ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠦᠬᠠᠶ ᠶᠢᠨ ᠪᠠᠶᠢᠴᠠᠭᠠᠬᠤ ᠠᠩᠭᠢ ᠮᠠᠨ ᠤ  ᠲᠤᠭᠤᠷᠢᠭ ᠲᠤ ᠢᠷᠡᠵᠦ ᠮᠠᠯ ᠵᠢᠭᠦᠷᠲᠡᠨ ᠢ ᠬᠢᠨᠠᠨ ᠬᠡᠮᠵᠢᠵᠦ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/10/16
      10 ᠰᠠᠷ᠎ᠠ ᠶᠢᠨ 15 ᠤ ᠡᠳᠦᠷ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠦᠬᠠᠶ ᠶᠢᠨ ᠪᠠᠶᠢᠴᠠᠭᠠᠬᠤ ᠠᠩᠭᠢ ᠶᠢᠨ ᠳᠡᠳ᠋ ᠳᠠᠷᠤᠭ᠎ᠠ ᠸᠧᠶ ᠶᠧ ᠾᠦᠢ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭᠠᠨ ᠤ ᠳᠠᠷᠤᠭ᠎ᠠ ᠵᠣᠣ ᠬᠠᠨ ᠵᠡᠷᠭᠡ ᠬᠤᠶᠠᠷ ᠬᠥᠮᠦᠨ ᠤᠳᠠ ᠲᠣᠭᠤᠷᠢᠭ ᠲᠤ ᠬᠦᠷᠴᠦ ᠮᠠᠯ ᠵᠢᠭᠦᠷᠲᠡᠨ ᠢ ᠬᠢᠨᠠᠨ ᠬᠡᠮᠵᠢᠵᠦ ᠪᠦᠷᠢᠳᠬᠡᠬᠦ ᠪᠠᠶᠢᠴᠠᠭᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃
165.png     
      ᠬᠤᠲᠠ ᠶᠢᠨ ᠪᠠᠶᠢᠴᠠᠭᠠᠯᠲᠠ ᠶᠢᠨ ᠠᠩᠭᠢ ᠨᠠᠷ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠠᠯ ᠵᠢᠭᠦᠷᠲᠡᠨ ᠤ ᠬᠢᠨᠠᠨ ᠬᠡᠮᠵᠢᠯᠲᠡ ᠶᠢᠨ ᠪᠠᠶᠢᠴᠠᠭᠠᠨ ᠪᠦᠷᠢᠳᠬᠡᠬᠦ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠣᠨᠣᠰᠴᠤ᠂ ᠮᠠᠨ ᠤ ᠲᠤᠭᠤᠷᠢᠭ ᠤᠨ ᠮᠠᠯ ᠵᠢᠭᠦᠷᠲᠡᠨ ᠤ ᠬᠢᠨᠠᠨ ᠬᠡᠮᠵᠢᠯᠲᠡ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ ᠭᠦᠢᠴᠡᠳ ᠨᠤᠲᠠᠯᠠᠵᠤ᠂ ᠮᠠᠯ ᠵᠢᠭᠦᠷᠲᠡᠨ ᠤ ᠬᠢᠨᠠᠨ ᠬᠡᠮᠵᠢᠯᠲᠡ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠪᠣᠯᠤᠮᠵᠢᠲᠤ ᠰᠠᠨᠠᠯ ᠳᠤᠷᠠᠳᠪᠠ᠃      ᠶᠠᠷᠢᠯᠴᠠᠬᠤ ᠬᠤᠷᠠᠯ ᠲᠡᠭᠦᠰᠦᠭᠰᠡᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠳᠠᠷᠠᠭ᠎ᠠ ᠨᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ ᠶᠢ ᠰᠤᠷᠪᠤᠯᠵᠢᠯᠠᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠲᠡᠵᠢᠭᠡᠨ ᠦᠷᠡᠵᠢᠭᠦᠯᠬᠦ ᠥᠪᠡᠷ ᠤᠨ ᠥᠷᠲᠡᠭ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠪᠠᠶᠢᠳᠠᠯ ᠪᠠ ᠲᠡᠵᠢᠭᠡᠨ ᠦᠷᠡᠵᠢᠭᠦᠯᠬᠦ ᠬᠦᠰᠡᠯ᠂ ᠲᠡᠵᠢᠭᠡᠨ ᠦᠷᠡᠵᠢᠭᠦᠯᠬᠦ ᠵᠠᠭᠪᠤᠷ ᠢ ᠣᠶᠢᠯᠠᠭᠠᠵᠤ᠂ ᠠᠯᠠᠰᠢᠨ ᠦᠬᠡᠷ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠵᠢᠴᠢ ᠬᠡᠯᠪᠡᠯᠵᠡᠯ ᠤᠨ ᠬᠠᠨᠳᠤᠰᠢ ᠶᠢ ᠣᠶᠢᠯᠠᠭᠠᠪᠠ᠃ ᠠᠮᠤ ᠪᠤᠳᠠᠭ᠎ᠠ ᠳᠠᠷᠢᠬᠤ ᠡᠷᠦᠬᠡ ᠶᠢ ᠰᠤᠷᠪᠤᠯᠵᠢᠯᠠᠵᠤ᠂ 9 ᠰᠠᠷ᠎ᠠ ᠳᠤ ᠬᠤᠪᠢᠶᠠᠭᠰᠠᠨ ᠲᠦᠢᠯ ᠤᠨ ᠴᠠᠭ ᠠᠭᠤᠷ ᠤᠨ ᠡᠷᠳᠡᠨᠢ ᠰᠢᠰᠢ ᠳᠠᠷᠢᠬᠤ ᠡᠷᠦᠬᠡ ᠶᠢᠨ ᠤᠨᠠᠯᠲᠠ᠂ ᠣᠷᠣᠯᠭ᠎ᠠ ᠶᠢᠨ ᠨᠥᠯᠥᠭᠡ ᠵᠡᠷᠭᠡ ᠶᠢ ᠣᠶᠢᠯᠠᠭᠠᠪᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号