ᠵᠧᠦ ᠶᠢᠨ ᠰᠢᠩ ᠤᠳᠠ ᠲᠣᠭᠤᠷᠢᠭ ᠲᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/21
      10 ᠰᠠᠷ᠎ᠠ ᠶᠢᠨ 18 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠶᠢᠨ ᠰᠢᠩ ᠤᠳᠠ ᠲᠣᠭᠤᠷᠢᠭ ᠲᠤ ᠬᠦᠷᠴᠦ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠣᠷᠣᠯᠴᠠᠵᠠᠶ᠃
196.jpg     
      ᠦᠬᠠᠶ ᠶᠢᠨ ᠤᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠳᠤ᠂ ᠵᠧᠦ ᠶᠢᠨ ᠰᠢᠩ ᠤᠷᠢᠳ ᠬᠤᠵᠢᠳ ᠥᠪᠥᠷ ᠮᠣᠩᠭᠤᠯ ᠤᠨ ᠢ ᠬᠤᠸᠠ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠦᠬᠠᠶ ᠬᠤᠲᠠ ᠶᠢᠨ ᠪᠧᠢ ᠵᠢᠶᠧ ᠲᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠶᠦ᠋ᠨ ᠵᠧᠩ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠩ ᠹᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠤᠯ ᠤᠨ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠬᠢᠨᠠᠮᠠᠭᠠᠶ ᠰᠣᠨᠣᠰᠪᠠ᠃ ᠲᠡᠷᠡ ᠬᠡᠯᠡᠭᠰᠡᠨ ᠨᠢ᠂ ᠠᠵᠤ ᠠᠬᠤᠶᠢᠯᠠᠯ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠦᠴᠦᠨ ᠮᠥᠨ᠂ ᠤᠳᠠ ᠲᠣᠭᠤᠷᠢᠭ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠷᠢᠳᠴᠢᠯᠠᠨ ᠦᠢᠯᠡᠴᠢᠯᠡᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠣᠨᠣᠪᠴᠢᠲᠠᠢ ᠵᠣᠯᠭᠠᠭᠤᠯᠵᠤ᠂ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠢ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠬᠥᠭᠵᠢᠭᠦᠯᠬᠦ ᠬᠡᠷᠡᠭᠲᠡᠢ᠃ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠨᠡᠶᠢᠲᠡᠯᠢᠭ ᠴᠢᠨᠠᠷᠲᠠᠶ ᠬᠡᠷᠡᠭᠴᠡᠭᠡ ᠶᠢᠨ ᠲᠣᠭᠤᠷᠢᠨ ᠳᠤ᠂ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠴᠢᠭᠯᠡᠯ ᠢᠶᠠᠨ ᠲᠣᠭᠲᠠᠭᠠᠵᠤ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ ᠴᠢᠨᠠᠭᠰᠢᠳᠠ ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠠᠢ᠃ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠦᠷᠢᠮ ᠢ ᠪᠦᠬᠦ ᠲᠠᠯ᠎ᠠ ᠪᠠᠷ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠠᠢ᠃      ᠥᠪᠥᠷ ᠮᠣᠩᠭᠤᠯ ᠤᠨ ᠵᠢᠢ ᠣᠣ ᠨᠢ ᠦᠵᠦᠮ ᠤᠨ ᠠᠷᠢᠬᠢᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠵᠧᠦ ᠶᠢᠨ ᠰᠢᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠦᠵᠦᠮ ᠲᠠᠷᠢᠬᠤ᠂ ᠦᠵᠦᠮ ᠤᠨ ᠠᠷᠢᠬᠢ ᠶᠢᠨ ᠦᠢᠯᠡᠳᠪᠦᠷᠢᠯᠡᠯ ᠪᠣᠷᠣᠯᠠᠭᠤᠯᠭ᠎ᠠ᠂ ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠬᠤ ᠶᠢ ᠵᠣᠷᠢᠭᠵᠢᠭᠤᠯᠵᠤ᠂ ᠦᠬᠠᠢ ᠶᠢᠨ ᠪᠣᠳᠠᠲᠠᠢ ᠲᠠᠢ ᠤᠶᠠᠯᠳᠤᠭᠤᠯᠵᠤ᠂ ︽ᠦᠵᠦᠮ ᠤᠨ ᠠᠷᠢᠬᠢ ᠶᠢᠨ ᠰᠣᠶᠣᠯ ᠵᠢᠭᠤᠯᠴᠢᠯᠠᠯ︾ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠤᠯᠠᠨ ᠶᠠᠩᠵᠤ ᠶᠢᠨ ᠬᠡᠷᠡᠭᠯᠡᠭᠡᠨ ᠤ ᠪᠠᠶᠢᠳᠠᠯ ᠢ ᠡᠭᠦᠳᠴᠦ᠂ ᠲᠦᠷᠦᠯ ᠲᠡᠮᠳᠡᠭ ᠤᠨ ᠠᠯᠳᠠᠷᠰᠢᠯ ᠪᠣᠯᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠬᠤᠳᠠ ᠶᠢᠨ ᠲᠠᠷᠢᠶᠠᠯᠠᠩ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠳᠤ ᠭᠡᠷᠡᠯ ᠭᠢᠯᠪᠠᠭ᠎ᠠ ᠨᠡᠮᠡᠷᠢᠯᠡᠬᠦ ᠶᠢ ᠵᠣᠷᠢᠭᠵᠢᠭᠤᠯᠪᠠ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号