ᠣᠯᠠᠩᠬᠢ ᠡᠪᠡᠳᠴᠢᠨ ᠢᠩᠭᠢᠵᠦ ᠡᠭᠦᠰᠳᠡᠭ
ᠨᠡᠶᠢᠲᠡᠯᠡᠭᠰᠡᠨ ᠴᠠᠭ᠄
2024/1/21
    ᠤᠳᠤ ᠦᠶ᠎ᠡ ᠶᠢᠨ ᠠᠮᠢᠳᠤᠷᠠᠯ ᠨᠢ ᠳᠠᠷᠤᠭᠠᠰᠤ ᠶᠡᠬᠡᠲᠡᠢ ᠪᠠᠶᠢᠳᠠᠭ᠃ ᠠᠵᠢᠯ᠂ ᠭᠡᠷ ᠪᠦᠯᠢ᠂  ᠦᠷ᠎ᠡ ᠬᠡᠦᠬᠡᠳ᠂ ᠭᠡᠷ ᠪᠠᠶᠢᠰᠢᠩ᠂ ᠲᠡᠷᠭᠡ ᠮᠠᠰᠢᠨ᠁ ᠭᠡᠳ ᠬᠥᠮᠥᠰ ᠤᠨ ᠪᠡᠶ᠎ᠡ ᠰᠡᠳᠬᠢᠯ ᠢ ᠲᠤᠶᠢᠯ ᠢᠶᠠᠷ ᠵᠦᠳᠡᠭᠡᠵᠦ ᠪᠠᠶᠢᠳᠠᠭ᠃ ᠵᠣᠬᠢᠬᠤ ᠬᠡᠮᠵᠢᠶᠡᠨ ᠤ ᠳᠠᠷᠤᠭᠠᠰᠤ ᠨᠢ ᠬᠥᠮᠥᠰ ᠤᠨ ᠠᠮᠢᠳᠤᠷᠠᠯ ᠠᠵᠢᠯ ᠦᠢᠯᠡᠰ ᠢ ᠨᠡᠩ ᠢᠯᠡᠭᠦᠦ ᠬᠥᠳᠡᠯᠭᠡᠬᠦ ᠬᠦᠴᠦᠨ ᠲᠠᠢ ᠪᠤᠯᠭᠠᠵᠤ ᠪᠣᠯᠣᠨ᠎ᠠ᠂ ᠭᠡᠪᠡᠴᠦ ᠳᠠᠷᠤᠭᠠᠰᠤ ᠬᠡᠲᠦᠷᠬᠡᠢ ᠶᠡᠭᠡ ᠪᠣᠯᠪᠠᠯ ᠣᠯᠵᠠ ᠨᠢ ᠭᠠᠷᠤᠵᠠ ᠳᠠᠭᠠᠨ ᠬᠦᠷᠬᠦ ᠦᠭᠡᠢ ᠪᠣᠯᠣᠨ᠎ᠠ᠃      ᠨᠠᠢᠮᠠᠨ ᠬᠤᠪᠢ ᠶᠢᠨ ᠡᠪᠡᠳᠴᠢᠨ ᠨᠢ ᠳᠠᠷᠤᠭᠠᠰᠤ ᠠᠴᠠ ᠢᠷᠡᠯᠲᠡ ᠲᠠᠢ᠃ ᠡᠨᠡ ᠪᠣᠯ ᠠᠮᠧᠷᠢᠺᠠ ᠶᠢᠨ ᠰᠡᠳᠬᠢᠴᠡ ᠵᠦᠢ ᠶᠢᠨ ᠤᠬᠠᠭᠠᠨᠲᠠᠨ 2005 ᠣᠨ ᠳᠤ ᠣᠷᠴᠢᠮ ᠤᠨ 20 ᠵᠢᠯ ᠳᠤ ᠨᠡᠶᠢᠲᠡᠯᠡᠭᠰᠡᠨ ᠰᠤᠳᠤᠯᠭᠠᠨ ᠤ ᠦᠷ᠎ᠡ ᠪᠦᠲᠦᠭᠡᠯ ᠢ ᠮᠥᠷᠳᠡᠨ ᠪᠠᠶᠢᠴᠠᠭᠠᠭᠰᠠᠨ ᠤ ᠳᠠᠷᠠᠭ᠎ᠠ ᠣᠯᠣᠭᠰᠠᠨ ᠳ᠋ᠦᠩᠨᠡᠯᠲᠡ ᠪᠣᠯᠣᠨ᠎ᠠ᠃ ᠡᠭᠦᠨ ᠠᠴᠠ ᠭᠠᠳᠠᠨ᠎ᠠ᠂ ᠠᠮᠧᠷᠢᠺᠠ ᠶᠢᠨ ᠳᠠᠷᠤᠯᠲᠠ ᠶᠢᠨ ᠬᠠᠮᠢᠶᠠᠷᠤᠯᠲᠠ ᠶᠢᠨ ᠨᠡᠶᠢᠭᠡᠮᠯᠢᠭ ᠠᠴᠠ ᠪᠠᠰᠠ 75% - 90% ᠶᠢᠨ ᠡᠬᠢᠨ ᠤ ᠬᠤᠭᠤᠴᠠᠭᠠᠨ ᠤ ᠳᠣᠲᠣᠷ ᠰᠠᠯᠠᠭᠠᠨ ᠤ ᠡᠪᠡᠳᠴᠢᠨ ᠪᠣᠯ ᠳᠠᠷᠤᠭᠠᠰᠤ ᠠᠴᠠ ᠪᠣᠯᠤᠭᠰᠠᠨ ᠶᠤᠮ ᠭᠡᠵᠦ ᠵᠢᠭᠠᠵᠤ ᠭᠠᠷᠭᠠᠵᠠᠢ᠃ ᠥᠭᠡᠷ᠎ᠡ ᠪᠠᠷ ᠬᠡᠯᠡᠪᠡᠯ᠂ ᠳᠣᠲᠣᠷ ᠰᠠᠯᠠᠭᠠᠨ ᠤ ᠡᠪᠡᠳᠴᠢᠲᠡᠨ ᠤ ᠳᠣᠲᠣᠷᠠᠬᠢ ᠲᠤᠯᠤᠭᠠᠨ ᠬᠤᠪᠢ ᠠᠴᠠ ᠶᠢᠰᠦᠨ ᠬᠤᠪᠢ ᠨᠢ ᠭᠤᠣᠯᠳᠠᠭᠤ ᠳᠠᠷᠤᠭᠠᠰᠤ ᠠᠴᠠ ᠪᠣᠯᠵᠤ ᠡᠯ᠎ᠡ ᠵᠦᠢᠯ ᠤᠨ ᠪᠡᠶ᠎ᠡ ᠮᠠᠬᠠᠪᠤᠳ ᠤᠨ ᠡᠪᠡᠳᠴᠢᠨ ᠳᠤ ᠨᠡᠷᠪᠡᠭᠳᠡᠳᠡᠭ ᠪᠠᠶᠢᠨ᠎ᠠ᠃      ᠡᠳᠡᠭᠡᠷ ᠡᠪᠡᠳᠴᠢᠨ ᠤ ᠣᠯᠠᠩᠬᠢ ᠨᠢ ᠳᠠᠷᠤᠭᠠᠰᠤ ᠬᠡᠲᠦᠷᠬᠡᠢ ᠶᠡᠭᠡ ᠲᠠᠢ ᠬᠤᠯᠪᠤᠭ᠎ᠠ ᠲᠠᠢ᠃ ᠬᠤᠳᠣᠭᠤᠳᠤ ᠡᠪᠡᠳᠬᠦ᠂ ᠬᠤᠳᠣᠭᠤᠳᠤ ᠴᠢᠨᠦᠷᠡᠬᠦ᠂ ᠴᠢᠨᠠᠭᠰᠢᠯᠠᠪᠠᠯ ᠬᠤᠳᠣᠭᠤᠳᠤᠨ ᠤ ᠰᠢᠷᠬᠠᠯᠠᠭ᠎ᠠ᠂ ᠨᠤᠭᠤᠯᠤᠭᠤᠷ ᠭᠡᠳᠡᠰᠦᠨ ᠤ ᠰᠢᠷᠬᠠᠯᠠᠭ᠎ᠠ ᠵᠡᠷᠭᠡ ᠰᠢᠩᠭᠡᠭᠡᠯᠲᠡ ᠶᠢᠨ ᠰᠢᠰᠲ᠋ᠧᠮ ᠤᠨ ᠡᠪᠡᠳᠴᠢᠨ᠂ ᠲᠠᠷᠢᠬᠢ ᠵᠢᠷᠦᠬᠡᠨ ᠰᠤᠳᠠᠯ ᠤᠨ ᠡᠪᠡᠳᠴᠢᠨ᠂ ᠬᠥᠬᠦᠨ ᠪᠤᠯᠴᠢᠷᠬᠠᠢ ᠶᠢᠨ ᠡᠪᠡᠳᠴᠢᠨ᠂ ᠰᠢᠬᠢᠷ ᠰᠢᠵᠢᠩ ᠡᠪᠡᠳᠴᠢᠨ᠂ ᠪᠠᠮᠪᠠᠢ  ᠪᠤᠯᠴᠢᠷᠬᠠᠢ ᠶᠢᠨ ᠡᠪᠡᠳᠴᠢᠨ᠂ ᠵᠢᠷᠮᠦᠰᠦᠯᠡᠬᠦ ᠦᠭᠡᠢ ᠡᠪᠡᠳᠴᠢᠨ᠂ ᠬᠤᠣᠷᠲᠤ ᠬᠠᠪᠤᠳᠠᠷ᠂ ᠭᠠᠩᠰᠠᠷᠠᠯ ᠤᠨ ᠭᠡᠮ᠂ ᠶᠠᠰᠤᠨ ᠤ ᠡᠳ᠋ ᠠᠯᠳᠠᠭᠳᠠᠬᠤ᠂ ᠨᠣᠶᠢᠷ ᠬᠤᠯᠵᠢᠬᠤ ᠵᠡᠷᠭᠡ ᠡᠪᠡᠳᠴᠢᠨ ᠨᠢ ᠪᠠᠷᠤᠭ ᠪᠦᠷ ᠳᠠᠷᠤᠭᠠᠰᠤ ᠠᠴᠠ ᠪᠣᠯᠤᠭᠰᠠᠨ ᠪᠠᠶᠢᠨ᠎ᠠ᠃      ᠰᠤᠳᠤᠯᠭᠠᠨ ᠠᠴᠠ ᠦᠵᠡᠪᠡᠯ᠂ ᠨᠠᠮ ᠲᠣᠭᠲᠠᠭᠤᠨ ᠰᠠᠭᠤᠬᠤ᠂ ᠬᠥᠳᠡᠯᠭᠡᠭᠡᠨ ᠬᠢᠬᠦ᠂ ᠳᠠᠭᠤᠤ ᠬᠥᠭᠵᠢᠮ  ᠰᠣᠨᠣᠰᠬᠤ᠂ ᠠᠩᠬᠠᠷᠤᠯ ᠢᠶᠠᠨ ᠰᠢᠯᠵᠢᠭᠦᠯᠬᠦ ᠵᠡᠷᠭᠡ ᠨᠢ ᠳᠠᠷᠤᠭᠠᠰᠤ ᠶᠢ ᠪᠠᠭᠠᠰᠬᠠᠬᠤ ᠳᠤ ᠮᠠᠰᠢ ᠲᠤᠰᠠᠲᠠᠢ᠃
 
ᠢᠷᠡᠯᠲᠡ᠄ ᠬᠥᠯᠥᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号