| ︽ᠤᠳᠠ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2021 | ︱ 2025 ᠣᠨ︶︾ ᠶᠢ ᠳᠠᠷᠤᠮᠠᠯᠯᠠᠨ ᠶᠠᠪᠤᠭᠤᠯᠬᠤ ᠲᠤᠬᠠᠢ ᠤᠳᠠ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ︽ᠤᠳᠠ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2021 | ︱ 2025 ᠣᠨ︶︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ | ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | 2023 ᠣᠨ ᠤ 1 ᠰᠠᠷ᠎ᠠ ᠶᠢᠨ 17 | ᠤᠳᠠ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠡᠷᠡᠭᠵᠢᠭᠦᠯᠬᠦ ᠲᠥᠯᠥᠪᠯᠡᠭᠡ | ︵2021-2025 ᠣᠨ︶ | ᠡᠷᠡᠭᠦᠯ ᠡᠩᠬᠡ ᠳᠤᠮᠳᠠᠳᠤ ᠤᠯᠤᠰ ᠪᠣᠯᠣᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ | ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠨᠠᠩ ᠥᠨᠳᠥᠷ ᠬᠢᠷᠢ | ᠲᠦᠪᠰᠢᠨ ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮᠵᠢ ᠶᠢ ᠪᠠᠶᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠯᠥᠪᠯᠡᠭᠡ ︵2021 ︱ 2025 ᠣᠨ︶︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2021 ︱ | 2025 ᠣᠨ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ | ᠵᠢᠯ﹀ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠵᠢᠴᠢ ︽ᠦᠬᠠᠢ | ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ︵2021 ︱ | 2025 ᠣᠨ︶︾ ᠶᠢᠨ ᠶᠡᠷᠦᠩᠬᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠪᠥᠬᠦ ᠲᠤᠭᠤᠷᠢᠭ ᠤᠨ ᠪᠣᠳᠠᠲᠤ | ᠪᠠᠶᠢᠳᠠᠯ ᠳᠤ ᠰᠠᠭᠤᠷᠢᠯᠠᠨ᠂ ᠲᠣᠰ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠠᠵᠢᠯ ᠤᠨ | ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠪᠠ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ᠂ ᠣᠯᠠᠨ ᠲᠦᠮᠡᠨ ᠤ ᠪᠡᠶ᠎ᠡ ᠶᠢᠨ ᠲᠠᠮᠢᠷ ᠪᠠ ᠤᠷᠤᠯᠳᠤᠭᠠᠨ ᠤ | ᠪᠡᠶ᠎ᠡ ᠶᠢᠨ ᠲᠠᠮᠢᠷ ᠤᠨ ᠠᠵᠢᠯ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠂ ᠨᠠᠩ ᠥᠨᠳᠥᠷ ᠬᠢᠷᠢ ᠲᠦᠪᠰᠢᠨ | ᠪᠦᠬᠦᠢ᠂ ᠨᠠᠩ ᠴᠢᠨᠠᠷ ᠰᠠᠶᠢᠲᠠᠢ᠂ ᠨᠠᠩ ᠲᠥᠪ ᠭᠤᠣᠯᠴᠢ᠂ ᠨᠠᠩ ᠠᠮᠤᠷ ᠲᠦᠪᠰᠢᠨ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠠᠷᠠᠳ ᠣᠯᠠᠨ ᠤ ᠡᠳᠦᠷ | ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ | ︵ᠬᠤᠶᠠᠷ︶ ᠶᠡᠷᠦᠩᠬᠡᠢ ᠬᠠᠷᠠᠯᠲᠠ | ᠪᠥᠬᠦ ᠲᠤᠭᠤᠷᠢᠭ ᠤᠨ ᠠᠷᠠᠳ ᠲᠦᠮᠡᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠦᠵᠡᠯ ᠤᠬᠠᠮᠰᠠᠷ | ᠤᠯᠠᠮ ᠨᠢᠭᠡ ᠠᠯᠬᠤᠮ ᠴᠢᠩᠭᠠᠷᠠᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠬᠥᠮᠥᠨ ᠤ ᠲᠤᠭ᠎ᠠ | ᠢᠯᠡᠳᠲᠡ ᠨᠡᠮᠡᠭᠳᠡᠨ᠂ ᠪᠡᠶ᠎ᠡ ᠮᠠᠬᠠᠪᠤᠳ ᠤᠨ ᠬᠡᠪ ᠴᠢᠨᠠᠷ ᠢᠯᠡᠳᠲᠡ ᠳᠡᠭᠡᠭᠰᠢᠯᠡᠪᠡ᠃ ᠨᠡᠶᠢᠭᠡᠮ ᠤᠨ ᠪᠡᠶ᠎ᠡ ᠶᠢᠨ | ᠲᠠᠮᠢᠷ ᠤᠨ ᠵᠢᠭᠠᠨ ᠵᠢᠯᠣᠭᠤᠳᠤᠭᠴᠢ ᠶᠢᠨ ᠲᠤᠭ᠎ᠠ ᠬᠡᠮᠵᠢᠶ᠎ᠡ ᠶᠢ ᠲᠣᠭᠲᠠᠭᠠᠭᠰᠠᠨ ᠪᠠᠷᠢᠮᠵᠢᠶ᠎ᠠ ᠳᠤ ᠬᠦᠷᠦᠭᠦᠯᠵᠦ᠂ | ᠵᠢᠭᠠᠨ ᠵᠢᠯᠤᠭᠤᠳᠬᠤ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠯ᠎ᠡ ᠲᠥᠷᠥᠯ ᠤᠨ ᠪᠡᠶ᠎ᠡ ᠶᠢᠨ | ᠲᠠᠮᠢᠷ ᠤᠨ ᠨᠡᠶᠢᠭᠡᠮᠯᠢᠭ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ᠂ | ᠢᠯᠠᠩᠭᠤᠶ᠎ᠠ ᠬᠥᠯ ᠪᠥᠮᠪᠦᠭᠡ᠂ ᠥᠲᠥᠨ ᠪᠥᠮᠪᠦᠭᠡ᠂ ᠳᠤᠭᠤᠢ ᠲᠡᠷᠭᠡ ᠵᠡᠷᠭᠡ ᠣᠯᠠᠨ ᠲᠦᠮᠡᠨ ᠤ ᠦᠵᠡᠵᠦ | ᠰᠣᠨᠢᠷᠬᠠᠬᠤ ᠳᠤᠷᠠᠲᠠᠢ ᠪᠡᠶ᠎ᠡ ᠶᠢᠨ ᠲᠠᠮᠢᠷ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ᠎ᠠ᠃ ᠦᠬᠠᠢ ᠨᠠᠭᠤᠷ ᠢ | ᠪᠦᠲᠦᠭᠡᠨ ᠪᠠᠶᠢᠭᠤᠯᠬᠤ᠂ ᠵᠤᠭᠠᠴᠠᠯ ᠢ ᠬᠥᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠰᠡᠯᠡᠭᠦᠴᠡᠯ ᠤᠨ ᠪᠡᠶ᠎ᠡ ᠶᠢᠨ | ᠲᠠᠮᠢᠷ ᠤᠨ ᠣᠨᠣᠯᠵᠢᠬᠤᠨ ᠢ ᠳᠡᠭᠡᠭᠰᠢᠯᠡᠭᠦᠯᠦᠨ᠂ ᠭᠠᠵᠠᠷ ᠣᠷᠣᠨ ᠤ ᠣᠨᠴᠠᠯᠢᠭ ᠲᠠᠢ ᠪᠡᠶ᠎ᠡ ᠶᠢᠨ ᠲᠠᠮᠢᠷ ᠤᠨ | ᠤᠷᠤᠯᠳᠤᠭᠠᠨ ᠢ ᠪᠣᠶ ᠪᠣᠯᠭᠠᠵᠤ᠂ ᠨᠥᠯᠥᠭᠡᠯᠡᠬᠦ ᠬᠦᠴᠦᠨ ᠲᠠᠢ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠢ | ᠢᠳᠡᠭ ᠢᠳᠡᠭ ᠢᠶᠠᠷ ᠪᠣᠶ ᠪᠣᠯᠭᠠᠨ᠎ᠠ᠃ ᠠᠵᠤ ᠠᠬᠤᠢ ᠶᠢᠨ ᠬᠥᠭᠵᠢᠯᠲᠡ ᠯᠦᠭᠡ ᠬᠠᠷᠢᠯᠴᠠᠨ ᠵᠣᠬᠢᠴᠠᠯᠳᠤᠭᠰᠠᠨ᠂ | ᠨᠡᠶᠢᠭᠡᠮ ᠤᠨ ᠬᠥᠭᠵᠢᠯᠲᠡ ᠯᠦᠭᠡ ᠬᠠᠷᠢᠯᠴᠠᠨ ᠵᠣᠬᠢᠴᠠᠯᠳᠤᠭᠰᠠᠨ᠂ ᠨᠡᠯᠢᠶᠡᠳ ᠲᠡᠭᠦᠯᠳᠡᠷᠵᠢᠭᠰᠡᠨ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ | 2025 ᠣᠨ ᠪᠣᠯᠬᠤ ᠳᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮᠵᠢ ᠶᠢ | ᠨᠠᠩ ᠲᠡᠭᠦᠯᠳᠡᠷᠵᠢᠭᠦᠯᠵᠦ᠂ ᠠᠷᠠᠳ ᠣᠯᠠᠨ ᠤ ᠪᠡᠶ᠎ᠡ ᠴᠢᠭᠢᠷᠠᠭᠵᠢᠭᠤᠯᠬᠤ ᠦᠵᠡᠯ ᠤᠬᠠᠮᠰᠠᠷ ᠢ ᠢᠯᠡᠳᠲᠡ | ᠳᠡᠭᠡᠭᠰᠢᠯᠡᠭᠦᠯᠦᠨ᠂ ᠪᠡᠶ᠎ᠡ ᠶᠢᠨ ᠲᠠᠮᠢᠷ ᠤᠨ ᠬᠥᠮᠥᠨ ᠠᠮᠠ ᠶᠢ ᠲᠠᠰᠤᠷᠠᠯᠲᠠ ᠦᠭᠡᠢ ᠥᠷᠭᠡᠳᠬᠡᠨ᠎ᠡ᠃ ᠰᠢᠨᠵᠢᠯᠡᠬᠦ | ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢ ᠵᠢᠯᠤᠭᠤᠳᠬᠤ ᠦᠢᠯᠡᠴᠢᠯᠡᠭᠡ ᠶᠢᠨ ᠬᠠᠮᠤᠷᠬᠤ ᠬᠡᠪᠴᠢᠶ᠎ᠡ ᠶᠢ ᠨᠠᠩ | ᠥᠷᠭᠡᠨ ᠳᠡᠯᠭᠡᠷ ᠪᠣᠯᠭᠠᠵᠤ᠂ ᠣᠯᠠᠨ ᠲᠦᠮᠡᠨ ᠤ ᠪᠡᠶ᠎ᠡ ᠮᠠᠬᠠᠪᠤᠳ ᠤᠨ ᠬᠡᠪ ᠪᠣᠯᠪᠠᠰᠤᠷᠠᠯ ᠪᠠ ᠡᠷᠡᠭᠦᠯ ᠮᠡᠨᠳᠦ ᠶᠢᠨ | ᠬᠢᠷᠢ ᠬᠡᠮᠵᠢᠶ᠎ᠡ ᠵᠢᠦᠷᠭᠦᠯᠵᠢᠯᠡᠨ ᠳᠡᠭᠡᠭᠰᠢᠯᠡᠭᠦᠯᠦᠨ᠎ᠡ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠰᠣᠶᠣᠯ᠂ | ᠵᠢᠭᠤᠯᠴᠢᠯᠠᠯ᠂ ᠡᠮ ᠡᠮᠨᠡᠯᠭᠡ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ ᠵᠡᠷᠭᠡ ᠨᠡᠶᠢᠭᠡᠮ ᠤᠨ ᠦᠢᠯᠡᠰ ᠲᠠᠢ | ᠠᠭᠤᠰᠤᠯᠴᠠᠭᠤᠯᠤᠨ ᠬᠥᠭᠵᠢᠭᠦᠯᠵᠦ᠂ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠢᠯᠡᠳᠲᠡ ᠨᠡᠮᠡᠭᠳᠡᠭᠦᠯᠦᠨ᠎ᠡ᠃ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠣᠷᠳᠣᠨ ᠤ ᠲᠥᠬᠦᠭᠡᠷᠦᠮᠵᠢ ᠶᠢ ᠨᠡᠩ ᠪᠦᠷᠢᠨ ᠲᠡᠭᠦᠯᠳᠡᠷ | ᠪᠣᠯᠭᠠᠨ᠎ᠠ ᠃ | ᠪᠡᠶ᠎ᠡ ᠶᠢᠨ ᠲᠠᠮᠢᠷ ᠤᠨ ᠬᠥᠮᠥᠨ ᠠᠮᠠ ᠲᠠᠰᠤᠷᠠᠯᠲᠠ ᠦᠭᠡᠢ ᠥᠷᠭᠡᠳᠴᠦ᠂ ᠪᠡᠶ᠎ᠡ ᠶᠢᠨ ᠲᠠᠮᠢᠷ ᠤᠨ | ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠥᠨ ᠤ ᠲᠤᠭ᠎ᠠ ᠶᠢᠨ ᠬᠠᠷᠢᠴᠠᠯ 38.6% ᠳᠤ ᠬᠦᠷᠭᠡᠵᠦ᠂ | ᠰᠤᠷᠤᠭᠴᠢᠳ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠡᠳᠦᠷ ᠪᠦᠷᠢ ᠨᠠᠭᠠᠲᠤ ᠵᠠᠬ᠎ᠠ ᠳᠠᠭᠠᠨ 1 ᠴᠠᠭ ᠤᠨ | ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠬᠥᠳᠡᠯᠭᠡᠭᠡᠨ ᠳᠤ ᠣᠷᠣᠯᠴᠠᠬᠤ ᠬᠡᠷᠡᠭᠲᠡᠢ᠃ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠪᠡᠶ᠎ᠡ ᠮᠠᠬᠠᠪᠤᠳ ᠨᠡᠶᠢᠳᠡᠮ ᠳᠡᠭᠡᠨ ᠴᠢᠩᠭᠠᠷᠠᠵᠤ᠂ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ︽ᠤᠯᠤᠰ ᠠᠷᠠᠳ ᠤᠨ ᠪᠡᠶ᠎ᠡ ᠮᠠᠬᠠᠪᠤᠳ ᠢ ᠬᠡᠮᠵᠢᠨ ᠲᠣᠭᠲᠠᠭᠠᠬᠤ ᠪᠠᠷᠢᠮᠵᠢᠶ᠎ᠠ︾ ᠳᠤ ᠬᠢᠷᠢ | ᠲᠡᠩᠴᠡᠭᠰᠡᠨ ᠠᠴᠠ ᠳᠡᠭᠡᠭᠰᠢᠬᠢ ᠬᠥᠮᠥᠨ ᠤ ᠲᠤᠭ᠎ᠠ ᠶᠢᠨ ᠬᠠᠷᠢᠴᠠᠯ 91% ᠪᠣᠯᠭᠠᠨ᠎ᠠ᠃ ᠪᠡᠶ᠎ᠡ | ᠴᠢᠭᠢᠷᠠᠭᠵᠢᠭᠤᠯᠬᠤ ᠶᠢ ᠵᠢᠯᠤᠭᠤᠳᠬᠤ ᠬᠥᠮᠥᠨ ᠤ ᠲᠤᠭ᠎ᠠ ᠶᠢ ᠢᠯᠡᠳᠲᠡ ᠨᠡᠮᠡᠭᠳᠡᠭᠦᠯᠦᠨ᠎ᠡ᠃ ᠪᠥᠬᠦ ᠲᠤᠭᠤᠷᠢᠭ ᠤᠨ | ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢᠨ ᠬᠥᠮᠥᠨ ᠤ ᠲᠤᠭ᠎ᠠ ᠶᠢ 500 ᠬᠥᠮᠥᠨ ᠠᠴᠠ | ᠳᠡᠭᠡᠭᠰᠢ ᠳᠤ ᠬᠦᠷᠦᠭᠦᠯᠵᠦ᠂ ᠮᠢᠩᠭᠠᠨ ᠬᠥᠮᠥᠨ ᠪᠦᠷᠢ ᠳᠤ 4.1 ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ | ᠵᠢᠯᠣᠭᠤᠳᠤᠭᠴᠢ ᠲᠠᠢ ᠪᠣᠯᠭᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢ ᠲᠠᠰᠤᠷᠠᠯᠲᠠ | ᠦᠭᠡᠢ ᠨᠡᠮᠡᠭᠳᠡᠭᠦᠯᠵᠦ᠂ ᠬᠤᠲᠠ ᠶᠢᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠪᠥᠭᠡᠳ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ | ᠬᠥᠮᠥᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠲᠠᠯᠠᠪᠠᠶ ᠶᠢ 2.6 ᠲᠡᠭᠰᠢ ᠳᠥᠷᠪᠡᠯᠵᠢᠨ ᠮᠧᠲᠷ ᠠᠴᠠ | ᠳᠡᠭᠡᠭᠰᠢ ᠪᠠᠶᠢᠯᠭᠠᠵᠤ᠂ ᠠᠷᠠᠳ ᠣᠯᠠᠨ ᠤ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠢ ᠭᠥᠷᠳᠡᠬᠦ ᠬᠥᠳᠡᠯᠭᠡᠭᠡᠨ ᠤ ᠷᠠᠳᠢᠦ᠋ᠰ ᠢ ᠪᠠᠭᠠᠰᠬᠠᠨ᠂ ︽ᠨᠢᠭᠡ ᠮᠥᠴᠡ ᠪᠡᠶ᠎ᠡ ᠴᠢᠭᠢᠷᠠᠭᠵᠢᠭᠤᠯᠬᠤ | ᠬᠦᠷᠢᠶ᠎ᠡ︾ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠬᠠᠷᠢᠶᠠᠲᠤ ᠣᠷᠣᠨ ᠤ ᠠᠷᠠᠳ | ᠲᠦᠮᠡᠨ ᠤ ᠴᠢᠨᠠᠷ ᠰᠠᠶᠢᠲᠠᠢ ᠠᠮᠢᠳᠤᠷᠠᠯ ᠢ ᠠᠬᠢᠭᠤᠯᠬᠤ ᠶᠢᠨ ᠡᠭᠦᠰᠬᠡᠯ ᠪᠠ ᠲᠡᠭᠦᠰᠬᠡᠯ ᠪᠣᠯᠭᠠᠨ᠎ᠠ᠃ | ︵ᠬᠤᠶᠠᠷ︶ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠪᠡᠶ᠎ᠡ ᠶᠢᠨ ᠲᠠᠮᠢᠷ ᠤᠨ | ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠨᠡᠨᠬᠦ ᠰᠢᠯᠢᠳᠡᠭᠵᠢᠭᠦᠯᠵᠦ᠂ ᠡᠬᠢ ᠪᠠᠶᠠᠯᠢᠭ ᠤᠨ | ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ᠂ | ᠨᠡᠶᠢᠭᠡᠮ ᠤᠨ ᠠᠮᠢᠵᠢᠷᠠᠯ ᠤᠨ ᠬᠦᠴᠦᠨ ᠪᠠ ᠠᠵᠤ ᠠᠬᠤᠶᠢᠯᠠᠯ ᠤᠨ ᠬᠥᠳᠡᠯᠭᠡᠭᠦ ᠬᠦᠴᠦᠨ ᠢ ᠬᠥᠭᠵᠢᠭᠡᠵᠦ᠂ | ᠬᠠᠮᠲᠤᠪᠠᠷ ᠪᠠᠶᠢᠭᠤᠯᠤᠨ ᠬᠠᠮᠲᠤᠪᠠᠷ ᠡᠳ᠋ᠯᠡᠵᠦ᠂ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠪᠡᠯᠡᠳᠬᠡᠮᠵᠢ ᠶᠢ | ᠲᠦᠷᠭᠡᠳᠬᠡᠨ ᠲᠡᠭᠦᠯᠳᠡᠷᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠤ ᠦᠢᠯᠡᠰ ᠤᠨ | ᠰᠢᠰᠲ᠋ᠧᠮᠵᠢ ᠶᠢ ᠪᠦᠷᠢᠨᠰᠢᠭᠦᠯᠦᠨ᠎ᠡ᠃ | ︵ᠭᠤᠷᠪᠠ︶ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ | ᠲᠦᠷᠭᠡᠳᠬᠡᠵᠦ᠂ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠠᠪᠴᠠᠩ | ᠪᠣᠯᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠪᠡᠶ᠎ᠡ ᠶᠢᠨ ᠲᠠᠮᠢᠷ ᠤᠨ ᠠᠵᠤ ᠠᠬᠤᠶᠢᠯᠠᠯ ᠤᠨ | ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠡᠷᠢᠭᠦᠨ ᠤ | ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠨ᠎ᠠ᠃ | ︵ᠳᠥᠷᠪᠡ︶ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠨ᠎ᠠ᠃ ᠪᠣᠬᠢᠷᠲᠤᠯ ᠦᠭᠡᠢ ᠬᠥᠭᠵᠢᠯᠲᠡ ᠶᠢᠨ | ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠡᠷᠡᠭᠦᠯ ᠪᠥᠭᠡᠳ ᠦᠷᠭᠦᠯᠵᠢᠯᠡᠨ ᠬᠥᠭᠵᠢᠬᠦ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠂ ᠤᠳᠠ ᠲᠣᠭᠤᠷᠢᠭ ᠤᠨ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠦᠢᠯᠡᠳᠬᠦᠨ ᠤ ᠠᠮᠢ ᠠᠬᠤᠶᠢᠵᠢᠯᠲᠠ ᠶᠢ ᠠᠬᠢᠭᠤᠯᠵᠤ᠂ ᠤᠳᠠ ᠲᠣᠭᠤᠷᠢᠭ ᠤᠨ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ | ︵ᠲᠠᠪᠤ︶ ᠣᠨᠴᠠᠯᠢᠭ ᠢ ᠪᠣᠶ ᠪᠣᠯᠭᠠᠬᠤ ᠶᠢ ᠪᠠᠷᠢᠮᠲᠠᠯᠠᠨ᠎ᠠ᠃ ︽ᠠᠭᠤᠯᠠ᠂ ᠤᠰᠤ᠂ ᠡᠯᠡᠰᠦ᠂ ᠬᠤᠲᠠ︾ ᠶᠢᠨ | ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠭᠠᠵᠠᠷ ᠣᠷᠣᠨ ᠤ ᠣᠨᠴᠠᠯᠢᠭ ᠪᠠ ᠠᠵᠤ | ᠦᠢᠯᠡᠰ ᠤᠨ ᠣᠨᠴᠠᠯᠢᠭ ᠲᠠᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠳᠬᠦᠨ ᠪᠠ ᠲᠥᠷᠥᠯ ᠵᠦᠢᠯ ᠢ | ᠨᠡᠭᠡᠭᠡᠨ ᠬᠥᠭᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠤᠬᠠᠭᠤᠯᠤᠨ ᠳᠡᠯᠭᠡᠷᠡᠭᠦᠯᠬᠦ ᠪᠠ ᠵᠠᠬ᠎ᠠ | ᠳᠡᠯᠭᠡᠭᠦᠷ ᠢ ᠨᠡᠭᠡᠭᠡᠬᠦ ᠶᠢ ᠨᠡᠮᠡᠭᠳᠡᠭᠦᠯᠦᠨ᠂ ᠪᠡᠶ᠎ᠡ ᠶᠢᠨ ᠲᠠᠮᠢᠷ ᠵᠢᠭᠤᠯᠴᠢᠯᠠᠯ᠂ ᠪᠡᠶ᠎ᠡ ᠶᠢᠨ ᠲᠠᠮᠢᠷ ᠰᠤᠷᠭᠠᠨ | ᠬᠥᠮᠦᠵᠢᠯ ᠤᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠤᠳᠠ ᠲᠣᠭᠤᠷᠢᠭ ᠤᠨ ᠨᠥᠯᠥᠭᠡᠯᠡᠬᠦ ᠬᠦᠴᠦᠨ ᠪᠠ | ᠠᠯᠳᠠᠷᠰᠢᠯ ᠢ ᠥᠷᠭᠡᠳᠬᠡᠨ᠎ᠡ᠃ | ᠭᠤᠷᠪᠠ᠂ ᠭᠤᠣᠯ ᠡᠭᠦᠷᠭᠡ | ︵ᠨᠢᠭᠡ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ | 1. ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠨᠢᠭᠡᠳᠦᠯᠲᠡᠢ ᠲᠥᠯᠥᠪᠵᠢᠭᠦᠯᠦᠨ᠎ᠡ᠃ ᠵᠢᠭᠤᠯᠴᠢᠯᠠᠯ ᠤᠨ ᠦᠵᠡᠮᠵᠢᠲᠦ ᠣᠷᠣᠨ ᠪᠠ ᠪᠡᠶ᠎ᠡ ᠶᠢᠨ ᠲᠠᠮᠢᠷ ᠤᠨ | ᠴᠡᠴᠡᠷᠯᠢᠭ ᠤᠨ ᠪᠣᠬᠢᠷᠲᠤᠯ ᠦᠭᠡᠢ ᠣᠷᠣᠨ ᠵᠠᠢ ᠬᠢᠭᠡᠳ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠭᠦᠨᠵᠡᠭᠡᠢ | ᠠᠭᠤᠰᠤᠯᠴᠠᠬᠤ ᠶᠢ ᠠᠬᠢᠭᠤᠯᠤᠨ᠎ᠠ᠃ ᠬᠤᠲᠠ ᠶᠢᠨ ᠰᠤᠯᠠ ᠪᠠᠶᠢᠭ᠎ᠠ ᠭᠠᠵᠠᠷ ᠰᠢᠷᠣᠢ ᠶᠢ ᠠᠮᠢᠳᠤᠯᠢᠭᠵᠢᠭᠤᠯᠤᠨ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠰᠠᠶᠢᠲᠤᠷ | ᠬᠡᠷᠡᠭᠯᠡᠵᠦ᠂ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠬᠦ ᠠᠷᠭ᠎ᠠ ᠮᠠᠶ᠋ᠢᠭ ᠢᠶᠠᠷ ᠭᠠᠵᠠᠷ ᠬᠠᠩᠭᠠᠬᠤ ᠶᠢ | ᠵᠣᠷᠢᠭᠵᠢᠭᠤᠯᠤᠨ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠦᠯᠡᠳᠡᠭᠡᠯ ᠳᠠᠯᠳᠠ ᠬᠦᠴᠦᠨ ᠢ | ᠭᠦᠢᠴᠡᠳ ᠠᠭᠤᠳᠠᠯᠵᠤ᠂ ᠨᠡᠶᠢᠭᠡᠮ ᠲᠣᠭᠤᠷᠢᠭ ᠲᠤ ᠣᠶᠢᠷᠠᠲᠤᠭᠰᠠᠨ᠂ ᠬᠡᠷᠡᠭᠯᠡᠬᠦ ᠳᠤ ᠲᠥᠬᠦᠮ ᠪᠡᠶ᠎ᠡ | ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ ᠪᠡᠯᠡᠳᠬᠡᠮᠵᠢ ᠶᠢᠨ ᠲᠥᠷᠥᠯ ᠵᠦᠢᠯ ᠤᠨ ᠬᠥᠮᠥᠷᠭᠡ ᠶᠢᠨ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ | ᠲᠦᠷᠦᠭᠦᠯᠡᠬᠦ ᠰᠠᠯᠠᠭ᠎ᠠ ᠮᠥᠴᠢᠷ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠬᠠᠮᠵᠢᠯᠴᠠᠬᠤ ᠰᠠᠯᠠᠭ᠎ᠠ ᠮᠥᠴᠢᠷ᠄ ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠵᠠᠮ ᠬᠠᠷᠢᠯᠴᠠᠭᠠᠨ ᠤ ᠲᠣᠪᠴᠢᠶ᠎ᠠ︶᠂ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ | ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ | 2. ᠣᠯᠠᠨ ᠲᠦᠮᠡᠨ ᠤ ᠳᠡᠷᠭᠡᠳᠡᠬᠢ ᠪᠡᠶ᠎ᠡ ᠴᠢᠭᠢᠷᠠᠭᠵᠢᠭᠤᠯᠬᠤ ᠨᠥᠬᠦᠴᠡᠯ ᠢ ᠰᠠᠶᠢᠵᠢᠷᠠᠭᠤᠯᠤᠨ᠎ᠠ᠃ ᠰᠢᠨ᠎ᠡ ᠪᠠᠷ | ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠪᠠ ᠨᠡᠶᠢᠭᠡᠮ ᠲᠣᠭᠤᠷᠢᠭ ᠨᠢ ᠤᠯᠤᠰ ᠤᠨ ᠲᠣᠭᠲᠠᠭᠠᠯ | ᠶᠣᠰᠣᠭᠠᠷ᠂ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠣᠷᠣᠨ ᠰᠠᠭᠤᠴᠠ ᠶᠢᠨ ᠲᠣᠭᠤᠷᠢᠭ ᠤᠨ ᠭᠤᠣᠯ ᠴᠣᠭᠴᠠ ᠶᠢᠨ | ᠪᠠᠷᠢᠯᠭ᠎ᠠ ᠯᠤᠭ᠎ᠠ ᠵᠡᠷᠭᠡ ᠳᠤᠨᠢ ᠵᠢᠷᠤᠭᠯᠠᠨ ᠲᠥᠯᠥᠪᠯᠡᠵᠦ᠂ ᠵᠡᠷᠭᠡ ᠳᠤᠨᠢ ᠪᠠᠷᠢᠯᠭ᠎ᠠ ᠪᠠᠷᠢᠵᠤ᠂ ᠵᠡᠷᠭᠡ ᠳᠤᠨᠢ | ᠠᠰᠢᠭᠯᠠᠯᠲᠠ ᠳᠤ ᠣᠷᠣᠭᠤᠯᠬᠤ ᠬᠡᠷᠡᠭᠲᠡᠢ᠃ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠪᠡᠶ᠎ᠡ | ᠴᠢᠭᠢᠷᠠᠭᠵᠢᠭᠤᠯᠬᠤ ᠪᠡᠯᠡᠳᠬᠡᠮᠵᠢ ᠨᠢ ᠲᠥᠯᠦᠪᠵᠢᠭᠦᠯᠭᠡ ᠶᠢᠨ ᠱᠠᠭᠠᠷᠳᠠᠯᠭ᠎ᠠ ᠪᠤᠶᠤ ᠪᠦᠲᠦᠭᠡᠨ ᠪᠠᠶᠢᠭᠤᠯᠬᠤ | ᠪᠠᠷᠢᠮᠵᠢᠶ᠎ᠠ ᠳᠤ ᠬᠦᠷᠦᠭᠰᠡᠨ ᠦᠭᠡᠢ ᠪᠠᠶᠢᠪᠠᠯ᠂ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠤᠨ | ᠥᠭᠡᠷᠡᠴᠢᠯᠡᠯᠲᠡ ᠵᠢᠴᠢ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠲᠠᠢ ᠨᠢᠭᠲᠠ | ᠤᠶᠠᠯᠳᠤᠭᠤᠯᠵᠤ᠂ ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ | ᠪᠦᠲᠦᠭᠡᠨ ᠪᠠᠶᠢᠭᠤᠯᠬᠤ ᠬᠡᠷᠡᠭᠲᠡᠢ᠃ ᠬᠤᠲᠠ ᠶᠢᠨ ᠨᠡᠶᠢᠭᠡᠮ ᠲᠣᠭᠤᠷᠢᠭ ᠨᠢ ᠪᠠᠷᠢᠮᠵᠢᠶᠠᠲᠤ ᠪᠡᠶ᠎ᠡ ᠴᠢᠭᠢᠷᠠᠭᠵᠢᠭᠤᠯᠬᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠴᠡᠯ ᠢ ᠪᠦᠷᠢᠳᠦᠭᠦᠯᠦᠭᠰᠡᠨ ᠦᠭᠡᠢ ᠪᠠᠶᠢᠪᠠᠯ᠂ ᠬᠤᠳᠠᠯᠳᠤᠭ᠎ᠠ | ᠂ ᠰᠣᠶᠣᠯ᠂ ᠵᠤᠭ᠎ᠠ ᠴᠡᠩᠭᠡᠯ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠶᠡᠷᠦᠩᠬᠡᠶᠢᠯᠡᠨ ᠨᠡᠭᠡᠭᠡᠨ | ᠬᠥᠭᠵᠢᠭᠦᠯᠬᠦ ᠪᠠ ᠥᠭᠡᠷᠡᠴᠢᠯᠡᠬᠦ ᠯᠦᠭᠡ ᠬᠠᠷᠢᠯᠴᠠᠨ ᠤᠶᠠᠯᠳᠤᠭᠤᠯᠵᠤ᠂ ᠪᠠᠷᠢᠮᠵᠢᠶᠠᠲᠤ ᠪᠤᠰᠤ ᠪᠡᠶ᠎ᠡ | ᠴᠢᠭᠢᠷᠠᠭᠵᠢᠭᠤᠯᠬᠤ ᠪᠡᠯᠡᠳᠬᠡᠮᠵᠢ ᠶᠢ ᠠᠮᠢᠳᠤᠯᠢᠭ ᠢᠶᠠᠷ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃ ᠪᠡᠶ᠎ᠡ ᠶᠢᠨ | ᠲᠠᠮᠢᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ | ᠳᠤᠨᠢ ᠲᠣᠬᠢᠷᠠᠭᠤᠯᠤᠨ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ | ᠲᠣᠰᠬᠤᠨ ᠲᠠᠢ ᠤᠶᠠᠯᠳᠤᠭᠤᠯᠤᠨ ᠰᠡᠯᠡᠭᠦᠴᠡᠯ ᠪᠡᠶ᠎ᠡ ᠴᠢᠭᠢᠷᠠᠭᠵᠢᠭᠤᠯᠬᠤ ᠣᠷᠣᠨ᠂ ᠴᠢᠳᠠᠮᠵᠢᠲᠤ ᠣᠷᠣᠨ ᠤ | ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃ | ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ | ᠬᠠᠮᠵᠢᠯᠴᠠᠬᠤ ᠰᠠᠯᠠᠭ᠎ᠠ ᠮᠥᠴᠢᠷ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ︵ᠵᠠᠮ ᠬᠠᠷᠢᠯᠴᠠᠭᠠᠨ ᠤ ᠲᠣᠪᠴᠢᠶ᠎ᠠ︶᠂ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ᠂ | ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ | ᠲᠣᠪᠴᠢᠶ᠎ᠠ | 3. ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠨᠡᠭᠡᠭᠡᠯᠲᠡᠲᠦ ᠦᠢᠯᠡᠴᠢᠯᠡᠭᠡ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠲᠠᠯᠠᠪᠠᠶ ᠣᠷᠳᠣᠨ ᠤ ᠰᠦᠢᠳᠬᠡᠯ ᠬᠤᠷᠢᠶᠠᠬᠤ ᠦᠭᠡᠶ ᠪᠤᠶᠤ | ᠰᠦᠢᠳᠬᠡᠯ ᠪᠠᠭ᠎ᠠ ᠬᠤᠷᠢᠶᠠᠵᠤ ᠴᠢᠯᠥᠭᠡᠲᠡᠶ ᠲᠠᠯᠪᠢᠬᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠲᠠᠯᠠᠪᠠᠶ ᠣᠷᠳᠣᠨ ᠤ | ᠵᠠᠯᠠᠭᠤᠴᠤᠳ ᠪᠠᠭᠠᠴᠤᠳ᠂ ᠨᠠᠰᠤᠲᠠᠶᠢᠴᠤᠳ᠂ ᠵᠡᠮᠳᠡᠭᠴᠦᠳ ᠲᠤ ᠴᠢᠯᠥᠭᠡᠲᠡᠶ ᠲᠠᠯᠪᠢᠬᠤ ᠡᠷᠴᠢᠮ ᠢ ᠴᠢᠩᠭᠠᠷᠠᠭᠤᠯᠤᠨ | ᠂ ᠭᠠᠷᠠᠭ ᠪᠦᠷᠢ ᠶᠢᠨ ᠨᠡᠭᠡᠭᠡᠬᠦ ᠬᠤᠭᠤᠴᠠᠭ᠎ᠠ ᠶᠢ 35 ᠴᠠᠭ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ ᠪᠦᠬᠦ | ᠵᠢᠯ ᠳᠤ 330 ᠡᠳᠦᠷ ᠠᠴᠠ ᠪᠠᠭ᠎ᠠ ᠪᠠᠶᠢᠵᠤ ᠪᠣᠯᠬᠤ ᠦᠭᠡᠢ᠃ ᠲᠠᠯᠠᠪᠠᠶ ᠣᠷᠳᠣᠨ ᠤ ᠡᠵᠡᠩᠨᠡᠯᠲᠡ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠯᠠᠪᠠᠶ ᠣᠷᠳᠣᠨ ᠤ ᠪᠠᠴᠢᠮ ᠪᠠᠶᠢᠳᠠᠯ ᠢ | ᠠᠷᠭᠠᠴᠠᠵᠤ ᠠᠶᠤᠯ ᠠᠴᠠ ᠵᠠᠶᠢᠯᠠᠬᠤ ︵ᠲᠦᠭᠰᠢᠭᠦᠷᠢ︶ ᠴᠢᠳᠠᠮᠵᠢ ᠶᠢ ᠬᠤᠪᠢᠷᠠᠭᠤᠯᠬᠤ ᠪᠡᠯᠡᠳᠬᠡᠯ ᠲᠥᠰᠦᠯ ᠢ | ᠰᠠᠶᠢᠲᠤᠷ ᠬᠢᠵᠦ᠂ ᠲᠠᠯᠠᠪᠠᠶ ᠣᠷᠳᠣᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ | ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ | ᠬᠠᠮᠵᠢᠯᠴᠠᠬᠤ ᠰᠠᠯᠠᠭ᠎ᠠ ᠮᠥᠴᠢᠷ᠄ ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ | ︵ᠬᠤᠶᠠᠷ︶ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠦᠨ᠎ᠡ᠃ | 1. ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠠᠭᠤᠯᠭ᠎ᠠ ᠬᠡᠯᠪᠡᠷᠢ ᠶᠢ ᠪᠠᠶᠠᠯᠢᠭᠵᠢᠭᠤᠯᠤᠨ᠎ᠠ᠃ | ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠪᠡᠶ᠎ᠡ ᠶᠢᠨ ᠲᠠᠮᠢᠷ ᠤᠨ ᠴᠤᠭᠯᠠᠭᠠᠨ ᠪᠠ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠶᠢ ᠲᠦᠮᠡᠨ ᠡᠷᠦᠬᠡ ᠳᠤ | ᠣᠷᠣᠭᠤᠯᠬᠤ᠂ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠪᠡᠶ᠎ᠡ ᠶᠢᠨ ᠲᠠᠮᠢᠷ ᠤᠨ ᠲᠥᠷᠥᠯ | ᠵᠦᠢᠯ ᠤᠨ ᠬᠤᠯᠪᠣᠭᠠᠲᠤ ᠤᠷᠤᠯᠳᠤᠭᠠᠨ ᠵᠡᠷᠭᠡ ᠰᠢᠷᠢᠰ ᠤᠷᠤᠯᠳᠤᠭᠠᠨ ᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠦᠨ᠎ᠡ᠃ ᠮᠠᠯᠠᠰᠢᠶᠣᠨ᠂ ᠳᠤᠭᠤᠢ ᠲᠡᠷᠭᠡ᠂ ᠢᠳᠡᠷᠡᠭᠦᠨ ᠠᠯᠬᠤᠭ᠎ᠠ᠂ ᠰᠡᠯᠢᠭᠦᠷ ᠲᠤᠯᠤᠮ ᠵᠠᠪᠢ᠂ ᠥᠲᠥᠨ | ᠪᠥᠮᠪᠦᠭᠡ᠂ ᠡᠯᠡᠰᠦᠨ ᠴᠥᠯ ᠤᠨ ᠬᠡᠭᠡᠷ᠎ᠡ ᠶᠢᠨ ᠤᠷᠤᠯᠳᠤᠭᠠᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠵᠡᠷᠭᠡ | ᠤᠷᠤᠯᠳᠤᠭᠠᠨ ᠤ ᠠᠵᠢᠯᠯᠠᠭᠠᠨ ᠤ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠥᠯ ᠪᠥᠮᠪᠦᠭᠡ᠂ | ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠲᠠᠯᠠᠪᠠᠶ ᠶᠢᠨ ᠪᠥᠵᠢᠭ᠂ ᠪᠡᠶ᠎ᠡ ᠴᠢᠭᠢᠷᠠᠭᠵᠢᠭᠤᠯᠬᠤ ᠲᠠᠮᠢᠷ᠂ ᠨᠡᠷᠡᠬᠦᠢ | ᠨᠢᠳᠤᠷᠭ᠎ᠠ᠂ ᠳᠤᠭᠤᠢ ᠲᠡᠷᠭᠡ ᠵᠢᠴᠢ ᠲᠡᠪᠡᠭ ᠪᠥᠮᠪᠦᠭᠡ ᠵᠡᠷᠭᠡ ᠣᠯᠠᠨ ᠲᠦᠮᠡᠨ ᠤ ᠰᠠᠭᠤᠷᠢ ᠪᠠᠷ ᠰᠠᠶᠢᠨ ᠪᠡᠶ᠎ᠡ ᠶᠢᠨ | ᠲᠠᠮᠢᠷ ᠤᠨ ᠤᠷᠤᠯᠳᠤᠭᠠᠨ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ | ᠲᠠᠮᠢᠷ᠂ ᠡᠮᠡᠭᠲᠡᠶᠢᠴᠦᠳ ᠬᠡᠦᠬᠡᠳ ᠤᠨ ᠪᠡᠶ᠎ᠡ ᠶᠢᠨ ᠲᠠᠮᠢᠷ᠂ ᠨᠠᠰᠤᠲᠠᠶᠢᠴᠤᠳ ᠤᠨ ᠪᠡᠶ᠎ᠡ ᠶᠢᠨ ᠲᠠᠮᠢᠷ᠂ | ᠵᠡᠮᠳᠡᠭᠴᠦᠳ ᠤᠨ ᠪᠡᠶ᠎ᠡ ᠶᠢᠨ ᠲᠠᠮᠢᠷ ᠪᠣᠯᠤᠨ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ | ᠢᠳᠡᠪᠬᠢᠲᠡᠶ ᠪᠠᠷ ᠥᠷᠨᠢᠭᠦᠯᠦᠨ᠎ᠡ᠃ | ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ | ᠬᠠᠮᠵᠢᠯᠴᠠᠬᠤ ᠰᠠᠯᠠᠭ᠎ᠠ ᠮᠥᠴᠢᠷ᠄ ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ | ᠦᠢᠯᠡᠰ ᠤᠨ ᠬᠥᠭᠵᠢᠯᠲᠡ ᠶᠢᠨ ᠲᠥᠪ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ | ᠡᠮᠡᠭᠲᠡᠶᠢᠴᠦᠳ ᠤᠨ ᠬᠤᠯᠪᠣᠭᠠᠲᠤ ᠬᠤᠷᠠᠯ | 2. ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠠᠷᠠᠲᠤ ᠲᠥᠷᠥᠯ ᠲᠡᠮᠳᠡᠭᠲᠦ ᠤᠷᠤᠯᠳᠤᠭᠠᠨ ᠤ ᠠᠵᠢᠯᠯᠠᠭ᠎ᠠ ᠶᠢ ᠪᠣᠶ | ᠪᠣᠯᠭᠠᠨ᠎ᠠ᠃ ︽ᠠᠭᠤᠯᠠ᠂ ᠤᠰᠤ᠂ ᠡᠯᠡᠰᠦ᠂ ᠬᠤᠲᠠ︾ ᠵᠡᠷᠭᠡ ᠪᠠᠶᠢᠭᠠᠯᠢ ᠶᠢᠨ ᠡᠬᠢ ᠪᠠᠶᠠᠯᠢᠭ ᠲᠤ ᠲᠦᠰᠢᠭᠯᠡᠨ᠂ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ᠂ | ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠵᠡᠷᠭᠡ ᠴᠠᠭ ᠬᠤᠭᠤᠴᠠᠭᠠᠨ ᠤ ᠵᠠᠩᠭᠢᠯᠠᠭ᠎ᠠ ᠶᠢᠨ | ᠴᠡᠭ ᠲᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾᠂ ᠨᠡᠶᠢᠭᠡᠮ ᠲᠣᠭᠤᠷᠢᠭ ᠤᠨ ᠣᠨᠴᠠᠯᠢᠭ ᠲᠠᠢ | ᠪᠡᠶ᠎ᠡ ᠶᠢᠨ ᠲᠠᠮᠢᠷ ᠤᠨ ᠴᠤᠭᠯᠠᠭᠠᠨ ᠤ ᠰᠢᠷᠢᠰ ᠠᠵᠢᠯᠯᠠᠭ᠎ᠠ ᠶᠢ ᠡᠷᠭᠢᠯᠡᠨ᠎ᠡ᠃ ᠪᠥᠬᠦ ᠤᠯᠤᠰ ᠤᠨ ᠪᠡᠶ᠎ᠡ ᠶᠢᠨ | ᠲᠠᠮᠢᠷ ᠤᠨ ᠴᠤᠭᠯᠠᠭᠠᠨ ᠤ ᠣᠯᠠᠨ ᠲᠦᠮᠡᠨ ᠤ ᠤᠷᠤᠯᠳᠤᠭᠠᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ ᠂ | ︽ᠭᠤᠷᠪᠠᠨ ᠲᠣᠮᠣ ᠪᠥᠮᠪᠦᠭᠡ︾᠂ ᠪᠡᠶ᠎ᠡ ᠴᠢᠭᠢᠷᠠᠭᠵᠢᠭᠤᠯᠤᠨ ᠭᠦᠶᠦᠬᠦ᠂ ᠪᠡᠶ᠎ᠡ ᠴᠢᠭᠢᠷᠠᠭᠵᠢᠭᠤᠯᠤᠨ ᠠᠯᠬᠤᠬᠤ ᠵᠡᠷᠭᠡ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ | ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ | ᠬᠠᠮᠵᠢᠯᠴᠠᠬᠤ ᠰᠠᠯᠠᠭ᠎ᠠ ᠮᠥᠴᠢᠷ᠄ ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ | 3. ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠮᠡᠳᠡᠯᠭᠡ ᠪᠠ ᠪᠡᠶ᠎ᠡ ᠴᠢᠭᠢᠷᠠᠭᠵᠢᠭᠤᠯᠬᠤ ᠠᠷᠭ᠎ᠠ ᠶᠢ ᠳᠡᠯᠭᠡᠷᠡᠭᠦᠯᠦᠨ | ᠲᠦᠭᠡᠮᠡᠯᠵᠢᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠬᠥᠮᠦᠵᠢᠯ ᠢ ᠭᠦᠨᠵᠡᠭᠡᠢ ᠥᠷᠨᠢᠭᠦᠯᠵᠦ | ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠶᠢ ᠲᠦᠭᠡᠮᠡᠯᠵᠢᠭᠦᠯᠦᠨ᠂ ᠰᠢᠨᠵᠢᠯᠡᠬᠦ | ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠠᠷᠭ᠎ᠠ ᠶᠢ ᠳᠡᠯᠭᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠦᠷ᠎ᠡ ᠪᠦᠲᠦᠮᠵᠢ ᠶᠢ ᠤᠬᠠᠭᠤᠯᠵᠤ᠂ ᠪᠡᠶ᠎ᠡ ᠶᠢᠨ ᠲᠠᠮᠢᠷ ᠤᠨ ᠰᠣᠶᠣᠯ ᠤᠨ ᠵᠣᠷᠢᠭ ᠰᠠᠨᠠᠭ᠎ᠠ ᠶᠢ | ᠪᠠᠳᠠᠷᠠᠭᠤᠯᠤᠨ᠂ ᠪᠥᠬᠦ ᠨᠡᠶᠢᠭᠡᠮ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠴᠢᠨᠠᠷ ᠲᠠᠰ ᠢ ᠶᠡᠬᠡᠪᠡᠷ | ᠳᠡᠭᠡᠭᠰᠢᠯᠡᠭᠦᠯᠦᠨ᠎ᠡ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ︽ᠦᠨᠳᠦᠰᠦᠨ | ᠱᠠᠲᠤᠨ ᠳᠤ ᠬᠦᠷᠴᠦ ᠡᠷᠡᠭᠦᠯ ᠮᠡᠨᠳᠦ ᠶᠢ ᠬᠦᠷᠭᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠥᠷᠨᠢᠭᠦᠯᠵᠦ᠂ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠪᠠᠷ ᠳᠡᠯᠭᠡᠨ ᠦᠵᠡᠭᠦᠯᠬᠦ᠂ ᠳᠡᠯᠭᠡᠨ ᠦᠵᠡᠭᠦᠯᠵᠦ | ᠲᠣᠭᠯᠠᠬᠤ᠂ ᠪᠡᠶ᠎ᠡ ᠴᠢᠭᠢᠷᠠᠭᠵᠢᠭᠤᠯᠬᠤ ᠮᠡᠷᠭᠡᠵᠢᠯ ᠴᠢᠳᠠᠪᠤᠷᠢ ᠶᠢ ᠤᠯᠠᠮᠵᠢᠯᠠᠬᠤ ᠠᠷᠭ᠎ᠠ ᠮᠠᠶ᠋ᠢᠭ ᠢ ᠤᠯᠠᠮᠵᠢᠯᠠᠨ᠎ᠠ︔ | ᠣᠯᠠᠨ ᠲᠦᠮᠡᠨ ᠤ ︽ᠪᠡᠶ᠎ᠡ ᠴᠢᠭᠢᠷᠠᠭᠵᠢᠭᠤᠯᠵᠤ ᠴᠢᠳᠠᠬᠤ ᠥᠬᠡᠶ᠂ ᠪᠡᠶ᠎ᠡ ᠴᠢᠬᠢᠷᠠᠭᠵᠢᠭᠤᠯᠬᠤ ᠠᠴᠠ ᠠᠶᠤᠵᠦ᠂ | ᠪᠠᠷᠢᠮᠲᠠᠯᠠᠬᠤ ᠳᠤ ᠬᠦᠴᠢᠷ︾ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠵᠠᠯᠠᠭᠤᠴᠤᠳ ᠪᠠᠭᠠᠴᠤᠳ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠵᠠᠯᠠᠭᠤᠴᠤᠳ ᠤᠨ | ᠪᠣᠯᠪᠠᠰᠤᠷᠠᠯ ᠤᠨ ᠰᠢᠰᠲ᠋ᠧᠮ ᠤᠨ ᠪᠠᠶᠢᠭᠤᠯᠤᠯᠲᠠ ᠶᠢᠨ ᠠᠯᠬᠤᠴᠠ ᠶᠢ ᠠᠬᠢᠭᠤᠯᠵᠤ᠂ ᠵᠠᠯᠠᠭᠤᠴᠤᠳ ᠪᠠᠭᠠᠴᠤᠳ ᠤᠨ | ᠡᠯᠧᠺᠲᠷᠣᠨ ᠪᠦᠲᠦᠭᠡᠭᠳᠡᠬᠦᠨ ᠳᠤ ᠲᠦᠰᠢᠭᠯᠡᠬᠦ᠂ ᠬᠥᠳᠡᠯᠭᠡᠭᠡᠨ ᠳᠤᠲᠠᠭᠳᠠᠬᠤ ᠵᠡᠷᠭᠡ ᠠᠰᠠᠭᠤᠳᠠᠯ ᠢ | ᠰᠠᠶᠢᠵᠢᠷᠠᠭᠤᠯᠤᠨ᠎ᠠ᠃ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠨᠠᠰᠤᠲᠠᠨ ᠳᠤ ᠲᠣᠬᠢᠷᠠᠬᠤ ᠬᠡᠮᠵᠢᠶ᠎ᠡ ᠶᠢ | ᠳᠡᠭᠡᠭᠰᠢᠯᠡᠭᠦᠯᠦᠨ᠂ ᠨᠠᠰᠤᠲᠠᠶᠢᠴᠤᠳ ᠲᠤ ᠲᠣᠬᠢᠷᠠᠬᠤ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠣᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠳᠤ ᠬᠠᠷᠰᠢ ᠰᠠᠭᠠᠳ ᠦᠭᠡᠶ | ᠣᠷᠴᠢᠨ ᠲᠣᠭᠤᠷᠢᠨ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠡᠷᠡᠭᠦᠯᠵᠢᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠶᠢ ᠥᠷᠨᠢᠭᠦᠯᠦᠨ᠎ᠡ᠃ ᠲᠠᠷᠢᠶᠠᠴᠢᠨ᠂ ᠡᠮᠡᠭᠲᠡᠶᠢᠴᠦᠳ ᠵᠡᠷᠭᠡ ᠬᠥᠮᠦᠰ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠶᠢᠨ ᠥᠷᠨᠢᠯᠲᠡ ᠶᠢ ᠠᠬᠢᠭᠤᠯᠤᠨ᠎ᠠ᠃ | ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ | ᠬᠠᠮᠵᠢᠯᠴᠠᠬᠤ ᠰᠠᠯᠠᠭ᠎ᠠ ᠮᠥᠴᠢᠷ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ | 4. ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠪᠠ ᠠᠵᠢᠯᠲᠠᠨ ᠠᠵᠢᠯᠴᠢᠨ ᠤ ᠪᠡᠶ᠎ᠡ ᠵᠢᠨᠲ᠋ᠤᠮᠳᠠᠳᠤ ᠪᠠᠭ᠎ᠠ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠪᠠᠶᠢᠷᠢᠯᠠᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠵᠦ᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠴᠠᠭ ᠪᠠ ᠬᠦᠴᠦᠯᠡᠴᠡ ᠶᠢ ᠪᠠᠲᠤᠯᠠᠵᠤ᠂ | ᠰᠤᠷᠤᠭᠴᠢᠳ ᠲᠤ ᠨᠠᠰᠤᠨ ᠲᠤᠷᠰᠢᠲᠠ ᠠᠰᠢᠭ ᠬᠦᠷᠳᠡᠬᠦ 1-2 ᠵᠦᠢᠯ ᠤᠨ ᠪᠡᠶ᠎ᠡ ᠶᠢᠨ ᠲᠠᠮᠢᠷ ᠤᠨ ᠤᠷ᠎ᠠ | ᠴᠢᠳᠠᠪᠤᠷᠢ ᠶᠢ ᠡᠵᠡᠮᠰᠢᠭᠦᠯᠵᠦ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠳᠠᠳᠬᠠᠯ ᠲᠠᠢ ᠪᠣᠯᠭᠠᠵᠤ᠂ | ᠰᠤᠷᠭᠠᠭᠤᠯᠢ ᠨᠤᠭᠤᠳ ᠵᠢᠯ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠪᠡᠶ᠎ᠡ ᠶᠢᠨ ᠲᠠᠮᠢᠷ ᠤᠨ ᠴᠤᠭᠯᠠᠭᠠᠨ ᠢ | ᠥᠷᠨᠢᠭᠦᠯᠬᠦ ᠬᠡᠷᠡᠭᠲᠡᠢ᠃ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠠᠯᠠᠭᠤᠴᠤᠳ ᠪᠠᠭᠠᠴᠤᠳ ᠤᠨ | ᠪᠡᠶ᠎ᠡ ᠶᠢᠨ ᠲᠠᠮᠢᠷ ᠤᠨ ᠴᠤᠭᠯᠠᠭᠠᠨ ᠪᠣᠯᠤᠨ ᠡᠯ᠎ᠡ ᠲᠥᠷᠥᠯ ᠤᠨ ᠳᠠᠩ ᠵᠦᠢᠯ ᠤᠨ ᠤᠷᠤᠯᠳᠤᠭᠠᠨ ᠢ ᠢᠳᠡᠪᠬᠢᠲᠡᠢ | ᠥᠷᠨᠢᠭᠦᠯᠬᠦ ᠬᠡᠷᠡᠭᠲᠡᠶ᠃ ᠰᠤᠷᠭᠠᠭᠤᠯᠢ ᠶᠢᠨ ᠣᠨᠴᠠᠯᠢᠭᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠬᠥᠭᠵᠢᠭᠦᠯᠵᠦ᠂ | ᠤᠯᠠᠭᠠᠨ ᠨᠠᠭᠤᠷ ᠪᠠᠯᠭᠠᠰᠤ ᠶᠢᠨ ᠤᠰᠤᠨ ᠣᠷᠣᠨ ᠪᠣᠯᠤᠨ ᠡᠯᠡᠰᠦᠷᠬᠡᠭ ᠭᠠᠵᠠᠷ ᠢᠶᠠᠷ ᠲᠠᠪᠴᠠᠩ ᠪᠣᠯᠭᠠᠨ᠂ | ᠵᠠᠯᠠᠭᠤᠴᠤᠳ ᠪᠠᠭᠠᠴᠤᠳ ᠤᠨ ᠤᠰᠤᠨ ᠳᠡᠭᠡᠷᠡᠬᠢ ᠬᠥᠳᠡᠯᠭᠡᠭᠡᠨ ᠪᠣᠯᠤᠨ ᠭᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ | ᠪᠣᠯᠪᠠᠰᠤᠷᠠᠯ ᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠭᠡᠷ ᠤᠨ ᠭᠠᠳᠠᠨᠠᠬᠢ ᠣᠨᠴᠠᠯᠢᠭᠲᠤ ᠪᠡᠶ᠎ᠡ ᠶᠢᠨ | ᠲᠠᠮᠢᠷ ᠤᠨ ᠲᠥᠷᠥᠯ ᠵᠦᠢᠯ ᠢ ᠬᠥᠭᠵᠢᠭᠦᠯᠬᠦ ᠬᠡᠷᠡᠭᠲᠡᠶ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ | ᠬᠡᠯᠪᠡᠷᠢ ᠮᠠᠶ᠋ᠢᠭ ᠢᠶᠠᠷ ᠠᠳᠠᠯᠢ ᠪᠤᠰᠤ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ | ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠡᠯ᠎ᠡ | ᠨᠢᠭᠡᠴᠡ ᠪᠠ ᠰᠠᠯᠠᠭ᠎ᠠ ᠮᠥᠴᠢᠷ ᠤᠳ ᠣᠨᠴᠠᠯᠢᠭ ᠲᠠᠢ᠂ ᠣᠷᠣᠯᠴᠠᠬᠤ ᠴᠢᠨᠠᠷ ᠢᠶᠠᠷ ᠴᠢᠩᠭ᠎ᠠ᠂ ᠴᠠᠭᠴᠢ ᠴᠢᠨᠠᠷ ᠢᠶᠠᠷ | ᠣᠷᠳᠣ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ | ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠬᠤ ᠶᠢᠨ ᠬᠠᠮᠲᠤ ᠱᠠᠩᠨᠠᠬᠤ ᠬᠡᠷᠡᠭᠲᠡᠶ᠃ | ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ | ᠬᠠᠮᠵᠢᠯᠴᠠᠬᠤ ᠰᠠᠯᠠᠭ᠎ᠠ ᠮᠥᠴᠢᠷ᠄ ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ | 5. ᠨᠠᠰᠤᠲᠠᠶᠢᠴᠤᠳ ᠤᠨ ᠪᠡᠶ᠎ᠡ ᠶᠢᠨ ᠲᠠᠮᠢᠷ ᠪᠣᠯᠣᠨ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ | ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ | ᠴᠢᠬᠤᠯᠠᠴᠢᠯᠠᠵᠤ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠳᠤ ᠲᠣᠬᠢᠷᠠᠬᠤ ᠵᠤᠭ᠎ᠠ ᠴᠡᠩᠭᠡᠯ ᠤᠨ | ᠲᠥᠷᠥᠯᠲ᠋ᠤᠰᠬᠠᠢ ᠮᠡᠷᠭᠡᠵᠢᠯᠲᠡᠨ ᠢ ᠤᠷᠢᠵᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠢᠴᠢᠶᠡᠯ ᠤᠨ ᠲᠠᠩᠬᠢᠮ ᠤᠨ | ᠠᠵᠢᠯᠯᠠᠭ᠎ᠠ ᠶᠢ ᠥᠷᠨᠢᠭᠦᠯᠵᠦ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ ᠪᠠᠷ ᠪᠡᠶ᠎ᠡ | ᠮᠠᠬᠠᠪᠤᠳ ᠢᠶᠠᠨ ᠪᠣᠯᠪᠠᠰᠤᠷᠠᠭᠤᠯᠬᠤ ᠠᠷᠭ᠎ᠠ ᠶᠢ ᠤᠬᠠᠭᠤᠯᠵᠤ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠵᠣᠬᠢᠶᠠᠨ | ᠪᠠᠶᠢᠭᠤᠯᠤᠯᠲᠠ ᠶᠢᠨ ᠲᠣᠣᠷᠵᠡᠮᠳᠡᠭᠴᠦᠳ ᠤᠨ ᠪᠡᠶ᠎ᠡ ᠶᠢᠨ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ | ᠵᠡᠮᠳᠡᠭᠴᠦᠳ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠵᠡᠮᠳᠡᠭᠴᠦᠳ ᠤᠨ | ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠶᠢ ᠵᠣᠷᠢᠭᠵᠢᠭᠤᠯᠬᠤ ᠶᠢᠨ ᠬᠠᠮᠲᠤ ᠬᠠᠪᠰᠤᠷᠴᠤ᠂ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠪᠣᠯᠣᠨ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠠᠴᠠ | ᠵᠡᠮᠳᠡᠭᠴᠦᠳ ᠤᠨ ᠪᠡᠶ᠎ᠡ ᠮᠠᠬᠠᠪᠤᠳ ᠢᠶᠠᠨ ᠳᠠᠪᠲᠠᠨ ᠪᠣᠯᠪᠠᠰᠤᠷᠠᠭᠤᠯᠬᠤ ᠶᠢ ᠵᠢᠭᠠᠨ ᠵᠢᠯᠤᠭᠤᠳᠴᠤ᠂ ᠵᠡᠮᠳᠡᠭᠴᠦᠳ ᠤᠨ | ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠲᠣᠬᠢᠷᠠᠮᠵᠢᠲᠠᠢ ᠠᠷᠭ᠎ᠠ ᠶᠢ ᠪᠠᠢᠭᠤᠯᠤᠨ᠎ᠠ᠃ ᠨᠠᠰᠤᠲᠠᠶᠢᠴᠤᠳ ᠪᠠ | ᠵᠡᠮᠳᠡᠭᠴᠦᠳ ᠤᠨ ᠡᠷᠡᠭᠦᠯ ᠴᠢᠭᠢᠷᠠᠭ ᠠᠮᠢᠳᠤᠷᠠᠯ᠂ ᠪᠠᠶᠠᠷ ᠬᠥᠷ ᠲᠠᠢ ᠠᠮᠢᠳᠤᠷᠠᠬᠤ ᠶᠢ ᠬᠥᠲᠥᠯᠥᠨ ᠵᠢᠯᠣᠭᠤᠳᠤᠨ᠎ᠠ᠃ | ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ | ᠬᠠᠮᠵᠢᠯᠴᠠᠬᠤ ᠰᠠᠯᠠᠭ᠎ᠠ ᠮᠥᠴᠢᠷ᠄ ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠵᠡᠮᠳᠡᠭᠴᠦᠳ ᠤᠨ ᠬᠤᠯᠪᠣᠭᠠᠲᠤ ᠬᠤᠷᠠᠯ | 6. ᠨᠡᠶᠢᠭᠡᠮ ᠤᠨ ᠬᠥᠯ ᠪᠥᠮᠪᠦᠭᠡ ᠶᠢᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠦᠨ᠎ᠡ᠃ ᠠᠵᠢᠯ ᠲᠥᠷᠥᠯ᠂ ᠨᠡᠶᠢᠭᠡᠮ | ᠲᠣᠭᠤᠷᠢᠭ᠂ ᠠᠵᠤ ᠠᠬᠤᠶᠢᠯᠠᠯ᠂ ᠲᠠᠪᠤᠨ ᠬᠥᠮᠥᠨ ᠤ ᠳᠦᠷᠢᠮᠲᠦ ᠪᠠ ᠲᠤᠯᠤᠭᠠᠨ ᠬᠥᠮᠥᠨ ᠤ ᠳᠦᠷᠢᠮᠲᠦ ᠬᠥᠯ | ᠪᠥᠮᠪᠦᠭᠡ᠂ ᠡᠯᠡᠰᠦᠨ ᠲᠠᠩ ᠤᠨ ᠬᠥᠯ ᠪᠥᠮᠪᠦᠭᠡ ᠵᠡᠷᠭᠡ ᠣᠯᠠᠨ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠢ ᠬᠥᠯ | ᠪᠥᠮᠪᠦᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠬᠥᠯ ᠪᠥᠮᠪᠦᠭᠡ ᠶᠢ ᠳᠤᠮᠳᠠᠳᠤ ᠪᠠᠭ᠎ᠠ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠠᠭᠤᠯᠭ᠎ᠠ ᠳᠤ ᠣᠷᠣᠭᠤᠯᠵᠤ᠂ | ᠰᠤᠷᠤᠯᠭ᠎ᠠ ᠶᠢᠨ ᠴᠠᠭ ᠤᠨ ᠬᠤᠪᠢ ᠶᠢᠨ ᠵᠢᠩ ᠢ ᠨᠡᠮᠡᠭᠳᠡᠭᠦᠯᠦᠨ᠎ᠡ᠃ ᠠᠩᠬ᠎ᠠ ᠳᠣᠮᠳᠠᠳᠤ᠂ ᠪᠠᠭ᠎ᠠ ᠰᠤᠷᠭᠠᠭᠤᠯᠢ ᠶᠢᠨ | ᠭᠤᠷᠪᠠᠨ ᠱᠠᠲᠤᠨ ᠤ ᠬᠥᠯ ᠪᠥᠮᠪᠦᠭᠡ ᠶᠢᠨ ᠤᠷᠤᠯᠳᠤᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ | ᠬᠡᠦᠬᠡᠳ ᠤᠨ ᠴᠡᠴᠡᠷᠯᠢᠭ ᠢ ᠰᠣᠩᠭᠤᠨ ᠬᠥᠯ ᠪᠥᠮᠪᠦᠭᠡ ᠶᠢᠨ ᠰᠡᠩᠬᠡᠷᠡᠭᠦᠯᠬᠦ ᠬᠥᠮᠦᠵᠢᠭᠦᠯ ᠥᠷᠨᠢᠭᠦᠯᠦᠨ᠎ᠡ᠃ ᠬᠥᠯ | ᠪᠥᠮᠪᠦᠭᠡ ᠶᠢᠨ ᠨᠡᠶᠢᠭᠡᠮᠯᠢᠭ ᠲᠤ ᠲᠦᠰᠢᠭᠯᠡᠨ ᠡᠯ᠎ᠡ ᠲᠥᠷᠥᠯ ᠤᠨ ᠬᠥᠯ ᠪᠥᠮᠪᠦᠭᠡ ᠶᠢᠨ ᠰᠣᠯᠢᠯᠴᠠᠭᠠᠨ ᠤ | ᠠᠵᠢᠯᠯᠠᠭ᠎ᠠ ᠶᠢ ᠥᠷᠨᠢᠭᠦᠯᠵᠦ᠂ ᠬᠥᠯ ᠪᠥᠮᠪᠦᠭᠡ ᠶᠢᠨ ᠺᠯᠦ᠋ᠪ ᠢ ᠶᠡᠬᠡᠪᠡᠷ ᠬᠥᠭᠵᠢᠭᠦᠯᠦᠨ᠂ ᠨᠡᠶᠢᠭᠡᠮ ᠤᠨ ᠬᠥᠯ | ᠪᠥᠮᠪᠦᠭᠡ ᠪᠠ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠬᠥᠭᠵᠢᠭᠦᠯᠬᠦ ᠪᠠᠷ ᠳᠠᠮᠵᠢᠭᠤᠯᠤᠨ᠂ ᠬᠥᠯ | ᠪᠥᠮᠪᠦᠭᠡ ᠶᠢᠨ ᠬᠥᠳᠡᠯᠭᠡᠭᠡᠨ ᠤ ᠣᠯᠠᠨ ᠲᠦᠮᠡᠨ ᠤ ᠰᠠᠭᠤᠷᠢ ᠶᠢ ᠲᠠᠯᠪᠢᠵᠤ᠂ ᠬᠥᠯ ᠪᠥᠮᠪᠦᠭᠡ ᠶᠢᠨ ᠲᠤᠰᠬᠠᠢ | ᠮᠡᠷᠭᠡᠵᠢᠯ ᠤᠨ ᠴᠢᠳᠠᠪᠤᠷᠢᠲᠠᠨ ᠢ ᠨᠥᠭᠡᠴᠡᠯᠡᠨ᠎ᠡ᠃ | ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ | ᠬᠠᠮᠵᠢᠯᠴᠠᠬᠤ ᠰᠠᠯᠠᠭ᠎ᠠ ᠮᠥᠴᠢᠷ᠄ ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ | 7. ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠰᠣᠶᠣᠯ ᠢ ᠲᠦᠭᠡᠮᠡᠯᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ | ᠵᠣᠬᠢᠶᠠᠨ ᠪᠦᠲᠦᠭᠡᠬᠦ ᠪᠠ ᠲᠠᠷᠬᠠᠭᠠᠬᠤ ᠡᠷᠴᠢᠮ ᠢ ᠴᠢᠩᠭᠠᠷᠠᠭᠤᠯᠤᠨ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ | ᠶᠡᠬᠡᠪᠡᠷ ᠪᠠᠳᠠᠷᠠᠭᠤᠯᠵᠤ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠥᠯᠢᠭᠡᠷ ᠢ ᠰᠠᠶᠢᠲᠤᠷ ᠶᠠᠷᠢᠨ᠎ᠠ᠃ | ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠪᠠ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠢᠷᠢ | ᠬᠡᠮᠵᠢᠶ᠎ᠡ ᠶᠢᠨ ᠵᠡᠷᠭᠡ ᠳᠡᠰ ᠤᠨ ᠪᠠᠷᠢᠮᠵᠢᠶ᠎ᠠ ᠶᠢᠨ ᠪᠠᠷᠢᠮᠵᠢᠶ᠎ᠠ ᠳᠤ ᠬᠦᠷᠦᠭᠰᠡᠳ ᠲᠤ ᠦᠨᠡᠮᠯᠡᠯ ᠣᠯᠭᠤᠵᠤ᠂ | ᠱᠠᠩᠨᠠᠯ ᠢᠶᠠᠷ ᠡᠷᠡᠭᠦᠯ ᠴᠢᠭᠢᠷᠠᠭ ᠢ ᠠᠬᠢᠭᠤᠯᠬᠤ ᠤᠷᠮᠠᠰᠢᠭᠤᠯᠬᠤ ᠲᠣᠭᠲᠠᠴᠠ ᠶᠢ ᠥᠷᠨᠢᠭᠦᠯᠦᠨ᠎ᠡ᠃ | ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ | ᠬᠠᠮᠵᠢᠯᠴᠠᠬᠤ ᠰᠠᠯᠠᠭ᠎ᠠ ᠮᠥᠴᠢᠷ᠄ ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠤᠳᠤᠷᠢᠳᠤᠯᠭ᠎ᠠ ᠪᠠ | ᠵᠣᠬᠢᠴᠠᠭᠤᠯᠭ᠎ᠠ ᠪᠠᠨ ᠴᠢᠩᠭᠠᠳᠬᠠᠨ᠎ᠠ᠃ ︽ᠵᠠᠰᠠᠭ ᠤᠨ ᠣᠷᠳᠣᠨ ᠤᠳᠤᠷᠢᠳᠬᠤ᠂ ᠪᠡᠶ᠎ᠡ ᠶᠢᠨ ᠲᠠᠮᠢᠷ ᠤᠨ ᠰᠠᠯᠠᠭ᠎ᠠ | ᠮᠥᠴᠢᠷ ᠲᠦᠷᠦᠭᠦᠯᠡᠬᠦ᠂ ᠬᠠᠮᠢᠶ᠎ᠠ ᠪᠦᠬᠦᠢ ᠨᠢᠭᠡᠴᠡ ᠬᠠᠮᠵᠢᠯᠴᠠᠬᠤ᠂ ᠪᠦᠬᠦ ᠨᠡᠶᠢᠭᠡᠮ ᠢᠶᠠᠷ ᠢᠶᠠᠨ ᠣᠷᠣᠯᠴᠠᠬᠤ︾ | ᠠᠵᠢᠯ ᠤᠨ ᠳᠦᠷᠢᠮ ᠢ ᠪᠠᠶᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠢ ᠬᠥᠭᠵᠢᠭᠦᠯᠬᠦ ᠶᠢ | ᠴᠢᠬᠤᠯᠠ ᠪᠠᠶᠢᠷᠢᠨ ᠳᠤ ᠲᠠᠯᠪᠢᠵᠤ᠂ ᠪᠡᠶ᠎ᠡ ᠶᠢᠨ ᠲᠠᠮᠢᠷ ᠤᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠠᠯᠠᠭ᠎ᠠ | ᠮᠥᠴᠢᠷ ᠤᠳ ᠬᠤᠯᠪᠤᠭᠠᠯᠠᠨ ᠬᠥᠳᠡᠯᠦᠯᠴᠡᠬᠦ᠂ ᠬᠠᠷᠢᠭᠤᠴᠠᠯᠭ᠎ᠠ ᠲᠣᠳᠣᠷᠬᠠᠢ᠂ ᠠᠵᠢᠯ ᠤᠨ ᠬᠤᠪᠢᠶᠠᠷᠢᠯᠠᠯ ᠲᠣᠳᠣᠷᠬᠠᠢ | ᠂ ᠬᠠᠮᠲᠤ ᠪᠠᠷ ᠠᠳᠬᠤᠵᠤ ᠬᠠᠮᠲᠤ ᠪᠠᠷ ᠡᠵᠡᠩᠨᠡᠬᠦ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ | ᠲᠣᠭᠲᠠᠴᠠ ᠶᠢ ᠪᠣᠶ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ | ᠪᠣᠳᠣᠯᠭ᠎ᠠ ᠶᠢᠨ ᠭᠦᠨᠵᠡᠭᠡᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠵᠤ᠂ ᠡᠷᠡᠭᠦᠯ ᠡᠩᠬᠡ ᠶᠢᠨ ᠤᠳᠠ ᠶᠢᠨ ᠪᠦᠲᠦᠭᠡᠨ | ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠤᠯᠤᠰ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠡᠷᠡᠭᠦᠯ ᠢᠶᠠᠷ | ᠬᠥᠭᠵᠢᠬᠦ ᠶᠢ ᠪᠥᠬᠦ ᠬᠦᠴᠦᠨ ᠢᠶᠠᠷ ᠵᠶ᠋ᠡᠨᠬᠡᠷᠡᠭᠵᠢᠭᠦᠯᠬᠦ ᠲᠥᠯᠥᠪᠯᠡᠭᠡ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ | ᠬᠢᠵᠦ᠂ ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠤᠨ᠎ᠠ︔ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠯᠲᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ᠂ ᠲᠥᠷᠥᠯ | ᠵᠦᠢᠯ ᠤᠨ ᠲᠠᠯ᠎ᠠ ᠪᠠᠷ ᠳᠡᠮᠵᠢᠯᠭᠡ ᠦᠵᠡᠭᠦᠯᠬᠦ ᠬᠡᠷᠡᠭᠲᠡᠢ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠣᠷᠤᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠬᠦ ᠲᠣᠭᠲᠠᠴᠠ ᠶᠢ | ᠪᠠᠶᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ | ᠲᠥᠰᠥᠪ ᠲᠤ ᠵᠢᠭᠰᠠᠭᠠᠨ ᠣᠷᠣᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠳᠠᠬᠢ | ᠣᠷᠤᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ︔ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ | ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠬᠡᠷᠡᠭᠲᠡᠢ︔ ᠪᠡᠶ᠎ᠡ ᠶᠢᠨ ᠲᠠᠮᠢᠷ ᠤᠨ ᠬᠥᠭᠵᠢᠯᠲᠡ ᠶᠢ ᠬᠤᠲᠠ ᠬᠥᠳᠡᠭᠡ ᠶᠢᠨ | ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ᠂ ᠪᠡᠶ᠎ᠡ ᠶᠢᠨ ᠲᠠᠮᠢᠷ ᠤᠨ ᠬᠥᠭᠵᠢᠯᠲᠡ ᠳᠤ ᠬᠡᠷᠡᠭᠰᠡᠬᠦ ᠭᠠᠵᠠᠷ | ᠰᠢᠷᠣᠢ ᠶᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠪᠠ ᠣᠨ ᠤ ᠭᠠᠵᠠᠷ | ᠰᠢᠷᠣᠢ ᠶᠢᠨ ᠲᠥᠯᠥᠪᠯᠡᠭᠡ ᠳᠤ ᠣᠷᠣᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ | ᠪᠡᠯᠡᠳᠬᠡᠮᠵᠢ ᠶᠢᠨ ᠭᠠᠵᠠᠷ ᠰᠢᠷᠣᠢ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ | ᠭᠠᠵᠠᠷ ᠰᠢᠷᠣᠢ ᠶᠢ ᠤᠷᠢᠳᠠᠪᠠᠷ ᠬᠡᠷᠡᠭᠯᠡᠬᠦ᠂ ᠤᠷᠢᠳᠠᠪᠠᠷ ᠬᠢᠨᠠᠨ ᠵᠥᠪᠰᠢᠶᠡᠷᠡᠬᠦ᠂ ᠪᠠᠲᠤᠯᠠᠬᠤ ᠶᠣᠰᠣᠲᠠᠢ ᠶᠢ ᠨᠢ ᠴᠥᠮ | ᠪᠠᠲᠤᠯᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠢᠶᠠᠨ ᠶᠣᠰᠣᠭᠠᠷ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠬᠥᠭᠵᠢᠯᠲᠡ ᠶᠢᠨ | ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠦᠢᠯᠡᠴᠢᠯᠡᠭᠡ ᠪᠠ ᠪᠠᠲᠤᠯᠠᠭ᠎ᠠ ᠶᠢᠨ ᠠᠵᠢᠯ ᠢ ᠬᠠᠮᠵᠢᠯᠴᠠᠨ ᠰᠠᠶᠢᠲᠤᠷ | ᠬᠢᠨ᠎ᠡ᠃ | ︵ᠭᠤᠷᠪᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠷᠠᠳᠢᠣ᠋ ᠨᠡᠪᠲᠡᠷᠡᠭᠦᠯᠭᠡ᠂ ᠲᠧᠯᠸᠢᠰ᠂ | ᠰᠣᠨᠢᠨ ᠰᠡᠳᠬᠦᠯ ᠵᠢᠴᠢ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠵᠡᠷᠭᠡ ᠶᠢᠨ ᠪᠡᠶ᠎ᠡ ᠴᠢᠭᠢᠷᠠᠭᠵᠢᠭᠤᠯᠬᠤ ᠲᠠᠯᠠᠪᠠᠶ | ᠣᠷᠳᠣᠨ᠂ ᠤᠷᠤᠯᠳᠤᠭᠠᠨ ᠤ ᠠᠵᠢᠯᠯᠠᠭ᠎ᠠ᠂ ᠪᠡᠶ᠎ᠡ ᠴᠢᠭᠢᠷᠠᠭᠵᠢᠭᠤᠯᠬᠤ ᠲᠥᠷᠥᠯ ᠵᠦᠢᠯ᠂ ᠨᠡᠶᠢᠭᠡᠮ ᠤᠨ ᠪᠡᠶ᠎ᠡ ᠶᠢᠨ | ᠲᠠᠮᠢᠷ ᠤᠨ ᠵᠢᠭᠠᠨ ᠵᠢᠯᠣᠭᠤᠳᠤᠭᠴᠢ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠡ ᠪᠠᠷ ᠨᠡᠶᠢᠲᠡᠯᠡᠬᠦ ᠶᠢ | ᠭᠦᠢᠴᠡᠳ ᠪᠠᠳᠠᠷᠠᠭᠤᠯᠤᠨ᠎ᠠ᠃ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠪᠣᠯᠣᠨ ᠲᠣᠮᠣ | ᠬᠡᠯᠪᠡᠷᠢ ᠶᠢᠨ ᠰᠣᠶᠣᠯ ᠲᠠᠮᠢᠷ ᠤᠨ ᠤᠷᠤᠯᠳᠤᠭᠠᠨ ᠤ ᠠᠵᠢᠯᠯᠠᠭᠠᠨ ᠤ ᠲᠠᠪᠴᠠᠩ ᠢ ᠠᠰᠢᠭᠯᠠᠵᠤ᠂ ᠡᠷᠡᠭᠦᠯ ᠴᠢᠭᠢᠷᠠᠭ | ᠠᠮᠢᠳᠤᠷᠠᠯ ᠤᠨ ᠠᠷᠭ᠎ᠠ ᠮᠠᠶ᠋ᠢᠭ ᠢ ᠤᠬᠠᠭᠤᠯᠤᠨ ᠰᠠᠨᠠᠭᠠᠴᠢᠯᠠᠵᠤ᠂ ᠣᠯᠠᠨ ᠬᠡᠯᠪᠡᠷᠢ ᠮᠠᠶ᠋ᠢᠭ ᠤᠨ ᠪᠡᠶ᠎ᠡ | ᠴᠢᠭᠢᠷᠠᠭᠵᠢᠭᠤᠯᠬᠤ ᠲᠥᠷᠥᠯ ᠵᠦᠢᠯ ᠤᠨ ᠳᠡᠯᠭᠡᠨ ᠦᠵᠡᠭᠦᠯᠬᠦ ᠠᠵᠢᠯᠯᠠᠭ᠎ᠠ᠂ ᠡᠷᠡᠭᠦᠯ ᠮᠡᠨᠳᠦ ᠶᠢᠨ ᠲᠠᠶᠢᠯᠤᠮᠵᠢ᠂ | ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠤᠬᠠᠭᠤᠯᠭ᠎ᠠ ᠶᠢᠨ ᠮᠠᠲ᠋ᠧᠷᠢᠶᠠᠯ ᠵᠡᠷᠭᠡ ᠶᠢ ᠢᠳᠡᠪᠬᠢᠲᠡᠢ | ᠡᠷᠭᠢᠯᠡᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠪᠠ ︽ᠨᠠᠰᠤᠨ ᠲᠤᠷᠰᠢᠲᠠ ᠶᠢᠨ | ᠪᠡᠶ᠎ᠡ ᠶᠢᠨ ᠲᠠᠮᠢᠷ︾ ᠤᠨ ᠬᠥᠮᠦᠵᠢᠯ ᠢ ᠲᠦᠭᠡᠮᠡᠯᠵᠢᠭᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠷ | ᠠᠮᠢᠰᠬᠤᠯ ᠢ ᠪᠣᠶ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠳᠡᠯᠭᠡᠷ ᠭᠦᠨ | ᠭᠦᠨᠵᠡᠭᠡᠢ ᠥᠷᠨᠢᠭᠦᠯᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠣᠬᠢᠷᠲᠤᠯ ᠦᠭᠡᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠢᠱᠢᠶ᠎ᠡ ᠦᠵᠡᠭᠦᠯᠬᠦ ᠨᠢᠭᠡᠴᠡ ᠶᠢ ᠪᠠᠶᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠶ ᠮᠡᠳᠡᠭᠳᠡᠯ | ᠡᠯ᠎ᠡ ᠬᠠᠮᠢᠶ᠎ᠠ ᠪᠥᠬᠦᠶ ᠨᠢᠭᠡᠴᠡ᠄ | ︽ᠥᠪᠥᠷ ᠮᠣᠩᠭᠤᠯ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ︿2023 | ᠣᠨ ᠤ ᠪᠣᠬᠢᠷᠲᠤᠯ ᠥᠬᠡᠶ ᠦᠢᠯᠡᠳᠬᠦ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ | ᠲᠤᠬᠠᠶ ᠮᠡᠳᠡᠭᠳᠡᠯ﹀︾ ︵ᠥᠪᠥᠷ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠨᠠᠶᠢᠷᠠᠭᠤᠯᠭ᠎ᠠ ﹇2020﹈ | 20 ᠳ᠋ᠤᠭᠠᠷ ᠲᠣᠭᠠᠲᠤ︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠤᠳᠠ ᠲᠤᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ ᠪᠥᠬᠦ | ᠲᠤᠭᠤᠷᠢᠭ ᠤᠨ ᠪᠣᠬᠢᠷᠲᠤᠯ ᠥᠬᠡᠶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠢᠱᠢᠶ᠎ᠡ ᠦᠵᠡᠭᠦᠯᠬᠦ | ᠨᠢᠭᠡᠴᠡ ᠶᠢ ᠡᠭᠦᠳᠦᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠥᠬᠡᠶ ᠦᠢᠯᠡᠳᠬᠦ ᠰᠢᠰᠲ᠋ᠧᠮ ᠢ | ᠦᠷᠭᠦᠯᠵᠢᠯᠡᠨ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠪᠡᠶᠡᠯᠡᠭᠦᠯᠬᠦ ᠶᠢ | ᠠᠬᠢᠭᠤᠯᠤᠨ᠂ ᠠᠵᠤ ᠦᠢᠯᠡᠳᠪᠦᠷᠢ ᠶᠢᠨ ᠬᠦᠷᠢᠶᠡᠨ ᠤ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠪᠠ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠲᠤᠭᠤᠷᠢᠭ ᠤᠨ | ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠡᠳᠦᠭᠡ ᠤᠳᠠ ᠲᠣᠭᠤᠷᠢᠭ ᠤᠨ ᠪᠣᠬᠢᠷᠲᠤᠯ ᠥᠬᠡᠶ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠪᠠ᠂ ᠪᠣᠳᠠᠲᠠᠶ ᠪᠦᠷᠢᠯᠳᠦᠬᠦᠨ ᠨᠢ ᠳᠣᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠦ᠋ ᠪᠢᠩ ᠶᠦᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠳᠠᠷᠤᠭ᠎ᠠ᠃ | ᠪᠦᠷᠢᠯᠳᠦᠬᠦᠨ᠄ ᠵᠠᠩ ᠰᠦᠩ ᠯᠢᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠡᠷᠬᠢᠯᠡᠭᠴᠢ | ᠯᠦᠸᠧ ᠪᠥᠸᠧ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶᠠᠨ ᠤ ᠳᠠᠷᠤᠭ᠎ᠠ | ᠸᠠᠩ ᠵᠢᠶ ᠴᠢᠤᠸᠠᠨ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶᠠᠨ ᠤ | ᠳᠠᠷᠤᠭ᠎ᠠ | ᠷᠧᠨ ᠶᠦᠩ ᠴᠠᠩ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠠᠷᠤᠭ᠎ᠠ᠃ | ᠮᠧᠩ ᠸᠧᠨ ᠪᠢᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ ᠳᠠᠷᠤᠭ᠎ᠠ | ᠵᠢᠶᠠᠩ ᠰᠢᠩ ᠤᠳᠠ ᠲᠤᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠥᠪ ᠤᠨ ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠤᠳᠠ ᠲᠤᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ | ᠵᠢᠶᠠᠩ ᠰᠢᠩ ᠨᠥᠬᠦᠷ ᠬᠠᠪᠰᠤᠷᠭᠠᠨ ᠡᠭᠦᠷᠭᠡᠯᠡᠵᠦ᠂ ᠳᠣᠤᠷᠠᠬᠢ ᠠᠵᠢᠯ ᠢ ᠪᠣᠳᠠᠲᠠᠶ ᠬᠠᠷᠢᠭᠤᠴᠠᠨ᠎ᠠ᠄ | 1. ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠪᠣᠬᠢᠷᠲᠤᠯ | ᠦᠭᠡᠶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ | ᠰᠠᠶᠢᠲᠤᠷ ᠬᠢᠬᠦ ᠬᠡᠷᠡᠭᠲᠡᠶ᠃ | 2. ᠤᠳᠠ ᠲᠤᠭᠤᠷᠢᠭ ᠤᠨ ᠠᠵᠤ ᠦᠢᠯᠡᠰ ᠤᠨ ᠬᠦᠷᠢᠶᠡᠯᠡᠩ ᠣᠶᠢᠷ᠎ᠠ ᠶᠢᠨ ᠬᠤᠭᠤᠴᠠᠭ᠎ᠠ ᠪᠣᠯᠤᠨ ᠳᠤᠮᠳᠠ | ᠣᠷᠳᠣ ᠬᠤᠭᠤᠴᠠᠭᠠᠨ ᠤ ᠪᠣᠬᠢᠷᠲᠤᠯ ᠥᠬᠡᠶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ | ᠪᠠᠶᠢᠭᠤᠯᠬᠤ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠮᠥᠷᠳᠡᠨ ᠨᠠᠶᠢᠳᠠᠪᠤᠷᠢᠵᠢᠭᠤᠯᠬᠤ ᠶᠢ | ᠬᠠᠷᠢᠭᠤᠴᠠᠨ᠎ᠠ᠃ | 3. ᠠᠵᠤ ᠠᠬᠤᠶᠢᠯᠠᠯ ᠤᠨ ᠰᠠᠭᠤᠷᠢ ᠪᠡᠯᠡᠳᠬᠡᠮᠵᠢ᠂ ᠬᠠᠮᠢᠶᠠᠷᠤᠯᠲᠠ ᠶᠢᠨ ᠰᠢᠰᠲ᠋ᠧᠮᠵᠢ᠂ ᠡᠨᠧᠷᠭᠢ ᠠᠷᠪᠢᠯᠠᠨ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠣᠷᠴᠢᠨ ᠲᠣᠭᠤᠷᠢᠨ ᠢ ᠵᠠᠰᠠᠬᠤ ᠵᠡᠷᠭᠡ ᠲᠠᠯ᠎ᠠ ᠪᠠᠷ | ᠪᠣᠬᠢᠷᠲᠤᠯ ᠦᠭᠡᠶ ᠪᠣᠯᠭᠠᠬᠤ ᠶᠢ ᠵᠢᠯᠣᠭᠤᠳᠤᠨ ᠰᠢᠮᠳᠠᠭᠤᠯᠬᠤ ᠠᠵᠢᠯ ᠢ ᠥᠷᠨᠢᠭᠦᠯᠬᠦ ᠶᠢᠨ ᠬᠠᠮᠲᠤ ᠢᠯᠡᠳᠲᠡ ᠦᠷ᠎ᠡ | ᠪᠦᠲᠦᠮᠵᠢ ᠣᠯᠬᠤ ᠶᠢ ᠬᠠᠷᠢᠭᠤᠴᠠᠨ᠎ᠠ᠃ | 4. ᠪᠣᠬᠢᠷᠲᠤᠯ ᠦᠭᠡᠶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ | ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠬᠠᠷᠢᠭᠤᠴᠠᠨ ᠨᠠᠶᠢᠳᠠᠪᠤᠷᠢᠵᠢᠭᠤᠯᠵᠤ᠂ ᠤᠳᠠ | ᠲᠤᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠠᠴᠠ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠤᠨ ᠡᠭᠦᠷᠭᠡ ᠴᠢᠳᠠᠪᠤᠷᠢ ᠶᠢᠨ ᠬᠤᠪᠢᠶᠠᠷᠢᠯᠠᠯ ᠶᠣᠰᠣᠭᠠᠷ᠂ ᠪᠣᠬᠢᠷᠲᠤᠯ | ᠦᠭᠡᠶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠨᠠᠷᠢᠯᠢᠭᠵᠢᠭᠤᠯᠤᠨ | ᠵᠠᠳᠠᠯᠬᠤ ᠶᠢᠨ ᠬᠠᠮᠲᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠤᠨ ᠠᠵᠢᠯ ᠥᠷᠨᠢᠭᠦᠯᠦᠭᠰᠡᠨ ᠪᠠᠶᠢᠳᠠᠯ ᠳᠤ | ᠠᠮᠵᠢᠯᠲᠠ ᠪᠦᠲᠦᠮᠵᠢ ᠶᠢᠨ ᠬᠢᠨᠠᠨ ᠰᠢᠯᠭᠠᠯᠲᠠ ᠬᠢᠬᠦ ᠬᠡᠷᠡᠭᠲᠡᠶ᠃ | ᠬᠤᠶᠢᠰᠢᠳᠠ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢ ᠭᠠᠷᠭᠠᠪᠠᠯ᠂ ᠪᠤᠰᠤᠳ ᠪᠦᠷᠢᠯᠳᠦᠬᠦᠨ ᠨᠢ | ᠬᠤᠪᠢᠷᠠᠯᠲᠠ ᠭᠠᠷᠪᠠᠯ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠠᠯᠪᠠᠨ ᠪᠢᠴᠢᠭ ᠶᠠᠪᠤᠭᠤᠯᠬᠤ ᠳᠤ | ᠲᠣᠬᠢᠷᠠᠭᠤᠯᠤᠯᠲᠠ ᠬᠢᠵᠦ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠲᠤ ᠮᠡᠳᠡᠭᠦᠯᠵᠦ | ᠳᠠᠩᠰᠠᠯᠠᠭᠤᠯᠬᠤ ᠬᠡᠷᠡᠭᠲᠡᠶ᠃ | 2023 ᠣᠨ ᠤ 3 ᠰᠠᠷ᠎ᠠ ᠶᠢᠨ 1 ᠤ ᠡᠳᠦᠷ | ᠤᠳᠠ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠬᠢᠷᠠᠭᠤᠯᠬᠤ | ᠲᠤᠬᠠᠶ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ᠠᠵᠢᠯᠲᠠᠨ ᠤ ᠬᠤᠪᠢᠷᠠᠯᠲᠠ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠡᠳᠦᠭᠡ ᠤᠳᠠ ᠲᠣᠭᠤᠷᠢᠭ ᠤᠨ | ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠠᠵᠢᠯ ᠤᠨ ᠬᠤᠪᠢᠶᠠᠷᠢᠯᠠᠯ ᠳᠤ ᠳᠣᠤᠷᠠᠬᠢ ᠮᠡᠲᠦ | ᠲᠣᠬᠢᠷᠠᠭᠤᠯᠤᠯᠲᠠ ᠬᠢᠪᠡ᠄ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦ ᠬᠤ᠋ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠤᠳᠤᠷᠢᠳᠴᠤ᠂ ᠬᠢᠨᠠᠨ ᠪᠤᠳᠤᠬᠤ ᠲᠠᠯ᠎ᠠ ᠶᠢᠨ | ᠠᠵᠢᠯ ᠢ ᠬᠠᠷᠢᠭᠤᠴᠠᠨ᠎ᠠ᠃ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠰᠢᠤᠢ | ᠪᠢᠨ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ | ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ᠂ ᠠᠷᠠᠳ ᠤᠨ ᠠᠭᠠᠷ ᠤᠨ ᠰᠡᠷᠭᠡᠶᠢᠯᠡᠯᠲᠡ᠂ ᠡᠳ᠋ ᠤᠨ ᠵᠠᠰᠠᠭ | ᠭᠠᠶᠢᠯᠢ ᠶᠢᠨ ᠶᠠᠪᠤᠳᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ᠂ ᠲᠤᠭ᠎ᠠ ᠪᠦᠷᠢᠳᠬᠡᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ | ᠵᠠᠰᠠᠭ ᠤᠨ ᠣᠷᠳᠣᠨ ᠤ ᠠᠯᠪᠠᠨ ᠬᠡᠷ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ | ᠬᠡᠷ︶᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ︵ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ︶᠂ ᠲᠤᠭᠤᠷᠢᠭ ᠤᠨ ᠲᠤᠭ᠎ᠠ | ᠪᠦᠷᠢᠳᠬᠡᠯ ᠤᠨ ᠲᠣᠪᠴᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ᠢ ᠬᠤᠪᠢᠳᠠᠨ | ᠬᠠᠮᠢᠶᠠᠷᠤᠨ᠎ᠠ᠃ ᠲᠣᠭᠤᠷᠢᠭ ᠤᠨ ᠳᠠᠷᠤᠭ᠎ᠠ ᠶᠢ ᠬᠠᠪᠰᠤᠷᠤᠨ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠶᠢ | ᠬᠤᠪᠢᠳᠠᠨ ᠬᠠᠮᠢᠶᠠᠷᠤᠨ᠎ᠠ᠃ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ᠂ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠤᠭᠤᠷᠢᠭ ᠤᠨ ᠨᠠᠮ ᠤᠨ | ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶᠠᠨ ᠤ | ᠨᠠᠮ ᠤᠨ ᠰᠤᠷᠭᠠᠭᠤᠯᠢ᠂ ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠤᠳᠠ ᠲᠣᠭᠤᠷᠢᠭ ᠤᠨ ᠬᠤᠷᠢᠶ᠎ᠠ᠂ ᠲᠤᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠯ᠎ᠡ | ᠠᠷᠠᠳᠴᠢᠯᠠᠭᠰᠠᠨ ᠨᠠᠮ ᠪᠦᠯᠦᠭ᠂ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠭᠠᠯ | ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠦ᠋ | ᠪᠢᠩ ᠶᠦᠨ ᠲᠣᠭᠤᠷᠢᠭ ᠤᠨ ᠳᠠᠷᠤᠭ᠎ᠠ ᠶᠢ ᠬᠠᠪᠰᠤᠷᠤᠨ ᠠᠵᠤ ᠦᠢᠯᠡᠳᠪᠦᠷᠢ ᠶᠢᠨ ᠠᠵᠤ ᠠᠬᠤᠢ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ᠂ ᠠᠷᠠᠯᠵᠢᠶᠠᠴᠢᠨ ᠤᠷᠢᠬᠤ᠂ ᠬᠤᠳᠠᠯᠳᠤᠭᠠᠨ ᠤ ᠶᠠᠪᠤᠳᠠᠯ᠂ ᠴᠠᠬᠢᠯᠭᠠᠨ ᠬᠦᠴᠦ᠂ | ᠡᠨᠧᠷᠭᠢ᠂ ᠠᠮᠢ ᠠᠬᠤᠢ ᠶᠢᠨ ᠣᠷᠴᠢᠨ ᠲᠣᠭᠤᠷᠢᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠵᠡᠷᠭᠡ | ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ︵ᠠᠵᠤ ᠦᠢᠯᠡᠳᠪᠦᠷᠢ ᠶᠢᠨ ᠲᠠᠯ᠎ᠠ︶᠂ ᠲᠣᠭᠤᠷᠢᠭ ᠤᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠨᠧᠷᠭᠢ ᠶᠢᠨ ᠲᠣᠪᠴᠢᠶ᠎ᠠ᠂ ᠤᠳᠠ ᠶᠢᠨ ᠠᠵᠤ ᠦᠢᠯᠡᠰ ᠤᠨ | ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠤᠳᠠ ᠠᠵᠤ ᠠᠬᠤᠶ ᠶᠢᠨ ᠨᠡᠭᠡᠭᠡᠯᠲᠡ ᠶᠢᠨ | ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠬᠤᠪᠢᠳᠠᠨ ᠬᠠᠮᠢᠶᠠᠷᠤᠨ᠎ᠠ᠃ | ᠲᠣᠭᠤᠷᠢᠭ ᠤᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠲᠣᠭᠤᠷᠢᠭ ᠤᠨ | ᠠᠷᠠᠯᠵᠢᠶ᠎ᠠ ᠶᠢ ᠠᠬᠢᠭᠤᠯᠬᠤ ᠬᠤᠷᠠᠯ᠂ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ ︵ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠯᠪᠠᠨ ᠭᠡᠷ︶᠂ ᠪᠠᠶᠢᠭᠠᠯᠢ ᠶᠢᠨ ᠡᠬᠢ ᠪᠠᠶᠠᠯᠢᠭ ᠤᠨ | ᠬᠤᠪᠢᠶᠠᠷᠢ ᠲᠣᠪᠴᠢᠶ᠎ᠠ ︵ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠠᠯ᠎ᠠ︶᠂ ᠠᠭᠤᠷᠬᠠᠢ ᠶᠢᠨ | ᠣᠷᠣᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠤᠳᠠ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠦᠬᠠᠶ | ᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠲᠣᠮᠣ ᠬᠡᠷᠡᠭᠯᠡᠭᠴᠢ ᠶᠢᠨ ᠬᠠᠮᠢᠶᠠᠷᠤᠯᠲᠠ ᠶᠢᠨ ᠲᠥᠪ᠂ | ᠲᠣᠭᠤᠷᠢᠭ ᠤᠨ ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ ︵ᠡᠵᠡᠩᠨᠡᠨ ᠪᠣᠷᠣᠯᠠᠭᠤᠯᠬᠤ ᠬᠡᠯᠲᠡᠰ︶᠂ | ᠲᠣᠭᠤᠷᠢᠭ ᠤᠨ ᠳᠠᠪᠤᠰᠤᠨ ᠤ ᠦᠢᠯᠡᠰ ᠤᠨ ᠬᠤᠪᠢᠶᠠᠷᠢ ᠺᠣᠮᠫᠠᠨᠢ᠂ ᠤᠯᠤᠰ ᠤᠨ ᠡᠨᠧᠷᠭᠢ ᠶᠢᠨ ᠪᠦᠯᠦᠭᠯᠡᠯ ᠤᠨ | ᠦᠬᠠᠶ ᠶᠢᠨ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠰᠢᠤᠳᠠᠨ ᠤ | ᠤᠳᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠤᠳᠠ ᠶᠢᠨ ᠬᠤᠪᠢᠶᠠᠷᠢ | ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠤᠳᠠ ᠶᠢᠨ ᠡᠵᠡᠩᠨᠡᠯᠲᠡ ᠶᠢᠨ ᠭᠠᠵᠠᠷ ᠲᠠᠢ | ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠵᠣᠣ ᠬᠠᠶ ᠪᠥᠸᠧ ᠲᠣᠭᠤᠷᠢᠭ ᠤᠨ ᠳᠠᠷᠤᠭ᠎ᠠ ᠶᠢ ᠬᠠᠮᠵᠢᠨ ᠬᠤᠲᠠ ᠶᠢᠨ | ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠤᠶᠤᠨᠲᠤ ᠬᠤᠲᠠ ᠶᠢᠨ ᠪᠥᠲᠥᠭᠡᠨ | ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠨᠡᠶᠢᠲᠡ ᠶᠢᠨ ᠬᠡᠷᠡᠭᠯᠡᠭᠡᠨ ᠤ ᠦᠢᠯᠡᠰ᠂ ᠲᠥᠯᠥᠪᠵᠢᠭᠦᠯᠭᠡ᠂ | ᠭᠠᠵᠠᠷ ᠰᠢᠷᠣᠶ᠂ ᠣᠶ ᠰᠢᠭᠤᠶ ᠡᠪᠡᠰᠦ ᠪᠡᠯᠴᠢᠭᠡᠷ᠂ ᠭᠠᠵᠠᠷ ᠰᠢᠷᠣᠶ ᠶᠢ ᠬᠤᠷᠢᠶᠠᠨ ᠨᠥᠭᠡᠴᠡᠯᠡᠬᠦ ᠵᠡᠷᠭᠡ ᠲᠠᠯ᠎ᠠ ᠶᠢᠨ | ᠠᠵᠢᠯ ᠢ ᠬᠠᠷᠢᠭᠤᠴᠠᠨ᠎ᠠ᠃ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ︵ᠵᠠᠮ ᠬᠠᠷᠢᠯᠴᠠᠭᠠᠨ ᠤ ᠲᠣᠪᠴᠢᠶ᠎ᠠ︶᠂ ᠲᠣᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ︵ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠠᠭᠲᠠᠨ᠎ᠠ︶᠂ ᠲᠣᠭᠤᠷᠢᠭ ᠤᠨ | ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠲᠣᠭᠤᠷᠢᠭ ᠤᠨ ᠭᠠᠵᠠᠷ ᠰᠢᠷᠣᠶ ᠬᠤᠳᠠᠯᠳᠤᠨ | ᠠᠪᠴᠤ ᠨᠥᠭᠡᠴᠡᠯᠡᠬᠦ ᠲᠥᠪ᠂ ᠦᠬᠠᠶ ᠬᠤᠲᠠ ᠶᠢᠨ ᠬᠤᠲᠠ ᠶᠢᠨ ᠬᠥᠭᠵᠢᠭᠦᠯᠦᠯᠲᠡ ᠪᠠᠯᠠ ᠣᠷᠣᠭᠤᠯᠤᠯᠲᠠ ᠶᠢᠨ | ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠶ ᠬᠤᠲᠠ ᠶᠢᠨ ᠤᠳᠠ ᠲᠣᠭᠤᠷᠢᠭ ᠤᠨ ᠢᠯᠴᠢ ᠶᠢᠨ | ᠬᠦᠴᠦᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠦᠬᠠᠶ ᠬᠤᠲᠠ ᠶᠢᠨ ᠤᠳᠠ ᠲᠣᠭᠤᠷᠢᠭ ᠤᠨ ᠤᠰᠤᠨ ᠤ | ᠶᠠᠪᠤᠳᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠤᠲᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢ ᠬᠤᠪᠢᠳᠠᠨ ᠬᠠᠮᠢᠶᠠᠷᠤᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ︵ᠲᠥᠯᠥᠪᠵᠢᠭᠦᠯᠭᠡ᠂ ᠭᠠᠵᠠᠷ ᠰᠢᠷᠣᠶ᠂ ᠣᠶ | ᠰᠢᠭᠤᠶ ᠡᠪᠡᠰᠦ ᠪᠡᠯᠴᠢᠭᠡᠷ ᠤᠨ ᠲᠠᠯ᠎ᠠ︶᠂ ᠦᠬᠠᠶ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠤᠳᠠ ᠶᠢᠨ ᠶᠡᠭᠡ ᠠᠩᠭᠢ᠂ | ᠤᠳᠠ ᠶᠢᠨ ᠵᠠᠰᠠᠮᠠᠯ ᠵᠠᠮ ᠤᠨ ᠬᠡᠰᠡᠭ᠂ ᠤᠳᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠤᠪᠢᠶᠠᠷᠢ ᠺᠣᠮᠫᠠᠨᠢ᠂ | ᠦᠬᠠᠶ ᠶᠢᠨ ᠪᠠᠷᠠᠭᠤᠨ ᠥᠷᠲᠡᠭᠡ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠯᠢ ᠵᠢᠶᠠᠨ ᠮᠢᠩ ᠲᠣᠭᠤᠷᠢᠭ ᠤᠨ ᠳᠠᠷᠤᠭ᠎ᠠ ᠶᠢ ᠬᠠᠮᠵᠢᠨ ᠳᠣᠲᠣᠭᠠᠳᠤ ᠶᠢ | ᠬᠠᠮᠠᠭᠠᠯᠠᠬᠤ᠂ ᠬᠠᠤᠯᠢ ᠴᠠᠭᠠᠵᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠵᠠᠬᠢᠳᠠᠯ | ᠰᠤᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ | ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠵᠠᠬᠢᠳᠠᠯ | ᠰᠤᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ | ᠤᠳᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠯᠢᠦ ᠨᠠᠷᠠᠨ ᠲᠣᠭᠤᠷᠢᠭ ᠤᠨ ᠳᠠᠷᠤᠭ᠎ᠠ ᠶᠢ ᠬᠠᠮᠵᠢᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠤᠭᠤᠷᠢᠭ ᠤᠨ ᠰᠤᠷᠭᠠᠨ ᠬᠥᠮᠦᠵᠢᠯ ᠤᠨ | ᠲᠣᠪᠴᠢᠶ᠎ᠠ᠂ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ | ᠶᠢ ᠬᠤᠪᠢᠳᠠᠨ ᠬᠠᠮᠢᠶᠠᠷᠤᠨ᠎ᠠ᠃ | ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠯᠢᠦ ᠮᠧᠩ ᠲᠣᠭᠤᠷᠢᠭ ᠤᠨ ᠳᠠᠷᠤᠭ᠎ᠠ ᠶᠢ ᠬᠠᠮᠵᠢᠨ ᠲᠠᠷᠢᠶᠠᠯᠠᠩ ᠤᠰᠤᠨ ᠤ | ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ | ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ | ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠲᠣᠭᠤᠷᠢᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ︶᠂ ᠲᠣᠭᠤᠷᠢᠭ ᠤᠨ | ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠥᠪ ᠢ ᠬᠤᠪᠢᠳᠠᠨ ᠬᠠᠮᠢᠶᠠᠷᠤᠨ᠎ᠠ᠃ | ᠲᠣᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠲᠠᠢ ᠬᠠᠷᠢᠯᠴᠠᠨ᠎ᠠ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠴᠢᠶᠣᠤ ᠬᠠᠶ ᠼᠦᠨ ᠲᠣᠭᠤᠷᠢᠭ ᠤᠨ ᠳᠠᠷᠤᠭ᠎ᠠ ᠶᠢ ᠬᠠᠮᠵᠢᠨ ᠡᠮᠴᠢᠯᠡᠭᠡᠨ ᠤ | ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠦᠨᠳᠦᠰᠦᠲᠡᠨ ᠤ ᠬᠡᠷᠡᠭ ᠶᠠᠪᠤᠳᠠᠯ ᠵᠡᠷᠭᠡ ᠲᠠᠯ᠎ᠠ ᠶᠢᠨ | ᠠᠵᠢᠯ ᠢ ᠬᠠᠷᠢᠭᠤᠴᠠᠨ᠎ᠠ᠃ ᠲᠤᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠲᠤᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢ | ᠪᠠᠭᠲᠠᠭᠠᠨ᠎ᠠ︶᠂ ᠲᠤᠭᠤᠷᠢᠭ ᠤᠨ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ ︵ᠮᠣᠩᠭᠤᠯ ᠬᠡᠯᠡ ᠪᠢᠴᠢᠭ ᠤᠨ | ᠠᠵᠢᠯ ᠤᠨ ᠵᠥᠪᠯᠡᠯ︶᠂ ᠯᠢ ᠵᠢᠶᠠᠨ ᠮᠢᠩ ᠨᠥᠬᠦᠷ ᠢ ᠬᠠᠪᠰᠤᠷᠤᠨ ᠵᠠᠬᠢᠳᠠᠯ ᠰᠤᠷᠪᠤᠯᠵᠢᠯᠠᠭ᠎ᠠ ᠶᠢ ᠲᠣᠭᠲᠠᠭᠤᠨ | ᠪᠠᠶᠢᠯᠭᠠᠬᠤ ᠠᠵᠢᠯ ᠢ ᠥᠷᠨᠢᠭᠦᠯᠦᠨ᠎ᠡ᠃ | ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠳᠡᠳ᠋ ᠳᠠᠷᠤᠭ᠎ᠠ ᠭᠧ ᠢ ᠹᠸᠢ ᠲᠣᠭᠤᠷᠢᠭ ᠤᠨ ᠳᠠᠷᠤᠭ᠎ᠠ ᠶᠢ ᠬᠠᠮᠵᠢᠨ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ᠂ ᠰᠢᠨᠵᠢᠯᠡᠬᠦ ᠤᠬᠠᠭᠠᠨ ᠮᠡᠷᠭᠡᠵᠢᠯ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ︵ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ︶᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠲᠣᠭᠤᠷᠢᠭ ᠤᠨ ᠮᠥᠩᠭᠦᠨ | ᠭᠦᠢᠯᠭᠡᠭᠡᠨ ᠤ ᠠᠵᠢᠯ ᠤᠨ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠴᠤ᠂ ᠦ᠋ ᠪᠢᠩ ᠶᠦᠨ ᠨᠥᠬᠦᠷ ᠢ | ᠬᠠᠪᠰᠤᠷᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠲᠠᠯ᠎ᠠ ᠶᠢᠨ ᠠᠵᠢᠯ ᠢ ᠥᠷᠨᠢᠭᠦᠯᠵᠦ᠂ ᠯᠢᠦ ᠮᠧᠩ | ᠨᠥᠬᠦᠷ ᠢ ᠬᠠᠪᠰᠤᠷᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠶᠢᠨ ᠠᠵᠢᠯ ᠢ ᠥᠷᠨᠢᠭᠦᠯᠦᠨ᠎ᠡ᠃ | ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠣᠭᠤᠷᠢᠭ ᠤᠨ ᠤᠳᠬ᠎ᠠ ᠤᠷᠠᠯᠢᠭ ᠤᠨ | ᠡᠲᠡᠭᠡᠳ ᠤᠨ ᠬᠤᠯᠪᠣᠭᠠᠲᠤ ᠬᠤᠷᠠᠯ᠂ ᠡᠯ᠎ᠡ ᠮᠥᠩᠭᠦᠨ ᠭᠦᠢᠯᠭᠡᠭᠡ ᠪᠠ ᠳᠠᠭᠠᠳᠬᠠᠯ ᠤᠨ ᠪᠠᠶᠢᠭᠤᠯᠤᠮᠵᠢ᠂ ᠦᠬᠠᠶ | ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠶᠢᠨ ᠤᠳᠠ ᠶᠢᠨ ᠠᠵᠢᠯᠯᠠᠬᠤ ᠥᠷᠲᠡᠭᠡ᠂ ᠥᠪᠥᠷ ᠮᠣᠩᠭᠤᠯ ᠤᠨ | ᠷᠠᠳᠢᠣ᠋ ᠲᠧᠯᠸᠢᠰ ᠤᠨ ᠰᠦᠯᠵᠢᠶᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠤᠳᠠ ᠬᠤᠪᠢᠶᠠᠷᠢ ᠺᠣᠮᠫᠠᠨᠢ ᠲᠠᠢ | ᠬᠠᠷᠢᠯᠴᠠᠨ᠎ᠠ᠃ | ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠵᠣᠬᠢᠴᠠᠩᠭᠤᠶ ᠪᠥᠭᠡᠳ ᠡᠮᠬᠢ | ᠵᠢᠷᠤᠮ ᠲᠠᠢ᠂ ᠥᠨᠳᠥᠷ ᠪᠦᠲᠦᠮᠵᠢᠲᠡᠶ ᠠᠵᠢᠯᠯᠠᠬᠤ ᠶᠢ ᠪᠠᠲᠤᠯᠠᠬᠤ ᠶᠢᠨ ᠲᠥᠯᠥᠭᠡ᠂ ᠲᠤᠭᠤᠷᠢᠭ ᠤᠨ ᠵᠠᠰᠠᠭ ᠤᠨ | ᠣᠷᠳᠣᠨ ᠤ ᠤᠳᠤᠷᠢᠳᠬᠤ ᠪᠦᠷᠢᠯᠳᠦᠬᠦᠨ ᠬᠤᠭᠤᠷᠣᠨᠳᠣ ᠪᠠᠨ AB ᠲᠦᠷᠢ ᠨᠥᠬᠦᠪᠥᠷᠢᠯᠡᠬᠦ ᠠᠵᠢᠯ ᠤᠨ ᠲᠦᠷᠢᠮ ᠢ | ᠬᠡᠷᠡᠭᠵᠢᠭᠦᠯᠵᠦ᠂ ᠲᠣᠰ ᠲᠣᠰ ᠰᠢᠤᠢ ᠪᠢᠨ ᠪᠣᠯᠤᠨ ᠯᠢᠦ ᠨᠠᠷᠠᠨ᠂ ᠡᠤ ᠪᠢᠩ ᠶᠦᠨ ᠪᠣᠯᠤᠨ ᠭᠧ ᠢ ᠹᠸᠢ᠂ ᠵᠣᠣ | ᠬᠠᠶ ᠪᠥᠸᠧ ᠪᠣᠯᠤᠨ ᠯᠢᠦ ᠮᠧᠩ᠂ ᠯᠢ ᠵᠢᠶᠠᠨ ᠮᠢᠩ ᠪᠣᠯᠤᠨ ᠴᠢᠶᠣᠤ ᠬᠠᠶ ᠼᠦᠨ ᠬᠠᠷᠢᠯᠴᠠᠨ AB ᠲᠦᠷᠢ ᠪᠣᠯᠪᠠ᠃ | ᠬᠠᠷᠢᠯᠴᠠᠨ AB ᠲᠦᠷᠢ ᠪᠦᠬᠦ ᠲᠤᠭᠤᠷᠢᠭ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠤᠷᠦᠯᠳᠦᠬᠤ | ᠬᠤᠭᠤᠴᠠᠭᠠᠨ ᠳᠠᠭᠠᠨ ᠲᠡᠭᠡᠳᠤ ᠲᠤᠤᠷᠠᠳᠤ ᠱᠠᠳᠤᠨ ᠤ ᠪᠢᠴᠢᠭ ᠮᠠᠲ᠋ᠧᠷᠢᠶᠠᠯ ᠢᠷᠡᠬᠦ᠂ ᠪᠢᠴᠢᠭ ᠮᠠᠲ᠋ᠧᠷᠢᠶᠠᠯ | ᠶᠠᠪᠤᠭᠤᠯᠬᠤ ᠵᠡᠷᠭᠡ ᠠᠯᠪᠠᠨ ᠪᠢᠴᠢᠭ ᠤᠨ ᠤᠴᠢᠷ ᠶᠠᠪᠤᠳᠠᠯ ᠢ ᠤᠷᠤᠯᠠᠨ ᠬᠦᠢᠴᠡᠳᠭᠡᠨ᠎ᠠ︔ ᠤᠷᠤᠯᠠᠨ ᠬᠦᠢᠴᠡᠳᠬᠡᠵᠤ | ᠂ ᠡᠯ᠎ᠠ ᠵᠦᠢᠯ ᠤᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠤ᠂ ᠲᠡᠭᠡᠳᠤ ᠱᠠᠳᠤᠨ ᠤ ᠪᠠᠶᠢᠴᠠᠭᠠᠨ | ᠵᠢᠯᠤᠭᠤᠳᠬᠤ ᠪᠤᠶᠤ ᠲᠤᠭᠤᠷᠢᠭ ᠤᠨ ᠭᠠᠳᠠᠨᠠᠬᠢ ᠵᠤᠴᠢᠳ ᠢ ᠬᠦᠯᠢᠶᠡᠨ ᠠᠪᠴᠤ ᠲᠤᠭᠤᠷᠢᠨ ᠪᠠᠶᠢᠴᠠᠭᠠᠨ ᠰᠢᠨᠵᠢᠯᠡᠨ | ᠪᠠᠶᠢᠴᠠᠭᠠᠯᠳᠠ ᠬᠢᠵᠦ᠂ ᠤᠷᠤᠯᠠᠨ ᠬᠦᠢᠴᠡᠳᠬᠡᠨ᠎ᠡ︔ ᠪᠤᠰᠤᠳ ᠲᠦᠷ ᠴᠠᠭ ᠤᠨ ᠠᠯᠪᠠᠨ ᠶᠠᠪᠤᠳᠠᠯ ᠵᠢᠴᠢ | ᠬᠡᠨᠡᠳᠳᠡ ᠶᠢᠨ ᠬᠡᠷᠡᠭ ᠢ ᠤᠷᠤᠯᠠᠨ ᠰᠢᠢᠳᠪᠤᠷᠢᠯᠡᠨ᠎ᠠ᠃ ᠬᠠᠷᠢᠯᠴᠠᠨ AB ᠲᠦᠷᠢ ᠪᠣᠯᠵᠣ ᠪᠠᠶᠢᠭ᠎ᠠ ᠲᠣᠭᠤᠷᠢᠭ ᠤᠨ | ᠵᠠᠰᠠᠭ ᠤᠨ ᠣᠷᠳᠣᠨ ᠤ ᠤᠳᠤᠷᠢᠳᠬᠤ ᠪᠦᠷᠢᠯᠳᠦᠬᠦᠨ ᠬᠠᠷᠢᠯᠴᠠᠨ ᠣᠷᠣᠯᠠᠵᠤ ᠣᠷᠣᠨ ᠪᠠᠶᠢᠷᠢ ᠪᠠᠨ ᠨᠥᠬᠦᠵᠦ ᠪᠣᠯᠬᠤ | ᠥᠬᠡᠶ ᠦᠶ᠎ᠡ ᠳᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠨᠢᠭᠡᠳᠦᠯᠲᠡᠶ ᠲᠥᠯᠥᠪᠯᠡᠨ | ᠳᠣᠭᠢᠷᠠᠭᠤᠯᠵᠤ᠂ ᠪᠤᠰᠤᠳ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠦᠷᠢᠯᠳᠦᠬᠦᠨ ᠢ ᠵᠣᠬᠢᠴᠠᠭᠤᠯᠵᠤ | ᠪᠠᠶᠢᠭᠠᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠎ᠡ᠃ ᠲᠤᠭᠤᠷᠢᠭ ᠤᠨ ᠵᠠᠰᠠᠭ ᠤᠨ ᠣᠷᠳᠣᠨ ᠤ | ᠪᠠᠶᠢᠭᠤᠯᠤᠭᠰᠠᠨ ᠡᠯ᠎ᠡ ᠲᠤᠰᠬᠠᠶ ᠤᠳᠤᠷᠢᠳᠬᠤ ᠪᠠᠶᠢᠭᠤᠯᠤᠮᠵᠢ ᠨᠢ ᠴᠥᠮ ᠲᠣᠰ ᠠᠵᠢᠯ ᠤᠨ ᠬᠤᠪᠢᠶᠠᠷᠢᠯᠠᠯ ᠶᠣᠰᠣᠭᠠᠷ | ᠥᠪᠡᠰᠦᠪᠡᠨ ᠲᠣᠬᠢᠷᠠᠭᠤᠯᠤᠯᠲᠠ ᠬᠢᠵᠦ᠂ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠥᠬᠡᠶ᠃ | 2023 ᠣᠨ ᠤ 3 ᠰᠠᠷ᠎ᠠ ᠶᠢᠨ 21 ᠤ ᠡᠳᠦᠷ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽2023 ᠣᠨ ᠤ ᠤᠳᠠ | ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠲᠥᠯᠥᠪᠯᠡᠭᠡ ᠶᠢᠨ ᠪᠢᠴᠢᠭ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠄ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠲᠣᠬᠢᠷᠠᠭᠤᠯᠤᠯᠲᠠ ᠶᠣᠰᠣᠭᠠᠷ᠂ ︽2023 ᠣᠨ ᠤ ᠤᠳᠠ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠪᠢᠴᠢᠭ︾ ᠢ ᠨᠢᠭᠡᠨᠲᠡ ᠤᠳᠠ | ᠲᠣᠭᠤᠷᠢᠭ ᠤᠨ ᠵᠠᠰᠠᠭ ᠤᠨ ᠣᠷᠳᠣᠨ ᠰᠤᠳᠤᠯᠤᠨ ᠵᠥᠪᠰᠢᠶᠡᠷᠡᠵᠦ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠡᠯ᠎ᠡ ᠬᠠᠷᠢᠭᠤᠴᠠᠯᠭᠠᠲᠤ ᠨᠢᠭᠡᠴᠡ ᠣᠨ᠂ ᠤᠯᠠᠷᠢᠯ ᠤᠨ ᠬᠠᠷᠠᠯᠲᠠ ᠡᠭᠦᠷᠭᠡ ᠶᠢᠨ ᠶᠣᠰᠣᠭᠠᠷ᠂ | ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠡᠨᠡ ᠵᠢᠯ ᠤᠨ ᠡᠯ᠎ᠡ ᠵᠦᠢᠯ ᠤᠨ ᠠᠵᠢᠯ ᠤᠨ | ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠲᠣᠭᠤᠷᠢᠭ ᠤᠨ ᠵᠠᠰᠠᠭ ᠤᠨ | ᠣᠷᠳᠣᠨ ᠤ ᠠᠯᠪᠠᠨ ᠬᠡᠷ ᠨᠢ ᠴᠠᠭ ᠲᠤᠨᠢ ᠲᠣᠬᠢᠷᠠᠭᠤᠯᠤᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯᠲᠠᠨ ᠤ ᠶᠠᠪᠤᠳᠠᠯ ᠤᠨ ᠲᠥᠯᠥᠭᠡᠯᠡᠭᠴᠢᠳ ᠲᠠᠢ ᠬᠠᠷᠢᠯᠴᠠᠬᠤ | ᠠᠵᠢᠯ ᠤᠨ ᠵᠥᠪᠯᠡᠯ ᠲᠠᠢ ᠬᠠᠮᠵᠢᠯᠴᠠᠨ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ | ᠪᠠᠶᠢᠴᠠᠭᠠᠬᠤ ᠪᠣᠯᠤᠨ᠎ᠠ᠃ | 2023 ᠣᠨ ᠤ 2 ᠰᠠᠷ᠎ᠠ ᠶᠢᠨ 17 ᠤ ᠡᠳᠦᠷ | 2023 ᠣᠨ ᠤ ᠤᠳᠠ ᠲᠣᠭᠤᠷᠢᠭ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠪᠢᠴᠢᠭ | ᠨᠢᠭᠡ᠂ ᠤᠳᠠ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠬᠥᠳᠡᠯᠭᠡᠭᠡᠨ ᠤ | ᠲᠥᠪ ︵ᠪᠡᠶ᠎ᠡ ᠶᠢᠨ ᠲᠠᠮᠢᠷ ᠤᠨ ᠣᠷᠳᠣᠨ︶ ᠤᠨ ᠭᠠᠳᠠᠭᠰᠢ ᠨᠡᠭᠡᠭᠡᠬᠦ ᠲᠥᠷᠥᠯ ᠵᠦᠢᠯ | ︵ᠨᠢᠭᠡ︶ ᠰᠡᠳᠦᠪ ᠤᠨ ᠠᠭᠤᠯᠭ᠎ᠠ | ᠭᠠᠳᠠᠭᠰᠢ ᠨᠡᠭᠡᠭᠡᠯᠲᠡ ᠬᠢᠬᠦ ᠨᠢ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠡᠮᠦᠨ᠎ᠡ ᠲᠠᠯ᠎ᠠ ᠳᠤ | ᠪᠠᠶᠢᠭ᠎ᠠ ᠤᠳᠠ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠬᠥᠳᠡᠯᠭᠡᠭᠡᠨ ᠤ | ᠲᠥᠪ ᠲᠤ ᠡᠳᠦᠷ ᠲᠤᠲᠤᠮ ᠤᠨ ᠬᠠᠮᠠᠭᠠᠯᠠᠯᠲᠠ᠂ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠬᠤ ᠵᠡᠷᠭᠡ | ᠠᠭᠤᠯᠭ᠎ᠠ ᠶᠢ ᠪᠠᠭᠲᠠᠭᠠᠨ᠎ᠠ᠃ | ︵ᠬᠤᠶᠠᠷ︶ ᠪᠡᠯᠡ ᠣᠷᠣᠭᠤᠯᠬᠤ ᠲᠥᠯᠥᠪᠯᠡᠭᠡ | ᠲᠥᠷᠥᠯ ᠵᠦᠢᠯ ᠤᠨ ᠵᠢᠱᠢᠯᠲᠡ ᠪᠠᠷ ᠶᠡᠷᠦᠩᠬᠡᠶ ᠪᠡᠯᠡ ᠣᠷᠣᠭᠤᠯᠤᠯᠲᠠ ᠨᠢ 20 ᠲᠦᠮᠡᠨ ᠲᠥᠭᠦᠷᠢᠭ ᠪᠠᠶᠢᠵᠤ᠂ | ᠪᠡᠯᠡ ᠮᠥᠩᠭᠦ ᠶᠢᠨ ᠢᠷᠡᠯᠲᠡ ᠨᠢ ᠳᠡᠭᠡᠳᠦ ᠱᠠᠲᠤᠨ ᠤ ᠪᠡᠯᠡ ᠮᠥᠩᠭᠦ ᠪᠣᠯᠤᠨ᠎ᠠ᠃ | ︵ᠭᠤᠷᠪᠠ︶ ᠪᠡᠶᠡᠯᠡᠭᠦᠯᠬᠦ ᠭᠠᠵᠠᠷ ᠣᠷᠣᠨ | ᠤᠳᠠ ᠲᠤᠭᠤᠷᠢᠭ ᠤᠨ ᠲᠤᠮᠳᠠᠲᠤ ᠪᠠᠭ᠎ᠠ ᠰᠤᠷᠭᠠᠭᠤᠯᠢ ᠶᠢᠨ ᠬᠢᠴᠢᠶᠠᠯ ᠤᠨ ᠭᠠᠳᠠᠨᠠᠬᠢ ᠭᠦᠳᠡᠯᠭᠡᠭᠡᠨ ᠤ ᠲᠥᠪ | ︵ᠲᠦᠷᠪᠡ︶ ᠪᠡᠶᠡᠯᠡᠭᠦᠯᠬᠦ ᠴᠠᠭ ᠬᠤᠭᠤᠴᠠᠭ᠎ᠠ | 2023 ᠣᠨ ᠤ 4 ᠰᠠᠷ᠎ᠠ ᠶᠢᠨ ᠰᠡᠭᠦᠯᠴᠢ ᠠᠴᠠ ᠡᠮᠦᠨ᠎ᠡ᠃ | ︵ᠲᠠᠪᠤ︶ ᠠᠬᠢᠴᠠ ᠶᠢᠨ ᠲᠤᠬᠢᠷᠠᠭᠤᠯᠭ᠎ᠠ | ᠨᠢᠭᠡᠳᠦᠭᠡᠷ ᠤᠯᠠᠷᠢᠯ᠄ 1. ᠳᠡᠭᠡᠳᠦ ᠱᠠᠲᠤᠨ ᠤ ᠪᠠᠯᠠ ᠮᠥᠩᠭᠦ ᠶᠢ ᠴᠢᠷᠮᠠᠶᠢᠨ ᠤᠯᠤᠨ᠎ᠠ︔ 2. ᠰᠡᠯᠪᠢᠨ | ᠵᠠᠰᠠᠬᠤ ᠲᠠᠯᠠᠪᠤᠷ︔ 3. ᠬᠠᠮᠢᠶ᠎ᠠ ᠪᠥᠬᠦᠶ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠤᠨ᠎ᠠ᠃ | ᠬᠤᠶᠠᠳᠤᠭᠠᠷ ᠤᠯᠠᠷᠢᠯ᠄ ᠲᠥᠷᠥᠯ ᠵᠦᠢᠯ ᠢ ᠳᠠᠭᠤᠰᠬᠠᠬᠤ ᠶᠢᠨ ᠬᠠᠮᠲᠤ ᠨᠡᠢᠭᠡᠮ ᠳᠤ ᠴᠢᠯᠥᠭᠡᠲᠡᠢ ᠨᠡᠭᠡᠭᠡᠨ᠎ᠡ᠃ | ︵ᠵᠢᠷᠭᠤᠭ᠎ᠠ︶ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠬᠠᠷᠢᠭᠤᠴᠠᠯᠭᠠᠲᠠᠨ | ᠬᠠᠷᠢᠭᠤᠴᠠᠯᠭᠠᠲᠤ ᠰᠠᠯᠠᠭ᠎ᠠ ᠮᠥᠴᠢᠷ᠄ ᠰᠤᠷᠭᠠᠨ ᠬᠥᠮᠦᠵᠢᠯ ᠤᠨ ᠲᠣᠪᠴᠢᠶ᠎ᠠ | ᠬᠠᠷᠢᠭᠤᠴᠠᠯᠭ᠎ᠠ ᠡᠭᠦᠷᠭᠡᠯᠡᠭᠴᠢ᠄ ᠬᠠᠨ ᠸᠧᠢ ᠬᠤᠸᠠ | ᠬᠤᠶᠠᠷ᠂ ᠤᠳᠠ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠠᠪᠤᠷᠠᠨ ᠵᠠᠰᠠᠬᠤ | ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ | ︵ᠨᠢᠭᠡ︶ ᠰᠡᠳᠦᠪ ᠤᠨ ᠠᠭᠤᠯᠭ᠎ᠠ | ᠴᠢᠰᠤ ᠴᠡᠪᠡᠷᠰᠢᠭᠦᠯᠬᠦ ᠲᠥᠪ ᠢ ᠪᠠᠶᠢᠭᠤᠯᠵᠤ᠂ ᠴᠢᠰᠤ ᠴᠡᠪᠡᠷᠰᠢᠭᠦᠯᠬᠦ ᠲᠥᠪ ᠤᠨ ᠮᠡᠳᠡᠭᠡ ᠵᠠᠩᠭᠢᠵᠢᠯᠲᠠ ᠶᠢᠨ | ᠰᠢᠰᠲ᠋ᠧᠮ ᠢ ᠴᠣᠭᠴᠠᠯᠠᠨ ᠪᠠᠶᠢᠭᠤᠯᠵᠤ᠂ ᠴᠢᠰᠤ ᠨᠡᠪᠴᠢᠨ ᠵᠠᠳᠠᠯᠬᠤ ᠲᠥᠬᠦᠭᠡᠷᠦᠮᠵᠢ ᠶᠢ ᠬᠤᠳᠠᠯᠳᠤᠨ ᠠᠪᠤᠨ᠎ᠠ᠃ | ︵ᠬᠤᠶᠠᠷ︶ ᠪᠡᠯᠡ ᠣᠷᠣᠭᠤᠯᠬᠤ ᠲᠥᠯᠥᠪᠯᠡᠭᠡ | ᠪᠡᠯᠡ ᠣᠷᠣᠭᠤᠯᠤᠯᠲᠠ ᠶᠢᠨ ᠲᠤᠭ᠎ᠠ 353.5 ᠲᠦᠮᠡᠨ ᠲᠥᠭᠦᠷᠢᠭ᠂ ᠪᠡᠯᠡ ᠮᠥᠩᠭᠦ ᠶᠢᠨ ᠢᠷᠡᠯᠲᠡ ᠨᠢ | ᠲᠤᠭᠤᠷᠢᠭ ᠤᠨ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ᠃ | ︵ᠭᠤᠷᠪᠠ︶ ᠪᠡᠶᠡᠯᠡᠭᠦᠯᠬᠦ ᠭᠠᠵᠠᠷ ᠣᠷᠣᠨ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ | ︵ᠲᠦᠷᠪᠡ︶ ᠪᠡᠶᠡᠯᠡᠭᠦᠯᠬᠦ ᠴᠠᠭ ᠬᠤᠭᠤᠴᠠᠭ᠎ᠠ | 2023 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ᠃ | ︵ᠲᠠᠪᠤ︶ ᠠᠬᠢᠴᠠ ᠶᠢᠨ ᠲᠤᠬᠢᠷᠠᠭᠤᠯᠭ᠎ᠠ | ᠨᠢᠭᠡᠳᠦᠭᠡᠷ ᠤᠯᠠᠷᠢᠯ᠄ ᠴᠢᠰᠤ ᠨᠡᠪᠲᠡᠷᠡᠬᠦ ᠬᠡᠷ ᠪᠠᠶᠢᠰᠢᠩ ᠵᠢᠴᠢ ᠬᠤᠳᠠᠯᠳᠤᠨ ᠠᠪᠬᠤ ᠲᠥᠬᠦᠭᠡᠷᠦᠮᠵᠢ ᠶᠢ | ᠥᠭᠡᠷᠡᠴᠢᠯᠡᠨ ᠪᠠᠶᠢᠭᠤᠯᠤᠨ᠎ᠠ᠃ | ᠬᠤᠶᠠᠳᠤᠭᠠᠷ ᠤᠯᠠᠷᠢᠯ᠄ ᠴᠢᠰᠤ ᠴᠡᠪᠡᠷᠰᠢᠭᠦᠯᠬᠦ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠤᠭᠰᠠᠷᠠᠬᠤ ᠪᠠ | ᠬᠡᠷᠡᠭᠯᠡᠵᠦ᠂ ᠲᠥᠷᠥᠯ ᠵᠦᠢᠯ ᠤᠨ ᠠᠵᠢᠯ ᠳᠠᠭᠤᠰᠴᠤ ᠰᠢᠯᠭᠠᠨ ᠠᠪᠬᠤ ᠶᠢᠨ ᠬᠠᠮᠲᠤ ᠠᠰᠢᠭᠯᠠᠯᠲᠠ ᠳᠤ | ᠣᠷᠣᠭᠤᠯᠤᠨ᠎ᠠ᠃ | ︵ᠵᠢᠷᠭᠤᠭ᠎ᠠ︶ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠬᠠᠷᠢᠭᠤᠴᠠᠯᠭᠠᠲᠠᠨ | ᠬᠠᠷᠢᠭᠤᠴᠠᠯᠭᠠᠲᠤ ᠰᠠᠯᠠᠭ᠎ᠠ ᠮᠥᠴᠢᠷ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠬᠠᠷᠢᠭᠤᠴᠠᠯᠭ᠎ᠠ ᠡᠭᠦᠷᠭᠡᠯᠡᠭᠴᠢ᠄ ᠯᠢ ᠷᠦᠩ ᠸᠧᠶ | ᠭᠤᠷᠪᠠ᠂ ᠤᠳᠠ ᠲᠤᠭᠤᠷᠢᠭ ᠤᠨ ᠳᠤᠮᠳᠠᠳᠤ ᠰᠤᠷᠭᠠᠭᠤᠯᠢ ᠶᠢᠨ ᠨᠢᠳᠦ ᠬᠠᠮᠠᠭᠠᠯᠠᠬᠤ ᠳ᠋ᠧᠩ ᠢ ᠥᠭᠡᠷᠡᠴᠢᠯᠡᠬᠦ | ᠢᠨᠵᠧᠨᠧᠷᠢᠩ | ︵ᠨᠢᠭᠡ︶ ᠰᠡᠳᠦᠪ ᠤᠨ ᠠᠭᠤᠯᠭ᠎ᠠ | ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ᠂ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ᠂ | ᠲᠤᠷᠰᠢᠯᠲᠠ ᠶᠢᠨ ᠳᠤᠮᠳᠠᠳᠤ ᠰᠤᠷᠭᠠᠭᠤᠯᠢ ᠵᠡᠷᠭᠡ 3 ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠬᠡᠷ᠂ ᠴᠢᠳᠠᠮᠵᠢᠳᠤ | ᠬᠡᠷ ᠪᠠᠶᠢᠰᠢᠩ ᠢ ᠦᠬᠡᠷᠡᠴᠢᠯᠡᠨ ᠤᠭᠰᠠᠷᠠᠪᠠ᠃ | ︵ᠬᠤᠶᠠᠷ︶ ᠪᠡᠯᠡ ᠣᠷᠣᠭᠤᠯᠬᠤ ᠲᠥᠯᠥᠪᠯᠡᠭᠡ | ᠪᠡᠯᠡ ᠣᠷᠣᠭᠤᠯᠤᠯᠲᠠ ᠶᠢᠨ ᠲᠤᠭ᠎ᠠ 201.6 ᠲᠦᠮᠡᠨ ᠲᠥᠭᠦᠷᠢᠭ᠂ ᠪᠡᠯᠡ ᠮᠥᠩᠭᠦ ᠶᠢᠨ ᠢᠷᠡᠯᠲᠡ ᠨᠢ | ᠳᠡᠭᠡᠳᠦ ᠱᠠᠲᠤᠨ ᠤ ᠪᠡᠯᠡ ᠮᠥᠩᠭᠦ᠃ | ︵ᠭᠤᠷᠪᠠ︶ ᠪᠡᠶᠡᠯᠡᠭᠦᠯᠬᠦ ᠭᠠᠵᠠᠷ ᠣᠷᠣᠨ | ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ᠂ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ᠂ | ᠲᠤᠷᠰᠢᠯᠲᠠ ᠶᠢᠨ ᠳᠤᠮᠳᠠᠳᠤ ᠰᠤᠷᠭᠠᠭᠤᠯᠢ᠃ | ︵ᠲᠦᠷᠪᠡ︶ ᠪᠡᠶᠡᠯᠡᠭᠦᠯᠬᠦ ᠴᠠᠭ ᠬᠤᠭᠤᠴᠠᠭ᠎ᠠ | 2023 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ᠃ | ︵ᠲᠠᠪᠤ︶ ᠠᠬᠢᠴᠠ ᠶᠢᠨ ᠲᠤᠬᠢᠷᠠᠭᠤᠯᠭ᠎ᠠ | ᠨᠢᠭᠡᠳᠦᠭᠡᠷ ᠤᠯᠠᠷᠢᠯ᠄ 1. ᠪᠡᠯᠡ ᠮᠥᠩᠭᠦ ᠣᠯᠤᠨ᠎ᠠ᠂ 2. ᠲᠥᠰᠦᠪ ᠢ ᠨᠠᠶᠢᠷᠠᠭᠤᠯᠤᠨ ᠵᠣᠬᠢᠶᠠᠬᠤ᠂ 3. | ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠨ᠎ᠡ᠃ | ᠬᠤᠶᠠᠳᠤᠭᠠᠷ ᠤᠯᠠᠷᠢᠯ᠄ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠵᠣᠬᠢᠶᠠᠨ | ᠪᠠᠶᠢᠭᠤᠯᠤᠨ᠎ᠠ ᠃ | ᠭᠤᠷᠪᠠᠳᠤᠭᠠᠷ ᠤᠯᠠᠷᠢᠯ᠄ ᠵᠤᠨ ᠤ ᠠᠮᠠᠷᠠᠯᠲᠠ ᠶᠢᠨ ᠬᠤᠭᠤᠴᠠᠭᠠᠨ ᠳᠤ ᠪᠠᠷᠢᠯᠭ᠎ᠠ ᠶᠢᠨ ᠠᠵᠢᠯ ᠬᠢᠨ᠎ᠠ᠃ | ᠳᠥᠷᠪᠡᠳᠦᠭᠡᠷ ᠤᠯᠠᠷᠢᠯ᠄ ᠲᠥᠷᠥᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠶᠢᠨ ᠬᠠᠮᠲᠤ | ᠠᠰᠢᠭᠯᠠᠯᠲᠠ ᠳᠤ ᠣᠷᠣᠭᠤᠯᠤᠨ᠎ᠠ᠃ | ︵ᠵᠢᠷᠭᠤᠭ᠎ᠠ︶ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠬᠠᠷᠢᠭᠤᠴᠠᠯᠭᠠᠲᠠᠨ | ᠬᠠᠷᠢᠭᠤᠴᠠᠯᠭᠠᠲᠤ ᠰᠠᠯᠠᠭ᠎ᠠ ᠮᠥᠴᠢᠷ᠄ ᠰᠤᠷᠭᠠᠨ ᠬᠥᠮᠦᠵᠢᠯ ᠤᠨ ᠲᠣᠪᠴᠢᠶ᠎ᠠ | ᠬᠠᠷᠢᠭᠤᠴᠠᠯᠭ᠎ᠠ ᠡᠭᠦᠷᠭᠡᠯᠡᠭᠴᠢ᠄ ᠬᠠᠨ ᠸᠧᠢ ᠬᠤᠸᠠ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠬᠦᠷᠢᠶᠡᠯᠡᠩ ᠲᠣᠭᠤᠷᠢᠭ ᠤᠨ ᠠᠵᠤ | ᠠᠬᠤᠶᠢᠯᠠᠯ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠪᠠ ᠦᠯᠡᠳᠡᠪᠦᠷᠢ ᠬᠡᠮᠵᠢᠶ᠎ᠡ ᠶᠢ | ᠳᠣᠭᠢᠷᠠᠭᠤᠯᠬᠤ ᠲᠤᠷᠰᠢᠯᠲᠠ ᠶᠢᠨ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠶᠠᠪᠤᠭᠤᠯᠬᠤ | ᠲᠤᠬᠠᠶ ᠮᠡᠳᠡᠭᠳᠡᠯ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠄ | ︽ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠠᠮᠢᠶᠠᠷᠤᠨ | ᠡᠵᠡᠮᠳᠡᠬᠦ ᠪᠠ ᠦᠯᠡᠳᠡᠪᠦᠷᠢ ᠬᠡᠮᠵᠢᠶ᠎ᠡ ᠶᠢ ᠳᠣᠭᠢᠷᠠᠭᠤᠯᠬᠤ ᠲᠤᠷᠰᠢᠯᠲᠠ ᠶᠢᠨ ᠠᠵᠢᠯ ᠤᠨ ᠲᠥᠰᠦᠯ ︵ᠲᠤᠷᠰᠢᠨ | ᠬᠡᠷᠡᠭᠵᠢᠭᠦᠯᠬᠦ︶︾ ᠢ ᠨᠢᠭᠡᠨᠲᠡ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | 2023 ᠣᠨ ᠤ 3 ᠰᠠᠷ᠎ᠠ ᠶᠢᠨ 13 ᠤ ᠡᠳᠦᠷ | ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ | ᠪᠠ ᠦᠯᠡᠳᠡᠪᠦᠷᠢ ᠶᠢ ᠲᠣᠬᠢᠷᠠᠭᠤᠯᠬᠤ ᠲᠤᠷᠰᠢᠯᠲᠠ | ᠠᠵᠢᠯ ᠤᠨ ᠲᠦᠰᠦᠯ ︵ᠲᠣᠷᠰᠢᠨ ᠬᠡᠷᠡᠭᠵᠢᠭᠦᠯᠬᠦ︶ | ᠮᠠᠨ ᠤ ᠲᠤᠭᠤᠷᠢᠭ ᠤᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠥᠨᠳᠥᠷ | ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠤᠰᠤᠨ | ᠠᠰᠢᠭᠯᠠᠯᠲᠠ ᠶᠢᠨ ᠶᠠᠮᠤᠨ ᠤ ︽ᠤᠰᠤᠨ ᠤ ᠡᠷᠬᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ | ᠠᠷᠭ᠎ᠠ︾ ︵ᠤᠰᠤᠨ ᠤ ᠤᠯᠤᠰ ᠲᠥᠷᠥ ᠬᠠᠤᠯᠢ ᠴᠠᠭᠠᠵᠠ ︹2016︺ 1 5 6 ᠳ᠋ᠤᠭᠠᠷ ᠲᠣᠭᠠᠲᠤ ︶ ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠯᠠ ᠲᠠᠯᠪᠢᠵᠤ ᠤᠰᠤ ᠲᠠᠲᠠᠵᠤ ᠬᠡᠷᠡᠭᠯᠡᠬᠦ | ᠭᠦᠢᠴᠡᠳᠬᠡᠯ ᠲᠤᠭ᠎ᠠ ᠶᠢ ᠰᠢᠢᠳᠪᠦᠷᠢᠯᠡᠬᠦ ᠬᠡᠷᠡᠭᠵᠢᠭᠦᠯᠬᠦ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ | ︹2014︺ 125 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠰᠤᠨ ᠤ ᠡᠷᠬᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ | ︹2017︺ 16 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠬᠤᠯᠪᠣᠭᠳᠠᠯ ᠪᠥᠬᠦᠶ ᠱᠠᠭᠠᠷᠳᠠᠯᠭ᠎ᠠ | ᠶᠣᠰᠣᠭᠠᠷ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠣᠨᠴᠠᠭᠠᠶᠢᠯᠠᠨ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ | ᠰᠢᠰᠲ᠋ᠧᠮ ᠲᠠᠢ ᠪᠠᠷ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠰᠡᠳᠬᠢᠮᠵᠢ ᠶᠢ ᠡᠷᠡᠰ ᠪᠠᠷᠢᠮᠲᠠᠯᠠᠵᠤ᠂ ᠤᠰᠤᠨ ᠤ | ᠡᠬᠢ ᠪᠠᠶᠠᠯᠢᠭ ᠤᠨ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠤᠰᠤ | ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ ᠪᠠᠶᠢᠬᠤ ᠪᠠᠷ ᠬᠠᠷᠠᠯᠲᠠ | ᠪᠣᠯᠭᠠᠵᠤ᠂ ᠤᠰᠤ ᠶᠢ ᠡᠷᠴᠢᠮᠵᠢᠭᠦᠯᠦᠨ ᠬᠡᠷᠡᠭᠯᠡᠬᠦ ᠣᠨᠣᠯᠵᠢᠬᠤᠨ ᠢ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠥᠬᠦ ᠶᠠᠪᠤᠴᠠ ᠳᠤ ᠲᠤᠤᠱᠯᠠᠭᠤᠯᠵᠤ᠂ ᠵᠠᠬ᠎ᠠ ᠳᠡᠯᠭᠡᠭᠦᠷ ᠢᠶᠠᠷ | ᠭᠤᠤᠯᠯᠠᠭᠤᠯᠬᠤ᠂ ᠵᠠᠰᠠᠭ ᠤᠨ ᠣᠷᠳᠣᠨ ᠠᠴᠠ ᠲᠣᠬᠢᠷᠠᠭᠤᠯᠤᠨ ᠡᠵᠡᠮᠳᠡᠬᠦ ᠤᠰᠤ ᠠᠷᠪᠢᠯᠠᠬᠤ᠂ ᠤᠰᠤ ᠬᠡᠷᠡᠭᠯᠡᠬᠦ | ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢᠨ | ᠬᠠᠲᠠᠭᠤ ᠬᠢᠵᠠᠭᠠᠷᠯᠠᠯ ᠢ ᠴᠢᠩᠭᠠᠷᠠᠭᠤᠯᠤᠨ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ | ︵ᠬᠤᠶᠠᠷ︶ ᠦᠨᠳᠦᠰᠦᠨ ᠵᠠᠷᠴᠢᠮ | 1. ᠶᠡᠷᠦᠩᠬᠡᠶ ᠬᠡᠮᠵᠢᠶ᠎ᠡ ᠶᠢ ᠬᠢᠵᠠᠭᠠᠷᠯᠠᠵᠤ᠂ ᠬᠠᠲᠠᠭᠤ ᠬᠢᠵᠠᠭᠠᠷᠯᠠᠨ᠎ᠠ᠃ ᠤᠰᠤᠨ ᠤ ᠡᠬᠢ ᠪᠠᠶᠠᠯᠢᠭ ᠢ | ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠬᠤ ᠶᠢ ᠪᠠᠷᠢᠮᠲᠠᠯᠠᠵᠤ᠂ ︽ᠤᠰᠤ ᠪᠠᠷ ᠲᠦᠷᠪᠡ ᠶᠢ ᠲᠣᠭᠲᠠᠭᠠᠬᠤ︾ | ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠬᠡᠷᠡᠭᠯᠡᠬᠦ ᠭᠦᠢᠴᠡᠳᠬᠡᠬᠦ ᠲᠤᠭ᠎ᠠ ᠶᠢᠨ ᠤᠯᠠᠭᠠᠨ ᠱᠤᠭᠤᠮ ᠢ | ᠴᠢᠩᠭ᠎ᠠ ᠰᠠᠬᠢᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠠᠵᠤ ᠦᠢᠯᠡᠳᠪᠦᠷᠢ᠂ | ᠲᠠᠷᠢᠶᠠᠯᠠᠩ᠂ ᠠᠮᠢᠳᠤᠷᠠᠯ᠂ ᠠᠮᠢ ᠠᠬᠤᠢ ᠶᠢᠨ ᠤᠰᠤ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ᠵᠦᠢ ᠵᠤᠬᠢᠰ | ᠦᠭᠡᠢ ᠤᠰᠤ ᠬᠡᠷᠡᠭᠯᠡᠬᠦ ᠬᠡᠷᠡᠭᠴᠡᠭᠡ ᠶᠢ ᠡᠷᠡᠰ ᠬᠤᠷᠢᠭᠯᠠᠨ᠎ᠠ᠃ | 2. ᠬᠤᠶᠠᠷ ᠲᠠᠯ᠎ᠠ ᠪᠠᠷ ᠬᠦᠴᠦᠯᠡᠵᠦ᠂ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠤᠰᠤᠨ ᠤ ᠡᠬᠢ | ᠪᠠᠶᠠᠯᠢᠭ ᠢ ᠲᠣᠬᠢᠷᠠᠭᠤᠯᠬᠤ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ | ᠪᠠᠳᠠᠷᠠᠭᠤᠯᠵᠤ᠂ ᠤᠰᠤ ᠬᠡᠷᠡᠭᠯᠡᠬᠦ ᠶᠢ ᠨᠣᠷᠮ᠎ᠠ ᠲᠣᠭᠲᠠᠭᠠᠨ ᠬᠠᠮᠢᠶᠠᠷᠬᠤ ᠪᠠ ︽ᠤᠰᠤᠨ ᠤ ᠠᠰᠢᠭᠯᠠᠮᠵᠢ︾ ᠪᠠᠷ | ᠭᠠᠷᠳᠠᠴᠠ ᠪᠣᠯᠭᠠᠨ᠂ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠰᠠᠭ ᠤᠨ ᠣᠷᠳᠣᠨ ᠤ | ᠶᠡᠷᠦᠩᠬᠡᠶ ᠲᠣᠬᠢᠷᠠᠭᠤᠯᠭ᠎ᠠ ᠡᠵᠡᠮᠰᠢᠯ ᠤᠨ ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠤᠴᠢᠷ | ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠤᠰᠤᠨ ᠤ ᠡᠷᠬᠡ ᠶᠢᠨ ᠳᠦᠷᠢᠮ ᠢ ᠵᠠᠰᠠᠭ ᠤᠨ ᠣᠷᠳᠣᠨ ᠤ ᠪᠦᠲᠦᠮᠵᠢᠲᠡᠶ ᠬᠠᠮᠢᠶᠠᠷᠤᠨ ᠡᠵᠡᠮᠳᠡᠬᠦ ᠶᠢ | ᠪᠡᠶᠡᠯᠡᠭᠦᠯᠦᠨ᠎ᠡ ᠃ | 3. ᠰᠢᠰᠲ᠋ᠧᠮ ᠲᠠᠢ ᠪᠠᠷ ᠤᠬᠠᠭᠠᠯᠠᠵᠤ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ᠎ᠠ᠃ ᠦᠵᠦ | ᠲᠥᠯᠥᠪᠯᠡᠭᠡ ᠪᠣᠯᠣᠨ ᠦᠨᠳᠦᠰᠦᠨ ᠱᠠᠲᠤᠨ ᠤ ᠦᠢᠯᠡᠳᠦᠯᠭᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠠᠲᠤᠨ | ᠭᠤᠣᠯ ᠤᠨ ᠤᠰᠤ᠂ ᠭᠠᠵᠠᠷ ᠳᠣᠣᠷᠠᠬᠢ ᠤᠰᠤ᠂ ᠡᠩ ᠤᠨ ᠪᠤᠰᠤ ᠤᠰᠤᠨ ᠤ ᠬᠠᠩᠭᠠᠯᠭ᠎ᠠ ᠬᠡᠷᠡᠭᠴᠡᠭᠡ ᠶᠢᠨ | ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠮᠠᠨ ᠤ ᠲᠤᠭᠤᠷᠢᠭ ᠤᠨ ᠤᠰᠤ ᠬᠡᠷᠡᠭᠯᠡᠬᠦ ᠡᠷᠬᠡ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠠᠬᠢᠭᠤᠯᠤᠨ᠎ᠠ᠃ | 4. ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠰᠢᠪᠲᠤᠯᠤᠯᠲᠠ ᠡᠷᠢᠨ᠎ᠡ᠃ ᠠᠵᠤ ᠦᠢᠯᠡᠳᠪᠦᠷᠢ ᠶᠢᠨ | ᠤᠰᠤ ᠬᠡᠷᠡᠭᠯᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠪᠠᠷ ᠭᠤᠤᠯᠳᠠᠯᠭ᠎ᠠ ᠪᠣᠯᠭᠠᠵᠤ᠂ ᠤᠰᠤᠨ ᠤ ᠡᠬᠢ ᠪᠠᠶᠠᠯᠢᠭ ᠤᠨ | ᠲᠠᠸᠠᠷ ᠤᠨ ᠪᠠᠶᠢᠷᠢ ᠰᠠᠭᠤᠷᠢ ᠶᠢ ᠲᠣᠳᠣᠷᠬᠠᠶᠢᠯᠠᠨ᠂ ᠮᠠᠨ ᠤ ᠲᠤᠭᠤᠷᠢᠭ ᠤᠨ ᠦᠯᠡᠳᠡᠪᠦᠷᠢ ᠤᠰᠤ ᠬᠡᠷᠡᠭᠯᠡᠬᠦ | ᠬᠡᠮᠵᠢᠶ᠎ᠡ ᠶᠢ ᠵᠦᠶ ᠵᠣᠬᠢᠰᠲᠠᠶ ᠡᠷᠭᠢᠯᠳᠦᠭᠦᠯᠬᠦ ᠶᠢ ᠠᠬᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ | ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠬᠤᠰᠢᠭᠤᠴᠢ ᠣᠷᠣᠨ ᠤ ᠪᠥᠲᠥᠭᠡᠨ | ᠪᠠᠶᠢᠭᠤᠯᠤᠯᠲᠠ ᠶᠢᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠬᠦᠴᠢᠷᠳᠡᠯ ᠢ ᠪᠥᠬᠦ ᠬᠦᠴᠦᠨ ᠢᠶᠠᠷ ᠢᠶᠠᠨ | ᠰᠢᠢᠳᠪᠦᠷᠢᠯᠡᠵᠦ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠬᠦᠷᠦᠯᠴᠡᠬᠦ ᠥᠬᠡᠶ᠂ ᠪᠦᠲᠦᠴᠡ ᠰᠢᠯᠢᠳᠡᠭ ᠪᠤᠰᠤ᠂ ᠦᠷ᠎ᠡ | ᠠᠰᠢᠭ ᠥᠨᠳᠥᠷ ᠪᠢᠰᠢ ᠭᠤᠷᠪᠠᠨ ᠳᠠᠪᠬᠤᠷ ᠬᠦᠴᠢᠷ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠨ᠎ᠡ᠃ | ︵ᠭᠤᠷᠪᠠ︶ ᠶᠡᠷᠦᠩᠬᠡᠢ ᠬᠠᠷᠠᠯᠲᠠ | 1. ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ | ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠯ᠎ᠡ ᠲᠥᠷᠥᠯ ᠤᠨ ᠤᠰᠤ ᠬᠡᠷᠡᠭᠯᠡᠬᠦ ᠬᠦᠢᠴᠡᠳᠬᠡᠯ ᠲᠤᠭ᠎ᠠ ᠶᠢ | ᠴᠢᠩᠭ᠎ᠠ ᠬᠢᠵᠠᠭᠠᠷᠯᠠᠬᠤ ᠶᠢᠨ ᠬᠠᠮᠲᠤ ᠤᠳᠠ ᠲᠣᠭᠤᠷᠢᠭ ᠤᠨ ᠣᠨ ᠤ ᠤᠰᠤ ᠬᠡᠷᠡᠭᠯᠡᠬᠦ ᠲᠥᠯᠥᠪᠯᠡᠭᠡ ᠶᠣᠰᠣᠭᠠᠷ | ᠦᠯᠡᠳᠡᠪᠦᠷᠢ ᠤᠰᠤᠨ ᠤ ᠬᠡᠮᠵᠢᠶ᠎ᠡ ᠶᠢ ᠡᠷᠭᠢᠯᠳᠦᠭᠦᠯᠬᠦ ᠠᠵᠢᠯ ᠢ ᠥᠷᠨᠢᠭᠦᠯᠵᠦ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠶᠢ ᠪᠠᠲᠤᠯᠠᠭᠰᠠᠨ ᠤᠷᠢᠲᠠᠯ ᠳᠣᠤᠷ᠎ᠠ ᠤᠰᠤ ᠬᠡᠷᠡᠭᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠤᠨ ᠬᠠᠳᠠᠭᠠᠯᠠᠯᠲᠠ ᠶᠢ ᠠᠮᠢᠳᠤᠯᠢᠭ ᠪᠣᠯᠭᠠᠬᠤ ᠶᠢ | ᠦᠨᠡᠨᠬᠦ ᠪᠠᠲᠤᠯᠠᠨ᠎ᠠ᠃ ᠡᠭᠦᠨ ᠳᠤ ᠭᠠᠵᠠᠷ ᠤᠨ ᠭᠠᠳᠠᠷᠭᠤ ᠶᠢᠨ ᠤᠰᠤ ᠶᠢ 1408 ᠲᠦᠮᠡᠨ ᠪᠣᠰᠤᠭ᠎ᠠ ᠳᠥᠷᠪᠡᠯᠵᠢᠨ | ᠮᠧᠲᠷ ᠤᠨ ᠳᠣᠲᠣᠷ᠎ᠠ ᠬᠢᠵᠠᠭᠠᠷᠯᠠᠨ᠎ᠠ︔ ᠭᠠᠵᠠᠷ ᠳᠣᠣᠷᠠᠬᠢ ᠤᠰᠤ ᠶᠢ 1213 ᠲᠦᠮᠡᠨ ᠪᠣᠰᠤᠭ᠎ᠠ ᠳᠥᠷᠪᠡᠯᠵᠢᠨ | ᠮᠧᠲᠷ ᠤᠨ ᠳᠣᠲᠣᠷ᠎ᠠ ᠬᠢᠵᠠᠭᠠᠷᠯᠠᠨ᠎ᠠ︔ ᠶᠡᠷᠦ ᠪᠤᠰᠤ ᠶᠢᠨ ᠤᠰᠤ ᠶᠢ 1772 ᠲᠦᠮᠡᠨ ᠪᠣᠰᠤᠭ᠎ᠠ ᠳᠥᠷᠪᠡᠯᠵᠢᠨ | ᠮᠧᠲᠷ ᠤᠨ ᠳᠣᠲᠣᠷ᠎ᠠ ︵ᠱᠣᠷᠪᠣᠭ ᠤᠰᠤ ᠶᠢ 1022 ᠲᠦᠮᠡᠨ ᠪᠣᠰᠤᠭ᠎ᠠ ᠳᠥᠷᠪᠡᠯᠵᠢᠨ ᠮᠧᠲᠷ᠂ 700 ᠲᠦᠮᠡᠨ | ᠪᠣᠰᠤᠭ᠎ᠠ ᠳᠥᠷᠪᠡᠯᠵᠢᠨ ᠮᠧᠲᠷ ᠳᠤᠮᠳᠠ ᠤᠰᠤ᠂ 50 ᠲᠦᠮᠡᠨ ᠪᠣᠰᠤᠭ᠎ᠠ ᠳᠥᠷᠪᠡᠯᠵᠢᠨ ᠮᠧᠲᠷ ᠨᠡᠭᠦᠷᠡᠰᠦᠨ | ᠤᠷᠤᠰᠬᠠᠬᠤ ᠤᠰᠤ︶ ᠶᠢ ᠬᠢᠵᠠᠭᠠᠷᠯᠠᠨ᠎ᠠ᠃ | 2. ᠮᠠᠨ ᠤ ᠲᠤᠭᠤᠷᠢᠭ ᠲᠤ ᠨᠡᠶᠢᠴᠡᠬᠦ ᠦᠯᠡᠳᠡᠪᠦᠷᠢ ᠤᠰᠤᠨ ᠤ ᠬᠡᠮᠵᠢᠶᠡᠨ ᠤ ᠤᠰᠤ ᠬᠡᠷᠡᠭᠯᠡᠬᠦ ᠡᠷᠭᠢᠯᠲᠡ ᠶᠢᠨ | ᠳᠦᠷᠢᠮ ᠢ ᠪᠠᠶᠢᠭᠤᠯᠵᠤ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠨ᠂ ᠵᠢᠯ ᠪᠦᠷᠢ | ᠬᠤᠶᠠᠷ ᠤᠳᠠᠭᠠᠨ ᠤ ᠦᠯᠡᠳᠡᠪᠦᠷᠢ ᠤᠰᠤᠨ ᠤ ᠬᠡᠮᠵᠢᠶ᠎ᠡ ᠶᠢ ᠲᠣᠬᠢᠷᠠᠭᠤᠯᠤᠨ ᠡᠷᠭᠢᠯᠳᠦᠭᠦᠯᠵᠦ᠂ ᠬᠠᠷᠢᠶ᠎ᠠ ᠣᠷᠣᠨ ᠤ | ᠤᠰᠤ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ ᠪᠦᠬᠦ ᠲᠠᠯ᠎ᠠ ᠪᠠᠷ ᠠᠮᠢᠳᠤᠯᠢᠭᠵᠢᠭᠤᠯᠵᠤ᠂ ︽ᠤᠰᠤ ᠪᠠᠷ | ᠤᠨᠠᠯᠲᠠ ᠶᠢ ᠲᠣᠭᠲᠠᠭᠠᠬᠤ︾ ᠶᠢ ᠤᠯᠠᠮ ᠨᠢᠭᠡ ᠠᠯᠬᠤᠮ ᠪᠡᠶᠡᠯᠡᠭᠦᠯᠦᠨ᠎ᠡ᠃ ᠡᠯ᠎ᠡ ᠤᠰᠤ ᠬᠡᠷᠡᠭᠯᠡᠬᠦ ᠠᠵᠤ | ᠠᠬᠤᠶᠢᠯᠠᠯ ᠤᠳ ᠪᠥᠬᠦ ᠵᠢᠯ ᠤᠨ ᠤᠰᠤ ᠬᠡᠷᠡᠭᠯᠡᠬᠦ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ | ᠲᠣᠭᠲᠠᠭᠠᠵᠤ᠂ ᠬᠠᠮᠤᠭ ᠤᠨ ᠪᠠᠭ᠎ᠠ ᠤᠰᠤ ᠬᠡᠷᠡᠭᠯᠡᠬᠦ ᠬᠡᠮᠵᠢᠶ᠎ᠡ ᠶᠢ ᠠᠰᠢᠭᠯᠠᠨ ᠣᠨ ᠤ ᠭᠠᠷᠤᠯᠲᠠ ᠶᠢᠨ ᠬᠠᠷᠠᠯᠲᠠ ᠪᠠᠨ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠳᠠᠭᠠᠭᠤᠯᠬᠤ ᠨᠣᠷᠮ᠎ᠠ ᠲᠣᠭᠲᠠᠭᠠᠬᠤ ᠶᠢ ᠲᠣᠳᠣᠷᠬᠠᠶᠢᠯᠠᠵᠤ᠂ ᠤᠰᠤ ᠠᠷᠪᠢᠯᠠᠬᠤ ᠬᠡᠪ ᠳᠠᠭᠤᠷᠢᠶᠠᠯ ᠤᠨ | ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠤᠰᠤᠨ ᠠᠰᠢᠭᠯᠠᠯᠲᠠ ᠶᠢᠨ ᠶᠠᠮᠤᠨ ᠤ ︽ᠪᠣᠯᠣᠳ ᠲᠡᠮᠦᠷ ᠵᠡᠷᠭᠡ ᠠᠷᠪᠠᠨ ᠨᠠᠢᠮᠠᠨ ᠵᠦᠢᠯ ᠤᠨ ᠠᠵᠤ | ᠦᠢᠯᠡᠳᠪᠦᠷᠢ ᠶᠢᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ | ᠨᠣᠷᠮ᠎ᠠ ︵DB15/T385 - 2020︶︾ ︽ᠬᠡᠰᠡᠭ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ | ᠨᠣᠷᠮ᠎ᠠ ᠶᠢ ᠲᠣᠬᠢᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ︽ᠦᠬᠠᠶ ᠬᠤᠲᠠ ᠶᠢᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠪᠢᠴᠢᠭ ᠮᠠᠲ᠋ᠧᠷᠢᠶᠠᠯ ᠤᠨ ᠬᠤᠯᠪᠣᠭᠳᠠᠯ ᠪᠥᠬᠦᠶ | ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠦᠢᠯᠡᠳᠭᠦᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ | ᠨᠣᠷᠮ᠎ᠠ ᠶᠢᠨ ᠪᠠᠷᠢᠮᠵᠢᠶ᠎ᠠ ᠶᠢ ᠲᠣᠭᠲᠠᠭᠠᠵᠤ᠂ ᠬᠠᠷᠢᠶ᠎ᠠ ᠣᠷᠣᠨ ᠤ ᠪᠦᠬᠦ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ ᠠᠵᠢᠯ | ᠥᠷᠨᠢᠭᠦᠯᠬᠦ ᠶᠢ ᠠᠬᠢᠭᠤᠯᠤᠨ᠎ᠠ᠃ ᠤᠰᠤ ᠠᠷᠪᠢᠯᠠᠬᠤ ᠮᠠᠶ᠋ᠢᠭ ᠤᠨ ᠠᠵᠤ ᠠᠬᠤᠶᠢᠯᠠᠯ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠶ ᠬᠠᠮᠵᠢᠯᠴᠠᠨ ᠥᠷᠨᠢᠭᠦᠯᠦᠭᠰᠡᠨ ᠨᠢᠭᠡᠴᠡ ᠳᠤ᠂ ᠦᠯᠡᠳᠡᠪᠦᠷᠢ ᠤᠰᠤᠨ ᠤ ᠬᠡᠮᠵᠢᠶ᠎ᠡ ᠶᠢ | ᠤᠷᠢᠳᠠᠪᠠᠷ ᠪᠣᠳᠣᠯᠬᠢᠯᠠᠬᠤ ᠶᠢ ᠪᠣᠳᠣᠯᠬᠢᠯᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ | ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶᠃ | ︵ᠬᠤᠶᠠᠷ︶ ᠦᠯᠡᠳᠡᠪᠦᠷᠢ ᠤᠰᠤᠨ ᠤ ᠬᠡᠮᠵᠢᠶ᠎ᠡ ᠶᠢ ᠨᠢᠭᠡᠳᠦᠯᠲᠡᠢ ᠲᠥᠯᠥᠪᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ | ᠰᠢᠯᠵᠢᠭᠦᠯᠬᠦ ᠶᠢ ᠲᠣᠬᠢᠷᠠᠭᠤᠯᠤᠨ ᠡᠵᠡᠮᠳᠡᠬᠦ ᠶᠢ ᠬᠡᠷᠡᠭᠵᠢᠭᠦᠯᠦᠨ᠎ᠡ᠃ | ᠨᠢᠭᠡ ᠳᠤ᠂ ᠡᠯ᠎ᠡ ᠠᠵᠤ ᠠᠬᠤᠶᠢᠯᠠᠯ ᠤᠨ ᠤᠰᠤ ᠠᠪᠬᠤ ᠦᠨᠡᠮᠯᠡᠯ ᠤᠨ ᠴᠣᠬᠤᠯᠠᠪᠤᠷᠢᠯᠠᠨ ᠬᠠᠷᠢᠭᠤᠯᠤᠭᠰᠠᠨ | ᠤᠰᠤᠨ ᠤ ᠬᠡᠮᠵᠢᠶ᠎ᠡ ᠶᠢ ᠦᠨᠳᠦᠰᠦᠯᠡᠨ᠂ ᠡᠯ᠎ᠡ ᠲᠥᠷᠥᠯ ᠤᠨ ᠦᠢᠯᠡᠳᠬᠦᠨ ᠤ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠶᠢᠨ ᠨᠥᠯᠥᠭᠡ ᠬᠢᠭᠡᠳ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠠᠴᠠ | ᠪᠣᠯᠤᠭᠰᠠᠨ ᠤᠰᠤ ᠬᠡᠷᠡᠭᠯᠡᠬᠦ ᠬᠡᠮᠵᠢᠶ᠎ᠡ ᠳᠡᠭᠡᠭᠰᠢᠯᠡᠵᠦ ᠳᠣᠷᠣᠭᠰᠢᠯᠠᠬᠤ ᠬᠤᠪᠢᠷᠠᠯᠲᠠ ᠵᠡᠷᠭᠡ ᠬᠦᠴᠦᠨ ᠵᠦᠢᠯ ᠲᠠᠢ | ᠤᠶᠠᠯᠳᠤᠭᠤᠯᠤᠨ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠨᠢ ᠡᠯ᠎ᠡ ᠠᠵᠤ ᠠᠬᠤᠶᠢᠯᠠᠯ ᠤᠨ ᠭᠠᠷᠤᠯᠲᠠ ᠶᠢᠨ ᠬᠡᠮᠵᠢᠶ᠎ᠡ ᠶᠢ ᠲᠣᠭᠲᠠᠮᠠᠯ | ᠬᠤᠭᠤᠴᠠᠭ᠎ᠠ ᠲᠠᠢ ᠪᠠᠷ ᠪᠦᠷᠢᠳᠬᠡᠵᠦ᠂ ᠲᠤᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠬᠢᠭᠡᠳ | ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠨᠢ ᠲᠤᠰ ᠠᠵᠤ | ᠠᠬᠤᠶᠢᠯᠠᠯ ᠤᠨ ᠬᠡᠷᠡᠭᠯᠡᠬᠦ ᠤᠰᠤᠨ ᠤ ᠪᠠᠷᠢᠮᠵᠢᠶ᠎ᠠ ᠠᠴᠠ ᠬᠡᠲᠦᠷᠡᠭᠰᠡᠨ ᠪᠤᠶᠤ ᠦᠯᠡᠳᠡᠪᠦᠷᠢ ᠡᠰᠡᠬᠦ ᠶᠢ ᠦᠨᠳᠦᠰᠦᠯᠡᠨ | ᠲᠣᠭᠠᠴᠠᠭ᠎ᠠ ᠬᠢᠬᠦ ᠶᠢᠨ ᠬᠠᠮᠲᠤ᠂ ᠵᠢᠯ ᠪᠦᠷᠢ ᠶᠢᠨ 6 ᠰᠠᠷ᠎ᠠ᠂ 12 ᠰᠠᠷ᠎ᠠ ᠳᠤ ᠦᠯᠡᠳᠡᠪᠦᠷᠢ ᠤᠰᠤᠨ ᠤ ᠬᠡᠮᠵᠢᠶ᠎ᠡ ᠶᠢ | ᠰᠢᠯᠵᠢᠭᠦᠯᠦᠨ ᠲᠣᠬᠢᠷᠠᠭᠤᠯᠬᠤ ᠠᠵᠢᠯ ᠢ ᠥᠷᠨᠢᠭᠦᠯᠦᠨ᠎ᠡ᠃ ᠡᠯ᠎ᠡ ᠤᠰᠤ ᠬᠡᠷᠡᠭᠯᠡᠬᠦ ᠠᠵᠤ ᠠᠬᠤᠶᠢᠯᠠᠯ ᠢᠳᠡᠪᠬᠢᠲᠡᠶ | ᠣᠷᠣᠯᠴᠠᠨ ᠬᠠᠮᠵᠢᠯᠴᠠᠵᠤ᠂ ᠬᠤᠶᠠᠷ ᠤᠳᠠᠭ᠎ᠠ ᠰᠢᠯᠵᠢᠭᠦᠯᠦᠨ ᠲᠣᠬᠢᠷᠠᠭᠤᠯᠵᠤ ᠳᠠᠭᠤᠰᠤᠭᠰᠠᠨ ᠤ ᠳᠠᠷᠠᠭ᠎ᠠ ᠮᠥᠨ | ᠤᠰᠤᠨ ᠤ ᠭᠦᠢᠴᠡᠳᠬᠡᠬᠦ ᠲᠤᠭ᠎ᠠ ᠶᠢ ᠪᠦᠷᠢᠯᠭᠡᠨ ᠰᠦᠢᠳᠬᠡᠭᠰᠡᠨ ᠠᠵᠤ ᠠᠬᠤᠶᠢᠯᠠᠯ ᠳᠤ ᠤᠰᠤᠨ ᠤ ᠲᠡᠩᠴᠡᠭᠦᠷᠢ ᠶᠢᠨ | ᠬᠡᠮᠵᠢᠨ ᠰᠢᠯᠭᠠᠯᠲᠠ ᠶᠢ ᠳᠠᠬᠢᠨ ᠰᠢᠨ᠎ᠡ ᠪᠠᠷ ᠥᠷᠨᠢᠭᠦᠯᠵᠦ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ | ᠮᠡᠳᠡᠭᠦᠯᠦᠯᠲᠡ ᠶᠢ ᠲᠣᠭᠲᠠᠭᠠᠬᠤ ᠶᠢᠨ ᠬᠠᠮᠲᠤ ᠤᠰᠤ ᠬᠡᠷᠡᠭᠯᠡᠬᠦ ᠠᠵᠤ ᠠᠬᠤᠶᠢᠯᠠᠯ ᠤᠨ ᠬᠠᠷ᠎ᠠ ᠳᠠᠩᠰᠠᠨ ᠳᠤ ᠪᠣᠳᠣᠵᠤ | ᠣᠷᠣᠭᠤᠯᠬᠤ ᠬᠡᠷᠡᠭᠲᠡᠶ᠃ ᠬᠤᠶᠠᠷ ᠲᠤ᠂ ᠤᠰᠤᠨ ᠤ ᠡᠷᠬᠡ ᠶᠢᠨ ᠪᠦᠬᠦ ᠠᠵᠤ ᠠᠬᠤᠶᠢᠯᠠᠯ ᠢ ᠬᠤᠪᠢᠷᠠᠭᠤᠯᠬᠤ ᠥᠬᠡᠶ | ᠤᠷᠢᠲᠠᠯ ᠳᠣᠤᠷ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠠᠴᠠ | ᠲᠤᠬᠠᠶ ᠶᠢᠨ ᠵᠢᠯ ᠤᠨ ᠦᠯᠡᠳᠡᠪᠦᠷᠢ ᠤᠰᠤᠨ ᠤ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠮᠠᠨ ᠤ | ᠲᠤᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ᠂ ᠪᠣᠬᠢᠷᠲᠤᠯ ᠥᠬᠡᠶ ᠥᠨᠳᠥᠷ ᠦᠷ᠎ᠡ ᠪᠦᠲᠦᠮᠵᠢᠲᠡᠶ ᠤᠰᠤ | ᠠᠷᠪᠢᠯᠠᠬᠤ ᠬᠡᠪ ᠳᠠᠭᠤᠷᠢᠶᠠᠯ ᠤᠨ ᠠᠵᠤ ᠠᠬᠤᠶᠢᠯᠠᠯ ᠵᠢᠴᠢ ᠦᠯᠡᠳᠡᠪᠦᠷᠢ ᠠᠵᠤ ᠠᠬᠤᠶᠢᠯᠠᠯ ᠯᠤᠭ᠎ᠠ ᠬᠤᠯᠪᠣᠭᠳᠠᠬᠤ | ᠠᠵᠤ ᠠᠬᠤᠶᠢᠯᠠᠯ ᠢ ᠤᠷᠢᠳᠠᠪᠠᠷ ᠪᠣᠳᠣᠯᠬᠢᠯᠠᠵᠤ᠂ ᠦᠯᠡᠳᠡᠪᠦᠷᠢ ᠤᠰᠤᠨ ᠤ ᠬᠡᠮᠵᠢᠶ᠎ᠡ ᠶᠢ ᠬᠡᠷᠡᠭᠯᠡᠬᠦ ᠬᠤᠭᠤᠴᠠᠭᠠᠨ ᠳᠤ | ᠠᠵᠤ ᠠᠬᠤᠶᠢᠯᠠᠯ ᠤᠳ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠤᠰᠤ ᠠᠷᠪᠢᠯᠠᠬᠤ ᠤᠷ᠎ᠠ ᠮᠡᠷᠭᠡᠵᠢᠯ ᠢᠶᠠᠨ | ᠰᠠᠶᠢᠵᠢᠷᠠᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ | ᠪᠠᠶᠢᠭᠤᠯᠤᠭᠰᠠᠨ ᠤ ᠳᠠᠷᠠᠭ᠎ᠠ ᠦᠯᠡᠳᠡᠪᠦᠷᠢ ᠤᠰᠤᠨ ᠤ ᠬᠡᠮᠵᠢᠶ᠎ᠡ ᠶᠢ ᠬᠡᠷᠡᠭᠯᠡᠬᠦ ᠡᠷᠬᠡ ᠶᠢ ᠨᠢ ᠬᠤᠷᠢᠶᠠᠨ ᠠᠪᠬᠤ | ᠬᠡᠷᠡᠭᠲᠡᠶ᠃ ᠡᠭᠦᠨ ᠤ ᠬᠠᠮᠲᠤ᠂ ᠮᠠᠨ ᠤ ᠲᠤᠭᠤᠷᠢᠭ ᠤᠨ ᠠᠵᠤ ᠠᠬᠤᠶ ᠶᠢᠨ ᠦᠷᠭᠦᠯᠵᠢᠯᠡᠨ ᠬᠥᠭᠵᠢᠬᠦ ᠶᠢ ᠪᠠᠲᠤᠯᠠᠵᠤ | ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠯ᠎ᠡ ᠵᠦᠢᠯ ᠤᠨ ᠱᠠᠭᠠᠷᠳᠠᠯᠭ᠎ᠠ ᠶᠢ | ᠲᠤᠭᠤᠰᠢᠯᠠᠭᠤᠯᠬᠤ ᠶᠢᠨ ᠲᠥᠯᠥᠭᠡ᠂ ᠡᠯ᠎ᠡ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠦᠯᠡᠳᠡᠪᠦᠷᠢ ᠤᠰᠤᠨ ᠤ | ᠬᠡᠮᠵᠢᠶ᠎ᠡ ᠶᠢ ᠭᠤᠶᠤᠴᠢᠯᠠᠨ ᠬᠡᠷᠡᠭᠯᠡᠬᠦ ᠶᠢ ᠬᠠᠪᠰᠤᠷᠤᠨ ᠵᠢᠯᠣᠭᠤᠳᠴᠤ᠂ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠬᠦ | ᠴᠢᠳᠠᠪᠤᠷᠢ ᠦᠷ᠎ᠡ ᠠᠰᠢᠭ ᠤᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠬᠡᠷᠡᠭᠲᠡᠶ᠃ ︵ᠬᠠᠷᠢᠭᠤᠴᠠᠯᠭᠠᠲᠤ | ᠨᠢᠭᠡᠴᠡ᠄ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠠᠵᠤ | ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠤᠰᠤᠨ ᠤ ᠶᠠᠪᠤᠳᠠᠯ ᠤᠨ | ᠪᠦᠯᠦᠭᠯᠡᠯ︶ | ︵ᠭᠤᠷᠪᠠ︶ ᠤᠰᠤ ᠬᠡᠷᠡᠭᠯᠡᠬᠦ ᠦᠨ᠎ᠡ ᠶᠢ ᠲᠣᠳᠤᠷᠬᠠᠶᠢᠯᠠᠵᠤ᠂ ᠰᠦᠢᠳᠬᠡᠯ ᠬᠤᠷᠢᠶᠠᠵᠤ ᠭᠠᠶᠢᠯᠢ ᠨᠦᠬᠦᠪᠦᠷᠢᠯᠡᠬᠦ | ᠳᠦᠷᠢᠮ ᠢ ᠬᠡᠷᠡᠭᠵᠢᠭᠦᠯᠦᠨ᠎ᠡ᠃ | ᠨᠢᠭᠡ ᠳᠤ᠂ ᠦᠯᠡᠳᠡᠪᠦᠷᠢ ᠤᠰᠤᠨ ᠤ ᠦᠨ᠎ᠡ ᠬᠠᠩᠰᠢ ᠨᠢ ︽ᠰᠠᠭᠤᠷᠢ ᠤᠰᠤᠨ ᠤ ᠰᠦᠢᠳᠬᠡᠯ ᠤᠨ ᠡᠬᠢ | ᠪᠠᠶᠠᠯᠢᠭ ᠤᠨ ᠠᠵᠤ ᠠᠬᠤᠶᠢᠯᠠᠯ ᠤᠨ ᠤᠰᠤᠨ ᠤ ᠡᠷᠬᠡ ᠶᠢᠨ ᠭᠠᠶᠢᠯᠢ ᠲᠤᠰᠢᠶᠠᠬᠤ︾ ᠬᠤᠶᠠᠷ ᠬᠡᠰᠡᠭ ᠢᠶᠠᠷ | ᠪᠦᠷᠢᠯᠳᠦᠵᠦ᠂ ᠰᠠᠭᠤᠷᠢ ᠤᠰᠤᠨ ᠤ ᠰᠦᠢᠳᠬᠡᠯ ᠢ ᠲᠤᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠠᠴᠠ | ᠬᠤᠷᠢᠶᠠᠵᠤ᠂ ᠤᠰᠤᠨ ᠤ ᠡᠷᠬᠡ ᠶᠢᠨ ᠭᠠᠶᠢᠯᠢ ᠨᠢ ᠦᠯᠡᠳᠡᠪᠦᠷᠢ ᠤᠰᠤᠨ ᠤ ᠬᠡᠮᠵᠢᠶ᠎ᠡ ᠶᠢᠨ ᠠᠵᠤ ᠠᠬᠤᠶᠢᠯᠠᠯ ᠬᠢᠭᠡᠳ | ᠤᠰᠤ ᠬᠡᠷᠡᠭᠯᠡᠬᠦ ᠠᠵᠤ ᠠᠬᠤᠶᠢᠯᠠᠯ ᠵᠥᠪᠳᠡᠯᠴᠡᠵᠦ ᠪᠠᠶᠢᠭᠠᠳ ᠬᠤᠷᠢᠶᠠᠨ᠎ᠠ᠃ ᠬᠤᠶᠠᠷ ᠲᠤ᠂ ᠲᠤᠭᠤᠷᠢᠭ ᠤᠨ | ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠦᠯᠡᠳᠡᠪᠦᠷᠢ ᠤᠰᠤᠨ ᠤ ᠬᠡᠮᠵᠢᠶ᠎ᠡ ᠲᠠᠢ ᠠᠵᠤ | ᠠᠬᠤᠶᠢᠯᠠᠯ ᠪᠠ ᠤᠰᠤᠨ ᠤ ᠡᠬᠢ ᠪᠠᠶᠠᠯᠢᠭ ᠢ ᠪᠦᠷᠢᠯᠭᠡᠵᠦ ᠪᠠᠶᠢᠭ᠎ᠠ ᠠᠵᠤ ᠠᠬᠤᠶᠢᠯᠠᠯ ᠢ ᠲᠣᠰ ᠲᠣᠰ ᠤᠰᠤ ᠬᠡᠷᠡᠭᠯᠡᠬᠦ | ᠠᠵᠤ ᠠᠬᠤᠶᠢᠯᠠᠯ ᠤᠨ ᠴᠠᠭᠠᠨ ᠬᠠᠷ᠎ᠠ ᠶᠢᠨ ᠨᠡᠷᠡᠰ ᠲᠤ ᠣᠷᠣᠭᠤᠯᠬᠤ ᠶᠢᠨ ᠬᠠᠮᠲᠤ᠂ ᠴᠠᠭᠠᠨ ᠨᠡᠷᠡᠰ ᠤᠨ ᠳᠣᠲᠣᠷᠠᠬᠢ | ᠠᠵᠤ ᠠᠬᠤᠶᠢᠯᠠᠯ ᠵᠢᠴᠢ ᠲᠡᠭᠦᠨ ᠤ ᠬᠤᠯᠪᠣᠭᠳᠠᠬᠤ ᠠᠵᠤ ᠠᠬᠤᠶᠢᠯᠠᠯ ᠳᠤ ᠤᠰᠤᠨ ᠤ ᠡᠬᠢ ᠪᠠᠶᠠᠯᠢᠭ | ᠲᠣᠬᠢᠷᠠᠭᠤᠯᠬᠤ ᠶᠢ ᠤᠷᠢᠳᠠᠪᠠᠷ ᠪᠣᠳᠣᠯᠬᠢᠯᠠᠨ᠎ᠠ᠃ ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠤᠰᠤᠨ ᠤ | ᠶᠠᠪᠤᠳᠠᠯ ᠤᠨ ᠪᠦᠯᠦᠭᠯᠡᠯ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ | ᠲᠣᠪᠴᠢᠶ᠎ᠠ ︶᠃ | ᠭᠤᠷᠪᠠ᠂ ᠬᠡᠷᠡᠭᠵᠢᠭᠦᠯᠬᠦ ᠶᠢ ᠪᠠᠲᠤᠯᠠᠬᠤ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ | ᠬᠠᠮᠢᠶᠠᠷᠤᠨ ᠡᠵᠡᠮᠳᠡᠬᠦ ᠪᠠ ᠦᠯᠡᠳᠡᠪᠦᠷᠢ ᠬᠡᠮᠵᠢᠶ᠎ᠡ ᠶᠢ ᠳᠣᠭᠢᠷᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠬᠤᠪᠢᠳᠠᠨ ᠬᠠᠮᠢᠶᠠᠷᠴᠤ | ᠪᠥᠬᠦᠶ ᠤᠳᠤᠷᠢᠳᠤᠯᠭ᠎ᠠ ᠪᠣᠳᠠᠲᠠᠶ ᠠᠳᠬᠤᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠳ | ᠰᠠᠨᠠᠭᠠᠴᠢᠯᠠᠭ᠎ᠠ ᠠᠴᠠ ᠪᠠᠨ ᠠᠳᠬᠤᠵᠤ᠂ ᠴᠤᠭᠠᠷ ᠠᠳᠬᠤᠨ ᠬᠠᠮᠲᠤ ᠪᠠᠷ ᠬᠠᠮᠢᠶᠠᠷᠬᠤ᠂ ᠵᠣᠬᠢᠴᠠᠭᠤᠯᠤᠨ ᠠᠬᠢᠭᠤᠯᠬᠤ | ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ᠃ | ︵ᠬᠤᠶᠠᠷ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠶᠡᠷᠦᠩᠬᠡᠶ ᠬᠡᠮᠵᠢᠶ᠎ᠡ ᠶᠢ | ᠬᠢᠵᠠᠭᠠᠷᠯᠠᠬᠤ ᠪᠠ ᠦᠯᠡᠳᠡᠭᠡᠯ ᠬᠡᠮᠵᠢᠶ᠎ᠡ ᠶᠢ ᠠᠮᠢᠳᠤᠯᠢᠭ ᠪᠣᠯᠭᠠᠬᠤ ᠶᠢ ︽ᠬᠤᠶᠠᠷ ᠲᠠᠯ᠎ᠠ ᠪᠠᠷ ᠠᠳᠬᠤᠬᠤ︾᠂ ᠵᠠᠬ᠎ᠠ | ᠳᠡᠯᠭᠡᠭᠦᠷ ᠢᠶᠠᠷ ᠠᠵᠢᠯᠯᠠᠭᠤᠯᠬᠤ ᠪᠠ ᠵᠠᠰᠠᠭ ᠤᠨ ᠣᠷᠳᠣᠨ ᠠᠴᠠ ᠲᠣᠬᠢᠷᠠᠭᠤᠯᠤᠨ ᠡᠵᠡᠮᠳᠡᠬᠦ ︽ᠬᠤᠶᠠᠷ ᠢ | ᠤᠶᠠᠯᠳᠤᠭᠤᠯᠬᠤ︾ ᠶᠢ ᠪᠠᠷᠢᠮᠲᠠᠯᠠᠨ᠂ ᠦᠯᠡᠳᠡᠪᠦᠷᠢ ᠤᠰᠤᠨ ᠤ ᠬᠡᠮᠵᠢᠶ᠎ᠡ ᠶᠢ ᠡᠷᠭᠢᠯᠳᠦᠭᠦᠯᠬᠦ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠤᠰᠤᠨ ᠤ ᠡᠬᠢ ᠪᠠᠶᠠᠯᠢᠭ ᠢ ᠡᠷᠬᠡ ᠲᠡᠭᠰᠢ᠂ ᠲᠥᠪ ᠭᠤᠤᠯᠴᠢ᠂ ᠥᠨᠳᠥᠷ ᠦᠷ᠎ᠡ | ᠪᠦᠲᠦᠮᠵᠢᠲᠡᠶ ᠪᠠᠷ ᠠᠰᠢᠭᠯᠠᠨ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠤᠰᠤ ᠬᠡᠷᠡᠭᠯᠡᠬᠦ ᠦᠷ᠎ᠡ | ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠮᠠᠨ ᠤ ᠲᠤᠭᠤᠷᠢᠭ ᠤᠨ ᠠᠵᠤ ᠠᠬᠤᠶ ᠶᠢᠨ ᠦᠷᠭᠦᠯᠵᠢᠯᠡᠨ | ᠬᠥᠭᠵᠢᠬᠦ ᠳᠤ ᠬᠦᠴᠦᠲᠡᠶ ᠪᠠᠲᠤᠯᠠᠭ᠎ᠠ ᠬᠠᠩᠭᠠᠨ᠎ᠠ᠃ | ︵ᠭᠤᠷᠪᠠ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠬᠥᠲᠥᠯᠥᠨ ᠵᠢᠯᠤᠭᠤᠳᠤᠨ᠎ᠠ᠃ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠳ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠷᠠᠭᠤᠯᠤᠨ᠂ ᠤᠰᠤᠨ ᠤ ᠡᠬᠢ | ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠵᠤ᠂ | ᠤᠰᠤ ᠬᠡᠷᠡᠭᠯᠡᠬᠦ ᠠᠵᠤ ᠠᠬᠤᠶᠢᠯᠠᠯ ᠤᠨ ᠦᠯᠡᠳᠡᠪᠦᠷᠢ ᠤᠰᠤᠨ ᠤ ᠬᠡᠮᠵᠢᠶ᠎ᠡ ᠶᠢ ᠡᠷᠭᠢᠯᠳᠦᠭᠦᠯᠬᠦ ᠠᠵᠢᠯ ᠳᠤ | ᠣᠷᠣᠯᠴᠠᠬᠤ ᠶᠢ ᠵᠣᠷᠢᠭᠵᠢᠭᠤᠯᠤᠨ᠂ ᠤᠰᠤ ᠠᠷᠪᠢᠯᠠᠬᠤ᠂ ᠡᠨᠧᠷᠭᠢ ᠠᠷᠪᠢᠯᠠᠬᠤ᠂ ᠣᠷᠴᠢᠨ ᠠᠬᠤᠶ ᠶᠢ ᠬᠠᠮᠠᠭᠠᠯᠠᠬᠤ᠂ | ᠥᠨᠳᠥᠷ ᠦᠷ᠎ᠡ ᠪᠦᠲᠦᠮᠵᠢᠲᠡᠶ ᠲᠥᠷᠥᠯ ᠵᠦᠢᠯ ᠢ ᠬᠡᠷᠡᠭᠯᠡᠬᠦ ᠦᠯᠡᠳᠡᠪᠦᠷᠢ ᠤᠰᠤᠨ ᠤ ᠬᠡᠮᠵᠢᠶ᠎ᠡ ᠶᠢ ᠤᠷᠢᠳᠠᠪᠠᠷ | ᠳᠡᠮᠵᠢᠵᠦ᠂ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠰᠤᠨ ᠤ | ᠬᠡᠮᠵᠢᠶ᠎ᠡ ᠶᠢ ᠶᠡᠷᠦᠩᠬᠡᠶᠢᠯᠡᠨ ᠬᠠᠮᠢᠶᠠᠷᠤᠨ ᠡᠵᠡᠮᠳᠡᠬᠦ ᠪᠠ ᠦᠯᠡᠳᠡᠪᠦᠷᠢ ᠬᠡᠮᠵᠢᠶ᠎ᠡ ᠶᠢ ᠳᠣᠭᠢᠷᠠᠭᠤᠯᠬᠤ ᠠᠵᠢᠯ ᠳᠤ | ᠠᠰᠢᠭᠲᠠᠶ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠬᠤ ᠬᠡᠷᠡᠭᠲᠡᠶ᠃ | | | |