ᠤᠳᠠ ᠵᠠᠰᠠᠭ ᠠᠯᠪᠠᠨ ᠲᠠᠷᠬᠠᠭᠠᠭᠰᠠᠨ ︹2020︺ 16 ᠳ᠋ᠤᠭᠠᠷ ᠲᠣᠭᠠᠲᠤ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ᠠᠵᠢᠯᠲᠠᠨ ᠤ ᠬᠤᠪᠢᠷᠠᠯᠲᠠ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠡᠳᠦᠭᠡ ᠬᠡᠰᠡᠭ ᠲᠣᠭᠤᠷᠢᠭ ᠤᠨ | ᠳᠡᠳ᠋ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠢ ᠳᠣᠤᠷᠠᠬᠢ ᠮᠡᠲᠦ ᠲᠣᠬᠢᠷᠠᠭᠤᠯᠪᠠ᠄ | ᠲᠣᠭᠤᠷᠢᠭ ᠤᠨ ᠳᠡᠳ᠋ ᠳᠠᠷᠤᠭ᠎ᠠ ᠬᠠᠨ ᠵᠢᠶᠠᠨ ᠬᠤᠸᠠ ᠲᠣᠭᠤᠷᠢᠭ ᠤᠨ ᠳᠠᠷᠤᠭ᠎ᠠ ᠶᠢ ᠬᠠᠮᠵᠢᠨ | ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠵᠠᠬᠢᠳᠠᠯ | ᠰᠤᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ | ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠵᠠᠬᠢᠳᠠᠯ | ᠰᠤᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ | ᠤᠳᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠪᠤᠰᠤᠳ ᠳᠡᠳ᠋ ᠲᠣᠭᠤᠷᠢᠭ ᠤᠨ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠨᠢ ᠬᠤᠪᠢᠷᠠᠬᠤ ᠦᠭᠡᠢ᠃ | |