᠲᠣᠭᠤᠷᠢᠭ ᠤᠨ ᠬᠡᠰᠡᠭ ᠣᠷᠣᠨ ᠪᠦᠰᠡ ᠳᠤ ᠢᠦᠢ ᠬᠤᠩ ᠨᠡᠶᠢᠭᠡᠮ ᠲᠣᠭᠤᠷᠢᠭ ᠲᠤ ᠬᠠᠷᠢᠶᠠᠯᠠᠭᠤᠯᠵᠤ᠂ ᠨᠡᠶᠢᠭᠡᠮ ᠲᠣᠭᠤᠷᠢᠭ ᠤᠨ ᠨᠡᠷᠡᠶᠢᠳᠦᠯ ᠢ ᠬᠤᠪᠢᠷᠠᠭᠤᠯᠬᠤ ᠦᠭᠡᠢ ᠪᠠᠶᠢᠬᠤ ᠶᠢ ᠰᠠᠨᠠᠭᠤᠯᠪᠠ᠃ ᠪᠣᠳᠠᠲᠠᠢ ᠪᠠᠷ ᠬᠡᠯᠡᠪᠡᠯ᠄      1᠂ ᠰᠢᠨ ᠶᠤᠸᠠᠢ ᠨᠡᠢᠬᠡᠮ ᠲᠤᠭᠤᠷᠢᠭ ᠤᠨ ᠲᠦᠷᠪᠡ ᠠᠴᠠ ᠡᠬᠢᠯᠡᠨ ᠵᠡᠭᠦᠨᠰᠢ ᠪᠠᠨ ᠵᠢᠶᠧᠹᠠᠩ ᠵᠠᠮ ᠠᠴᠠ ᠡᠬᠢᠯᠡᠨ᠂ ᠪᠠᠷᠠᠭᠤᠨ ᠠᠴᠠ ᠦᠬᠠᠢ ᠬᠤᠲᠠ ᠬᠢᠭᠡᠳ ᠠᠯᠠᠱᠠ ᠠᠶᠢᠮᠠᠭ ᠤᠨ ᠵᠠᠭᠠᠭ ᠱᠤᠭᠤᠮ ᠬᠦᠷᠲᠡᠯ᠎ᠡ᠂ ᠡᠮᠦᠨ᠎ᠡ ᠲᠠᠯ᠎ᠠ ᠨᠢ ᠰᠢᠶᠠᠨ ᠹᠧᠩ ᠪᠠᠷᠠᠭᠤᠨ ᠵᠡᠭᠡᠯᠢ ᠠᠴᠠ ᠪᠠᠶᠠᠨᠰᠠᠶᠢᠨ ᠵᠡᠭᠡᠯᠢ ᠪᠠᠷ ᠵᠠᠭᠠᠭ ᠪᠣᠯᠭᠠᠨ᠂ ᠬᠤᠶᠢᠰᠢ ᠪᠠᠨ ᠷᠦᠨ ᠳ᠋ᠧ ᠴᠢᠶᠣᠤ ᠳᠤ ᠡᠣ ᠶᠢᠨ ᠳ᠋ᠠ ᠳ᠋ᠣᠣ ᠱᠦᠨ ᠲᠡᠮᠦᠷ ᠵᠠᠮ ᠢᠶᠠᠷ ᠹᠦ᠋ ᠰᠢᠩ ᠵᠠᠮ ᠲᠠᠢ ᠵᠠᠯᠭᠠᠵᠦ ᠯᠢᠶᠠᠩ ᠵᠢᠶᠠ ᠭᠧᠦ ᠶᠢᠨ ᠦᠶᠡᠷ ᠵᠠᠯᠠᠬᠤ ᠰᠣᠪᠠᠭ ᠲᠠᠢ ᠵᠠᠯᠭᠠᠯᠳᠤᠨ᠎ᠠ᠃ ᠲᠣᠬᠢᠷᠠᠭᠤᠯᠤᠭᠰᠠᠨ ᠤ ᠳᠠᠷᠠᠭᠠᠬᠢ ᠶᠡᠷᠦᠩᠬᠡᠢ ᠲᠠᠯᠠᠪᠠᠢ ᠨᠢ ᠪᠠᠷᠤᠭ 21 ᠲᠡᠭᠰᠢ ᠳᠥᠷᠪᠡᠯᠵᠢᠨ ᠮᠧᠲᠷ ᠪᠠᠶᠢᠵᠤ᠂ ᠪᠠᠶᠢᠩᠭᠤ ᠰᠠᠭᠤᠭ᠎ᠠ ᠬᠥᠮᠥᠨ ᠠᠮᠠ ᠨᠢ 2800 ᠡᠷᠦᠬᠡ᠂ 7200 ᠬᠥᠮᠥᠨ ᠠᠮᠠ ᠲᠠᠢ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 7 ᠬᠥᠮᠦᠨ ᠪᠠᠶᠢᠨ᠎ᠠ᠃      2. ᠢᠤᠢ ᠬᠤᠩ ᠨᠡᠶᠢᠭᠡᠮ ᠲᠤᠭᠤᠷᠢᠭ ᠤᠨ ᠲᠦᠷᠪᠡ ᠨᠢ ᠵᠢᠶᠧᠹᠠᠩ ᠵᠠᠮ ᠠᠴᠠ ᠡᠬᠢᠯᠡᠨ᠂ ᠪᠠᠷᠠᠭᠤᠨ ᠠᠴᠠ ᠦᠬᠠᠢ ᠬᠤᠲᠠ ᠬᠢᠭᠡᠳ ᠠᠯᠠᠱᠠ ᠠᠶᠢᠮᠠᠭ ᠤᠨ ᠵᠠᠭᠠᠭ ᠱᠤᠭᠤᠮ ᠬᠦᠷᠲᠡᠯ᠎ᠡ᠂ ᠡᠮᠦᠨ᠎ᠡ ᠲᠠᠯ᠎ᠠ ᠨᠢ ᠤᠷᠲᠤ ᠭᠤᠣ ᠠᠴᠠ ᠡᠬᠢᠯᠡᠨ᠂ ᠬᠤᠶᠢᠰᠢ ᠪᠠᠨ ᠰᠢᠶᠠᠨ ᠹᠧᠩ ᠪᠠᠷᠠᠭᠤᠨ ᠵᠡᠭᠡᠯᠢ ᠠᠴᠠ ᠪᠠᠶᠠᠨᠰᠠᠶᠢᠨ ᠬᠦᠷᠦᠨ᠎ᠡ᠃ ᠲᠣᠬᠢᠷᠠᠭᠤᠯᠤᠭᠰᠠᠨ ᠤ ᠳᠠᠷᠠᠭᠠᠬᠢ ᠶᠡᠷᠦᠩᠬᠡᠢ ᠲᠠᠯᠠᠪᠠᠢ ᠨᠢ ᠪᠠᠷᠤᠭ 13 ᠲᠡᠭᠰᠢ ᠲᠦᠷᠪᠡᠯᠵᠢᠨ  ᠮᠧᠲᠷ  ᠪᠠᠶᠢᠵᠤ  ᠂  ᠪᠠᠶᠢᠩᠭᠤ  ᠰᠠᠭᠤᠭ᠎ᠠ  ᠬᠦᠮᠦᠨ  ᠠᠮᠠ  ᠨᠢ  1600  ᠡᠷᠦᠬᠡ  ᠂  4200  ᠬᠦᠮᠦᠨ  ᠠᠮᠠ  ᠲᠠᠢ  ᠃  ᠨᠡᠶᠢᠭᠡᠮ  ᠲᠣᠭᠤᠷᠢᠭ  ᠤᠨ  ︽ᠬᠤᠶᠠᠷ ᠵᠥᠪᠯᠡᠯ︾ ᠨᠢ ᠮᠥᠨ ᠯᠡ 7 ᠬᠥᠮᠦᠨ ᠪᠠᠶᠢᠨ᠎ᠠ᠃      ᠳᠡᠭᠡᠷᠡᠬᠢ ᠶᠢ ᠬᠤᠷᠢᠶᠠᠩᠭᠤᠶᠢᠯᠠᠪᠠᠯ᠂ ᠡᠦ ᠬᠤ᠋ ᠱᠠᠨ ᠤ ᠬᠡᠷᠡᠭ ᠡᠷᠬᠢᠯᠡᠬᠦ ᠭᠠᠵᠠᠷ ᠲᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠳᠥᠷᠪᠡ ᠠᠴᠠ ᠡᠬᠢᠯᠡᠨ ᠵᠡᠭᠦᠨ ᠲᠠᠯ᠎ᠠ ᠨᠢ ᠵᠢᠶᠧᠹᠠᠩ ᠵᠠᠮ᠂ ᠪᠠᠷᠠᠭᠤᠨ ᠠᠴᠠ ᠦᠬᠠᠶ ᠬᠤᠲᠠ ᠬᠢᠭᠡᠳ ᠠᠯᠠᠱᠠ ᠠᠶᠢᠮᠠᠭ ᠤᠨ ᠵᠠᠭᠠᠭ ᠬᠢᠵᠠᠭᠠᠷ᠂ ᠡᠮᠦᠨ᠎ᠡ ᠲᠠᠯ᠎ᠠ ᠨᠢ ᠤᠷᠲᠤ ᠭᠤᠣ ᠠᠴᠠ ᠡᠬᠢᠯᠡᠨ᠂ ᠬᠤᠶᠢᠰᠢ ᠪᠠᠨ ᠷᠦᠨ ᠳ᠋ᠧ ᠴᠢᠶᠣᠤ ᠳᠤ ᠡᠣ ᠶᠢᠨ ᠳ᠋ᠠ ᠳ᠋ᠣᠣ ᠱᠦᠨ ᠲᠡᠮᠦᠷ ᠵᠠᠮ ᠤᠨ ᠳᠠᠭᠠᠤ ᠹᠦ᠋ ᠰᠢᠩ ᠵᠠᠮ ᠲᠠᠢ ᠵᠠᠯᠭᠠᠨ᠎ᠠ᠃ ᠶᠡᠷᠦᠩᠬᠡᠶ ᠲᠠᠯᠠᠪᠠᠶ ᠨᠢ ᠪᠠᠷᠤᠭ 34 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠰᠢᠨ᠎ᠡ ᠪᠠᠷ ᠬᠠᠷᠢᠶ᠎ᠠ᠂ ᠢᠦᠶ ᠬᠤᠩ ᠬᠤᠶᠠᠷ ᠨᠡᠶᠢᠭᠡᠮ ᠲᠣᠭᠤᠷᠢᠭ ᠲᠤ ᠬᠠᠷᠢᠶᠠᠯᠠᠭᠳᠠᠵᠤ᠂ ᠶᠡᠷᠦᠩᠬᠡᠶ ᠬᠥᠮᠦᠨ ᠠᠮᠠ ᠨᠢ ᠵᠢᠱᠢᠯᠲᠡ ᠪᠠᠷ 11400 ᠭᠠᠷᠤᠶ ᠬᠥᠮᠦᠨ ᠰᠢᠨ᠎ᠡ ᠪᠠᠷ ᠨᠡᠮᠡᠭᠳᠡᠬᠦ ᠪᠣᠯᠤᠨ᠎ᠠ᠃ ᠨᠡᠢᠭᠡᠮ ᠲᠣᠭᠤᠷᠢᠭ ᠤᠨ ︽ᠬᠤᠶᠠᠷ ᠵᠥᠪᠯᠡᠯ︾ ᠮᠥᠨ ᠯᠡ 14 ᠬᠥᠮᠦᠨ᠃      ︵ᠬᠤᠶᠠᠷ︶  ᠪᠢᠨᠬᠠᠢ ᠬᠡᠷᠡᠭ ᠡᠷᠬᠢᠯᠡᠬᠦ ᠭᠠᠵᠠᠷ ᠤᠨ ᠬᠠᠷᠢᠶᠠᠯᠠᠯ ᠤᠨ ᠣᠷᠣᠨ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ      ᠪᠢᠨᠬᠠᠢ ᠬᠡᠷᠡᠭ ᠡᠷᠬᠢᠯᠡᠬᠦ ᠭᠠᠵᠠᠷ ᠨᠢ ᠱᠧᠩ ᠯᠢ ᠨᠡᠢᠭᠡᠮ ᠲᠣᠭᠤᠷᠢᠭ ᠢ ᠶᠡᠷᠦᠩᠬᠡᠢ ᠳᠤᠨᠢ ᠡᠦ ᠬᠤ᠋ ᠱᠠᠨ ᠬᠡᠷᠡᠭ ᠡᠷᠬᠢᠯᠡᠬᠦ ᠭᠠᠵᠠᠷ ᠤᠨ ᠱᠢᠨ ᠶᠤᠸᠠᠢ ᠨᠡᠢᠭᠡᠮ ᠲᠣᠭᠤᠷᠢᠭ ᠲᠤ ᠬᠤᠪᠢᠶᠠᠨ ᠥᠭᠴᠦ᠂ ᠱᠧᠩ ᠯᠢ ᠵᠡᠭᠦᠨ ᠵᠡᠭᠡᠯᠢ ᠶᠢ ᠬᠠᠲᠤᠨ ᠭᠤᠣᠯ ᠠᠴᠠ ᠡᠮᠦᠨᠡᠰᠢ ᠪᠠᠶᠠᠨᠰᠠᠢᠨ ᠬᠡᠷᠡᠭ ᠡᠷᠬᠢᠯᠡᠬᠦ ᠭᠠᠵᠠᠷ ᠤᠨ ᠵᠣᠯ ᠵᠢᠷᠭᠠᠯᠲᠤ ᠨᠡᠢᠭᠡᠮ ᠲᠣᠭᠤᠷᠢᠭ ᠲᠤ ᠬᠤᠪᠢᠶᠠᠷᠢᠯᠠᠨ ᠣᠷᠣᠭᠤᠯᠤᠨ᠎ᠠ᠃ ᠪᠢᠨᠬᠠᠢ ᠬᠡᠷᠡᠭ ᠡᠷᠬᠢᠯᠡᠬᠦ ᠭᠠᠵᠠᠷ ᠤᠨ ᠬᠠᠷᠢᠶᠠᠨ ᠳᠠᠬᠢ ᠱᠧᠩ ᠯᠢ ᠨᠡᠶᠢᠭᠡᠮ ᠲᠣᠭᠤᠷᠢᠭ᠂ ᠪᠢᠨ ᠬᠠᠢ ᠨᠡᠶᠢᠭᠡᠮ ᠲᠣᠭᠤᠷᠢᠭ᠂ ᠪᠦᠯᠬᠦᠮᠳᠡᠯ ᠬᠤᠶᠢᠲᠤ ᠵᠠᠮ ᠤᠨ ᠨᠡᠶᠢᠭᠡᠮ ᠲᠣᠭᠤᠷᠢᠭ ᠢ ᠳᠠᠬᠢᠨ ᠬᠤᠪᠢᠶᠠᠷᠢᠯᠠᠪᠠ᠃ ᠪᠣᠳᠠᠲᠠᠢ ᠪᠠᠷ ᠬᠡᠯᠡᠪᠡᠯ᠄      1. ᠱᠧᠩ ᠯᠢ ᠨᠡᠶᠢᠭᠡᠮ ᠲᠣᠭᠤᠷᠢᠭ ᠤᠨ ᠳᠦᠷᠪᠡᠨ ᠬᠦᠷᠲᠡᠯ᠎ᠡ ᠲᠣᠬᠢᠷᠠᠭᠤᠯᠤᠯᠲᠠ ᠬᠢᠪᠡ᠄ ᠵᠡᠭᠦᠨ ᠲᠠᠯ᠎ᠠ ᠨᠢ ᠪᠢᠨᠬᠠᠢ ᠵᠡᠭᠡᠯᠢ ᠠᠴᠠ ᠡᠬᠢᠯᠡᠨ᠂ ᠪᠠᠷᠠᠭᠤᠨᠰᠢ ᠯᠢᠦ ᠶᠢᠨ ᠶᠡᠭᠡ ᠵᠠᠮ ᠬᠦᠷᠴᠦ᠂ ᠡᠮᠦᠨ᠎ᠡ ᠲᠠᠯ᠎ᠠ ᠨᠢ ᠱᠧᠩᠯᠢ ᠵᠡᠭᠡᠯᠢ ᠠᠴᠠ ᠡᠬᠢᠯᠡᠵᠦ᠂ ᠬᠤᠶᠢᠰᠢ ᠪᠠᠨ ᠱᠧᠨ ᠬᠤᠸᠠ ᠵᠡᠭᠡᠯᠢ ᠬᠦᠷᠪᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ ᠶᠡᠷᠦᠩᠬᠡᠶ ᠲᠠᠯᠠᠪᠠᠶ ᠨᠢ ᠪᠠᠷᠤᠭ 4 ᠲᠡᠭᠰᠢ ᠳᠥᠷᠪᠡᠯᠵᠢᠨ  ᠺᠢᠯᠤᠮᠧᠲᠷ ᠪᠠᠶᠢᠵᠤ᠂ ᠪᠠᠶᠢᠩᠭᠤ ᠰᠠᠭᠤᠭ᠎ᠠ ᠬᠥᠮᠦᠨ ᠠᠮᠠ ᠨᠢ 3065 ᠡᠷᠦᠬᠡ ᠶᠢᠨ 7336 ᠬᠥᠮᠦᠨ ᠪᠠᠶᠢᠪᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 7 ᠬᠥᠮᠦᠨ ᠪᠠᠶᠢᠨ᠎ᠠ᠃      2. ᠪᠢᠨᠬᠠᠢ ᠨᠠᠶᠢᠭᠡᠮ ᠲᠤᠭᠤᠷᠢᠭ ᠤᠨ ᠲᠦᠷᠪᠡᠲᠦᠭᠡᠷ ᠵᠠᠭᠤᠨ ᠢ ᠵᠡᠭᠦᠨ ᠠᠴᠠ ᠬᠠᠲᠤᠨ ᠭᠤᠣᠯ ᠠᠴᠠ ᠡᠬᠢᠯᠡᠵᠦ ᠪᠠᠷᠠᠭᠤᠨᠰᠢ ᠪᠢᠨᠬᠠᠢ ᠵᠡᠭᠡᠯᠢ ᠬᠦᠷᠦᠨ᠎ᠡ᠂ ᠡᠮᠦᠨᠡᠰᠢ  ᠱᠧᠩᠯᠢ  ᠵᠡᠭᠦᠨ  ᠵᠡᠭᠡᠯᠢ  ᠠᠴᠠ  ᠬᠠᠲᠤᠨ  ᠭᠤᠣᠯ  ᠬᠦᠷᠦᠨ᠎ᠡ  ᠂ ᠬᠤᠶᠢᠰᠢ ᠪᠠᠨ ᠪᠠᠶᠠᠨᠰᠠᠶᠢᠨ ᠭᠤᠣᠯ ᠬᠦᠷᠦᠨ᠎ᠡ᠃ ᠲᠣᠬᠢᠷᠠᠭᠤᠯᠤᠭᠰᠠᠨ ᠤ ᠳᠠᠷᠠᠭᠠᠬᠢ ᠶᠡᠷᠦᠩᠬᠡᠢ ᠲᠠᠯᠠᠪᠠᠢ ᠨᠢ ᠪᠠᠷᠤᠭ 6 ᠲᠡᠭᠰᠢ ᠲᠦᠷᠪᠡᠯᠵᠢᠨ ᠮᠧᠲᠷ ᠪᠠᠶᠢᠵᠤ᠂ ᠪᠠᠶᠢᠩᠭᠤ ᠰᠠᠭᠤᠭ᠎ᠠ ᠬᠦᠮᠦᠨ ᠠᠮᠠ ᠨᠢ 3740 ᠡᠷᠦᠬᠡ᠂ 8775 ᠬᠦᠮᠦᠨ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 10 ᠬᠥᠮᠦᠨ ᠪᠠᠶᠢᠨ᠎ᠠ᠃      3. ᠪᠦᠯᠬᠦᠮᠳᠡᠯ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠳᠥᠷᠪᠡ ᠠᠴᠠ ᠵᠡᠭᠦᠨᠰᠢ ᠯᠢᠤ ᠶᠢᠨ ᠶᠡᠭᠡ ᠵᠠᠮ  ᠠᠴᠠ ᠡᠬᠢᠯᠡᠨ᠂ ᠪᠠᠷᠠᠭᠤᠨᠰᠢ ᠵᠢᠶᠧᠹᠠᠩ ᠵᠠᠮ ᠬᠦᠷᠦᠨ᠎ᠡ  ᠂ ᠡᠮᠦᠨᠡᠰᠢ ᠱᠧᠩᠯᠢ ᠵᠡᠭᠡᠯᠢ ᠠᠴᠠ ᠡᠬᠢᠯᠡᠨ᠂ ᠬᠤᠶᠢᠰᠢ ᠪᠠᠨ ᠪᠠᠶᠠᠨᠰᠠᠶᠢᠨ ᠬᠦᠷᠦᠨ᠎ᠡ᠃ ᠲᠣᠬᠢᠷᠠᠭᠤᠯᠤᠭᠰᠠᠨ ᠤ ᠳᠠᠷᠠᠭᠠᠬᠢ ᠶᠡᠷᠦᠩᠬᠡᠢ ᠲᠠᠯᠠᠪᠠᠢ ᠨᠢ ᠪᠠᠷᠤᠭ 2 ᠲᠡᠭᠰᠢ ᠲᠦᠷᠪᠡᠯᠵᠢᠨ ᠮᠧᠲᠷ ᠪᠠᠶᠢᠵᠤ᠂ ᠪᠠᠶᠢᠩᠭᠤ ᠰᠠᠭᠤᠭ᠎ᠠ ᠬᠦᠮᠦᠨ ᠠᠮᠠ ᠨᠢ 3407 ᠡᠷᠦᠬᠡ᠂ 8623 ᠬᠦᠮᠦᠨ ᠪᠠᠶᠢᠪᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 10 ᠬᠥᠮᠦᠨ ᠪᠠᠶᠢᠨ᠎ᠠ᠃      ᠳᠡᠭᠡᠷᠡᠬᠢ ᠶᠢ ᠬᠤᠷᠢᠶᠠᠩᠭᠤᠶᠢᠯᠠᠪᠠᠯ᠂ ᠪᠢᠨᠬᠠᠢ ᠬᠡᠷᠡᠭ ᠡᠷᠬᠢᠯᠡᠬᠦ ᠭᠠᠵᠠᠷ ᠲᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠳᠥᠷᠪᠡᠨ ᠵᠠᠬ᠎ᠠ᠄ ᠵᠡᠭᠦᠨ ᠠᠴᠠ ᠬᠠᠲᠤᠨ ᠭᠤᠤᠯ ᠠᠴᠠ ᠡᠬᠢᠯᠡᠨ᠂ ᠪᠠᠷᠠᠭᠤᠨᠰᠢ ᠵᠢᠶᠧᠹᠠᠩ ᠵᠠᠮ ᠬᠦᠷᠴᠦ᠂ ᠡᠮᠦᠨ᠎ᠡ ᠲᠠᠯ᠎ᠠ ᠪᠠᠷ ᠢᠶᠠᠨ ᠱᠧᠩᠯᠢ ᠵᠡᠭᠦᠨ ᠵᠡᠭᠡᠯᠢ ᠠᠴᠠ ᠬᠠᠲᠤᠨ ᠭᠤᠤᠯ ᠬᠦᠷᠦᠨ᠎ᠡ᠂ ᠬᠤᠶᠢᠰᠢ ᠪᠠᠨ ᠱᠧᠨ ᠬᠤᠸᠠ ᠵᠡᠭᠡᠯᠢ ᠬᠦᠷᠦᠨ᠎ᠡ᠃ ᠶᠡᠷᠦᠩᠬᠡᠢ ᠲᠠᠯᠠᠪᠠᠢ ᠨᠢ ᠪᠠᠷᠤᠭ 12 ᠲᠡᠭᠰᠢ ᠲᠦᠷᠪᠡᠯᠵᠢᠨ ᠺᠢᠯᠤᠮᠧᠲᠷ ᠪᠠᠶᠢᠵᠤ᠂ ᠱᠧᠩ ᠯᠢ᠂ ᠪᠢᠨᠬᠠᠢ᠂ ᠪᠦᠯᠬᠦᠮᠳᠡᠯ ᠬᠤᠶᠢᠳᠤ ᠵᠠᠮ ᠵᠡᠷᠭᠡ ᠭᠤᠷᠪᠠᠨ ᠨᠡᠶᠢᠭᠡᠮ ᠲᠤᠭᠤᠷᠢᠭ ᠲᠤ ᠬᠠᠷᠢᠶᠠᠯᠠᠭᠳᠠᠵᠤ᠂ ᠶᠡᠷᠦᠩᠬᠡᠢ ᠬᠦᠮᠦᠨ ᠠᠮᠠ ᠨᠢ 10212 ᠡᠷᠦᠬᠡ ᠶᠢᠨ 24734 ᠬᠦᠮᠦᠨ ᠬᠦᠷᠳᠡᠭ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 27 ᠬᠥᠮᠦᠨ ᠪᠠᠶᠢᠨ᠎ᠠ᠃      ︵ᠭᠤᠷᠪᠠ︶ ᠪᠠᠶᠠᠨᠰᠠᠶᠢᠨ ᠬᠡᠷᠡᠭ ᠡᠷᠬᠢᠯᠡᠬᠦ ᠭᠠᠵᠠᠷ ᠤᠨ ᠬᠠᠷᠢᠶᠠᠯᠠᠯ ᠤᠨ ᠣᠷᠣᠨ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ      ᠪᠠᠶᠠᠨᠰᠠᠶᠢᠨ ᠬᠡᠷᠡᠭ ᠡᠷᠬᠢᠯᠡᠬᠦ ᠭᠠᠵᠠᠷ ᠨᠢ ᠰᠢᠶᠠᠨ ᠹᠧᠩ ᠨᠡᠶᠢᠭᠡᠮ ᠲᠣᠭᠤᠷᠢᠭ ᠤᠨ ᠬᠡᠰᠡᠭ ᠣᠷᠣᠨ ᠪᠦᠰᠡ ᠶᠢ ᠡᠤ ᠬᠤ᠋ ᠱᠠᠨ ᠬᠡᠷᠡᠭ ᠡᠷᠬᠢᠯᠡᠬᠦ ᠭᠠᠵᠠᠷ ᠤᠨ ᠢᠦᠶ ᠬᠤᠩ ᠨᠡᠶᠢᠭᠡᠮ ᠲᠣᠭᠤᠷᠢᠭ ᠲᠤ ᠬᠤᠪᠢᠶᠠᠷᠢᠯᠠᠨ ᠣᠷᠣᠭᠤᠯᠵᠤ᠂ ᠪᠢᠨᠬᠠᠢ ᠬᠡᠷᠡᠭ ᠡᠷᠬᠢᠯᠡᠬᠦ ᠭᠠᠵᠠᠷ ᠤᠨ ᠱᠧᠩ ᠯᠢ ᠵᠡᠭᠦᠨ ᠵᠡᠭᠡᠯᠢ ᠠᠴᠠ ᠬᠠᠲᠤᠨ ᠭᠤᠤᠯ ᠠᠴᠠ ᠡᠮᠦᠨᠡᠭᠦᠷ ᠪᠠᠶᠠᠨᠰᠠᠶᠢᠨ ᠬᠡᠷᠡᠭ ᠡᠷᠬᠢᠯᠡᠬᠦ ᠭᠠᠵᠠᠷ ᠤᠨ ᠰᠢᠩ ᠹᠦ᠋ ᠨᠡᠶᠢᠭᠡᠮ ᠲᠣᠭᠤᠷᠢᠭ ᠲᠤ ᠰᠢᠯᠵᠢᠭᠦᠯᠪᠡ᠃ ᠪᠠᠶᠠᠨᠰᠠᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠬᠤᠰᠢᠭᠤᠴᠢ ᠨᠡᠶᠢᠭᠡᠮ ᠲᠣᠭᠤᠷᠢᠭ᠂ ᠵᠣᠯ ᠵᠢᠷᠭᠠᠯᠲᠤ ᠨᠡᠶᠢᠭᠡᠮ ᠲᠣᠭᠤᠷᠢᠭ᠂ ᠪᠦᠯᠬᠦᠮᠳᠡᠯ ᠨᠡᠶᠢᠭᠡᠮ ᠲᠣᠭᠤᠷᠢᠭ ᠢ ᠳᠠᠬᠢᠨ ᠬᠤᠪᠢᠶᠠᠷᠢᠯᠠᠪᠠ᠃ ᠪᠣᠳᠠᠲᠠᠢ ᠪᠠᠷ ᠬᠡᠯᠡᠪᠡᠯ᠄      1. ᠰᠢᠶᠠᠨ ᠹᠧᠩ ᠨᠡᠶᠢᠭᠡᠮ ᠲᠣᠭᠤᠷᠢᠭ ᠳᠥᠷᠪᠡ ᠠᠴᠠ ᠵᠡᠭᠦᠨᠰᠢ ᠯᠢᠦ ᠶᠢᠨ ᠶᠡᠭᠡ ᠵᠠᠮ ᠠᠴᠠ ᠡᠬᠢᠯᠡᠨ᠂ ᠪᠠᠷᠠᠭᠤᠨᠰᠢ ᠵᠢᠶᠧᠹᠠᠩ ᠵᠠᠮ ᠬᠦᠷᠦᠨ᠎ᠡ᠂ ᠡᠮᠦᠨᠡᠰᠢ ᠵᠢᠷᠭᠠᠯ ᠤᠨ ᠵᠡᠭᠡᠯᠢ ᠠᠴᠠ ᠡᠬᠢᠯᠡᠨ᠂ ᠬᠤᠶᠢᠰᠢ ᠪᠠᠨ ᠱᠧᠩᠯᠢ ᠵᠡᠭᠡᠯᠢ ᠬᠦᠷᠦᠨ᠎ᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ ᠶᠡᠷᠦᠩᠬᠡᠶ ᠲᠠᠯᠠᠪᠠᠶ ᠨᠢ ᠪᠠᠷᠤᠭ 1 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠪᠠᠶᠢᠩᠭᠤ ᠰᠠᠭᠤᠭ᠎ᠠ ᠬᠥᠮᠦᠨ ᠠᠮᠠ ᠨᠢ 3500 ᠡᠷᠦᠬᠡ᠂ 7353 ᠬᠥᠮᠦᠨ ᠪᠣᠯᠤᠨ᠎ᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 10 ᠬᠥᠮᠦᠨ ᠪᠠᠶᠢᠨ᠎ᠠ᠃      2. ᠵᠢᠷᠭᠠᠯ ᠤᠨ ᠨᠡᠶᠢᠭᠡᠮ ᠲᠣᠭᠤᠷᠢᠭ ᠤᠨ ᠳᠥᠷᠪᠡᠨ ᠳᠤ ᠬᠠᠲᠤᠨ ᠭᠤᠣᠯ ᠠᠴᠠ ᠡᠬᠢᠯᠡᠨ᠂ ᠪᠠᠷᠠᠭᠤᠨᠰᠢ ᠯᠢᠦ ᠶᠢᠨ ᠶᠡᠭᠡ ᠵᠠᠮ ᠬᠦᠷᠦᠨ᠎ᠡ᠂ ᠡᠮᠦᠨᠡᠰᠢ ᠤᠷᠲᠤ ᠭᠤᠣ ᠠᠴᠠ ᠬᠤᠶᠢᠰᠢ᠂ ᠬᠤᠶᠢᠰᠢ ᠪᠠᠨ ᠱᠧᠩᠯᠢ ᠵᠡᠭᠦᠨ ᠵᠡᠭᠡᠯᠢ ᠳᠤ ᠬᠦᠷᠴᠦ ᠬᠠᠲᠤᠨ ᠭᠤᠣᠯ ᠬᠦᠷᠦᠨ᠎ᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ ᠶᠡᠷᠦᠩᠬᠡᠶ ᠲᠠᠯᠠᠪᠠᠶ ᠨᠢ ᠪᠠᠷᠤᠭ 3 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠪᠠᠶᠢᠩᠭᠤ ᠰᠠᠭᠤᠭ᠎ᠠ ᠬᠥᠮᠦᠨ ᠠᠮᠠ ᠨᠢ 3905 ᠡᠷᠦᠬᠡ᠂ 7663 ᠬᠥᠮᠦᠨ ᠪᠣᠯᠤᠨ᠎ᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 10 ᠬᠥᠮᠦᠨ ᠪᠠᠶᠢᠨ᠎ᠠ᠃      3. ᠪᠦᠯᠬᠦᠮᠳᠡᠯ ᠨᠡᠶᠢᠭᠡᠮ ᠲᠣᠭᠤᠷᠢᠭ ᠤᠨ ᠳᠦᠷᠪᠡᠨ ᠲᠠᠯ᠎ᠠ ᠪᠠᠷ ᠲᠣᠬᠢᠷᠠᠭᠤᠯᠣᠯᠳᠠ᠄ ᠵᠡᠭᠦᠨ ᠠᠴᠠ ᠯᠢᠤ ᠶᠢᠨ ᠶᠡᠭᠡ ᠵᠠᠮ ᠠᠴᠠ ᠡᠬᠢᠯᠡᠨ᠂ ᠪᠠᠷᠠᠭᠤᠨᠰᠢ ᠵᠢᠶᠧᠹᠠᠩ ᠵᠠᠮ ᠬᠦᠷᠦᠨ᠎ᠡ᠂ ᠡᠮᠦᠨ᠎ᠡ ᠤᠷᠲᠤ ᠭᠤᠣ ᠠᠴᠠ ᠬᠤᠶᠢᠰᠢ᠂ ᠬᠤᠶᠢᠰᠢ ᠪᠠᠨ ᠪᠠᠶᠠᠨᠰᠠᠶᠢᠨ ᠶᠡᠭᠡ ᠵᠡᠭᠡᠯᠢ ᠬᠦᠷᠦᠨ᠎ᠡ᠃ ᠲᠣᠬᠢᠷᠠᠭᠤᠯᠤᠭᠰᠠᠨ ᠤ ᠳᠠᠷᠠᠭᠠᠬᠢ ᠶᠡᠷᠦᠩᠬᠡᠢ ᠲᠠᠯᠠᠪᠠᠢ ᠨᠢ ᠪᠠᠷᠤᠭ 1000 ᠮᠧᠲᠷ ᠪᠠᠶᠢᠵᠤ᠂ ᠪᠠᠶᠢᠩᠭᠤ ᠰᠠᠭᠤᠭ᠎ᠠ ᠬᠥᠮᠥᠨ ᠠᠮᠠ 4210 ᠡᠷᠦᠬᠡ᠂ 9991 ᠬᠥᠮᠥᠨ ᠠᠮᠠ ᠪᠣᠯᠣᠨ᠎ᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠨᠢ ᠮᠥᠨ ᠯᠡ 10 ᠬᠥᠮᠦᠨ ᠪᠠᠶᠢᠨ᠎ᠠ᠃      ᠳᠡᠭᠡᠷ᠎ᠡ ᠶᠠᠷᠢᠭᠰᠠᠨ ᠢ ᠬᠤᠷᠢᠶᠠᠩᠭᠤᠶᠢᠯᠠᠪᠠᠯ᠂ ᠪᠠᠶᠠᠨᠰᠠᠶᠢᠡ ᠶᠢᠨ ᠬᠡᠷᠡᠭ ᠡᠷᠬᠢᠯᠡᠬᠦ ᠭᠠᠵᠠᠷ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠳᠥᠷᠪᠡᠨ ᠵᠠᠬ᠎ᠠ᠄ ᠵᠡᠭᠦᠨ ᠠᠴᠠ ᠬᠠᠲᠤᠨ ᠭᠤᠣᠯ ᠠᠴᠠ ᠡᠬᠢᠯᠡᠨ᠂ ᠪᠠᠷᠠᠭᠤᠨᠰᠢ ᠵᠢᠶᠧᠹᠠᠩ ᠵᠠᠮ ᠬᠦᠷᠴᠦ᠂ ᠡᠮᠦᠨᠡᠰᠢ ᠤᠷᠲᠤ ᠭᠤᠤ ᠠᠴᠠ ᠡᠬᠢᠯᠡᠨ ᠬᠤᠶᠢᠰᠢ ᠪᠠᠨ ᠱᠧᠩᠯᠢ ᠵᠡᠭᠦᠨ ᠵᠡᠭᠡᠯᠢ ᠳᠤ ᠬᠦᠷᠴᠦ ᠬᠠᠲᠤᠨ ᠭᠤᠣᠯ ᠬᠦᠷᠦᠨ᠎ᠡ᠃ ᠶᠡᠷᠦᠩᠬᠡᠢ ᠲᠠᠯᠠᠪᠠᠢ ᠨᠢ ᠪᠠᠷᠤᠭ 5 ᠲᠡᠭᠰᠢ ᠲᠥᠷᠪᠡᠯᠵᠢᠨ ᠮᠧᠲᠷ ᠪᠠᠶᠢᠵᠤ᠂ ᠬᠤᠰᠢᠭᠤᠴᠢ᠂ ᠵᠣᠯ ᠵᠢᠷᠭᠠᠯ᠂ ᠪᠦᠯᠬᠦᠮᠳᠠᠯ ᠵᠡᠷᠭᠡ ᠭᠤᠷᠪᠠᠨ ᠨᠡᠶᠢᠭᠡᠮ ᠲᠣᠭᠤᠷᠢᠭ ᠲᠤ ᠬᠠᠷᠢᠶᠠᠯᠠᠭᠳᠠᠵᠤ᠂ ᠨᠡᠶᠢᠲᠡ 11615 ᠡᠷᠦᠬᠡ ᠶᠢᠨ 24 921 ᠬᠦᠮᠦᠨ ᠠᠮᠠ ᠲᠠᠢ᠃ ᠨᠡᠢᠭᠡᠮ ᠲᠣᠭᠤᠷᠢᠭ ᠤᠨ ︽ᠬᠤᠶᠠᠷ ᠵᠥᠪᠯᠡᠯ︾ ᠮᠥᠨ ᠯᠡ 30 ᠬᠥᠮᠦᠨ᠃ᠳᠥᠷᠪᠡ᠂ ᠬᠠᠮᠢᠶ᠎ᠠ ᠪᠥᠬᠦᠶ ᠱᠠᠭᠠᠷᠳᠠᠯᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠵᠡᠭᠡᠯᠢ ᠭᠤᠳᠤᠮᠵᠢ ᠨᠢ ᠰᠠᠭᠤᠭᠠᠯᠢ ᠠᠷᠠᠳ ᠤᠨ ᠲᠣᠭᠤᠷᠢᠭ ᠤᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠬᠠᠷᠢᠶᠠᠯᠠᠯ ᠢ ᠵᠣᠬᠢᠰᠲᠠᠶ ᠲᠣᠬᠢᠷᠠᠭᠤᠯᠤᠨ ᠲᠣᠭᠲᠠᠭᠠᠭᠰᠠᠨ ᠤ ᠳᠠᠷᠠᠭ᠎ᠠ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠨᠢᠭᠡᠳᠭᠡᠭᠰᠡᠨ ᠤ ᠳᠠᠷᠠᠭᠠᠬᠢ ᠱᠧᠩ ᠯᠢ ᠨᠡᠶᠢᠭᠡᠮ ᠲᠣᠭᠤᠷᠢᠭ ᠪᠠ ᠰᠢᠶᠠᠨ ᠹᠧᠩ ᠨᠡᠶᠢᠭᠡᠮ ᠲᠣᠭᠤᠷᠢᠭ ᠤᠨ ᠠᠵᠢᠯᠯᠠᠬᠤ ᠭᠠᠵᠠᠷ ᠤᠨ ᠰᠣᠩᠭᠤᠯᠲᠠ︶ ᠥᠭᠡᠷᠡᠴᠢᠯᠡᠨ ᠪᠠᠶᠢᠭᠤᠯᠬᠤ ᠲᠥᠰᠦᠯ ᠢ ᠬᠠᠮᠢᠶ᠎ᠠ ᠪᠦᠬᠦᠢ ᠬᠤᠷᠠᠯ ᠳᠤ ᠮᠡᠳᠡᠭᠦᠯᠵᠦ ᠰᠤᠳᠤᠯᠤᠨ ᠬᠢᠨᠠᠨ ᠵᠥᠪᠯᠡᠪᠡ᠃      ︵ᠬᠤᠶᠠᠷ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠪᠠᠶᠢᠷᠢᠰᠢᠭᠤᠯᠤᠯ ᠤᠨ ᠲᠣᠬᠢᠷᠠᠭᠤᠯᠤᠯᠲᠠ ᠳᠤ ᠬᠤᠯᠪᠣᠭᠳᠠᠬᠤ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠪᠦᠬᠦᠨ ᠨᠢ ᠬᠠᠮᠢᠶ᠎ᠠ ᠪᠦᠬᠦᠢ ᠠᠵᠢᠯ ᠤᠨ ᠮᠠᠲ᠋ᠧᠷᠢᠶᠠᠯ ᠵᠢᠴᠢ ᠳᠠᠩᠰᠠ ᠡᠪᠬᠡᠮᠡᠯ ᠢ ᠲᠤᠰᠢᠶᠠᠬᠤ ᠪᠠ ᠬᠦᠯᠢᠶᠡᠨ ᠠᠪᠬᠤ᠂ ᠬᠠᠮᠢᠶᠠᠷᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠡᠶᠢᠭᠡᠮ ᠲᠣᠭᠤᠷᠢᠭ ᠲᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠠᠵᠢᠯ ᠳᠤ ᠬᠡᠷᠡᠭᠯᠡᠬᠦ ᠭᠡᠷ ᠪᠣᠯᠤᠨ ᠦᠢᠯᠡᠴᠢᠯᠡᠭᠡᠨ ᠤ ᠪᠡᠯᠡᠳᠬᠡᠮᠵᠢ ᠶᠢ ᠦᠷᠭᠦᠯᠵᠢᠯᠡᠨ ᠰᠠᠭᠤᠭᠠᠯᠢ ᠠᠷᠠᠳ ᠲᠤ ᠦᠢᠯᠡᠴᠢᠯᠡᠬᠦ ᠳᠤ ᠬᠡᠷᠡᠭᠯᠡᠬᠦ ᠶᠢ ᠪᠠᠲᠤᠯᠠᠬᠤ ᠬᠡᠷᠡᠭᠲᠡᠶ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠡᠯᠡᠳᠬᠡᠮᠵᠢ ᠶᠢ ᠴᠦ ᠵᠣᠬᠢᠴᠠᠩᠭᠤᠶ ᠪᠠᠷ ᠡᠮᠬᠢᠯᠡᠨ ᠨᠡᠶᠢᠯᠡᠭᠦᠯᠵᠦ᠂ ᠨᠡᠶᠢᠭᠡᠮ ᠲᠣᠭᠤᠷᠢᠭ ᠤᠨ ᠬᠤᠭᠤᠷᠣᠨᠳᠣ ᠲᠣᠬᠢᠷᠠᠭᠤᠯᠤᠨ ᠬᠡᠷᠡᠭᠯᠡᠵᠦ ᠪᠣᠯᠤᠨ᠎ᠠ᠃ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠡᠳ᠋ ᠬᠥᠷᠥᠩᠭᠡ ᠶᠢᠨ ᠳᠠᠩᠰᠠᠯᠠᠯ ᠢ ᠬᠢᠨᠠᠮᠠᠭᠠᠶ ᠰᠠᠶᠢᠲᠤᠷ ᠬᠢᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠯᠳᠠᠭᠳᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃      ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠪᠦᠬᠦ ᠶᠠᠪᠤᠴᠠ ᠳᠤ ᠲᠤᠤᠱᠯᠠᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠵᠤ᠂ ᠤᠬᠠᠭᠤᠯᠤᠨ ᠳᠠᠶᠢᠴᠢᠯᠠᠬᠤ ᠪᠠ ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠠᠵᠢᠯ ᠢ ᠴᠢᠩᠭᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠣᠯᠠᠨ ᠲᠦᠮᠡᠨ ᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠣᠯᠠᠨ ᠲᠦᠮᠡᠨ ᠤ ᠠᠰᠢᠭ ᠲᠤᠰᠠ ᠲᠠᠢ ᠬᠤᠯᠪᠣᠭᠳᠠᠬᠤ ᠡᠯ᠎ᠡ ᠲᠥᠷᠥᠯ ᠤᠨ ᠠᠰᠠᠭᠤᠳᠠᠯ ᠪᠠ ᠬᠦᠰᠡᠯ ᠱᠠᠭᠠᠷᠳᠠᠯᠭ᠎ᠠ ᠶᠢ ᠲᠣᠬᠢᠲᠠᠶ ᠰᠢᠢᠳᠪᠦᠷᠢᠯᠡᠵᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠪᠠᠶᠢᠷᠢᠰᠢᠭᠤᠯᠤᠯ ᠤᠨ ᠲᠣᠬᠢᠷᠠᠭᠤᠯᠤᠯᠲᠠ ᠶᠢᠨ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃    
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号