ᠪᠣᠯᠪᠠᠰᠤᠨ ᠢᠶᠠᠷ ᠵᠢᠭᠤᠯᠴᠢᠯᠠᠬᠤ ᠰᠠᠨᠠᠭᠠᠴᠢᠯᠠᠭ᠎ᠠ ᠶᠢᠨ ᠪᠢᠴᠢᠭ | ᠪᠣᠯᠪᠠᠰᠤᠨ ᠵᠢᠭᠤᠯᠴᠢᠯᠠᠯ ᠪᠣᠯ ᠬᠤᠲᠠ ᠶᠢᠨ ᠪᠣᠯᠪᠠᠰᠤᠨ ᠢ ᠡᠭᠦᠳᠦᠨ ᠪᠠᠶᠢᠭᠤᠯᠬᠤ ᠬᠢᠷᠢ ᠲᠦᠪᠰᠢᠨ ᠢ | ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠨᠠᠩ ᠰᠠᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠤᠳᠠ ᠶᠢᠨ ᠵᠢᠭᠤᠯᠴᠢᠯᠠᠯ ᠤᠨ ᠰᠠᠶᠢᠨ ᠰᠠᠶᠢᠬᠠᠨ ᠳᠦᠷᠢ ᠲᠥᠷᠬᠦ ᠶᠢ ᠳᠡᠯᠭᠡᠨ ᠦᠵᠡᠭᠦᠯᠵᠦ᠂ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠶᠢᠨ | ᠲᠥᠯᠥᠭᠡ᠂ ᠠᠳᠡ ᠤᠳᠠ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢ ᠲᠥᠯᠥᠭᠡᠯᠡᠨ | ᠪᠥᠬᠦ ᠤᠯᠤᠰ ᠤᠨ ᠵᠢᠭᠤᠯᠴᠢᠯᠠᠯ ᠤᠨ ᠠᠵᠢᠯ ᠡᠷᠭᠢᠯᠡᠭᠰᠡᠳ᠂ ᠥᠷᠭᠡᠨ ᠣᠯᠠᠨ ᠵᠤᠭᠠᠴᠠᠭᠰᠠᠳ ᠪᠠ ᠨᠡᠶᠢᠭᠡᠮ ᠤᠨ ᠡᠯ᠎ᠡ | ᠡᠲᠡᠭᠡᠳ ᠤᠨ ᠬᠢᠨ ᠳᠤ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄ | ᠨᠢᠭᠡ᠂ ᠪᠣᠯᠪᠠᠰᠤᠨ ᠵᠤᠭᠠᠴᠠᠯ ᠤᠨ ᠠᠵᠢᠯᠯᠠᠭ᠎ᠠ ᠬᠢᠭᠴᠢ ᠪᠣᠯᠤᠶ᠎ᠠ᠃ ᠥᠷᠭᠡᠨ ᠤᠯᠠᠨ ᠵᠤᠭᠠᠴᠠᠭᠰᠠᠳ | ︽ᠳᠤᠮᠳᠠᠳᠤ ᠤᠯᠤᠰ ᠤᠨ ᠠᠷᠠᠳ ᠢᠷᠭᠡᠳ ᠤᠨ ᠤᠯᠤᠰ ᠤᠨ ᠳᠣᠲᠣᠭᠠᠳᠤ ᠶᠢᠨ ᠵᠤᠭᠠᠴᠠᠯ ᠤᠨ ᠪᠣᠯᠪᠠᠰᠤᠨ ᠤ | ᠠᠵᠢᠯᠯᠠᠭ᠎ᠠ ᠶᠢᠨ ᠨᠡᠶᠢᠲᠡ ᠶᠢᠨ ᠭᠡᠷ᠎ᠡ︾ ᠶᠢ ᠤᠬᠠᠮᠰᠠᠷ ᠠᠴᠠ ᠪᠠᠨ ᠵᠢᠷᠤᠮᠯᠠᠵᠤ᠂ ᠤᠯᠠᠨ ᠨᠡᠶᠢᠲᠡ ᠶᠢᠨ ᠣᠷᠴᠢᠨ | ᠲᠣᠭᠤᠷᠢᠨ ᠢ ᠬᠠᠶᠢᠷᠠᠯᠠᠨ ᠬᠠᠮᠠᠭᠠᠯᠠᠵᠤ᠂ ᠤᠯᠠᠨ ᠨᠡᠶᠢᠲᠡ ᠶᠢᠨ ᠡᠮᠬᠢ ᠳᠢᠭᠯᠢᠮ᠂ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠢ ᠬᠠᠮᠠᠭᠠᠯᠠᠵᠤ᠂ ᠡᠮᠬᠢ ᠵᠢᠷᠤᠮ ᠲᠠᠢ ᠮᠥᠷᠯᠡᠵᠦ᠂ ᠤᠬᠠᠮᠰᠠᠷ ᠠᠴᠠ ᠪᠠᠨ ᠪᠣᠯᠪᠠᠰᠤᠨ᠂ ᠡᠮᠬᠢ ᠵᠢᠷᠤᠮ ᠲᠠᠢ᠂ | ᠶᠣᠰᠣ ᠮᠣᠷᠠᠯ ᠢ ᠪᠡᠶᠡᠯᠡᠭᠦᠯᠵᠦ᠂ ᠪᠣᠯᠪᠠᠰᠤᠨ ᠤ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ᠃ | ᠬᠤᠶᠠᠷ᠂ ᠪᠣᠯᠪᠠᠰᠤᠨ ᠦᠢᠯᠡᠴᠢᠯᠡᠭᠡᠨ ᠤ ᠦᠢᠯᠡᠳᠦᠯᠭᠡᠵᠢᠭᠦᠯᠦᠭᠴᠢ ᠪᠣᠯᠤᠶ᠎ᠠ᠃ ᠪᠥᠬᠦ ᠲᠤᠭᠤᠷᠢᠭ ᠤᠨ | ᠵᠢᠭᠤᠯᠴᠢᠯᠠᠯ ᠤᠨ ᠠᠵᠢᠯ ᠲᠥᠷᠥᠯ ᠨᠢ ︽ᠵᠢᠭᠤᠯᠴᠢᠯᠠᠭᠴᠢᠳ ᠢᠶᠠᠷ ᠦᠨᠳᠦᠰᠦ ᠪᠣᠯᠭᠠᠵᠤ᠂ ᠦᠨᠡᠨᠴᠢ ᠢᠲᠡᠭᠡᠮᠵᠢᠲᠡᠶ ᠪᠠᠷ | ᠡᠵᠡᠩᠨᠡᠬᠦ︾ ᠣᠨᠣᠯᠵᠢᠬᠤᠨ ᠢ ᠪᠠᠷᠢᠮᠲᠠᠯᠠᠨ᠂ ᠪᠣᠯᠪᠠᠰᠤᠨ ᠢᠶᠠᠷ ᠡᠵᠡᠩᠨᠡᠵᠦ᠂ ᠦᠨᠡᠨᠴᠢ ᠢᠲᠡᠭᠡᠮᠵᠢᠲᠡᠶ ᠦᠢᠯᠡᠴᠢᠯᠡᠵᠦ᠂ | ᠬᠤᠳᠠᠯ ᠬᠠᠭᠤᠷᠮᠠᠭ ᠴᠢᠨᠠᠷ ᠮᠠᠭᠤ ᠲᠠᠸᠠᠷ ᠬᠤᠳᠠᠯᠳᠤᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ︔ | ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ | ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠵᠤ᠂ ᠤᠳᠠ ᠲᠣᠭᠤᠷᠢᠭ ᠤᠨ ᠵᠢᠭᠤᠯᠴᠢᠯᠠᠯ ᠤᠨ | ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠲᠤᠪᠠᠷ ᠬᠠᠮᠠᠭᠠᠯᠠᠨ᠎ᠠ᠃ | ᠭᠤᠷᠪᠠ᠂ ᠪᠤᠯᠪᠠᠰᠤᠨ ᠢᠶᠠᠷ ᠵᠤᠭᠠᠴᠠᠬᠤ ᠬᠠᠮᠠᠭᠠᠯᠠᠭᠴᠢ ᠪᠣᠯᠤᠶ᠎ᠠ᠃ ᠵᠢᠭᠤᠯᠴᠢᠯᠠᠯ ᠤᠨ ᠦᠵᠡᠯᠲᠡ ᠶᠢ ᠪᠤᠢ | ᠪᠣᠯᠭᠠᠵᠤ᠂ ᠪᠣᠬᠢᠷᠲᠤᠯ ᠦᠭᠡᠢ ᠠᠵᠢᠯᠯᠠᠭ᠎ᠠ ᠶᠢ ᠦᠢᠯᠡᠳᠦᠯᠭᠡᠵᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ | ᠨᠠᠨᠳᠢᠩᠨᠠᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠶᠢᠷᠠᠯᠠᠨ᠎ᠠ︔ ᠬᠠᠤᠯᠢ ᠲᠣᠭᠲᠠᠭᠠᠯ ᠢ ᠵᠢᠷᠤᠮᠯᠠᠵᠤ᠂ ᠡᠮᠬᠢ | ᠵᠢᠷᠤᠮ ᠢ ᠰᠠᠬᠢᠵᠤ᠂ ᠮᠠᠨ ᠤ ᠠᠶᠠᠨ ᠵᠠᠮ ᠢ ᠢᠯᠡᠭᠦᠬᠡᠨ ᠰᠢᠭ ᠪᠣᠬᠢᠷᠲᠤᠯ ᠦᠭᠡᠢ᠂ ᠨᠢᠭᠡ ᠬᠤᠪᠢ ᠪᠣᠯᠪᠠᠰᠤᠨ᠂ ᠨᠢᠭᠡ | ᠬᠤᠪᠢ ᠠᠮᠤᠷ ᠲᠦᠪᠰᠢᠨ ᠪᠣᠯᠭᠠᠨ᠎ᠠ᠃ | ᠭᠤᠶᠣ ᠦᠵᠡᠮᠵᠢ ᠬᠥᠮᠥᠨ ᠢ ᠰᠣᠨᠢᠷᠬᠠᠭᠤᠯᠤᠨ᠎ᠠ᠂ ᠰᠠᠶᠢᠨ ᠰᠠᠶᠢᠬᠠᠨ ᠵᠠᠩ ᠰᠤᠷᠲᠠᠯ ᠬᠥᠮᠥᠨ ᠢ | ᠪᠢᠰᠢᠷᠡᠭᠦᠯᠦᠨ᠎ᠡ︕ ᠪᠢᠳᠡ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ | ᠬᠢᠵᠦ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠪᠣᠯᠪᠠᠰᠤᠨ ᠤ ᠴᠤᠭ ᠵᠢᠪᠬᠤᠭ᠎ᠠ ᠶᠢ ᠢᠯᠡᠷᠡᠭᠦᠯᠵᠦ᠂ | ᠪᠣᠯᠪᠠᠰᠤᠨ ᠤ ᠲᠦᠷᠢ ᠲᠥᠷᠬᠦ ᠶᠢ ᠪᠤᠢ ᠪᠣᠯᠭᠠᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠵᠤ᠂ ᠪᠣᠯᠪᠠᠰᠤᠨ | ᠵᠤᠭᠠᠴᠠᠯ ᠢ ᠡᠳ᠋ᠯᠡᠭᠦᠯᠦᠶ᠎ᠡ︕ | |