ᠦᠬᠠᠶ ᠬᠤᠲᠠ ᠶᠢᠨ ᠤᠳᠠ ᠲᠣᠭᠤᠷᠢᠭ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠬᠦᠷᠢᠶᠡᠨ ᠳᠠᠬᠢ ᠳᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠨᠡᠶᠢᠲᠡᠯᠢᠭ ᠬᠡᠷᠡᠭ ᠤᠨ | ᠵᠢᠱᠢᠶ᠎ᠡ ᠶᠢ ᠵᠠᠷᠯᠠᠨ ᠮᠡᠳᠡᠭᠳᠡᠪᠡ | ︵ᠨᠢᠭᠡ︶ ᠪᠠᠶᠢᠳᠠᠯ ᠤᠨ ᠮᠡᠳᠡᠭᠡᠯᠡᠯ | ᠤᠳᠠ ᠲᠣᠭᠤᠷᠢᠭ ᠤᠨ ᠰᠤᠷᠭᠠᠭᠤᠯᠢ ᠶᠢᠨ ᠬᠢᠴᠢᠶᠡᠯ ᠤᠨ ᠭᠡᠷ ᠤᠨ ᠴᠢᠳᠠᠮᠵᠢ ᠶᠢᠨ ᠲᠠᠰᠤᠭ ᠤᠨ ᠨᠢᠳᠦ | ᠬᠠᠮᠠᠭᠠᠯᠠᠬᠤ ᠳ᠋ᠧᠩ ᠢ ᠥᠭᠡᠷᠡᠴᠢᠯᠡᠬᠦ ᠢᠨᠵᠧᠨᠧᠷᠢᠩ ᠳᠤ ᠲᠣᠭᠲᠠᠭᠠᠯ ᠠᠴᠠ ᠵᠥᠷᠢᠴᠡᠭᠰᠡᠨ ᠣᠷᠣᠯᠠᠨ ᠭᠦᠢᠴᠡᠳᠭᠡᠬᠦ | ᠪᠠᠢᠭᠤᠯᠤᠮᠵᠢ ᠶᠢᠨ ᠰᠦᠢᠳᠭᠡᠯ ᠬᠤᠷᠢᠶᠠᠬᠤ ᠨᠢ ᠲᠣᠳᠣᠷᠬᠠᠢ ᠦᠭᠡᠢ ᠠᠰᠠᠭᠤᠳᠠᠯ ᠣᠷᠤᠰᠢᠵᠦ ᠪᠠᠶᠢᠨ᠎ᠠ᠃ | ︵ᠬᠤᠶᠠᠷ︶ ᠪᠠᠶᠢᠴᠠᠭᠠᠯᠲᠠ ᠶᠢᠨ ᠦᠷ᠎ᠡ ᠳ᠋ᠦᠩ | ᠥᠪᠡᠰᠦᠪᠡᠨ ᠪᠠᠶᠢᠴᠠᠭᠠᠬᠤ᠂ ᠰᠤᠭᠤᠴᠢᠨ ᠪᠠᠶᠢᠴᠠᠭᠠᠬᠤ᠂ ᠬᠢᠨᠠᠨ ᠪᠠᠶᠢᠴᠠᠭᠠᠬᠤ ᠪᠠᠷ ᠳᠡᠮᠵᠢᠨ᠂ ᠣᠲᠣ ᠤᠳᠠ | ᠲᠣᠭᠤᠷᠢᠭ ᠤᠨ ᠰᠤᠷᠭᠠᠭᠤᠯᠢ ᠶᠢᠨ ᠬᠢᠴᠢᠶᠡᠯ ᠤᠨ ᠭᠡᠷ ᠤᠨ ᠴᠢᠳᠠᠮᠵᠢ ᠶᠢᠨ ᠲᠠᠰᠤᠭ ᠤᠨ ᠨᠢᠳᠦ ᠬᠠᠮᠠᠭᠠᠯᠠᠬᠤ ᠳ᠋ᠧᠩ ᠢ | ᠥᠭᠡᠷᠡᠴᠢᠯᠡᠬᠦ ᠢᠨᠵᠧᠨᠧᠷᠢᠩ ᠨᠢ ᠲᠣᠭᠲᠠᠭᠠᠯ ᠠᠴᠠ ᠵᠥᠷᠢᠴᠡᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ | ᠰᠦᠢᠳᠬᠡᠯ ᠬᠤᠷᠢᠶᠠᠵᠤ ᠪᠠᠶᠢᠨ᠎ᠠ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ ᠳᠤ ᠣᠷᠣᠯᠠᠨ ᠬᠤᠷᠢᠶᠠᠬᠤ ᠰᠦᠢᠳᠬᠡᠯ | ᠬᠤᠷᠢᠶᠠᠬᠤ ᠪᠠᠷᠢᠮᠵᠢᠶ᠎ᠠ ᠪᠠ ᠠᠷᠭ᠎ᠠ ᠮᠠᠶ᠋ᠢᠭ ᠢ ᠲᠣᠳᠣᠷᠬᠠᠶᠢᠯᠠᠭᠰᠠᠨ ᠥᠬᠡᠶ᠃ | ︵ᠭᠤᠷᠪᠠ︶ ᠰᠢᠢᠳᠪᠦᠷᠢᠯᠡᠬᠦ ᠦᠨᠳᠦᠰᠦᠯᠡᠯ | ︽ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠡᠳ᠋ ᠬᠥᠮᠥᠷᠭᠡ ﹇2018﹈ 2 ᠳ᠋ᠤᠭᠠᠷ ᠲᠣᠭᠠᠲᠤ︶ ᠳᠠᠬᠢ | ᠠᠷᠪᠠᠨ ᠲᠠᠪᠤᠳᠤᠭᠠᠷ ᠵᠦᠢᠯ᠄ ᠣᠷᠣᠯᠠᠨ ᠭᠦᠢᠴᠡᠳᠬᠡᠬᠦ ᠪᠠᠶᠢᠭᠤᠯᠤᠮᠵᠢ ᠬᠤᠳᠠᠯᠳᠤᠨ ᠠᠪᠬᠤ ᠪᠢᠴᠢᠭ ᠮᠠᠲ᠋ᠧᠷᠢᠶᠠᠯ ᠳᠤ | ᠣᠷᠣᠯᠠᠨ ᠭᠦᠢᠴᠡᠳᠬᠡᠬᠦ ᠵᠠᠷᠤᠳᠠᠯ ᠬᠤᠷᠢᠶᠠᠬᠤ ᠠᠷᠭ᠎ᠠ ᠮᠠᠶ᠋ᠢᠭ ᠵᠢᠴᠢ ᠪᠠᠷᠢᠮᠵᠢᠶ᠎ᠠ ᠪᠠᠨ ᠲᠣᠳᠣᠷᠬᠠᠶᠢᠯᠠᠵᠤ᠂ | ᠳᠠᠭᠠᠭᠠᠴᠢᠯᠠᠯᠲᠠ ᠣᠯᠣᠭᠰᠠᠨ᠂ ᠠᠷᠠᠯᠵᠢᠶ᠎ᠠ ᠪᠦᠲᠦᠭᠰᠡᠨ ᠦᠷ᠎ᠡ ᠳ᠋ᠦᠩ ᠲᠠᠢ ᠬᠠᠮᠲᠤ ᠳᠤᠨᠢ ᠲᠣᠰ ᠲᠥᠷᠥᠯ ᠵᠦᠢᠯ ᠤᠨ | ᠰᠦᠢᠳᠬᠡᠯ ᠬᠤᠷᠢᠶᠠᠭᠰᠠᠨ ᠪᠠᠶᠢᠳᠠᠯ ᠢ ᠢᠯᠡ ᠪᠣᠯᠭᠠᠨ᠎ᠠ᠃ | ︵ᠲᠦᠷᠪᠡ︶ ᠰᠢᠢᠳᠪᠦᠷᠢᠯᠡᠭᠰᠡᠨ ᠥᠷ᠎ᠡ ᠳ᠋ᠦᠩ | ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠣᠷᠣᠯᠠᠬᠤ ᠪᠠᠶᠢᠭᠤᠯᠤᠮᠵᠢ ᠶᠢᠨ ᠠᠵᠤ ᠠᠬᠤᠶᠢᠯᠠᠯ ᠳᠤ | ᠬᠤᠯᠪᠣᠭᠳᠠᠬᠤ ᠴᠡᠭᠴᠡᠯᠡᠨ ᠰᠠᠶᠢᠵᠢᠷᠠᠭᠤᠯᠬᠤ ᠰᠠᠨᠠᠭᠤᠯᠤᠮᠵᠢ ᠶᠢᠨ ᠪᠢᠴᠢᠭ ᠪᠠᠭᠤᠯᠭᠠᠬᠤ ᠶᠢᠨ ᠬᠠᠮᠲᠤ ᠲᠡᠭᠦᠨ ᠢ ᠬᠢᠨᠠᠨ | ᠬᠠᠮᠢᠶᠠᠷᠬᠤ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠳᠡᠪᠰᠢᠭᠦᠯᠵᠦ᠂ ᠴᠡᠭᠴᠡᠯᠡᠨ | ᠰᠠᠶᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠵᠠᠰᠠᠭ ᠤᠨ ᠣᠷᠳᠣᠨ ᠤ | ᠬᠤᠳᠠᠯᠳᠤᠨ ᠠᠪᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠶᠢᠨ ᠬᠤᠷᠠᠯ ᠢ ᠥᠪᠡᠰᠦᠪᠡᠨ | ᠵᠣᠬᠢᠶᠠᠨ ᠪᠠᠶᠢᠭᠤᠯᠤᠨ ᠬᠤᠷᠠᠯᠳᠤᠭᠤᠯᠪᠠ᠃ | |