ᠤᠳᠠ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠤᠶᠢᠲᠤ ᠵᠠᠮ ᠤᠨ ᠨᠡᠶᠢᠭᠡᠮ ᠲᠣᠭᠤᠷᠢᠭ ᠲᠠᠢ ᠬᠠᠮᠲᠤᠷᠠᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠰᠣᠶᠣᠯ ᠤᠨ ᠵᠠᠩ ᠦᠢᠯᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/18
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ᠂ 1 ᠰᠠᠷ᠎ᠠ ᠶᠢᠨ 18 ᠤ ᠡᠳᠦᠷ᠂ ᠤᠳᠠ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠤᠶᠢᠲᠤ ᠵᠠᠮ ᠤᠨ ᠨᠡᠶᠢᠭᠡᠮ ᠲᠣᠭᠤᠷᠢᠭ ᠲᠠᠢ ᠬᠠᠮᠲᠤᠷᠠᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠯᠠ ᠨᠠᠢᠮᠠᠨ ᠪᠠᠶᠠᠷ ᠤᠨ ᠰᠣᠶᠣᠯ ᠵᠠᠩ ᠦᠢᠯᠡ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠡᠬᠢᠯᠡᠮᠡᠭᠴᠡ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ ᠤᠨ ᠬᠠᠷᠢᠭᠤᠴᠠᠯᠭᠠᠲᠠᠨ ᠸᠠᠩ ᠢ ᠨᠥᠬᠦᠷ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠲᠠᠢ ᠤᠶᠠᠯᠳᠤᠭᠤᠯᠤᠨ᠂ ︽ᠵᠢᠵᠢᠭ ᠥᠯᠢᠭᠡᠷ᠂ ᠶᠡᠭᠡ ᠶᠣᠰᠣ︾ ︵︽ᠵᠢᠷᠭᠤᠭᠠᠨ ᠦᠭᠡ︾ ᠶᠢᠨ ᠪᠣᠳᠠᠲᠤ ᠬᠡᠷᠡᠭ ᠪᠠ ᠶᠣᠰᠣ︶ ᠢᠶᠠᠷ ᠭᠤᠷᠪᠠᠨ ᠮᠢᠩᠭᠠᠨ ᠥᠨᠥᠴᠢᠨ ᠬᠡᠤᠬᠡᠳ ᠢ ᠥᠪᠥᠷ ᠮᠣᠩᠭᠤᠯ ᠳᠤ ᠤᠩᠰᠢᠭᠰᠠᠨ ᠥᠯᠢᠭᠡᠷ ᠢᠶᠠᠷ ᠥᠪᠥᠷ ᠮᠣᠩᠭᠤᠯ ᠤᠨ ᠥᠯᠢᠭᠡᠷ ᠢ ᠤᠩᠰᠢᠵᠤ᠂ ᠬᠤᠶᠢᠲᠤ ᠵᠠᠮ ᠤᠨ ᠨᠡᠶᠢᠭᠡᠮ ᠲᠣᠭᠤᠷᠢᠭ ᠤᠨ ᠬᠠᠷᠢᠶᠠᠲᠤ ᠣᠷᠣᠨ ᠤ ᠰᠠᠭᠤᠭᠠᠯᠢ ᠠᠷᠠᠳ ᠲᠤ ︽ᠴᠢᠬᠢᠨ ᠳᠤ ᠬᠠᠳᠠᠩᠰᠢᠵᠤ︾᠂ ᠨᠠᠩ ︽ᠰᠡᠳᠬᠢᠯ ᠬᠥᠳᠡᠯᠬᠦ︾ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠶᠢ ᠠᠪᠴᠢᠷᠠᠭᠰᠠᠨ ᠪᠠᠶᠢᠨ᠎ᠠ᠃      ᠳᠠᠷᠠᠭ᠎ᠠ ᠨᠢ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠠᠵᠢᠯᠲᠠᠨ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠭᠰᠠᠨ ᠪᠥᠭᠡᠳ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠡᠮᠡᠭᠲᠡᠶᠢᠴᠦᠳ ᠤᠨ ᠡᠷᠬᠡ ᠠᠰᠢᠭ ᠤᠨ ᠪᠠᠲᠤᠯᠠᠭ᠎ᠠ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ᠂ ᠬᠠᠤᠯᠢ ᠴᠠᠭᠠᠵᠠ ᠶᠢᠨ ᠲᠤᠰᠠᠯᠠᠮᠵᠢ᠂ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠵᠡᠷᠭᠡ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠶᠢᠨ ᠮᠡᠳᠡᠯᠭᠡ ᠶᠢ ᠭᠦᠨᠵᠡᠭᠡᠶ ᠪᠥᠭᠡᠳ ᠨᠠᠷᠢᠨ ᠨᠢᠮᠪᠠᠶ ᠬᠠᠷᠢᠭᠤᠯᠵᠠᠶ᠃      ᠬᠠᠮᠤᠭ ᠰᠡᠭᠦᠯ ᠳᠤ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠪᠦᠯᠬᠦᠮᠳᠡᠯ ᠬᠤᠶᠢᠲᠤ ᠵᠠᠮ ᠤᠨ ᠨᠡᠶᠢᠭᠡᠮ ᠲᠣᠭᠤᠷᠢᠭ ᠲᠠᠢ ᠬᠠᠮᠵᠢᠯᠴᠠᠨ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ︽ᠯᠠ ᠪᠠ ᠶᠢᠨ ᠠᠮᠳᠠᠳᠤ ᠢᠳᠡᠭᠡᠨ︾ ᠢ ᠲᠦᠭᠡᠭᠡᠵᠦ᠂ ᠤᠯᠠᠨ ᠢᠶᠠᠷ ᠢᠶᠠᠨ ᠰᠢᠨ᠎ᠡ ᠨᠢᠭᠡ ᠵᠢᠯ ᠤᠨ ᠲᠦᠮᠡᠨ ᠶᠠᠪᠤᠳᠠᠯ ᠤᠷᠤᠭᠰᠢᠳᠠᠢ ᠶᠠᠪᠤᠭᠳᠠᠬᠤ ᠶᠢ ᠤᠷᠢᠳᠴᠢᠯᠠᠨ ᠵᠥᠩᠨᠡᠪᠡ᠃      ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠦᠷᠭᠦᠯᠵᠢᠯᠡᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠡᠨᠡ ᠬᠦ ᠭᠤᠤᠯ ᠰᠡᠳᠦᠪ ᠤᠨ ᠲᠣᠭᠤᠷᠢᠨ ᠳᠤ᠂ ᠡᠯ᠎ᠡ ᠲᠥᠷᠥᠯ ᠤᠨ ᠪᠠᠶᠠᠯᠢᠭ ᠰᠠᠶᠢᠬᠠᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠦᠨᠳᠦᠰᠦᠨ ᠱᠠᠲᠤᠨ ᠳᠤ ᠲᠠᠰᠤᠷᠠᠯᠲᠠ ᠥᠬᠡᠶ ᠬᠦᠴᠦᠨ ᠴᠢᠳᠠᠯ ᠣᠯᠭᠤᠵᠤ᠂ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠠᠴᠢ ᠶᠢ ᠮᠡᠳᠡᠵᠦ᠂ ᠨᠠᠮ ᠤᠨ ᠠᠴᠢ ᠶᠢ ᠰᠠᠶᠢᠲᠤᠷ ᠤᠩᠰᠢᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠥᠲᠥᠯᠦᠨ ᠵᠢᠯᠤᠭᠤᠳᠤᠨ᠎ᠠ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号