ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2024/1/17
    1 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠡᠬᠢᠯᠡᠵᠦ᠂ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠪᠠ᠃
     ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ᠂ ᠬᠤᠲᠠ ᠶᠢᠨ ᠨᠠᠮ ᠤᠨ ᠬᠤᠷᠢᠶᠠᠨ ᠤ  ᠳᠡᠳ᠋  ᠱᠦᠵᠢ ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠹᠧᠩ ᠰᠢᠤᠸᠠᠢ ᠲᠤᠤ ᠵᠡᠷᠭᠡ ᠨᠠᠮ ᠵᠠᠰᠠᠭ ᠴᠡᠷᠢᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃
     ᠸᠠᠩ ᠸᠧᠨ ᠵᠢᠶᠧ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠭᠦᠯᠦᠯᠲᠡ ᠬᠢᠪᠡ᠃
      ᠵᠠᠩ ᠮᠧᠩ ᠵᠢᠶᠠᠨ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠬᠢᠪᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号