ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠳᠠ ᠲᠣᠭᠤᠷᠢᠭ ᠤᠨ ᠣᠷᠣᠵᠤ ᠰᠠᠭᠤᠬᠤ ᠶᠢ ᠲᠣᠭᠤᠷᠢᠨ ᠪᠠᠶᠢᠴᠠᠭᠠᠬᠤ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/21
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠶᠢ ᠦᠨᠳᠦᠰᠦᠯᠡᠨ᠂ 10 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠷᠪᠠᠨ ᠨᠢᠭᠡᠳᠦᠭᠡᠷ ᠳᠤᠭᠤᠶᠢᠯᠠᠩ ᠤᠳᠠ ᠲᠣᠭᠤᠷᠢᠭ ᠲᠤ ᠣᠷᠣᠵᠤ ᠰᠠᠭᠤᠬᠤ ᠶᠢ ᠲᠣᠭᠤᠷᠢᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠲᠠᠶᠢᠴᠢᠯᠠᠯᠳᠠ ᠶᠢᠨ ᠬᠤᠷᠠᠯ ᠳᠡᠭᠡᠷ᠎ᠡ᠂ ᠠᠷᠪᠠᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠸᠠᠩ ᠶᠠᠨ ᠹᠧᠩ ᠤᠳᠠᠯ ᠦᠭᠡᠢ ᠥᠷᠨᠢᠭᠦᠯᠬᠦ ᠭᠡᠵᠦ ᠪᠠᠶᠢᠭ᠎ᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠶᠠᠷᠢᠶ᠎ᠠ ᠲᠠᠯᠪᠢᠵᠤ᠂ ᠦᠬᠠᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠸᠠᠩ ᠶᠦᠨ ᠾᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠤᠳᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠣᠪᠣᠷ ᠢᠶᠠᠨ ᠢᠯᠡᠳᠬᠡᠬᠦ ᠦᠭᠡ ᠬᠡᠯᠡᠪᠡ᠃      ᠸᠠᠩ ᠶᠠᠨ ᠹᠧᠩ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠬᠤ ᠪᠣᠯ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠦᠷᠢᠮ ᠤᠨ ᠲᠤᠬᠢᠷᠠᠭᠤᠯᠤᠯᠳᠠ ᠪᠣᠯᠤᠨ᠎ᠠ᠃ ᠤᠳᠠ ᠲᠣᠭᠤᠷᠢᠭ ᠲᠤ ᠲᠣᠭᠤᠷᠢᠨ ᠪᠠᠶᠢᠴᠠᠭᠠᠯᠲᠠ ᠥᠷᠨᠢᠭᠦᠯᠬᠦ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠲᠣᠰ ᠭᠠᠵᠠᠷ ᠣᠷᠣᠨ ᠤ ᠬᠤᠶᠠᠷ ᠶᠡᠭᠡ ᠶᠠᠪᠤᠳᠠᠯ ᠢ ᠤᠯᠠᠮ ᠨᠢᠭᠡ ᠠᠯᠬᠤᠮ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠬᠦ ᠶᠢ ᠳᠥᠯᠭᠢᠨ ᠠᠬᠢᠭᠤᠯᠬᠤ᠂ ︽ᠵᠢᠷᠭᠤᠭᠠᠨ ᠢᠨᠵᠧᠨᠧᠷᠢᠩ︾ ᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠤᠳᠠ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠨ ᠪᠠᠶᠢᠴᠠᠭᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠢᠨᠠᠯᠲᠠ ᠶᠢ ᠬᠦᠯᠢᠶᠡᠬᠦ ᠤᠬᠠᠮᠰᠠᠷᠲᠤ ᠴᠢᠨᠠᠷ ᠪᠣᠯᠤᠨ ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ ᠭᠡᠵᠠᠢ᠃      ᠸᠠᠩ ᠶᠠᠨ ᠹᠧᠩ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠭᠦᠢᠴᠡᠳᠭᠡᠵᠦ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠬᠤ ᠵᠢᠴᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ᠂ ᠤᠳᠠ ᠲᠣᠭᠤᠷᠢᠭ ᠤᠨ ᠨᠠᠮ ᠤᠨ ᠬᠤᠷᠢᠶᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠦᠴᠦᠯᠡᠨ ᠡᠷᠢᠨ᠎ᠡ ᠭᠡᠵᠦ ᠢᠯᠡᠳᠬᠡᠪᠡ᠃ ᠤᠳᠠ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠳᠡᠮᠵᠢᠨ ᠬᠠᠮᠵᠢᠯᠴᠠᠵᠤ᠂ ᠠᠳᠠᠯᠢ ᠰᠡᠳᠦᠪ ᠢᠶᠠᠷ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠪᠠᠨ ᠬᠠᠮᠲᠤ ᠪᠠᠷ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠸᠠᠩ ᠶᠦᠨ ᠾᠧᠩ ᠶᠠᠷᠢᠶᠠᠨ ᠳᠠᠭᠠᠨ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠦᠨᠳᠦᠷᠴᠡ ᠠᠴᠠ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠵᠤ᠂ ᠬᠠᠮᠵᠢᠯᠴᠠᠨ ᠪᠠᠲᠤᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨ ᠬᠦ ᠪᠡᠶᠡᠯᠡᠭᠦᠯᠵᠦ᠂ ᠲᠣᠭᠤᠷᠢᠨ ᠪᠠᠶᠢᠴᠠᠭᠠᠬᠤ ᠶᠢ ᠬᠦᠯᠢᠶᠡᠬᠦ ᠶᠠᠪᠤᠴᠠ ᠶᠢ ᠦᠨᠡᠨ ᠬᠦ ᠵᠥᠷᠢᠶ᠎ᠡ ᠪᠠᠨ ᠡᠷᠢᠬᠦ᠂ ᠰᠤᠷᠲᠠᠯ ᠢᠶᠠᠨ ᠰᠠᠶᠢᠵᠢᠷᠠᠭᠤᠯᠬᠤ᠂ ᠲᠣᠭᠲᠠᠴᠠ ᠪᠠᠶᠢᠭᠤᠯᠬᠤ᠂ ᠠᠵᠢᠯ ᠢᠶᠠᠨ ᠠᠬᠢᠭᠤᠯᠬᠤ᠂ ᠬᠥᠭᠵᠢᠯᠲᠡ ᠶᠢ ᠠᠬᠢᠭᠤᠯᠬᠤ ᠶᠠᠪᠤᠴᠠ ᠪᠣᠯᠭᠠᠨ ᠬᠤᠪᠢᠷᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠦᠢᠯᠡᠰ ᠤᠨ ᠨᠠᠩ ᠶᠡᠭᠡ ᠰᠢᠨ᠎ᠡ ᠦᠷ᠎ᠡ ᠪᠦᠲᠦᠮᠵᠢ ᠣᠯᠬᠤ ᠶᠢ ᠨᠠᠩ ᠰᠠᠶᠢᠲᠤᠷ ᠠᠬᠢᠭᠤᠯᠬᠤ ᠬᠡᠷᠡᠭᠲᠡᠶ ᠭᠡᠵᠦ ᠢᠯᠡᠳᠬᠡᠪᠡ᠃      ᠶᠠᠨ ᠸᠧᠨ ᠯᠦᠩ ᠢᠯᠡᠷᠬᠡᠶᠢᠯᠡᠬᠦ ᠳᠡᠭᠡᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ ᠦᠢᠯᠡᠳᠦᠯᠭᠡ ᠶᠢ ᠪᠥᠬᠦ ᠲᠠᠯ᠎ᠠ ᠪᠠᠷ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ ᠭᠡᠵᠡᠶ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠷᠪᠠᠨ ᠨᠢᠭᠡᠳᠦᠭᠡᠷ ᠳᠤᠭᠤᠶᠢᠯᠠᠩ ᠤᠨ ᠳᠡᠳ᠋ ᠳᠠᠷᠤᠭ᠎ᠠ ᠵᠢᠴᠢ ᠪᠦᠷᠢᠯᠳᠦᠬᠦᠨ᠂ ᠤᠳᠠ ᠲᠣᠭᠤᠷᠢᠭ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ︔ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠰᠠᠯᠠᠭᠠᠨ ᠳᠡᠰ ᠠᠴᠠ ᠳᠡᠭᠡᠭᠰᠢᠬᠢ ᠺᠠᠲᠷ ᠬᠤᠷᠠᠯ ᠳᠤ ᠰᠤᠯᠠ ᠣᠷᠣᠯᠴᠠᠪᠠ᠃      ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠶ ᠵᠢᠵᠢᠭᠦᠷᠯᠡᠬᠦ ᠤᠲᠠᠰᠤ ᠲᠣᠬᠢᠷᠠᠭᠤᠯᠪᠠ᠄ 0473 - 3665516᠂ ᠡᠳᠦᠷ ᠪᠦᠷᠢ ᠶᠢᠨ ᠤᠳᠠᠰᠤ ᠭᠥᠯᠢᠶᠡᠨ ᠠᠪᠬᠤ ᠴᠠᠭ ᠨᠢ 8᠄ 00 ᠠᠴᠠ 18᠄ 00︔ ᠰᠢᠤᠳᠠᠨ ᠤ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠤᠳᠠ ᠲᠣᠭᠤᠷᠢᠭ ᠤᠨ A025 ᠨᠣᠮᠧᠷᠲᠤ ᠰᠢᠤᠳᠠᠨ ᠤ ᠵᠠᠬᠢᠳᠠᠯ ᠤᠨ ᠬᠠᠶᠢᠷᠴᠠᠭ︔ ᠡᠯᠧᠺᠲᠷᠣᠨ ᠰᠢᠤᠳᠠᠨ ᠤ ᠬᠠᠶᠢᠷᠴᠠᠭ᠄ xunshiwuda@163.com᠃ ᠡᠭᠦᠨ ᠤ ᠬᠠᠮᠲᠤ᠂ ᠤᠳᠠ ᠲᠣᠭᠤᠷᠢᠭ ᠤᠨ ᠪᠠᠶᠠᠨᠰᠠᠶᠢᠨ ᠵᠡᠭᠦᠨ ᠵᠡᠭᠡᠯᠢ ᠶᠢᠨ 23 - 6 ᠳ᠋ᠤᠭᠠᠷ ᠲᠣᠭᠠᠲᠤ᠂ ᠤᠳᠠ ᠲᠣᠭᠤᠷᠢᠭ ᠤᠨ ᠨᠠᠮ ᠵᠠᠰᠠᠭ ᠤᠨ ᠠᠰᠠᠷ ᠤᠨ ᠵᠡᠭᠦᠨ ᠲᠠᠯ᠎ᠠ ᠳᠤ ᠬᠠᠷᠢᠯᠴᠠᠬᠤ ᠵᠠᠬᠢᠳᠠᠯ ᠤᠨ ᠬᠠᠶᠢᠷᠴᠠᠭ ᠭᠠᠷᠭᠠᠵᠤ᠂ ︽ᠺᠣᠳ᠋ ᠳᠡᠭᠡᠷ᠎ᠡ ᠲᠣᠭᠤᠷᠢᠨ ᠪᠠᠶᠢᠴᠠᠭᠠᠬᠤ︾ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠨᠡᠭᠡᠭᠡᠵᠦ᠂ ᠲᠣᠭᠤᠷᠢᠨ ᠪᠠᠶᠢᠴᠠᠭᠠᠬᠤ ᠠᠯᠪᠠᠨ ᠵᠠᠷ ᠤᠨ ᠳᠣᠣᠷ᠎ᠠ ᠲᠠᠯ᠎ᠠ ᠶᠢᠨ ᠬᠤᠶᠠᠷ ᠬᠡᠮᠵᠢᠯᠳᠦ ᠺᠣᠳ᠋ ᠢ ᠰᠢᠷᠪᠢᠵᠦ ᠠᠰᠠᠭᠤᠳᠠᠯ ᠢ ᠲᠤᠰᠬᠠᠵᠤ ᠪᠣᠯᠤᠨ᠎ᠠ᠃ ᠲᠣᠭᠤᠷᠢᠨ ᠪᠠᠶᠢᠴᠠᠭᠠᠬᠤ ᠳᠤᠭᠤᠶᠢᠯᠠᠩ ᠭᠤᠣᠯᠳᠠᠭᠤ ᠤᠳᠠ ᠲᠣᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠣᠯᠤᠨ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠲᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠣᠯᠤᠨ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2024 ᠣᠨ ᠤ 12 ᠰᠠᠷ᠎ᠠ ᠶᠢᠨ 10 ᠤ ᠡᠳᠦᠷ ᠪᠣᠯᠲᠠᠯ᠎ᠠ ᠦᠷᠭᠦᠯᠵᠢᠯᠡᠨ᠎ᠡ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号