ᠪᠥᠬᠦ ᠠᠷᠠᠳ ᠤᠨ ᠤᠩᠰᠢᠯᠭ᠎ᠠ ᠶᠢᠨ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠬᠦ ᠶᠢᠨ | ᠲᠥᠯᠥᠭᠡ᠂ ︽ᠨᠣᠮ ᠤᠩᠰᠢᠬᠤ ᠶᠢ ᠡᠷᠬᠢᠮᠯᠡᠬᠦ᠂ ᠰᠤᠷᠤᠯᠴᠠᠯᠭ᠎ᠠ ᠳᠤ ᠬᠠᠶᠢᠷᠠᠯᠠᠬᠤ︾ ᠭᠦᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠪᠠ᠃ ᠤᠳᠠ ᠲᠣᠭᠤᠷᠢᠭ ᠤᠨ ᠨᠣᠮ ᠤᠨ ᠰᠠᠩ ᠰᠣᠶᠣᠯ ᠤᠨ ᠵᠢᠭᠰᠠᠭᠠᠯ ᠤᠨ ᠭᠠᠵᠠᠷ ᠤᠨ | ᠦᠢᠯᠡᠳᠦᠯ ᠢᠶᠠᠨ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠬᠤ ᠶᠢᠨ ᠬᠠᠮᠲᠤ ᠰᠠᠭᠤᠷᠢ ᠨᠣᠮ ᠤᠨ ᠥᠷᠥᠭᠡ ᠳᠤ ᠨᠣᠮ ᠪᠢᠴᠢᠭ ᠤᠨ ᠡᠬᠢ ᠪᠠᠶᠠᠯᠢᠭ ᠤᠨ ᠪᠦᠲᠦᠭᠡᠨ | ᠪᠠᠶᠢᠭᠤᠯᠤᠯᠲᠠ ᠬᠠᠩᠭᠠᠬᠤ ᠪᠠᠷ ᠴᠢᠷᠮᠠᠶᠢᠨ᠎ᠠ᠃ 4 ᠰᠠᠷ᠎ᠠ ᠶᠢᠨ 16 ᠤ ᠡᠳᠦᠷ᠂ ᠤᠳᠠ ᠲᠣᠭᠤᠷᠢᠭ ᠤᠨ ᠨᠣᠮ ᠤᠨ | ᠰᠠᠩ ᠹᠦ᠋ ᠰᠢᠩ ᠨᠡᠶᠢᠭᠡᠮ ᠲᠣᠭᠤᠷᠢᠭ ᠤᠨ ᠨᠣᠮ ᠪᠢᠴᠢᠭ ᠲᠤ ᠣᠷᠣᠵᠤ ᠨᠣᠮ ᠪᠢᠴᠢᠭ ᠢ ᠡᠷᠭᠢᠯᠲᠡ ᠳᠤ ᠣᠷᠣᠭᠤᠯᠬᠤ | ᠠᠵᠢᠯᠯᠠᠭ᠎ᠠ ᠥᠷᠨᠢᠭᠦᠯᠵᠦ᠂ ᠠᠵᠢᠯᠲᠠᠳ ᠤᠳᠬ᠎ᠠ ᠵᠣᠬᠢᠶᠠᠯ᠂ ᠲᠡᠦᠬᠡ᠂ ᠤᠯᠠᠮᠵᠢᠯᠠᠯ ᠵᠡᠷᠭᠡ ᠤᠯᠠᠨ ᠲᠦᠷᠦᠯ ᠤᠨ ᠨᠣᠮ | ᠪᠢᠴᠢᠭ ᠢ ᠨᠠᠷᠢᠨ ᠨᠢᠮᠪᠠᠢ ᠰᠣᠩᠭᠤᠨ 300 ᠳᠡᠪᠲᠡᠷ ᠭᠠᠷᠭᠠᠵᠤ᠂ ᠡᠷᠭᠢᠯᠲᠡ ᠳᠤ ᠣᠷᠣᠭᠤᠯᠪᠠ᠃ | ᠨᠣᠮ ᠤᠨ ᠰᠠᠩ ᠪᠠ ᠨᠣᠮ ᠪᠢᠴᠢᠭ ᠢ ᠡᠷᠭᠢᠯᠳᠦᠭᠦᠯᠬᠦ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠨᠡᠶᠢᠭᠡᠮ | ᠲᠣᠭᠤᠷᠢᠭ᠂ ᠠᠵᠤ ᠠᠬᠤᠶᠢᠯᠠᠯ᠂ ᠰᠤᠷᠭᠠᠭᠤᠯᠢ ᠶᠢᠨ ᠡᠯ᠎ᠡ ᠡᠲᠡᠭᠡᠳ ᠤᠨ ᠵᠥᠪᠰᠢᠶᠡᠷᠡᠯ ᠢ ᠶᠡᠬᠡᠳᠡ ᠣᠯᠤᠭᠰᠠᠨ ᠪᠠᠶᠢᠨ᠎ᠠ᠃ | ᠨᠣᠮ ᠪᠢᠴᠢᠭ ᠢ ︽ᠰᠢᠯᠵᠢᠭᠦᠯᠬᠦ︾ ᠪᠠᠷ ᠳᠠᠮᠵᠢᠭᠤᠯᠤᠨ᠂ ᠨᠣᠮ ᠪᠢᠴᠢᠭ ᠤᠨ ᠡᠬᠢ ᠪᠠᠶᠠᠯᠢᠭ ᠢ ᠶᠡᠷᠦᠩᠬᠡᠶᠢᠯᠡᠨ | ᠳᠣᠭᠢᠷᠠᠭᠤᠯᠬᠤ ᠪᠠᠷ ᠳᠡᠮᠵᠢᠨ᠂ ᠤᠤᠯ ᠤᠨ ︽ᠨᠢᠭᠡ ᠨᠣᠮ ᠨᠢᠭᠡ ᠣᠷᠳᠣᠨ ᠦᠵᠡᠬᠦ︾ ᠶᠢ ︽ᠨᠢᠭᠡ ᠨᠣᠮ ᠪᠥᠬᠦ | ᠲᠤᠭᠤᠷᠢᠭ ᠲᠤ ᠦᠵᠡᠬᠦ︾ ᠪᠣᠯᠭᠠᠨ ᠬᠤᠪᠢᠷᠠᠭᠤᠯᠵᠤ᠂ ᠨᠣᠮ ᠤᠨ ᠰᠠᠩ ᠤᠨ ᠠᠰᠢᠭᠯᠠᠯᠲᠠ ᠶᠢᠨ ᠨᠣᠷᠮ᠎ᠠ ᠶᠢ | ᠲᠦᠢᠯ ᠤᠨ ᠶᠡᠭᠡ ᠪᠠᠷ ᠳᠡᠭᠡᠭᠰᠢᠯᠡᠭᠦᠯᠦᠨ᠂ ᠠᠳᠠᠯᠢ ᠪᠤᠰᠤ ᠲᠠᠰ ᠳᠠᠪᠬᠤᠷᠭ᠎ᠠ ᠶᠢᠨ ᠣᠯᠠᠨ ᠲᠦᠮᠡᠨ ᠤ ᠤᠩᠰᠢᠯᠭ᠎ᠠ ᠶᠢᠨ | ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠂ ᠨᠣᠮ ᠪᠢᠴᠢᠭ ᠢ | ᠦᠨᠡᠨ ᠬᠦ ︽ᠠᠮᠢᠯᠠᠭᠤᠯᠵᠤ︾ ᠪᠠᠶᠢᠪᠠ᠃ | ᠲᠣᠰ ᠤᠳᠠᠭᠠᠨ ᠤ ᠨᠣᠮ ᠪᠢᠴᠢᠭ ᠢ ᠡᠷᠭᠢᠯᠲᠡ ᠳᠤ ᠣᠷᠣᠭᠤᠯᠬᠤ ᠠᠵᠢᠯ ᠨᠢ ᠨᠣᠮ ᠤᠨ ᠰᠠᠩ ᠬᠢᠭᠡᠳ | ᠦᠨᠳᠦᠰᠦᠨ ᠱᠠᠲᠤᠨ ᠤ ᠰᠣᠶᠣᠯ ᠤᠨ ᠥᠷᠲᠡᠭᠡ ᠶᠢᠨ ᠬᠠᠷᠢᠯᠴᠠᠭ᠎ᠠ ᠶᠢ ᠴᠢᠩᠭᠠᠳᠬᠠᠭᠰᠠᠨ ᠢᠶᠠᠷ ᠪᠠᠷᠠᠬᠤ ᠦᠭᠡᠢ᠂ ᠨᠠᠩ | ᠴᠤ ᠹᠦ᠋ ᠰᠢᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠢᠨ᠎ᠡ ᠮᠡᠳᠡᠯᠭᠡ ᠶᠢ ᠤᠩᠰᠢᠬᠤ ᠬᠦᠰᠡᠯ ᠢ | ᠬᠠᠩᠭᠠᠭᠰᠠᠨ ᠪᠠᠶᠢᠨ᠎ᠠ᠂ ᠨᠡᠶᠢᠭᠡᠮ ᠲᠣᠭᠤᠷᠢᠭ ᠤᠨ ᠠᠵᠢᠯᠲᠠᠳ ︽ᠲᠠ ᠨᠠᠷ ᠦᠨᠡᠬᠡᠷ ᠴᠠᠭ ᠲᠤᠬᠠᠶ ᠳᠤᠨᠢ ᠪᠣᠷᠣᠭᠠᠨ | ᠣᠷᠣᠪᠠ︕︾ ᠭᠡᠵᠦ ᠬᠡᠯᠡᠪᠡ᠃ | ᠲᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠤᠨ ᠨᠣᠮ ᠤᠨ ᠰᠠᠩ ᠣᠯᠠᠨ ᠲᠦᠮᠡᠨ ᠳᠤ ᠨᠠᠩ ᠣᠯᠠᠨ | ᠲᠡᠩᠴᠡᠭᠦᠷᠢᠰᠢᠯᠲᠦ᠂ ᠣᠯᠠᠨ ᠶᠠᠩᠵᠤᠴᠢᠯᠠᠭᠰᠠᠨ᠂ ᠥᠪᠡᠷᠮᠢᠴᠡ ᠣᠨᠴᠠᠯᠢᠭ ᠲᠠᠢ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡ ᠬᠠᠩᠭᠠᠵᠤ᠂ ᠣᠲᠣ ᠶᠢᠨ ᠪᠠᠶᠢᠭ᠎ᠠ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ ᠨᠣᠮ ᠪᠢᠴᠢᠭ ᠢ | ᠭᠦᠢᠴᠡᠳ ᠠᠰᠢᠭᠯᠠᠨ᠂ ᠨᠣᠮ ᠪᠢᠴᠢᠭ ᠢ ᠰᠢᠯᠵᠢᠭᠦᠯᠬᠦ ᠦᠢᠯᠡᠴᠢᠯᠡᠭᠡ ᠶᠢ ᠥᠷᠨᠢᠭᠦᠯᠵᠦ᠂ ᠨᠠᠩ ᠣᠯᠠᠨ ᠬᠥᠮᠦᠰ ᠤᠨ | ᠤᠩᠰᠢᠯᠭ᠎ᠠ ᠶᠢᠨ ᠬᠡᠷᠡᠭᠴᠡᠭᠡ ᠶᠢ ᠬᠠᠩᠭᠠᠵᠤ᠂ ︽ᠪᠢᠴᠢᠭ ᠤᠨ ᠰᠤᠷᠪᠤᠯᠵᠢᠲᠤ ᠤᠳᠠ ᠲᠤᠭᠤᠷᠢᠭ︾ ᠢ ᠪᠥᠲᠥᠭᠡᠨ | ᠪᠠᠶᠢᠭᠤᠯᠬᠤ ᠳᠤ ᠬᠦᠴᠦᠨ ᠨᠡᠮᠡᠷᠢᠯᠡᠨ᠎ᠡ᠃ |