ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/10
     1 ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠯᠢᠦ ᠬᠤ᠋ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ︽︿ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ﹀ ᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠬᠤᠷᠢᠨ ᠵᠦᠢᠯ ᠤᠨ ᠠᠷᠭ᠎ᠠ ᠬᠡᠮᠵᠢᠶ᠎ᠡ︾᠂ ᠬᠤᠳᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠤ ᠬᠤᠳᠠ ᠶᠢᠨ ᠲᠣᠭᠤᠷᠢᠭ ᠤᠨ ᠤᠳᠤᠷᠢᠳᠤᠯᠭ᠎ᠠ ᠭᠤᠣᠯᠳᠠᠯᠭ᠎ᠠ ᠲᠠᠢ ᠵᠦᠢᠯᠡᠰ ᠢ ᠨᠠᠶᠢᠳᠠᠪᠤᠷᠢᠵᠢᠭᠤᠯᠬᠤ ᠶᠢ ᠪᠠᠶᠢᠷᠢᠯᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠱᠤᠭᠤᠮ ᠢ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠳᠤ ᠨᠠᠶᠢᠳᠠᠪᠤᠷᠢᠵᠢᠭᠤᠯᠵᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠯ᠎ᠡ ᠵᠦᠢᠯ ᠤᠨ ᠠᠵᠢᠯ ᠤᠨ ᠬᠤᠷᠳᠤᠴᠠ ᠪᠠᠨ ᠲᠦᠷᠭᠡᠳᠬᠡᠵᠦ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ  ᠬᠡᠷᠡᠭᠲᠡᠢ  ᠭᠡᠵᠦ  ᠴᠢᠬᠤᠯᠠᠴᠢᠯᠠᠪᠠ  ᠃ ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠤᠯᠤᠰ ᠲᠥᠷᠥ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠴᠡᠭᠴᠡᠯᠡᠨ ᠵᠠᠰᠠᠬᠤ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠬᠦ ᠶᠢ ᠠᠵᠢᠯᠯᠠᠭᠠᠨ ᠤ ᠵᠢᠷᠤᠮᠵᠢᠯ ᠪᠠ ᠠᠵᠢᠯ ᠤᠨ ᠪᠠᠷᠢᠮᠵᠢᠶ᠎ᠠ ᠪᠣᠯᠭᠠᠵᠤ᠂ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠪᠣᠳᠠᠲᠠᠶ ᠪᠥᠭᠡᠳ ᠨᠠᠷᠢᠯᠢᠭ ᠠᠳᠬᠤᠬᠤ ᠶᠢ ᠪᠠᠲᠤᠯᠠᠬᠤ ᠬᠡᠷᠡᠭᠲᠡᠶ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠨᠥᠬᠦᠳ ᠪᠣᠯᠤᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠤᠯᠵᠤ᠂ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠠᠢ᠃      ᠬᠤᠷᠠᠯ ᠠᠴᠠ ᠪᠠᠰᠠ ︽ᠤᠳᠠ ᠲᠣᠭᠤᠷᠢᠭ ᠤᠨ 2024 ᠣᠨ ᠤ ᠭᠤᠣᠯᠳᠠᠯᠭ᠎ᠠ ᠲᠠᠢ ᠲᠦᠷᠦᠯ  ᠵᠦᠢᠯ  ᠤᠨ  ︿ᠲᠡᠷᠢᠭᠦᠨ ᠳᠤ ᠣᠷᠤᠬᠤ ᠪᠠᠷ ᠴᠢᠷᠮᠠᠶᠢᠵᠦ᠂ ᠮᠣᠷᠢ ᠣᠷᠤᠯᠳᠤᠬᠤ  ᠮᠡᠲᠦ  ᠪᠠᠷ  ᠬᠦᠴᠦᠯᠡᠶ᠎ᠡ﹀ ᠠᠵᠢᠯ ᠤᠨ ᠲᠥᠰᠦᠯ ︵ᠬᠢᠨᠠᠭᠤᠯᠬᠤ ᠨᠤᠤᠷᠠᠭ︶︾ ᠵᠡᠷᠭᠡ ᠶᠠᠪᠤᠳᠠᠯ ᠢ ᠰᠤᠳᠤᠯᠵᠠᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号