ᠦᠬᠠᠢ ᠬᠤᠲᠠ ᠶᠢᠨ ᠬᠠᠤᠯᠢ ᠶᠣᠰᠣᠭᠠᠷ ᠣᠷᠣᠨ ᠢᠶᠠᠨ ᠵᠠᠰᠠᠬᠤ ᠠᠯᠪᠠᠨ ᠵᠠᠰᠠᠭ ᠲᠠᠷᠬᠠᠭᠠᠭᠰᠠᠨ ﹇2023﹈ 5 | ᠳ᠋ᠤᠭᠠᠷ ᠲᠣᠭᠠᠲᠤ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠤᠱᠯᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶ ᠠᠬᠢᠭᠤᠯᠤᠨ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠢ ᠪᠥᠬᠦ ᠲᠠᠯ᠎ᠠ ᠪᠠᠷ ᠪᠠᠶᠢᠭᠤᠯᠬᠤ ᠶᠢᠨ ᠲᠤᠰᠠᠳᠠ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 - 2025 ᠣᠨ︶︾ ᠶᠢ ᠦᠨᠳᠦᠰᠦᠯᠡᠨ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ | ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 - 2025 ᠣᠨ︶﹀ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠳᠠᠷᠤᠮᠠᠯᠯᠠᠨ ᠲᠠᠷᠬᠠᠭᠠᠭᠰᠠᠨ ︽ᠦᠬᠠᠶ ᠬᠤᠲᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵2021 - 2025 ᠣᠨ︶︾ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠯᠥᠪᠯᠡᠭᠡ ᠶᠢ | ᠲᠣᠭᠲᠠᠭᠠᠪᠠ᠃ | ᠨᠢᠭᠡ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ | ︵ᠨᠢᠭᠡ︶ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠰᠢᠯᠢᠳᠡᠭᠵᠢᠭᠦᠯᠬᠦ | ᠬᠠᠮᠵᠢᠯᠴᠠᠬᠤ ᠥᠨᠳᠥᠷ ᠪᠦᠲᠦᠮᠵᠢᠲᠡᠶ ᠪᠠᠶᠢᠬᠤ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠡᠭᠦᠷᠭᠡ | ᠬᠠᠷᠢᠭᠤᠴᠠᠯᠭ᠎ᠠ ᠶᠢᠨ ᠰᠢᠰᠲ᠋ᠧᠮᠵᠢ ᠪᠣᠯᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ | ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠮᠡᠳᠡᠯ᠂ ᠳᠡᠰ ᠳᠠᠷᠠᠭᠠᠯᠠᠯ᠂ ᠬᠠᠷᠢᠭᠤᠴᠠᠯᠭ᠎ᠠ ᠶᠢᠨ | ᠬᠠᠤᠯᠢᠵᠢᠭᠤᠯᠤᠯᠲᠠ ᠶᠢ ᠠᠬᠢᠭᠤᠯᠤᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠵᠤ᠂ ᠵᠠᠰᠠᠭ | ᠵᠠᠬᠢᠷᠭᠠᠨ ᠤ ᠦᠷ᠎ᠡ ᠪᠦᠲᠦᠮᠵᠢ ᠪᠣᠯᠤᠨ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠠᠵᠢᠯ | ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ | ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ | ᠬᠥᠳᠡᠯᠦᠩᠭᠦᠶ ᠪᠠᠷ ᠳᠣᠭᠢᠷᠠᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠡᠭᠦᠯᠳᠡᠷᠵᠢᠭᠦᠯᠦᠨ᠂ ᠠᠳᠠᠯᠢ ᠨᠢᠭᠡᠨ ᠵᠦᠢᠯᠡᠰ ᠤᠨ ᠨᠡᠷᠡᠶᠢᠳᠦᠯ᠂ | ᠳ᠋ᠤᠭᠠᠷᠯᠠᠯ᠂ ᠦᠨᠳᠦᠰᠦᠯᠡᠯ᠂ ᠲᠥᠷᠥᠯ ᠬᠡᠯᠪᠡᠷᠢ ᠶᠢᠨ ᠨᠢᠭᠡᠳᠦᠯ ᠢ ᠪᠡᠶᠡᠯᠡᠭᠦᠯᠦᠨ᠎ᠡ᠃ ᠤᠯᠤᠰ᠂ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢ ᠴᠢᠩᠭ᠎ᠠ ᠬᠡᠷᠡᠭᠵᠢᠭᠦᠯᠵᠦ᠂ ︽ᠴᠠᠭᠠᠵᠠᠯᠠᠬᠤ | ᠥᠬᠡᠶ ᠪᠣᠯ ᠣᠷᠣᠭᠤᠯᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ︵ᠬᠤᠶᠠᠷ︶ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠭᠦᠨᠵᠡᠬᠡᠢ ᠠᠬᠢᠭᠤᠯᠤᠨ᠎ᠠ᠃ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠳᠠᠭᠠᠭᠠᠨ ᠠᠪᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ | ᠲᠥᠷᠥᠯ ᠤᠨ ᠬᠢᠷᠢ ᠬᠡᠮ ᠤᠨ ᠵᠥᠪᠰᠢᠶᠡᠷᠡᠯ ᠤᠨ ᠵᠦᠢᠯᠡᠰ ᠢ ᠨᠡᠶᠢᠯᠡᠭᠦᠯᠦᠨ ᠪᠠᠭᠠᠰᠬᠠᠵᠤ᠂ ᠵᠥᠪᠰᠢᠶᠡᠷᠡᠨ ᠣᠷᠣᠭᠤᠯᠬᠤ | ᠪᠠᠷᠢᠮᠵᠢᠶ᠎ᠠ ᠶᠢ ᠳᠣᠷᠣᠭᠰᠢᠯᠠᠭᠤᠯᠤᠨ᠎ᠠ᠃ ᠪᠦᠬᠦ ᠤᠯᠤᠰ ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢᠨ ᠳᠦᠷᠢᠮ | ᠪᠣᠯᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠪᠠᠭᠲᠠᠭᠠᠮᠵᠢᠲᠠᠶ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠬᠦ ᠬᠡᠷᠡᠭᠲᠡᠶ᠃ ᠲᠣᠭᠤᠷᠢᠭ ᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠦᠢᠯᠡᠴᠢᠯᠡᠭᠡᠨ ᠤ ᠵᠦᠢᠯᠡᠰ ᠢ ᠣᠷᠣᠭᠤᠯᠬᠤ ᠶᠣᠰᠣᠲᠠᠶ ᠶᠢ ᠨᠢ ᠵᠠᠪᠠᠯ ᠣᠷᠣᠭᠤᠯᠬᠤ ᠶᠢ ᠠᠬᠢᠭᠤᠯᠵᠤ᠂ ︽ᠨᠢᠭᠡ | ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠲᠠᠰ ᠳᠡᠪᠰᠢᠭᠰᠡᠨ ᠬᠡᠪ ᠢ ᠪᠣᠶ ᠪᠣᠯᠭᠠᠨ᠎ᠠ᠃ | ︵ᠭᠤᠷᠪᠠ︶ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠦᠨ᠎ᠡ᠃ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠥᠮᠴᠢᠯᠡᠬᠦ ᠡᠷᠬᠡ᠂ ᠪᠡᠶ᠎ᠡ ᠪᠠᠨ ᠳᠠᠭᠠᠭᠠᠵᠤ ᠡᠵᠡᠩᠨᠡᠬᠦ ᠡᠷᠬᠡ ᠪᠠ ᠬᠠᠤᠯᠢ ᠳᠤ ᠨᠡᠶᠢᠴᠡᠬᠦ ᠪᠤᠰᠤᠳ ᠡᠷᠬᠡ ᠠᠰᠢᠭ ᠢ | ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠤ | ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ᠂ ᠪᠠᠶᠢᠴᠠᠭᠠᠬᠤ᠂ ᠲᠡᠰᠬᠡᠨ ᠲᠠᠲᠠᠪᠤᠷᠢᠯᠠᠬᠤ ᠵᠦᠢᠯᠡᠰ ᠪᠠ | ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠦᠭᠰᠡᠨ ᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ | ᠢᠯᠭᠠᠷᠠᠭᠤᠯᠬᠤ ᠬᠡᠷᠡᠭᠲᠡᠶ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ | ᠰᠢᠨ᠎ᠡ ᠬᠡᠯᠪᠡᠷᠢ ᠶᠢᠨ ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ ᠪᠠ ᠠᠵᠢᠯ ᠲᠥᠷᠥᠯ ᠤᠨ ᠨᠡᠶᠢᠭᠡᠮᠯᠢᠭ | ᠬᠤᠳᠠᠯᠳᠤᠭᠠᠴᠢᠳ ᠤᠨ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠤᠨ᠂ ᠰᠠᠨᠠᠯ ᠪᠠ ᠰᠠᠨᠠᠭᠤᠯᠭ᠎ᠠ ᠶᠢ ᠭᠦᠢᠴᠡᠳ | ᠰᠣᠨᠣᠰᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠵᠠᠰᠠᠭ ᠤᠨ ᠣᠷᠳᠣᠨ ᠤ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠵᠠᠰᠠᠵᠤ᠂ ᠵᠠᠯᠬᠠᠭᠠᠨ ᠰᠢᠳᠬᠡᠬᠦ ᠪᠠ | ᠢᠯᠡᠴᠢᠯᠡᠬᠦ ᠡᠷᠴᠢᠮ ᠢ ᠴᠢᠩᠭᠠᠷᠠᠭᠤᠯᠤᠨ᠎ᠠ᠃ ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ | ᠴᠢᠩᠭᠠᠳᠬᠠᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ | ᠨᠠᠶᠢᠳᠠᠪᠤᠷᠢᠵᠢᠭᠤᠯᠤᠨ᠎ᠠ᠃ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠦᠨ᠎ᠡ᠃ | ᠬᠤᠶᠠᠷ᠂ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠤᠨ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠶ | ︵ᠲᠦᠷᠪᠡ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠤᠭᠲᠠᠭᠠᠬᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠳᠡᠰ ᠳᠠᠷᠠᠭᠠᠯᠠᠯ ᠤᠨ | ᠲᠦᠷᠢᠮ ᠢ ᠴᠢᠩᠳᠠᠯᠠᠵᠤ᠂ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ᠂ ᠳᠡᠩᠰᠡᠯᠡᠵᠦ ᠬᠢᠨᠠᠨ ᠪᠠᠶᠢᠴᠠᠭᠠᠵᠤ | ᠬᠢᠨᠠᠯᠲᠠ ᠲᠠᠯᠪᠢᠬᠤ ᠶᠢ ᠴᠢᠩᠭᠠᠳᠬᠠᠨ᠂ ᠬᠠᠤᠯᠢ ᠴᠠᠭᠠᠵᠠ ᠶᠢᠨ ᠵᠥᠪᠯᠡᠭᠴᠢ ᠶᠢᠨ ᠬᠠᠮᠵᠢᠯᠴᠠᠨ ᠬᠢᠨᠠᠨ ᠪᠠᠶᠢᠴᠠᠭᠠᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ | ᠢᠯᠭᠠᠷᠠᠭᠤᠯᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠭᠤᠷᠪᠠ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠤᠨ ᠰᠢᠰᠲ᠋ᠧᠮᠵᠢ ᠶᠢ | ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ | ︵ᠲᠠᠪᠤ︶ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠵᠡᠯ ᠤᠬᠠᠮᠰᠠᠷ ᠢ | ᠴᠢᠩᠭᠠᠷᠠᠭᠤᠯᠤᠨ᠎ᠠ᠃ ᠬᠠᠤᠯᠢ ᠳᠤ ᠲᠣᠭᠲᠠᠭᠠᠭᠰᠠᠨ ᠡᠷᠬᠡ ᠮᠡᠳᠡᠯ ᠪᠠ ᠵᠢᠷᠤᠮ ᠢ ᠴᠢᠩᠭ᠎ᠠ ᠵᠢᠷᠤᠮᠯᠠᠨ ᠰᠢᠢᠳᠪᠦᠷᠢᠲᠦ | ᠪᠤᠳᠤᠯᠭ᠎ᠠ ᠲᠣᠭᠲᠠᠭᠠᠵᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠣᠭᠤᠮᠲᠠ ᠶᠢ ᠴᠢᠩᠭ᠎ᠠ ᠠᠳᠬᠤᠨ᠎ᠠ᠃ | ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠲᠡᠭᠦᠯᠳᠡᠷᠵᠢᠭᠦᠯᠵᠦ᠂ ᠵᠠᠰᠠᠭ ᠤᠨ | ᠣᠷᠳᠣᠨ ᠤ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠤᠨ᠎ᠠ᠃ ᠰᠶᠢᠳᠪᠦᠷᠢᠲᠦ | ᠪᠣᠳᠣᠯᠭ᠎ᠠ ᠲᠣᠭᠲᠠᠭᠠᠬᠤ ᠵᠢᠷᠤᠮ ᠤᠨ ᠳᠦᠷᠢᠮ ᠢ ᠵᠢᠷᠤᠮᠯᠠᠬᠤ ᠡᠰᠡᠬᠦ᠂ ᠬᠠᠤᠯᠢ ᠶᠣᠰᠣᠭᠠᠷ ᠰᠶᠢᠳᠪᠦᠷᠢᠲᠦ ᠪᠣᠳᠣᠯᠭ᠎ᠠ | ᠲᠣᠭᠲᠠᠭᠠᠬᠤ ᠶᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠨᠠᠮ ᠤᠨ ᠳᠤᠭᠤᠶᠢᠯᠠᠩ ︵ᠨᠠᠮ ᠤᠨ ᠬᠤᠷᠢᠶ᠎ᠠ︶︶ | ᠴᠠᠭᠳᠠᠨ ᠪᠠᠶᠢᠴᠠᠭᠠᠬᠤ ᠶᠢ ᠥᠷᠨᠢᠭᠦᠯᠬᠦ ᠪᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠤᠳᠤᠷᠢᠳᠬᠤ ᠪᠠᠭ ᠵᠢᠴᠢ ᠭᠤᠣᠯ | ᠬᠠᠷᠢᠭᠤᠴᠠᠯᠭᠠᠲᠠᠨ ᠳᠤ ᠬᠢᠨᠠᠨ ᠰᠢᠯᠭᠠᠵᠤ ᠰᠢᠮᠳᠠᠭᠤᠯᠤᠨ ᠪᠠᠶᠢᠴᠠᠭᠠᠬᠤ᠂ ᠠᠵᠤ ᠠᠬᠤᠢ ᠶᠢᠨ ᠬᠠᠷᠢᠭᠤᠴᠠᠯᠭ᠎ᠠ ᠶᠢ | ᠬᠢᠨᠠᠨ ᠪᠤᠳᠤᠬᠤ ᠴᠢᠬᠤᠯᠠ ᠠᠭᠤᠯᠭ᠎ᠠ ᠥᠷᠨᠢᠭᠦᠯᠦᠨ᠎ᠡ᠃ | ︵ᠵᠢᠷᠭᠤᠭ᠎ᠠ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ | ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠣᠨ ᠤ ᠭᠠᠷᠴᠠᠭ ᠢ ᠢᠯᠡ ᠪᠣᠯᠭᠠᠬᠤ ᠲᠦᠷᠢᠮ ᠢ | ᠨᠠᠶᠢᠳᠠᠪᠤᠷᠢᠵᠢᠭᠤᠯᠤᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢ ᠲᠡᠮᠳᠡᠭᠯᠡᠬᠦ ᠪᠠ ᠮᠠᠲ᠋ᠧᠷᠢᠶᠠᠯ ᠢ ᠲᠠᠩᠰᠠ | ᠡᠪᠬᠡᠮᠡᠯ ᠳᠤ ᠣᠷᠣᠭᠤᠯᠬᠤ ᠲᠦᠷᠢᠮ ᠢ ᠪᠦᠷᠢᠨᠰᠢᠭᠦᠯᠦᠨ᠎ᠡ᠃ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ | ᠲᠤᠰᠠ ᠳᠤ ᠬᠤᠯᠪᠣᠭᠳᠠᠬᠤ ᠴᠢᠬᠤᠯᠠ ᠲᠥᠯᠥᠪᠵᠢᠭᠦᠯᠭᠡ᠂ ᠴᠢᠬᠤᠯᠠ ᠶᠡᠭᠡ ᠣᠯᠠᠨ ᠨᠡᠶᠢᠲᠡ ᠶᠢᠨ ᠲᠥᠷᠥ ᠶᠢᠨ | ᠪᠣᠳᠣᠯᠭ᠎ᠠ ᠪᠠ ᠠᠷᠭ᠎ᠠ ᠬᠡᠮᠵᠢᠶ᠎ᠡ᠂ ᠴᠢᠬᠤᠯᠠ ᠶᠡᠭᠡ ᠣᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠵᠡᠷᠭᠡ ᠳᠤ ᠰᠠᠨᠠᠭᠠᠴᠢᠯᠠᠭ᠎ᠠ ᠠᠴᠠ ᠪᠠᠨ ᠰᠠᠨᠠᠯ ᠰᠣᠨᠣᠰᠬᠤ ᠬᠤᠷᠠᠯ᠂ ᠰᠠᠨᠠᠯ ᠬᠤᠷᠢᠶᠠᠬᠤ ᠬᠤᠷᠠᠯ ᠵᠡᠷᠭᠡ | ᠬᠡᠯᠪᠡᠷᠢ ᠪᠠᠷ ᠳᠠᠮᠵᠢᠨ᠂ ᠣᠯᠠᠨ ᠨᠡᠶᠢᠲᠡ ᠶᠢᠨ ᠣᠷᠣᠯᠴᠠᠬᠤ ᠪᠠ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ | ᠡᠷᠴᠢᠮ ᠢ ᠨᠡᠮᠡᠭᠳᠡᠭᠦᠯᠬᠦ ᠬᠡᠷᠡᠭᠲᠡᠶ᠃ | ︵ᠳᠤᠯᠤᠭ᠎ᠠ︶ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠪᠠ ᠦᠨᠡᠯᠡᠨ ᠵᠢᠱᠢᠬᠦ ᠶᠢ | ᠴᠢᠩᠭᠠᠳᠬᠠᠨ᠎ᠠ᠃ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢ | ᠲᠡᠭᠦᠯᠳᠡᠷᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠨᠠᠰᠤᠨ ᠲᠤᠷᠰᠢᠳᠠ | ᠬᠠᠷᠢᠭᠤᠴᠠᠯᠭ᠎ᠠ ᠨᠡᠬᠡᠮᠵᠢᠯᠡᠬᠦ ᠳᠦᠷᠢᠮ ᠪᠣᠯᠤᠨ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠶ᠃ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠮᠢᠶᠠᠷᠤᠯᠲᠠ | ᠬᠢᠨᠠᠯᠲᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠶᠤᠨᠴᠢᠯᠠᠭᠰᠠᠨ | ᠨᠢᠭᠡ ᠴᠣᠭᠴᠠᠵᠢᠭᠰᠠᠨ ᠲᠠᠪᠴᠠᠩ ᠢ ᠠᠰᠢᠭᠯᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ | ᠴᠠᠭ ᠲᠤᠬᠠᠶ ᠳᠤᠨᠢ ᠮᠡᠳᠡᠭᠦᠯᠦᠨ ᠳᠠᠩᠰᠠᠯᠠᠭᠤᠯᠤᠨ᠎ᠠ᠃ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ | ᠦᠨᠡᠯᠡᠨ ᠵᠢᠱᠢᠬᠦ ᠳᠦᠷᠢᠮ ᠢ ᠨᠠᠶᠢᠳᠠᠪᠤᠷᠢᠵᠢᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ | ᠦᠨᠡᠯᠡᠨ ᠵᠢᠱᠢᠭᠰᠡᠨ ᠦᠷ᠎ᠡ ᠳ᠋ᠦᠩ ᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠲᠣᠬᠢᠷᠠᠭᠤᠯᠤᠯᠲᠠ ᠬᠢᠬᠦ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ | ᠳᠥᠷᠪᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ | ︵ᠨᠠᠢᠮᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠠᠮᠢᠶ᠎ᠠ ᠪᠥᠬᠦᠶ ᠠᠵᠢᠯ ᠲᠥᠷᠥᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ | ᠬᠤᠭᠤᠷᠣᠨᠳᠣᠬᠢ ᠵᠣᠬᠢᠴᠠᠯᠳᠤᠨ ᠬᠠᠮᠵᠢᠯᠴᠠᠬᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ | ᠪᠦᠷᠢᠨᠰᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ︾ ᠢ ᠬᠢᠨᠠᠮᠠᠭᠠᠶ ᠲᠤᠤᠱᠯᠠᠭᠤᠯᠵᠤ᠂ ᠪᠠᠯᠭᠠᠰᠤ | ︵ᠵᠡᠭᠡᠯᠢ ᠭᠤᠳᠤᠮᠵᠢ︶ ᠬᠢᠭᠡᠳ ᠲᠣᠭᠤᠷᠢᠭ ᠤᠨ ᠱᠠᠲᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠤᠭᠤᠷᠣᠨᠳᠣᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠢ ᠰᠢᠯᠵᠢᠭᠦᠯᠦᠨ ᠬᠦᠷᠭᠡᠬᠦ ᠵᠢᠴᠢ ᠵᠣᠬᠢᠴᠠᠭᠤᠯᠤᠨ | ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠦᠨ᠎ᠡ᠃ | ︵ᠶᠢᠰᠦ︶ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ | ᠢᠳᠡᠭᠡᠨ ᠤ ᠵᠦᠢᠯ ᠡᠮ ᠤᠨ ᠵᠦᠢᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠶᠢᠭᠠᠯᠢ ᠶᠢᠨ ᠡᠬᠢ ᠪᠠᠶᠠᠯᠢᠭ᠂ | ᠠᠮᠢ ᠠᠬᠤᠶ ᠶᠢᠨ ᠣᠷᠴᠢᠨ ᠲᠣᠭᠤᠷᠢᠨ᠂ ᠠᠶᠤᠯ ᠦᠭᠡᠶ ᠦᠢᠯᠡᠳᠪᠦᠷᠢᠯᠡᠯ᠂ ᠬᠥᠳᠡᠯᠮᠦᠷᠢ ᠶᠢᠨ ᠪᠠᠲᠤᠯᠠᠭ᠎ᠠ᠂ | ᠬᠤᠲᠠ ᠶᠢᠨ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠬᠥᠮᠦᠵᠢᠯ | ᠪᠣᠯᠪᠠᠰᠤᠷᠠᠭᠤᠯᠤᠯ᠂ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠵᠡᠷᠭᠡ ᠣᠯᠠᠨ ᠲᠦᠮᠡᠨ ᠤ ᠠᠮᠢ ᠪᠡᠶ᠎ᠡ ᠶᠢᠨ ᠠᠰᠢᠭ | ᠲᠤᠰᠠ ᠳᠤ ᠬᠤᠯᠪᠣᠭᠳᠠᠬᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠬᠠᠤᠯᠢ ᠬᠡᠷᠡᠭᠵᠢᠭᠦᠯᠬᠦ ᠡᠷᠴᠢᠮ ᠢᠶᠠᠨ | ᠨᠡᠮᠡᠭᠳᠡᠭᠦᠯᠬᠦ ᠬᠡᠷᠡᠭᠲᠡᠶ᠃ ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ | ᠵᠠᠮ ᠬᠠᠷᠢᠯᠴᠠᠭᠠᠨ ᠤ ᠠᠮᠤᠷ ᠲᠦᠪᠰᠢᠨ ᠪᠠ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ | ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ | ︵ᠠᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠲᠡᠭᠦᠯᠳᠡᠷᠵᠢᠭᠦᠯᠦᠨ᠎ᠡ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ︽ᠭᠤᠷᠪᠠᠨ ᠵᠦᠢᠯ ᠤᠨ ᠳᠦᠷᠢᠮ ︾ ᠢ ᠴᠢᠩᠭ᠎ᠠ ᠬᠡᠷᠡᠭᠵᠢᠭᠦᠯᠵᠦ ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠪᠠ ᠬᠢᠷᠢ | ᠭᠡᠮ ᠤᠨ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠬᠠᠤᠯᠢ ᠳᠦᠷᠢᠮ ᠤᠨ ᠬᠢᠨᠠᠨ | ᠬᠠᠷᠭᠤᠭᠤᠯᠬᠤ ᠠᠵᠢᠯᠲᠠᠨ ᠢ ᠲᠣᠬᠢᠷᠠᠭᠤᠯᠵᠤ᠂ ᠬᠢᠨᠠᠨ ᠬᠠᠷᠭᠤᠭᠤᠯᠬᠤ ᠭᠠᠷᠴᠠᠭ ᠤᠨ ᠨᠠᠷᠢᠨ ᠬᠠᠭᠤᠳᠠᠰᠤ ᠶᠢ | ᠲᠣᠭᠲᠠᠭᠠᠨ᠎ᠠ᠃ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠲᠦᠷᠢᠮ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠬᠦᠷᠭᠡᠬᠦ ᠲᠦᠷᠢᠮ ᠢ | ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠬᠡᠪᠴᠢᠶ᠎ᠡ᠂ ᠲᠥᠷᠥᠯ ᠵᠦᠢᠯ᠂ ᠬᠡᠮᠵᠢᠶ᠎ᠡ ᠶᠢ | ᠵᠢᠷᠤᠮᠵᠢᠭᠤᠯᠤᠨ ᠨᠡᠶᠢᠲᠡᠯᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠡᠮᠬᠢᠯᠡᠨ ᠲᠢᠭᠯᠡᠵᠦ᠂ | ᠵᠢᠷᠤᠮᠵᠢᠭᠤᠯᠵᠤ᠂ ᠴᠣᠮᠬᠠᠳᠬᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠪᠠ | ᠰᠢᠳᠬᠡᠯ ᠢ ᠵᠢᠷᠤᠮᠵᠢᠭᠤᠯᠤᠨ᠂ ᠨᠢᠭᠡ ᠯᠡ ᠤᠳᠠᠭ᠎ᠠ ᠶᠢᠨ ᠴᠢᠨᠠᠷᠲᠠᠢ ᠮᠡᠳᠡᠭᠳᠡᠬᠦ ᠳᠦᠷᠢᠮ ᠢ ᠨᠠᠶᠢᠳᠠᠪᠤᠷᠢᠵᠢᠭᠤᠯᠵᠤ᠂ | ᠵᠠᠰᠠᠭ ᠵᠠᠬᠢᠷᠭᠠᠨ ᠤ ᠬᠠᠷᠢᠴᠠᠩᠭᠤᠢ ᠬᠥᠮᠥᠨ ᠤ ᠲᠣᠭᠠᠴᠢᠨ ᠶᠠᠷᠢᠬᠤ᠂ ᠵᠥᠪᠲᠥᠭᠡᠨ ᠲᠣᠳᠣᠷᠬᠠᠶᠢᠯᠠᠬᠤ᠂ ᠭᠡᠷᠡᠴᠢᠯᠡᠭᠡ | ᠰᠣᠨᠣᠰᠬᠤ ᠭᠤᠶᠤᠴᠢᠯᠠᠯ ᠭᠠᠷᠭᠠᠬᠤ ᠵᠡᠷᠭᠡ ᠡᠷᠬᠡ ᠶᠢ ᠬᠠᠤᠯᠢ ᠶᠣᠰᠣᠭᠠᠷ ᠪᠠᠲᠤᠯᠠᠨ᠎ᠠ᠃ | ︵ᠠᠷᠪᠠᠨ ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ | ᠢᠳᠬᠠᠨ ᠰᠤᠷᠭᠠᠬᠤ᠂ ᠢᠳᠬᠠᠨ ᠰᠤᠷᠭᠠᠵᠤ ᠵᠢᠱᠢᠶ᠎ᠡ ᠦᠵᠡᠭᠦᠯᠬᠦ᠂ ᠰᠡᠷᠡᠮᠵᠢᠯᠡᠭᠦᠯᠦᠨ ᠰᠡᠷᠡᠮᠵᠢᠯᠡᠭᠦᠯᠬᠦ᠂ ᠪᠣᠯᠵᠣᠨ | ᠶᠠᠷᠢᠯᠴᠠᠬᠤ ᠵᠡᠷᠭᠡ ᠬᠠᠤᠯᠢ ᠬᠡᠷᠡᠭᠵᠢᠭᠦᠯᠬᠦ ᠤᠶᠠᠨ ᠬᠠᠲᠠᠨ ᠠᠷᠭ᠎ᠠ ᠮᠠᠶ᠋ᠢᠭ ᠢ ᠥᠷᠭᠡᠨ ᠢᠶᠠᠷ ᠬᠡᠷᠡᠭᠯᠡᠨ᠎ᠡ ᠃ | ︽ᠲᠣᠷᠭᠠᠬᠤ ᠠᠴᠠ ᠬᠡᠯᠲᠦᠷᠢᠭᠦᠯᠬᠦ︾ ᠨᠠᠷᠢᠨ ᠬᠠᠭᠤᠳᠠᠰᠤ ᠪᠠ ︽ᠬᠦᠩᠭᠡᠨ ᠢᠶᠠᠷ ᠲᠣᠷᠭᠠᠬᠤ︾ ᠨᠠᠷᠢᠨ | ᠬᠠᠭᠤᠳᠠᠰᠤ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ | ᠵᠢᠱᠢᠶ᠎ᠡ ᠶᠢᠨ ᠵᠢᠯᠣᠭᠤᠳᠬᠤ ᠳᠦᠷᠢᠮ ᠢ ᠪᠠᠶᠢᠭᠤᠯᠵᠤ᠂ ᠵᠢᠯᠣᠭᠤᠳᠬᠤ ᠬᠡᠷᠡᠭ ᠤᠨ ᠵᠢᠱᠢᠶ᠎ᠡ ᠶᠢ ᠲᠣᠭᠲᠠᠮᠠᠯ | ᠬᠤᠭᠤᠴᠠᠭ᠎ᠠ ᠲᠠᠢ ᠪᠠᠷ ᠨᠡᠶᠢᠲᠡᠯᠡᠨ᠎ᠡ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ | ᠬᠠᠷᠢᠭᠤᠴᠠᠯᠭ᠎ᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠡᠷᠡᠭ ᠢᠶᠠᠷ ᠬᠠᠤᠯᠢ ᠶᠢ | ᠲᠠᠶᠢᠯᠪᠤᠷᠢᠯᠠᠬᠤ ᠶᠢ ᠦᠷᠭᠦᠯᠵᠢᠯᠡᠨ ᠴᠢᠩᠭᠠᠳᠬᠠᠨ᠎ᠠ᠃ | ᠲᠠᠪᠤ᠂ ᠭᠡᠨᠡᠳᠲᠡ ᠶᠢᠨ ᠬᠡᠷᠡᠭ ᠢ ᠠᠷᠭᠠᠴᠠᠬᠤ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠶ | ︵ᠠᠷᠪᠠᠨ ᠬᠤᠶᠠᠷ︶ ᠭᠡᠨᠡᠳᠲᠡ ᠶᠢᠨ ᠬᠡᠷᠡᠭ ᠢ ᠠᠷᠭᠠᠴᠠᠬᠤ ᠳᠦ᠋ᠷᠢᠮ ᠢ ᠲᠡᠭᠦᠯᠳᠡᠷᠵᠢᠭᠦᠯᠬᠦ ᠬᠡᠷᠡᠭᠲᠡᠶ᠃ | ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠦᠯ ᠤᠨ ᠰᠢᠰᠲ᠋ᠧᠮᠵᠢ ᠶᠢ ᠪᠦᠷᠢᠨᠰᠢᠭᠦᠯᠵᠦ᠂ ᠭᠡᠨᠡᠳᠲᠡ | ᠡᠭᠦᠰᠬᠦ ᠬᠡᠷᠡᠭ ᠢ ᠠᠷᠭᠠᠴᠠᠬᠤ ᠶᠡᠷᠦᠩᠬᠡᠶᠢᠯᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠭᠡᠨᠡᠳᠲᠡ | ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠡᠯ᠎ᠡ ᠲᠥᠷᠥᠯ ᠤᠨ ᠲᠤᠰᠬᠠᠶ ᠵᠦᠢᠯ ᠤᠨ | ᠤᠷᠢᠳᠴᠢᠯᠠᠭᠰᠠᠨ ᠬᠡᠷᠡᠭ ᠢ ᠲᠡᠭᠦᠯᠳᠡᠷᠵᠢᠭᠦᠯᠦᠨ᠎ᠡ᠃ ᠭᠡᠨᠡᠳᠲᠡ ᠶᠢᠨ ᠬᠡᠷᠡᠭ ᠢ ᠬᠢᠨᠠᠨ ᠬᠡᠮᠵᠢᠵᠦ ᠰᠡᠷᠡᠮᠵᠢᠯᠡᠭᠦᠯᠬᠦ᠂ | ᠮᠡᠳᠡᠭᠡ ᠵᠠᠩᠭᠢ ᠶᠢᠨ ᠮᠡᠳᠡᠭᠦᠯᠦᠯᠲᠡ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ᠂ ᠰᠡᠷᠭᠦᠭᠡᠵᠦ ᠳᠠᠬᠢᠨ | ᠪᠠᠶᠢᠭᠤᠯᠬᠤ᠂ ᠪᠠᠶᠢᠴᠠᠭᠠᠵᠤ ᠦᠨᠡᠯᠡᠨ ᠵᠢᠱᠢᠬᠦ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠤᠨ ᠪᠠᠶᠢᠳᠠᠯ ᠳᠣᠣᠷ᠎ᠠ | ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ᠂ ᠠᠪᠤᠷᠠᠨ ᠲᠤᠰᠠᠯᠠᠬᠤ᠂ ᠨᠦᠬᠦᠪᠦᠷᠢ ᠥᠭᠬᠦ ᠳᠦᠷᠢᠮ ᠢ ᠲᠡᠭᠦᠯᠳᠡᠷᠵᠢᠭᠦᠯᠬᠦ | ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠴᠢᠬᠤᠯᠠ ᠡᠳ᠋ ᠪᠠᠷᠠᠭ᠎ᠠ ᠶᠢᠨ ᠬᠢᠨᠠᠯᠲᠠ ᠬᠠᠮᠢᠶᠠᠷᠤᠯᠲᠠ᠂ | ᠦᠢᠯᠡᠳᠪᠦᠷᠢᠯᠡᠬᠦ᠂ ᠨᠥᠭᠡᠴᠡᠯᠡᠬᠦ᠂ ᠲᠣᠬᠢᠷᠠᠭᠤᠯᠬᠤ ᠪᠠ ᠪᠠᠴᠢᠮ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠬᠤᠪᠢ | ᠬᠥᠮᠦᠨ ᠤ ᠮᠡᠳᠡᠭᠡ ᠵᠠᠩᠭᠢ ᠴᠤᠭᠯᠠᠭᠤᠯᠬᠤ᠂ ᠬᠡᠷᠡᠭᠯᠡᠬᠦ ᠶᠢ ᠵᠢᠷᠤᠮᠵᠢᠭᠤᠯᠬᠤ ᠬᠡᠷᠡᠭᠲᠡᠶ᠃ | ︵ᠠᠷᠪᠠᠨ ᠭᠤᠷᠪᠠ︶ ᠭᠡᠨᠡᠳᠲᠡ ᠶᠢᠨ ᠬᠡᠷᠡᠭ ᠢ ᠬᠠᠤᠯᠢ ᠶᠣᠰᠤᠭᠠᠷ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠰᠢᠢᠳᠪᠦᠷᠢᠯᠡᠬᠦ ᠳᠡᠰ ᠳᠠᠷᠠᠭᠠᠯᠠᠯ ᠪᠠ ᠵᠣᠬᠢᠴᠠᠭᠤᠯᠤᠨ ᠬᠠᠮᠲᠤᠷᠠᠨ | ᠬᠥᠳᠡᠯᠦᠯᠴᠡᠬᠦ ᠲᠣᠭᠲᠠᠴᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ | ᠥᠷᠨᠢᠭᠦᠯᠵᠦ᠂ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠪᠠ ᠲᠦᠭᠰᠢᠭᠦᠷᠢ ᠶᠢᠨ | ᠨᠡᠪᠲᠡᠷᠡᠯᠴᠡᠭᠡ ᠶᠢ ᠴᠢᠩᠭᠠᠳᠬᠠᠨ᠎ᠠ᠃ ᠭᠡᠨᠡᠳᠲᠡ ᠶᠢᠨ ᠬᠡᠷᠡᠭ ᠢ ᠠᠰᠢᠭᠯᠠᠨ ᠨᠡᠶᠢᠭᠡᠮ ᠤᠨ ᠡᠮᠬᠢ ᠵᠢᠷᠤᠮ ᠢ | ᠰᠠᠮᠠᠭᠤᠷᠠᠭᠤᠯᠤᠭᠰᠠᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠪᠠᠴᠢᠮ ᠪᠠᠶᠢᠳᠠᠯ ᠢ | ᠠᠷᠭᠠᠴᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠬᠥᠮᠦᠵᠢᠯ ᠪᠣᠯᠪᠠᠰᠤᠷᠠᠭᠤᠯᠤᠯ᠂ ᠤᠬᠠᠭᠤᠯᠤᠨ | ᠲᠦᠭᠡᠮᠡᠯᠵᠢᠭᠦᠯᠬᠦ ᠶᠢ ᠴᠢᠩᠭᠠᠳᠬᠠᠨ᠎ᠠ᠃ | ︵ᠠᠷᠪᠠᠨ ᠳᠥᠷᠪᠡ︶ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠣᠯᠤᠨ ᠨᠡᠶᠢᠭᠡᠮ ᠤᠨ ᠬᠦᠴᠦᠨ ᠢ | ᠵᠢᠯᠣᠭᠤᠳᠤᠨ ᠵᠢᠷᠤᠮᠵᠢᠭᠤᠯᠵᠤ ᠭᠡᠨᠡᠳᠲᠡ ᠶᠢᠨ ᠬᠡᠷᠡᠭ ᠢ ᠠᠷᠭᠠᠴᠠᠬᠤ ᠳᠤ ᠣᠷᠤᠯᠴᠠᠭᠤᠯᠤᠨ᠎ᠠ᠃ ᠪᠠᠯᠭᠠᠰᠤ ︵ᠵᠡᠭᠡᠯᠢ | ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠳᠤ | ᠲᠦᠰᠢᠭᠯᠡᠨ᠂ ᠣᠯᠠᠨ ᠨᠡᠶᠢᠲᠡ ᠶᠢᠨ ᠥᠪᠡᠷ ᠢᠶᠠᠨ ᠰᠡᠷᠭᠡᠶᠢᠯᠡᠵᠦ ᠥᠪᠡᠷᠲᠡᠭᠡᠨ ᠵᠠᠰᠠᠬᠤ᠂ ᠣᠯᠠᠨ ᠢᠶᠠᠷ ᠢᠶᠠᠨ | ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢ | ᠴᠢᠩᠭᠠᠷᠠᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ᠂ | ᠨᠡᠶᠢᠭᠡᠮ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠳᠤ | ᠣᠷᠣᠯᠴᠠᠬᠤ ᠬᠠᠤᠯᠢ ᠴᠠᠭᠠᠵᠠ ᠶᠢᠨ ᠪᠠᠶᠢᠷᠢ ᠰᠠᠭᠤᠷᠢ ᠵᠢᠴᠢ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ | ᠤᠷᠮᠠᠰᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠨᠡᠶᠢᠭᠡᠮ ᠤᠨ ᠪᠠᠴᠢᠮ ᠪᠠᠶᠢᠳᠠᠯ ᠢ | ᠠᠷᠭᠠᠴᠠᠬᠤ ᠬᠦᠴᠦᠨ ᠢ ᠳᠠᠩᠰᠠᠯᠠᠨ ᠲᠡᠮᠳᠡᠭᠯᠡᠬᠦ᠂ ᠰᠢᠯᠵᠢᠭᠦᠯᠦᠨ ᠬᠡᠷᠡᠭᠯᠡᠬᠦ ᠨᠥᠬᠦᠪᠥᠷᠢ᠂ ᠳᠠᠭᠠᠳᠬᠠᠯ ᠤᠨ ᠪᠠᠲᠤᠯᠠᠭ᠎ᠠ | ᠵᠡᠷᠭᠡ ᠲᠠᠯ᠎ᠠ ᠶᠢᠨ ᠲᠦᠷᠢᠮ ᠢ ᠪᠦᠷᠢᠨᠰᠢᠭᠦᠯᠦᠨ᠎ᠡ᠃ | ᠵᠢᠷᠭᠤᠭ᠎ᠠ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠤ ᠵᠠᠰᠠᠭ ᠵᠠᠬᠢᠷᠭᠠᠨ ᠤ ᠤᠷᠢᠳᠴᠢᠯᠠᠨ ᠰᠡᠷᠭᠡᠶᠢᠯᠡᠵᠦ | ᠡᠶᠡᠳᠡᠭᠦᠯᠦᠨ ᠰᠢᠢᠳᠪᠦᠷᠢᠯᠡᠬᠦ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠢ | ︵ᠠᠷᠪᠠᠨ ᠲᠠᠪᠤ︶ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠢ ᠴᠢᠩᠭᠠᠳᠬᠠᠨ᠎ᠠ᠃ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ᠂ ᠬᠤᠬᠢᠷᠠᠯ ᠤᠨ ᠲᠥᠯᠥᠪᠦᠷᠢ ᠲᠤᠰᠢᠶᠠᠬᠤ᠂ ᠠᠮᠤᠷ ᠢ ᠬᠠᠮᠠᠭᠠᠯᠠᠬᠤ ᠬᠠᠮᠢᠶᠠᠷᠤᠯᠲᠠ᠂ ᠣᠷᠴᠢᠨ | ᠲᠣᠭᠤᠷᠢᠨ ᠤ ᠪᠣᠬᠢᠷᠲᠤᠯ᠂ ᠨᠡᠶᠢᠭᠡᠮ ᠤᠨ ᠪᠠᠲᠤᠯᠠᠭ᠎ᠠ᠂ ᠭᠡᠷ ᠪᠠᠶᠢᠰᠢᠩ ᠭᠠᠵᠠᠷ ᠰᠢᠷᠣᠶ ᠲᠠᠲᠠᠪᠤᠷᠢᠯᠠᠬᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ | ᠡᠵᠡᠩᠨᠡᠬᠦ ᠡᠷᠬᠡ ᠵᠡᠷᠭᠡ ᠲᠠᠯ᠎ᠠ ᠪᠠᠷ ᠬᠢ ᠵᠠᠰᠠᠭ ᠵᠠᠬᠢᠷᠭᠠᠨ ᠤ ᠡᠶᠡᠳᠡᠭᠦᠯᠭᠡ ᠶᠢ ᠬᠠᠤᠯᠢ ᠶᠣᠰᠣᠭᠠᠷ ᠴᠢᠩᠭᠠᠳᠬᠠᠬᠤ | ᠬᠡᠷᠡᠭᠲᠡᠶ᠃ ︽ᠭᠤᠷᠪᠠ ᠶᠢ ᠡᠶᠡᠳᠡᠭᠦᠯᠬᠦ︾ ᠶᠢ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ | ᠡᠶᠡᠳᠡᠭᠦᠯᠭᠡ ᠬᠢᠭᠡᠳ ᠠᠷᠠᠳ ᠤᠨ ᠡᠶᠡᠳᠡᠭᠦᠯᠭᠡ᠂ ᠠᠵᠢᠯ ᠲᠥᠷᠥᠯ ᠤᠨ ᠴᠢᠨᠠᠷᠲᠠᠶ ᠲᠤᠰᠬᠠᠶ ᠮᠡᠷᠭᠡᠵᠢᠯ ᠤᠨ ᠴᠢᠨᠠᠷᠲᠠᠶ | ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ᠃ | ᠵᠠᠷᠭᠤ ᠶᠢᠨ ᠢᠷᠡᠯᠳᠡ ᠶᠢᠨ ᠵᠠᠰᠠᠯᠳᠠ ᠶᠢ ᠴᠢᠩᠭᠠᠳᠬᠠᠵᠦ᠂ ︽ᠨᠢᠭᠡ ᠦᠷᠳᠡᠭᠡ ᠶᠢᠨ ᠬᠡᠯᠪᠡᠷᠢ︾ ᠶᠢᠨ | ᠶᠡᠷᠦᠩᠬᠡᠶᠢᠯᠡᠭᠰᠡᠨ ᠴᠢᠨᠠᠷᠳᠠᠢ ᠵᠦᠷᠢᠴᠡᠯ ᠵᠢᠭᠤᠷᠠᠯᠳᠤᠭᠠᠨ ᠢ ᠡᠶᠡᠳᠡᠬᠦᠯᠬᠦ ᠲᠦᠪ ᠤᠨ ᠪᠠᠶᠢᠭᠤᠯᠤᠯᠳᠠ ᠶᠢ ᠲᠦᠯᠬᠢᠨ | ᠠᠬᠢᠭᠤᠯᠤᠨ᠎ᠠ᠃ | ︵ᠠᠷᠪᠠᠨ ᠵᠢᠷᠭᠤᠭ᠎ᠠ︶ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠵᠢᠯ ᠢ ᠡᠮᠬᠢ ᠵᠢᠷᠤᠮ ᠲᠠᠢ ᠪᠠᠷ | ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠡᠷᠬᠡ ᠶᠢ ᠮᠡᠳᠡᠭᠳᠡᠬᠦ᠂ ᠬᠡᠷᠡᠭ ᠢ | ᠰᠢᠢᠳᠪᠦᠷᠢᠯᠡᠬᠦ᠂ ᠬᠢᠨᠠᠨ ᠬᠠᠷᠭᠤᠭᠤᠯᠵᠤ ᠲᠣᠭᠲᠠᠭᠠᠬᠤ᠂ ᠵᠠᠰᠠᠭ ᠵᠠᠬᠢᠷᠭᠠᠨ ᠤ ᠬᠠᠮᠵᠢᠯᠴᠠᠭ᠎ᠠ᠂ ᠬᠠᠷᠢᠭᠤᠴᠠᠯᠭ᠎ᠠ | ᠨᠡᠬᠡᠮᠵᠢᠯᠡᠬᠦ ᠵᠡᠷᠭᠡ ᠲᠣᠭᠲᠠᠴᠠ ᠶᠢ ᠪᠦᠷᠢᠨᠰᠢᠭᠦᠯᠵᠦ᠂ ᠵᠠᠰᠠᠭ ᠵᠠᠬᠢᠷᠭᠠᠨ ᠤ ᠬᠢᠨᠠᠨ ᠲᠠᠰᠤᠯᠬᠤ ᠶᠠᠪᠤᠴᠠ ᠳᠠᠬᠢ | ᠡᠷᠬᠡ ᠶᠢ ᠮᠡᠳᠡᠭᠳᠡᠬᠦ ᠠᠵᠢᠯ ᠢ ᠰᠠᠶᠢᠲᠤᠷ ᠬᠢᠨ᠎ᠡ᠃ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠵᠦᠢᠯᠡᠰ ᠢ | ᠡᠮᠬᠢᠯᠡᠨ ᠲᠣᠳᠣᠷᠬᠠᠶᠢᠯᠠᠵᠤ᠂ ᠵᠠᠰᠠᠭ ᠵᠠᠬᠢᠷᠭᠠᠨ ᠤ ᠬᠢᠨᠠᠨ ᠲᠣᠭᠲᠠᠭᠠᠬᠤ ᠭᠤᠭᠴᠤᠭ᠎ᠠ ᠶᠢ ᠵᠢᠷᠤᠮᠵᠢᠭᠤᠯᠤᠨ᠂ ᠵᠠᠰᠠᠭ | ᠵᠠᠬᠢᠷᠭᠠᠨ ᠤ ᠲᠠᠰᠤᠯᠤᠨ ᠲᠣᠭᠲᠠᠭᠠᠬᠤ ᠵᠢᠯᠣᠭᠤᠳᠣᠯᠭ᠎ᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠲᠠᠰᠤᠯᠤᠯᠲᠠ ᠶᠢᠨ | ᠵᠢᠷᠤᠮᠵᠢᠭᠰᠠᠨ᠂ ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠠᠷᠪᠠᠨ ᠳᠣᠯᠤᠭ᠎ᠠ︶ ᠵᠠᠰᠠᠭ ᠵᠠᠬᠢᠷᠭᠠᠨ ᠤ ᠳᠡᠭᠢᠨ ᠵᠦᠪᠯᠡᠵᠦ ᠵᠠᠰᠠᠭ ᠵᠠᠬᠢᠷᠭᠠᠨ ᠤ ᠮᠠᠷᠭᠤᠯᠳᠤᠭᠠᠨ ᠢ | ᠠᠷᠢᠯᠭᠠᠬᠤ ᠭᠤᠣᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠤᠨ᠎ᠠ᠃ ᠵᠠᠰᠠᠭ ᠵᠠᠬᠢᠷᠭᠠᠨ ᠤ ᠳᠡᠬᠢᠨ ᠵᠦᠪᠯᠡᠬᠦ | ᠴᠢᠳᠡᠪᠦᠷᠢ ᠶᠢᠨ ᠪᠠᠶᠢᠭᠤᠯᠥᠯᠳᠡ ᠶᠢ ᠴᠢᠩᠭᠠᠳᠬᠠᠵᠦ᠂ ᠵᠠᠰᠠᠭ ᠵᠠᠬᠢᠷᠭᠠᠨ ᠤ ᠳᠡᠬᠢᠨ ᠵᠦᠪᠯᠡᠬᠦ ᠪᠠᠶᠢᠭᠤᠯᠭ᠎ᠠ ᠶᠢᠨ | ᠠᠵᠢᠯᠳᠡᠨ ᠤ ᠲᠣᠬᠢᠷᠡᠭᠤᠯᠥᠯᠳᠡ ᠬᠢᠭᠡᠳ ᠠᠵᠢᠯ ᠤᠨ ᠡᠬᠦᠷᠭᠡ ᠶᠢᠨ ᠬᠠᠷᠢᠯᠴᠠᠨ ᠵᠤᠬᠢᠴᠬᠠᠥ ᠶᠢ ᠦᠨᠡᠨᠬᠦ ᠪᠠᠳᠣᠯᠠᠵᠦ᠂ | ᠳᠡᠭᠡᠭᠰᠢᠯᠡᠬᠦᠯᠬᠦ᠂ ᠳᠥᠷᠪᠡᠨ ᠳᠠᠰᠤᠭ᠂ ᠰᠠᠯᠭᠠᠬᠤ ᠵᠡᠷᠭᠡ ᠬᠠᠳᠠᠭᠤ ᠲᠤᠨᠤᠭ ᠤᠨ ᠪᠡᠯᠡᠳᠭᠡᠮᠵᠢ ᠶᠢᠨ ᠪᠦᠳᠦᠭᠡᠨ | ᠪᠠᠶᠢᠭᠤᠯᠥᠯᠳᠡ ᠶᠢᠨ ᠬᠢᠷᠢ ᠭᠡᠮᠵᠢᠶ᠎ᠠ ᠶᠢ ᠦᠨᠡᠨᠬᠦ ᠪᠠᠳᠣᠯᠠᠵᠦ᠂ ᠲᠣᠰᠬᠠᠢ ᠵᠦᠢᠯ ᠤᠨ ᠵᠠᠷᠣᠳᠡᠯ ᠢ ᠬᠠᠦᠯᠢ ᠶᠣᠰᠣᠭᠠᠷ | ᠪᠠᠳᠣᠯᠠᠨ᠎ᠠ᠃ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠶᠢ ᠵᠢᠷᠤᠮᠵᠢᠭᠤᠯᠬᠤ᠂ ᠲᠤᠰᠬᠠᠶᠢᠵᠢᠭᠤᠯᠬᠤ᠂ ᠮᠡᠳᠡᠭᠡ | ᠵᠠᠩᠭᠢᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ ᠂ ᠬᠡᠷᠡᠭ ᠰᠢᠢᠳᠪᠦᠷᠢᠯᠡᠬᠦ ᠴᠤᠪᠤᠷᠠᠯ ᠢ | ᠲᠡᠭᠦᠯᠳᠡᠷᠵᠢᠭᠦᠯᠦᠨ ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠵᠢᠵᠢᠭ ᠳᠡᠰ ᠳᠠᠷᠠᠭᠠᠯᠠᠯ ᠢ ᠢᠳᠡᠪᠬᠢᠲᠡᠶ ᠪᠠᠷ | ᠳᠡᠯᠭᠡᠷᠡᠭᠦᠯᠬᠦ ᠬᠡᠷᠡᠭᠲᠡᠶ᠃ | ︵ᠠᠷᠪᠠᠨ ᠨᠠᠢᠮᠠ︶ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠨ ᠵᠢᠷᠤᠮᠵᠢᠭᠤᠯᠤᠨ᠎ᠠ᠃ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ | ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠵᠠᠰᠠᠭ | ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠢ ᠪᠠᠷ ᠰᠢᠢᠳᠪᠦᠷᠢᠯᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ | ᠰᠢᠭᠦᠬᠦ ᠬᠤᠷᠢᠶ᠎ᠠ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠢᠭᠦᠬᠦ ᠬᠤᠷᠢᠶ᠎ᠠ ᠶᠢᠨ ᠵᠠᠰᠠᠭ ᠵᠠᠬᠢᠷᠭᠠᠨ ᠤ | ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠶᠢ ᠳᠡᠮᠵᠢᠵᠦ᠂ ᠬᠦᠴᠦᠨ ᠲᠠᠢ ᠪᠣᠯᠤᠭᠰᠠᠨ ᠰᠢᠭᠦᠨ ᠲᠠᠰᠤᠯᠤᠯᠲᠠ ᠶᠢ | ᠦᠨᠡᠨ ᠬᠦ ᠭᠦᠢᠴᠡᠳᠬᠡᠨ᠎ᠡ᠃ ᠪᠠᠶᠢᠴᠠᠭᠠᠬᠤ ᠬᠤᠷᠢᠶ᠎ᠠ ᠶᠢ ᠳᠡᠮᠵᠢᠨ ᠵᠠᠰᠠᠭ ᠵᠠᠬᠢᠷᠭᠠᠨ ᠤ ᠵᠠᠷᠭᠤ ᠶᠢᠨ ᠬᠢᠨᠠᠯᠲᠠ | ᠲᠠᠯᠪᠢᠬᠤ ᠠᠵᠢᠯ ᠪᠠ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠥᠷᠨᠢᠭᠦᠯᠵᠦ᠂ ᠬᠠᠤᠯᠢ | ᠴᠠᠭᠠᠵᠠ ᠶᠢᠨ ᠰᠠᠨᠠᠭᠤᠯᠭ᠎ᠠ᠂ ᠪᠠᠶᠢᠴᠠᠭᠠᠬᠤ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ ᠪᠠ ᠬᠠᠷᠢᠭᠤ ᠲᠤᠰᠬᠠᠬᠤ ᠠᠵᠢᠯ ᠢ | ᠬᠢᠨᠠᠮᠠᠭᠠᠢ ᠰᠠᠶᠢᠲᠤᠷ ᠬᠢᠵᠦ᠂ ᠰᠢᠢᠳᠪᠦᠷᠢᠯᠡᠵᠦ ᠰᠡᠷᠭᠦᠭᠡᠬᠦ ᠨᠤᠷᠮ᠎ᠠ ᠶᠢ ᠳᠡᠭᠡᠭᠰᠢᠯᠡᠭᠦᠯᠦᠨ᠎ᠡ᠃ | ᠳᠣᠯᠤᠭ᠎ᠠ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ | ᠬᠡᠷᠡᠭᠲᠠᠢ | ︵ᠠᠷᠪᠠ ᠶᠢᠰᠦ︶ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠰᠠᠬᠢᠯᠭ᠎ᠠ ᠪᠠᠲᠤ ᠶᠢᠨ | ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ᠂ ᠲᠣᠮᠢᠯᠠᠨ ᠰᠠᠭᠤᠯᠭᠠᠭᠰᠠᠨ ᠬᠢᠨᠠᠨ ᠪᠠᠶᠢᠴᠠᠭᠠᠬᠤ᠂ ᠴᠠᠭᠳᠠᠨ ᠪᠠᠶᠢᠴᠠᠭᠠᠬᠤ | ᠬᠢᠨᠠᠯᠲᠠ ᠶᠢ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ ᠶᠢ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠵᠠᠰᠠᠭ ᠵᠠᠬᠢᠷᠭᠠᠨ ᠤ ᠬᠢᠨᠠᠯᠲᠠ ᠂ | ᠬᠠᠤᠯᠢ ᠴᠠᠭᠠᠵᠠ ᠶᠢᠨ ᠬᠢᠨᠠᠯᠲᠠ ᠂ ᠤᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠵᠡᠷᠭᠡ | ᠲᠦᠷᠢᠮ ᠢ ᠪᠦᠷᠢᠨᠰᠢᠬᠦᠯᠵᠤ᠂ ᠬᠢᠨᠠᠨ ᠪᠤᠳᠤᠬᠤ ᠬᠢᠨᠠᠯᠲᠠ᠂ ᠡᠳ᠋ ᠤᠨ ᠶᠠᠪᠤᠳᠠᠯ ᠤᠨ ᠬᠢᠨᠠᠯᠲᠠ ᠂ ᠲᠤᠭ᠎ᠠ | ᠪᠦᠷᠢᠳᠬᠡᠯ ᠤᠨ ᠬᠢᠨᠠᠯᠲᠠ ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ᠂ ᠵᠠᠰᠠᠭ ᠵᠠᠬᠢᠷᠭᠠᠨ ᠤ ᠲᠠᠬᠢᠨ ᠵᠥᠪᠯᠡᠬᠦ | ᠵᠡᠷᠭᠡ ᠬᠢᠨᠠᠯᠲᠠ ᠲᠠᠯᠪᠢᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠨᠠᠮ ᠤᠨ ᠳᠣᠲᠣᠭᠠᠳᠤ ᠶᠢᠨ ᠬᠢᠨᠠᠨ | ᠬᠢᠨᠠᠬᠤ ᠪᠠᠷ ᠭᠤᠣᠯ ᠪᠣᠯᠭᠠᠵᠤ᠂ ᠡᠯ᠎ᠡ ᠲᠦᠷᠦᠯ ᠤᠨ ᠬᠢᠨᠠᠯᠲᠠ ᠶᠢ ᠣᠷᠭᠠᠨᠢᠭ ᠢᠶᠠᠷ ᠨᠡᠪᠲᠡᠷᠡᠯᠴᠡᠭᠦᠯᠬᠦ᠂ ᠬᠠᠷᠢᠯᠴᠠᠨ | ᠵᠣᠬᠢᠴᠠᠭᠤᠯᠬᠤ ᠶᠢ ᠠᠬᠢᠭᠤᠯᠪᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠭᠰᠠᠨ ᠦᠢᠯᠡ | ᠠᠵᠢᠯᠯᠠᠭ᠎ᠠ ᠶᠢ ᠡᠷᠡᠰ ᠰᠡᠷᠭᠡᠶᠢᠯᠡᠨ ᠵᠠᠯᠬᠠᠭᠠᠨ ᠰᠢᠳᠬᠡᠬᠦ ᠬᠡᠷᠡᠭᠲᠡᠶ᠃ | ︵ᠬᠤᠷᠢ︶ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠨ | ᠵᠢᠷᠤᠮᠵᠢᠭᠤᠯᠤᠨ᠎ᠠ᠃ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠶᠢ ᠵᠢᠷᠤᠮᠵᠢᠭᠤᠯᠤᠨ ᠥᠷᠨᠢᠭᠦᠯᠵᠦ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠳᠡᠭᠡᠳᠦ ᠱᠠᠲᠤ ᠪᠠ ᠲᠣᠰ ᠱᠠᠲᠤᠨ ᠤ ᠵᠠᠰᠠᠭ ᠤᠨ | ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠰᠢᠮᠳᠠᠭᠤᠯᠤᠨ | ᠪᠠᠶᠢᠴᠠᠭᠠᠬᠤ ᠡᠲᠡᠭᠡᠳ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ | ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠦᠷ᠎ᠡ ᠪᠦᠲᠦᠮᠵᠢ ᠳᠤ ᠭᠤᠣᠯᠳᠠᠯᠭ᠎ᠠ ᠲᠠᠢ ᠪᠠᠷ ᠬᠢᠨᠠᠯᠲᠠ ᠲᠠᠯᠪᠢᠵᠤ | ᠪᠠᠶᠢᠴᠠᠭᠠᠬᠤ ᠠᠵᠢᠯ ᠢ ᠥᠷᠨᠢᠭᠦᠯᠦᠨ᠎ᠡ᠃ | ︵ᠬᠤᠷᠢᠨ ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ | ᠲᠠᠯᠪᠢᠬᠤ ᠶᠢ ᠴᠢᠩᠭᠠᠳᠬᠠᠨ᠎ᠠ᠃ ᠬᠤᠲᠠ ᠶᠢᠨ ᠱᠠᠲᠤ ᠲᠠᠢ ᠬᠠᠮᠵᠢᠯᠴᠠᠨ ᠬᠤᠲᠠ᠂ ᠲᠣᠭᠤᠷᠢᠭ᠂ ᠪᠠᠯᠭᠠᠰᠤ ᠭᠤᠷᠪᠠᠨ | ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ | ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠳᠠᠩᠰᠠ | ᠡᠪᠬᠡᠮᠡᠯ ᠢ ᠦᠨᠡᠯᠡᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ | ᠬᠡᠷᠡᠭᠵᠢᠭᠦᠯᠦᠭᠰᠡᠨ ᠨᠢ ᠵᠢᠷᠤᠮᠵᠢᠯ ᠦᠭᠡᠢ ᠵᠡᠷᠭᠡ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠬᠦ ᠪᠠ ᠵᠠᠯᠠᠷᠠᠭᠤᠯᠬᠤ | ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠤᠬᠠᠶᠢᠯᠠᠭᠰᠠᠨ ᠠᠵᠢᠯ ᠤᠨ | ᠵᠢᠯᠣᠭᠤᠳᠬᠤ ᠡᠷᠴᠢᠮ ᠢ ᠴᠢᠩᠭᠠᠷᠠᠭᠤᠯᠵᠤ᠂ ᠪᠥᠬᠦ ᠲᠤᠭᠤᠷᠢᠭ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ | ᠴᠢᠨᠠᠷ ᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠬᠦᠴᠦᠨ | ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠬᠤᠷᠢᠨ ᠬᠤᠶᠠᠷ︶ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ | ᠰᠠᠨᠠᠭᠠᠴᠢᠯᠠᠭ᠎ᠠ ᠠᠴᠠ ᠪᠠᠨ ᠨᠠᠶᠢᠳᠠᠪᠦᠷᠢᠵᠢᠭᠤᠯᠤᠨ᠎ᠠ᠃ ᠢᠯᠡ ᠪᠣᠯᠭᠠᠬᠤ ᠶᠢ ᠬᠡᠪ ᠤᠨ ᠪᠠᠶᠢᠳᠠᠯ ᠢᠶᠠᠷ ᠦᠵᠡᠵᠦ᠂ ᠢᠯᠡ | ᠪᠣᠯᠭᠠᠬᠤ ᠦᠭᠡᠢ ᠶᠢ ᠣᠨᠴᠤᠭᠤᠢ ᠪᠠᠶᠢᠳᠠᠯ ᠢᠶᠠᠷ ᠦᠵᠡᠬᠦ ᠶᠢ ᠪᠠᠷᠢᠮᠲᠠᠯᠠᠵᠤ᠂ ᠬᠠᠤᠯᠢ ᠪᠠᠷ ᠲᠣᠭᠲᠠᠭᠠᠭᠰᠠᠨ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠪᠦᠬᠦᠨ ᠢ ᠢᠯᠡ ᠪᠣᠯᠭᠠᠬᠤ ᠬᠡᠷᠡᠭᠲᠡᠢ᠃ ᠭᠤᠶᠤᠴᠢᠯᠠᠯ | ᠶᠣᠰᠣᠭᠠᠷ ᠢᠯᠡ ᠪᠣᠯᠭᠠᠬᠤ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠤ | ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠤᠬᠠᠶ ᠵᠦᠶ ᠵᠣᠬᠢᠰᠲᠠᠶ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ | ᠬᠠᠩᠭᠠᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ | ᠵᠠᠰᠠᠭ ᠤᠨ ᠣᠷᠳᠣᠨ ᠪᠠ ᠤᠯᠠᠨ ᠨᠡᠶᠢᠲᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ᠃ | ︵ᠬᠤᠷᠢᠨ ᠭᠤᠷᠪᠠ︶ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠵᠠᠰᠠᠭ ᠤᠨ ᠣᠷᠳᠣᠨ ᠤ ᠢᠲᠡᠭᠡᠯ ᠢ ᠰᠠᠬᠢᠵᠤ ᠠᠮᠠᠯᠠᠯᠲᠠ ᠪᠠᠨ ᠭᠦᠢᠴᠡᠳᠬᠡᠬᠦ ᠲᠣᠭᠲᠠᠴᠠ ᠶᠢ | ᠪᠦᠷᠢᠨᠰᠢᠭᠦᠯᠵᠦ᠂ ᠬᠠᠤᠯᠢ ᠶᠣᠰᠣᠭᠠᠷ ᠭᠠᠷᠭᠠᠭᠰᠠᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠣᠯᠤᠨ ᠬᠠᠤᠯᠢ | ᠶᠣᠰᠣᠭᠠᠷ ᠲᠣᠭᠲᠠᠭᠰᠠᠨ ᠡᠯ᠎ᠡ ᠲᠥᠷᠥᠯ ᠤᠨ ᠭᠡᠷ᠎ᠡ᠂ ᠬᠡᠯᠡᠯᠴᠡᠭᠡᠷ ᠢᠶᠠᠨ ᠬᠢᠨᠠᠮᠠᠭᠠᠶ ᠭᠦᠢᠴᠡᠳᠬᠡᠬᠦ ᠬᠡᠷᠡᠭᠲᠡᠶ᠃ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢᠲᠡᠶ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ ᠪᠡᠶᠡᠯᠡᠭᠦᠯᠵᠦ᠂ | ᠰᠦᠪᠡᠭᠴᠢ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠥᠷᠢ | ᠥᠭᠴᠡᠭᠡᠨ ᠤ ᠪᠠᠯᠠ ᠮᠥᠩᠭᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠬᠦᠷᠢᠶᠡᠨ ᠳᠠᠬᠢ ᠵᠠᠰᠠᠭ ᠤᠨ | ᠣᠷᠳᠣᠨ ᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠵᠠᠰᠠᠨ᠎ᠠ᠃ | ᠨᠠᠢᠮᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ | ︵ᠬᠤᠷᠢᠨ ᠳᠥᠷᠪᠡ︶ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠬᠤᠲᠠ ᠶᠢᠨ ᠱᠠᠲᠤᠨ ᠤ ᠲᠡᠭᠦᠯᠳᠡᠷᠵᠢᠭᠦᠯᠦᠯᠲᠡ ᠲᠠᠢ ᠬᠠᠮᠵᠢᠯᠴᠠᠨ ᠬᠤᠲᠠ᠂ ᠲᠣᠭᠤᠷᠢᠭ᠂ | ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠰᠦᠯᠵᠢᠶᠡᠨ ᠳᠡᠭᠡᠷᠡᠬᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠦᠷᠬᠦᠭᠦᠯᠬᠦ ᠠᠵᠢᠯ ᠢ ᠭᠦᠢᠴᠡᠳᠬᠡᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠰᠢᠯᠵᠢᠮᠡᠯ ᠦᠵᠦᠭᠦᠷ ᠳᠠᠰᠢ ᠤᠷᠲᠤᠳᠬᠠᠬᠤ ᠶᠢ ᠠᠬᠢᠭᠤᠯᠵᠤ᠂ ᠨᠠᠩ ᠣᠯᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠠᠯᠠᠭᠠᠨ ᠳᠡᠭᠡᠷ᠎ᠡ ᠭᠦᠢᠴᠡᠳᠭᠡᠬᠦ︾ ᠤᠯᠤᠰ ᠤᠨ ᠬᠠᠤᠯᠢ | ᠲᠣᠭᠲᠠᠭᠠᠯ ᠲᠦᠷᠢᠮ ᠲᠣᠭᠲᠠᠭᠠᠯ ᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠨᠢᠭᠡᠳᠦᠯᠲᠡᠶ ᠢᠯᠡ ᠪᠠᠷ ᠪᠠᠶᠢᠴᠠᠭᠠᠨ ᠯᠠᠪᠯᠠᠬᠤ ᠲᠠᠪᠴᠠᠩ ᠢ ᠢᠳᠡᠪᠬᠢᠲᠡᠶ ᠳᠡᠯᠭᠡᠷᠡᠭᠦᠯᠦᠨ᠂ ᠲᠠᠪᠴᠠᠩ ᠤᠨ | ᠬᠡᠷᠡᠭᠯᠡᠯᠲᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ | ︵ᠬᠤᠷᠢᠨ ᠲᠠᠪᠤ︶ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠡᠮᠬᠢ ᠵᠢᠷᠤᠮ ᠲᠠᠢ ᠪᠠᠷ ᠬᠠᠮᠲᠤ ᠳᠤ ᠪᠠᠨ | ᠭᠥᠷᠳᠡᠬᠦ ᠶᠢ ᠲᠦᠷᠭᠡᠳᠬᠡᠨ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠤᠯᠪᠣᠭᠠᠯᠠᠨ | ᠬᠥᠳᠡᠯᠦᠯᠴᠡᠵᠦ ᠬᠠᠮᠲᠤ ᠪᠠᠷ ᠡᠳ᠋ᠯᠡᠬᠦ ᠥᠨᠳᠥᠷ ᠪᠦᠲᠦᠮᠵᠢᠲᠡᠶ ᠪᠠᠷ ᠠᠵᠢᠯᠯᠠᠬᠤ ᠲᠣᠭᠲᠠᠴᠠ ᠶᠢ ᠪᠦᠷᠢᠨᠰᠢᠭᠦᠯᠵᠦ᠂ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠶᠢ ᠠᠬᠢᠭᠤᠯᠤᠨ᠎ᠠ᠃ ᠪᠡᠶ᠎ᠡ ᠶᠢᠨ ᠭᠠᠷᠤᠯ ᠤᠨ | ᠭᠡᠷᠡᠴᠢᠯᠡᠯ᠂ ᠡᠯᠧᠺᠲᠷᠣᠨ ᠲᠠᠮᠠᠭ᠎ᠠ᠂ ᠡᠯᠧᠺᠲᠷᠣᠨ ᠭᠡᠷᠡᠴᠢ ᠦᠨᠡᠮᠯᠡᠯ ᠵᠡᠷᠭᠡ ᠶᠢ ᠨᠢᠭᠡᠳᠦᠯᠲᠡᠶ ᠮᠠᠭᠠᠳᠯᠠᠨ | ᠲᠣᠭᠲᠠᠭᠠᠵᠤ ᠬᠡᠷᠡᠭᠯᠡᠬᠦ ᠶᠢ ᠲᠦᠷᠭᠡᠳᠬᠡᠨ ᠠᠬᠢᠭᠤᠯᠤᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ ᠢ ᠰᠢᠯᠢᠳᠡᠭᠵᠢᠭᠦᠯᠵᠦ᠂ ᠲᠣᠮᠣ ᠳ᠋ᠠᠶᠢᠲ᠋ᠠ ᠶᠢ | ᠠᠰᠢᠭᠯᠠᠨ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠳᠤ ᠬᠠᠪᠰᠤᠷᠤᠯᠭ᠎ᠠ ᠦᠵᠡᠭᠦᠯᠦᠨ᠎ᠡ᠃ | ︵ᠬᠤᠷᠢᠨ ᠵᠢᠷᠭᠤᠭ᠎ᠠ︶ ︽ᠢᠨᠲ᠋ᠧᠷ ᠰᠦᠯᠵᠢᠶ᠎ᠡ +︾ ᠬᠢᠨᠠᠯᠲᠠ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠦᠯᠲᠡ ᠶᠢ ᠭᠦᠨᠵᠡᠭᠡᠶ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠠᠪᠴᠠᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠤᠯᠢ | ᠬᠡᠷᠡᠭᠵᠢᠭᠦᠯᠦᠨ ᠬᠡᠷᠡᠭᠵᠢᠭᠦᠯᠬᠦ ᠣᠷᠣᠨ ᠬᠡᠰᠡᠭ ᠤᠨ ᠬᠡᠯᠬᠢᠶᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ | ᠰᠦᠪᠡᠭᠴᠢᠯᠡᠨ ᠳᠡᠯᠭᠡᠷᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠬᠡᠷᠡᠭ ᠤᠨ ᠪᠥᠬᠦ ᠶᠠᠪᠤᠴᠠ ᠶᠢ ᠬᠡᠯᠬᠢᠶᠡᠵᠢᠭᠦᠯᠦᠨ ᠦᠨᠡᠮᠯᠡᠯ ᠣᠯᠭᠤᠨ᠎ᠠ᠃ ᠲᠠᠪᠴᠠᠩ ᠤᠨ | ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠯᠠᠭ᠎ᠠ ᠶᠢᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠢᠨᠠᠯᠲᠠ ᠲᠠᠯᠪᠢᠬᠤ ᠶᠢ ᠪᠡᠶᠡᠯᠡᠭᠦᠯᠦᠨ᠎ᠡ᠃ | ᠶᠢᠰᠦ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ | ︵ᠬᠤᠷᠢᠨ ᠳᠣᠯᠤᠭ᠎ᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ | ᠤᠳᠤᠷᠢᠳᠤᠯᠭ᠎ᠠ ᠶᠢ ᠴᠢᠩᠭᠠᠳᠬᠠᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ | ᠭᠦᠢᠴᠡᠳᠬᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ | ᠰᠠᠶᠢᠲᠤᠷ ᠲᠥᠯᠥᠪᠯᠡᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ | ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠬᠡᠷᠡᠭᠲᠡᠢ᠃ ᠨᠠᠮ ᠤᠨ ᠬᠤᠷᠢᠶᠠᠨ ᠤ | ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠵᠢᠴᠢ ᠲᠡᠭᠦᠨ ᠤ ᠬᠡᠷᠡᠭ | ᠡᠷᠬᠢᠯᠡᠬᠦ ᠪᠠᠶᠢᠭᠤᠯᠤᠮᠵᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠰᠢᠪᠠᠳᠠᠨ ᠠᠬᠢᠭᠤᠯᠬᠤ ᠪᠠᠨ | ᠴᠢᠩᠭᠠᠳᠬᠠᠬᠤ ᠬᠡᠷᠡᠭᠲᠡᠢ᠃ | ︵ᠬᠤᠷᠢᠨ ᠨᠠᠢᠮᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠠᠮ ᠤᠨ ᠬᠤᠷᠢᠶ᠎ᠠ ᠤᠳᠤᠷᠢᠳᠬᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠢᠨᠠᠯᠲᠠ ᠲᠠᠯᠪᠢᠬᠤ᠂ ᠵᠠᠰᠠᠭ ᠤᠨ ᠣᠷᠳᠣᠨ ᠬᠠᠷᠢᠭᠤᠴᠠᠬᠤ᠂ ᠤᠯᠤᠰ ᠲᠦᠷᠦ ᠶᠢᠨ ᠵᠥᠪᠯᠡᠯᠭᠡᠨ | ᠣᠷᠣᠯᠴᠠᠬᠤ᠂ ᠡᠯ᠎ᠡ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠮᠵᠢᠯᠴᠠᠬᠤ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠴᠢᠩᠭᠠᠳᠬᠠᠨ᠎ᠠ᠃ ︽ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠬᠢᠭᠡᠳ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠪᠠᠶᠢᠴᠠᠭᠠᠬᠤ | ᠠᠵᠢᠯ ᠤᠨ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠭᠦᠨᠵᠡᠭᠡᠶ ᠠᠬᠢᠭᠤᠯᠪᠠ᠃ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭ᠎ᠠ ᠶᠢ | ᠥᠷᠨᠢᠭᠦᠯᠵᠦ᠂ ᠨᠢᠭᠡ ᠪᠦᠯᠦᠭ ᠰᠢᠨ᠎ᠡ ᠴᠠᠭ ᠦᠶ᠎ᠡ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠬᠡᠪ ᠳᠠᠭᠤᠷᠢᠶᠠᠯ ᠢ ᠰᠣᠩᠭᠤᠨ ᠪᠣᠶ ᠪᠣᠯᠭᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠣᠨ ᠤ ᠮᠡᠳᠡᠭᠦᠯᠦᠯᠲᠡ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠴᠠᠭ ᠲᠤᠬᠠᠶ ᠳᠤᠨᠢ | ᠨᠡᠶᠢᠭᠡᠮ ᠳᠤ ᠢᠯᠡ ᠪᠣᠯᠭᠠᠬᠤ ᠬᠡᠷᠡᠭᠲᠡᠶ᠃ ᠬᠠᠤᠯᠢ ᠶᠣᠰᠣᠭᠠᠷ ᠵᠠᠰᠠᠭ ᠶᠠᠪᠤᠭᠤᠯᠤᠭᠰᠠᠨ ᠪᠠᠶᠢᠳᠠᠯ ᠢ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠥᠴᠢᠷ ᠵᠢᠴᠢ ᠤᠳᠤᠷᠢᠳᠬᠤ ᠺᠠᠳ᠋ᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠤᠨ᠂ ᠰᠢᠯᠭᠠᠨ ᠬᠢᠨᠠᠬᠤ | ᠲᠡᠩᠨᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ︵ᠬᠤᠷᠢ ᠶᠢᠰᠦ︶ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠨ᠎ᠠ᠃ ᠲᠥᠷᠥ ᠶᠢᠨ ᠠᠵᠢᠯᠲᠠᠨ ᠤ ᠬᠠᠤᠯᠢ ᠰᠤᠷᠴᠤ ᠬᠠᠤᠯᠢ ᠬᠡᠷᠡᠭᠯᠡᠬᠦ ᠲᠦᠷᠢᠮ ᠢ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯᠲᠠᠨ ᠤ ᠠᠩᠬ᠎ᠠ ᠲᠤᠰᠢᠶᠠᠯ ᠳᠤ ᠲᠣᠮᠢᠯᠠᠬᠤ᠂ ᠲᠤᠰᠢᠶᠠᠯ | ᠡᠭᠦᠷᠭᠡᠯᠡᠬᠦ ᠬᠠᠤᠯᠢ ᠪᠠᠷ ᠵᠠᠰᠠᠬᠤ ᠬᠥᠮᠦᠵᠢᠯ ᠪᠣᠯᠪᠠᠰᠤᠷᠠᠭᠤᠯᠤᠯ ᠢ ᠢᠳᠡᠪᠬᠢᠲᠡᠶ ᠥᠷᠨᠢᠭᠦᠯᠦᠨ᠎ᠡ᠃ ᠬᠠᠤᠯᠢ ᠪᠠᠷ | ᠵᠠᠰᠠᠬᠤ ᠲᠠᠶᠢᠯᠤᠮᠵᠢ ᠬᠢᠬᠦ᠂ ᠬᠠᠤᠯᠢ ᠪᠠᠷ ᠵᠠᠰᠠᠬᠤ ᠪᠣᠯᠪᠠᠰᠤᠷᠠᠭᠤᠯᠤᠯ ᠬᠢᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠤᠳᠤᠷᠢᠳᠬᠤ ᠺᠠᠳ᠋ᠷᠴᠤᠳ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ | ᠬᠦᠴᠦᠯᠡᠨ ᠳᠡᠭᠡᠭᠰᠢᠯᠡᠭᠦᠯᠵᠦ ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠲᠦᠷᠦᠭᠦᠯᠡᠨ | ᠦᠨᠳᠦᠰᠦᠨ ᠬᠠᠤᠯᠢ ᠬᠠᠤᠯᠢ ᠴᠠᠭᠠᠵᠠ ᠶᠢ ᠵᠢᠷᠤᠮᠯᠠᠨ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠳᠡᠭᠡᠳᠦ | ᠱᠠᠲᠤᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠦᠨᠳᠦᠰᠦᠨ ᠱᠠᠲᠤᠨ ᠤ ᠬᠠᠤᠯᠢ ᠪᠠᠷ ᠵᠠᠰᠠᠬᠤ | ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠤᠨ | ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠦᠨ᠎ᠡ᠃ ᠵᠠᠰᠠᠭ ᠤᠨ ᠣᠷᠳᠣᠨ ᠤ ᠬᠠᠤᠯᠢ | ᠲᠣᠭᠲᠠᠭᠠᠬᠤ ᠴᠢᠳᠠᠪᠤᠷᠢᠲᠠᠨ ᠢ ᠬᠥᠮᠦᠵᠢᠭᠦᠯᠬᠦ ᠪᠠ ᠨᠥᠭᠡᠴᠡᠯᠡᠬᠦ ᠶᠢ ᠰᠠᠶᠢᠲᠤᠷ ᠬᠢᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠡᠩᠨᠡᠭᠡ ᠶᠢᠨ ᠲᠤᠰᠬᠠᠶᠢᠵᠢᠭᠰᠠᠨ ᠠᠵᠢᠯ ᠮᠡᠷᠭᠡᠵᠢᠭᠰᠡᠨ ᠪᠠᠶᠢᠭᠤᠯᠤᠯᠲᠠ ᠶᠢ ᠴᠢᠩᠭᠠᠳᠬᠠᠨ᠂ ᠬᠥᠮᠦᠨ | ᠨᠢᠭᠡᠪᠦᠷᠢ ᠳᠤ 60 ᠬᠢᠴᠢᠶᠡᠯ ᠤᠨ ᠴᠠᠭ ᠠᠴᠠ ᠳᠤᠲᠠᠭᠤ ᠦᠭᠡᠶ ᠲᠤᠬᠠᠶᠢᠯᠠᠭᠰᠠᠨ ᠠᠵᠢᠯ ᠤᠨ ᠮᠡᠳᠡᠯᠭᠡ ᠪᠠ ᠬᠠᠤᠯᠢ | ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠬᠦᠷᠲᠡᠭᠡᠬᠦ ᠶᠢ ᠦᠨᠡᠨᠬᠦ ᠪᠠᠲᠤᠯᠠᠨ᠎ᠠ᠃ ᠵᠠᠰᠠᠭ ᠵᠠᠬᠢᠷᠭᠠᠨ ᠤ | ᠳᠠᠬᠢᠨ ᠵᠥᠪᠯᠡᠬᠦ᠂ ᠵᠠᠰᠠᠭ ᠵᠠᠬᠢᠷᠭᠠᠨ ᠤ ᠲᠠᠰᠤᠯᠤᠯᠲᠠ ᠬᠢᠬᠦ᠂ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠤᠨ | ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠤᠯᠢ ᠴᠠᠭᠠᠵᠠ ᠶᠢᠨ ᠵᠥᠪᠯᠡᠭᠴᠢ ᠪᠠ ᠬᠠᠤᠯᠢᠴᠢ ᠶᠢᠨ | ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠬᠡᠷᠡᠭ ᠶᠠᠪᠤᠳᠠᠯ ᠳᠤ ᠣᠷᠣᠯᠴᠠᠬᠤ ᠴᠢᠳᠠᠪᠤᠷᠢ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ︵ᠭᠤᠴᠢ︶ ᠣᠨᠣᠯ ᠤᠨ ᠰᠤᠳᠤᠯᠤᠯ ᠪᠣᠯᠤᠨ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠨᠤᠯ ᠤᠨ ᠰᠡᠳᠦᠪ ᠤᠨ ᠰᠤᠳᠤᠯᠭᠠᠨ ᠤ ᠴᠢᠬᠤᠯᠠ | ᠠᠭᠤᠯᠭ᠎ᠠ ᠪᠣᠯᠭᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠨᠤᠯ ᠤᠨ ᠰᠤᠳᠤᠯᠭᠠᠨ ᠢ | ᠴᠢᠩᠭᠠᠳᠬᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠯᠭᠠᠨ ᠬᠢᠨᠠᠵᠤ ᠦᠨᠡᠯᠡᠨ | ᠵᠢᠱᠢᠬᠦ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠰᠢᠯᠭᠠᠨ ᠬᠢᠨᠠᠵᠤ ᠦᠨᠡᠯᠡᠨ ᠵᠢᠱᠢᠬᠦ | ᠲᠤᠰᠬᠠᠶᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠤᠨ ᠳᠤᠮᠳᠠᠬᠢ ᠨᠡᠶᠢᠲᠡᠯᠢᠭ ᠲᠤᠷᠰᠢᠯᠭ᠎ᠠ ᠪᠠ ᠲᠡᠷᠢᠭᠦᠨ ᠤ ᠵᠢᠱᠢᠶᠡᠴᠢ ᠶᠢ ᠠᠭᠤᠳᠠᠯᠬᠤ ᠪᠠ | ᠤᠬᠠᠭᠤᠯᠵᠤ᠂ ᠪᠦᠬᠦ ᠨᠡᠶᠢᠭᠡᠮ ᠢᠶᠠᠷ ᠢᠶᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ | ᠳᠡᠮᠵᠢᠬᠦ ᠂ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠡᠯ᠎ᠡ ᠪᠠᠯᠭᠠᠰᠤ ︵ᠵᠡᠭᠡᠯᠢ ᠭᠤᠳᠤᠮᠵᠢ︶᠂ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ 2023 ᠣᠨ ᠤ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ | ᠪᠠᠲᠤᠯᠠᠬᠤ ᠬᠡᠷᠡᠭᠲᠡᠢ᠃ |