ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/11
     1 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠬᠤᠷᠠᠯᠳᠤᠪᠠ᠃
     ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠭᠢᠯᠡᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠭᠦᠯᠦᠯᠲᠡ ᠬᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦ ᠬᠤ᠋ ᠶᠠᠷᠢᠶ᠎ᠠ ᠲᠠᠯᠪᠢᠵᠠᠢ᠃
   ᠡᠨᠡ ᠤᠳᠠᠭᠠᠨ ᠤ ᠬᠤᠷᠠᠯ ᠤᠨ ᠭᠤᠣᠯ ᠡᠭᠦᠷᠭᠡ ᠪᠣᠯ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠵᠢᠴᠢ ᠦᠬᠠᠢ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽2023 ᠣᠨ ᠤ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ︾ ᠵᠡᠷᠭᠡ ᠶᠢ ᠬᠢᠨᠠᠨ ᠵᠥᠪᠯᠡᠵᠦ᠂ 2023 ᠣᠨ ᠤ ᠠᠵᠢᠯ ᠢᠶᠠᠨ ᠳ᠋ᠦᠩᠨᠡᠵᠦ᠂ 2024 ᠣᠨ ᠤ ᠠᠵᠢᠯ ᠢᠶᠠᠨ ᠲᠤᠬᠢᠷᠠᠭᠤᠯᠪᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号