ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠡᠨᠧᠷᠭᠢ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/10/16
      ᠡᠨᠧᠷᠭᠢ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠨᠧᠷᠭᠢ ᠶᠢᠨ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠢ ᠦᠨᠡᠨ ᠬᠦ ᠴᠢᠩᠭᠠᠳᠬᠠᠬᠤ ᠶᠢᠨ ᠲᠥᠯᠥᠭᠡ᠂ 10 ᠰᠠᠷ᠎ᠠ ᠶᠢᠨ 15 ᠤ ᠡᠳᠦᠷ᠂ ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠡᠨᠧᠷᠭᠢ ᠶᠢᠨ ᠲᠤᠰᠬᠠᠶ ᠮᠡᠷᠭᠡᠵᠢᠯ ᠤᠨ ᠠᠵᠢᠯᠲᠠᠨ ᠥᠪᠥᠷ ᠮᠣᠩᠭᠤᠯ ᠤᠨ ᠢ ᠬᠠᠶ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠾᠧᠩ ᠶᠧ ᠴᠧᠩ ᠣᠷᠭᠠᠨᠢᠭ ᠴᠠᠬᠢᠭᠤᠷ ᠤᠨ ᠬᠢᠵᠠᠭᠠᠷᠲᠤ ᠺᠣᠮᠫᠠᠨᠢ ᠳᠤ ᠲᠤᠬᠠᠶ ᠶᠢᠨ ᠭᠠᠵᠠᠷ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠪᠠᠶᠢᠴᠠᠭᠠᠬᠤ ᠠᠵᠢᠯ ᠥᠷᠨᠢᠭᠦᠯᠪᠡ᠃
162.png     
      ᠲᠣᠰ ᠤᠳᠠᠭ᠎ᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠨᠧᠷᠭᠢ ᠶᠢᠨ ᠰᠠᠷ᠎ᠠ ᠶᠢᠨ ᠪᠦᠷᠢᠳᠬᠡᠯ ᠤᠨ ᠡᠬᠡ ᠲᠠᠩᠰᠠ᠂ ᠠᠵᠤ ᠠᠬᠤᠶᠢᠯᠠᠯ ᠤᠨ ᠡᠨᠧᠷᠭᠢ ᠶᠢᠨ ᠬᠡᠷᠡᠭᠯᠡᠭᠡᠨ ᠤ ᠴᠠᠬᠢᠯᠭᠠᠨ ᠬᠤᠳᠠᠯᠳᠤᠨ ᠠᠪᠤᠭᠰᠠᠨ ᠪᠠᠷᠢᠮᠲᠠ᠂ ᠢᠯᠴᠢ ᠶᠢᠨ ᠪᠠᠷᠢᠮᠲᠠ ᠶᠢᠨ ᠪᠠᠷᠢᠮᠲᠠ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠪᠠᠷᠢᠮᠲᠠ ᠵᠡᠷᠭᠡ ᠠᠩᠬᠠᠨ ᠤ ᠭᠡᠷᠡᠴᠢ ᠪᠠᠷᠢᠮᠲᠠ ᠶᠢ ᠭᠤᠤᠯᠳᠠᠯᠭ᠎ᠠ ᠲᠠᠢ ᠬᠢᠨᠠᠨ ᠬᠠᠷᠭᠤᠭᠤᠯᠵᠤ᠂ ᠠᠵᠤ ᠠᠬᠤᠶᠢᠯᠠᠯ ᠤᠨ ᠰᠦᠯᠵᠢᠶᠡᠨ ᠳᠤ ᠬᠤᠯᠪᠣᠭᠰᠠᠨ ᠰᠢᠭᠤᠳ ᠮᠡᠳᠡᠭᠦᠯᠬᠦ ᠲᠠᠪᠴᠠᠩ ᠤᠨ ᠲᠤᠭ᠎ᠠ ᠪᠠᠷᠢᠮᠲᠠ ᠬᠢᠭᠡᠳ ᠲᠤᠭ᠎ᠠ ᠪᠦᠷᠢᠳᠬᠡᠯ ᠤᠨ ᠡᠬᠡ ᠲᠠᠩᠰᠠ᠂ ᠠᠩᠬᠠᠨ ᠤ ᠲᠡᠮᠳᠡᠭᠯᠡᠯ ᠵᠡᠷᠭᠡ ᠨᠢ ᠨᠢᠭᠡᠳᠦᠯᠲᠡᠶ ᠪᠠᠶᠢᠬᠤ ᠡᠰᠡᠬᠦ ᠶᠢ ᠭᠤᠤᠯᠳᠠᠯᠭ᠎ᠠ ᠲᠠᠢ ᠬᠢᠨᠠᠨ ᠬᠠᠷᠭᠤᠭᠤᠯᠵᠤ᠂ ᠲᠤᠭ᠎ᠠ ᠪᠦᠷᠢᠳᠬᠡᠯ ᠤᠨ ᠠᠵᠢᠯ ᠨᠢ ᠵᠢᠷᠤᠮᠵᠢᠯ ᠥᠬᠡᠶ ᠠᠵᠤ ᠠᠬᠤᠶᠢᠯᠠᠯ ᠯᠤᠭ᠎ᠠ ᠲᠤᠬᠠᠶ ᠶᠢᠨ ᠲᠠᠯᠠᠪᠤᠷ ᠲᠤ ᠬᠠᠷᠢᠭᠤᠯᠲᠠ ᠥᠭᠴᠦ᠂ ᠠᠵᠤ ᠠᠬᠤᠶᠢᠯᠠᠯ ᠢ ᠴᠠᠭ ᠲᠤᠬᠠᠶ ᠳᠤᠨᠢ ᠵᠠᠯᠠᠷᠠᠭᠤᠯᠬᠤ ᠶᠢ ᠱᠠᠭᠠᠷᠳᠠᠵᠤ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠡᠬᠡ ᠲᠠᠩᠰᠠ ᠶᠢ ᠵᠢᠷᠤᠮᠵᠢᠭᠤᠯᠬᠤ ᠶᠢᠨ ᠬᠠᠮᠲᠤ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠳᠤ ︽ᠨᠢᠭᠡ ᠳᠤ ᠨᠢᠭᠡ ᠶᠢ ᠬᠠᠷᠭᠤᠭᠤᠯᠬᠤ︾ ᠲᠤᠬᠠᠶ ᠶᠢᠨ ᠲᠠᠯᠠᠪᠤᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠥᠷᠨᠢᠭᠦᠯᠵᠦ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃       ᠲᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠭᠰᠠᠨ ᠲᠣᠪᠤᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠳ᠋ᠦᠩᠨᠡᠵᠦ᠂ ᠪᠥᠬᠦ ᠲᠤᠭᠤᠷᠢᠭ ᠤᠨ ᠡᠨᠧᠷᠭᠢ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷᠭᠤᠭᠤᠯᠤᠨ ᠪᠠᠶᠢᠴᠠᠭᠠᠬᠤ ᠪᠠᠷ ᠵᠢᠷᠤᠮᠵᠢᠯ ᠢ ᠠᠬᠢᠭᠤᠯᠤᠨ᠂ ᠵᠢᠷᠤᠮᠵᠢᠭᠤᠯᠬᠤ ᠪᠠᠷ ᠳᠡᠭᠡᠭᠰᠢᠯᠡᠭᠦᠯᠬᠦ ᠶᠢ ᠠᠬᠢᠭᠤᠯᠬᠤ ᠶᠢᠨ ᠬᠠᠮᠲᠤ᠂ ᠲᠤᠭ᠎ᠠ ᠪᠠᠷᠢᠮᠲᠠ ᠶᠢᠨ ᠬᠡᠪ ᠤᠨ ᠪᠤᠰᠤ ᠠᠵᠤ ᠠᠬᠤᠶᠢᠯᠠᠯ ᠢ ᠦᠷᠭᠦᠯᠵᠢᠯᠡᠨ ᠠᠩᠬᠠᠷᠬᠤ ᠶᠢᠨ ᠬᠠᠮᠲᠤ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯᠲᠠᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠵᠦ᠂ ᠤᠳᠠ ᠲᠣᠭᠤᠷᠢᠭ ᠤᠨ ᠡᠨᠧᠷᠭᠢ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号