ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠪᠥᠬᠦ ᠬᠤᠲᠠ ᠶᠢᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ | ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ ᠠᠬᠢᠭᠤᠯᠵᠤ᠂ ᠳᠠᠭᠠᠭᠠᠯᠲᠠ ᠶᠢᠨ ᠵᠢᠭᠡᠯᠡᠯᠭᠡ ᠪᠠᠷ ᠠᠳᠠᠯ ᠦᠢᠯᠡᠰ | ᠴᠣᠭᠴᠠᠯᠠᠬᠤ ᠶᠢ ᠲᠡᠳᠬᠦᠬᠦ᠂ ᠠᠵᠢᠯ ᠣᠯᠭᠤᠯᠲᠠ ᠶᠢ ᠳᠠᠶᠢᠴᠢᠯᠠᠬᠤ ᠪᠠ ᠶᠠᠳᠠᠭᠤ ᠠᠴᠠ ᠠᠩᠭᠢᠵᠢᠷᠠᠭᠤᠯᠬᠤ ᠪᠡᠷᠬᠡ | ᠰᠡᠳᠦᠪ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ | ᠡᠳ᠋ ᠤᠨ ᠵᠠᠰᠠᠭ ᠤᠨ ᠶᠠᠮᠤᠨ ᠤ ︽︿ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠲᠤᠰᠬᠠᠶ | ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠡᠳ᠋ ᠮᠥᠩᠭᠦ | ︹2016︺85 ᠳ᠋ᠤᠭᠠᠷ ᠲᠣᠭᠠᠲᠤ︶᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠳᠤᠮᠳᠠᠳᠤ ᠤᠯᠤᠰ ᠤᠨ ᠠᠷᠠᠳ ᠤᠨ | ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠶᠢᠨ ︽ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ ᠶᠢᠨ ᠡᠳ᠋ ᠤᠨ ᠵᠠᠰᠠᠭ ᠤᠨ ᠳᠠᠮ ᠬᠦᠦ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ | ᠮᠡᠳᠡᠭᠳᠡᠯ︾ ︵ᠥᠪᠥᠷ ᠡᠳ᠋ ᠣᠷᠣᠭᠤᠯᠤᠯᠲᠠ ﹇2018﹈ 1533 ᠳ᠋ᠤᠭᠠᠷ ᠲᠣᠭᠠᠲᠤ︶᠂ ᠦᠬᠠᠶ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ︽ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ | ᠣᠯᠭᠤᠯᠲᠠ ᠶᠢ ᠠᠬᠢᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠳ᠋ | ᠣᠷᠣᠭᠤᠯᠤᠯᠲᠠ ﹇2019﹈ 19 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠬᠡᠷᠡᠭᠵᠢᠭᠦᠯᠬᠦ ᠨᠠᠷᠢᠨ | ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠳᠠᠯ ᠦᠢᠯᠡᠰ ᠪᠣᠰᠬᠠᠬᠤ ᠳᠠᠭᠠᠭᠠᠯᠲᠠ ᠶᠢᠨ | ᠵᠢᠭᠡᠯᠡᠯᠭᠡ ᠭᠡᠳᠡᠭ ᠨᠢ ᠲᠣᠭᠲᠠᠭᠠᠭᠰᠠᠨ ᠨᠥᠬᠦᠴᠡᠯ ᠢ ᠪᠦᠷᠢᠳᠦᠭᠦᠯᠦᠭᠰᠡᠨ ᠠᠳᠠᠯ ᠦᠢᠯᠡᠰ ᠪᠣᠰᠬᠠᠭᠴᠢ ᠶᠢᠨ ᠬᠤᠪᠢ | ᠬᠥᠮᠦᠨ ᠪᠤᠶᠤ ᠵᠢᠵᠢᠭ ᠪᠢᠴᠢᠯ ᠠᠵᠤ ᠠᠬᠤᠶᠢᠯᠠᠯ ᠢᠶᠠᠷ ᠵᠣᠭᠤᠰ ᠵᠢᠭᠡᠯᠡᠭᠴᠢ ᠪᠣᠯᠭᠠᠵᠤ᠂ ᠠᠳᠠᠯ ᠦᠢᠯᠡᠰ ᠪᠣᠰᠬᠠᠬᠤ | ᠳᠠᠭᠠᠭᠠᠯᠲᠠ ᠶᠢᠨ ᠰᠠᠭᠤᠷᠢ ᠮᠥᠩᠭᠦ ᠠᠴᠠ ᠳᠠᠭᠠᠭᠠᠯᠲᠠ ᠬᠠᠩᠭᠠᠵᠤ᠂ ᠡᠨᠡᠬᠦ ᠵᠦᠢᠯ ᠤᠨ ᠵᠢᠭᠡᠯᠡᠯᠭᠡ ᠶᠢ ᠭᠠᠷᠲᠠᠨ ᠬᠢᠬᠦ | ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠲᠠᠯᠪᠢᠵᠤ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠳᠠᠮ ᠬᠦᠦ ᠣᠯᠭᠤᠵᠤ᠂ ᠬᠤᠪᠢ ᠬᠥᠮᠦᠨ ᠤ ᠠᠳᠠᠯ ᠦᠢᠯᠡᠰ ᠪᠣᠰᠬᠠᠬᠤ ᠪᠤᠶᠤ ᠪᠠᠭ᠎ᠠ ᠵᠢᠵᠢᠭ ᠠᠵᠤ | ᠠᠬᠤᠶᠢᠯᠠᠯ ᠤᠨ ᠠᠵᠢᠯ ᠣᠯᠭᠤᠬᠤ ᠪᠠᠨ ᠥᠷᠭᠡᠳᠬᠡᠬᠦ ᠶᠢ ᠳᠡᠮᠵᠢᠬᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠵᠢᠭᠠᠵᠤ | ᠪᠤᠶ᠃ | ᠭᠤᠷᠪᠠᠳᠤᠭᠠᠷ ᠵᠦᠢᠯ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠳᠠᠮ ᠬᠦᠦ ᠥᠭᠬᠦ | ᠪᠡᠯᠡ ᠮᠥᠩᠭᠦ ᠶᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠤᠨ ᠨᠥᠬᠦᠴᠡᠯ ᠳᠤ ᠨᠡᠶᠢᠴᠡᠬᠦ ᠠᠳᠠᠯ ᠦᠢᠯᠡᠰ | ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠵᠣᠬᠢᠬᠤ ᠬᠦᠦ ᠮᠥᠩᠭᠦ ᠥᠭᠬᠦ ᠳᠤ ᠬᠡᠷᠡᠭᠯᠡᠵᠦ᠂ ᠠᠳᠠᠯ ᠦᠢᠯᠡᠰ | ᠴᠣᠭᠴᠠᠯᠠᠭᠴᠢ ᠪᠠ ᠬᠥᠮᠦᠨ ᠬᠡᠷᠡᠭᠯᠡᠬᠦ ᠨᠢᠭᠡᠴᠡ ᠶᠢᠨ ᠳᠠᠷᠤᠭᠠᠰᠤ ᠶᠢ ᠬᠥᠩᠭᠡᠷᠡᠭᠦᠯᠵᠦ᠂ ᠬᠥᠳᠡᠯᠮᠦᠷᠢᠯᠡᠭᠴᠢ ᠶᠢᠨ | ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ᠂ ᠥᠪᠡᠷ ᠢᠶᠠᠨ ᠠᠵᠢᠯ ᠣᠯᠬᠤ ᠶᠢ ᠳᠡᠮᠵᠢᠵᠦ᠂ ᠬᠥᠮᠦᠨ | ᠬᠡᠷᠡᠭᠯᠡᠬᠦ ᠨᠢᠭᠡᠴᠡ ᠶᠢ ᠬᠥᠲᠥᠯᠥᠨ ᠵᠢᠯᠣᠭᠤᠳᠴᠤ ᠪᠠᠶᠢᠭᠠᠳ ᠨᠡᠩ ᠣᠯᠠᠨ ᠠᠵᠢᠯ ᠣᠯᠭᠤᠬᠤ ᠠᠵᠢᠯ ᠤᠨ ᠪᠠᠶᠢᠷᠢ | ᠡᠭᠦᠳᠴᠦ᠂ ᠣᠨᠴᠣᠭᠤᠶ ᠬᠦᠴᠢᠷᠳᠡᠯᠲᠡᠶ ᠨᠡᠶᠢᠲᠡ ᠴᠣᠭᠴᠠ ᠶᠢ ᠰᠢᠢᠳᠪᠦᠷᠢᠯᠡᠬᠦ ᠶᠢ ᠲᠦᠯᠬᠢᠨ ᠠᠬᠢᠭᠤᠯᠬᠤ | ᠬᠡᠷᠡᠭᠲᠡᠶ ᠃ | ᠬᠤᠶᠠᠳᠤᠭᠠᠷ ᠪᠦᠯᠦᠭ ᠵᠢᠭᠡᠯᠡᠯᠭᠡ ᠵᠢᠭᠡᠯᠡᠬᠦ ᠡᠲᠡᠭᠡᠳ ᠤᠨ ᠬᠡᠪᠴᠢᠶ᠎ᠡ | ᠳᠥᠷᠪᠡᠳᠦᠭᠡᠷ ᠵᠦᠢᠯ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ | ᠵᠢᠭᠡᠯᠡᠬᠦ ᠡᠲᠡᠭᠡᠳ ᠲᠤ ᠠᠷᠪᠠᠨ ᠶᠡᠭᠡ ᠲᠥᠷᠥᠯ ᠤᠨ ᠬᠥᠮᠦᠰ᠄ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ | ᠠᠯᠳᠠᠭᠰᠠᠳ᠂ ᠠᠵᠢᠯ ᠣᠯᠬᠤ ᠳᠤ ᠬᠦᠴᠢᠷᠲᠡᠶ ᠬᠥᠮᠦᠰ ︵ᠵᠡᠮᠳᠡᠭᠴᠦᠳ ᠢ ᠪᠠᠭᠲᠠᠭᠠᠨ᠎ᠠ︶᠂ ᠴᠡᠷᠢᠭ ᠠᠴᠠ | ᠬᠠᠯᠠᠭᠳᠠᠭᠰᠠᠨ ᠴᠡᠷᠢᠭ ᠠᠴᠠ ᠬᠠᠯᠠᠭᠳᠠᠭᠰᠠᠨ ᠴᠡᠷᠢᠭ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ | ᠬᠥᠮᠦᠰ᠂ ᠳᠡᠭᠡᠳᠦ ᠰᠤᠷᠭᠠᠭᠤᠯᠢ ᠲᠡᠭᠦᠰᠦᠭᠰᠡᠳ ︵ᠣᠶᠤᠲᠠᠨ ᠲᠣᠰᠬᠤᠨ ᠤ ᠳᠠᠷᠤᠭ᠎ᠠ ᠪᠠ ᠭᠠᠳᠠᠭᠠᠳᠤ ᠳᠤ | ᠰᠤᠷᠤᠯᠴᠠᠵᠤ ᠤᠯᠤᠰ ᠲᠠᠭᠠᠨ ᠪᠤᠴᠠᠭᠰᠠᠨ ᠰᠣᠷᠣᠭᠴᠢ ᠪᠠᠭᠲᠠᠨ᠎ᠠ︶᠂ ᠦᠯᠡᠭᠦᠳᠡᠵᠦ ᠪᠠᠶᠢᠭ᠎ᠠ ᠦᠢᠯᠡᠳᠪᠦᠷᠢᠯᠡᠬᠦ | ᠴᠢᠳᠠᠪᠤᠷᠢ ᠶᠢ ᠠᠷᠢᠯᠭᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ ᠠᠯᠳᠠᠭᠰᠠᠳ᠂ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠲᠠᠷᠢᠶᠠᠴᠢᠨ ᠡᠷᠦᠬᠡ᠂ ᠰᠦᠯᠵᠢᠶᠡᠨ ᠤ ᠬᠤᠳᠠᠯᠳᠤᠭᠠᠨ ᠤ | ᠡᠷᠦᠬᠡ᠂ ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ᠂ ᠲᠠᠷᠢᠶᠠᠯᠠᠬᠤ ᠣᠷᠣᠨ ᠤ ᠪᠡᠶ᠎ᠡ ᠪᠠᠨ | ᠳᠠᠭᠠᠭᠠᠵᠤ ᠠᠳᠠᠯ ᠦᠢᠯᠡᠰ ᠴᠣᠭᠴᠠᠯᠠᠭᠰᠠᠨ ᠲᠠᠷᠢᠶᠠᠴᠢᠨ ᠪᠠᠭᠲᠠᠨ᠎ᠠ᠃ ᠳᠡᠭᠡᠷ᠎ᠡ ᠳᠤᠷᠠᠳᠤᠭᠰᠠᠨ ᠬᠦᠮᠦᠰ ᠤᠨ | ᠳᠣᠲᠣᠷᠠᠬᠢ ᠡᠮᠡᠭᠲᠡᠶᠢᠴᠦᠳ ᠢ ᠭᠤᠣᠯᠳᠠᠯᠭ᠎ᠠ ᠲᠠᠢ ᠡᠲᠡᠭᠡᠳ ᠤᠨ ᠬᠡᠪᠴᠢᠶᠠᠨ ᠳᠤ ᠤᠷᠤᠭᠤᠯᠬᠤ ᠬᠡᠷᠡᠭᠲᠡᠢ᠃ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ᠂ ᠶᠠᠳᠠᠭᠤ ᠶᠢ ᠲᠡᠳᠬᠦᠬᠦ ᠵᠢᠭᠡᠯᠡᠯᠭᠡ᠂ ᠣᠷᠣᠨ ᠰᠠᠭᠤᠴᠠ ᠶᠢᠨ | ᠵᠢᠭᠡᠯᠡᠯᠭᠡ᠂ ᠲᠡᠷᠭᠡ ᠬᠤᠳᠠᠯᠳᠤᠨ ᠠᠪᠬᠤ ᠵᠢᠭᠡᠯᠡᠯᠭᠡ᠂ 5 ᠲᠦᠮᠡᠨ ᠲᠥᠭᠦᠷᠢᠭ ᠠᠴᠠ ᠳᠣᠷᠣᠭᠰᠢᠬᠢ ᠪᠠᠭ᠎ᠠ | ᠲᠣᠭᠠᠨ ᠤ ᠬᠡᠷᠡᠭᠯᠡᠭᠡᠨ ᠤ ᠵᠢᠭᠡᠯᠡᠯᠭᠡ ︵ᠢᠲᠡᠭᠡᠮᠵᠢ ᠶᠢᠨ ᠺᠠᠷᠲ ᠤᠨ ᠬᠡᠷᠡᠭᠯᠡᠭᠡ ᠪᠠᠭᠲᠠᠨ᠎ᠠ︶ ᠶᠢ ᠭᠠᠷᠭᠠᠪᠠᠯ᠂ | ᠭᠤᠶᠤᠴᠢᠯᠠᠭᠴᠢ ᠠᠴᠠ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠪᠠᠨ ᠲᠤᠰᠢᠶᠠᠬᠤ ᠦᠶ᠎ᠡ ᠳᠤ᠂ ᠲᠤᠰ | ᠬᠥᠮᠦᠨ ᠵᠢᠴᠢ ᠲᠡᠭᠦᠨ ᠤ ᠬᠠᠨᠢ ᠨᠥᠬᠦᠷ ᠨᠢ ᠪᠤᠰᠤᠳ ᠵᠢᠭᠡᠯᠡᠯᠭᠡ ᠪᠠᠶᠢᠬᠤ ᠦᠭᠡᠶ ᠪᠠᠶᠢᠬᠤ ᠬᠡᠷᠡᠭᠲᠡᠶ᠃ | ᠲᠠᠪᠤᠳᠤᠭᠠᠷ ᠵᠦᠢᠯ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ | ᠵᠢᠭᠡᠯᠡᠯᠭᠡ ᠵᠢᠭᠡᠯᠡᠬᠦ ᠡᠲᠡᠭᠡᠳ ᠨᠢ ᠲᠤᠬᠠᠶ ᠶᠢᠨ ᠵᠢᠯ ᠳᠤ ᠰᠢᠨ᠎ᠡ ᠪᠠᠷ ᠡᠯᠰᠡᠨ ᠬᠡᠷᠡᠭᠯᠡᠬᠦ ᠠᠳᠠᠯ ᠦᠢᠯᠡᠰ ᠴᠣᠭᠴᠠᠯᠠᠬᠤ | ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠬᠦ ᠠᠵᠢᠯᠲᠠᠨ ᠤ ᠲᠤᠭ᠎ᠠ ᠶᠢ ᠠᠵᠤ | ᠠᠬᠤᠶᠢᠯᠠᠯ ᠤᠨ ᠣᠲᠣ ᠶᠢᠨ ᠪᠠᠶᠢᠭ᠎ᠠ ᠠᠵᠢᠯᠲᠠᠨ ᠠᠵᠢᠯᠴᠢᠨ ᠤ ᠲᠤᠭ᠎ᠠ ᠶᠢᠨ 25% ︵100 ᠬᠥᠮᠦᠨ ᠢ | ᠳᠠᠪᠠᠭᠰᠠᠨ ᠠᠵᠤ ᠠᠬᠤᠶᠢᠯᠠᠯ ᠤᠨ 15% ᠳᠤ ᠬᠦᠷᠦᠭᠦᠯᠬᠦ︶ ᠳᠤ ᠬᠦᠷᠦᠭᠦᠯᠬᠦ ᠶᠢᠨ ᠬᠠᠮᠲᠤ᠂ ᠲᠡᠳᠡᠨ ᠲᠠᠢ 1 | ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ᠂ ᠠᠵᠤ ᠠᠬᠤᠶᠢᠯᠠᠯ ᠤᠨ ᠨᠡᠶᠢᠭᠡᠮ ᠤᠨ | ᠳᠠᠭᠠᠳᠬᠠᠯ ᠤᠨ ᠰᠦᠢᠳᠬᠡᠯ ᠲᠤᠰᠢᠶᠠᠭᠰᠠᠨ ᠵᠢᠵᠢᠭ ᠪᠢᠴᠢᠯ ᠠᠵᠤ ᠠᠬᠤᠶᠢᠯᠠᠯ ᠢ ᠵᠢᠭᠠᠵᠤ ᠪᠣᠶ᠃ ᠵᠢᠵᠢᠭ ᠪᠢᠴᠢᠯ | ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ︽ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ | ᠬᠤᠪᠢᠶᠠᠬᠤ ᠪᠠᠷᠢᠮᠵᠢᠶ᠎ᠠ ᠶᠢᠨ ᠲᠣᠭᠲᠠᠭᠠᠯ︾ ︵ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ | ᠬᠤᠯᠪᠣᠭᠠᠲᠤ ᠠᠵᠤ ᠠᠬᠤᠶᠢᠯᠠᠯ ︹2011︺ 300 ᠳ᠋ᠤᠭᠠᠷ ᠲᠣᠭᠠᠲᠤ︶ ᠶᠣᠰᠣᠭᠠᠷ ᠬᠡᠷᠡᠭᠵᠢᠭᠦᠯᠦᠨ᠎ᠡ᠃ | ᠭᠤᠷᠪᠠᠳᠤᠭᠠᠷ ᠪᠦᠯᠦᠭ ᠵᠢᠭᠡᠯᠡᠯᠭᠡ ᠶᠢᠨ ᠲᠤᠭ᠎ᠠ ᠬᠡᠮᠵᠢᠶ᠎ᠡ᠂ ᠬᠤᠭᠤᠴᠠᠭ᠎ᠠ ᠪᠠ ᠬᠦᠦ ᠶᠢᠨ ᠨᠣᠷᠮ᠎ᠠ | ᠵᠢᠷᠭᠤᠳᠤᠭᠠᠷ ᠵᠦᠢᠯ ᠲᠤᠰᠬᠠᠶ ᠵᠦᠢᠯ ᠤᠨ ᠪᠡᠯᠡ ᠮᠥᠩᠭᠦ ᠶᠢᠨ ᠳᠠᠮ ᠬᠦᠦ ᠥᠭᠬᠦ ᠬᠤᠪᠢ ᠬᠥᠮᠦᠨ ᠤ ᠠᠳᠠᠯ | ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠬᠡᠮᠵᠢᠶ᠎ᠡ ᠨᠢ | 15 ᠲᠦᠮᠡᠨ ᠲᠥᠭᠦᠷᠢᠭ ᠪᠠᠶᠢᠵᠤ᠂ ᠵᠢᠭᠡᠯᠡᠯᠭᠡ ᠶᠢᠨ ᠬᠤᠭᠤᠴᠠᠭ᠎ᠠ ᠶᠢ ᠬᠠᠮᠤᠭ ᠤᠨ ᠤᠷᠲᠤ ᠳᠠᠭᠠᠨ 3 ᠵᠢᠯ ᠠᠴᠠ | ᠬᠡᠲᠦᠷᠡᠭᠦᠯᠵᠦ ᠪᠣᠯᠬᠤ ᠦᠭᠡᠶ᠃ | ᠳᠣᠯᠣᠳᠤᠭᠠᠷ ᠵᠦᠢᠯ ᠲᠤᠰᠬᠠᠶ ᠵᠦᠢᠯ ᠤᠨ ᠪᠡᠯᠡ ᠮᠥᠩᠭᠦ ᠶᠢᠨ ᠳᠠᠮ ᠬᠦᠦ ᠥᠭᠬᠦ ᠬᠤᠪᠢ ᠬᠥᠮᠦᠨ ᠤ ᠠᠳᠠᠯ | ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠳᠤ᠂ ᠵᠢᠭᠡᠯᠡᠯᠭᠡ ᠶᠢᠨ ᠬᠦᠦ ᠶᠢᠨ ᠨᠣᠷᠮ᠎ᠠ ᠶᠢ ᠵᠢᠭᠡᠯᠡᠯᠭᠡ ᠶᠢᠨ ᠭᠡᠷ᠎ᠡ | ᠲᠣᠭᠲᠠᠭᠰᠠᠨ ᠡᠳᠦᠷ ᠤᠨ ᠵᠢᠭᠡᠯᠡᠯᠭᠡ ᠶᠢᠨ ᠰᠠᠭᠤᠷᠢ ᠬᠦᠦ ᠶᠢᠨ ᠨᠣᠷᠮ᠎ᠠ ᠶᠢᠨ ᠪᠠᠷᠢᠮᠵᠢᠶ᠎ᠠ ᠶᠢᠨ ᠳᠡᠭᠡᠷ᠎ᠡ 2 ᠵᠠᠭᠤᠨ ᠤ | ᠴᠡᠭ ᠠᠴᠠ ᠬᠡᠲᠦᠷᠡᠭᠦᠯᠵᠦ ᠪᠣᠯᠬᠤ ᠦᠭᠡᠶ᠃ ᠪᠣᠳᠠᠲᠠᠶ ᠵᠢᠭᠡᠯᠡᠯᠭᠡ ᠶᠢᠨ ᠬᠦᠦ ᠶᠢᠨ ᠨᠣᠷᠮ᠎ᠠ ᠶᠢ ᠭᠠᠷᠲᠠᠨ ᠡᠷᠬᠢᠯᠡᠬᠦ | ᠪᠠᠩᠬᠢ ᠠᠴᠠ ᠳᠡᠭᠡᠷ᠎ᠡ ᠳᠤᠷᠠᠳᠤᠭᠰᠠᠨ ᠬᠦᠦ ᠶᠢᠨ ᠨᠣᠷᠮ᠎ᠠ ᠶᠢᠨ ᠳᠡᠭᠡᠷ᠎ᠡ ᠲᠠᠯ᠎ᠠ ᠶᠢᠨ ᠬᠢᠵᠠᠭᠠᠷ ᠤᠨ ᠳᠣᠲᠣᠷ᠎ᠠ ᠠᠳᠠᠯ | ᠦᠢᠯᠡᠰ ᠴᠣᠭᠴᠠᠯᠠᠬᠤ ᠳᠠᠭᠠᠭᠠᠯᠲᠠ ᠶᠢᠨ ᠰᠠᠭᠤᠷᠢ ᠮᠥᠩᠭᠦ ᠶᠢᠨ ᠡᠵᠡᠩᠨᠡᠯᠲᠡ ᠬᠠᠮᠢᠶᠠᠷᠤᠯᠲᠠ ᠶᠢᠨ | ᠪᠠᠶᠢᠭᠤᠯᠤᠮᠵᠢ ᠯᠤᠭ᠎ᠠ ᠵᠥᠪᠳᠡᠯᠴᠡᠨ ᠲᠣᠭᠲᠠᠭᠠᠬᠤ ᠬᠡᠷᠡᠭᠲᠡᠶ᠃ ᠡᠯ᠎ᠡ ᠭᠠᠷᠲᠠᠨ ᠡᠷᠬᠢᠯᠡᠬᠦ ᠪᠠᠩᠬᠢ ᠶᠠᠮᠠᠷᠪᠠ | ᠬᠡᠯᠪᠡᠷᠢ ᠪᠠᠷ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢᠨ ᠪᠣᠳᠠᠲᠠᠶ ᠬᠦᠦ ᠶᠢᠨ | ᠨᠣᠷᠮ᠎ᠠ ᠶᠢ ᠬᠡᠯᠪᠡᠷᠢ ᠶᠢ ᠨᠢ ᠥᠭᠡᠷᠡᠲᠡᠭᠦᠯᠦᠨ ᠳᠡᠭᠡᠭᠰᠢᠯᠡᠭᠦᠯᠬᠦ ᠪᠤᠶᠤ ᠵᠢᠭᠡᠯᠡᠯᠭᠡ ᠶᠢᠨ ᠵᠦᠢ ᠵᠣᠬᠢᠰ ᠦᠭᠡᠶ ᠰᠦᠢᠳᠬᠡᠯ | ᠬᠤᠷᠢᠶᠠᠬᠤ ᠶᠢ ᠢᠯᠡᠭᠦᠴᠡ ᠨᠡᠮᠡᠵᠦ ᠪᠣᠯᠬᠤ ᠦᠭᠡᠶ᠃ | ᠨᠠᠢᠮᠠᠳᠤᠭᠠᠷ ᠵᠦᠢᠯ ᠲᠤᠰᠬᠠᠶ ᠵᠦᠢᠯ ᠤᠨ ᠪᠡᠯᠡ ᠮᠥᠩᠭᠦ ᠶᠢᠨ ᠳᠠᠮ ᠬᠦᠦ ᠥᠭᠬᠦ ᠵᠢᠵᠢᠭ ᠪᠢᠴᠢᠯ ᠠᠵᠤ | ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠳᠤ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ | ᠭᠠᠷᠲᠠᠨ ᠡᠷᠬᠢᠯᠡᠬᠦ ᠪᠠᠩᠬᠢ ᠨᠢ ᠵᠢᠵᠢᠭ ᠪᠢᠴᠢᠯ ᠠᠵᠤ ᠠᠬᠤᠶᠢᠯᠠᠯ ᠤᠨ ᠪᠣᠳᠠᠲᠠᠶ ᠡᠯᠰᠡᠨ ᠬᠡᠷᠡᠭᠯᠡᠬᠦ ᠨᠥᠬᠦᠴᠡᠯ ᠳᠤ | ᠨᠡᠶᠢᠴᠡᠬᠦ ᠬᠥᠮᠦᠨ ᠤ ᠲᠤᠭ᠎ᠠ ᠶᠢ ᠦᠨᠳᠦᠰᠦᠯᠡᠨ ᠵᠦᠢ ᠵᠣᠬᠢᠰᠲᠠᠶ ᠲᠣᠭᠲᠠᠭᠠᠵᠤ᠂ ᠬᠠᠮᠤᠭ ᠤᠨ ᠥᠨᠳᠥᠷ ᠲᠡᠭᠡᠨ | 300 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠃ ᠵᠢᠭᠡᠯᠡᠯᠭᠡ ᠶᠢᠨ ᠬᠤᠭᠤᠴᠠᠭ᠎ᠠ ᠶᠢ ᠬᠠᠮᠤᠭ | ᠤᠷᠲᠤ ᠳᠠᠭᠠᠨ 2 ᠵᠢᠯ ᠠᠴᠠ ᠬᠡᠲᠦᠷᠡᠭᠦᠯᠵᠦ ᠪᠣᠯᠬᠤ ᠦᠭᠡᠶ᠃ ᠵᠢᠭᠡᠯᠡᠯᠭᠡ ᠶᠢᠨ ᠬᠦᠦ ᠶᠢᠨ ᠨᠣᠷᠮ᠎ᠠ ᠶᠢ ᠡᠷᠭᠢᠯᠡᠨ | ᠭᠦᠢᠴᠡᠳᠬᠡᠬᠦ ᠪᠠᠩᠬᠢ ᠠᠴᠠ ᠵᠣᠭᠤᠰ ᠵᠢᠭᠡᠯᠡᠭᠰᠡᠨ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ᠂ | ᠢᠲᠡᠭᠡᠮᠵᠢ ᠶᠢᠨ ᠪᠠᠶᠢᠳᠠᠯ ᠵᠡᠷᠭᠡ ᠶᠢ ᠦᠨᠳᠦᠰᠦᠯᠡᠨ ᠵᠣᠭᠤᠰ ᠵᠢᠭᠡᠯᠡᠭᠰᠡᠨ ᠠᠵᠤ ᠠᠬᠤᠶᠢᠯᠠᠯ ᠯᠤᠭ᠎ᠠ ᠵᠥᠪᠳᠡᠯᠴᠡᠵᠦ | ᠲᠣᠭᠲᠠᠭᠠᠨ᠎ᠠ᠃ | ᠶᠢᠰᠦᠳᠦᠭᠡᠷ ᠵᠦᠢᠯ ᠵᠢᠭᠡᠯᠡᠯᠭᠡ ᠪᠠᠨ ᠪᠤᠴᠠᠭᠠᠬᠤ ᠳᠤ ᠢᠳᠡᠪᠬᠢᠲᠡᠶ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ | ᠠᠳᠠᠯ ᠦᠢᠯᠡᠰ ᠴᠣᠭᠴᠠᠯᠠᠬᠤ ᠲᠥᠷᠥᠯ ᠵᠦᠢᠯ ᠰᠠᠶᠢᠨ ᠪᠠᠶᠢᠭ᠎ᠠ ᠵᠣᠭᠤᠰ ᠵᠢᠭᠡᠯᠡᠭᠰᠡᠨ ᠬᠤᠪᠢ ᠬᠥᠮᠦᠨ ᠪᠠ ᠵᠢᠵᠢᠭ | ᠪᠢᠴᠢᠯ ᠠᠵᠤ ᠠᠬᠤᠶᠢᠯᠠᠯ ᠳᠤ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢ ᠦᠷᠭᠦᠯᠵᠢᠯᠡᠨ 3 | ᠤᠳᠠᠭ᠎ᠠ ᠠᠴᠠ ᠬᠡᠲᠦᠷᠡᠭᠦᠯᠵᠦ ᠪᠣᠯᠬᠤ ᠦᠭᠡᠶ᠃ | ᠳᠥᠷᠪᠡᠳᠦᠭᠡᠷ ᠪᠦᠯᠦᠭ ᠵᠢᠭᠡᠯᠡᠯᠭᠡ ᠭᠤᠶᠤᠴᠢᠯᠠᠬᠤ᠂ ᠬᠢᠨᠠᠨ ᠬᠠᠷᠭᠤᠭᠤᠯᠬᠤ ᠪᠠ ᠰᠢᠢᠳᠪᠦᠷᠢᠯᠡᠬᠦ | ᠠᠷᠪᠠᠳᠤᠭᠠᠷ ᠵᠦᠢᠯ ᠬᠤᠪᠢ ᠬᠥᠮᠦᠨ ᠤ ᠵᠣᠭᠤᠰ ᠵᠢᠭᠡᠯᠡᠭᠴᠢ ᠨᠢ ᠠᠳᠠᠯ ᠦᠢᠯᠡᠰ ᠪᠣᠰᠬᠠᠬᠤ ᠪᠠᠲᠤᠯᠠᠭᠠᠲᠤ | ᠵᠢᠭᠡᠯᠡᠯᠭᠡ ᠭᠤᠶᠤᠴᠢᠯᠠᠬᠤ ᠳᠤ ᠳᠣᠤᠷᠠᠬᠢ ᠳᠡᠰ ᠳᠠᠷᠠᠭᠠᠯᠠᠯ ᠤᠨ ᠶᠣᠰᠣᠭᠠᠷ ᠭᠦᠢᠴᠡᠳᠬᠡᠬᠦ ᠬᠡᠷᠡᠭᠲᠡᠶ᠄ | ︵ᠨᠢᠭᠡ︶ ᠵᠣᠭᠤᠰ ᠵᠢᠭᠡᠯᠡᠭᠴᠢ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠪᠠᠶᠢᠭ᠎ᠠ ᠭᠠᠵᠠᠷ ᠤᠨ | ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ︵ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ | ᠪᠠᠶᠢᠭ᠎ᠠ ᠭᠠᠵᠠᠷ ᠨᠢ ᠬᠠᠶᠢᠷᠤᠪ ᠤᠨ ᠲᠣᠬᠤᠢ ᠲᠣᠭᠤᠷᠢᠭ ᠪᠠᠶᠢᠪᠠᠯ᠂ ᠬᠤᠲᠠ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠣᠪᠴᠢᠶ᠎ᠠ ᠪᠤᠶᠤ ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠣᠪᠴᠢᠶ᠎ᠠ ᠶᠢ ᠰᠣᠩᠭᠤᠵᠤ ︽ᠦᠬᠠᠶ ᠬᠤᠲᠠ ᠶᠢᠨ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢᠨ ᠬᠢᠨᠠᠨ ᠵᠥᠪᠰᠢᠶᠡᠷᠡᠬᠦ ᠬᠦᠰᠦᠨᠦᠭᠲᠦ ︵ᠬᠤᠪᠢ ᠬᠥᠮᠦᠨ︶︾ ︵ᠳᠠᠭᠠᠯᠳᠤᠭᠤᠯᠤᠯ | 1 ᠶᠢ ᠦᠵᠡ︶᠂ ︽ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠦᠨᠡᠨᠴᠢ ᠢᠲᠡᠭᠡᠮᠵᠢ ᠶᠢᠨ | ᠠᠮᠠᠯᠠᠯᠲᠠ ᠶᠢᠨ ᠪᠢᠴᠢᠭ︾ ︵ᠳᠠᠭᠠᠯᠳᠤᠭᠤᠯᠤᠯ 3 ᠢ ᠦᠵᠡᠵᠦ ᠪᠣᠯᠤᠨ᠎ᠠ᠃︶ ᠪᠡᠶ᠎ᠡ ᠶᠢᠨ ᠦᠨᠡᠮᠯᠡᠬᠦ᠂ | ᠡᠵᠡᠩᠨᠡᠯᠲᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠵᠡᠷᠭᠡ ᠭᠤᠶᠤᠴᠢᠯᠠᠯ ᠤᠨ ᠮᠠᠲ᠋ᠧᠷᠢᠶᠠᠯ᠃ ᠠᠳᠠᠯᠢ ᠪᠤᠰᠤ | ᠲᠥᠷᠥᠯ ᠢᠯᠭᠠᠯ ᠤᠨ ᠵᠣᠭᠤᠰ ᠵᠢᠭᠡᠯᠡᠭᠴᠢ ᠶᠢᠨ ᠬᠡᠷᠡᠭᠰᠡᠬᠦ ᠮᠠᠲ᠋ᠧᠷᠢᠶᠠᠯ ᠢ ᠳᠠᠭᠠᠯᠳᠤᠭᠤᠯᠤᠯ 1 ᠳᠤ ᠨᠠᠷᠢᠨ | ᠦᠵᠡᠭᠡᠷᠡᠶ᠃ | ︵ᠬᠤᠶᠠᠷ︶ ᠬᠤᠲᠠ᠂ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠨᠢ ᠵᠣᠭᠤᠰ | ᠵᠢᠭᠡᠯᠡᠭᠴᠢ ᠶᠢᠨ ᠭᠤᠣᠯ ᠴᠣᠭᠴᠠ ᠶᠢᠨ ᠬᠢᠷᠢ ᠬᠡᠮ ᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠬᠢᠨᠠᠨ | ᠬᠠᠷᠭᠤᠭᠤᠯᠤᠭᠠᠳ ᠬᠢᠷᠢ ᠲᠡᠩᠴᠡᠭᠰᠡᠨ ᠪᠠᠶᠢᠪᠠᠯ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠠᠭᠠᠭᠠᠯᠲᠠ ᠬᠢᠬᠦ | ᠪᠠᠶᠢᠭᠤᠯᠤᠮᠵᠢ ᠳᠤ ᠲᠠᠨᠢᠯᠴᠠᠭᠤᠯᠤᠨ᠎ᠠ᠃ | ︵ᠭᠤᠷᠪᠠ︶ ᠡᠯ᠎ᠡ ᠳᠠᠭᠠᠭᠠᠯᠲᠠ ᠶᠢᠨ ᠪᠠᠶᠢᠭᠤᠯᠤᠮᠵᠢ ᠨᠢ ᠭᠠᠷᠲᠠᠨ ᠡᠷᠬᠢᠯᠡᠬᠦ ᠪᠠᠩᠬᠢ ᠲᠠᠢ ᠬᠠᠮᠲᠤᠪᠠᠷ ᠵᠣᠭᠤᠰ | ᠵᠢᠭᠡᠯᠡᠭᠴᠢ ᠶᠢᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠬᠤᠯᠪᠣᠭᠳᠠᠯ ᠪᠦᠬᠦᠢ ᠪᠠᠶᠢᠳᠠᠯ᠂ ᠢᠲᠡᠭᠡᠮᠵᠢ ᠶᠢᠨ | ᠪᠠᠶᠢᠳᠠᠯ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠥᠷᠢ ᠲᠥᠯᠥᠬᠦ ᠴᠢᠳᠠᠪᠤᠷᠢ᠂ ᠵᠣᠭᠤᠰ ᠵᠢᠭᠡᠯᠡᠭᠴᠢ ᠵᠢᠴᠢ | ᠬᠠᠨᠢ ᠨᠥᠬᠦᠷ ᠨᠢ ᠪᠤᠰᠤᠳ ᠬᠤᠳᠠᠯᠳᠤᠭᠠᠨ ᠤ ᠵᠢᠭᠡᠯᠡᠯᠭᠡ ᠶᠢᠨ ᠪᠠᠶᠢᠳᠠᠯ ᠪᠠᠶᠢᠬᠤ ᠡᠰᠡᠬᠦ ᠵᠡᠷᠭᠡ ᠳᠤ ᠪᠠᠶᠢᠴᠠᠭᠠᠯᠲᠠ | ᠬᠢᠵᠦ ᠬᠢᠨᠠᠨ ᠬᠠᠷᠭᠤᠭᠤᠯᠤᠨ᠎ᠠ᠃ | ᠠᠷᠪᠠᠨ ᠨᠢᠭᠡᠳᠦᠭᠡᠷ ᠵᠦᠢᠯ ᠠᠵᠤ ᠠᠬᠤᠶᠢᠯᠠᠯ ᠤᠨ ᠵᠣᠭᠤᠰ ᠵᠢᠭᠡᠯᠡᠭᠴᠢ ᠠᠳᠠᠯ ᠦᠢᠯᠡᠰ ᠪᠣᠰᠬᠠᠬᠤ | ᠪᠠᠲᠤᠯᠠᠭᠠᠲᠤ ᠵᠢᠭᠡᠯᠡᠯᠭᠡ ᠭᠤᠶᠤᠴᠢᠯᠠᠬᠤ ᠳᠤ ᠳᠣᠤᠷᠠᠬᠢ ᠳᠡᠰ ᠳᠠᠷᠠᠭᠠᠯᠠᠯ ᠤᠨ ᠶᠣᠰᠣᠭᠠᠷ ᠭᠦᠢᠴᠡᠳᠬᠡᠬᠦ ᠬᠡᠷᠡᠭᠲᠡᠶ᠄ | ︵ᠨᠢᠭᠡ︶ ᠵᠣᠭᠤᠰ ᠵᠢᠭᠡᠯᠡᠭᠴᠢ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠭᠠᠵᠠᠷ ᠤᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ︵ᠠᠵᠤ ᠠᠬᠤᠶᠢᠯᠠᠯ ᠤᠨ ᠳᠠᠩᠰᠠᠯᠠᠭᠤᠯᠤᠭᠰᠠᠨ ᠭᠠᠵᠠᠷ ᠨᠢ | ᠬᠠᠶᠢᠷᠤᠪ ᠤᠨ ᠲᠣᠬᠤᠢ ᠲᠣᠭᠤᠷᠢᠭ ᠪᠠᠶᠢᠪᠠᠯ᠂ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ | ᠪᠤᠶᠤ ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠶᠢ | ᠰᠣᠩᠭᠤᠵᠤ ︽ᠦᠬᠠᠶ ᠬᠤᠲᠠ ᠶᠢᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠢᠨᠠᠨ | ᠵᠥᠪᠰᠢᠶᠡᠷᠡᠬᠦ ᠬᠦᠰᠦᠨᠦᠭᠲᠦ ︵ᠠᠵᠤ ᠠᠬᠤᠶᠢᠯᠠᠯ︶︾ ︵ᠳᠠᠭᠠᠯᠳᠤᠭᠤᠯᠤᠯ 2︶᠂ ︽ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢᠨ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ︾ ︵ᠳᠠᠭᠠᠯᠳᠤᠭᠤᠯᠤᠯ 3 ᠢ | ᠦᠵᠡᠵᠦ ᠪᠣᠯᠤᠨ᠎ᠠ᠃︶ ᠠᠵᠤ ᠠᠬᠤᠶᠢᠯᠠᠯ ᠤᠨ ᠬᠢᠷᠢ ᠴᠢᠳᠠᠮᠵᠢ ᠶᠢᠨ ᠭᠡᠷᠡᠴᠢ᠂ ᠠᠵᠢᠯᠲᠠᠨ ᠠᠵᠢᠯᠴᠢᠨ ᠤ ᠨᠡᠷᠡᠰ ᠤᠨ | ᠳᠡᠪᠲᠡᠷ᠂ ᠨᠥᠬᠦᠴᠡᠯ ᠳᠤ ᠨᠡᠶᠢᠴᠡᠬᠦ ᠬᠥᠮᠦᠰ ᠤᠨ ᠬᠥᠳᠡᠯᠮᠦᠷᠢ ᠶᠢᠨ ᠭᠡᠷ᠎ᠡ᠂ ᠨᠡᠶᠢᠭᠡᠮ ᠤᠨ ᠳᠠᠭᠠᠳᠬᠠᠯ ᠤᠨ | ᠰᠦᠢᠳᠬᠡᠯ ᠲᠤᠰᠢᠶᠠᠬᠤ ᠨᠠᠷᠢᠨ ᠲᠣᠳᠣᠷᠬᠠᠶ ᠵᠡᠷᠭᠡ ᠭᠤᠶᠤᠴᠢᠯᠠᠯ ᠤᠨ ᠮᠠᠲ᠋ᠧᠷᠢᠶᠠᠯ ᠢ ᠣᠷᠣᠭᠤᠯᠵᠤ ᠠᠪᠬᠤ ᠬᠡᠷᠡᠭᠲᠡᠶ᠃ | ᠭᠤᠶᠤᠴᠢᠯᠠᠯ ᠤᠨ ᠮᠠᠲ᠋ᠧᠷᠢᠶᠠᠯ ᠨᠢ ᠵᠣᠭᠤᠰ ᠵᠢᠭᠡᠯᠡᠭᠴᠢ ᠶᠢᠨ ᠦᠨᠳᠦᠰᠦᠨ ᠮᠡᠳᠡᠭᠡ ᠵᠠᠩᠭᠢ᠂ ᠡᠵᠡᠩᠨᠡᠯᠲᠡ ᠶᠢᠨ | ᠪᠠᠶᠢᠳᠠᠯ᠂ ᠵᠣᠭᠤᠰ ᠵᠢᠭᠡᠯᠡᠭᠰᠡᠨ ᠵᠣᠭᠤᠰ ᠤᠨ ᠲᠤᠭ᠎ᠠ᠂ ᠬᠤᠭᠤᠴᠠᠭ᠎ᠠ ᠬᠢᠵᠠᠭᠠᠷ ᠵᠡᠷᠭᠡ ᠵᠦᠢᠯᠡᠰ ᠢ ᠲᠤᠰᠬᠠᠬᠤ | ᠬᠡᠷᠡᠭᠲᠡᠶ᠃ ᠬᠤᠲᠠ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠪᠴᠢᠶ᠎ᠠ ᠨᠢ ᠲᠣᠭᠲᠠᠭᠠᠯ | ᠶᠣᠰᠣᠭᠠᠷ ᠵᠣᠭᠤᠰ ᠵᠢᠭᠡᠯᠡᠭᠴᠢ ᠶᠢᠨ ᠭᠤᠣᠯ ᠴᠣᠭᠴᠠ ᠶᠢᠨ ᠬᠢᠷᠢ ᠬᠡᠮ ᠢ ᠬᠢᠨᠠᠨ ᠬᠠᠷᠭᠤᠭᠤᠯᠵᠤ᠂ ᠨᠥᠬᠦᠴᠡᠯ ᠳᠤ | ᠨᠡᠶᠢᠴᠡᠬᠦ ᠶᠢ ᠨᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠠᠭᠠᠭᠠᠯᠲᠠ ᠬᠢᠬᠦ ᠪᠠᠶᠢᠭᠤᠯᠤᠮᠵᠢ ᠳᠤ ᠪᠠᠲᠤᠯᠠᠨ | ᠲᠠᠨᠢᠯᠴᠠᠭᠤᠯᠤᠨ᠎ᠠ᠃ | ︵ᠬᠤᠶᠠᠷ︶ ᠡᠯ᠎ᠡ ᠳᠠᠭᠠᠭᠠᠯᠲᠠ ᠶᠢᠨ ᠪᠠᠶᠢᠭᠤᠯᠤᠮᠵᠢ ᠨᠢ ᠭᠠᠷᠲᠠᠨ ᠡᠷᠬᠢᠯᠡᠬᠦ ᠪᠠᠩᠬᠢ ᠲᠠᠢ ᠬᠠᠮᠲᠤᠪᠠᠷ ᠵᠣᠭᠤᠰ | ᠵᠢᠭᠡᠯᠡᠭᠴᠢ ᠶᠢᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠬᠤᠯᠪᠣᠭᠳᠠᠯ ᠪᠦᠬᠦᠢ ᠪᠠᠶᠢᠳᠠᠯ᠂ ᠢᠲᠡᠭᠡᠮᠵᠢ ᠶᠢᠨ | ᠪᠠᠶᠢᠳᠠᠯ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠥᠷᠢ ᠲᠥᠯᠥᠬᠦ ᠴᠢᠳᠠᠪᠤᠷᠢ ᠵᠡᠷᠭᠡ ᠳᠤ ᠪᠠᠶᠢᠴᠠᠭᠠᠯᠲᠠ | ᠬᠢᠵᠦ ᠬᠢᠨᠠᠨ ᠬᠠᠷᠭᠤᠭᠤᠯᠤᠨ᠎ᠠ᠃ | ᠳᠠᠭᠠᠭᠠᠯᠲᠠ᠂ ᠵᠢᠭᠡᠯᠡᠯᠭᠡ ᠠᠪᠬᠤ ᠨᠥᠬᠦᠴᠡᠯ ᠳᠤ ᠨᠡᠶᠢᠴᠡᠬᠦ ᠬᠤᠪᠢ ᠬᠥᠮᠦᠨ ᠪᠠ ᠠᠵᠤ ᠠᠬᠤᠶᠢᠯᠠᠯ ᠳᠤ᠂ | ᠭᠠᠷᠲᠠᠨ ᠭᠦᠢᠴᠡᠳᠭᠡᠬᠦ ᠪᠠᠩᠬᠢ ᠲᠣᠰ ᠲᠣᠰ ᠳᠠᠭᠠᠭᠠᠯᠲᠠ ᠶᠢᠨ ᠪᠠᠶᠢᠭᠤᠯᠤᠮᠵᠢ ᠪᠠ ᠵᠣᠭᠤᠰ ᠵᠢᠭᠡᠯᠡᠭᠴᠢ ᠲᠠᠢ | ᠳᠠᠭᠠᠭᠠᠯᠲᠠ ᠶᠢᠨ ᠭᠡᠷ᠎ᠡ ᠪᠠ ᠵᠢᠭᠡᠯᠡᠯᠭᠡ ᠶᠢᠨ ᠭᠡᠷ᠎ᠡ ᠲᠣᠭᠲᠠᠬᠤ ᠶᠢᠨ ᠬᠠᠮᠲᠤ᠂ ᠬᠤᠲᠠ᠂ ᠲᠣᠭᠤᠷᠢᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠠᠯᠪᠠᠨ ᠤ ᠰᠦᠯᠵᠢᠶ᠎ᠡ᠂ | ᠸᠢᠴᠠᠲ ᠤᠨ ᠨᠡᠶᠢᠲᠡ ᠶᠢᠨ ᠲᠠᠩᠰᠠᠨ ᠤ ᠳ᠋ᠤᠭᠠᠷ ᠵᠡᠷᠭᠡ ᠳᠤ ᠢᠯᠡ ᠨᠡᠶᠢᠲᠡᠯᠡᠨ᠎ᠡ ︵ᠵᠠᠷᠯᠠᠨ ᠨᠡᠶᠢᠲᠡᠯᠡᠬᠦ | ᠬᠤᠭᠤᠴᠠᠭ᠎ᠠ ᠨᠢ 7 ᠡᠳᠦᠷ︶᠂ ᠦᠨᠡᠨ ᠬᠦ ᠣᠨᠳᠣᠤ ᠰᠠᠨᠠᠯ ᠥᠬᠡᠶ ᠪᠣᠯ᠂ ᠭᠡᠷ᠎ᠡ ᠳᠤ ᠪᠣᠯᠵᠣᠨ ᠲᠣᠭᠲᠠᠭᠰᠠᠨ | ᠶᠣᠰᠣᠭᠠᠷ ᠵᠣᠭᠤᠰ ᠵᠢᠭᠡᠯᠡᠭᠴᠢ ᠲᠠᠢ ᠵᠢᠭᠡᠯᠡᠯᠭᠡ ᠲᠠᠯᠪᠢᠨ᠎ᠠ᠃ ᠳᠠᠭᠠᠭᠠᠯᠲᠠ᠂ ᠵᠢᠭᠡᠯᠡᠯᠭᠡ ᠶᠢᠨ ᠨᠥᠬᠦᠴᠡᠯ ᠳᠤ | ᠨᠡᠶᠢᠴᠡᠬᠦ ᠦᠭᠡᠶ ᠪᠣᠯ ᠴᠠᠭ ᠲᠤᠬᠠᠶ ᠳᠤᠨᠢ ᠵᠣᠭᠤᠰ ᠵᠢᠭᠡᠯᠡᠭᠴᠢ ᠳᠤ ᠮᠡᠳᠡᠭᠳᠡᠬᠦ ᠶᠢᠨ ᠬᠠᠮᠲᠤ ᠰᠢᠯᠲᠠᠭᠠᠨ ᠢᠶᠠᠨ | ᠲᠣᠳᠣᠷᠬᠠᠶᠢᠯᠠᠬᠤ ᠬᠡᠷᠡᠭᠲᠡᠶ᠃ ᠮᠠᠲ᠋ᠧᠷᠢᠶᠠᠯ᠂ ᠭᠠᠷᠳᠠᠮ ᠢ ᠨᠥᠬᠦᠪᠥᠷᠢᠯᠡᠨ ᠲᠡᠭᠦᠯᠳᠡᠷᠵᠢᠭᠦᠯᠬᠦ ᠴᠢᠬᠤᠯᠠᠲᠠᠢ ᠪᠣᠯ | ᠵᠣᠭᠤᠰ ᠵᠢᠭᠡᠯᠡᠭᠴᠢ ᠳᠤ ᠨᠢᠭᠡ ᠤᠳᠠᠭ᠎ᠠ ᠶᠢᠨ ᠴᠢᠨᠠᠷᠲᠠᠢ ᠪᠠᠷ ᠮᠡᠳᠡᠭᠳᠡᠬᠦ ᠬᠡᠷᠡᠭᠲᠡᠢ᠃ | ᠲᠠᠪᠤᠳᠤᠭᠠᠷ ᠪᠦᠯᠦᠭ ᠵᠢᠭᠡᠯᠡᠯᠭᠡ ᠶᠢᠨ ᠳᠠᠭᠠᠭᠠᠯᠲᠠ | ᠠᠷᠪᠠᠨ ᠬᠤᠶᠠᠳᠤᠭᠠᠷ ᠵᠦᠢᠯ ᠬᠤᠲᠠ᠂ ᠲᠣᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ | ᠳᠠᠭᠠᠭᠠᠯᠲᠠ ᠶᠢᠨ ᠰᠠᠭᠤᠷᠢ ᠮᠥᠩᠭᠦ ᠶᠢ ᠦᠷᠭᠦᠯᠵᠢᠯᠡᠨ ᠨᠥᠬᠦᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠳᠠᠭᠠᠭᠠᠯᠲᠠ ᠶᠢᠨ ᠰᠠᠭᠤᠷᠢ ᠮᠥᠩᠭᠦ ᠬᠦᠷᠦᠯᠴᠡᠬᠦ ᠦᠭᠡᠢ ᠦᠶ᠎ᠡ ᠳᠤ ᠴᠠᠭ ᠲᠤᠬᠠᠢ ᠳᠤ ᠨᠢ ᠨᠥᠬᠦᠪᠦᠷᠢᠯᠡᠬᠦ | ᠬᠡᠷᠡᠭᠲᠡᠢ ᠂ ᠬᠡᠷᠡᠭᠰᠡᠬᠦ ᠪᠡᠯᠡ ᠮᠥᠩᠭᠦ ᠶᠢ ᠡᠩ ᠤᠨ ᠲᠥᠰᠥᠪ ᠤᠨ ᠳᠣᠲᠣᠷ᠎ᠠ ᠠᠴᠠ ᠲᠣᠬᠢᠷᠠᠭᠤᠯᠬᠤ ᠬᠡᠷᠡᠭᠲᠡᠢ᠂ | ᠪᠤᠰᠤᠳ ᠲᠤᠰᠬᠠᠢ ᠲᠥᠷᠥᠯ ᠤᠨ ᠪᠡᠯᠡ ᠮᠥᠩᠭᠦ ᠶᠢ ᠳᠠᠭᠠᠭᠠᠯᠲᠠ ᠶᠢᠨ ᠰᠠᠭᠤᠷᠢ ᠮᠥᠩᠭᠦ ᠶᠢᠨ ᠪᠡᠯᠡ ᠮᠥᠩᠭᠦ ᠶᠢᠨ | ᠢᠷᠡᠯᠲᠡ ᠪᠣᠯᠭᠠᠵᠤ ᠪᠣᠯᠬᠤ ᠦᠭᠡᠢ᠃ | ᠠᠷᠪᠠᠨ ᠭᠤᠷᠪᠠᠳᠤᠭᠠᠷ ᠵᠦᠢᠯ ᠳᠠᠭᠠᠭᠠᠯᠲᠠ ᠶᠢᠨ ᠰᠠᠭᠤᠷᠢ ᠮᠥᠩᠭᠦ ᠶᠢ ᠵᠠᠰᠠᠭ ᠤᠨ ᠣᠷᠳᠣᠨ ᠤ ᠵᠢᠭᠠᠨ | ᠲᠣᠭᠲᠠᠭᠠᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠪᠤᠶᠤ ᠲᠡᠭᠦᠨ ᠤ ᠨᠠᠶᠢᠳᠠᠭᠰᠠᠨ ᠪᠡᠯᠡ | ᠲᠣᠬᠢᠷᠠᠭᠤᠯᠬᠤ ᠬᠡᠯᠪᠡᠷᠢ ᠶᠢᠨ ᠳᠠᠭᠠᠭᠠᠯᠲᠠ ᠬᠢᠬᠦ ᠪᠠᠶᠢᠭᠤᠯᠤᠮᠵᠢ ᠠᠴᠠ ᠡᠵᠡᠩᠨᠡᠨ ᠬᠠᠮᠢᠶᠠᠷᠬᠤ ᠶᠢ ᠬᠠᠷᠢᠭᠤᠴᠠᠵᠤ᠂ | ᠲᠤᠰᠬᠠᠶ ᠳᠠᠩᠰᠠᠨ ᠡᠷᠦᠬᠡ ᠳᠤ ᠡᠷᠭᠢᠯᠡᠨ ᠭᠦᠢᠴᠡᠳᠬᠡᠬᠦ ᠪᠠᠩᠬᠢ ᠳᠤ ᠬᠠᠳᠠᠭᠠᠯᠠᠵᠤ ᠲᠠᠯᠪᠢᠨ᠎ᠠ᠃ ᠳᠠᠭᠠᠭᠠᠯᠲᠠ ᠬᠢᠬᠦ | ᠰᠠᠭᠤᠷᠢ ᠮᠥᠩᠭᠦ ︵ᠰᠠᠭᠤᠷᠢ ᠮᠥᠩᠭᠦ ᠶᠢᠨ ᠪᠤᠶ ᠪᠣᠯᠤᠭᠰᠠᠨ ᠬᠦᠦ ᠮᠥᠩᠭᠦ ᠪᠠᠭᠲᠠᠨ᠎ᠠ︶ ᠳᠤ ᠲᠤᠰᠬᠠᠶ ᠳᠠᠩᠰᠠ ᠪᠠᠷ | ᠬᠠᠮᠢᠶᠠᠷᠬᠤ ᠶᠢ ᠬᠡᠷᠡᠭᠵᠢᠭᠦᠯᠵᠦ᠂ ᠠᠰ ᠢᠶᠠᠷ ᠨᠢ ᠳᠠᠩᠰᠠ ᠵᠢᠭᠰᠠᠭᠠᠨ᠂ ᠲᠤᠰᠠᠭᠠᠷ ᠲᠣᠭᠠᠴᠠᠭ᠎ᠠ ᠬᠢᠵᠦ᠂ ᠲᠤᠰᠬᠠᠶ | ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ ᠪᠠ ᠪᠢᠲᠡᠭᠦᠮᠵᠢᠯᠡᠨ ᠠᠵᠢᠯᠯᠠᠭᠤᠯᠬᠤ ᠶᠢ ᠪᠠᠲᠤᠯᠠᠨ᠎ᠠ᠃ ᠳᠠᠭᠠᠭᠠᠯᠲᠠ ᠬᠢᠬᠦ | ᠰᠠᠭᠤᠷᠢ ᠮᠥᠩᠭᠦ ᠶᠢᠨ ᠥᠷᠲᠡᠭ ᠢ ᠪᠠᠲᠤᠯᠠᠨ ᠬᠥᠭᠵᠢᠭᠦᠯᠵᠦ ᠥᠷᠲᠡᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠭᠰᠠᠨ | ᠤᠷᠢᠲᠠᠯ ᠳᠣᠤᠷ᠎ᠠ᠂ ᠳᠠᠭᠠᠭᠠᠯᠲᠠ ᠬᠢᠬᠦ ᠰᠠᠭᠤᠷᠢ ᠮᠥᠩᠭᠦ ᠶᠢᠨ ᠬᠠᠳᠠᠭᠠᠯᠠᠬᠤ ᠠᠷᠭ᠎ᠠ ᠮᠠᠶ᠋ᠢᠭ ᠢ ᠳᠠᠭᠠᠭᠠᠯᠲᠠ ᠬᠢᠬᠦ | ᠪᠠᠶᠢᠭᠤᠯᠤᠮᠵᠢ ᠪᠣᠯᠤᠨ ᠭᠠᠷᠲᠠᠨ ᠭᠦᠢᠴᠡᠳᠬᠡᠬᠦ ᠪᠠᠩᠬᠢ ᠠᠴᠠ ᠵᠥᠪᠳᠡᠯᠴᠡᠨ ᠲᠣᠭᠲᠠᠭᠠᠵᠤ᠂ ᠬᠦᠦ ᠮᠥᠩᠭᠦ ᠶᠢ | ᠳᠠᠭᠠᠭᠠᠯᠲᠠ ᠬᠢᠬᠦ ᠰᠠᠭᠤᠷᠢ ᠮᠥᠩᠭᠦ ᠳᠤ ᠬᠠᠳᠠᠭᠠᠯᠠᠨ ᠣᠷᠣᠭᠤᠯᠤᠨ᠎ᠠ᠃ ᠳᠠᠭᠠᠭᠠᠯᠲᠠ ᠶᠢᠨ ᠰᠠᠭᠤᠷᠢ ᠮᠥᠩᠭᠦ ᠶᠢᠨ | ᠳᠠᠭᠠᠭᠠᠯᠲᠠ ᠶᠢᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠠᠷᠢᠭᠤᠴᠠᠯᠭ᠎ᠠ ᠶᠢᠨ ᠦᠯᠡᠳᠡᠪᠦᠷᠢ | ᠲᠤᠭ᠎ᠠ ᠶᠢ ᠵᠠᠷᠴᠢᠮ ᠳᠡᠭᠡᠷ᠎ᠡ ᠪᠠᠨ ᠲᠤᠰ ᠳᠠᠭᠠᠭᠠᠯᠲᠠ ᠶᠢᠨ ᠰᠠᠭᠤᠷᠢ ᠮᠥᠩᠭᠦ ᠶᠢᠨ ᠪᠠᠩᠬᠢ ᠳᠤ ᠬᠠᠳᠠᠭᠠᠯᠠᠭᠰᠠᠨ | ᠬᠠᠳᠠᠭᠠᠯᠠᠮᠵᠢ ᠶᠢᠨ ᠦᠯᠡᠳᠡᠪᠦᠷᠢ ᠲᠤᠭ᠎ᠠ ᠶᠢᠨ 5 ᠳᠠᠬᠢᠨ ᠠᠴᠠ ᠬᠡᠲᠦᠷᠡᠭᠦᠯᠵᠦ ᠪᠣᠯᠬᠤ ᠦᠭᠡᠶ᠃ | ᠠᠷᠪᠠᠨ ᠳᠥᠷᠪᠡᠳᠦᠭᠡᠷ ᠵᠦᠢᠯ ᠵᠢᠭᠡᠯᠡᠯᠭᠡ ᠶᠢᠨ ᠲᠦᠭᠰᠢᠭᠦᠷᠢ ᠶᠢ ᠰᠡᠷᠭᠡᠶᠢᠯᠡᠬᠦ ᠶᠢᠨ ᠲᠤᠰᠠᠳᠠ᠂ ᠳᠠᠭᠠᠭᠠᠯᠲᠠ | ᠬᠢᠬᠦ ᠪᠠᠶᠢᠭᠤᠯᠤᠮᠵᠢ ᠠᠴᠠ ᠵᠣᠭᠤᠰ ᠵᠢᠭᠡᠯᠡᠭᠴᠢ ᠶᠢ ᠭᠡᠳᠡᠷᠭᠦ ᠳᠠᠭᠠᠭᠠᠯᠲᠠ ᠬᠢᠯᠭᠡᠬᠦ ᠪᠠᠷ ᠱᠠᠭᠠᠷᠳᠠᠵᠤ ᠪᠣᠯᠤᠨ᠎ᠠ᠃ ᠡᠳ᠋ | ᠬᠥᠷᠥᠩᠭᠡ ᠶᠢᠨ ᠢᠲᠡᠭᠡᠮᠵᠢ ᠰᠠᠶᠢᠨ ᠵᠣᠭᠤᠰ ᠵᠢᠭᠡᠯᠡᠭᠴᠢ ᠡᠰᠡᠷᠭᠦ ᠳᠠᠭᠠᠭᠠᠯᠲᠠ ᠬᠢᠬᠦ ᠨᠥᠬᠦᠴᠡᠯ ᠢᠶᠠᠨ ᠪᠠᠭᠤᠷᠠᠭᠤᠯᠵᠤ | ᠪᠣᠯᠣᠨ᠎ᠠ᠃ ᠳᠠᠭᠠᠭᠠᠯᠲᠠ ᠬᠢᠬᠦ ᠪᠠᠶᠢᠭᠤᠯᠤᠮᠵᠢ ᠶᠢᠨ ᠬᠤᠪᠢ ᠬᠥᠮᠦᠨ ᠪᠠ ᠵᠢᠵᠢᠭ ᠪᠢᠴᠢᠯ ᠠᠵᠤ ᠠᠬᠤᠶᠢᠯᠠᠯ ᠤᠨ | ᠢᠲᠡᠭᠡᠮᠵᠢ ᠶᠢᠨ ᠮᠡᠳᠡᠭᠡ ᠵᠠᠩᠭᠢ ᠶᠢ ᠭᠦᠢᠴᠡᠳ ᠠᠰᠢᠭᠯᠠᠬᠤ ᠶᠢ ᠵᠣᠷᠢᠭᠵᠢᠭᠤᠯᠵᠤ᠂ ᠭᠡᠳᠡᠷᠬᠦ ᠳᠠᠭᠠᠭᠠᠯᠲᠠ ᠬᠢᠬᠦ | ᠬᠤᠷᠢᠭ᠎ᠠ ᠶᠢ ᠪᠠᠭᠤᠷᠠᠭᠤᠯᠬᠤ ᠪᠤᠶᠤ ᠭᠡᠳᠡᠷᠭᠦᠦ ᠳᠠᠭᠠᠭᠠᠯᠲᠠ ᠬᠢᠬᠦ ᠶᠢ ᠬᠦᠴᠦᠨ ᠦᠭᠡᠶ ᠪᠣᠯᠭᠠᠨ᠎ᠠ᠃ | ᠠᠷᠪᠠᠨ ᠲᠠᠪᠤᠳᠤᠭᠠᠷ ᠵᠦᠢᠯ ᠵᠣᠭᠤᠰ ᠵᠢᠭᠡᠯᠡᠭᠴᠢ ᠳᠣᠤᠷᠠᠬᠢ ᠮᠡᠲᠦ ᠠᠷᠭ᠎ᠠ ᠬᠡᠯᠪᠡᠷᠢ ᠶᠢ ᠠᠪᠴᠤ ᠪᠠᠶᠢᠭᠠᠳ | ᠭᠡᠳᠡᠷᠭᠦᠦ ᠳᠠᠭᠠᠭᠠᠯᠲᠠ ᠬᠢᠵᠦ ᠪᠣᠯᠤᠨ᠎ᠠ᠄ | ︵ᠨᠢᠭᠡ︶ ᠭᠤᠷᠪᠠ ᠳᠤ ᠬᠢ ᠬᠠᠷᠢᠭᠤᠴᠠᠯᠭᠠᠲᠠᠨ ᠢᠶᠠᠷ ᠪᠠᠲᠤᠯᠠᠨ ᠳᠠᠭᠠᠭᠠᠭᠴᠢ ᠪᠣᠯᠭᠠᠨ᠎ᠠ᠃ ᠪᠠᠲᠤᠯᠠᠭᠴᠢ ᠶᠢ | ᠡᠰᠡᠷᠭᠦᠴᠡᠬᠦ ᠨᠢ ᠡᠩ ᠤᠨ ᠪᠠᠶᠢᠳᠠᠯ ᠳᠤ ᠮᠠᠨ ᠤ ᠬᠤᠲᠠ ᠶᠢᠨ ᠬᠡᠪᠴᠢᠶᠡᠨ ᠳᠠᠬᠢ ᠵᠠᠰᠠᠭ ᠵᠠᠬᠢᠷᠭᠠᠨ ᠤ ᠪᠠᠶᠢᠭᠤᠯᠭ᠎ᠠ᠂ | ᠠᠵᠢᠯ ᠦᠢᠯᠡᠰ ᠤᠨ ᠨᠢᠭᠡᠴᠢ ᠶᠢᠨ ᠵᠢᠩᠬᠢᠨᠢ ᠠᠵᠢᠯᠲᠠᠨ᠂ ᠡᠰᠡᠬᠦᠯ᠎ᠡ ᠲᠣᠭᠲᠠᠪᠤᠷᠢᠲᠠᠶ ᠣᠷᠣᠯᠭ᠎ᠠ ᠲᠠᠢ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠵᠢᠩᠬᠢᠨᠢ ᠠᠵᠢᠯᠲᠠᠨ ᠠᠵᠢᠯᠴᠢᠨ ᠪᠠᠶᠢᠬᠤ ᠬᠡᠷᠡᠭᠲᠡᠢ᠃ ᠪᠣᠳᠠᠲᠠᠶ ᠬᠡᠪᠴᠢᠶ᠎ᠡ ᠪᠠ | ᠨᠥᠬᠦᠴᠡᠯ ᠢ ᠡᠯ᠎ᠡ ᠲᠣᠭᠤᠷᠢᠭ ᠠᠴᠠ ᠥᠪᠡᠰᠦᠪᠡᠨ ᠲᠣᠭᠲᠠᠭᠠᠨ᠎ᠠ᠃ | ︵ᠬᠤᠶᠠᠷ︶ ᠪᠡᠷᠢᠴᠠᠭᠠᠨ ᠤ ᠡᠳ᠋᠂ ᠳᠠᠨᠵᠢᠯᠠᠭ᠎ᠠ ᠶᠢᠨ ᠡᠳ᠋ ᠢᠶᠠᠷ ᠭᠡᠳᠡᠷᠬᠦ ᠳᠠᠭᠠᠭᠠᠯᠲᠠ ᠬᠢᠨ᠎ᠡ᠃ | ᠪᠠᠷᠢᠴᠠᠭᠠᠨ ᠤ ᠡᠳ᠋᠂ ᠳᠠᠨᠵᠢᠯᠠᠭ᠎ᠠ ᠶᠢᠨ ᠡᠳ᠋ ᠲᠤ ᠥᠮᠴᠢᠯᠡᠬᠦ ᠡᠷᠬᠡ ᠨᠢ ᠲᠣᠳᠣᠷᠬᠠᠶ ᠭᠡᠷ ᠪᠠᠶᠢᠰᠢᠩ᠂ ᠮᠠᠰᠢᠨ | ᠲᠡᠷᠭᠡ᠂ ᠮᠠᠰᠢᠨ ᠲᠥᠬᠦᠭᠡᠷᠦᠮᠵᠢ᠂ ᠲᠣᠮᠣ ᠵᠠᠬ᠎ᠠ ᠪᠥᠬᠡᠯᠢᠭ ᠬᠡᠷᠡᠭᠯᠡᠭᠡᠨ ᠤ ᠵᠦᠢᠯ᠂ ᠦᠨ᠎ᠡ ᠲᠠᠢ ᠲᠡᠮᠳᠡᠭᠲᠦ ᠵᠢᠴᠢ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠬᠤᠷᠢᠶᠠᠬᠤ ᠶᠣᠰᠣᠲᠠᠶ ᠳᠠᠩᠰᠠᠨ ᠵᠣᠭᠤᠰ ᠵᠡᠷᠭᠡ ᠶᠢ | ᠪᠠᠭᠲᠠᠭᠠᠵᠤ᠂ ᠬᠠᠮᠢᠶ᠎ᠠ ᠪᠦᠬᠦᠢ ᠪᠠᠶᠢᠭᠤᠯᠤᠮᠵᠢ ᠪᠠᠷ ᠦᠨᠡᠯᠡᠨ ᠵᠢᠱᠢᠭᠰᠡᠨ ᠤ ᠳᠠᠷᠠᠭ᠎ᠠ᠂ ᠭᠡᠳᠡᠷᠭᠦᠦ ᠳᠠᠭᠠᠭᠠᠯᠲᠠ | ᠬᠢᠯᠭᠡᠵᠦ ᠪᠣᠯᠤᠨ᠎ᠠ᠃ | ᠵᠢᠷᠭᠤᠳᠤᠭᠠᠷ ᠪᠦᠯᠦᠭ ᠵᠢᠭᠡᠯᠡᠯᠭᠡ ᠶᠢᠨ ᠳᠠᠮ ᠬᠦᠦ ᠥᠭᠬᠦ | ᠠᠷᠪᠠᠨ ᠵᠢᠷᠭᠤᠳᠤᠭᠠᠷ ᠵᠦᠢᠯ ᠠᠳᠠᠯ ᠦᠢᠯᠡᠰ ᠪᠣᠰᠬᠠᠬᠤ ᠳᠠᠭᠠᠭᠠᠯᠲᠠ ᠶᠢᠨ ᠵᠢᠭᠡᠯᠡᠯᠭᠡ ᠶᠢᠨ ᠡᠳ᠋ ᠤᠨ | ᠵᠠᠰᠠᠭ ᠤᠨ ᠳᠠᠮ ᠬᠦᠦ ᠮᠥᠩᠭᠦ ᠶᠢ ᠲᠣᠭᠲᠠᠭᠠᠭᠰᠠᠨ ᠵᠢᠭᠡᠯᠡᠯᠭᠡ ᠶᠢᠨ ᠲᠤᠭ᠎ᠠ ᠬᠡᠮᠵᠢᠶ᠎ᠡ᠂ ᠬᠦᠦ ᠶᠢᠨ ᠨᠣᠷᠮ᠎ᠠ ᠪᠣᠯᠤᠨ | ᠴᠠᠭ ᠬᠤᠭᠤᠴᠠᠭᠠᠨ ᠤ ᠳᠣᠲᠣᠷ᠎ᠠ᠂ ᠪᠣᠳᠠᠲᠠᠶ ᠵᠢᠭᠡᠯᠡᠯᠭᠡ ᠶᠢᠨ ᠵᠣᠭᠤᠰ ᠤᠨ ᠲᠤᠭ᠎ᠠ᠂ ᠬᠦᠦ ᠶᠢᠨ ᠨᠣᠷᠮ᠎ᠠ ᠪᠣᠯᠤᠨ | ᠬᠦᠦ ᠪᠣᠳᠣᠬᠤ ᠬᠤᠭᠤᠴᠠᠭ᠎ᠠ ᠬᠢᠵᠠᠭᠠᠷ ᠤᠨ ᠶᠣᠰᠣᠭᠠᠷ ᠪᠣᠳᠣᠨ᠎ᠠ᠃ ᠬᠤᠭᠤᠴᠠᠭ᠎ᠠ ᠪᠠᠨ ᠤᠷᠲᠤᠳᠬᠠᠭᠰᠠᠨ᠂ | ᠬᠤᠭᠤᠴᠠᠭ᠎ᠠ ᠨᠢ ᠬᠡᠲᠦᠷᠡᠭᠰᠡᠨ ᠠᠳᠠᠯ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠳᠤ ᠳᠠᠮ ᠬᠦᠦ ᠥᠭᠬᠦ | ᠦᠭᠡᠶ᠃ | ︵ᠨᠢᠭᠡ︶ ᠬᠤᠪᠢ ᠬᠥᠮᠦᠨ ᠤ ᠵᠣᠭᠤᠰ ᠵᠢᠭᠡᠯᠡᠭᠴᠢ ᠶᠢᠨ ᠲᠠᠯᠪᠢᠭᠰᠠᠨ ᠵᠢᠭᠡᠯᠡᠯᠭᠡ ᠳᠤ ᠡᠳ᠋ ᠤᠨ ᠵᠠᠰᠠᠭ ᠤᠨ | ᠰᠠᠯᠠᠭ᠎ᠠ ᠮᠥᠴᠢᠷ ᠨᠢ ᠨᠢᠭᠡᠳᠦᠭᠡᠷ ᠵᠢᠯ᠂ ᠬᠤᠶᠠᠳᠤᠭᠠᠷ ᠵᠢᠯ ᠳᠤ ᠪᠦᠬᠦ ᠲᠣᠭᠠᠨ ᠤ ᠳᠠᠮ ᠬᠦᠦ ᠮᠥᠩᠭᠦ ᠣᠯᠭᠤᠵᠤ᠂ | ᠭᠤᠷᠪᠠᠳᠤᠭᠠᠷ ᠵᠢᠯ ᠳᠤ ᠳᠠᠮ ᠬᠦᠦ ᠮᠥᠩᠭᠦ ᠥᠭᠬᠦ ᠦᠭᠡᠶ ᠪᠠᠶᠢᠬᠤ ᠬᠡᠷᠡᠭᠲᠡᠶ᠃ | ︵ᠬᠤᠶᠠᠷ︶ ᠬᠤᠪᠢ ᠬᠥᠮᠦᠨ ᠤ ᠵᠣᠭᠤᠰ ᠵᠢᠭᠡᠯᠡᠭᠴᠢ ᠠᠴᠠ ᠡᠭᠦᠷᠭᠡᠯᠡᠬᠦ ᠵᠢᠭᠡᠯᠡᠯᠭᠡ ᠶᠢᠨ ᠬᠦᠦ ᠮᠥᠩᠭᠦ ᠶᠢ | ᠭᠠᠷᠲᠠᠨ ᠡᠷᠬᠢᠯᠡᠬᠦ ᠪᠠᠩᠬᠢ ᠨᠢ ᠵᠣᠭᠤᠰ ᠵᠢᠭᠡᠯᠡᠭᠴᠢ ᠯᠦᠭᠡ ᠵᠢᠭᠡᠯᠡᠯᠭᠡ ᠶᠢᠨ ᠭᠡᠷ᠎ᠡ ᠲᠣᠭᠲᠠᠭᠠᠬᠤ ᠳᠤ ᠬᠦᠦ ᠮᠥᠩᠭᠦ | ᠥᠭᠬᠦ ᠠᠷᠭ᠎ᠠ ᠮᠠᠶ᠋ᠢᠭ᠂ ᠬᠦᠦ ᠮᠥᠩᠭᠦ ᠥᠭᠬᠦ ᠴᠠᠭ ᠵᠡᠷᠭᠡ ᠶᠢ ᠲᠣᠳᠣᠷᠬᠠᠶ ᠲᠡᠮᠳᠡᠭᠯᠡᠬᠦ ᠶᠢᠨ ᠬᠠᠮᠲᠤ ᠭᠡᠷ᠎ᠡ ᠶᠣᠰᠣᠭᠠᠷ | ᠥᠭᠬᠦ ᠬᠡᠷᠡᠭᠲᠡᠶ᠃ | ︵ᠭᠤᠷᠪᠠ︶ ᠠᠵᠤ ᠠᠬᠤᠶᠢᠯᠠᠯ ᠤᠨ ᠵᠣᠭᠤᠰ ᠵᠢᠭᠡᠯᠡᠭᠴᠢ ᠶᠢᠨ ᠲᠠᠯᠪᠢᠭᠰᠠᠨ ᠵᠢᠭᠡᠯᠡᠯᠭᠡ ᠳᠤ ᠡᠳ᠋ ᠤᠨ | ᠵᠠᠰᠠᠭ ᠤᠨ ᠰᠠᠯᠠᠭ᠎ᠠ ᠮᠥᠴᠢᠷ ᠠᠴᠠ ᠵᠢᠭᠡᠯᠡᠯᠭᠡ ᠶᠢᠨ ᠭᠡᠷ᠎ᠡ ᠲᠣᠭᠲᠠᠭᠰᠠᠨ ᠡᠳᠦᠷ ᠤᠨ ᠵᠢᠭᠡᠯᠡᠯᠭᠡ ᠶᠢᠨ ᠰᠠᠭᠤᠷᠢ | ᠬᠦᠦ ᠶᠢᠨ ᠨᠣᠷᠮ᠎ᠠ ᠶᠢᠨ 50% ᠶᠢᠨ ᠶᠣᠰᠣᠭᠠᠷ ᠳᠠᠮ ᠬᠦᠦ ᠣᠯᠭᠤᠨ᠎ᠠ᠃ | ︵ᠲᠦᠷᠪᠡ︶ ᠬᠤᠭᠤᠴᠠᠭ᠎ᠠ ᠪᠠᠨ ᠤᠷᠲᠤᠳᠬᠠᠭᠰᠠᠨ᠂ ᠬᠤᠭᠤᠴᠠᠭ᠎ᠠ ᠨᠢ ᠬᠡᠲᠦᠷᠡᠭᠰᠡᠨ ᠠᠳᠠᠯ ᠦᠢᠯᠡᠰ | ᠴᠣᠭᠴᠠᠯᠠᠬᠤ ᠪᠠᠲᠤᠯᠠᠭᠠᠲᠤ ᠵᠢᠭᠡᠯᠡᠯᠭᠡ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠳᠠᠮ ᠬᠦᠦ ᠥᠭᠬᠦ | ᠦᠭᠡᠶ ᠃ | ᠠᠷᠪᠠᠨ ᠳᠣᠯᠣᠳᠤᠭᠠᠷ ᠵᠦᠢᠯ ᠭᠠᠷᠲᠠᠨ ᠡᠷᠬᠢᠯᠡᠬᠦ ᠪᠠᠩᠬᠢ ᠨᠢ ᠤᠯᠤᠰ ᠤᠨ ᠡᠳ᠋ ᠤᠨ ᠶᠠᠪᠤᠳᠠᠯ ᠤᠨ ᠨᠢᠭᠲᠠᠯᠠᠨ | ᠪᠣᠳᠣᠬᠤ ᠳᠦᠷᠢᠮ ᠪᠠ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢᠨ ᠳᠠᠮ | ᠬᠦᠦ ᠥᠭᠬᠦ ᠵᠣᠭᠤᠰ ᠤᠨ ᠲᠤᠭ᠎ᠠ ᠶᠢ ᠪᠣᠳᠣᠵᠤ᠂ ᠤᠯᠠᠷᠢᠯ ᠢᠶᠠᠷ ᠬᠤᠲᠠ ᠶᠢᠨ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠲᠤ ᠳᠠᠮ ᠬᠦᠦ ᠮᠥᠩᠭᠦ ᠶᠢ ᠭᠤᠶᠤᠴᠢᠯᠠᠬᠤ ᠬᠡᠷᠡᠭᠲᠡᠶ᠃ ᠬᠤᠲᠠ ᠶᠢᠨ ᠱᠠᠲᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ᠂ 1 ᠰᠠᠷ᠎ᠠ ᠶᠢᠨ ᠳᠣᠲᠣᠷ᠎ᠠ | ᠭᠠᠷᠲᠠᠨ ᠡᠷᠬᠢᠯᠡᠬᠦ ᠪᠠᠩᠬᠢ ᠳᠤ ᠰᠠᠯᠭᠠᠨ ᠥᠭᠬᠦ ᠬᠡᠷᠡᠭᠲᠡᠶ᠃ | ᠳᠣᠯᠣᠳᠤᠭᠠᠷ ᠪᠦᠯᠦᠭ ᠵᠢᠭᠡᠯᠡᠯᠭᠡ ᠶᠢ ᠡᠭᠡᠭᠦᠯᠦᠨ ᠬᠤᠷᠢᠶᠠᠬᠤ ᠪᠠ ᠣᠷᠣᠯᠠᠨ ᠲᠥᠯᠥᠬᠦ | ᠠᠷᠪᠠᠨ ᠨᠠᠢᠮᠠᠳᠤᠭᠠᠷ ᠵᠦᠢᠯ ᠭᠠᠷᠲᠠᠨ ᠡᠷᠬᠢᠯᠡᠬᠦ ᠪᠠᠩᠬᠢ ᠬᠤᠭᠤᠴᠠᠭ᠎ᠠ ᠨᠢ ᠲᠤᠯᠤᠭᠰᠠᠨ ᠠᠳᠠᠯ ᠦᠢᠯᠡᠰ | ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢ ᠡᠭᠡᠭᠦᠯᠦᠨ ᠬᠤᠷᠢᠶᠠᠬᠤ ᠠᠵᠢᠯ ᠢ ᠬᠠᠷᠢᠭᠤᠴᠠᠨ᠎ᠠ᠃ ᠵᠢᠭᠡᠯᠡᠯᠭᠡ ᠨᠢ | ᠬᠤᠭᠤᠴᠠᠭ᠎ᠠ ᠲᠤᠯᠬᠤ ᠠᠴᠠ ᠡᠮᠦᠨ᠎ᠡ 1 ᠰᠠᠷ᠎ᠠ ᠪᠣᠯᠬᠤ ᠳᠤ᠂ ᠭᠠᠷᠲᠠᠨ ᠡᠷᠬᠢᠯᠡᠬᠦ ᠪᠠᠩᠬᠢ ᠵᠣᠭᠤᠰ ᠵᠢᠭᠡᠯᠡᠭᠴᠢ ᠳᠤ | ᠴᠠᠭ ᠬᠤᠭᠤᠴᠠᠭ᠎ᠠ ᠶᠣᠰᠣᠭᠠᠷ ᠪᠣᠯᠵᠤᠭ᠎ᠠ ᠪᠠᠨ ᠭᠦᠢᠴᠡᠳᠬᠡᠵᠦ ᠵᠢᠭᠡᠯᠡᠯᠭᠡ ᠪᠠᠨ ᠪᠤᠴᠠᠭᠠᠬᠤ ᠶᠢ ᠮᠡᠳᠡᠭᠳᠡᠬᠦ ᠬᠡᠷᠡᠭᠲᠡᠶ᠃ | ᠳᠠᠭᠠᠭᠠᠯᠲᠠ ᠬᠢᠬᠦ ᠪᠠᠶᠢᠭᠤᠯᠤᠮᠵᠢ ᠨᠢ ᠭᠠᠷᠲᠠᠨ ᠡᠷᠬᠢᠯᠡᠬᠦ ᠪᠠᠩᠬᠢ ᠲᠠᠢ ᠢᠳᠡᠪᠬᠢᠲᠡᠶ ᠬᠠᠮᠵᠢᠯᠴᠠᠨ ᠬᠠᠮᠢᠶ᠎ᠠ ᠪᠦᠬᠦᠢ | ᠡᠭᠡᠭᠦᠯᠦᠨ ᠬᠤᠷᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠠᠷᠪᠠ ᠶᠢᠰᠦᠳᠦᠭᠡᠷ ᠵᠦᠢᠯ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢ ᠬᠤᠭᠤᠴᠠᠭ᠎ᠠ ᠨᠢ | ᠬᠡᠲᠦᠷᠡᠭᠰᠡᠨ ᠪᠠᠶᠢᠲᠠᠯ᠎ᠠ ᠭᠦᠢᠴᠡᠳ ᠲᠤᠭ᠎ᠠ ᠪᠠᠷ ᠨᠢ ᠪᠤᠴᠠᠭᠠᠭᠰᠠᠨ ᠦᠭᠡᠶ ᠪᠣᠯ ᠡᠷᠭᠢᠯᠡᠨ ᠭᠦᠢᠴᠡᠳᠬᠡᠭᠰᠡᠨ ᠪᠠᠩᠬᠢ ᠨᠢ | ᠥᠭᠴᠡᠭᠡᠲᠡᠨ ᠠᠴᠠ ᠬᠠᠤᠯᠢ ᠶᠣᠰᠣᠭᠠᠷ ᠨᠡᠬᠡᠮᠵᠢᠯᠡᠨ ᠲᠥᠯᠥᠭᠦᠯᠬᠦ ᠬᠡᠷᠡᠭᠲᠡᠶ᠃ ᠬᠤᠭᠤᠴᠠᠭ᠎ᠠ ᠠᠴᠠ ᠬᠡᠲᠦᠷᠡᠭᠰᠡᠨ 90 | ᠡᠳᠦᠷ ᠤᠨ ᠳᠣᠲᠣᠷ᠎ᠠ ᠲᠥᠯᠥᠭᠦᠯᠬᠦ ᠪᠠᠷ ᠨᠡᠬᠡᠵᠦ ᠠᠪᠤᠭᠰᠠᠨ ᠪᠣᠯᠪᠠᠴᠤ ᠮᠥᠨ ᠡᠭᠡᠭᠦᠯᠦᠨ ᠬᠤᠷᠢᠶᠠᠵᠤ ᠳᠡᠶᠢᠯᠬᠦ | ᠦᠭᠡᠶ ᠵᠢᠭᠡᠯᠡᠯᠭᠡ ᠳᠤ ᠪᠣᠯ ᠭᠠᠷᠲᠠᠨ ᠡᠷᠬᠢᠯᠡᠬᠦ ᠪᠠᠩᠬᠢ ᠨᠢ ᠳᠠᠭᠠᠭᠠᠯᠲᠠ ᠬᠢᠬᠦ ᠪᠠᠶᠢᠭᠤᠯᠤᠮᠵᠢ ᠳᠤ ᠪᠢᠴᠢᠭ ᠢᠶᠠᠷ | ᠭᠤᠶᠤᠴᠢᠯᠠᠯ ᠭᠠᠷᠭᠠᠬᠤ ᠵᠢᠴᠢ ᠨᠡᠬᠡᠮᠵᠢᠯᠡᠨ ᠲᠥᠯᠥᠭᠦᠯᠬᠦ ᠠᠵᠢᠯ ᠤᠨ ᠲᠡᠮᠳᠡᠭᠯᠡᠯ᠂ ᠭᠡᠷᠡᠴᠢ ᠮᠠᠲ᠋ᠧᠷᠢᠶᠠᠯ ᠢᠶᠠᠨ | ᠭᠠᠷᠭᠠᠵᠤ ᠪᠣᠯᠤᠨ᠎ᠠ᠃ ᠳᠠᠭᠠᠭᠠᠯᠲᠠ ᠬᠢᠬᠦ ᠪᠠᠶᠢᠭᠤᠯᠤᠮᠵᠢ ᠪᠢᠴᠢᠭᠯᠡᠭᠰᠡᠨ ᠭᠤᠶᠤᠴᠢᠯᠠᠯ ᠢ ᠣᠯᠤᠭᠰᠠᠨ ᠤ ᠳᠠᠷᠠᠭ᠎ᠠ᠂ | ᠵᠣᠭᠤᠰ ᠵᠢᠭᠡᠯᠡᠭᠴᠢ ᠶᠢᠨ ᠬᠤᠭᠤᠴᠠᠭ᠎ᠠ ᠬᠡᠲᠦᠷᠡᠭᠰᠡᠨ ᠪᠠᠶᠢᠳᠠᠯ ᠢ ᠴᠠᠭ ᠲᠤᠬᠠᠶ ᠳᠤᠨᠢ ᠬᠢᠨᠠᠨ ᠬᠠᠷᠭᠤᠭᠤᠯᠬᠤ ᠶᠢᠨ | ᠬᠠᠮᠲᠤ 30 ᠡᠳᠦᠷ ᠤᠨ ᠳᠣᠲᠣᠷ᠎ᠠ ᠳᠠᠭᠠᠭᠠᠯᠲᠠ ᠶᠢᠨ ᠰᠠᠭᠤᠷᠢ ᠮᠥᠩᠭᠦ ᠶᠢᠨ ᠳᠠᠩᠰᠠᠨ ᠡᠷᠦᠬᠡ ᠠᠴᠠ ᠥᠷᠢᠲᠦᠵᠦ | ᠪᠠᠶᠢᠭ᠎ᠠ ᠳᠠᠭᠠᠭᠠᠯᠲᠠ ᠶᠢᠨ ᠵᠢᠭᠡᠯᠡᠯᠭᠡ ᠶᠢᠨ ᠡᠬᠡ ᠮᠥᠩᠭᠦ ᠵᠢᠴᠢ ᠬᠤᠭᠤᠴᠠᠭ᠎ᠠ ᠬᠡᠲᠦᠷᠡᠭᠰᠡᠨ ᠵᠣᠬᠢᠴᠠᠩᠭᠤᠶ ᠪᠦᠬᠦᠢ | ᠬᠦᠦ ᠮᠥᠩᠭᠦ ᠶᠢ ᠨᠢ ᠥᠭᠬᠦ ᠬᠡᠷᠡᠭᠲᠡᠶ᠃ | ᠬᠤᠷᠢᠳᠤᠭᠠᠷ ᠵᠦᠢᠯ ᠳᠠᠭᠠᠭᠠᠯᠲᠠ ᠬᠢᠬᠦ ᠰᠠᠭᠤᠷᠢ ᠮᠥᠩᠭᠦ ᠶᠢ ᠣᠷᠣᠯᠠᠨ ᠲᠥᠯᠥᠵᠦ ᠳᠠᠭᠤᠰᠤᠭᠰᠠᠨ ᠤ | ᠳᠠᠷᠠᠭ᠎ᠠ ᠪᠤᠶ ᠪᠣᠯᠤᠭᠰᠠᠨ ᠠᠪᠴᠠᠭ᠎ᠠ ᠶᠢ ᠳᠠᠭᠠᠭᠠᠯᠲᠠ ᠬᠢᠬᠦ ᠪᠠᠶᠢᠭᠤᠯᠤᠮᠵᠢ ᠠᠴᠠ ᠬᠠᠷᠢᠭᠤᠴᠠᠨ ᠬᠠᠤᠯᠢ ᠶᠣᠰᠣᠭᠠᠷ | ᠨᠡᠬᠡᠮᠵᠢᠯᠡᠨ ᠲᠥᠯᠥᠭᠦᠯᠬᠦ ᠬᠡᠷᠡᠭᠲᠡᠶ᠂ ᠬᠠᠮᠢᠶ᠎ᠠ ᠪᠦᠬᠦᠢ ᠡᠷᠭᠢᠯᠡᠨ ᠭᠦᠢᠴᠡᠳᠬᠡᠬᠦ ᠪᠠᠩᠬᠢ ᠢᠳᠡᠪᠬᠢᠲᠡᠶ ᠬᠠᠮᠵᠢᠯᠴᠠᠬᠤ | ᠬᠡᠷᠡᠭᠲᠡᠶ᠃ ᠬᠤᠭᠤᠴᠠᠭ᠎ᠠ ᠨᠢ ᠬᠡᠲᠦᠷᠡᠭᠰᠡᠨ ᠥᠭᠴᠡᠭᠡ ᠪᠠᠨ ᠥᠭᠴᠡᠭᠡ ᠪᠠᠨ ᠲᠥᠯᠥᠵᠦ ᠳᠡᠢᠯᠬᠦ ᠦᠭᠡᠢ ᠪᠣᠯ | ᠪᠠᠲᠤᠯᠠᠨ ᠳᠠᠭᠠᠭᠠᠭᠴᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠲᠥᠯᠥᠵᠦ ᠳᠠᠭᠤᠰᠬᠠᠬᠤ ᠡᠭᠦᠷᠭᠡ ᠪᠠᠨ | ᠭᠦᠶᠢᠴᠡᠳᠬᠡᠨᠡ ᠦᠨᠡᠨᠬᠦ ᠨᠡᠬᠡᠮᠵᠢᠯᠡᠨ ᠲᠥᠯᠥᠭᠦᠯᠬᠦ ᠨᠡᠬᠡᠮᠵᠢᠯᠡᠬᠦ ᠶᠢᠨ ᠠᠷᠭ᠎ᠠ ᠦᠭᠡᠢ ᠪᠠᠶᠢᠪᠠᠯ᠂ ︽ᠮᠥᠩᠭᠦᠨ | ᠭᠦᠢᠯᠭᠡᠭᠡᠨ ᠤ ᠠᠵᠤ ᠠᠬᠤᠶᠢᠯᠠᠯ ᠤᠨ ᠬᠦᠴᠢᠷᠲᠡᠶ ᠠᠪᠤᠴᠠᠭ᠎ᠠ ᠶᠢ ᠬᠢᠨᠠᠨ ᠬᠠᠰᠤᠬᠤ ᠬᠠᠮᠢᠶᠠᠷᠤᠯᠲᠠ ᠶᠢᠨ | ᠠᠷᠭ᠎ᠠ ︵ᠡᠳ᠋ ᠮᠥᠩᠭᠦ [ 2013] 146 ᠳ᠋ᠤᠭᠠᠷ ᠲᠣᠭᠠᠲᠤ︶ ᠶᠣᠰᠣᠭᠠᠷ ᠲᠣᠭᠲᠠᠭᠠᠭᠰᠠᠨ ᠳᠡᠰ ᠳᠠᠷᠠᠭᠠᠯᠠᠯ ᠢᠶᠠᠷ | ᠳᠠᠭᠠᠭᠠᠯᠲᠠ ᠶᠢᠨ ᠰᠠᠭᠤᠷᠢ ᠮᠥᠩᠭᠦ ᠠᠴᠠ ᠬᠢᠨᠠᠨ ᠬᠠᠰᠤᠨ᠎ᠠ᠃ | ᠬᠤᠲᠠ᠂ ᠲᠣᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠠᠳᠠᠯᠢ ᠱᠠᠲᠤᠨ ᠤ | ᠳᠠᠭᠠᠭᠠᠯᠲᠠ ᠶᠢᠨ ᠪᠠᠶᠢᠭᠤᠯᠤᠮᠵᠢ ᠶᠢᠨ ᠬᠠᠤᠯᠢ ᠴᠠᠭᠠᠵᠠ ᠶᠢᠨ ᠵᠥᠪᠯᠡᠭᠴᠢ ᠪᠤᠶᠤ ᠲᠤᠰᠬᠠᠶ ᠵᠠᠷᠭᠤ ᠶᠢᠨ ᠬᠠᠤᠯᠢᠴᠢ | ᠤᠷᠢᠬᠤ ᠶᠢ ᠢᠳᠡᠪᠬᠢᠲᠡᠶ ᠳᠡᠮᠵᠢᠵᠦ ᠵᠢᠭᠡᠯᠡᠯᠭᠡ ᠶᠢ ᠬᠤᠷᠢᠶᠠᠨ ᠠᠪᠬᠤ ᠪᠠ ᠥᠷᠢ ᠰᠢᠷᠢ ᠶᠢ ᠢᠯᠭᠠᠷᠠᠭᠤᠯᠬᠤ ᠠᠵᠢᠯ ᠢ | ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃ | ᠬᠤᠷᠢᠨ ᠨᠢᠭᠡᠳᠦᠭᠡᠷ ᠵᠦᠢᠯ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢᠨ ᠳᠠᠩᠰᠠ ᠡᠪᠬᠡᠮᠡᠯ ᠢ | ᠳᠠᠭᠠᠭᠠᠯᠲᠠ ᠶᠢᠨ ᠪᠠᠶᠢᠭᠤᠯᠤᠮᠵᠢ ᠠᠴᠠ ᠬᠠᠮᠢᠶᠠᠷᠤᠨ᠎ᠠ᠃ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ | ᠦᠨᠡᠨᠴᠢ ᠪᠥᠭᠡᠳ ᠨᠠᠶᠢᠳᠠᠪᠤᠷᠢᠲᠠᠶ ᠪᠠᠶᠢᠵᠤ᠂ ᠵᠢᠭᠡᠯᠡᠯᠭᠡ ᠪᠠᠶᠢᠴᠠᠭᠠᠬᠤ᠂ ᠬᠢᠨᠠᠨ ᠵᠥᠪᠰᠢᠶᠡᠷᠡᠬᠦ ᠵᠡᠷᠭᠡ | ᠬᠠᠮᠢᠶᠠᠷᠤᠯᠲᠠ ᠶᠢᠨ ᠳᠠᠩᠰᠠ ᠡᠪᠬᠡᠮᠡᠯ ᠯᠦᠭᠡ ᠰᠢᠭᠤᠳ ᠠᠰᠢᠭ ᠬᠤᠤᠷ ᠤᠨ ᠬᠠᠷᠢᠴᠠᠭ᠎ᠠ ᠲᠠᠢ ᠠᠵᠢᠯ ᠢ ᠵᠡᠷᠭᠡ ᠳᠤᠨᠢ | ᠬᠢᠵᠦ ᠪᠣᠯᠬᠤ ᠦᠭᠡᠶ᠃ | ᠡᠯ᠎ᠡ ᠡᠷᠭᠢᠯᠡᠨ ᠭᠦᠢᠴᠡᠳᠬᠡᠬᠦ ᠪᠠᠩᠬᠢ ᠰᠠᠷ᠎ᠠ ᠪᠦᠷᠢ ᠶᠢᠨ 25 ᠤ ᠡᠳᠦᠷ ᠠᠴᠠ ᠡᠮᠦᠨ᠎ᠡ ᠠᠳᠠᠯᠢ ᠱᠠᠲᠤᠨ ᠤ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ︽ᠠᠳᠠᠯ ᠦᠢᠯᠡᠰ | ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠠᠵᠢᠯᠲᠠᠨ ᠤ ᠨᠡᠷᠡᠰ ᠤᠨ ᠳᠡᠪᠲᠡᠷ︾ ︵ᠳᠠᠭᠠᠯᠳᠤᠭᠤᠯᠤᠯ 4 ᠳᠤ | ᠦᠵᠡ︶ ᠢ ᠮᠡᠳᠡᠭᠦᠯᠦᠨ ᠬᠦᠷᠭᠡᠬᠦ ᠶᠢᠨ ᠬᠠᠮᠲᠤ᠂ ᠤᠯᠠᠷᠢᠯ ᠤᠨ ᠡᠴᠦᠰ ᠤᠨ 10 ᠡᠳᠦᠷ ᠤᠨ ᠳᠣᠲᠣᠷ᠎ᠠ ᠠᠳᠠᠯᠢ | ᠱᠠᠲᠤᠨ ᠤ ᠠᠷᠠᠳ ᠤᠨ ᠪᠠᠩᠬᠢ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠ ᠪᠠᠩᠬᠢ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ | ᠲᠣᠪᠴᠢᠶ᠎ᠠ ᠳᠤ ︽ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠤᠯᠠᠷᠢᠯ ᠤᠨ ᠮᠡᠳᠡᠭᠦᠯᠬᠦ | ᠬᠦᠰᠦᠨᠦᠭᠲᠦ︾ ︵ᠳᠠᠭᠠᠯᠳᠤᠭᠤᠯᠤᠯ 5 ᠳᠤ ᠦᠵᠡ︶ ᠶᠢ ᠮᠡᠳᠡᠭᠦᠯᠦᠨ ᠬᠦᠷᠭᠡᠬᠦ ᠬᠡᠷᠡᠭᠲᠡᠶ᠃ | ᠨᠠᠢᠮᠠᠳᠤᠭᠠᠷ ᠪᠦᠯᠦᠭ ᠳᠠᠭᠠᠯᠳᠤᠭᠤᠯᠤᠯ ᠳᠦᠷᠢᠮ | ᠬᠤᠷᠢᠨ ᠬᠤᠶᠠᠳᠤᠭᠠᠷ ᠵᠦᠢᠯ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠠᠪᠤᠭᠰᠠᠨ | ᠵᠢᠭᠡᠯᠡᠭᠴᠢ ᠳᠤ᠂ ᠲᠥᠷᠥ ᠶᠢᠨ ᠪᠣᠳᠣᠯᠭ᠎ᠠ ᠶᠢᠨ ᠶᠣᠰᠣᠭᠠᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠵᠣᠬᠢᠶᠠᠨ ᠪᠠᠶᠢᠭᠤᠯᠤᠨ ᠥᠷᠨᠢᠭᠦᠯᠦᠭᠰᠡᠨ ᠠᠳᠠᠯ ᠦᠢᠯᠡᠰ ᠴᠣᠭᠴᠠᠯᠠᠬᠤ | ᠪᠣᠯᠪᠠᠰᠤᠷᠠᠭᠤᠯᠤᠯ ᠳᠤ ᠣᠷᠣᠯᠴᠠᠬᠤ ᠶᠢᠨ ᠬᠠᠮᠲᠤ ᠵᠣᠬᠢᠬᠤ ᠪᠣᠯᠪᠠᠰᠤᠷᠠᠭᠤᠯᠤᠯ ᠤᠨ ᠨᠥᠬᠦᠪᠥᠷᠢ ᠬᠦᠷᠲᠡᠵᠦ | ᠪᠣᠯᠤᠨ᠎ᠠ᠃ | ᠲᠤᠰ ᠬᠡᠷᠡᠭᠵᠢᠭᠦᠯᠬᠦ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠭᠦᠨ ᠠᠴᠠ | ᠡᠮᠦᠨ᠎ᠡ ᠨᠡᠶᠢᠲᠡᠯᠡᠭᠰᠡᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠨᠢ ᠲᠤᠰ ᠠᠷᠭ᠎ᠠ ᠲᠠᠢ ᠨᠢᠭᠡᠳᠦᠯ | ᠦᠭᠡᠢ ᠪᠠᠶᠢᠪᠠᠯ᠂ ᠲᠤᠰ ᠠᠷᠭ᠎ᠠ ᠪᠠᠷ ᠪᠠᠷᠢᠮᠵᠢᠶ᠎ᠠ ᠪᠣᠯᠭᠠᠨ᠎ᠠ︔ ᠲᠤᠰ ᠠᠷᠭ᠎ᠠ ᠳᠤ ᠰᠢᠨ᠎ᠡ ᠲᠣᠳᠣᠷᠬᠠᠢ | ᠲᠣᠭᠲᠠᠭᠠᠭᠰᠠᠨ ᠦᠭᠡᠢ ᠪᠣᠯ᠂ ᠮᠥᠨ ᠬᠦ ᠤᠤᠯ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ | ᠬᠡᠷᠡᠭᠵᠢᠭᠦᠯᠬᠦ ᠬᠡᠷᠡᠭᠲᠡᠢ᠃ | |