9 ᠰᠠᠷ᠎ᠠ ᠶᠢᠨ 4 ᠤ ᠡᠳᠦᠷ᠂ ᠬᠢᠶ᠎ᠠ ᠪᠠᠭᠰᠢ ᠲᠤᠭᠤᠷᠢᠭ ᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ | ᠤᠷᠢᠳ ᠬᠤᠵᠢᠳ ᠤᠳᠠ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠨᠠᠮ ᠪᠠ ᠣᠯᠠᠨ | ᠲᠦᠮᠡᠨ ᠤ ᠰᠣᠶᠣᠯ ᠤᠨ ᠰᠠᠭᠤᠷᠢᠨ︶᠂ ᠯᠢᠶᠠᠩ ᠵᠢᠶᠠ ᠭᠸᠦ ᠵᠡᠭᠡᠯᠢ ᠭᠤᠳᠤᠮᠵᠢ ᠶᠢᠨ ᠶᠦᠩ ᠴᠠᠩ ᠵᠢᠶᠠ ᠶᠤᠸᠠᠨ | ᠨᠡᠶᠢᠭᠡᠮ ᠲᠣᠭᠤᠷᠢᠭ᠂ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ᠂ ᠪᠠᠶᠠᠨᠰᠠᠶᠢᠨ ᠵᠡᠭᠡᠯᠢ | ᠭᠤᠳᠤᠮᠵᠢ ᠶᠢᠨ ᠰᠢᠶᠠᠨ ᠹᠧᠩ ᠨᠡᠶᠢᠭᠡᠮ ᠲᠣᠭᠤᠷᠢᠭ ᠤᠨ ᠵᠠᠮᠴᠢᠯᠠᠭ᠎ᠠ ᠶᠢᠨ ᠠᠳᠠᠯ ᠠᠬᠤᠶ ᠶᠢᠨ ᠺᠣᠮᠫᠠᠨᠢ ᠵᠡᠷᠭᠡ | ᠭᠠᠵᠠᠷ ᠲᠤ ᠬᠦᠷᠴᠦ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠦᠨ ᠳᠠᠭᠠᠭᠤᠯᠬᠤ | ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | | ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢᠶᠠᠩ ᠵᠢᠶᠠ ᠭᠸᠦ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ᠂ ᠰᠢᠶᠠᠨ ᠹᠧᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠢᠴᠢ ᠬᠠᠮᠢᠶ᠎ᠠ | ᠪᠥᠬᠦᠶ ᠬᠠᠷᠢᠭᠤᠴᠠᠯᠭᠠᠲᠠᠨ ᠨᠥᠬᠦᠳ ᠤᠳᠠ ᠲᠣᠭᠤᠷᠢᠭ ᠤᠨ ᠬᠥᠮᠦᠨ ᠠᠮᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ᠂ ᠬᠤᠪᠢᠰᠬᠠᠯ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠵᠠᠭᠪᠤᠷ᠂ ᠨᠡᠶᠢᠭᠡᠮ ᠲᠣᠭᠤᠷᠢᠭ ᠢ | ᠪᠤᠶᠢᠵᠢᠭᠤᠯᠤᠨ ᠬᠥᠭᠵᠢᠭᠦᠯᠬᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠵᠥᠷᠢᠴᠡᠯ ᠵᠢᠭᠤᠷᠠᠯᠳᠤᠭᠠᠨ ᠢ | ᠡᠶᠡᠳᠡᠭᠦᠯᠦᠨ ᠰᠢᠢᠳᠪᠦᠷᠢᠯᠡᠬᠦ ᠵᠡᠷᠭᠡ ᠲᠤᠷᠰᠢᠯᠭ᠎ᠠ ᠠᠷᠭ᠎ᠠ ᠬᠢᠳᠡᠯ ᠤᠨ ᠲᠤᠬᠠᠶ ᠨᠠᠷᠢᠨ ᠲᠠᠨᠢᠯᠴᠠᠭᠤᠯᠵᠤ᠂ ᠲᠤᠬᠠᠶ ᠶᠢᠨ | ᠲᠠᠯᠠᠪᠠᠶ ᠳᠤ ︽ᠳᠥᠷᠪᠡᠨ ᠨᠢᠭᠡ︾ ᠶᠢᠨ ᠬᠦᠷᠢᠶ᠎ᠡ ᠬᠠᠮᠠᠭᠠᠯᠠᠬᠤ ᠠᠵᠢᠯᠯᠠᠭ᠎ᠠ᠂ ︽ᠨᠥᠬᠦᠭᠡᠰᠦ ᠶᠢᠨ ᠴᠡᠴᠡᠷᠯᠢᠭ︾᠂ | ︽ᠬᠠᠭᠤᠴᠢᠨ ᠶᠠᠭᠤᠮᠠᠰ ᠤᠨ ᠵᠠᠬ᠎ᠠ ᠳᠡᠯᠭᠡᠭᠦᠷ︾ ᠵᠡᠷᠭᠡ ᠣᠯᠠᠨ ᠲᠦᠮᠡᠨ ᠤ ᠰᠠᠶᠢᠨ ᠳᠤᠷ᠎ᠠ ᠠᠴᠠ ᠪᠠᠨ ᠵᠠᠰᠠᠯᠲᠠ ᠶᠢᠨ | ᠠᠵᠢᠯᠯᠠᠭ᠎ᠠ ᠶᠢᠨ ᠬᠡᠷᠡᠭ ᠤᠨ ᠵᠢᠱᠢᠶ᠎ᠡ ᠶᠢ ᠬᠤᠪᠢᠶᠠᠯᠴᠠᠵᠤ᠂ ᠰᠢᠨᠵᠢᠯᠡᠨ ᠪᠠᠶᠢᠴᠠᠭᠠᠵᠤ ᠰᠤᠷᠤᠯᠴᠠᠬᠤ ᠪᠦᠯᠬᠦᠮ ᠤᠨ | ᠵᠥᠪᠰᠢᠶᠡᠷᠡᠯ ᠢ ᠤᠯᠪᠠ᠃ | | ᠲᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠡᠭᠦᠨ ᠢᠶᠠᠷ ᠠᠵᠠ ᠲᠣᠬᠢᠶᠠᠯ ᠪᠣᠯᠭᠠᠵᠤ᠂ ᠨᠠᠮ ᠤᠨ | ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠡᠳᠬᠢᠬᠦᠶ᠂ ᠵᠠᠰᠠᠯᠲᠠ ᠶᠢᠨ | ᠠᠷᠭ᠎ᠠ ᠮᠠᠶ᠋ᠢᠭ ᠵᠢᠴᠢ ᠵᠠᠰᠠᠯᠲᠠ ᠶᠢᠨ ᠴᠢᠳᠠᠪᠤᠷᠢ ᠶᠢᠨ ᠥᠭᠡᠷᠡᠴᠢᠯᠡᠯᠲᠡ ᠶᠢ ᠠᠬᠢᠭᠤᠯᠵᠤ᠂ ᠣᠯᠠᠨ ᠲᠦᠮᠡᠨ ᠤ | ᠰᠡᠳᠬᠢᠯ ᠵᠣᠪᠠᠵᠤ ᠪᠠᠶᠢᠭ᠎ᠠ ᠶᠠᠪᠤᠳᠠᠯ ᠢ ᠰᠠᠶᠢᠲᠤᠷ ᠬᠢᠵᠦ᠂ ᠬᠤᠲᠠ ᠶᠢᠨ ᠬᠠᠶᠢᠷ᠎ᠠ ᠬᠠᠯᠠᠮᠵᠢ ᠪᠠ ᠠᠷᠠᠳ ᠲᠦᠮᠡᠨ ᠤ | ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ | ᠵᠠᠰᠠᠯᠲᠠ ᠶᠢ ᠬᠥᠲᠥᠯᠥᠨ ᠳᠠᠭᠠᠭᠤᠯᠬᠤ ᠦᠢᠯᠡᠳᠦᠯᠭᠡ ᠶᠢ ᠠᠬᠢᠭᠤᠯᠤᠨ᠎ᠠ᠃ | | | |