ᠬᠥᠮᠥᠨ ᠤ ᠲᠠᠷᠢᠬᠢ ᠢᠳᠡᠭᠡᠨ ᠢ ᠢᠯᠭᠠᠨ ᠲᠠᠨᠢᠬᠤ ᠳᠤ ᠵᠥᠪᠭᠡᠨ 108 ᠮᠢᠯᠢᠰᠸᠺᠦ᠋ᠨ᠋ᠳ᠋ ᠬᠡᠷᠡᠭᠰᠡᠨ᠎ᠡ
ᠨᠡᠶᠢᠲᠡᠯᠡᠭᠰᠡᠨ ᠴᠠᠭ᠄
2024/1/11
      ᠠᠦ᠋ᠰᠲᠷᠠᠯᠢᠶ᠎ᠠ ᠶᠢᠨ ᠨᠢᠭᠡᠨ ᠰᠢᠨ᠎ᠡ ᠰᠤᠳᠤᠯᠭᠠᠨ ᠳᠤ᠂ ᠬᠥᠮᠥᠨ ᠲᠥᠷᠥᠯᠬᠢᠲᠡᠨ ᠤ ᠶᠡᠭᠡ ᠲᠠᠷᠢᠬᠢ 108 ᠮᠢᠯᠢᠰᠧᠺᠦ᠋ᠨ᠋ᠳ᠋ ᠤᠨ ᠳᠣᠲᠣᠷ᠎ᠠ ᠨᠢᠭᠡᠨ ᠪᠣᠳᠠᠰ ᠨᠢ ᠢᠳᠡᠭᠡᠨ ᠮᠥᠨ ᠡᠰᠡᠬᠦ ᠶᠢ ᠢᠯᠭᠠᠨ ᠲᠠᠨᠢᠵᠤ ᠴᠢᠳᠠᠬᠤ ᠶᠢ ᠢᠯᠡᠷᠡᠭᠦᠯᠪᠡ᠃ ᠡᠨᠡ ᠬᠦ ᠰᠤᠳᠤᠯᠭᠠᠨ ᠨᠢ ᠬᠥᠮᠥᠨ ᠲᠥᠷᠥᠯᠬᠢᠲᠡᠨ ᠬᠡᠷᠬᠢᠨ ᠬᠠᠷᠠᠭᠠᠨ ᠰᠡᠷᠡᠯ ᠢᠶᠠᠷ ᠳᠠᠮᠵᠢᠨ ᠢᠳᠡᠭᠡᠨ ᠢ ᠰᠡᠷᠡᠵᠦ ᠮᠡᠳᠡᠬᠦ ᠶᠢ ᠣᠶᠢᠯᠠᠭᠠᠬᠤ ᠪᠠ ᠵᠠᠷ ᠮᠡᠳᠡᠭᠡᠨ ᠤ ᠤᠳᠤᠷᠢᠳᠤᠮᠵᠢ ᠶᠢ ᠬᠤᠪᠢᠷᠠᠭᠤᠯᠬᠤ ᠳᠤ ᠠᠰᠢᠭᠲᠠᠢ ᠶᠤᠮ᠃      ᠰᠢᠨ᠎ᠡ ᠰᠤᠳᠤᠯᠭᠠᠨ ᠳᠤ᠂ ᠢᠳᠡᠭᠡᠨ ᠢ ᠢᠯᠭᠠᠨ ᠲᠠᠨᠢᠬᠤ ᠳᠤ᠂ ᠢᠳᠡᠭᠡᠨ ᠤ ᠬᠤᠯᠠ ᠣᠶᠢᠷ᠎ᠠ ᠶᠢᠨ ᠨᠥᠯᠥᠭᠡ  ᠠᠴᠠ ᠪᠣᠯᠵᠤ ᠦᠨᠦᠷᠯᠡᠬᠦ ᠰᠡᠷᠡᠯ ᠵᠡᠷᠭᠡ ᠰᠡᠷᠡᠯ ᠤᠨ ᠡᠷᠬᠡᠲᠡᠨ ᠨᠢ ᠬᠥᠮᠥᠰ ᠲᠤ ᠬᠢᠵᠠᠭᠠᠷ ᠲᠠᠢ ᠦᠢᠯᠡᠳᠦᠯ ᠦᠵᠡᠭᠦᠯᠳᠡᠭ᠃ ᠡᠶᠢᠮᠦ ᠠᠴᠠ ᠬᠥᠮᠥᠨ ᠲᠥᠷᠥᠯᠬᠢᠲᠡᠨ ᠤ ᠡᠪᠦᠭᠡ ᠳᠡᠭᠡᠳᠦᠰ ᠬᠤᠯᠠ ᠵᠠᠢ ᠠᠴᠠ ᠢᠳᠡᠰᠢ ᠡᠷᠢᠬᠦ ᠳᠤ ᠭᠤᠣᠯᠳᠠᠭᠤ ᠬᠠᠷᠠᠭᠠᠨ ᠰᠡᠷᠡᠯ ᠳᠡᠭᠡᠨ ᠲᠦᠰᠢᠭᠯᠡᠳᠡᠭ ᠪᠠᠶᠢᠨ᠎ᠠ᠃      ᠠᠩᠭ᠍ᠯᠢ ᠶᠢᠨ︽ᠰᠢᠨ᠎ᠡ ᠰᠢᠨᠵᠢᠯᠡᠬᠦ ᠤᠬᠠᠭᠠᠨᠲᠠᠨ︾ ᠭᠠᠷᠠᠭ ᠤᠨ ᠰᠡᠳᠬᠦᠯ ᠤᠨ ᠰᠦᠯᠵᠢᠶ᠎ᠡ ᠶᠢᠨ ᠲᠦᠷᠦᠭᠦᠬᠡᠨ ᠮᠡᠳᠡᠭᠡᠯᠡᠭᠰᠡᠨ ᠢᠶᠠᠷ᠂ ᠬᠥᠮᠥᠰ ᠢᠳᠡᠭᠡᠨ ᠢ ᠣᠯᠵᠤ ᠬᠠᠷᠠᠭᠰᠠᠨ ᠤ ᠳᠠᠷᠠᠭ᠎ᠠ ᠶᠡᠭᠡ ᠲᠠᠷᠢᠬᠢ ᠶᠢᠨ ᠳᠣᠲᠣᠷ᠎ᠠ ᠲᠡᠭᠦᠨ ᠤ ᠲᠤᠬᠠᠢ ᠰᠤᠷᠠᠭ ᠵᠠᠩᠭᠢ ᠶᠢ ᠳᠠᠮᠵᠢᠭᠤᠯᠬᠤ ᠶᠠᠪᠤᠴᠠ ᠶᠢ ᠰᠤᠳᠤᠯᠬᠤ ᠶᠢᠨ ᠲᠥᠯᠥᠭᠡ᠂ ᠠᠦ᠋ᠰᠲᠷᠠᠯᠢᠶ᠎ᠠ ᠶᠢᠨ ᠰᠢᠳ᠋ᠨᠢ ᠶᠡᠭᠡ ᠰᠤᠷᠭᠠᠭᠤᠯᠢ ᠶᠢᠨ ᠰᠤᠳᠤᠯᠭᠠᠲᠠᠨ ᠳᠣᠮ· ᠺᠡᠷᠰᠤᠨ ᠵᠢᠴᠢ ᠲᠡᠭᠦᠨ ᠤ ᠬᠠᠮᠲᠤ ᠠᠵᠢᠯᠯᠠᠭᠰᠠᠳ ᠨᠢ 20 ᠲᠤᠷᠰᠢᠬᠳᠠᠬᠴᠢ ᠳᠤ ᠣᠯᠠᠨ ᠵᠦᠢᠯ ᠤᠨ ᠭᠡᠷᠡᠯ ᠵᠢᠷᠤᠭ ᠢ ᠦᠵᠡᠭᠦᠯᠭᠦ ᠶᠢᠨ ᠬᠠᠮᠲᠤ ᠲᠠᠷᠢᠬᠢᠨ ᠤ ᠴᠠᠭᠢᠯᠭᠠᠨ ᠵᠢᠷᠤᠭ ᠢᠶᠠᠷ ᠳᠠᠮᠵᠢᠭᠤᠯᠤᠨ ᠬᠥᠮᠥᠨ ᠪᠦᠷᠢ ᠶᠢᠨ ᠲᠠᠷᠢᠬᠢᠨ ᠤ ᠴᠠᠭᠢᠯᠭᠠᠨ ᠬᠥᠳᠡᠯᠭᠡᠭᠡᠨ ᠢ ᠬᠢᠨᠠᠨ ᠰᠢᠯᠭᠠᠵᠠᠢ᠃ ᠰᠤᠳᠤᠯᠤᠭᠴᠢᠳ ᠲᠤᠷᠰᠢᠬᠳᠠᠬᠴᠢ ᠶᠢᠨ ᠶᠡᠷᠦ ᠠᠴᠠ ᠦᠵᠡᠵᠦ ᠥᠩᠭᠡᠷᠡᠭᠡ ᠦᠭᠡᠢ 314 ᠬᠤᠪᠢ ᠭᠡᠷᠡᠯ ᠵᠢᠷᠤᠭ ᠢ ᠰᠣᠩᠭᠤᠵᠤ᠂ ᠡᠭᠦᠨ ᠳᠤ ᠪᠠᠶᠢᠭᠠᠯᠢᠯᠢᠭ ᠢᠳᠡᠭᠡᠨ᠂ ᠡᠳ᠋ᠰᠢᠭᠦᠯᠦᠭᠰᠡᠨ ᠢᠳᠡᠭᠡᠨ ᠵᠢᠴᠢ ᠣᠶᠢᠮᠤᠰᠤ᠂ ᠠᠯᠤᠬ᠎ᠠ ᠵᠡᠷᠭᠡ ᠢᠳᠡᠭᠡᠨ ᠪᠢᠰᠢ ᠡᠳ᠋ ᠢ ᠴᠤ ᠪᠠᠭᠲᠠᠭᠠᠪᠠ᠃ ᠳᠡᠭᠡᠭᠡᠳ ᠲᠤᠷᠰᠢᠬᠳᠠᠬᠴᠢ ᠳᠤ ᠡᠳᠡᠭᠡᠷ ᠵᠢᠷᠤᠭ ᠢ 6 ᠪᠦᠯᠦᠭ ᠬᠤᠪᠢᠶᠠᠨ ᠪᠦᠯᠦᠭ ᠪᠦᠷᠢ ᠶᠢ 24 ᠰᠧᠺᠦ᠋ᠨ᠋ᠳ᠋ ᠦᠵᠡᠭᠦᠯᠵᠡᠢ᠃ ᠡᠭᠦᠨ ᠤ ᠳ᠋ᠦᠩ ᠳᠤ᠂ ᠪᠤᠶ ᠪᠦᠬᠦᠢ ᠲᠤᠷᠰᠢᠬᠳᠠᠬᠴᠢ ᠶᠢᠨ ᠣᠨᠴᠠᠭᠠᠶ ᠲᠠᠨᠢᠨ ᠮᠡᠳᠡᠬᠦᠢ ᠶᠢᠨ ᠶᠠᠪᠤᠴᠠ ᠶᠢᠨ ᠬᠠᠮᠢᠶ᠎ᠠ ᠪᠦᠬᠦᠢ ᠲᠠᠷᠢᠬᠢᠨ ᠤ ᠴᠠᠭᠢᠯᠭᠠᠨ ᠬᠥᠳᠡᠯᠭᠡᠭᠡᠨ ᠤ ᠣᠨᠴᠠᠯᠢᠭ ᠨᠢ ᠴᠥᠮ ᠢᠳᠡᠭᠡᠨ ᠤ ᠵᠢᠷᠤᠭ ᠢ ᠣᠯᠵᠤ ᠦᠵᠡᠭᠰᠡᠨ ᠤ ᠳᠠᠷᠠᠭᠠᠬᠢ 108 ᠮᠢᠯᠢᠰᠸᠺᠦ᠋ᠨ᠋ᠳ᠋ ᠠᠴᠠ 116 ᠮᠢᠯᠢᠰᠸᠺᠦ᠋ᠨ᠋ᠳ᠋ ᠤᠨ ᠬᠤᠭᠤᠷᠣᠨᠳᠤ ᠢᠯᠡᠷᠡᠵᠦ ᠪᠠᠶᠢᠬᠤ ᠶᠢ ᠣᠯᠵᠤ ᠮᠠᠲᠠᠵᠠᠢ᠃      ᠰᠤᠳᠤᠯᠭᠠᠲᠠᠳ᠂ ᠬᠥᠮᠥᠨ ᠲᠥᠷᠥᠯᠬᠢᠲᠡᠨ ᠬᠡᠷᠬᠢᠨ ᠬᠠᠷᠠᠭᠠᠨ ᠰᠡᠷᠡᠯ ᠢᠶᠠᠷ ᠳᠡᠮᠵᠢᠨ ᠢᠳᠡᠭᠡᠨ ᠢ ᠰᠡᠷᠡᠵᠦ ᠮᠡᠳᠡᠬᠦ ᠶᠢ ᠨᠠᠩ ᠰᠠᠶᠢᠨ ᠣᠶᠢᠯᠠᠭᠠᠬᠤ ᠨᠢ ᠢᠳᠡᠭᠡᠨ ᠲᠠᠢ ᠬᠤᠯᠪᠣᠭᠳᠠᠭᠰᠠᠨ ᠨᠠᠩ ᠡᠷᠡᠭᠦᠯ ᠰᠣᠩᠭᠤᠯᠲᠠ ᠬᠢᠬᠦ ᠳᠤ ᠠᠰᠢᠭᠲᠠᠢ ᠪᠠᠶᠢᠵᠤ ᠮᠡᠳᠡᠨ᠎ᠡ ᠭᠡᠵᠦ ᠢᠯᠡᠳᠬᠡᠪᠡ᠃ ᠺᠠᠷᠰᠤᠨ᠂ ᠬᠥᠮᠥᠰ ᠬᠠᠮ ᠳᠡᠯᠭᠡᠭᠦᠷ ᠢᠶᠠᠷ ᠲᠣᠭᠤᠷᠢᠬᠤ᠂ ᠵᠠᠷ ᠮᠡᠳᠡᠭᠡ ᠦᠵᠡᠬᠦ ᠪᠤᠶᠤ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠳᠡᠭᠡᠷ᠎ᠡ ᠢᠳᠡᠭᠡᠨ ᠤ ᠲᠤᠬᠠᠢ ᠪᠢᠴᠢᠭᠡᠰᠦ ᠶᠢ ᠣᠯᠵᠤ ᠦᠵᠡᠬᠦ ᠦᠶ᠎ᠡ ᠳᠤ᠂ ᠬᠠᠷᠠᠭᠠᠨ ᠰᠡᠷᠡᠯ ᠤᠨ ᠳᠣᠬᠢᠶ᠎ᠠ ᠶᠡᠷᠦ ᠳᠡᠭᠡᠨ ᠣᠯᠠᠨ ᠢ ᠶᠠᠮᠠᠷ ᠢᠳᠡᠭᠡᠨ ᠰᠣᠩᠭᠤᠬᠤ ᠶᠢ ᠵᠢᠭᠠᠨ ᠵᠢᠯᠤᠭᠤᠳᠴᠤ᠂ ᠮᠠᠰᠢ ᠣᠯᠠᠨ ᠵᠠᠷ ᠮᠡᠳᠡᠭᠡ ᠨᠢ ᠴᠥᠮ ᠬᠠᠷᠠᠭᠠᠨ ᠰᠡᠷᠡᠯ ᠢᠶᠠᠷ ᠭᠤᠣᠯ ᠪᠣᠯᠭᠠᠳᠠᠭ ᠭᠡᠪᠡ᠃      ᠲᠣᠰ ᠰᠤᠳᠤᠯᠭᠠᠨ ᠤ ᠦᠷ᠎ᠡ ᠪᠦᠲᠦᠭᠡᠯ ᠢ ᠨᠢᠭᠡᠨᠲᠡ ᠠᠮᠧᠷᠢᠺᠠ ᠶᠢᠨ ︽ᠠᠮᠢᠳᠤ ᠪᠣᠳᠠᠰ ᠤᠨ ᠤᠬᠠᠭᠠᠨ ᠤ ᠥᠭᠦᠯᠡᠯ ᠤᠨ ᠲᠠᠩᠰᠠ ᠡᠪᠬᠡᠮᠡᠯ ᠤᠨ ᠰᠦᠯᠵᠢᠶ᠎ᠡ︾ ᠳᠡᠭᠡᠷ᠎ᠡ ᠨᠡᠶᠢᠲᠡᠯᠡᠪᠡ᠃
 
ᠢᠷᠡᠯᠲᠡ᠄ ᠬᠥᠯᠥᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号