ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ | ᠮᠡᠳᠡᠭᠦᠯᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠠᠷᠠᠳ | ᠲᠦᠮᠡᠨ ᠤ ᠦᠨᠡᠨ ᠪᠣᠳᠠᠲᠠᠶ ᠠᠰᠢᠭ ᠲᠤᠰᠠ ᠶᠢ ᠬᠠᠮᠠᠭᠠᠯᠠᠬᠤ ᠶᠢᠨ ᠲᠥᠯᠥᠭᠡ᠂ ᠮᠠᠨ ᠤ ᠬᠤᠪᠢᠶᠠᠷᠢ ᠲᠣᠪᠴᠢᠶ᠎ᠠ ᠣᠯᠠᠨ | ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠲᠤᠰᠬᠠᠶ ᠬᠥᠮᠦᠨ ᠢᠶᠠᠷ ᠬᠠᠷᠢᠭᠤᠴᠠᠭᠤᠯᠤᠨ ᠰᠢᠢᠳᠪᠦᠷᠢᠯᠡᠭᠦᠯᠵᠦ᠂ ᠰᠢᠢᠳᠪᠦᠷᠢᠯᠡᠭᠰᠡᠨ | ᠦᠷ᠎ᠡ ᠳ᠋ᠦᠩ ᠢ ᠢᠯᠡᠴᠢᠯᠡᠨ ᠮᠡᠳᠡᠭᠦᠯᠦᠭᠴᠢ ᠳᠤ ᠬᠠᠷᠢᠭᠤ ᠥᠭᠴᠦ᠂ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ | ᠪᠡᠶᠡᠯᠡᠭᠦᠯᠪᠡ᠃ 2024 ᠣᠨ ᠤ ᠭᠤᠷᠪᠠᠳᠤᠭᠠᠷ ᠤᠯᠠᠷᠢᠯ ᠳᠤ ︽12345︾ ᠲᠠᠪᠴᠠᠩ 21 ᠬᠡᠷᠡᠭ ᠢ ᠭᠥᠯᠢᠶᠡᠨ | ᠠᠪᠴᠤ᠂ ᠪᠥᠬᠦ ᠤᠯᠤᠰ ᠤᠨ ᠣᠷᠴᠢᠨ ᠲᠣᠭᠤᠷᠢᠨ ᠤ ᠵᠠᠬᠢᠳᠠᠯ ᠰᠤᠷᠪᠤᠯᠵᠢᠯᠠᠯ ᠤᠨ ᠲᠠᠪᠴᠠᠩ 4 ᠬᠡᠷᠡᠭ ᠢ ᠭᠥᠯᠢᠶᠡᠨ | ᠠᠪᠴᠤ᠂ ᠬᠤᠲᠠ ᠶᠢᠨ ᠲᠣᠪᠴᠢᠶ᠎ᠠ 1 ᠬᠡᠷᠡᠭ᠂ ᠶᠠᠷᠢᠶ᠎ᠠ ᠬᠡᠯᠡᠯᠴᠡᠭᠡᠨ ᠤ ᠪᠠᠶᠢᠳᠠᠯ 0 ᠬᠡᠷᠡᠭ ᠢ ᠰᠢᠯᠵᠢᠭᠦᠯᠦᠨ | ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ 26 ᠬᠡᠷᠡᠭ ᠢ ᠭᠥᠯᠢᠶᠡᠨ ᠠᠪᠤᠪᠠ᠃ | ᠡᠭᠦᠨ ᠳᠤ ᠬᠡᠢ ᠳᠤ ᠬᠤᠯᠪᠣᠭᠳᠠᠭᠰᠠᠨ 17 ᠬᠤᠪᠢ᠂ ᠤᠰᠤᠨ ᠳᠤ ᠬᠤᠯᠪᠣᠭᠳᠠᠭᠰᠠᠨ 1 ᠬᠤᠪᠢ᠂ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ 3 ᠬᠤᠪᠢ᠂ ᠲᠠᠭᠤ ᠱᠤᠤᠭᠢᠶᠠᠨ 3 ᠬᠤᠪᠢ᠂ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ 1 ᠬᠤᠪᠢ᠂ ᠪᠤᠰᠤᠳ 1 ᠬᠤᠪᠢ ᠪᠠᠶᠢᠵᠤ᠂ ᠪᠦᠬᠦᠨ ᠢ ᠭᠦᠢᠴᠡᠳᠬᠡᠵᠦ ᠳᠠᠭᠤᠰᠬᠠᠭᠰᠠᠨ ᠪᠥᠭᠡᠳ ᠢᠯᠡᠴᠢᠯᠡᠨ | ᠮᠡᠳᠡᠭᠦᠯᠦᠭᠴᠢ ᠳᠤ ᠬᠠᠷᠢᠭᠤ ᠥᠭᠪᠡ᠃ ᠡᠭᠦᠨ ᠤ ᠬᠠᠮᠲᠤ᠂ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠢᠯᠡ ᠪᠠᠷ | ᠨᠡᠶᠢᠲᠡᠯᠡᠨ᠎ᠡ᠃ | ᠠᠭᠠᠷ ᠲᠤ ᠬᠤᠯᠪᠣᠭᠳᠠᠭᠰᠠᠨ ᠬᠡᠷᠡᠭ ᠤᠨ ᠬᠠᠷᠢᠴᠠᠯ ᠨᠡᠯᠢᠶᠡᠳ ᠶᠡᠭᠡ ᠪᠠᠶᠢᠬᠤ ᠪᠠᠶᠢᠳᠠᠯ ᠳᠤ ᠴᠢᠭᠯᠡᠭᠦᠯᠦᠨ᠂ | ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠬᠢᠮᠢ ᠶᠢᠨ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠳᠡᠭᠳᠡᠮᠡᠬᠡᠶ ᠴᠢᠨᠠᠷᠲᠠᠶ ᠪᠣᠬᠢᠷᠲᠤᠯ ᠪᠣᠳᠠᠰ ᠢ ᠰᠡᠷᠡᠮᠵᠢᠯᠡᠭᠦᠯᠦᠨ ᠬᠢᠨᠠᠨ ᠬᠡᠮᠵᠢᠵᠦ ᠬᠢᠨᠠᠨ | ᠬᠠᠮᠢᠶᠠᠷᠬᠤ ᠰᠢᠰᠲ᠋ᠧᠮ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠲᠣᠭᠤᠷᠢᠨ ᠪᠠᠶᠢᠴᠠᠭᠠᠵᠤ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠪᠣᠬᠢᠷᠲᠤᠯ ᠢ ᠰᠢᠢᠳᠪᠦᠷᠢᠯᠡᠬᠦ ᠪᠡᠯᠡᠳᠬᠡᠮᠵᠢ ᠶᠢ ᠴᠠᠭ | ᠲᠤᠬᠠᠶ ᠳᠤᠨᠢ ᠬᠢᠨᠠᠨ ᠬᠠᠮᠢᠶᠠᠷᠬᠤ ᠶᠢ ᠪᠡᠶᠡᠯᠡᠭᠦᠯᠵᠦ᠂ ᠠᠷᠠᠳ ᠣᠯᠠᠨ ᠤ ᠣᠷᠴᠢᠨ ᠲᠣᠭᠤᠷᠢᠨ ᠤ ᠡᠷᠬᠡ ᠠᠰᠢᠭ ᠢ | ᠪᠠᠲᠤᠯᠠᠨ᠎ᠠ᠃ | ᠤᠳᠠ ᠲᠣᠭᠤᠷᠢᠭ ᠤᠨ ᠬᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ | ᠭᠤᠣᠯ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠡᠯ᠎ᠡ ᠵᠦᠢᠯ ᠤᠨ ᠲᠤᠰᠬᠠᠢ ᠬᠠᠤᠯᠢ ᠬᠡᠷᠡᠭᠵᠢᠭᠦᠯᠬᠦ ᠠᠵᠢᠯᠯᠠᠭ᠎ᠠ ᠶᠢ | ᠢᠳᠡᠪᠬᠢᠲᠡᠢ ᠥᠷᠨᠢᠭᠦᠯᠵᠦ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ | ᠶᠣᠰᠣᠭᠠᠷ ᠴᠣᠬᠢᠯᠲᠠ ᠥᠭᠭᠦᠨ᠎ᠡ︔ ᠭᠤᠣᠯᠳᠠᠯᠭ᠎ᠠ ᠲᠠᠢ ᠬᠡᠷᠡᠭ ᠤᠨ ᠬᠠᠤᠯᠢ ᠬᠡᠷᠡᠭᠵᠢᠭᠦᠯᠬᠦ ᠡᠷᠴᠢᠮ ᠢ ᠦᠷᠭᠦᠯᠵᠢᠯᠡᠨ | ᠴᠢᠩᠭᠠᠷᠠᠭᠤᠯᠵᠤ᠂ ᠤᠯᠠᠨ ᠲᠦᠮᠡᠨ ᠤ ᠲᠤᠰᠬᠠᠯ ᠴᠢᠩᠭ᠎ᠠ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠨᠢᠭᠡ | ᠪᠦᠯᠦᠭ ᠠᠰᠠᠭᠤᠳᠠᠯ ᠢ ᠪᠠᠶᠢᠴᠠᠭᠠᠨ ᠰᠢᠢᠳᠪᠦᠷᠢᠯᠡᠨ᠎ᠡ︔ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ᠂ | ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠶᠢ ᠴᠢᠩᠭᠠᠳᠬᠠᠵᠤ᠂ ᠭᠡᠨᠡᠳᠲᠡ ᠶᠢᠨ ᠣᠷᠴᠢᠨ ᠲᠣᠭᠤᠷᠢᠨ ᠤ ᠬᠡᠷᠡᠭ ᠢ | ᠴᠠᠭ ᠲᠤᠬᠠᠢ ᠳᠤᠨᠢ ᠲᠣᠬᠢᠲᠠᠢ ᠠᠷᠭᠠᠴᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ | ᠬᠠᠮᠠᠭᠠᠯᠠᠨ᠎ᠠ︔ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ | ᠬᠤᠳᠠ ᠶᠢᠨ ᠠᠷᠠᠳ ᠤᠨ ᠦᠢᠯᠡᠴᠢᠯᠡᠭᠡᠨ ᠤ ︽12345︾ ᠬᠠᠯᠠᠮᠰᠢᠯ ᠤᠲᠠᠰᠤ ᠵᠡᠷᠭᠡ ᠶᠢ ᠴᠠᠭ ᠲᠤᠬᠠᠢ ᠳᠤᠨᠢ | ᠰᠢᠯᠤᠭᠤᠳᠬᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ | ᠥᠭᠭᠦᠨ᠎ᠡ᠃ ᠡᠭᠦᠨ ᠤ ᠬᠠᠮᠲᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠭᠤᠤᠯ ᠵᠢᠭᠰᠠᠭᠠᠯ ᠤᠨ | ᠭᠠᠵᠠᠷ ᠢ ᠡᠷᠡᠰ ᠪᠠᠲᠤ ᠰᠠᠬᠢᠵᠤ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠰᠠᠶᠢᠲᠤᠷ ᠬᠡᠷᠡᠭᠯᠡᠨ᠂ ᠰᠢᠨ᠎ᠡ | ᠵᠠᠭᠤᠴᠢᠯᠠᠭᠤᠷ ᠤᠨ ᠲᠠᠪᠴᠠᠩ ᠢ ᠰᠠᠶᠢᠲᠤᠷ ᠬᠡᠷᠡᠭᠯᠡᠵᠦ᠂ ᠴᠢᠬᠤᠯᠠ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ | ᠪᠣᠯᠭᠠᠨ᠂ ᠴᠠᠭ ᠲᠤᠬᠠᠶ ᠳᠤᠨᠢ ᠰᠢᠨᠡᠳᠬᠡᠵᠦ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠴᠠᠭ ᠲᠤᠬᠠᠶ ᠳᠤᠨᠢ ᠭᠥᠯᠢᠶᠡᠨ | ᠠᠪᠴᠤ᠂ ᠨᠠᠩ ᠶᠡᠭᠡ ᠬᠡᠪᠴᠢᠶ᠎ᠡ᠂ ᠨᠠᠩ ᠣᠯᠠᠨ ᠠᠷᠭ᠎ᠠ ᠵᠠᠮ ᠢᠶᠠᠷ ᠠᠷᠠᠳ ᠤᠨ ᠰᠠᠨᠠᠭ᠎ᠠ ᠶᠢ ᠣᠶᠢᠯᠠᠭᠠᠵᠤ᠂ ᠠᠷᠠᠳ ᠤᠨ | ᠰᠠᠨᠠᠭ᠎ᠠ ᠶᠢ ᠰᠣᠨᠣᠰᠴᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠵᠥᠪ ᠶᠠᠷᠢᠶ᠎ᠠ ᠬᠡᠯᠡᠯᠴᠡᠭᠡᠨ ᠤ | ᠬᠥᠲᠥᠯᠦᠨ ᠵᠢᠯᠣᠭᠤᠳᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠥᠪ ᠶᠠᠷᠢᠶ᠎ᠠ ᠬᠡᠯᠡᠯᠴᠡᠭᠡᠨ ᠤ ᠬᠥᠲᠥᠯᠦᠨ | ᠵᠢᠯᠣᠭᠤᠳᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ | ᠲᠣᠭᠤᠷᠢᠨ ᠢ ᠦᠨᠡᠨ ᠬᠦ ᠪᠣᠶ ᠪᠣᠯᠭᠠᠬᠤ ᠬᠡᠷᠡᠭᠲᠡᠶ ᠭᠡᠵᠠᠢ᠃ |